ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ (2)
ᠨᠡᠶᠢᠲᠡᠯᠡᠭᠰᠡᠨ ᠴᠠᠭ᠄
2020/3/6
        ᠬᠤᠶᠠᠳᠤᠭᠠᠷ ᠪᠦᠯᠦᠭ   ᠬᠠᠯᠳᠠᠪᠤᠷᠢᠳᠤ ᠡᠪᠡᠳᠴᠢᠨ ᠢ ᠰᠡᠷᠬᠡᠶᠢᠯᠡᠬᠦ         ᠠᠷᠪᠠᠨ ᠭᠤᠷᠪᠠᠳᠤᠭᠠᠷ ᠵᠦᠢᠯ   ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤᠯᠠᠨ ᠲᠦᠮᠡᠨᠴᠢ ᠴᠢᠨᠠᠷᠲᠠᠢ ᠡᠷᠡᠬᠦᠯ ᠬᠠᠮᠠᠭᠠᠯᠠᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ ᠲᠤᠬᠠᠢ ᠡᠷᠡᠬᠦᠯ ᠮᠡᠨᠳᠦ ᠶᠢᠨ ᠬᠦᠮᠦᠵᠢᠯ ᠬᠢᠵᠤ᠂ ᠡᠷᠡᠭᠦᠯ ᠪᠤᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠢ ᠣᠯᠠᠨ ᠨᠡᠶᠢᠲᠡ ᠶᠢᠨ ᠤᠬᠠᠮᠰᠠᠷ ᠪᠠ ᠠᠷᠭᠠᠴᠠᠬᠤ ᠴᠢᠳᠠᠪᠤᠷᠢ ᠶᠢ ᠲᠡᠭᠡᠭᠰᠢᠯᠡᠬᠦᠯᠵᠦ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠪᠠᠶᠢᠭᠤᠯᠤᠯᠳᠠ ᠶᠢ ᠴᠢᠩᠭᠠᠳᠬᠠᠵᠤ᠂ ᠬᠤᠯᠤᠭᠠᠨ᠎ᠠ ᠶᠢᠨ ᠬᠦᠨᠦᠬᠡᠯ ᠪᠠ ᠪᠠᠳᠠᠭᠠᠨ᠎ᠠ᠂ ᠢᠯᠠᠭ᠎ᠠ ᠵᠡᠷᠭᠡ ᠡᠪᠡᠳᠴᠢᠨ ᠲᠠᠮᠵᠢᠭᠤᠯᠳᠠᠭ ᠠᠮᠢᠳᠤ ᠪᠤᠳᠠᠰ ᠤᠨ ᠬᠤᠤᠷ ᠬᠦᠨᠦᠬᠡᠯ ᠢ ᠠᠷᠢᠯᠭᠠᠨ᠎ᠠ᠃         ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠲᠠᠷᠢᠶᠠᠯᠠᠩ᠂ ᠤᠰᠤᠨ ᠠᠰᠢᠭᠯᠠᠯᠳᠠ᠂ ᠤᠢ ᠰᠢᠭᠤᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠠᠵᠢᠯ ᠤᠨ ᠬᠤᠪᠢᠶᠠᠷᠢᠯᠠᠯ ᠶᠣᠰᠤᠭᠠᠷ ᠬᠠᠷᠢᠭᠤᠴᠠᠵᠤ ᠪᠠᠶᠢᠭᠠᠳ ᠲᠠᠷᠢᠶᠠᠨ ᠭᠠᠵᠠᠷ᠂ ᠨᠠᠭᠤᠷᠳᠤ ᠤᠷᠤᠨ᠂ ᠭᠤᠤᠯ ᠤᠷᠤᠰᠬᠠᠯ᠂ ᠮᠠᠯᠵᠢᠯ ᠤᠨ ᠲᠠᠯᠠᠪᠠᠢ᠂ ᠦᠢᠳᠦ ᠤᠷᠤᠨ ᠤ ᠬᠤᠯᠤᠭᠠᠨ᠎ᠠ ᠶᠢᠨ ᠬᠦᠨᠦᠬᠡᠯ ᠪᠤᠯᠤᠨ ᠴᠢᠰᠦ ᠰᠤᠷᠤᠭᠴᠢ ᠬᠤᠷᠤᠬᠠᠢ ᠶᠢᠨ ᠬᠤᠤᠷ ᠬᠦᠨᠥᠭᠡᠯ᠂ ᠵᠢᠴᠢ ᠪᠤᠰᠤᠳ ᠬᠠᠯᠳᠠᠪᠤᠷᠢᠳᠤ ᠡᠪᠡᠳᠴᠢᠨ ᠲᠠᠷᠬᠠᠭᠠᠳᠠᠭ ᠠᠮᠢᠳᠠᠨ ᠪᠠ ᠡᠪᠡᠳᠴᠢᠨ ᠲᠠᠮᠵᠢᠭᠤᠯᠳᠠᠭ ᠠᠮᠢᠳᠤ ᠪᠤᠳᠠᠰ ᠤᠨ ᠬᠤᠤᠷ ᠬᠦᠨᠦᠬᠡᠯ ᠢ ᠠᠷᠢᠯᠭᠠᠬᠤ ᠠᠵᠢᠯ ᠢ ᠵᠢᠯᠤᠭᠤᠳᠴᠤ ᠵᠤᠬᠢᠶᠠᠨ ᠪᠠᠶᠢᠭᠤᠯᠤᠨ᠎ᠠ᠃         ᠲᠡᠮᠦᠷ ᠵᠠᠮ᠂ ᠵᠠᠮ ᠬᠠᠷᠢᠯᠴᠠᠭ᠎ᠠ᠂ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠵᠠᠮ ᠬᠠᠷᠢᠯᠴᠠᠭᠠᠨ ᠤ ᠪᠠᠭᠠᠵᠢ ᠵᠢᠴᠢ ᠬᠤᠯᠪᠤᠭᠳᠠᠯ ᠪᠦᠬᠦᠢ ᠲᠠᠯᠠᠪᠤᠷ ᠭᠠᠵᠠᠷ ᠤᠨ ᠬᠤᠯᠤᠭᠠᠨ᠎ᠠ ᠶᠢᠨ ᠬᠦᠨᠦᠬᠡᠯ ᠪᠠ ᠪᠠᠳᠠᠭᠠᠨ᠎ᠠ᠂ ᠢᠯᠠᠭ᠎ᠠ ᠵᠡᠷᠭᠡ ᠡᠪᠡᠳᠴᠢᠨ ᠲᠠᠮᠵᠢᠭᠤᠯᠳᠠᠭ ᠠᠮᠢᠳᠤ ᠪᠤᠳᠠᠰ ᠤᠨ ᠬᠤᠤᠷ ᠬᠦᠨᠦᠬᠡᠯ ᠢ ᠠᠷᠢᠯᠭᠠᠬᠤ ᠠᠵᠢᠯ ᠢ ᠬᠠᠷᠢᠭᠤᠴᠠᠨ ᠵᠤᠬᠢᠶᠠᠨ ᠪᠠᠶᠢᠭᠤᠯᠤᠨ᠎ᠠ᠃ ᠠᠷᠪᠠᠨ ᠲᠦᠷᠪᠡᠳᠦᠭᠡᠷ ᠵᠦᠢᠯ   ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠲᠦᠬᠦᠭᠡᠷᠦᠮᠵᠢ ᠶᠢ ᠲᠦᠯᠦᠪᠯᠡᠭᠡ ᠲᠠᠢ ᠪᠠᠷ ᠪᠠᠶᠢᠭᠤᠯᠬᠤ ᠪᠠ ᠦᠭᠡᠷᠡᠴᠢᠯᠡᠵᠦ᠂ ᠤᠤᠭᠤᠬᠤ ᠤᠰᠤᠨ ᠤ ᠠᠷᠢᠭᠤᠨ ᠴᠡᠪᠡᠷ ᠤᠨ ᠨᠦᠬᠦᠴᠡᠯ ᠢ ᠰᠠᠶᠢᠵᠢᠷᠠᠭᠤᠯᠵᠤ᠂ ᠪᠤᠬᠢᠷ ᠤᠰᠤ᠂ ᠪᠤᠬᠢᠷ ᠶᠠᠭᠤᠮ᠎ᠠ᠂ ᠪᠠᠭᠠᠰᠤ ᠰᠢᠭᠡᠰᠦ ᠶᠢ ᠬᠤᠤᠷ ᠦᠭᠡᠶᠢᠵᠢᠭᠦᠯᠦᠨ ᠰᠢᠢᠳᠪᠤᠷᠢᠯᠡᠬᠦ ᠬᠡᠷᠡᠭᠳᠡᠢ᠃         ᠠᠷᠪᠠᠨ ᠲᠠᠪᠤᠳᠤᠭᠠᠷ ᠵᠦᠢᠯ   ᠤᠯᠤᠰ ᠠᠴᠠ ᠲᠦᠯᠦᠪᠯᠡᠭᠡ ᠲᠠᠢ ᠪᠠᠷ ᠰᠡᠷᠭᠡᠶᠢᠯᠡᠬᠦ ᠲᠠᠷᠢᠯᠭ᠎ᠠ ᠲᠠᠷᠢᠬᠤ ᠲᠦᠷᠢᠮ ᠢ ᠬᠡᠷᠡᠭᠵᠢᠬᠦᠯᠦᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠪᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠬᠡᠷᠡᠭᠴᠡᠭᠡ ᠶᠢ ᠦᠨᠳᠦᠰᠦᠯᠡᠨ᠂ ᠬᠠᠯᠳᠠᠪᠤᠷᠢᠳᠤ ᠡᠪᠡᠳᠴᠢᠨ ᠢ ᠰᠡᠷᠬᠡᠶᠢᠯᠡᠬᠦ ᠲᠠᠷᠢᠯᠭ᠎ᠠ ᠲᠠᠷᠢᠬᠤ ᠲᠦᠯᠦᠪᠵᠢᠬᠦᠯᠬᠡ ᠶᠢ ᠲᠤᠭᠳᠠᠭᠠᠬᠤ ᠪᠦᠭᠡᠳ ᠵᠤᠬᠢᠶᠠᠨ ᠪᠠᠶᠢᠭᠤᠯᠵᠤ ᠬᠡᠷᠡᠭᠵᠢᠬᠦᠯᠥᠨ᠎ᠡ᠃ ᠰᠡᠷᠭᠡᠶᠢᠯᠡᠬᠦ ᠲᠠᠷᠢᠯᠭ᠎ᠠ ᠲᠠᠷᠢᠬᠤ ᠳᠤ ᠬᠡᠷᠡᠭᠯᠡᠬᠦ ᠸᠠᠺᠼᠢᠨ ᠨᠢ ᠡᠷᠬᠡᠪᠰᠢ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠳᠤ ᠨᠠᠶᠢᠴᠡᠭᠰᠡᠨ ᠪᠠᠶᠢᠬᠤ ᠬᠡᠷᠡᠭᠳᠡᠢ᠃         ᠤᠯᠤᠰ ᠠᠴᠠ ᠬᠡᠦᠬᠡᠳ ᠲᠤ ᠰᠡᠷᠭᠡᠶᠢᠯᠡᠬᠦ ᠲᠠᠷᠢᠯᠭ᠎ᠠ ᠲᠠᠷᠢᠭᠰᠠᠨ ᠭᠡᠷᠡᠴᠢ ᠲᠡᠮᠳᠡᠭ ᠤᠨ ᠲᠦᠷᠢᠮ ᠢ ᠬᠡᠷᠡᠭᠵᠢᠬᠦᠯᠦᠨ᠎ᠡ᠃ ᠤᠯᠤᠰ ᠤᠨ ᠡᠭᠡᠯᠢᠯᠡᠭᠡ ᠶᠢᠨ ᠲᠦᠯᠦᠪᠵᠢᠬᠦᠯᠬᠡ ᠶᠢᠨ ᠵᠦᠢᠯᠡᠰ ᠪᠣᠯᠬᠤ ᠰᠡᠷᠭᠡᠶᠢᠯᠡᠬᠦ ᠲᠠᠷᠢᠯᠭ᠎ᠠ ᠶᠢ ᠰᠦᠢᠳᠬᠡᠯ ᠬᠤᠷᠢᠶᠠᠬᠤ ᠦᠭᠡᠢ ᠪᠠᠷ ᠲᠠᠷᠢᠨ᠎ᠠ᠃ ᠡᠮᠴᠢᠯᠡᠭᠡᠨ ᠤ ᠪᠠᠶᠢᠭᠤᠯᠤᠮᠵᠢ᠂ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠣᠯᠤᠨ ᠬᠡᠦᠬᠡᠳ ᠤᠨ ᠬᠢᠨᠠᠨ ᠬᠠᠮᠠᠭᠠᠯᠠᠬᠴᠢ ᠬᠠᠷᠢᠯᠴᠠᠨ ᠬᠠᠮᠵᠢᠯᠴᠠᠵᠤ ᠪᠠᠶᠢᠭᠠᠳ ᠬᠡᠦᠬᠡᠳ ᠲᠤ ᠴᠠᠭ ᠲᠤᠬᠠᠢ ᠳᠤᠨᠢ ᠰᠡᠷᠭᠡᠶᠢᠯᠡᠬᠦᠲ᠋ᠠᠷᠢᠯᠭ᠎ᠠ ᠲᠠᠷᠢᠬᠤ ᠶᠢ ᠪᠠᠳᠤᠯᠠᠬᠤ ᠬᠡᠷᠡᠭᠳᠡᠢ᠃ ᠪᠤᠳᠠᠳᠠᠢ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ᠃         ᠠᠷᠪᠠᠨ ᠵᠢᠷᠭᠤᠳᠤᠭᠠᠷ ᠵᠦᠢᠯ   ᠤᠯᠤᠰ ᠤᠷᠤᠨ ᠪᠠ ᠨᠠᠶᠢᠭᠡᠮ ᠨᠠᠶᠢᠳᠠ ᠪᠠᠷ ᠢᠶᠠᠨ ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ ᠪᠠ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠢ ᠬᠠᠯᠠᠮᠵᠢᠯᠠᠨ ᠬᠠᠪᠰᠤᠷᠴᠤ᠂ ᠲᠡᠳᠡᠨᠡᠷ ᠢ ᠴᠠᠭ ᠲᠤᠬᠠᠢ ᠳᠤᠨᠢ ᠠᠪᠤᠷᠠᠵᠤ ᠵᠠᠰᠠᠬᠤ ᠬᠡᠷᠡᠭᠳᠡᠢ᠃ ᠶᠠᠮᠠᠷᠪᠠ ᠨᠢᠭᠡᠴᠢ ᠪᠠ ᠬᠤᠪᠢ ᠬᠦᠮᠦᠨ ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ ᠪᠠ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠢ ᠭᠠᠳᠠᠭᠤᠷᠴᠢᠯᠠᠵᠤ ᠪᠤᠯᠬᠤ ᠦᠭᠡᠢ᠃         ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ ᠪᠠ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ᠂ ᠬᠠᠯᠳᠠᠪᠤᠷᠢᠳᠤ ᠡᠪᠡᠳᠴᠢᠨ ᠢᠶᠠᠨ ᠡᠮᠨᠡᠨ ᠡᠳᠡᠭᠡᠷᠡᠬᠦᠯᠬᠦ ᠪᠤᠶᠤ ᠬᠠᠯᠳᠠᠪᠤᠷᠢᠲᠤ ᠡᠪᠡᠳᠴᠢᠨ ᠤ ᠰᠡᠵᠢᠭ ᠲᠠᠶᠢᠯᠤᠬᠳᠠᠬᠤ ᠠᠴᠠ ᠡᠮᠦᠨ᠎ᠡ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠦᠷᠢᠮ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠤᠨ ᠲᠣᠭᠲᠠᠭᠠᠭᠰᠠᠨ ᠬᠢᠯᠬᠡᠬᠦ ᠶᠢ ᠴᠠᠭᠠᠵᠠᠯᠠᠭᠰᠠᠨ ᠲᠤᠰ ᠬᠠᠯᠳᠠᠪᠤᠷᠢᠳᠤ ᠡᠪᠡᠳᠴᠢᠨ ᠢ ᠬᠢᠯᠪᠠᠷᠬᠠᠨ ᠲᠠᠷᠬᠠᠭᠠᠬᠤ ᠠᠵᠢᠯ ᠢ ᠬᠢᠵᠤ ᠪᠤᠯᠬᠤ ᠦᠭᠡᠢ᠃         ᠠᠷᠪᠠᠨ ᠲᠤᠯᠤᠳᠤᠭᠠᠷ ᠵᠦᠢᠯ   ᠤᠯᠤᠰ ᠠᠴᠠ ᠬᠠᠯᠳᠠᠪᠤᠷᠢᠳᠤ ᠡᠪᠡᠳᠴᠢᠨ ᠢ ᠬᠢᠨᠠᠨ ᠬᠡᠮᠵᠢᠬᠦ ᠲᠦᠷᠢᠮ ᠢ ᠪᠠᠶᠢᠭᠤᠯᠤᠨ᠎ᠠ᠃         ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠯᠤᠰ ᠤᠨ ᠬᠠᠯᠳᠠᠪᠤᠷᠢᠳᠤ ᠡᠪᠡᠳᠴᠢᠨ ᠢ ᠬᠢᠨᠠᠨ ᠬᠡᠮᠵᠢᠬᠦ ᠲᠦᠯᠦᠪᠵᠢᠬᠦᠯᠬᠡ ᠪᠠ ᠲᠦᠰᠦᠯ ᠢ ᠲᠤᠭᠳᠠᠭᠠᠨ᠎ᠠ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠤᠯᠤᠰ ᠤᠨ ᠬᠠᠯᠳᠠᠪᠤᠷᠢᠳᠤ ᠡᠪᠡᠳᠴᠢᠨ ᠢ ᠬᠢᠨᠠᠨ ᠬᠡᠮᠵᠢᠬᠦ ᠲᠦᠯᠦᠪᠵᠢᠬᠦᠯᠬᠡ ᠪᠠ ᠲᠦᠰᠦᠯ ᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠤᠷᠤᠨ ᠤ ᠪᠠᠨ ᠳᠣᠲᠤᠷᠠᠬᠢ ᠬᠠᠯᠳᠠᠪᠤᠷᠢᠳᠤ ᠡᠪᠡᠳᠴᠢᠨ ᠢ ᠬᠢᠨᠠᠨ ᠬᠡᠮᠵᠢᠬᠦ ᠲᠦᠯᠦᠪᠯᠡᠭᠡ ᠪᠠ ᠠᠵᠢᠯ ᠤᠨ ᠲᠦᠰᠦᠯ ᠢ ᠲᠤᠭᠳᠠᠭᠠᠨ᠎ᠠ᠃         ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠡᠯ᠎ᠡ ᠱᠠᠳᠤᠨ ᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠡᠬᠦᠰᠬᠦ᠂ ᠲᠡᠯᠬᠡᠷᠡᠬᠦ ᠵᠢᠴᠢ ᠬᠠᠯᠳᠠᠪᠤᠷᠢᠳᠤ ᠡᠪᠡᠳᠴᠢᠨ ᠤ ᠡᠬᠦᠰᠬᠦ᠂ ᠲᠡᠯᠭᠡᠷᠡᠬᠦ ᠶᠢ ᠨᠦᠯᠦᠭᠡᠯᠡᠬᠦ ᠬᠦᠴᠦᠨ ᠵᠦᠢᠯ ᠢ ᠬᠢᠨᠠᠨ ᠬᠡᠮᠵᠢᠨ᠎ᠡ︔ ᠭᠠᠳᠠᠭᠠᠳᠤ ᠳᠤ ᠡᠬᠦᠰᠦᠭᠰᠡᠨ ᠪᠣᠯᠪᠠᠴᠤ ᠤᠯᠤᠰ ᠤᠨ ᠲᠤᠳᠤᠭᠠᠳᠤ ᠳᠤ ᠬᠠᠷᠠᠬᠠᠨ ᠡᠬᠦᠰᠥᠭᠡᠳᠦᠢ ᠬᠠᠯᠳᠠᠪᠤᠷᠢᠳᠤ ᠡᠪᠡᠳᠴᠢᠨ ᠪᠤᠶᠤ ᠤᠯᠤᠰ ᠤᠨ ᠲᠤᠳᠤᠭᠠᠳᠤ ᠳᠤ ᠰᠢᠨ᠎ᠡ ᠪᠠᠷ ᠡᠬᠦᠰᠦᠭᠰᠡᠨ ᠬᠠᠯᠳᠠᠪᠤᠷᠢᠳᠤ ᠡᠪᠡᠳᠴᠢᠨ ᠢ ᠬᠢᠨᠠᠨ ᠬᠡᠮᠵᠢᠨ᠎ᠡ᠃         ᠠᠷᠪᠠᠨ ᠨᠠᠢᠮᠠᠳᠤᠭᠠᠷ ᠵᠦᠢᠯ   ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠡᠯ᠎ᠡ ᠱᠠᠳᠤᠨ ᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠠᠪᠤᠴᠠ ᠳᠤ ᠲᠤᠤᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠬᠦᠢᠴᠡᠳᠭᠡᠨ᠎ᠡ᠄         ︵ᠨᠢᠬᠡ︶ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠦᠯᠦᠪᠵᠢᠬᠦᠯᠭᠡ᠂ ᠲᠦᠯᠦᠪᠯᠡᠭᠡ ᠪᠠ ᠲᠦᠰᠦᠯ ᠢ ᠬᠡᠷᠡᠭᠵᠢᠬᠦᠯᠦᠨ᠎ᠡ︔         ︵ᠬᠤᠶᠠᠷ︶ ᠬᠠᠯᠳᠠᠪᠤᠷᠢᠳᠤ ᠡᠪᠡᠳᠴᠢᠨ ᠢ ᠬᠢᠨᠠᠵᠤ ᠬᠡᠮᠵᠢᠭᠰᠡᠨ ᠮᠡᠳᠡᠭᠡ ᠵᠠᠩᠬᠢ ᠶᠢ ᠴᠤᠭᠯᠠᠭᠤᠯᠵᠤ᠂ ᠵᠠᠳᠠᠯᠤᠨ ᠰᠢᠨᠵᠢᠯᠡᠬᠦᠪᠠ ᠮᠡᠳᠡᠬᠦᠯᠵᠤ᠂ ᠬᠠᠯᠳᠠᠪᠤᠷᠢᠳᠤ ᠡᠪᠡᠳᠴᠢᠨ ᠤ ᠡᠬᠦᠰᠬᠦ᠂ ᠲᠡᠯᠭᠡᠷᠡᠬᠦ ᠬᠠᠨᠳᠤᠰᠢ ᠶᠢ ᠤᠷᠢᠳᠴᠢᠯᠠᠨ ᠵᠢᠱᠢᠨ᠎ᠠ︔         ︵ᠭᠤᠷᠪᠠ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠪᠠ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠲᠤᠬᠠᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ᠂ ᠲᠤᠬᠠᠢ ᠶᠢᠨ ᠲᠠᠯᠠᠪᠤᠷ ᠤᠨ ᠰᠢᠢᠳᠪᠤᠷᠢᠯᠠᠯᠳᠠ ᠵᠢᠴᠢ ᠲᠡᠭᠦᠨ ᠤ ᠦᠷ᠎ᠡ ᠳ᠋ᠦᠩ ᠢ ᠦᠨᠡᠯᠡᠬᠦ ᠠᠵᠢᠯ ᠢ ᠥᠷᠨᠢᠭᠦᠯᠦᠨ᠎ᠡ︔         ︵ᠲᠦᠷᠪᠡ︶ ᠬᠠᠯᠳᠠᠪᠤᠷᠢᠳᠤ ᠡᠪᠡᠳᠴᠢᠨ ᠤ ᠲᠤᠷᠰᠢᠯᠳᠠ ᠶᠢᠨ ᠲᠠᠰᠤᠭ ᠤᠨ ᠪᠠᠶᠢᠴᠠᠭᠠᠨ ᠬᠡᠮᠵᠢᠯᠳᠡ᠂ ᠤᠨᠤᠰᠢᠯᠠᠯᠳᠠ᠂ ᠡᠪᠡᠳᠴᠢᠨ ᠡᠬᠦᠰᠬᠦ ᠰᠤᠳᠤᠯᠤᠯ ᠤᠨ ᠬᠢᠨᠠᠨ ᠲᠤᠭᠳᠠᠭᠠᠬᠤ ᠠᠵᠢᠯ ᠢ ᠥᠷᠨᠢᠭᠦᠯᠦᠨ᠎ᠡ︔         ︵ᠲᠠᠪᠤ︶ ᠡᠭᠡᠯᠢᠯᠡᠭᠡ ᠶᠢᠨ ᠲᠦᠯᠦᠪᠵᠢᠬᠦᠯᠬᠡ ᠶᠢ ᠬᠡᠷᠡᠭᠵᠢᠬᠦᠯᠵᠤ᠂ ᠰᠡᠷᠭᠡᠶᠢᠯᠡᠬᠦ ᠴᠢᠨᠠᠷᠳᠠᠢ ᠠᠮᠢᠳᠤ ᠪᠤᠳᠠᠰ ᠤᠨ ᠪᠦᠳᠦᠭᠡᠭᠳᠡᠬᠦᠨ ᠤ ᠬᠡᠷᠡᠭᠯᠡᠯᠳᠡ ᠬᠠᠮᠢᠶᠠᠷᠤᠯᠳᠠ ᠶᠢ ᠬᠠᠷᠢᠭᠤᠴᠠᠨ᠎ᠠ︔         ︵ᠵᠢᠷᠭᠤᠭ᠎ᠠ︶ ᠡᠷᠡᠬᠦᠯ ᠮᠡᠨᠳᠦ ᠶᠢᠨ ᠲᠤᠬᠠᠢ ᠬᠦᠮᠦᠵᠢᠯ᠂ ᠵᠦᠪᠯᠡᠯᠭᠡ ᠶᠢ ᠦᠷᠨᠢᠬᠦᠯᠵᠤ᠂ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠬᠡ ᠶᠢ ᠲᠦᠬᠡᠮᠡᠯᠵᠢᠬᠦᠯᠦᠨ᠎ᠡ︔         ︵ᠲᠤᠯᠤᠭ᠎ᠠ︶ ᠲᠤᠤᠷᠠᠳᠤ ᠱᠠᠳᠤᠨ ᠤ ᠪᠠᠨ ᠡᠪᠡᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠪᠠᠶᠢᠭᠤᠯᠤᠮᠵᠢ ᠵᠢᠴᠢ ᠲᠡᠭᠦᠨ ᠤ ᠠᠵᠢᠯᠳᠠᠨ ᠢ ᠵᠢᠯᠤᠭᠤᠳᠤᠨ ᠪᠤᠯᠪᠠᠰᠤᠷᠠᠭᠤᠯᠵᠤ᠂ ᠬᠠᠯᠳᠠᠪᠤᠷᠢᠳᠤ ᠡᠪᠡᠳᠴᠢᠨ ᠢ ᠬᠢᠨᠠᠨ ᠬᠡᠮᠵᠢᠬᠦ ᠠᠵᠢᠯ ᠢ ᠦᠷᠨᠢᠬᠦᠯᠦᠨ᠎ᠡ︔         ︵ᠨᠠᠢᠮᠠ︶ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠡᠷᠡᠭᠯᠡᠬᠡᠨ ᠤ ᠴᠢᠨᠠᠷᠲᠠᠢ ᠰᠤᠳᠤᠯᠤᠯ ᠪᠠ ᠡᠷᠡᠬᠦᠯ ᠬᠠᠮᠠᠭᠠᠯᠠᠯ ᠤᠨ ᠦᠨᠡᠯᠡᠯᠳᠡ ᠬᠢᠵᠦ᠂ ᠮᠡᠷᠭᠡᠵᠢᠯ ᠤᠨ ᠵᠦᠪᠯᠡᠯᠬᠡ ᠬᠠᠨᠭ᠍ᠭᠠᠨ᠎ᠠ᠃         ᠤᠯᠤᠰ᠂ ᠮᠤᠵᠢ ᠶᠢᠨ ᠱᠠᠳᠤᠨ ᠤ ᠡᠪᠡᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠡᠬᠦᠰᠬᠦ᠂ ᠲᠡᠯᠬᠡᠷᠡᠬᠦ ᠵᠢᠴᠢ ᠲᠡᠬᠦᠨ ᠤ ᠲᠠᠷᠬᠠᠯᠲᠠ ᠶᠢ ᠬᠢᠨᠠᠨ ᠬᠡᠮᠵᠢᠵᠤ᠂ ᠬᠦᠨᠳᠦ ᠶᠡᠭᠡ ᠬᠠᠯᠳᠠᠪᠤᠷᠢᠳᠤ ᠡᠪᠡᠳᠴᠢᠨ ᠤ ᠲᠡᠯᠭᠡᠷᠡᠬᠦ ᠬᠠᠨᠳᠤᠰᠢ ᠶᠢ ᠤᠷᠢᠳᠴᠢᠯᠠᠨ ᠵᠢᠱᠢᠵᠦ᠂ ᠰᠡᠷᠬᠡᠶᠢᠯᠡᠨ ᠬᠢᠵᠠᠭᠠᠷᠯᠠᠬᠤ ᠠᠷᠭ᠎ᠠ ᠪᠤᠳᠤᠯᠭ᠎ᠠ ᠶᠢ ᠲᠤᠷᠠᠳᠴᠤ᠂ ᠲᠦᠷᠭᠡᠨ ᠡᠬᠦᠰᠦᠭᠰᠡᠨ ᠬᠢᠵᠢᠭ ᠤᠨ ᠪᠠᠶᠢᠳᠠᠯ ᠢ ᠪᠠᠶᠢᠴᠠᠭᠠᠨ ᠰᠢᠢᠳᠪᠤᠷᠢᠯᠡᠬᠦ ᠠᠵᠢᠯ ᠳᠤ ᠤᠷᠤᠯᠴᠠᠨ ᠲᠡᠬᠦᠨ ᠢ ᠵᠢᠯᠤᠭᠤᠳᠴᠤ᠂ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠬᠦ ᠰᠤᠳᠤᠯᠤᠯ ᠤᠨ ᠬᠢᠨᠠᠨ ᠲᠤᠭᠳᠠᠭᠠᠯᠳᠠ ᠬᠢᠵᠦ᠂ ᠪᠠᠶᠢᠴᠠᠭᠠᠨ ᠬᠡᠮᠵᠢᠬᠦ ᠶᠠᠰᠤ ᠴᠢᠨᠠᠷ ᠤᠨ ᠬᠢᠵᠠᠭᠠᠷᠯᠠᠬᠤ ᠰᠢᠰᠲ᠋ᠧᠮ ᠢ ᠪᠠᠶᠢᠭᠤᠯᠵᠤ᠂ ᠬᠡᠷᠡᠭᠯᠡᠬᠡᠨ ᠤ ᠴᠢᠨᠠᠷᠳᠠᠢ ᠰᠤᠳᠤᠯᠤᠯ ᠪᠠ ᠡᠷᠡᠬᠦᠯ ᠬᠠᠮᠠᠭᠠᠯᠠᠯ ᠤᠨ ᠦᠨᠡᠯᠡᠯᠳᠡ ᠶᠢ ᠬᠢᠨ᠎ᠡ᠃         ᠲᠤᠭᠤᠷᠢᠭ ᠪᠠᠶᠢᠭᠤᠯᠤᠭᠰᠠᠨ ᠬᠤᠳᠠ ᠪᠠ ᠰᠢᠶᠠᠨ ᠤ ᠱᠠᠳᠣᠨ ᠤ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠦᠯᠦᠪᠵᠢᠬᠦᠯᠬᠡ᠂ ᠲᠦᠰᠦᠯ ᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠵᠤ᠂ ᠡᠪᠡᠳᠴᠢᠨ ᠲᠠᠮᠵᠢᠭᠤᠯᠳᠠᠭ ᠠᠮᠢᠳᠤ ᠪᠤᠳᠠᠰ ᠤᠨ ᠬᠤᠤᠷ ᠬᠦᠨᠦᠬᠡᠯ ᠢ ᠡᠭᠡᠯᠢᠯᠡᠬᠦ᠂ ᠠᠷᠢᠭᠤᠳᠬᠠᠬᠤ᠂ ᠬᠢᠵᠠᠭᠠᠷᠯᠠᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠬᠡ ᠶᠢ ᠲᠦᠬᠡᠮᠡᠯᠵᠢᠬᠦᠯᠵᠦ᠂ ᠲᠤᠰ ᠭᠠᠵᠠᠷ ᠤᠷᠤᠨ ᠤ ᠪᠠᠨ ᠬᠢᠵᠢᠭ ᠤᠨ ᠪᠠᠶᠢᠳᠠᠯ ᠪᠠ ᠭᠡᠨᠡᠤᠡᠳᠡ ᠡᠭᠦᠰᠦᠭᠰᠡᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠬᠡᠷᠡᠭ ᠢ ᠬᠢᠨᠠᠨ ᠬᠡᠮᠵᠢᠬᠦ᠂ ᠮᠡᠳᠡᠬᠦᠯᠬᠦ ᠠᠵᠢᠯ ᠢ ᠬᠠᠷᠢᠭᠤᠴᠠᠵᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠪᠠ ᠦᠷᠬᠦᠯᠵᠢ ᠲᠤᠬᠢᠶᠠᠯᠳᠤᠬᠤ ᠡᠪᠡᠳᠴᠢᠨ ᠡᠬᠦᠰᠭᠡᠬᠦ ᠮᠢᠺᠷᠤᠪ ᠢ ᠪᠠᠶᠢᠴᠠᠭᠠᠨ ᠬᠡᠮᠵᠢᠬᠦ ᠠᠵᠢᠯ ᠢ ᠬᠢᠨ᠎ᠡ᠃         ᠠᠷᠪᠠ ᠶᠢᠰᠦᠳᠦᠭᠡᠷ ᠵᠦᠢᠯ   ᠤᠯᠤᠰ ᠠᠴᠠ ᠬᠠᠯᠳᠠᠪᠤᠷᠢᠳᠤ ᠡᠪᠡᠳᠴᠢᠨ ᠢ ᠤᠷᠢᠳᠴᠢᠯᠠᠨ ᠰᠡᠷᠡᠮᠵᠢᠯᠡᠬᠦᠯᠬᠦᠲ᠋ᠦ᠋ᠷᠢᠮ ᠢ ᠪᠠᠶᠢᠭᠤᠯᠤᠨ᠎ᠠ᠃         ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠬᠠᠯᠳᠠᠪᠤᠷᠢᠳᠤ ᠡᠪᠡᠳᠴᠢᠨ ᠡᠬᠦᠰᠬᠦ᠂ ᠲᠡᠯᠭᠡᠷᠡᠬᠦ ᠬᠠᠨᠳᠤᠰᠢ ᠶᠢᠨ ᠲᠤᠬᠠᠢ ᠲᠦᠰᠦᠭᠡᠯᠡᠯ ᠢ ᠦᠨᠳᠦᠰᠦᠯᠡᠨ ᠬᠠᠯᠳᠠᠪᠤᠷᠢᠳᠤ ᠡᠪᠡᠳᠴᠢᠨ ᠤ ᠤᠷᠢᠳᠴᠢᠯᠠᠭᠰᠠᠨ ᠰᠡᠷᠡᠮᠵᠢ ᠶᠢ ᠴᠠᠭ ᠲᠤᠬᠠᠢ ᠳᠤᠨᠢ ᠭᠠᠷᠭᠠᠵᠤ᠂ ᠪᠠᠶᠢᠳᠠᠯ ᠢ ᠦᠨᠳᠦᠰᠦᠯᠡᠨ ᠨᠠᠶᠢᠳᠠᠯᠠᠨ᠎ᠠ᠃         ᠬᠤᠷᠢᠳᠤᠭᠠᠷ ᠵᠦᠢᠯ   ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠪᠡᠯᠡᠳᠬᠡᠯ ᠲᠦᠰᠦᠯ ᠢ ᠲᠤᠭᠳᠠᠭᠠᠵᠤ ᠂ ᠲᠡᠭᠡᠷ᠎ᠡ ᠨᠢᠬᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠤ ᠲᠠᠩᠰᠠᠯᠠᠭᠤᠯᠬᠤ ᠬᠡᠷᠡᠭᠳᠡᠢ᠃         ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠪᠡᠯᠡᠳᠬᠡᠯ ᠲᠦᠰᠦᠯ ᠳᠤ ᠲᠤᠤᠷᠠᠬᠢ ᠭᠤᠤᠯ ᠠᠭᠤᠯᠭ᠎ᠠ ᠶᠢ ᠪᠠᠭᠳᠠᠭᠠᠭᠰᠠᠨ ᠪᠠᠶᠢᠬᠤ ᠬᠡᠷᠡᠭᠳᠡᠢ᠄         ︵ᠨᠢᠬᠡ︶ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ ᠤᠨ ᠪᠦᠷᠢᠯᠳᠦᠯ ᠪᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠲᠤᠰᠢᠶᠠᠯ ᠬᠠᠷᠢᠭᠤᠴᠠᠯᠭ᠎ᠠ︔         ︵ᠬᠤᠶᠠᠷ︶ ᠬᠠᠯᠳᠠᠪᠤᠷᠢᠳᠤ ᠡᠪᠡᠳᠴᠢᠨ ᠤ ᠲᠤᠬᠠᠢ ᠬᠢᠨᠠᠵᠤ ᠬᠡᠮᠵᠢᠬᠦ᠂ ᠮᠡᠳᠡᠭᠡ ᠵᠠᠩᠬᠢ ᠴᠤᠭᠯᠠᠭᠤᠯᠬᠤ᠂ ᠵᠠᠳᠠᠯᠤᠨ ᠰᠢᠨᠵᠢᠯᠡᠬᠦ᠂ ᠮᠡᠳᠡᠬᠦᠯᠬᠦ᠂ ᠮᠡᠳᠡᠭᠳᠡᠬᠦ ᠲᠦᠷᠢᠮ︔         ︵ᠭᠤᠷᠪᠠ︶ ᠬᠠᠯᠳᠠᠪᠤᠷᠢᠳᠤ ᠡᠪᠡᠳᠴᠢᠨ ᠤ ᠬᠢᠵᠢᠭ ᠡᠬᠦᠰᠬᠦ ᠦᠶ᠎ᠡ ᠳᠠᠬᠢ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠶᠢᠨ ᠡᠬᠦᠷᠬᠡ ᠪᠠ ᠲᠤᠰᠢᠶᠠᠯ ᠬᠠᠷᠢᠭᠤᠴᠠᠯᠭ᠎ᠠ︔         ︵ᠲᠦᠷᠪᠡ︶ ᠬᠠᠯᠳᠠᠪᠤᠷᠢᠳᠤ ᠡᠪᠡᠳᠴᠢᠨ ᠲᠦᠷᠭᠡᠨ ᠡᠭᠦᠰᠦᠭᠰᠡᠨ᠂ ᠲᠡᠯᠭᠡᠷᠡᠭᠰᠡᠨ ᠪᠠᠶᠢᠳᠠᠯ ᠤᠨ ᠲᠤᠬᠠᠢ ᠲᠡᠰ ᠬᠤᠪᠢᠶᠠᠬᠤ ᠵᠢᠴᠢ ᠪᠠᠴᠢᠮ ᠪᠠᠶᠢᠳᠠᠯ ᠢ ᠠᠷᠭᠠᠴᠠᠬᠤ ᠵᠤᠬᠢᠴᠠᠩᠭᠤᠢ ᠠᠵᠢᠯ ᠤᠨ ᠲᠦᠰᠦᠯ︔         ︵ᠲᠠᠪᠤ︶ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠢᠭᠳᠦ ᠴᠡᠭ᠂ ᠬᠢᠵᠢᠭᠳᠦ ᠤᠷᠤᠨ ᠤ ᠲᠤᠬᠠᠢ ᠶᠢᠨ ᠲᠠᠯᠠᠪᠤᠷ ᠢ ᠬᠢᠵᠠᠭᠠᠷᠯᠠᠬᠤ ᠠᠷᠭ᠎ᠠ᠂ ᠪᠠᠴᠢᠮ ᠪᠠᠶᠢᠳᠠᠯ ᠢ ᠠᠷᠭᠠᠴᠠᠬᠤ ᠲᠦᠬᠦᠭᠡᠷᠦᠮᠵᠢ᠂ ᠲᠤᠨᠤᠬᠯᠠᠯ᠂ ᠠᠪᠤᠷᠠᠨ ᠡᠮᠨᠡᠬᠦ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠵᠢᠴᠢ ᠪᠤᠰᠤᠳ ᠡᠳ᠋ ᠪᠠᠷᠠᠭ᠎ᠠ ᠪᠠ ᠮᠡᠷᠭᠡᠵᠢᠯ ᠢ ᠨᠦᠭᠡᠴᠡᠯᠡᠬᠦ᠂ ᠰᠢᠯᠵᠢᠬᠦᠯᠦᠨ ᠬᠡᠷᠡᠭᠯᠡᠬᠦ᠃         ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠪᠠ ᠡᠪᠡᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠪᠠᠶᠢᠭᠤᠯᠤᠮᠵᠢ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠭᠠᠷᠭᠠᠭᠰᠠᠨ ᠬᠠᠯᠳᠠᠪᠤᠷᠢᠳᠤ ᠡᠪᠡᠳᠴᠢᠨ ᠤ ᠤᠷᠢᠳᠴᠢᠯᠠᠭᠰᠠᠨ ᠰᠡᠷᠡᠮᠵᠢ ᠶᠢ ᠤᠯᠤᠭᠰᠠᠨ ᠤ ᠲᠠᠷᠠᠭ᠎ᠠ᠂ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠪᠡᠯᠡᠳᠬᠡᠯ ᠲᠦᠰᠦᠯ ᠤᠨ ᠶᠤᠰᠤᠭᠠᠷ ᠰᠡᠷᠬᠡᠶᠢᠯᠡᠬᠦ᠂ ᠬᠢᠵᠠᠭᠠᠷᠯᠠᠬᠤ ᠵᠤᠬᠢᠴᠠᠩᠭᠤᠢ ᠠᠷᠭ᠎ᠠ ᠬᠡᠮᠵᠢᠶ᠎ᠠ ᠠᠪᠬᠤ ᠬᠡᠷᠡᠭᠳᠡᠢ᠃         ᠬᠤᠷᠢᠨ ᠨᠢᠭᠡᠳᠦᠭᠡᠷ ᠵᠦᠢᠯ   ᠡᠮᠴᠢᠯᠡᠭᠡᠨ ᠤ ᠪᠠᠶᠢᠭᠤᠯᠤᠮᠵᠢ ᠡᠷᠭᠡᠪᠰᠢ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠤᠭᠳᠠᠭᠠᠭᠰᠠᠨ ᠬᠠᠮᠢᠶᠠᠷᠤᠯᠳᠠ ᠶᠢᠨ ᠲᠦᠷᠢᠮ᠂ ᠠᠵᠢᠯᠯᠠᠭᠠᠨ ᠤ ᠵᠢᠷᠤᠮᠵᠢᠯ ᠢ ᠴᠢᠩᠭ᠎ᠠ ᠬᠡᠷᠡᠭᠵᠢᠬᠦᠯᠵᠦ᠂ ᠬᠠᠯᠳᠠᠪᠤᠷᠢᠳᠤ ᠡᠪᠡᠳᠴᠢᠨ ᠤ ᠡᠮᠴᠢᠯᠡᠭᠡ ᠠᠴᠠ ᠪᠤᠯᠤᠭᠰᠠᠨ ᠬᠠᠯᠳᠠᠪᠤᠷᠢᠯᠠᠯ ᠪᠠ ᠡᠮᠨᠡᠯᠬᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠬᠦ ᠬᠡᠷᠡᠭᠳᠡᠢ᠃         ᠡᠮᠴᠢᠯᠡᠬᠡᠨ ᠤ ᠪᠠᠶᠢᠭᠤᠯᠤᠮᠵᠢ ᠲᠤᠰᠬᠠᠢ ᠰᠠᠯᠠᠭ᠎ᠠ ᠮᠦᠴᠢᠷ ᠪᠤᠶᠤ ᠠᠵᠢᠯᠳᠠᠨ ᠢ ᠲᠤᠭᠳᠠᠭᠠᠵᠤ᠂ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠬᠦᠯᠬᠦ᠂ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠵᠢᠴᠢ ᠬᠠᠷᠢᠭᠤᠴᠠᠯᠭᠠᠳᠤ ᠤᠷᠤᠨ ᠪᠦᠰᠡ ᠶᠢᠨ ᠲᠤᠳᠤᠷᠠᠬᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ ᠠᠵᠢᠯ ᠢ ᠡᠭᠦᠷᠭᠡᠯᠡᠭᠦᠯᠬᠦ ᠬᠡᠷᠡᠭᠳᠡᠢ︔ ᠡᠮᠴᠢᠯᠡᠬᠦ ᠠᠵᠢᠯᠯᠠᠭᠠᠨ ᠤ ᠲᠤᠮᠳᠠᠬᠢ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠲᠠᠢ ᠬᠤᠯᠪᠤᠭᠳᠠᠬᠤ ᠠᠶᠤᠯᠳᠠᠢ ᠬᠦᠴᠦᠨ ᠵᠦᠢᠯ ᠢ ᠬᠢᠨᠠᠨ ᠬᠡᠮᠵᠢᠬᠦ᠂ ᠠᠶᠤᠯᠬᠦᠢ ᠶᠢᠨ ᠰᠡᠷᠬᠡᠶᠢᠯᠡᠨ ᠬᠠᠮᠠᠭᠠᠯᠠᠯᠳᠠ ᠬᠢᠬᠦ᠂ ᠠᠷᠢᠭᠤᠳᠬᠠᠬᠤ᠂ ᠲᠤᠰᠠᠭᠠᠷᠯᠠᠬᠤ ᠪᠠ ᠡᠮᠴᠢᠯᠡᠭᠡᠨ ᠤ ᠬᠠᠶᠠᠭᠳᠠᠮᠠᠯ ᠪᠤᠳᠠᠰ ᠢ ᠰᠢᠢᠳᠪᠤᠷᠢᠯᠡᠬᠦ ᠠᠵᠢᠯ ᠢ ᠡᠭᠦᠷᠭᠡᠯᠡᠭᠦᠯᠬᠦ ᠬᠡᠷᠡᠭᠳᠡᠢ᠃ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠲᠤᠰᠬᠠᠢ ᠠᠵᠢᠯᠳᠠᠨ ᠢ ᠵᠢᠭᠠᠨ ᠲᠤᠭᠳᠠᠭᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠲᠤᠳᠤᠭᠠᠳᠤ ᠶᠢᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ ᠠᠵᠢᠯ ᠤᠨ ᠵᠢᠯᠤᠭᠤᠳᠤᠯᠭ᠎ᠠ᠂ ᠬᠢᠨᠡᠨ ᠰᠢᠯᠭᠠᠯᠳᠠ ᠶᠢ ᠬᠠᠷᠢᠭᠤᠴᠠᠭᠤᠯᠵᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠶᠢ ᠦᠷᠨᠢᠬᠦᠯᠬᠦ ᠬᠡᠷᠡᠭᠳᠡᠢ᠃         ᠬᠤᠷᠢᠨ ᠬᠤᠶᠠᠳᠤᠭᠠᠷ ᠵᠦᠢᠯ   ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠶᠢᠨ ᠲᠤᠷᠰᠢᠯᠳᠠ ᠶᠢᠨ ᠲᠠᠰᠤᠭ ᠪᠠ ᠡᠪᠡᠳᠴᠢᠨ ᠡᠬᠦᠰᠬᠡᠬᠦ ᠮᠢᠺᠷᠤᠪ ᠤᠨ ᠲᠤᠷᠰᠢᠯᠳᠠ ᠬᠢᠬᠦ ᠨᠢᠭᠡᠴᠢ ᠤᠯᠤᠰ ᠠᠴᠠ ᠲᠤᠭᠳᠠᠭᠠᠭᠰᠠᠨ ᠨᠦᠬᠦᠴᠡᠯ ᠪᠠ ᠮᠡᠷᠭᠡᠵᠢᠯ ᠤᠨ ᠪᠠᠷᠢᠮᠵᠢᠶ᠎ᠠ ᠳᠤ ᠨᠠᠶᠢᠴᠡᠭᠰᠡᠨ ᠪᠠᠶᠢᠵᠤ᠂ ᠬᠢᠨᠠᠯᠳᠠ ᠬᠠᠮᠢᠶᠠᠷᠤᠯᠳᠠ ᠶᠢᠨ ᠴᠢᠩᠭ᠎ᠠ ᠲᠦᠷᠢᠮ ᠪᠠᠶᠢᠭᠤᠯᠵᠤ᠂ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠶᠢᠨ ᠦᠯᠢᠭᠡᠷ ᠡᠳ᠋ ᠢ ᠲᠤᠭᠳᠠᠭᠠᠬᠰᠠᠨ ᠠᠷᠭ᠎ᠠ ᠬᠡᠮᠵᠢᠶ᠎ᠠ ᠶᠤᠰᠤᠭᠠᠷ ᠴᠢᠩᠭ᠎ᠠ ᠬᠢᠨᠠᠨ ᠬᠠᠮᠢᠶᠠᠷᠴᠤ᠂ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠶᠢᠨ ᠲᠤᠷᠰᠢᠯᠳᠠ ᠶᠢᠨ ᠲᠠᠰᠤᠭ ᠤᠨ ᠬᠠᠯᠳᠠᠪᠤᠷᠢᠯᠠᠯ ᠪᠠ ᠡᠪᠡᠳᠴᠢᠨ ᠡᠬᠦᠰᠬᠡᠬᠦ ᠮᠢᠺᠷᠤᠪ ᠤᠨ ᠲᠠᠷᠬᠠᠯᠲᠠ ᠶᠢ ᠴᠢᠩᠭ᠎ᠠ ᠰᠡᠷᠭᠡᠶᠢᠯᠡᠬᠦ ᠬᠡᠷᠡᠭᠳᠡᠢ᠃         ᠬᠤᠷᠢᠨ ᠭᠤᠷᠪᠠᠳᠤᠭᠠᠷ ᠵᠦᠢᠯ   ᠴᠢᠰᠤ ᠠᠪᠬᠤ ᠴᠢᠰᠤ ᠬᠠᠨᠭ᠍ᠭᠠᠬᠤ ᠪᠠᠶᠢᠭᠤᠯᠤᠮᠵᠢ᠂ ᠠᠮᠢᠳᠤ ᠪᠤᠳᠠᠰ ᠤᠨ ᠪᠦᠲᠦᠭᠡᠭᠳᠡᠬᠦᠨ ᠤᠢᠢᠯᠡᠳᠪᠤᠷᠢᠯᠡᠬᠦ ᠨᠢᠬᠡᠴᠢ ᠡᠷᠭᠡᠪᠰᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠴᠢᠩᠭ᠎ᠠ ᠬᠡᠷᠡᠭᠵᠢᠬᠦᠯᠵᠦ᠂ ᠴᠢᠰᠤ᠂ ᠴᠢᠰᠤᠨ ᠤ ᠪᠦᠳᠦᠭᠡᠭᠳᠡᠬᠦᠨ ᠤ ᠶᠠᠰᠤ ᠴᠢᠨᠠᠷ ᠢ ᠪᠠᠳᠤᠯᠠᠬᠤ ᠬᠡᠷᠡᠭᠳᠡᠢ᠃ ᠬᠠᠤᠯᠢ ᠪᠤᠰᠤ ᠪᠠᠷ ᠴᠢᠰᠤ ᠠᠪᠴᠤ ᠴᠤᠭᠯᠠᠭᠤᠯᠬᠤ ᠪᠤᠶᠤ ᠪᠤᠰᠤᠳ ᠢ ᠵᠤᠬᠢᠶᠠᠨ ᠪᠠᠶᠢᠭᠤᠯᠵᠤ ᠴᠢᠰᠤ ᠬᠤᠳᠠᠯᠳᠤᠭᠤᠯᠬᠤ ᠶᠢ ᠴᠠᠭᠠᠵᠠᠯᠠᠨ᠎ᠠ᠃         ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠴᠢᠰᠤ ᠪᠠ ᠴᠢᠰᠤᠨ ᠤ ᠪᠦᠳᠦᠭᠡᠭᠳᠡᠬᠦᠨ ᠢ ᠬᠡᠷᠡᠭᠯᠡᠬᠦ ᠳᠡᠭᠡᠨ ᠡᠷᠬᠡᠪᠰᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠵᠢᠷᠤᠮᠯᠠᠵᠤ᠂ ᠴᠢᠰᠤ ᠶᠡᠬᠦᠯᠡᠭᠰᠡᠨ᠂ ᠴᠢᠰᠤᠨ ᠤ ᠪᠦᠳᠦᠭᠡᠭᠳᠡᠬᠦᠨ ᠢ ᠬᠡᠷᠡᠭᠯᠡᠭᠰᠡᠨ ᠠᠴᠠ ᠪᠤᠯᠵᠤ ᠴᠢᠰᠤ ᠪᠠᠷ ᠲᠠᠮᠵᠢᠨ ᠡᠪᠡᠳᠴᠢᠨ ᠡᠮᠬᠡᠭ ᠲᠠᠷᠬᠠᠬᠤ ᠶᠠᠪᠤᠳᠠᠯ ᠡᠬᠦᠰᠬᠦ ᠶᠢ ᠰᠡᠷᠭᠡᠶᠢᠯᠡᠬᠦ ᠬᠡᠷᠡᠭᠳᠡᠢ᠃         ᠬᠤᠷᠢᠨ ᠲᠦᠷᠪᠡᠳᠦᠭᠡᠷ ᠵᠦᠢᠯ   ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠠ ᠠᠪᠴᠤ᠂ ᠠᠶᠢᠽ ᠡᠪᠡᠳᠴᠢᠨ ᠤ ᠲᠠᠷᠬᠠᠯᠲᠠ ᠶᠢ ᠰᠡᠷᠭᠡᠶᠢᠯᠡᠬᠦ ᠭᠡᠷᠡᠭᠳᠡᠢ᠃ ᠪᠤᠳᠠᠳᠠᠢ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ᠃         ᠬᠤᠷᠢᠨ ᠲᠠᠪᠤᠳᠤᠭᠠᠷ ᠵᠦᠢᠯ   ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠲᠠᠷᠢᠶᠠᠯᠠᠩ᠂ ᠤᠢ ᠰᠢᠭᠤᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠵᠢᠴᠢ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠬᠦᠮᠦᠨ ᠮᠠᠯ ᠳᠤ ᠪᠦᠷ ᠲᠤᠰᠳᠠᠭ ᠬᠠᠯᠳᠠᠪᠤᠷᠢᠳᠤ ᠡᠪᠡᠳᠴᠢᠨ ᠲᠠᠢ ᠬᠠᠮᠢᠶ᠎ᠠ ᠲᠠᠢ ᠠᠮᠢᠳᠠᠨ ᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃         ᠬᠦᠮᠦᠨ ᠮᠠᠯ ᠳᠤ ᠪᠦᠷ ᠲᠤᠰᠳᠠᠭ ᠬᠠᠯᠳᠠᠪᠤᠷᠢᠳᠤ ᠡᠪᠡᠳᠴᠢᠨ ᠲᠠᠢ ᠬᠠᠮᠢᠶ᠎ᠠ ᠲᠠᠢ ᠬᠡᠭᠡᠷ᠎ᠡ ᠶᠢᠨ ᠠᠮᠢᠳᠠᠨ᠂ ᠭᠡᠷ ᠤᠨ ᠲᠠᠵᠢᠭᠡᠪᠦᠷᠢ ᠭᠡᠷ ᠤᠨ ᠵᠢᠬᠦᠷᠳᠡᠨ ᠢ ᠬᠢᠵᠢᠭ ᠤᠨ ᠪᠠᠶᠢᠴᠠᠭᠠᠯᠳᠠ ᠬᠢᠬᠡᠳ ᠬᠢᠷᠢ ᠲᠡᠩᠴᠡᠪᠡᠯ ᠰᠠᠶ᠋ᠢ ᠬᠤᠳᠠᠯᠳᠤᠵᠤ᠂ ᠲᠡᠭᠡᠭᠡᠪᠦᠷᠢᠯᠡᠵᠤ ᠪᠤᠯᠤᠨ᠎ᠠ᠃         ᠬᠤᠷᠢᠨ ᠵᠢᠷᠭᠤᠳᠤᠭᠠᠷ ᠵᠦᠢᠯ   ᠤᠯᠤᠰ ᠠᠴᠠ ᠬᠠᠯᠳᠠᠪᠤᠷᠢᠳᠤ ᠡᠪᠡᠳᠴᠢᠨ ᠤ ᠪᠠᠺᠲ᠋ᠧᠷᠢ ᠶᠢᠨ ᠦᠷ᠎ᠡ᠂ ᠬᠤᠤᠷ ᠤᠨ ᠦᠷ᠎ᠡ ᠶᠢᠨ ᠬᠦᠮᠦᠷᠬᠡ ᠶᠢ ᠪᠠᠶᠢᠭᠤᠯᠤᠨ᠎ᠠ᠃         ᠬᠠᠯᠳᠠᠪᠤᠷᠢᠳᠤ ᠡᠪᠡᠳᠴᠢᠨ ᠤ ᠪᠠᠺᠲ᠋ᠧᠷᠢ ᠶᠢᠨ ᠦᠷ᠎ᠡ᠂ ᠬᠤᠤᠷ ᠤᠨ ᠦᠷ᠎ᠡ ᠪᠠ ᠬᠠᠯᠳᠠᠪᠤᠷᠢᠳᠤ ᠡᠪᠡᠳᠴᠢᠨ ᠤ ᠪᠠᠶᠢᠴᠠᠭᠠᠨ ᠬᠡᠮᠵᠢᠬᠦ ᠵᠠᠭᠪᠤᠷ ᠢ ᠠᠪᠴᠤ ᠴᠤᠭᠯᠠᠭᠤᠯᠬᠤ᠂ ᠬᠠᠳᠠᠭᠠᠯᠠᠬᠤ᠂ ᠠᠪᠴᠤ ᠶᠠᠪᠤᠬᠤ᠂ ᠲᠡᠭᠡᠭᠡᠪᠦᠷᠢᠯᠡᠬᠦ ᠪᠠ ᠬᠡᠷᠡᠭᠯᠡᠬᠦ ᠳᠤ ᠲᠦᠷᠦᠯ ᠬᠤᠪᠢᠶᠠᠨ ᠬᠠᠮᠢᠶᠠᠷᠬᠤ ᠲᠦᠷᠢᠮ ᠢ ᠶᠠᠪᠤᠭᠤᠯᠵᠤ᠂ ᠴᠢᠩᠭ᠎ᠠ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠲᠡᠬᠦᠯᠳᠡᠷᠵᠢᠬᠦᠯᠦᠨ᠎ᠡ᠃         ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠢ ᠲᠠᠷᠬᠠᠭᠠᠵᠤ ᠮᠡᠳᠡᠬᠦ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠭᠳᠠᠭᠠᠭᠰᠠᠨ ᠪᠠᠺᠲ᠋ᠧᠷᠢ ᠶᠢᠨ ᠦᠷ᠎ᠡ᠂ ᠬᠤᠤᠷ ᠤᠨ ᠦᠷ᠎ᠡ ᠪᠠ ᠬᠠᠯᠳᠠᠪᠤᠷᠢᠳᠤ ᠡᠪᠡᠳᠴᠢᠨ ᠢ ᠪᠠᠶᠢᠴᠠᠭᠠᠨ ᠬᠡᠮᠵᠢᠬᠦ ᠵᠠᠭᠪᠤᠷ ᠢ ᠦᠨᠡᠨ ᠬᠦ ᠠᠪᠴᠤ ᠴᠤᠭᠯᠠᠭᠤᠯᠬᠤ᠂ ᠬᠠᠳᠠᠭᠠᠯᠠᠬᠤ᠂ ᠠᠪᠴᠤ ᠶᠠᠪᠤᠬᠤ᠂ ᠲᠡᠭᠡᠭᠡᠪᠦᠷᠢᠯᠡᠬᠦ ᠪᠠ ᠬᠡᠷᠡᠭᠯᠡᠬᠦ ᠴᠢᠬᠤᠯᠠᠲᠠᠢ ᠪᠠᠶᠢᠪᠠᠯ᠂ ᠡᠷᠭᠡᠪᠰᠢ ᠮᠤᠵᠢ ᠶᠢᠨ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠬᠦᠬᠡᠷᠡᠭᠳᠡᠢ᠃ ᠪᠤᠳᠠᠳᠠᠢ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ᠃         ᠬᠤᠷᠢᠨ ᠲᠤᠯᠤᠳᠤᠭᠠᠷ ᠵᠦᠢᠯ   ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠪᠤᠬᠢᠷ ᠤᠰᠤ᠂ ᠪᠤᠬᠢᠷ ᠶᠠᠭᠤᠮ᠎ᠠ᠂ ᠲᠠᠯᠠᠪᠤᠷ ᠪᠠ ᠡᠳ᠋ ᠪᠤᠳᠠᠰ ᠢ ᠬᠤᠯᠪᠤᠭᠳᠠᠯ ᠪᠦᠬᠦᠢ ᠨᠢᠬᠡᠴᠢ ᠪᠠ ᠬᠤᠪᠢ ᠬᠦᠮᠦᠨ ᠡᠷᠭᠡᠪᠰᠢ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠵᠢᠯᠤᠭᠤᠳᠤᠯᠭ᠎ᠠ ᠲᠤᠤᠷ᠎ᠠ ᠪᠤᠶᠤ ᠲᠡᠳᠡᠨ ᠤ ᠲᠤᠷᠠᠳᠤᠨ ᠭᠠᠷᠭᠠᠭᠰᠠᠨ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠶᠤᠰᠤᠭᠠᠷ ᠴᠢᠩᠭ᠎ᠠ ᠠᠷᠢᠭᠤᠳᠬᠠᠨ ᠰᠢᠢᠳᠪᠤᠷᠢᠯᠡᠬᠦ ᠬᠡᠷᠡᠭᠳᠡᠢ︔ ᠠᠷᠢᠭᠤᠳᠬᠠᠨ ᠰᠢᠢᠳᠪᠤᠷᠢᠯᠡᠬᠦ ᠶᠢ ᠲᠡᠪᠴᠢᠭᠰᠡᠨ ᠪᠠᠶᠢᠪᠠᠯ᠂ ᠲᠤᠰ ᠭᠠᠵᠠᠷ ᠤᠨ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠠᠴᠠ ᠠᠯᠪᠠᠳᠠᠵᠤ ᠪᠠᠶᠢᠭᠠᠳ ᠠᠷᠢᠭᠤᠳᠬᠠᠨ ᠰᠢᠢᠳᠪᠤᠷᠢᠯᠡᠬᠦᠯᠦᠨ᠎ᠡ᠃         ᠬᠤᠷᠢᠨ ᠨᠠᠢᠮᠠᠳᠤᠭᠠᠷ ᠵᠦᠢᠯ   ᠤᠯᠤᠰ ᠠᠴᠠ ᠮᠠᠭᠠᠳᠯᠠᠨ ᠲᠣᠭᠲᠠᠭᠠᠬᠰᠠᠨ ᠪᠠᠶᠢᠭᠠᠯᠢ ᠶᠢᠨ ᠬᠢᠵᠢᠭ ᠤᠨ ᠰᠤᠷᠪᠤᠯᠵᠢᠳᠤ ᠭᠠᠵᠠᠷ ᠲᠤ ᠤᠰᠤᠨ ᠠᠰᠢᠭᠯᠠᠯᠳᠠ᠂ ᠵᠠᠮ ᠬᠠᠷᠢᠯᠴᠠᠭ᠎ᠠ᠂ ᠵᠢᠭᠤᠯᠴᠢᠯᠠᠯ᠂ ᠡᠨᠧᠷᠬᠢ ᠶᠢᠨ ᠰᠤᠷᠪᠤᠯᠵᠢ ᠵᠡᠷᠬᠡ ᠶᠢᠨ ᠲᠤᠮᠤ ᠬᠡᠯᠪᠡᠷᠢ ᠶᠢᠨ ᠪᠦᠳᠦᠭᠡᠨ ᠪᠠᠶᠢᠭᠤᠯᠬᠤ ᠵᠦᠢᠯᠡᠰ ᠢ ᠪᠠᠶᠢᠭᠤᠯᠬᠤ ᠪᠠᠷ ᠲᠦᠯᠦᠪᠯᠡᠭᠰᠡᠨ ᠪᠠᠶᠢᠪᠠᠯ᠂ ᠤᠷᠢᠳᠠᠪᠠᠷ ᠮᠤᠵᠢ ᠶᠢᠨ ᠱᠠᠳᠤᠨ ᠠᠴᠠ ᠲᠡᠭᠡᠭᠰᠢᠬᠢ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠎ ᠠᠴᠠ ᠪᠠᠷᠢᠯᠭ᠎ᠠ ᠪᠠᠷᠢᠬᠤ ᠤᠷᠴᠢᠨ ᠲᠤᠭᠤᠷᠢᠨ ᠳᠤ ᠡᠷᠡᠬᠦᠯ ᠬᠠᠮᠠᠭᠠᠯᠠᠯ ᠤᠨ ᠪᠠᠶᠢᠴᠠᠭᠠᠯᠳᠠ ᠬᠢᠬᠦ ᠬᠡᠷᠡᠭᠳᠡᠢ᠃ ᠪᠦᠳᠦᠭᠡᠨ ᠪᠠᠶᠢᠭᠤᠯᠬᠤ ᠨᠢᠭᠡᠴᠢ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠰᠠᠨᠠᠯ ᠢ ᠦᠨᠳᠦᠰᠦᠯᠡᠨ᠂ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠴᠢᠬᠤᠯᠠ ᠪᠦᠬᠦᠢ ᠠᠷᠭ᠎ᠠ ᠬᠡᠮᠵᠢᠶ᠎ᠠ ᠠᠪᠬᠤ ᠬᠡᠷᠡᠭᠳᠡᠢ᠃ ᠪᠠᠷᠢᠯᠭ᠎ᠠ ᠪᠠᠷᠢᠬᠤ ᠬᠤᠭᠤᠴᠠᠭᠠᠨ ᠳᠤ ᠪᠦᠳᠦᠭᠡᠨ ᠪᠠᠶᠢᠭᠤᠯᠬᠤ ᠨᠢᠬᠡᠴᠢ ᠲᠤᠰᠬᠠᠢ ᠬᠦᠮᠦᠨ ᠭᠠᠷᠭᠠᠨ ᠪᠠᠷᠢᠯᠭ᠎ᠠ ᠶᠢᠨ ᠭᠠᠵᠠᠷ ᠤᠨ ᠡᠷᠡᠬᠦᠯ ᠬᠠᠮᠠᠭᠠᠯᠠᠯ᠂ ᠬᠢᠵᠢᠭ ᠢ ᠰᠡᠷᠬᠡᠶᠢᠯᠡᠬᠦ ᠠᠵᠢᠯ ᠢ ᠬᠠᠷᠢᠭᠤᠴᠠᠭᠤᠯᠬᠤ ᠬᠡᠷᠡᠭᠳᠡᠢ᠃ ᠪᠠᠷᠢᠯᠭ᠎ᠠ ᠶᠢᠨ ᠠᠵᠢᠯ ᠲᠠᠭᠤᠰᠤᠭᠰᠠᠨ ᠤ ᠲᠠᠷᠠᠭ᠎ᠠ᠂ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠡᠬᠦᠰᠴᠦ ᠮᠡᠳᠡᠬᠦ ᠬᠠᠯᠳᠠᠪᠤᠷᠢᠳᠤ ᠡᠪᠡᠳᠴᠢᠨ ᠤ ᠲᠤᠬᠠᠢ ᠬᠢᠨᠠᠨ ᠬᠡᠮᠵᠢᠯᠲᠡ ᠬᠢᠬᠦ ᠬᠡᠷᠡᠭᠳᠡᠢ᠃         ᠬᠤᠷᠢ ᠶᠢᠰᠦᠳᠦᠭᠡᠷ ᠵᠦᠢᠯ   ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠡᠷᠡᠭᠯᠡᠬᠦ ᠠᠷᠢᠭᠤᠳᠬᠠᠯ ᠤᠨ ᠦᠢᠯᠡᠳᠬᠦᠨ᠂ ᠤᠤᠭᠤᠬᠤ ᠤᠰᠤ ᠬᠠᠨᠭ᠍ᠭᠠᠬᠤ ᠨᠢᠬᠡᠴᠢ ᠶᠢᠨ ᠬᠠᠨᠭ᠍ᠭᠠᠭᠰᠠᠨ ᠤᠤᠭᠤᠬᠤ ᠤᠰᠤ ᠪᠠ ᠤᠤᠭᠤᠬᠤ ᠤᠰᠤᠨ ᠤ ᠠᠷᠢᠭᠤᠨ ᠴᠡᠪᠡᠷ ᠤᠨ ᠠᠶᠤᠯᠬᠦᠢ ᠳᠤ ᠬᠤᠯᠪᠤᠭᠳᠠᠬᠤ ᠦᠢᠯᠡᠳᠬᠦᠨ ᠨᠢ ᠤᠯᠤᠰ ᠤᠨ ᠡᠷᠡᠬᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠬᠦᠯ ᠬᠠᠮᠠᠭᠠᠯᠠᠯ ᠤᠨ ᠵᠢᠷᠤᠮᠵᠢᠯ ᠳᠤ ᠨᠠᠶᠢᠴᠡᠭᠰᠡᠨ ᠪᠠᠶᠢᠬᠤ ᠬᠡᠷᠡᠭᠳᠡᠢ᠃         ᠤᠤᠭᠤᠬᠤ ᠤᠰᠤ ᠬᠠᠨᠭ᠍ᠭᠠᠬᠤ ᠨᠢᠬᠡᠴᠢ ᠦᠢᠯᠡᠳᠪᠤᠷᠢᠯᠡᠯ ᠪᠤᠶᠤ ᠬᠠᠨᠭ᠍ᠭᠠᠯᠭ᠎ᠠ ᠶᠢᠨ ᠠᠵᠢᠯᠯᠠᠭ᠎ᠠ ᠬᠢᠬᠦ ᠳᠡᠭᠡᠨ ᠬᠠᠤᠯᠢ ᠶᠤᠰᠤᠭᠠᠷ ᠡᠷᠡᠬᠦᠯ ᠬᠠᠮᠠᠭᠠᠯᠠᠯ ᠤᠨ ᠵᠦᠪᠰᠢᠶᠡᠷᠡᠯ ᠤᠨ ᠦᠨᠡᠮᠯᠡᠯ ᠤᠯᠬᠤ ᠬᠡᠷᠡᠭᠳᠡᠢ᠃ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠳᠤ ᠭᠡᠷᠡᠭᠯᠡᠬᠦ ᠠᠷᠢᠭᠤᠳᠬᠠᠯ ᠤᠨ ᠦᠢᠯᠡᠳᠬᠦᠨ ᠢ ᠦᠢᠯᠡᠳᠪᠤᠷᠢᠯᠡᠬᠦ ᠨᠢᠭᠡᠴᠢ ᠪᠠ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠡᠷᠡᠭᠯᠡᠬᠦ ᠠᠷᠢᠭᠤᠳᠬᠠᠯ ᠤᠨ ᠦᠢᠯᠡᠳᠬᠦᠨ ᠢ ᠦᠢᠯᠡᠳᠪᠦᠷᠢᠯᠡᠬᠦ ᠳᠤ ᠮᠤᠵᠢ ᠶᠢᠨ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠬᠦᠯᠬᠦ ᠬᠡᠷᠡᠭᠳᠡᠢ᠃ ᠪᠤᠳᠠᠳᠠᠢ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ᠃        ※ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠤᠷᠴᠢᠭᠤᠯᠪᠠ
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号