ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ (7)
ᠨᠡᠶᠢᠲᠡᠯᠡᠭᠰᠡᠨ ᠴᠠᠭ᠄
2020/3/19
       ᠶᠢᠰᠦᠳᠦᠭᠡᠷ ᠪᠦᠯᠦᠭ   ᠲᠠᠭᠠᠯᠳᠤᠭᠤᠯᠤᠭᠰᠠᠨ ᠳᠦᠷᠢᠮ        ᠲᠠᠯᠠᠨ ᠨᠠᠢᠮᠠᠳᠤᠭᠠᠷ ᠵᠦᠢᠯ   ᠲᠤᠰ ᠬᠠᠤᠯᠢ ᠳᠠᠬᠢ ᠲᠤᠤᠷ᠎ᠠ ᠵᠢᠭᠰᠠᠭᠠᠭᠰᠠᠨ ᠬᠡᠯᠡᠯᠭᠡ ᠶᠢᠨ ᠤᠳᠬ᠎ᠠ᠄         ︵ᠨᠢᠭᠡ︶ ᠬᠠᠯᠳᠠᠪᠤᠷᠢᠳᠤ ᠡᠪᠡᠳᠴᠢᠳᠡᠨ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ᠄ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠨᠠᠶᠢᠳᠡᠯᠡᠭᠰᠡᠨ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠳᠤ ᠬᠠᠮᠢᠶᠠᠷᠬᠤ ᠪᠠᠷ ᠲᠤᠭᠳᠠᠭᠠᠭᠰᠠᠨ ᠬᠠᠯᠳᠠᠪᠤᠷᠢᠳᠤ ᠡᠪᠡᠳᠴᠢᠨ ᠢ ᠤᠨᠤᠰᠢᠯᠠᠬᠤ ᠪᠠᠷᠢᠮᠵᠢᠶ᠎ᠠ︾᠎ ᠶᠢ ᠦᠨᠳᠦᠰᠦᠯᠡᠪᠡᠯ᠂ ᠬᠠᠯᠳᠠᠪᠤᠷᠢᠳᠤ ᠡᠪᠡᠳᠴᠢᠳᠡᠨ ᠪᠠ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠢ ᠤᠨᠤᠰᠢᠯᠠᠬᠤ ᠪᠠᠷᠢᠮᠵᠢᠶ᠎ᠠ ᠳᠤ ᠨᠠᠶᠢᠴᠡᠭᠰᠡᠨ ᠬᠦᠮᠦᠨ ᠢ ᠵᠢᠭᠠᠵᠤ ᠪᠠᠶᠢᠨ᠎ᠠ᠃         ︵ᠬᠤᠶᠠᠷ︶ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠄ ᠬᠠᠯᠳᠠᠪᠤᠷᠢᠯᠠᠭᠰᠠᠨ ᠡᠪᠡᠳᠴᠢᠨ ᠡᠬᠦᠰᠭᠡᠭᠴᠢ ᠨᠢ ᠡᠮᠴᠢᠯᠡᠭᠡᠨ ᠤ ᠢᠯᠡᠷᠡᠯ ᠦᠭᠡᠢ ᠪᠤᠯᠪᠠᠴᠤ ᠡᠪᠡᠳᠴᠢᠨ ᠡᠬᠦᠰᠭᠡᠭᠴᠢ ᠶᠢ ᠭᠠᠷᠭᠠᠵᠤ ᠲᠠᠶᠢᠯᠳᠡᠭ ᠬᠦᠮᠦᠨ ᠢ ᠵᠢᠭᠠᠵᠤ ᠪᠠᠶᠢᠨ᠎ᠠ᠃         ︵ᠭᠤᠷᠪᠠ︶ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ᠄ ᠬᠦᠮᠦᠰ ᠤᠨ ᠲᠤᠮᠳᠠᠬᠢ ᠡᠪᠡᠳᠴᠢᠨ ᠡᠮᠭᠡᠭ ᠪᠤᠶᠤ ᠡᠷᠡᠬᠦᠯ ᠮᠡᠨᠳᠦ ᠶᠢᠨ ᠪᠠᠶᠢᠳᠠᠯ ᠤᠨ ᠲᠠᠷᠬᠠᠯᠲᠠ ᠵᠢᠴᠢ ᠲᠡᠬᠦᠨ ᠤ ᠰᠢᠢᠳᠪᠦᠷᠢᠯᠡᠬᠦ ᠬᠦᠴᠦᠨ ᠵᠦᠢᠯ ᠢ ᠪᠠᠶᠢᠴᠠᠭᠠᠨ ᠰᠤᠳᠤᠯᠤᠭᠠᠳ᠂ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠵᠢᠴᠢ ᠡᠷᠡᠬᠦᠯᠵᠢᠯ ᠤᠨ ᠠᠷᠭᠠᠴᠠᠬᠤ ᠪᠤᠳᠤᠯᠭ᠎ᠠ ᠶᠢ ᠲᠤᠷᠠᠳᠤᠨ ᠭᠠᠷᠭᠠᠬᠤ ᠶᠢ ᠵᠢᠭᠠᠵᠤ ᠪᠠᠶᠢᠨ᠎ᠠ᠃         ︵ᠲᠦᠷᠪᠡ︶ ᠬᠢᠵᠢᠭᠳᠦ ᠴᠡᠭ᠄ ᠡᠪᠡᠳᠴᠢᠨ ᠡᠬᠦᠰᠭᠡᠭᠴᠢ ᠬᠠᠯᠳᠠᠪᠤᠷᠢᠯᠠᠬᠤ ᠰᠤᠷᠪᠤᠯᠵᠢ ᠠᠴᠠ ᠡᠷᠬᠢᠨ ᠲᠤᠭᠤᠷᠢᠨ ᠵᠦᠭ ᠲᠠᠷᠬᠠᠭᠰᠠᠨ ᠬᠡᠪᠴᠢᠶ᠎ᠡ ᠪᠠᠷ ᠨᠡᠯᠢᠶᠡᠳ ᠪᠠᠭ᠎ᠠ ᠪᠤᠶᠤ ᠭᠠᠭᠴᠠ ᠨᠢᠭᠡᠨ ᠬᠢᠵᠢᠭ ᠤᠨ ᠰᠤᠷᠪᠤᠯᠵᠢᠳᠤ ᠭᠠᠵᠠᠷ ᠢ ᠵᠢᠭᠠᠵᠤ ᠪᠠᠶᠢᠨ᠎ᠠ᠃         ︵ᠲᠠᠪᠤ︶ ᠬᠢᠵᠢᠭᠳᠦ ᠤᠷᠤᠨ᠄ ᠬᠠᠯᠳᠠᠪᠤᠷᠢᠳᠤ ᠡᠪᠡᠳᠴᠢᠨ ᠬᠦᠮᠦᠰ ᠤᠨ ᠲᠤᠮᠳᠠ ᠲᠦᠷᠭᠡᠨ ᠡᠬᠦᠰᠴᠦ ᠲᠡᠯᠭᠡᠷᠡᠭᠡᠳ᠂ ᠲᠡᠬᠦᠨ ᠤ ᠡᠪᠡᠳᠴᠢᠨ ᠡᠬᠦᠰᠭᠡᠭᠴᠢ ᠡᠷᠬᠢᠨ ᠲᠤᠭᠤᠷᠢᠨ ᠵᠦᠭ ᠲᠠᠷᠬᠠᠬᠤ ᠦᠶ᠎ᠡ ᠳᠤ ᠲᠠᠭᠠᠷᠢᠭᠳᠠᠭᠰᠠᠨ ᠭᠠᠵᠠᠷ ᠤᠷᠤᠨ ᠢ ᠵᠢᠭᠠᠵᠤ ᠪᠠᠶᠢᠨ᠎ᠠ᠃         ︵ᠵᠢᠷᠭᠤᠭ᠎ᠠ︶ ᠬᠦᠮᠦᠨ ᠮᠠᠯ ᠳᠤ ᠪᠦᠷ ᠲᠤᠰᠳᠠᠭ ᠬᠠᠯᠳᠠᠪᠤᠷᠢᠳᠤ ᠡᠪᠡᠳᠴᠢᠨ᠄ ᠬᠦᠮᠦᠨ ᠪᠤᠯᠤᠨ ᠰᠡᠭᠡᠷᠳᠡᠨ ᠳᠤ ᠪᠦᠷ ᠲᠤᠰᠳᠠᠭ ᠬᠤᠯᠤᠭᠠᠨ᠎ᠠ ᠶᠢᠨ ᠬᠢᠵᠢᠭ᠂ ᠭᠠᠯᠵᠠᠭᠤ ᠡᠪᠡᠳᠴᠢᠨ᠂ ᠴᠢᠰᠤ ᠰᠤᠷᠤᠭᠴᠢ ᠬᠤᠷᠤᠬᠠᠢᠢᠳᠤ ᠡᠪᠡᠳᠴᠢᠨ ᠵᠡᠷᠭᠡ ᠬᠠᠯᠳᠠᠪᠤᠷᠢᠳᠤ ᠡᠪᠡᠳᠴᠢᠨ ᠢ ᠵᠢᠭᠠᠵᠤ ᠪᠠᠶᠢᠨ᠎ᠠ᠃         ︵ᠲᠤᠯᠤᠭ᠎ᠠ︶ ᠪᠠᠶᠢᠭᠠᠯᠢ ᠶᠢᠨ ᠬᠢᠵᠢᠭ ᠤᠨ ᠰᠤᠷᠪᠤᠯᠵᠢᠲᠤ ᠭᠠᠵᠠᠷ᠄ ᠬᠦᠮᠦᠨ ᠲᠦᠷᠦᠯᠬᠢᠳᠡᠨ ᠤ ᠬᠠᠯᠳᠠᠪᠤᠷᠢᠳᠤ ᠡᠪᠡᠳᠴᠢᠨ ᠢ ᠡᠭᠦᠰᠬᠡᠬᠦ ᠵᠠᠷᠢᠮ ᠡᠪᠡᠳᠴᠢᠨ ᠡᠬᠦᠰᠭᠡᠭᠴᠢ ᠪᠠᠶᠢᠭᠠᠯᠢ ᠶᠢᠨ ᠬᠡᠭᠡᠷ᠎ᠡ ᠶᠢᠨ ᠠᠮᠢᠳᠠᠨ ᠤ ᠲᠤᠲᠤᠷ᠎ᠠ ᠤᠷᠳᠤ ᠬᠤᠭᠤᠴᠠᠭ᠎ᠠ ᠪᠠᠷ ᠤᠷᠤᠰᠢᠨ ᠤᠷᠴᠢᠳᠠᠭ ᠭᠠᠵᠠᠷ ᠤᠷᠤᠨ ᠢ ᠵᠢᠭᠠᠵᠤ ᠪᠠᠶᠢᠨ᠎ᠠ᠃         ︵ᠨᠠᠢᠮᠠ︶ ᠡᠪᠡᠳᠴᠢᠨ ᠳᠠᠮᠵᠢᠭᠤᠯᠳᠠᠭ ᠠᠮᠢᠳᠤ ᠪᠤᠳᠠᠰ᠄ ᠡᠪᠡᠳᠴᠢᠨ ᠡᠬᠦᠰᠭᠡᠭᠴᠢ ᠶᠢ ᠬᠦᠮᠦᠨ ᠪᠤᠶᠤ ᠪᠤᠰᠤᠳ ᠠᠮᠢᠳᠠᠨ ᠤ ᠪᠡᠶ᠎ᠡ ᠠᠴᠠ ᠬᠦᠮᠦᠨ ᠳᠤ ᠬᠠᠯᠳᠠᠭᠠᠵᠤ ᠲᠡᠶᠢᠯᠳᠡᠭ ᠪᠠᠳᠠᠭᠠᠨ᠎ᠠ᠂ ᠢᠯᠠᠭ᠎ᠠ᠂ ᠨᠤᠬᠠᠢ ᠶᠢᠨ ᠪᠦᠭᠡᠰᠦᠨ ᠤ ᠲᠦᠷᠦᠯ ᠵᠡᠷᠬᠡ ᠠᠮᠢᠳᠤ ᠪᠤᠳᠠᠰ ᠢ ᠵᠢᠭᠠᠵᠤ ᠪᠠᠶᠢᠨ᠎ᠠ᠃         ︵ᠶᠢᠰᠦ︶ ᠡᠮᠴᠢᠯᠡᠭᠡᠨ ᠤ ᠴᠢᠨᠠᠷᠳᠠᠢ ᠬᠠᠯᠳᠠᠪᠤᠷᠢᠯᠠᠯ᠄ ᠠᠨᠠᠭᠠᠬᠤ ᠤᠬᠠᠭᠠᠠ ᠤ ᠦᠢᠯᠡᠴᠢᠯᠡᠭᠡ ᠶᠢᠨ ᠲᠤᠮᠳᠠ ᠡᠪᠡᠳᠴᠢᠨ ᠡᠬᠦᠰᠭᠡᠭᠴᠢ ᠲᠠᠷᠬᠠᠭᠰᠠᠨ ᠠᠴᠠ ᠪᠤᠯᠤᠭᠰᠠᠨ ᠬᠠᠯᠳᠠᠪᠤᠷᠢᠯᠠᠯ ᠢ ᠵᠢᠭᠠᠵᠤ ᠪᠠᠶᠢᠨ᠎ᠠ᠃         ︵ᠠᠷᠪᠠ︶ ᠡᠮᠨᠡᠯᠬᠡ ᠶᠢᠨ ᠬᠤᠷᠢᠶᠠᠨ ᠤ ᠬᠠᠯᠳᠠᠪᠤᠷᠢᠯᠠᠯ᠄ ᠡᠮᠨᠡᠯᠬᠡ ᠳᠤ ᠰᠠᠭᠤᠭᠰᠠᠨ ᠡᠪᠡᠳᠴᠢᠳᠡᠨ ᠤ ᠡᠮᠨᠡᠯᠬᠡ ᠶᠢᠨ ᠬᠤᠷᠢᠶᠠᠨ ᠳᠤ ᠤᠯᠤᠭᠰᠠᠨ ᠬᠠᠯᠳᠠᠪᠤᠷᠢᠯᠠᠯ ᠢ ᠵᠢᠭᠠᠵᠤ ᠪᠠᠶᠢᠨ᠎ᠠ᠂ ᠡᠬᠦᠨ ᠳᠤ ᠡᠮᠨᠡᠯᠬᠡ ᠶᠢᠨ ᠬᠤᠷᠢᠶᠠᠨ ᠳᠤ ᠰᠠᠭᠤᠵᠤ ᠪᠠᠶᠢᠭᠰᠠᠨ ᠬᠤᠭᠤᠴᠠᠭᠠᠨ ᠳᠤ ᠡᠬᠦᠰᠦᠭᠰᠡᠨ ᠬᠠᠯᠳᠠᠪᠤᠷᠢᠯᠠᠯ ᠪᠠ ᠡᠮᠨᠡᠯᠬᠡ ᠶᠢᠨ ᠬᠤᠷᠢᠶᠠᠨ ᠳᠤ ᠤᠯᠤᠭᠠᠳ ᠡᠮᠨᠡᠯᠬᠡ ᠠᠴᠠ ᠭᠠᠷᠤᠭᠰᠠᠨ ᠤ ᠲᠠᠷᠠᠭ᠎ᠠ ᠡᠬᠦᠰᠦᠭᠰᠡᠨ ᠬᠠᠯᠳᠠᠪᠤᠷᠢᠯᠠᠯ ᠪᠠᠭᠳᠠᠨ᠎ᠠ᠂ ᠭᠡᠪᠡᠴᠦ ᠡᠮᠨᠡᠯᠭᠡ ᠶᠢᠨ ᠬᠤᠷᠢᠶᠠᠨ ᠳᠤ ᠤᠷᠤᠬᠤ ᠠᠴᠠ ᠡᠮᠦᠨ᠎ᠡ ᠨᠢᠬᠡᠨᠳᠡ ᠡᠬᠢᠯᠡᠭᠰᠡᠨ ᠪᠤᠶᠤ ᠡᠮᠨᠡᠯᠬᠡ ᠶᠢᠨ ᠬᠤᠷᠢᠶᠠᠨ ᠳᠤ ᠤᠷᠤᠬᠤ ᠦᠶ᠎ᠡ ᠳᠤ ᠨᠢᠭᠡᠨᠳᠡ ᠨᠢᠭᠤᠭᠳᠠᠮᠠᠯ ᠦᠶ᠎ᠡ ᠳᠡᠭᠡᠨ ᠪᠠᠶᠢᠭᠰᠠᠨ ᠬᠠᠯᠳᠠᠪᠤᠷᠢᠯᠠᠯ ᠪᠠᠭᠳᠠᠬᠤ ᠦᠭᠡᠢ᠃ ᠡᠮᠨᠡᠯᠭᠡ ᠶᠢᠨ ᠬᠤᠷᠢᠶᠠᠨ ᠤ ᠠᠵᠢᠯᠲᠠᠨ ᠤ ᠡᠮᠨᠡᠯᠭᠡ ᠶᠢᠨ ᠬᠤᠷᠢᠶᠠᠨ ᠳᠤ ᠤᠯᠤᠬᠰᠠᠨ ᠬᠠᠯᠳᠠᠪᠤᠷᠢᠯᠠᠯ ᠴᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠳᠤ ᠪᠠᠭᠲᠠᠨ᠎ᠠ᠃         ︵ᠠᠷᠪᠠᠨ ᠨᠢᠭᠡ︶ ᠲᠤᠷᠰᠢᠯᠳᠠ ᠶᠢᠨ ᠲᠠᠰᠤᠭ ᠤᠨ ᠬᠠᠯᠳᠠᠪᠤᠷᠢᠯᠠᠯ᠄ ᠲᠤᠷᠰᠢᠯᠳᠠ ᠶᠢᠨ ᠲᠠᠰᠤᠭ ᠤᠨ ᠠᠵᠢᠯ ᠢ ᠬᠢᠬᠦ ᠦᠶ᠎ᠡ ᠳᠤ ᠡᠪᠡᠳᠴᠢᠨ ᠡᠬᠦᠰᠭᠡᠭᠴᠢ ᠲᠠᠢ ᠦᠢᠷᠡᠳᠦᠬᠰᠡᠨ ᠠᠴᠠ ᠪᠤᠯᠵᠤ ᠤᠯᠤᠭᠰᠠᠨ ᠬᠠᠯᠳᠠᠪᠤᠷᠢᠯᠠᠯ ᠢ ᠵᠢᠭᠠᠵᠤ ᠪᠠᠶᠢᠨ᠎ᠠ᠃         ︵ᠠᠷᠪᠠ ᠬᠤᠶᠠᠷ︶ ᠪᠠᠺᠲ᠋ᠧᠷᠢ ᠶᠢᠨ ᠦᠷ᠎ᠡ᠂ ᠬᠤᠤᠷ ᠤᠨ ᠦᠷ᠎ᠡ᠄ ᠲᠤᠰ ᠬᠠᠤᠯᠢ ᠳᠤ ᠲᠤᠭᠳᠠᠭᠠᠭᠰᠠᠨ ᠬᠠᠯᠳᠠᠪᠤᠷᠢᠳᠤ ᠡᠪᠡᠳᠴᠢᠨ ᠢ ᠡᠬᠦᠰᠭᠡᠵᠦ ᠮᠡᠳᠡᠬᠦ ᠪᠠᠺᠲ᠋ᠧᠷᠢ ᠶᠢᠨ ᠦᠷ᠎ᠡ᠂ ᠡᠪᠡᠳᠴᠢᠨ ᠤ ᠦᠷ᠎ᠡ ᠶᠢ ᠵᠢᠭᠠᠵᠤ ᠪᠠᠶᠢᠨ᠎ᠠ         ︵ᠠᠷᠪᠠᠨ ᠭᠤᠷᠪᠠ︶ ᠠᠷᠢᠭᠤᠳᠬᠠᠬᠤ᠄ ᠬᠢᠮᠢ᠂ ᠹᠢᠽᠢᠺ᠂ ᠠᠮᠢᠳᠤ ᠪᠤᠳᠠᠰ ᠤᠨ ᠠᠷᠭ᠎ᠠ ᠪᠠᠷ ᠤᠷᠴᠢᠨ ᠲᠤᠭᠤᠷᠢᠨ ᠤ ᠲᠤᠳᠤᠷᠠᠬᠢ ᠡᠪᠡᠳᠴᠢᠨ ᠡᠬᠦᠰᠬᠡᠬᠦ ᠮᠢᠺᠷᠤᠪ ᠢ ᠠᠯᠠᠵᠤ ᠤᠰᠠᠳᠬᠠᠬᠤ ᠪᠤᠶᠤ ᠠᠷᠢᠯᠭᠠᠬᠤ ᠶᠢ ᠵᠢᠭᠠᠵᠤ ᠪᠠᠶᠢᠨ᠎ᠠ᠃         ︵ᠠᠷᠪᠠᠨ ᠲᠦᠷᠪᠡ︶ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠄ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠠᠵᠢᠯᠯᠠᠭ᠎ᠠ ᠬᠢᠳᠡᠭ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠲᠦᠪ ᠵᠢᠴᠢ ᠲᠡᠭᠡᠷ᠎ᠡ ᠲᠤᠷᠠᠳᠤᠬᠰᠠᠨ ᠪᠠᠶᠢᠭᠤᠯᠤᠮᠵᠢ ᠶᠢᠨ ᠲᠤᠬᠠᠢᠢᠯᠠᠭᠰᠠᠨ ᠠᠵᠢᠯ ᠤᠨ ᠠᠵᠢᠯᠯᠠᠭ᠎ᠠ ᠲᠠᠢ ᠠᠳᠠᠯᠢᠬᠠᠨ ᠨᠢᠭᠡᠴᠢ ᠶᠢ ᠵᠢᠭᠠᠵᠤ ᠪᠠᠶᠢᠨ᠎ᠠ᠃         ︵ᠠᠷᠪᠠᠨ ᠲᠠᠪᠤ︶ ᠡᠮᠴᠢᠯᠡᠭᠡᠨ ᠤ ᠪᠠᠶᠢᠭᠤᠯᠤᠮᠵᠢ᠄ ︽ᠡᠮᠴᠢᠯᠡᠬᠡᠨ ᠤ ᠪᠠᠶᠢᠭᠤᠯᠤᠮᠵᠢ ᠶᠢᠨ ᠬᠠᠮᠢᠶᠠᠷᠤᠯᠳᠠ ᠶᠢᠨ ᠲᠦᠷᠢᠮ︾ ᠶᠤᠰᠤᠭᠠᠷ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ ᠤᠯᠤᠭᠠᠳ᠂ ᠡᠪᠡᠳᠴᠢᠨ ᠡᠮᠬᠡᠭ ᠢ ᠤᠨᠤᠰᠢᠯᠠᠬᠤ᠂ ᠡᠮᠴᠢᠯᠡᠬᠦ ᠠᠵᠢᠯᠯᠠᠭ᠎ᠠ ᠬᠢᠳᠡᠭ ᠪᠠᠶᠢᠭᠤᠯᠤᠮᠵᠢ ᠶᠢ ᠵᠢᠭᠠᠵᠤ ᠪᠠᠶᠢᠨ᠎ᠠ᠃         ᠲᠠᠯᠠ ᠶᠢᠰᠦᠳᠦᠭᠡᠷ ᠵᠦᠢᠯ   ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠲᠤᠮᠳᠠᠬᠢ ᠢᠳᠡᠭᠡᠨ᠂ ᠡᠮ ᠤᠨ ᠵᠦᠢᠯ᠂ ᠴᠢᠰᠤ᠂ ᠤᠰᠤ᠂ ᠡᠮᠴᠢᠯᠡᠭᠡ ᠶᠢᠨ ᠬᠠᠶᠠᠭᠳᠠᠮᠠᠯ ᠪᠣᠳᠠᠰ ᠪᠠ ᠡᠪᠡᠳᠴᠢᠨ ᠡᠬᠦᠰᠬᠡᠬᠦ ᠮᠢᠺᠷᠤᠪ ᠤᠨ ᠬᠠᠮᠢᠶᠠᠷᠤᠯᠳᠠ ᠵᠢᠴᠢ ᠠᠮᠢᠳᠠᠨ ᠤ ᠬᠢᠵᠢᠭ ᠤᠨ ᠰᠡᠷᠭᠡᠶᠢᠯᠡᠯᠳᠡ ᠪᠠ ᠤᠯᠤᠰ ᠤᠨ ᠬᠢᠯᠢ ᠶᠢᠨ ᠡᠷᠡᠬᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠳᠠ ᠶᠢᠨ ᠲᠤᠬᠠᠢ ᠲᠤᠰ ᠬᠠᠤᠯᠢ ᠳᠤ ᠲᠤᠭᠳᠠᠭᠠᠭᠰᠠᠨ ᠦᠭᠡᠢ ᠪᠠᠶᠢᠪᠠᠯ᠂ ᠪᠤᠰᠤᠳ ᠬᠤᠯᠪᠤᠬᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠤᠭᠳᠠᠭᠠᠯ ᠢ ᠲᠤᠰ ᠲᠤᠰ ᠬᠡᠷᠡᠭᠯᠡᠨ᠎ᠡ᠃         ᠨᠠᠶᠠᠳᠤᠭᠠᠷ ᠵᠦᠢᠯ   ᠲᠤᠰ ᠬᠠᠤᠯᠢ ᠶᠢ 2004 ᠤᠨ ᠤ 12 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃          ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠤᠷᠴᠢᠭᠤᠯᠪᠠ
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号