ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠦᠯᠢ ︵2︶
ᠨᠡᠶᠢᠲᠡᠯᠡᠭᠰᠡᠨ ᠴᠠᠭ᠄
2020/3/20
    ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠦᠯᠢ       ᠬᠤᠶᠠᠳᠤᠭᠠᠷ ᠪᠦᠯᠦᠭ   ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ        ᠠᠷᠪᠠᠳᠤᠭᠠᠷ ᠵᠦᠢᠯ   ᠤᠯᠤᠰ ᠠᠴᠠ ᠭᠡᠭᠡᠷ᠎ᠡ ᠶᠢᠨ ᠠᠮᠢᠲᠠᠨ ᠢ ᠲᠦᠷᠦᠯ ᠠᠩᠭᠢᠯᠠᠨ ᠳᠡᠰ ᠬᠤᠪᠢᠶᠠᠵᠤ ᠬᠠᠮᠠᠭᠠᠯᠠᠨ᠎ᠠ᠃        ᠤᠯᠤᠰ ᠠᠴᠠ ᠬᠤᠪᠤᠷ ᠨᠠᠨᠳᠢᠨ᠂ ᠮᠦᠬᠦᠬᠦ ᠰᠢᠬᠠᠭᠰᠠᠨ ᠭᠡᠭᠡᠷ᠎ᠡ ᠶᠢᠨ ᠠᠮᠢᠲᠠᠨ ᠢ ᠭᠤᠤᠯᠳᠠᠯᠭ᠎ᠠ ᠲᠠᠢ ᠬᠠᠮᠠᠭᠠᠯᠠᠨ᠎ᠠ᠃ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠭᠡᠭᠡᠷ᠎ᠡ ᠶᠢᠨ ᠠᠮᠢᠲᠠᠨ ᠪᠠ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠭᠡᠭᠡᠷ᠎ᠡ ᠶᠢᠨ ᠠᠮᠢᠲᠠᠨ ᠭᠡᠵᠦ ᠬᠤᠪᠢᠶᠠᠨ᠎ᠠ᠃ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠨᠡᠷᠡᠰ ᠢ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠎ ᠠᠴᠠ ᠵᠤᠬᠢᠶᠠᠨ ᠪᠠᠶᠢᠭᠤᠯᠵᠤ ᠪᠠᠶᠢᠭᠠᠳ ᠰᠢᠨᠵᠢᠯᠡᠬᠦ ᠤᠬᠠᠭᠠᠨᠴᠢ ᠦᠨᠡᠯᠡᠨ ᠵᠢᠱᠢᠯᠲᠡ ᠬᠢᠭᠰᠡᠨ ᠤ ᠳᠠᠷᠠᠭ᠎ᠠ ᠲᠤᠭᠲᠠᠭᠠᠬᠤ ᠪᠦᠭᠡᠤᠡ ᠲᠠᠪᠤᠨ ᠵᠢᠯ ᠪᠦᠷᠢ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ ᠨᠡᠷᠡᠰ ᠲᠤ ᠲᠤᠬᠢᠷᠠᠭᠤᠯᠤᠯᠲᠠ ᠬᠢᠨ᠎ᠠ᠃ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠨᠡᠷᠡᠰ ᠢ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠤ ᠵᠦᠪᠰᠢᠶᠡᠷᠡᠭᠦᠯᠦᠭᠡᠳ ᠨᠡᠶᠢᠲᠡᠯᠡᠨ᠎ᠡ᠃        ᠤᠷᠤᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠭᠡᠳᠡᠭ ᠨᠢ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠠᠴᠠ ᠭᠠᠳᠠᠨ᠎ᠠ᠂ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠵᠢᠭᠠᠵᠤ ᠪᠠᠶᠢᠨ᠎ᠠ᠃ ᠤᠷᠤᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠨᠡᠷᠡᠰ ᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠵᠤ ᠪᠠᠶᠢᠭᠠᠳ ᠰᠢᠨᠵᠢᠯᠡᠬᠦ ᠤᠬᠠᠭᠠᠨᠴᠢ ᠦᠨᠡᠯᠡᠨ ᠵᠢᠱᠢᠯᠲᠡ ᠬᠢᠭᠰᠡᠨ ᠤ ᠳᠠᠷᠠᠭ᠎ᠠ ᠲᠤᠭᠲᠠᠭᠠᠵᠤ᠂ ᠲᠤᠬᠢᠷᠠᠭᠤᠯᠤᠯᠳᠠ ᠬᠢᠬᠦ ᠎ ᠶᠢᠨ ᠬᠠᠮᠲᠤ ᠨᠡᠶᠢᠲᠡᠯᠡᠨ᠎ᠡ᠃        ᠠᠮᠢ ᠠᠬᠤᠢ ᠶᠢᠨ᠂ ᠰᠢᠨᠵᠢᠯᠡᠬᠦ ᠤᠬᠠᠭᠠᠨ ᠤ᠂ ᠨᠡᠶᠢᠭᠡᠮ ᠤᠨ ᠴᠢᠬᠤᠯᠠ ᠦᠨ᠎ᠡ ᠦᠷᠲᠡᠭ ᠲᠠᠢ ᠬᠠᠭᠤᠷᠠᠢ ᠶᠢᠨ ᠭᠡᠭᠡᠷ᠎ᠡ ᠶᠢᠨ ᠠᠮᠢᠲᠠᠨ ᠤ ᠨᠡᠷᠡᠰ ᠢ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠵᠦ ᠪᠠᠶᠢᠭᠠᠳ ᠰᠢᠨᠵᠢᠯᠡᠬᠦ ᠤᠬᠠᠭᠠᠨᠴᠢ ᠦᠨᠡᠯᠡᠨ ᠵᠢᠱᠢᠯᠲᠡ ᠬᠢᠭᠰᠡᠨ ᠤ ᠳᠠᠷᠠᠭ᠎ᠠ ᠲᠤᠭᠲᠠᠭᠠᠵᠤ᠂ ᠲᠤᠬᠢᠷᠠᠭᠤᠯᠤᠯᠳᠠ ᠬᠢᠬᠦ ᠶᠢᠨ ᠬᠠᠮᠲᠤ ᠨᠡᠶᠢᠲᠡᠯᠡᠨ᠎ᠡ᠃        ᠠᠷᠪᠠᠨ ᠨᠢᠭᠡᠳᠦᠭᠡᠷ ᠵᠦᠢᠯ   ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠰᠢᠨᠵᠢᠯᠡᠭᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠲᠤᠭᠲᠠᠮᠠᠯ ᠬᠤᠭᠤᠴᠠᠭ᠎ᠠ ᠲᠠᠢ ᠪᠠᠷ ᠵᠤᠬᠢᠶᠠᠨ ᠪᠠᠶᠢᠭᠤᠯᠬᠤ ᠪᠤᠶᠤ ᠲᠡᠭᠦᠨ ᠳᠤ ᠨᠠᠶᠢᠳᠠᠵᠤ ᠪᠠᠶᠢᠭᠠᠳ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠪᠠᠶᠢᠳᠠᠯ ᠤᠨ ᠲᠤᠬᠠᠢ ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠨ ᠵᠢᠱᠢᠯᠲᠡ ᠬᠢᠯᠭᠡᠵᠤ ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠲᠤᠬᠠᠢ ᠳᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃        ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠪᠠᠶᠢᠳᠠᠯ ᠤᠨ ᠲᠤᠬᠠᠢ ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠨ ᠵᠢᠱᠢᠯᠳᠡ ᠳᠤ ᠲᠤᠤᠷ᠎ᠠ ᠵᠢᠭᠰᠠᠭᠠᠭᠰᠠᠨ ᠠᠭᠤᠯᠭ᠎ᠠ ᠶᠢ ᠪᠠᠭᠲᠠᠭᠠᠬᠤ ᠬᠡᠷᠡᠭᠲᠡᠢ᠄        ︵ᠨᠢᠭᠡ︶ ᠭᠡᠭᠡᠷ᠎ᠡ ᠶᠢᠨ ᠠᠮᠢᠲᠠᠨ ᠤ ᠭᠡᠭᠡᠷ᠎ᠡ ᠶᠢᠨ ᠲᠠᠷᠬᠠᠯᠲᠠ ᠶᠢᠨ ᠤᠷᠤᠨ ᠪᠦᠰᠡ᠂ ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ ᠵᠢᠴᠢ ᠪᠦᠲᠦᠴᠡ︔        ︵ᠬᠤᠶᠠᠷ︶ ᠭᠡᠭᠡᠷ᠎ᠡ ᠶᠢᠨ ᠠᠮᠢᠲᠠᠨ ᠤ ᠤᠷᠤᠰᠢᠨ ᠠᠮᠢᠳᠤᠷᠠᠬᠤ ᠭᠠᠵᠠᠷ ᠤᠨ ᠲᠠᠯᠠᠪᠠᠢ᠂ ᠠᠮᠢ ᠠᠬᠤᠢ ᠶᠢᠨ ᠪᠠᠶᠢᠳᠠᠯ︔        ︵ᠭᠤᠷᠪᠠ︶ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠭᠤᠤᠯ ᠰᠦᠷᠳᠡᠭᠦᠯᠬᠦᠬᠦ᠋ᠴᠦᠨ ᠵᠦᠢᠯ︔        ︵ᠳᠦᠷᠪᠡ︶ ᠭᠡᠭᠡᠷ᠎ᠡ ᠶᠢᠨ ᠠᠮᠢᠲᠠᠨ ᠢ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠤᠭᠰᠠᠨ ᠪᠠᠶᠢᠳᠠᠯ ᠵᠡᠷᠭᠡ ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠨ ᠵᠢᠱᠢᠯᠲᠡ ᠬᠢᠬᠦ ᠴᠢᠬᠤᠯᠠᠲᠠᠢ ᠪᠤᠰᠤᠳ ᠠᠭᠤᠯᠭ᠎ᠠ᠃        ᠠᠷᠪᠠᠨ ᠬᠤᠶᠠᠳᠤᠭᠠᠷ ᠵᠦᠢᠯ   ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠪᠠᠶᠢᠳᠠᠯ ᠤᠨ ᠲᠤᠬᠠᠢ ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠨ ᠵᠢᠱᠢᠯᠲᠡ ᠶᠢᠨ ᠦᠷ᠎ᠡ ᠳ᠋ᠦᠩ ᠢ ᠦᠨᠳᠦᠰᠦᠯᠡᠵᠦ᠂ ᠭᠡᠭᠡᠷ᠎ᠡ ᠶᠢᠨ ᠠᠮᠢᠲᠠᠨ ᠤ ᠴᠢᠬᠤᠯᠠ ᠤᠷᠤᠰᠢᠨ ᠠᠮᠢᠳᠤᠷᠠᠬᠤ ᠭᠠᠵᠠᠷ ᠤᠨ ᠨᠡᠷᠡᠰ ᠢ ᠲᠤᠭᠲᠠᠭᠠᠵᠤ ᠨᠡᠶᠢᠲᠡᠯᠡᠬᠦ ᠬᠡᠷᠡᠭᠲᠡᠢ᠃        ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠬᠠᠤᠯᠢ ᠶᠤᠰᠤᠭᠠᠷ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ ᠶᠢ ᠵᠠᠭᠠᠭᠯᠠᠨ ᠲᠤᠭᠲᠠᠭᠠᠵᠤ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠴᠢᠬᠤᠯᠠ ᠤᠷᠤᠰᠢᠨ ᠠᠮᠢᠳᠤᠷᠠᠬᠤ ᠭᠠᠵᠠᠷ ᠢ ᠬᠠᠮᠠᠭᠠᠯᠠᠵᠤ᠂ ᠭᠡᠭᠡᠷ᠎ᠡ ᠶᠢᠨ ᠠᠮᠢᠲᠠᠨ ᠤ ᠤᠷᠤᠰᠢᠨ ᠲᠤᠭᠲᠠᠨᠢᠬᠤ ᠤᠷᠴᠢᠨ ᠠᠬᠤᠢ ᠶᠢ ᠬᠠᠮᠠᠭᠠᠯᠠᠵᠤ᠂ ᠰᠡᠷᠭᠦᠭᠡᠬᠦ ᠪᠠ ᠰᠠᠶᠢᠵᠢᠷᠠᠭᠤᠯᠤᠨ᠎ᠠ᠃ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ ᠶᠢ ᠵᠠᠭᠠᠭᠯᠠᠨ ᠲᠤᠭᠲᠠᠭᠠᠬᠤ ᠨᠦᠬᠦᠴᠡᠯ ᠢ ᠪᠦᠷᠢᠳᠦᠭᠦᠯᠦᠭᠰᠡᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠠᠪᠠᠯᠠᠬᠤ ︵ᠠᠩᠨᠠᠬᠤ︶᠎ ᠶᠢ ᠴᠠᠭᠠᠵᠠᠯᠠᠬᠤ ᠤᠷᠤᠨ ᠢ ᠵᠠᠭᠠᠭᠯᠠᠨ ᠲᠤᠭᠲᠠᠭᠠᠬᠤ᠂ ᠠᠪᠠᠯᠠᠬᠤ ︵ᠠᠩᠨᠠᠬᠤ︶᠎ ᠶᠢ ᠴᠠᠭᠠᠵᠠᠯᠠᠬᠤ ᠬᠤᠭᠤᠴᠠᠭ᠎ᠠ ᠶᠢ ᠲᠤᠭᠲᠠᠭᠠᠬᠤ ᠵᠡᠷᠭᠡ ᠪᠤᠰᠤᠳ ᠬᠡᠯᠪᠡᠷᠢ ᠪᠠᠷ ᠬᠠᠮᠠᠭᠠᠯᠠᠵᠤ ᠪᠤᠯᠤᠨ᠎ᠠ᠃        ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ ᠳᠤ ᠭᠠᠳᠠᠨ᠎ᠠ ᠶᠢᠨ ᠳᠦᠷᠰᠦ ᠶᠢ ᠤᠷᠤᠭᠤᠯᠬᠤ᠂ ᠭᠠᠭᠴᠠ ᠲᠦᠷᠦᠯ ᠤᠨ ᠴᠡᠪᠡᠷ ᠤᠢ ᠶᠢ ᠤᠶᠢᠵᠢᠭᠤᠯᠬᠤ᠂ ᠲᠠᠷᠢᠶᠠᠨ ᠡᠮ ᠢ ᠬᠡᠮᠵᠢᠶ᠎ᠡ ᠠᠴᠠ ᠬᠡᠲᠦᠷᠡᠭᠦᠯᠦᠨ ᠰᠠᠴᠤᠬᠤ ᠭᠡᠭᠦ ᠮᠡᠳᠤ ᠪᠠᠷ ᠭᠡᠭᠡᠷ᠎ᠡ ᠶᠢᠨ ᠠᠮᠢᠲᠠᠨ ᠤ ᠦᠷᠡᠵᠢᠨ ᠠᠮᠢᠳᠤᠷᠠᠬᠤ ᠶᠢ ᠬᠦᠮᠦᠨ ᠤ ᠬᠢᠳᠡᠯ ᠢᠶᠠᠷ ᠬᠠᠷᠰᠢᠯᠠᠬᠤ ᠪᠠ ᠰᠦᠷᠳᠡᠭᠦᠯᠬᠦ ᠦᠢᠯᠡ ᠠᠵᠢᠯᠯᠠᠭ᠎ᠠ ᠶᠢ ᠴᠠᠭᠠᠵᠠᠯᠠᠬᠤ ᠪᠤᠶᠤ ᠬᠢᠵᠠᠭᠠᠷᠯᠠᠨ᠎ᠠ᠃        ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ ᠶᠢ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠤᠭᠲᠠᠭᠠᠯ ᠤᠨ ᠲᠤᠭᠲᠠᠭᠠᠯ ᠶᠤᠰᠤᠭᠠᠷ ᠵᠠᠭᠠᠭᠯᠠᠨ ᠲᠤᠭᠲᠠᠭᠠᠬᠤ ᠪᠠ ᠬᠠᠮᠢᠶᠠᠷᠤᠨ᠎ᠡ᠃        ᠠᠷᠪᠠᠨ ᠭᠤᠷᠪᠠᠳᠤᠭᠠᠷ ᠵᠦᠢᠯ   ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠲᠡᠭᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠤᠯᠪᠤᠭᠳᠠᠯ ᠪᠦᠬᠦᠢ ᠨᠡᠭᠡᠭᠡᠨ ᠠᠰᠢᠭᠯᠠᠬᠤ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠳᠠᠭᠠᠨ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ ᠶᠢᠨ ᠬᠡᠷᠡᠭᠴᠡᠭᠡ ᠶᠢ ᠭᠦᠢᠴᠡᠳ ᠪᠤᠳᠤᠯᠬᠢᠯᠠᠨ᠂ ᠲᠦᠯᠦᠪᠵᠢᠭᠦᠯᠭᠡ ᠶᠢᠨ ᠬᠡᠷᠡᠭᠵᠢᠭᠦᠯᠤᠯᠳᠠ ᠶᠢᠨ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ ᠳᠤ ᠦᠵᠡᠭᠦᠯᠵᠤ ᠮᠡᠳᠡᠬᠦ ᠪᠦᠬᠦ᠋ᠢᠯᠡ ᠴᠤᠭᠴᠠ ᠶᠢᠨ ᠨᠦᠯᠦᠭᠡ ᠶᠢ ᠵᠠᠳᠠᠯᠵᠦ᠂ ᠤᠷᠢᠳᠴᠢᠯᠠᠨ ᠵᠢᠱᠢᠬᠦ ᠪᠠ ᠦᠨᠡᠯᠡᠨ ᠵᠢᠱᠢᠵᠤ᠂ ᠲᠦᠯᠦᠪᠵᠢᠭᠦᠯᠭᠡ ᠶᠢ ᠬᠡᠷᠡᠭᠵᠢᠭᠦᠯᠦᠭᠰᠡᠨ ᠠᠴᠠ ᠪᠤᠯᠵᠤ ᠡᠭᠦᠰᠴᠦ ᠮᠡᠳᠡᠬᠦ ᠠᠰᠢᠭ ᠦᠭᠡᠢ ᠦᠷ᠎ᠡ ᠨᠦᠯᠦᠭᠡ ᠠᠴᠠ ᠵᠠᠶᠢᠯᠠᠰᠬᠢᠬᠦ ᠪᠤᠶᠤ ᠲᠡᠭᠦᠨ ᠢ ᠪᠠᠭᠠᠰᠬᠠᠬᠤ ᠬᠡᠷᠡᠭᠲᠡᠢ᠃        ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ ᠳᠤ ᠬᠠᠤᠯᠢ ᠴᠠᠭᠠᠵᠠ ᠬᠠᠤᠯᠢ ᠲᠤᠭᠲᠠᠭᠠᠯ ᠳᠤ ᠪᠦᠲᠦᠭᠡᠨ ᠪᠠᠶᠢᠭᠤᠯᠵᠤ ᠪᠤᠯᠬᠤ ᠦᠭᠡᠢ ᠭᠡᠵᠦ ᠲᠤᠭᠲᠠᠭᠠᠭᠰᠠᠨ ᠲᠦᠰᠦᠯ ᠤᠨ ᠵᠦᠢᠯᠡᠰ ᠢ ᠪᠦᠲᠦᠭᠡᠨ ᠪᠠᠶᠢᠭᠤᠯᠬᠤ ᠶᠢ ᠴᠠᠭᠠᠵᠠᠯᠠᠨ᠎ᠠ᠃ ᠨᠢᠰᠬᠡᠯ ᠤᠨ ᠪᠠᠭᠤᠳᠠᠯ᠂ ᠲᠡᠮᠦᠷ ᠵᠠᠮ᠂ ᠵᠠᠰᠠᠮᠠᠯ ᠵᠠᠮ᠂ ᠤᠰᠤᠨ ᠠᠰᠢᠭᠯᠠᠯᠲᠠ ᠤᠰᠤᠨ ᠴᠠᠬᠢᠯᠭᠠᠨ᠂ ᠪᠦᠰᠡᠯᠡᠭᠦᠷ ᠬᠠᠰᠢᠯᠭ᠎ᠠ᠂ ᠳᠠᠯᠠᠢ ᠶᠢ ᠬᠦᠷᠢᠶᠡᠯᠡᠨ ᠪᠦᠭᠯᠡᠬᠦ ᠵᠡᠷᠭᠡ ᠪᠦᠲᠦᠭᠡᠨ ᠪᠠᠶᠢᠭᠤᠯᠬᠤ ᠲᠦᠰᠦᠯ ᠤᠨ ᠵᠦᠢᠯᠡᠰ ᠤᠨ ᠪᠠᠶᠢᠷᠢ ᠪᠤᠯᠤᠨ ᠵᠠᠮ ᠱᠤᠭᠤᠮ ᠢ ᠰᠤᠩᠭᠤᠬᠤ ᠳᠠᠭᠠᠨ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ᠂ ᠭᠡᠭᠡᠷ᠎ᠡ ᠶᠢᠨ ᠠᠮᠢᠲᠠᠨ ᠤ ᠨᠡᠭᠦᠳᠡᠯᠯᠡᠨ ᠲᠤᠭᠤᠷᠢᠬᠤ ᠵᠠᠮ ᠠᠴᠠ ᠵᠠᠶᠢᠯᠠᠰᠬᠢᠬᠦ ᠬᠡᠷᠡᠭᠲᠡᠢ︔ ᠵᠠᠶᠢᠯᠠᠬᠤ ᠶᠢᠨ ᠠᠷᠭ᠎ᠠ ᠦᠭᠡᠢ ᠪᠠᠶᠢᠪᠠᠯ᠂ ᠭᠡᠭᠡᠷ᠎ᠡ ᠶᠢᠨ ᠠᠮᠢᠲᠠᠨ ᠤ ᠦᠡᠭᠭᠡᠷᠡᠭᠦ ᠵᠠᠮ᠂ ᠵᠢᠭᠠᠰᠤ ᠦᠡᠭᠭᠡᠷᠡᠬᠦ ᠲᠦᠬᠦᠭᠡᠷᠦᠮᠵᠢ ᠶᠢ ᠵᠠᠰᠠᠵᠤ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠭᠡᠭᠡᠷ᠎ᠡ ᠶᠢᠨ ᠠᠮᠢᠲᠠᠨ ᠳᠤ ᠦᠵᠡᠭᠦᠯᠬᠦ ᠠᠰᠢᠭ ᠦᠭᠡᠢ ᠨᠦᠯᠦᠭᠡ ᠶᠢ ᠠᠷᠢᠯᠭᠠᠬᠤ ᠪᠤᠶᠤ ᠪᠠᠭᠠᠰᠬᠠᠬᠤ ᠬᠡᠷᠡᠭᠲᠡᠢ᠃        ᠪᠦᠲᠦᠭᠡᠨ ᠪᠠᠶᠢᠭᠤᠯᠬᠤ ᠲᠦᠰᠦᠯ ᠤᠨ ᠵᠦᠢᠯᠡᠰ ᠨᠢ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ᠂ ᠭᠡᠭᠡᠷ᠎ᠡ ᠶᠢᠨ ᠠᠮᠢᠲᠠᠨ ᠤ ᠨᠡᠭᠦᠳᠡᠯᠯᠡᠨ ᠲᠤᠭᠤᠷᠢᠬᠤ ᠵᠠᠮ ᠢ ᠨᠦᠯᠦᠭᠡᠯᠡᠵᠤ ᠮᠡᠳᠡᠭᠦ ᠳᠤ ᠬᠦᠷᠪᠡᠯ᠂ ᠤᠷᠴᠢᠨ ᠠᠬᠤᠢ ᠶᠢᠨ ᠨᠦᠯᠦᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠤᠷᠴᠢᠨ ᠠᠬᠤᠢ ᠶᠢᠨ ᠨᠦᠯᠦᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠦᠪᠰᠢᠶᠡᠷᠡᠬᠦ ᠳᠡᠭᠡᠨ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠳᠤ ᠬᠤᠯᠪᠤᠭᠳᠠᠭᠰᠠᠨ ᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠰᠠᠨᠠᠯ ᠬᠤᠷᠢᠶᠠᠬᠤ ᠬᠡᠷᠡᠭᠲᠡᠢ︔ ᠤᠷᠤᠨ ᠨᠤᠲᠤᠭ ᠤᠨ ᠭᠤᠤᠯᠳᠠᠯᠭ᠎ᠠ ᠎ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠳᠤ ᠬᠤᠯᠪᠤᠭᠳᠠᠭᠰᠠᠨ ᠢ ᠨᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠰᠠᠨᠠᠯ ᠬᠤᠷᠢᠶᠠᠬᠤ ᠬᠡᠷᠡᠭᠲᠡᠢ᠃        ᠠᠷᠪᠠᠨ ᠳᠦᠷᠪᠡᠳᠦᠭᠡᠷ ᠵᠦᠢᠯ   ᠡᠯ᠎ᠡ ᠱᠠᠲᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠭᠡᠭᠡᠷ᠎ᠡ ᠶᠢᠨ ᠠᠮᠢᠲᠠᠨ ᠳᠤ ᠦᠵᠡᠭᠦᠯᠬᠦ ᠤᠷᠴᠢᠨ ᠠᠬᠤᠢ ᠶᠢᠨ ᠨᠦᠯᠦᠭᠡ ᠶᠢ ᠬᠢᠨᠠᠨ ᠠᠵᠢᠭᠯᠠᠬᠤ ᠪᠠ ᠬᠢᠨᠠᠨ ᠬᠡᠮᠵᠢᠬᠦ ᠬᠡᠷᠡᠭᠲᠡᠢ᠃ ᠤᠷᠴᠢᠨ ᠠᠬᠤᠢ ᠶᠢᠨ ᠨᠦᠯᠦᠭᠡ ᠠᠴᠠ ᠪᠤᠯᠵᠤ ᠭᠡᠭᠡᠷ᠎ᠡ ᠶᠢᠨ ᠠᠮᠢᠲᠠᠨ ᠳᠤ ᠬᠤᠤᠷ ᠬᠦᠨᠦᠭᠡᠯ ᠤᠴᠠᠷᠠᠭᠤᠯᠬᠤ ᠦᠶ᠎ᠡ ᠳᠤ᠂ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃        ᠠᠷᠪᠠᠨ ᠲᠠᠪᠤᠳᠤᠭᠠᠷ ᠵᠦᠢᠯ   ᠤᠯᠤᠰ ᠤᠨ ᠪᠤᠶᠤ ᠤᠷᠤᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠪᠠᠶᠢᠭᠠᠯᠢ ᠶᠢᠨ ᠭᠠᠮᠰᠢᠭ᠂ ᠤᠷᠴᠢᠨ ᠠᠬᠤᠢ ᠶᠢ ᠪᠤᠬᠢᠷᠳᠤᠭᠤᠯᠤᠭᠰᠠᠨ ᠬᠦᠨᠳᠦ ᠶᠡᠭᠡ ᠠᠳᠡᠯ ᠵᠡᠷᠭᠡ ᠬᠡᠨᠡᠳᠳᠡ ᠶᠢᠨ ᠬᠡᠷᠡᠭ ᠤᠨ ᠰᠦᠷᠳᠡᠭᠦᠯᠦᠯ ᠳᠤ ᠤᠴᠠᠷᠠᠬᠤ ᠦᠶ᠎ᠡ ᠳᠤ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠴᠠᠭ ᠲᠤᠬᠠᠢ ᠳᠤᠨᠢ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠭᠡᠭᠡᠷ᠎ᠡ ᠶᠢᠨ ᠠᠮᠢᠲᠠᠨ ᠢ ᠬᠤᠷᠢᠶᠠᠮᠵᠢᠯᠠᠨ ᠠᠪᠤᠷᠠᠨ ᠲᠤᠰᠠᠯᠠᠬᠤ ᠠᠵᠢᠯ ᠢ ᠵᠤᠬᠢᠶᠠᠨ ᠪᠠᠶᠢᠭᠤᠯᠵᠤ ᠦᠷᠨᠢᠭᠦᠯᠬᠦ ᠬᠡᠷᠡᠭᠲᠡᠢ᠃        ᠭᠡᠭᠡᠷ᠎ᠡ ᠶᠢᠨ ᠠᠮᠢᠲᠠᠨ ᠢ ᠬᠤᠷᠢᠶᠠᠮᠵᠢᠯᠠᠨ ᠠᠪᠤᠷᠠᠨ ᠲᠤᠰᠠᠯᠠᠬᠤ ᠨᠡᠷ᠎ᠡ ᠪᠠᠷ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠬᠤᠳᠠᠯᠳᠤᠭᠠᠯᠠᠬᠤ ᠶᠢ ᠴᠠᠭᠠᠵᠠᠯᠠᠨ᠎ᠠ᠃        ᠠᠷᠪᠠᠨ ᠵᠢᠷᠭᠤᠳᠤᠭᠠᠷ ᠵᠦᠢᠯ   ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠤᠰᠤᠭᠠᠷ ᠭᠡᠭᠡᠷ᠎ᠡ ᠶᠢᠨ ᠠᠮᠢᠲᠠᠨ ᠤ ᠬᠢᠵᠢᠭ ᠤᠨ ᠰᠤᠷᠪᠤᠯᠵᠢ ᠬᠢᠵᠢᠭ ᠡᠪᠡᠳᠴᠢᠨ ᠳᠤ ᠬᠢᠨᠠᠨ ᠬᠡᠮᠵᠢᠯᠲᠡ ᠬᠢᠵᠦ᠂ ᠤᠷᠢᠳᠴᠢᠯᠠᠨ ᠵᠢᠱᠢᠬᠦ᠂ ᠤᠷᠢᠳᠴᠢᠯᠠᠨ ᠮᠡᠳᠡᠭᠡᠯᠡᠬᠦ ᠵᠡᠷᠭᠡ ᠠᠵᠢᠯ ᠢ ᠵᠤᠬᠢᠶᠠᠨ ᠪᠠᠶᠢᠭᠤᠯᠵᠤ ᠦᠷᠨᠢᠭᠦᠯᠬᠦ ᠶᠢᠨ ᠬᠠᠮᠲᠤ ᠲᠤᠭᠲᠠᠭᠠᠯ ᠶᠤᠰᠤᠭᠠᠷ ᠭᠡᠭᠡᠷ᠎ᠡ ᠶᠢᠨ ᠠᠮᠢᠲᠠᠨ ᠤ ᠬᠢᠵᠢᠭ ᠤᠨ ᠪᠠᠶᠢᠳᠠᠯ ᠢ ᠪᠠᠴᠢᠮ ᠠᠷᠭᠠᠴᠠᠬᠤ ᠪᠡᠯᠡᠳᠬᠡᠯ ᠲᠦᠰᠦᠯ ᠲᠤᠭᠲᠠᠭᠠᠵᠤ᠂ ᠠᠳᠠᠯᠢ ᠱᠠᠲᠤᠨ ᠤ ᠪᠠᠨ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠤ ᠵᠦᠪᠰᠢᠶᠡᠷᠡᠭᠦᠯᠬᠦ ᠪᠤᠶᠤ ᠳᠠᠩᠰᠠᠯᠠᠭᠤᠯᠬᠤ ᠬᠡᠷᠡᠭᠲᠡᠢ᠃        ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠡᠷᠡᠭᠦᠯ ᠬᠠᠮᠠᠭᠠᠯᠠᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠤᠰᠤᠭᠠᠷ ᠬᠦᠮᠦᠨ ᠮᠠᠯ ᠳᠤ ᠬᠠᠯᠳᠠᠪᠤᠷᠢᠯᠠᠳᠠᠭ ᠬᠠᠯᠳᠠᠪᠤᠷᠢᠲᠤ ᠡᠪᠡᠳᠴᠢᠨ ᠲᠠᠢ ᠬᠤᠯᠪᠤᠭᠳᠠᠭᠰᠠᠨ ᠠᠮᠢᠲᠠᠨ ᠤ ᠬᠠᠯᠳᠠᠪᠤᠷᠢᠲᠤ ᠡᠪᠡᠳᠴᠢᠨ ᠢ ᠰᠡᠷᠬᠡᠶᠢᠯᠡᠨ ᠵᠠᠰᠠᠬᠤ ᠪᠠ ᠬᠠᠮᠢᠶᠠᠷᠬᠤ ᠠᠵᠢᠯ ᠢ ᠬᠠᠷᠢᠭᠤᠴᠠᠬᠤ ᠬᠡᠷᠡᠭᠲᠡᠢ᠃        ᠠᠷᠪᠠᠨ ᠲᠤᠯᠤᠳᠤᠭᠠᠷ ᠵᠦᠢᠯ   ᠤᠯᠤᠰ ᠠᠴᠠ ᠭᠡᠭᠡᠷ᠎ᠡ ᠶᠢᠨ ᠠᠮᠢᠲᠠᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠮᠦᠬᠦᠬᠦ ᠰᠢᠬᠠᠭᠰᠠᠨ ᠭᠡᠭᠡᠷ᠎ᠡ ᠶᠢᠨ ᠠᠮᠢᠲᠠᠨ ᠳᠤ ᠠᠪᠤᠷᠠᠯᠲᠠ ᠶᠢᠨ ᠴᠢᠨᠠᠷᠲᠠᠢ ᠬᠠᠮᠠᠭᠠᠯᠠᠯᠲᠠ ᠬᠢᠨ᠎ᠡ᠃        ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ ᠭᠡᠭᠡᠷ᠎ᠡ ᠶᠢᠨ ᠠᠮᠢᠲᠠᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠲᠦᠯᠦᠪᠵᠢᠭᠦᠯᠭᠡ ᠲᠤᠭᠲᠠᠭᠠᠵᠤ᠂ ᠤᠯᠤᠰ ᠤᠨ ᠭᠡᠭᠡᠷ᠎ᠡ ᠶᠢᠨ ᠠᠮᠢᠲᠠᠨ ᠤ ᠤᠳᠤᠮᠯᠠᠯ ᠤᠨ ᠡᠬᠢ ᠪᠠᠶᠠᠯᠢᠭ ᠤᠨ ᠭᠧᠨ ᠤ ᠬᠦᠮᠦᠷᠭᠡ ᠶᠢ ᠪᠠᠶᠢᠭᠤᠯᠵᠤ᠂ ᠮᠠᠨ ᠤ ᠤᠯᠤᠰ ᠤᠨ ᠤᠭ ᠭᠠᠷᠤᠯ ᠲᠠᠢ ᠬᠤᠪᠤᠷ ᠨᠠᠨᠳᠢᠨ᠂ ᠮᠦᠬᠦᠬᠦ ᠰᠢᠬᠠᠭᠰᠠᠨ ᠭᠡᠭᠡᠷ᠎ᠡ ᠶᠢᠨ ᠠᠮᠢᠲᠠᠨ ᠤ ᠤᠳᠤᠮᠯᠠᠯ ᠤᠨ ᠡᠬᠢ ᠪᠠᠶᠠᠯᠢᠭ ᠢ ᠭᠤᠤᠯᠳᠠᠯᠭ᠎ᠠ ᠲᠠᠢ ᠪᠠᠷ ᠬᠠᠮᠠᠭᠠᠯᠠᠬᠤ ᠬᠡᠷᠡᠭᠲᠡᠢ᠃        ᠠᠷᠪᠠᠨ ᠨᠠᠢᠮᠠᠳᠤᠭᠠᠷ ᠵᠦᠢᠯ   ᠬᠤᠯᠪᠤᠭᠳᠠᠯ ᠪᠦᠬᠦᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠠᠷᠭ᠎ᠠ ᠬᠡᠮᠵᠢᠶ᠎ᠡ ᠠᠪᠴᠤ᠂ ᠭᠡᠭᠡᠷ᠎ᠡ ᠶᠢᠨ ᠠᠮᠢᠲᠠᠨ ᠤ ᠤᠴᠠᠷᠠᠭᠤᠯᠵᠤ ᠮᠡᠳᠡᠬᠦ ᠬᠤᠤᠷ ᠬᠦᠨᠦᠭᠡᠯ ᠢ ᠰᠡᠷᠬᠡᠶᠢᠯᠡᠨ ᠬᠤᠷᠢᠭᠯᠠᠵᠤ᠂ ᠬᠦᠮᠦᠨ ᠮᠠᠯ ᠤᠨ ᠠᠮᠤᠷ ᠲᠦᠪᠰᠢᠨ ᠪᠠ ᠲᠠᠷᠢᠶᠠᠯᠠᠩ᠂ ᠤᠢ ᠰᠢᠭᠤᠢ ᠶᠢᠨ ᠦᠢᠯᠡᠳᠪᠦᠷᠢᠯᠡᠯ ᠢ ᠪᠠᠲᠤᠯᠠᠬᠤ ᠬᠡᠷᠡᠭᠲᠡᠢ᠃        ᠠᠷᠪᠠ ᠶᠢᠰᠦᠳᠦᠭᠡᠷ ᠵᠦᠢᠯ   ᠲᠤᠰ ᠬᠠᠤᠯᠢ ᠳᠤ ᠬᠠᠮᠠᠭᠠᠯᠠᠬᠤ ᠪᠠᠷ ᠲᠤᠭᠲᠠᠭᠠᠭᠰᠠᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠠᠴᠠ ᠪᠤᠯᠵᠤ᠂ ᠬᠦᠮᠦᠨ ᠢ ᠦᠭᠦᠭᠦᠯᠵᠦ ᠰᠢᠷᠬᠠᠲᠤᠭᠤᠯᠤᠭᠰᠠᠨ᠂ ᠲᠠᠷᠢᠮᠠᠯ ᠤᠨ ᠵᠦᠢᠯ ᠪᠤᠶᠤ ᠪᠤᠰᠤᠳ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠠᠴᠠ ᠨᠦᠬᠦᠪᠦᠷᠢ ᠦᠭᠭᠦᠨ᠎ᠡ᠃ ᠪᠤᠳᠠᠲᠠᠢ ᠠᠷᠭ᠎ᠠ ᠶᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠠᠴᠠ ᠲᠤᠭᠲᠠᠭᠠᠨ᠎ᠠ᠃ ᠬᠤᠯᠪᠤᠭᠳᠠᠯ ᠪᠦᠬᠦᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠳᠠᠭᠠᠳᠬᠠᠯ ᠤᠨ ᠪᠠᠶᠢᠭᠤᠯᠤᠮᠵᠢ ᠶᠢᠨ ᠭᠡᠭᠡᠷ᠎ᠡ ᠶᠢᠨ ᠠᠮᠢᠲᠠᠨ ᠤ ᠬᠤᠬᠢᠷᠠᠯ ᠤᠴᠠᠷᠠᠭᠤᠯᠤᠭᠰᠠᠨ ᠲᠦᠯᠦᠪᠦᠷᠢ ᠶᠢᠨ ᠲᠠᠭᠠᠳᠬᠠᠯ ᠤᠨ ᠲᠤᠬᠠᠶᠢᠯᠠᠭᠰᠠᠨ ᠠᠵᠢᠯ ᠦᠷᠨᠢᠭᠦᠯᠬᠦ ᠶᠢ ᠠᠬᠢᠭᠤᠯᠵᠤ ᠪᠤᠯᠤᠨ᠎ᠠ᠃        ᠬᠤᠯᠪᠤᠭᠳᠠᠯ ᠪᠦᠬᠦᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤᠯᠤᠰ ᠤᠨ ᠭᠤᠤᠯᠳᠠᠯᠭ᠎ᠠ ᠎ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠬᠤᠤᠷ ᠬᠦᠨᠦᠭᠡᠯ ᠤᠴᠠᠷᠠᠭᠤᠯᠬᠤ ᠶᠢ ᠰᠡᠷᠬᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠠᠪᠬᠤ ᠵᠢᠴᠢ ᠨᠦᠬᠦᠪᠦᠷᠢ ᠦᠭᠭᠦ ᠶᠢ ᠬᠡᠷᠡᠭᠵᠢᠭᠦᠯᠬᠦ ᠳᠤ ᠬᠡᠷᠡᠭᠰᠡᠬᠦ ᠵᠠᠷᠤᠳᠠᠯ ᠳᠤ ᠲᠦᠪ ᠤᠨ ᠡᠳ᠋ ᠤᠨ ᠵᠠᠰᠠᠭ ᠎ ᠠᠴᠠ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠨᠦᠬᠦᠪᠦᠷᠢ ᠦᠭᠭᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号