ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ (1)
ᠨᠡᠶᠢᠲᠡᠯᠡᠭᠰᠡᠨ ᠴᠠᠭ᠄
2020/3/6
       ︵1989 ᠤᠨ ᠤ 2 ᠰᠠᠷ᠎ᠠ ᠶᠢᠨ 21 ᠤ ᠡᠳᠦᠷ ᠲᠤᠯᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠵᠢᠷᠭᠤᠳᠤᠭᠠᠷ ᠬᠤᠷᠠᠯᠳᠤᠭᠠᠨ ᠠᠴᠠ ᠪᠠᠳᠤᠯᠠᠪᠠ 2004 ᠤᠨ ᠤ 8 ᠰᠠᠷ᠎ᠠ ᠶᠢᠨ 28 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ᠵᠠᠰᠠᠪᠤᠷᠢ ᠤᠷᠤᠭᠤᠯᠪᠠ         2013 ᠣᠨ ᠤ 6 ᠰᠠᠷ᠎ᠠ ᠶᠢᠨ 29 ᠤ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ﹀ ᠵᠡᠷᠭᠡ ᠠᠷᠪᠠᠨ ᠬᠤᠶᠠᠷ ᠬᠠᠤᠯᠢ ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ︾ ᠢ ᠦᠨᠳᠦᠰᠦᠯᠡᠨ ᠵᠠᠰᠠᠪᠠ︶                  ᠭᠠᠷᠴᠠᠭ ᠨᠢᠭᠡᠳᠦᠭᠡᠷ ᠪᠦᠯᠦᠭ ᠶᠡᠷᠦᠩᠬᠡᠢ ᠲᠦᠷᠢᠮ ᠬᠤᠶᠠᠳᠤᠭᠠᠷ ᠪᠦᠯᠦᠭ ᠬᠠᠯᠳᠠᠪᠤᠷᠢᠳᠤ ᠡᠪᠡᠳᠴᠢᠨ ᠢ ᠰᠡᠷᠬᠡᠶᠢᠯᠡᠬᠦ ᠭᠤᠷᠪᠠᠳᠤᠭᠠᠷ ᠪᠦᠯᠦᠭ ᠬᠢᠵᠢᠭ ᠤᠨ ᠪᠠᠶᠢᠳᠠᠯ ᠢ ᠮᠡᠳᠡᠬᠦᠯᠬᠦ᠂ ᠮᠡᠳᠡᠭᠳᠡᠬᠦ ᠪᠠ ᠨᠡᠶᠢᠲᠡᠯᠡᠬᠦ ᠲᠦᠷᠪᠡᠳᠦᠭᠡᠷ ᠪᠦᠯᠦᠭ ᠬᠢᠵᠢᠭ ᠤᠨ ᠪᠠᠶᠢᠳᠠᠯ ᠢ ᠬᠢᠵᠠᠭᠠᠷᠯᠠᠬᠤ ᠲᠠᠪᠤᠳᠤᠭᠠᠷ ᠪᠦᠯᠦᠭ ᠡᠮᠨᠡᠵᠤ ᠵᠠᠰᠠᠬᠤ ᠵᠢᠷᠭᠤᠳᠤᠭᠠᠷ ᠪᠦᠯᠦᠭ ᠬᠢᠨᠠᠯᠳᠠ ᠬᠠᠮᠢᠶᠠᠷᠤᠯᠳᠠ ᠲᠤᠯᠤᠳᠤᠭᠠᠷ ᠪᠦᠯᠦᠭ ᠪᠠᠳᠤᠯᠠᠭ᠎ᠠ ᠶᠢᠨ ᠠᠷᠭ᠎ᠠ ᠬᠡᠮᠵᠢᠶ᠎ᠠ ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ ᠶᠢᠰᠦᠳᠦᠭᠡᠷ ᠪᠦᠯᠦᠭ ᠲᠠᠭᠠᠯᠳᠤᠭᠤᠯᠤᠭᠰᠠᠨ ᠲᠦᠷᠢᠮ         ᠨᠢᠭᠡᠳᠦᠭᠡᠷ ᠪᠦᠯᠦᠭ   ᠶᠡᠷᠦᠩᠬᠡᠢ ᠲᠦᠷᠢᠮ         ᠨᠢᠭᠡᠳᠦᠭᠡᠷ ᠵᠦᠢᠯ   ᠬᠠᠯᠳᠠᠪᠤᠷᠢᠳᠤ ᠡᠪᠡᠳᠴᠢᠨ ᠤ ᠡᠬᠦᠰᠴᠦ ᠲᠡᠯᠭᠡᠷᠡᠬᠦ ᠶᠢ ᠤᠷᠢᠳᠴᠢᠯᠠᠨ ᠰᠡᠷᠭᠡᠶᠢᠯᠡᠵᠦ᠂ ᠬᠢᠵᠠᠭᠠᠷᠯᠠᠬᠤ ᠪᠠ ᠠᠷᠢᠯᠭᠠᠵᠤ᠂ ᠬᠦᠮᠦᠨ ᠤ ᠪᠡᠶ᠎ᠠ ᠮᠠᠬᠠᠪᠤᠳ ᠤᠨ ᠡᠷᠡᠬᠦᠯ ᠮᠡᠨᠳᠦ ᠪᠠ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠢ ᠪᠠᠳᠤᠯᠠᠬᠤ ᠶᠢᠨ ᠲᠦᠯᠦᠭᠡ ᠲᠤᠰ ᠬᠠᠤᠯᠢ ᠶᠢ ᠲᠤᠭᠳᠠᠭᠠᠪᠠ᠃         ᠬᠤᠶᠠᠳᠤᠭᠠᠷ ᠵᠦᠢᠯ   ᠤᠯᠤᠰ ᠠᠴᠠ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠳᠤ ᠰᠡᠷᠭᠡᠶᠢᠯᠡᠬᠦ ᠪᠠᠷ ᠭᠤᠤᠯ ᠪᠤᠯᠭᠠᠬᠤ ᠴᠢᠭᠯᠡᠯᠳᠡ ᠶᠢ ᠬᠡᠷᠡᠭᠵᠢᠬᠦᠯᠵᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠤᠨ᠂ ᠲᠦᠷᠦᠯ ᠬᠤᠪᠢᠶᠠᠨ ᠬᠠᠮᠢᠶᠠᠷᠴᠤ᠂ ᠰᠢᠨᠵᠢᠯᠡᠬᠦ ᠤᠬᠠᠭᠠᠨ ᠳᠤ ᠲᠦᠰᠢᠭᠯᠡᠨ᠂ ᠤᠯᠠᠨ ᠲᠦᠮᠡᠨ ᠢ ᠲᠦᠰᠢᠭᠯᠡᠨ᠎ᠡ᠃         ᠭᠤᠷᠪᠠᠳᠤᠭᠠᠷ ᠵᠦᠢᠯ   ᠲᠤᠰ ᠬᠠᠤᠯᠢ ᠳᠤ ᠲᠤᠭᠳᠠᠭᠠᠭᠰᠠᠨ ᠬᠠᠯᠳᠠᠪᠤᠷᠢᠳᠤ ᠡᠪᠡᠳᠴᠢᠨ ᠢ ᠬᠥᠭᠡ ᠲᠦᠷᠦᠯ᠂ ᠬᠥᠬᠡᠭᠴᠢᠨ ᠲᠦᠷᠦᠯ ᠪᠠ ᠤᠯᠠᠭᠠᠨ ᠲᠦᠷᠦᠯ ᠭᠡᠵᠤ ᠬᠤᠪᠢᠶᠠᠨ᠎ᠠ᠃         ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠭᠡᠵᠤ ᠬᠤᠯᠤᠭᠠᠨ᠎ᠠ ᠬᠢᠵᠢᠭ᠂ ᠬᠤᠯᠢᠷ᠎ᠠ ᠶᠢ ᠵᠢᠭᠠᠵᠤ ᠪᠠᠶᠢᠨ᠎ᠠ᠃         ᠬᠥᠬᠡᠭᠴᠢᠨ ᠲᠦᠷᠦᠯ ᠤᠨ ᠬᠠᠯᠳᠠᠪᠤᠷᠢᠳᠤ ᠡᠪᠡᠳᠴᠢᠨ ᠭᠡᠵᠤ ᠬᠠᠯᠳᠠᠪᠤᠷᠢᠳᠤ ᠴᠢᠨᠠᠷᠳᠠᠢ ᠨᠠᠶᠢᠳᠡᠯᠢᠭ ᠪᠤᠰᠤ ᠬᠡᠯᠪᠡᠷᠢ ᠶᠢᠨ ᠠᠭᠤᠰᠬᠢᠨ ᠤ ᠦᠷᠪᠢᠰᠦᠯ᠂ ᠠᠶᠢᠽ ᠡᠪᠡᠳᠴᠢᠨ᠂ ᠸᠢᠷᠦ᠋ᠰᠲᠦ ᠡᠯᠢᠭᠡᠨ ᠦᠷᠪᠢᠰᠦᠯ᠂ ᠨᠤᠭᠤᠰᠤᠨ ᠤ ᠪᠤᠷᠤ ᠪᠤᠳᠠᠰ ᠤᠨ ᠦᠷᠪᠢᠰᠦᠯ᠂ ᠬᠦᠮᠦᠨ ᠳᠤ ᠬᠠᠯᠳᠠᠪᠤᠷᠢᠯᠠᠬᠤ ᠬᠦᠨᠳᠦ ᠡᠪᠡᠳᠴᠢᠯᠡᠭᠦᠯᠬᠦ ᠴᠢᠨᠠᠷᠲᠠᠢ ᠵᠢᠬᠦᠷᠳᠡᠨ ᠤ ᠲᠠᠭᠰᠢᠭᠤᠷ᠂ ᠤᠯᠠᠭᠠᠨ ᠨᠤᠳ᠂ ᠲᠠᠬᠤᠯᠳᠤ ᠴᠢᠰᠤ ᠭᠠᠷᠬᠤ ᠬᠠᠯᠠᠭᠤᠨ᠂ ᠭᠠᠯᠵᠠᠭᠤ ᠡᠪᠡᠳᠴᠢᠨ᠂ ᠬᠥᠬᠡᠭᠴᠢᠨ ᠬᠡᠯᠪᠡᠷᠢᠳᠦ ᠲᠠᠬᠤᠯ ᠤᠨ ᠲᠠᠷᠢᠬᠢᠨ ᠦᠷᠪᠢᠰᠦᠯ᠂ ᠳ᠋ᠸᠡᠭᠬᠦ᠋ ᠬᠠᠯᠠᠭᠤᠷᠠᠯᠭ᠎ᠠ᠂ ᠪᠤᠭᠤᠮ᠎ᠠ᠂ ᠪᠠᠺᠲ᠋ᠧᠷᠢ ᠲᠠᠢ ᠪᠠ ᠠᠮᠢᠶᠤᠪ ᠲᠠᠢ ᠴᠢᠴᠠᠭ᠎ᠠ᠂ ᠠᠭᠤᠰᠬᠢᠨ ᠤ ᠰᠦᠷᠢᠶ᠎ᠠ᠂ ᠲᠤᠮᠤᠭᠤ ᠪᠠ ᠢᠵᠢᠯ ᠲᠤᠮᠤᠭᠤ᠂ ᠲᠠᠬᠤᠯᠳᠤ ᠲᠠᠷᠢᠬᠢ ᠨᠤᠭᠤᠰᠤᠨ ᠪᠦᠷᠬᠦᠪᠴᠢ ᠶᠢᠨ ᠦᠷᠪᠢᠰᠦᠯ᠂ ᠵᠠᠭᠤᠨ ᠬᠤᠨᠤᠭ ᠤᠨ ᠬᠠᠨᠢᠶᠠᠳᠤ᠂ ᠰᠠᠬᠤᠤ᠂ ᠰᠠᠶ᠋ᠢ ᠲᠦᠷᠦᠭᠰᠡᠨ ᠬᠡᠦᠬᠡᠳ ᠤᠨ ᠲᠠᠳᠠᠷᠠᠩ᠂ ᠤᠯᠠᠭᠠᠨ ᠡᠰᠡᠷᠭᠡᠨ᠎ᠡ᠂ ᠪᠷᠦ᠋ᠽᠧᠯ ᠡᠪᠡᠳᠴᠢᠨ᠂ ᠬᠦᠢᠳᠡᠨ ᠡᠪᠡᠳᠴᠢᠨ᠂ ᠲᠠᠮᠪᠤᠤ᠂ ᠭᠤᠬ᠎ᠠ ᠮᠤᠰᠬᠢᠷᠠᠭᠠᠳᠠᠨ ᠡᠪᠡᠳᠴᠢᠨ᠂ ᠴᠢᠰᠦ ᠰᠤᠷᠤᠭᠴᠢ ᠬᠤᠷᠤᠬᠠᠢᠢᠳᠤ ᠡᠪᠡᠳᠴᠢᠨ᠂ ᠱᠦᠯᠬᠦᠬᠡ ᠡᠪᠡᠳᠴᠢᠨ ᠢ ᠵᠢᠭᠠᠵᠤ ᠪᠠᠶᠢᠨ᠎ᠠ᠃         ᠤᠯᠠᠭᠠᠨ ᠲᠦᠷᠦᠯ ᠤᠨ ᠬᠠᠯᠳᠠᠪᠤᠷᠢᠳᠤ ᠡᠪᠡᠳᠴᠢᠨ ᠭᠡᠵᠤ ᠲᠠᠬᠤᠯ ᠲᠠᠭᠰᠢᠭᠤᠷ᠂ ᠲᠦᠭᠦᠰᠢ ᠶᠢᠨ ᠪᠤᠯᠴᠢᠷᠬᠠᠢ ᠶᠢᠨ ᠲᠠᠬᠤᠯᠳᠤ ᠦᠷᠪᠢᠰᠦᠯ᠂ ᠰᠠᠯᠬᠢᠨ ᠴᠡᠴᠡᠭ᠂ ᠲᠦᠷᠭᠡᠨ ᠴᠢᠰᠦ ᠭᠠᠷᠬᠤ ᠴᠢᠨᠠᠷᠲᠠᠢ ᠨᠠᠶᠢᠯᠠᠮᠠᠯ ᠪᠦᠷᠬᠦᠪᠴᠢ ᠶᠢᠨ ᠦᠷᠪᠢᠰᠦᠯ᠂ ᠤᠶᠠᠮᠠᠨ ᠡᠪᠡᠳᠴᠢᠨ᠂ ᠲᠠᠬᠤᠯ ᠤᠨ ᠴᠢᠨᠠᠷᠲᠠᠢ ᠪᠠ ᠤᠷᠤᠨ ᠨᠤᠳᠤᠭ ᠤᠨ ᠴᠢᠨᠠᠷᠲᠠᠢ ᠡᠰᠡᠷᠭᠡᠨᠡᠳᠦ ᠬᠢᠵᠢᠭ᠂ ᠬᠠᠷ᠎ᠠ ᠬᠠᠯᠠᠭᠤᠷᠠᠯᠭ᠎ᠠ ᠡᠪᠡᠳᠴᠢᠨ᠂ ᠬᠤᠷᠤᠬᠠᠢ ᠶᠢᠨ ᠪᠡᠲᠡᠭᠢ ᠡᠪᠡᠳᠴᠢᠨ᠂ ᠤᠳᠠᠰᠤᠯᠢᠭ ᠬᠤᠷᠤᠬᠠᠢᠢᠳᠤ ᠡᠪᠡᠳᠴᠢᠨ᠂ ᠵᠢᠴᠢ ᠬᠤᠯᠢᠷ᠎ᠠ᠂ ᠪᠠᠺᠲ᠋ᠧᠷᠢ ᠲᠠᠢ ᠪᠠ ᠠᠮᠢᠶᠤᠪ ᠲᠠᠢ ᠴᠢᠴᠠᠭ᠎ᠠ᠂ ᠲᠤᠮᠤᠭᠤ ᠪᠠ ᠢᠵᠢᠯ ᠲᠤᠮᠤᠭᠤ ᠠᠴᠠ ᠭᠠᠳᠠᠨᠠᠬᠢ ᠬᠠᠯᠳᠠᠪᠤᠷᠢᠯᠠᠬᠤ ᠴᠢᠨᠠᠷᠳᠠᠢ ᠰᠠᠭᠤᠯᠭᠠᠬᠤ ᠡᠪᠡᠳᠴᠢᠨ ᠢ ᠵᠢᠭᠠᠵᠤ ᠪᠠᠶᠢᠨ᠎ᠠ᠃         ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠯᠳᠠᠪᠤᠷᠢᠳᠤ ᠡᠪᠡᠳᠴᠢᠨ ᠤ ᠡᠬᠦᠰᠦᠭᠰᠡᠨ᠂ ᠲᠡᠯᠭᠡᠷᠡᠭᠰᠡᠨ ᠪᠠᠶᠢᠳᠠᠯ ᠪᠠ ᠠᠶᠤᠯ ᠬᠤᠤᠷᠳᠠᠯᠭ᠎ᠠ ᠶᠢᠨ ᠬᠢᠨᠢ ᠬᠡᠮᠵᠢᠶ᠎ᠠ ᠶᠢ ᠦᠨᠳᠦᠰᠦᠯᠡᠨ ᠬᠥᠬᠡᠭᠴᠢᠨ ᠲᠦᠷᠦᠯ᠂ ᠤᠯᠠᠭᠠᠨ ᠲᠦᠷᠦᠯ ᠤᠨ ᠬᠠᠯᠳᠠᠪᠤᠷᠢᠳᠤ ᠡᠪᠡᠳᠴᠢᠨ ᠤ ᠡᠪᠡᠳᠴᠢᠨ ᠤ ᠲᠥᠷᠦᠯ ᠢ ᠨᠡᠮᠡᠵᠦ ᠬᠠᠰᠤᠬᠤ ᠪᠤᠶᠤ ᠲᠡᠭᠦᠨ ᠳᠤ ᠲᠣᠬᠢᠷᠠᠭᠤᠯᠤᠯᠲᠠ ᠬᠢᠬᠦ ᠶᠢ ᠲᠣᠭᠲᠠᠭᠠᠵᠦ ᠪᠣᠯᠬᠤ ᠪᠦᠭᠡᠳ ᠨᠠᠶᠢᠳᠠᠯᠠᠨ᠎ᠠ᠃         ᠲᠦᠷᠪᠡᠳᠦᠭᠡᠷ ᠵᠦᠢᠯ   ᠬᠥᠬᠡᠭᠴᠢᠨ ᠲᠦᠷᠦᠯ ᠤᠨ ᠬᠠᠯᠳᠠᠪᠤᠷᠢᠳᠤ ᠡᠪᠡᠳᠴᠢᠨ ᠤ ᠲᠤᠳᠤᠷᠠᠬᠢ ᠬᠠᠯᠳᠠᠪᠤᠷᠢᠲᠤ ᠴᠢᠨᠠᠷᠲᠠᠢ ᠨᠠᠶᠢᠳᠡᠯᠢᠭ ᠪᠤᠰᠤ ᠭᠡᠯᠪᠡᠷᠢ ᠶᠢᠨ ᠠᠭᠤᠰᠬᠢᠨ ᠦᠷᠪᠢᠰᠦᠯ᠂ ᠪᠤᠭᠤᠮ᠎ᠠ ᠶᠢᠨ ᠲᠤᠳᠤᠷᠠᠬᠢ ᠠᠭᠤᠰᠬᠢᠨ ᠪᠤᠭᠤᠮ᠎ᠠ ᠪᠠ ᠬᠦᠮᠦᠨ ᠳᠤ ᠬᠠᠯᠳᠠᠪᠤᠷᠢᠯᠠᠬᠤ ᠬᠦᠨᠳᠦ ᠡᠪᠡᠳᠴᠢᠯᠡᠭᠦᠯᠬᠦ ᠴᠢᠨᠠᠷᠳᠠᠢ ᠵᠢᠬᠦᠷᠳᠡᠨ ᠤ ᠲᠠᠬᠰᠢᠭᠤᠷ ᠲᠤ ᠲᠤᠰ ᠬᠠᠤᠯᠢ ᠳᠤ ᠵᠢᠭᠠᠭᠰᠠᠨ ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠢ ᠰᠡᠷᠬᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠠ ᠶᠢ ᠠᠪᠤᠨ᠎ᠠ᠃ ᠬᠥᠬᠡᠭᠴᠢᠨ ᠲᠦᠷᠦᠯ ᠤᠨ ᠪᠤᠰᠤᠳ ᠬᠠᠯᠳᠠᠪᠤᠷᠢᠳᠤ ᠡᠪᠡᠳᠴᠢᠨ ᠪᠠ ᠬᠡᠨᠡᠤᠡᠳᠡ ᠡᠭᠦᠰᠦᠭᠰᠡᠨ ᠰᠢᠯᠳᠠᠭᠠᠨ ᠨᠢ ᠲᠤᠳᠤᠷᠬᠠᠢ ᠪᠤᠰᠤ ᠬᠠᠯᠳᠠᠪᠤᠷᠢᠳᠤ ᠡᠪᠡᠳᠴᠢᠨ ᠳᠤ ᠲᠤᠰ ᠬᠠᠤᠯᠢ ᠳᠤ ᠵᠢᠭᠠᠭᠰᠠᠨ ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠠ ᠶᠢ ᠠᠪᠬᠤ ᠴᠢᠬᠤᠯᠠᠳᠠᠢ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠳᠤ ᠴᠠᠭ ᠲᠤᠬᠠᠢ ᠳᠤᠨᠢ ᠮᠡᠳᠡᠬᠦᠯᠵᠤ ᠵᠦᠪᠰᠢᠶᠠᠷᠡᠬᠦᠯᠦᠭᠰᠡᠨ ᠤ ᠳᠠᠷᠠᠭ᠎ᠠ ᠨᠠᠶᠢᠳᠠᠯᠡᠵᠤ᠂ ᠬᠡᠷᠡᠭᠵᠢᠬᠦᠯᠦᠨ᠎ᠡ᠃         ᠡᠮᠦᠨᠡᠬᠢ ᠪᠠᠳᠠᠭ ᠤᠨ ᠲᠣᠭᠲᠠᠭᠠᠯ ᠶᠣᠰᠤᠭᠠᠷ ᠠᠪᠤᠭᠰᠠᠨ ᠬᠥᠬᠡ ᠲᠥᠷᠦᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠬᠤ ᠴᠢᠬᠤᠯᠠᠲᠠᠢ ᠪᠠᠶᠢᠪᠠᠯ᠂ ᠲᠥᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠥᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ᠎ᠡ᠃         ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠤᠷᠤᠨ ᠤ ᠪᠠᠨ ᠳᠣᠲᠤᠷᠠᠬᠢ ᠦᠷᠬᠦᠯᠵᠢ ᠲᠤᠬᠢᠶᠠᠯᠳᠤᠳᠠᠬ᠂ ᠤᠯᠠᠨᠳᠠ ᠡᠭᠦᠰᠳᠡᠭ ᠤᠷᠤᠨ ᠨᠤᠳᠤᠭ ᠤᠨ ᠴᠢᠨᠠᠷᠳᠠᠢ ᠪᠤᠰᠤᠳ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠳᠤ᠂ ᠪᠠᠶᠢᠳᠠᠯ ᠢᠶᠠᠨ ᠦᠨᠳᠦᠰᠦᠯᠡᠨ ᠬᠥᠬᠡᠭᠴᠢᠨ ᠲᠦᠷᠦᠯ ᠪᠤᠶᠤ ᠤᠯᠠᠭᠠᠨ ᠲᠦᠷᠦᠯ ᠤᠨ ᠬᠠᠯᠳᠠᠪᠤᠷᠢᠳᠤ ᠡᠪᠡᠳᠴᠢᠨ ᠢᠶᠠᠷ ᠬᠠᠮᠢᠶᠠᠷᠬᠤ ᠶᠢ ᠲᠤᠭᠳᠠᠭᠠᠵᠤ ᠪᠤᠯᠬᠤ ᠪᠦᠭᠡᠳ ᠨᠠᠶᠢᠳᠠᠯᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠬᠦᠯᠤᠨ ᠲᠠᠩᠰᠠᠯᠠᠭᠤᠯᠤᠨ᠎ᠠ᠃         ᠲᠠᠪᠤᠳᠤᠭᠠᠷ ᠵᠦᠢᠯ   ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠤᠳᠤᠷᠢᠳᠤᠨ᠎ᠠ᠃         ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠲᠦᠯᠦᠪᠵᠢᠬᠦᠯᠬᠡ ᠶᠢ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠲᠠᠯ᠎ᠠ ᠪᠠᠷ ᠬᠢ ᠡᠪᠡᠳᠴᠢᠨ ᠲᠠᠬᠤᠯ ᠢ ᠰᠡᠷᠭᠡᠶᠢᠯᠡᠵᠦ ᠬᠢᠵᠠᠭᠠᠷᠯᠠᠬᠤ ᠂ ᠡᠮᠨᠡᠵᠤ ᠠᠪᠤᠷᠠᠬᠤ ᠪᠠ ᠬᠢᠨᠠᠵᠤ ᠬᠠᠮᠢᠶᠠᠷᠬᠤ ᠰᠢᠰᠲ᠋ᠧᠮ ᠢ ᠪᠠᠶᠢᠭᠤᠯᠵᠤ ᠲᠡᠬᠦᠯᠳᠡᠷᠵᠢᠬᠦᠯᠦᠨ᠎ᠡ᠃         ᠵᠢᠷᠭᠤᠳᠤᠭᠠᠷ ᠵᠦᠢᠯ   ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠦᠬᠦ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠲᠡᠭᠦᠨ ᠢ ᠬᠢᠨᠠᠵᠤ ᠬᠠᠮᠢᠶᠠᠷᠬᠤ ᠠᠵᠢᠯ ᠢ ᠡᠷᠬᠢᠯᠡᠨ ᠬᠠᠮᠢᠶᠠᠷᠤᠨ᠎ᠠ᠃ ᠰᠢᠶᠠᠨ ᠤ ᠱᠠᠳᠤᠨ ᠠᠴᠠ ᠲᠠᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠵᠢᠴᠢ ᠲᠡᠭᠦᠨ ᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃         ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠪᠤᠰᠤᠳ ᠰᠠᠯᠠᠭ᠎ᠠ ᠮᠦᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠠᠨ ᠤ ᠪᠠᠨ ᠲᠤᠳᠤᠷ᠎ᠠ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃         ᠴᠡᠷᠢᠭ ᠠᠩᠬᠢ ᠶᠢᠨ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠠᠵᠢᠯ ᠢ ᠲᠤᠰ ᠬᠠᠤᠯᠢ ᠪᠤᠯᠤᠨ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠦᠢᠴᠡᠳᠭᠡᠵᠤ᠂ ᠲᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠡᠷᠡᠬᠦᠯ ᠬᠠᠮᠠᠭᠠᠯᠠᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠯᠳᠠ ᠬᠠᠮᠢᠶᠠᠷᠤᠯᠳᠠ ᠶᠠᠪᠤᠭᠤᠯᠤᠨ᠎ᠠ᠃         ᠲᠤᠯᠤᠳᠤᠭᠠᠷ ᠵᠦᠢᠯ   ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠡᠯ᠎ᠡ ᠱᠠᠳᠤᠨ ᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠢ ᠬᠢᠨᠠᠵᠤ ᠬᠡᠮᠵᠢᠬᠦ᠂ ᠤᠷᠢᠳᠴᠢᠯᠠᠨ ᠵᠢᠱᠢᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠬᠢᠬᠦ᠂ ᠬᠢᠵᠢᠭ ᠤᠨ ᠪᠠᠶᠢᠳᠠᠯ ᠤᠨ ᠮᠡᠳᠡᠬᠦᠯᠦᠯᠳᠡ ᠬᠢᠬᠦ ᠵᠢᠴᠢ ᠪᠤᠰᠤᠳ ᠲᠠᠯ᠎ᠠ ᠶᠢᠨ ᠰᠡᠷᠬᠡᠶᠢᠯᠡᠬᠦ᠂ ᠬᠢᠵᠠᠭᠠᠷᠯᠠᠬᠤ ᠠᠵᠢᠯ ᠢ ᠡᠭᠦᠷᠭᠡᠯᠡᠨ᠎ᠡ᠃         ᠡᠮᠴᠢᠯᠡᠭᠡᠨ ᠤ ᠪᠠᠶᠢᠭᠤᠯᠤᠮᠵᠢ ᠡᠮᠨᠡᠵᠤ ᠠᠪᠤᠷᠠᠬᠤ ᠳᠤ ᠬᠤᠯᠪᠤᠬᠳᠠᠬᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠪᠠ ᠬᠠᠷᠢᠭᠤᠴᠠᠯᠭ᠎ᠠ ᠪᠦᠬᠦᠢ ᠤᠷᠤᠨ ᠲᠤᠭᠤᠷᠢᠬ ᠤᠨ ᠢᠶᠠᠨ ᠲᠤᠳᠤᠷᠠᠬᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ ᠠᠵᠢᠯ ᠢ ᠡᠭᠦᠷᠭᠡᠯᠡᠨ᠎ᠡ᠃ ᠬᠤᠳᠠ ᠶᠢᠨ ᠨᠠᠶᠢᠭᠡᠮ ᠲᠤᠭᠤᠷᠢᠭ ᠪᠠ ᠬᠦᠳᠡᠭᠡ ᠲᠤᠰᠬᠤᠨ ᠤ ᠦᠨᠳᠦᠰᠦᠨ ᠱᠠᠳᠤᠨ ᠤ ᠡᠮᠴᠢᠯᠡᠭᠡᠨ ᠤ ᠪᠠᠶᠢᠭᠤᠯᠤᠮᠵᠢ ᠡᠪᠡᠳᠴᠢᠨ ᠲᠠᠬᠤᠯ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠵᠢᠯᠤᠭᠤᠳᠤᠯᠭ᠎ᠠ ᠲᠤᠤᠷ᠎ᠠ᠂ ᠬᠤᠳᠠ ᠶᠢᠨ ᠨᠠᠶᠢᠭᠡᠮ ᠲᠤᠭᠤᠷᠢᠭ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠵᠤᠬᠢᠴᠠᠩᠭᠤᠢ ᠠᠵᠢᠯ ᠢ ᠡᠭᠦᠷᠭᠡᠯᠡᠨ᠎ᠡ᠃         ᠨᠠᠢᠮᠠᠳᠤᠭᠠᠷ ᠵᠦᠢᠯ   ᠤᠯᠤᠰ ᠠᠴᠠ ᠤᠳᠤ ᠦᠶ᠎ᠠ ᠶᠢᠨ ᠠᠨᠠᠭᠠᠬᠤ ᠤᠬᠠᠭᠠᠨ ᠪᠠ ᠬᠢᠳᠠᠳ ᠡᠮ ᠡᠮᠨᠡᠯᠬᠡ ᠵᠡᠷᠬᠡ ᠤᠯᠠᠮᠵᠢᠯᠠᠯᠳᠤ ᠠᠨᠠᠭᠠᠬᠤ ᠤᠬᠠᠭᠠᠨ ᠢ ᠬᠦᠭᠵᠢᠬᠦᠯᠵᠦ᠂ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠤ ᠰᠤᠳᠤᠯᠭᠠᠨ ᠦᠷᠨᠢᠬᠦᠯᠬᠦ ᠶᠢ ᠲᠡᠮᠵᠢᠨ ᠵᠤᠷᠢᠭᠵᠢᠭᠤᠯᠵᠤ᠂ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠠ ᠶᠢ ᠲᠡᠭᠡᠭᠰᠢᠯᠡᠬᠦᠯᠦᠨ᠎ᠡ᠃         ᠣᠯᠤᠰ ᠠᠴᠠ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠢ ᠤᠯᠠᠨ ᠤᠯᠤᠰ ᠤᠨ ᠬᠠᠮᠳᠤᠷᠠᠯᠴᠠᠭ᠎ᠠ ᠦᠷᠨᠢᠬᠦᠯᠬᠦ ᠶᠢ ᠲᠡᠮᠵᠢᠨ ᠵᠤᠷᠢᠭᠵᠢᠭᠤᠯᠤᠨ᠎ᠠ᠃         ᠶᠢᠰᠦᠳᠦᠭᠡᠷ ᠵᠦᠢᠯ   ᠤᠯᠤᠰ ᠠᠴᠠ ᠨᠢᠭᠡᠴᠢ ᠪᠠ ᠬᠤᠪᠢ ᠬᠦᠮᠦᠨ ᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠤᠷᠤᠯᠴᠠᠬᠤ ᠶᠢ ᠲᠡᠮᠵᠢᠨ ᠵᠤᠷᠢᠭᠵᠢᠭᠤᠯᠤᠨ᠎ᠠ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠬᠤᠯᠪᠤᠭᠳᠠᠯ ᠪᠦᠬᠦᠢ ᠲᠦᠷᠢᠮ ᠲᠤᠬᠲᠠᠭᠠᠯ ᠢ ᠲᠡᠬᠦᠯᠳᠡᠷᠵᠢᠬᠦᠯᠵᠦ ᠪᠠᠶᠢᠭᠠᠳ ᠨᠢᠬᠡᠴᠢ ᠪᠠ ᠬᠤᠪᠢ ᠬᠦᠮᠦᠨ ᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠢ ᠤᠬᠠᠭᠤᠯᠭ᠎ᠠ ᠬᠦᠮᠦᠵᠢᠯ᠂ ᠬᠢᠵᠢᠭ ᠤᠨ ᠪᠠᠶᠢᠳᠠᠯ ᠤᠨ ᠮᠡᠳᠡᠬᠦᠯᠦᠯᠳᠡ᠂ ᠰᠠᠶᠢᠨ ᠲᠤᠷ᠎ᠠ ᠶᠢᠨ ᠦᠢᠯᠡᠴᠢᠯᠡᠭᠡ ᠪᠠ ᠬᠠᠨᠳᠢᠪᠯᠠᠨ ᠬᠦᠷᠭᠡᠬᠦ ᠠᠵᠢᠯᠯᠠᠭ᠎ᠠ ᠳᠤ ᠤᠷᠤᠯᠴᠠᠬᠤ ᠳᠤᠨᠢ ᠲᠦᠬᠦᠮ ᠦᠵᠡᠬᠦᠯᠬᠦ ᠬᠡᠷᠡᠭᠳᠡᠢ᠃         ᠰᠠᠭᠤᠭᠠᠯᠢ ᠠᠷᠠᠳ ᠤᠨ ᠵᠦᠪᠯᠡᠯ᠂ ᠭᠠᠴᠠᠭᠠᠨ ᠤ ᠠᠷᠠᠳ ᠤᠨ ᠵᠦᠪᠯᠡᠯ ᠰᠠᠭᠤᠭᠠᠯᠢ ᠠᠷᠠᠳ᠂ ᠭᠠᠴᠠᠭᠠᠨ ᠤ ᠠᠷᠠᠳ ᠢ ᠵᠤᠬᠢᠶᠠᠨ ᠪᠠᠶᠢᠭᠤᠯᠵᠤ ᠪᠠᠶᠢᠭᠠᠳ ᠨᠠᠶᠢᠭᠡᠮ ᠲᠤᠭᠤᠷᠢᠭ᠂ ᠬᠦᠳᠡᠭᠡ ᠲᠤᠰᠬᠤᠨ ᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯᠯᠠᠭ᠎ᠠ ᠳᠤ ᠤᠷᠤᠯᠴᠠᠭᠤᠯᠬᠤ ᠬᠡᠷᠡᠭᠳᠡᠢ᠃         ᠠᠷᠪᠠᠳᠤᠭᠠᠷ ᠵᠦᠢᠯ   ᠤᠯᠤᠰ ᠠᠴᠠ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ ᠲᠤᠬᠠᠢ ᠡᠷᠡᠬᠦᠯ ᠮᠡᠨᠳᠦ ᠶᠢᠨ ᠬᠦᠮᠦᠵᠢᠯ ᠢ ᠦᠷᠨᠢᠬᠦᠯᠦᠨ᠎ᠡ᠃ ᠰᠤᠨᠢᠨ ᠮᠡᠳᠡᠭᠡ ᠶᠢᠨ ᠵᠠᠭᠤᠴᠢᠯᠠᠭᠤᠷ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠪᠠ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠬᠦᠮᠥᠵᠢᠯ ᠤᠨ ᠲᠤᠬᠠᠢ ᠨᠠᠶᠢᠳᠠ ᠶᠢᠨ ᠠᠰᠠᠷᠠᠮᠵᠢ ᠶᠢᠨ ᠤᠬᠠᠭᠤᠯᠭ᠎ᠠ ᠶᠢ ᠦᠨ᠎ᠡ ᠲᠦᠯᠦᠪᠦᠷᠢ ᠦᠭᠡᠢ ᠪᠠᠷ ᠦᠷᠨᠢᠬᠦᠯᠬᠦ ᠬᠡᠷᠡᠭᠳᠡᠢ᠃         ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠰᠤᠷᠤᠭᠴᠢᠳ ᠲᠠᠭᠠᠨ ᠡᠷᠡᠬᠦᠯ ᠮᠡᠨᠳᠦ ᠶᠢᠨ ᠲᠤᠬᠠᠢ ᠮᠡᠳᠡᠯᠬᠡ ᠪᠠ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ ᠲᠤᠬᠠᠢ ᠮᠡᠳᠡᠯᠭᠡ ᠶᠢᠨ ᠬᠦᠮᠦᠵᠢᠯ ᠬᠢᠬᠦ ᠬᠡᠷᠡᠭᠳᠡᠢ᠃         ᠠᠨᠠᠭᠠᠬᠤ ᠤᠬᠠᠭᠠᠨ ᠤ ᠲᠡᠭᠡᠳᠦ ᠰᠤᠷᠭᠠᠭᠤᠯᠢ ᠶᠡᠭᠡ ᠰᠤᠷᠭᠠᠭᠤᠯᠢ ᠰᠡᠷᠭᠡᠶᠢᠯᠡᠬᠦ ᠠᠨᠠᠭᠠᠬᠤ ᠤᠬᠠᠭᠠᠨ ᠤ ᠰᠤᠷᠭᠠᠨ ᠬᠦᠮᠦᠵᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠢ ᠴᠢᠩᠭᠠᠳᠬᠠᠵᠤ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠪᠠ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠤᠯᠪᠤᠬᠳᠠᠯ ᠪᠦᠬᠦᠢ ᠪᠣᠰᠤᠳ ᠬᠦᠮᠦᠰ ᠲᠤ ᠰᠡᠷᠭᠡᠶᠢᠯᠡᠬᠦ ᠠᠨᠠᠭᠠᠬᠤ ᠤᠬᠠᠭᠠᠨ ᠤ ᠰᠤᠷᠭᠠᠨ ᠬᠦᠮᠦᠵᠢᠯ ᠪᠠ ᠪᠤᠯᠪᠠᠰᠤᠷᠠᠭᠤᠯᠤᠯ ᠬᠢᠵᠤ᠂ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠮᠡᠷᠭᠡᠵᠢᠯ ᠤᠨ ᠲᠡᠮᠵᠢᠯᠭᠡ ᠬᠠᠨᠭ᠍ᠭᠠᠬᠤ ᠬᠡᠷᠡᠭᠳᠡᠢ᠃         ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠠᠵᠢᠯᠲᠠᠨ ᠳᠠᠭᠠᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠢ ᠮᠡᠳᠡᠯᠬᠡ ᠪᠠ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠢ ᠲᠤᠭᠳᠠᠮᠠᠯ ᠬᠤᠭᠤᠴᠠᠭ᠎ᠠ ᠲᠠᠢ ᠪᠠᠷ ᠬᠢᠬᠦ ᠬᠡᠷᠡᠭᠳᠡᠢ᠃         ᠠᠷᠪᠠᠨ ᠨᠢᠭᠡᠳᠦᠭᠡᠷ ᠵᠦᠢᠯ   ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠲᠤᠮᠳᠠ ᠢᠯᠡᠳᠲᠡ ᠠᠮᠵᠢᠯᠳᠠ ᠪᠦᠳᠦᠮᠵᠢ ᠭᠠᠷᠭᠠᠭᠰᠠᠨ ᠪᠠ ᠬᠤᠪᠢ ᠨᠡᠮᠡᠷᠢ ᠦᠵᠡᠬᠦᠯᠦᠭᠰᠡᠨ ᠨᠢᠭᠡᠴᠢ ᠪᠤᠯᠤᠨ ᠬᠤᠪᠢ ᠬᠦᠮᠦᠨ ᠢ ᠱᠠᠩᠨᠠᠨ᠋ ᠭᠦᠬᠢᠭᠦᠯᠥᠨ᠎ᠡ᠃         ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠤᠷᠤᠯᠴᠠᠬᠰᠠᠨ ᠤ ᠬᠠᠷᠠᠭ᠎ᠠ ᠪᠠᠷ ᠡᠪᠡᠳᠴᠢᠨ ᠤᠯᠤᠭᠰᠠᠨ᠂ ᠵᠡᠮᠳᠡᠭ ᠪᠤᠯᠤᠭᠰᠠᠨ᠂ ᠦᠬᠦᠭᠰᠡᠨ ᠬᠦᠮᠦᠨ ᠳᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠲᠡᠳᠬᠦᠮᠵᠢ ᠠᠰᠠᠷᠠᠮᠵᠢ ᠤᠯᠭᠤᠨ᠎ᠠ᠃         ᠠᠷᠪᠠᠨ ᠬᠤᠶᠠᠳᠤᠭᠠᠷ ᠵᠦᠢᠯ   ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠭ ᠲᠡᠪᠢᠰᠭᠡᠷ ᠲᠠᠬᠢ ᠠᠯᠢᠪᠠ ᠨᠢᠭᠡᠴᠢ ᠪᠠ ᠬᠤᠪᠢ ᠬᠦᠮᠦᠨ ᠡᠷᠭᠡᠪᠰᠢ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠬᠡᠨ ᠤ ᠪᠠᠶᠢᠭᠤᠯᠤᠮᠵᠢ ᠶᠢᠨ ᠬᠠᠯᠳᠠᠪᠤᠷᠢᠳᠤ ᠡᠪᠡᠳᠴᠢᠨ ᠤ ᠲᠤᠬᠠᠢ ᠪᠠᠶᠢᠴᠠᠭᠠᠯᠳᠠ ᠬᠢᠬᠦ᠂ ᠰᠢᠯᠭᠠᠨ ᠪᠠᠶᠢᠴᠠᠭᠠᠬᠤ᠂ ᠦᠯᠢᠭᠡᠷ ᠡᠳ᠋ ᠴᠤᠭᠯᠠᠭᠤᠯᠬᠤ᠂ ᠲᠤᠰᠠᠭᠠᠷᠯᠠᠨ ᠡᠮᠨᠡᠬᠦ ᠵᠡᠷᠬᠡ ᠰᠡᠷᠭᠡᠶᠢᠯᠡᠬᠦ ᠪᠠ ᠬᠢᠵᠠᠭᠠᠷᠯᠠᠬᠤ ᠠᠷᠭ᠎ᠠ ᠬᠡᠮᠵᠢᠶ᠎ᠠ ᠶᠢ ᠬᠦᠯᠢᠶᠡᠨ ᠠᠪᠴᠤ᠂ ᠬᠤᠯᠪᠤᠭᠳᠠᠯ ᠪᠦᠬᠦᠢ ᠪᠠᠶᠢᠳᠠᠯ ᠢ ᠦᠨᠡᠨ ᠮᠥᠨ ᠢᠶᠠᠷ ᠨᠢ ᠬᠠᠨᠭ᠍ᠭᠠᠬᠤ ᠬᠡᠷᠡᠭᠳᠡᠢ᠃ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠬᠤᠪᠢ ᠬᠦᠮᠦᠨ ᠤ ᠨᠢᠭᠤᠴᠠ ᠳᠤ ᠬᠤᠯᠪᠤᠭᠳᠠᠬᠤ ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ ᠵᠠᠳᠠᠷᠠᠭᠤᠯᠵᠤ ᠪᠤᠯᠬᠤ ᠦᠭᠡᠢ᠃         ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠵᠢᠴᠢ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠪᠡᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠪᠠᠶᠢᠭᠤᠯᠤᠮᠵᠢ ᠪᠠ ᠡᠮᠴᠢᠯᠡᠭᠡᠨ ᠤ ᠪᠠᠶᠢᠭᠤᠯᠤᠮᠵᠢ ᠵᠠᠰᠠᠭ ᠵᠠᠬᠢᠷᠭᠠᠨ ᠤ ᠬᠠᠮᠢᠶᠠᠷᠤᠯᠳᠠ ᠪᠤᠶᠤ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠠ ᠶᠢ ᠬᠠᠤᠯᠢ ᠶᠢ ᠵᠦᠷᠢᠴᠡᠵᠦ ᠬᠡᠷᠡᠭᠵᠢᠭᠦᠯᠥᠭᠰᠡᠨ ᠠᠴᠠ ᠪᠤᠯᠤᠭᠠᠳ ᠨᠢᠭᠡᠴᠢ ᠪᠠ ᠬᠤᠪᠢ ᠬᠦᠮᠦᠨ ᠤ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠪᠠᠶᠢᠪᠠᠯ᠂ ᠬᠤᠯᠪᠤᠭᠳᠠᠯ ᠪᠦᠬᠦᠢ ᠨᠢᠭᠡᠴᠢ ᠪᠠ ᠬᠤᠪᠢ ᠬᠦᠮᠦᠨ ᠬᠠᠤᠯᠢ ᠶᠤᠰᠤᠭᠠᠷ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ ᠪᠠᠷ ᠭᠤᠶᠤᠴᠢᠯᠠᠬᠤ ᠪᠤᠶᠤ ᠵᠠᠭᠠᠯᠳᠤᠵᠤ ᠪᠤᠯᠤᠨ᠎ᠠ᠃                  ※ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠤᠷᠴᠢᠭᠤᠯᠪᠠ
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号