ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ (3)
ᠨᠡᠶᠢᠲᠡᠯᠡᠭᠰᠡᠨ ᠴᠠᠭ᠄
2020/3/9
       ᠭᠤᠷᠪᠠᠳᠤᠭᠠᠷ ᠪᠦᠯᠦᠭ   ᠬᠢᠵᠢᠭ ᠤᠨ ᠪᠠᠶᠢᠳᠠᠯ ᠢ ᠮᠠᠳᠡᠬᠦᠯᠬᠦ᠂ ᠮᠡᠳᠡᠭᠳᠡᠬᠦ ᠪᠠ ᠨᠡᠶᠢᠲᠡᠯᠡᠬᠦ        ᠭᠤᠴᠢᠳᠤᠭᠠᠷ ᠵᠦᠢᠯ   ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠪᠠ ᠴᠢᠰᠤ ᠠᠪᠬᠤ ᠴᠢᠰᠤ ᠬᠠᠨᠭ᠍ᠭᠠᠬᠤ ᠪᠠᠶᠢᠭᠤᠯᠤᠮᠵᠢ ᠵᠢᠴᠢ ᠲᠡᠭᠦᠨ ᠤ ᠡᠬᠦᠷᠬᠡ ᠲᠤᠰᠢᠶᠠᠯ ᠬᠦᠢᠴᠡᠳᠭᠡᠭᠴᠢ ᠠᠵᠢᠯᠳᠠᠨ ᠲᠤᠰ ᠬᠠᠤᠯᠢ ᠳᠤ ᠲᠤᠭᠳᠠᠭᠠᠭᠰᠠᠨ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠬᠦ ᠪᠤᠶᠤ ᠪᠤᠰᠤᠳ ᠬᠠᠯᠳᠠᠪᠤᠷᠢᠳᠤ ᠡᠪᠡᠳᠴᠢᠨ ᠡᠬᠦᠰᠦᠭᠰᠡᠨ᠂ ᠲᠡᠯᠭᠡᠷᠡᠭᠰᠡᠨ ᠵᠢᠴᠢ ᠰᠢᠯᠳᠠᠭᠠᠨ ᠨᠢ ᠲᠤᠳᠤᠷᠬᠠᠢ ᠦᠭᠡᠢ ᠬᠠᠯᠳᠠᠪᠤᠷᠢᠳᠤ ᠡᠪᠡᠳᠴᠢᠨ ᠬᠡᠨᠡᠤᠡᠳᠡ ᠡᠭᠦᠰᠦᠭᠰᠡᠨ ᠢ ᠤᠯᠵᠤ ᠮᠡᠳᠡᠪᠡᠯ᠂ ᠬᠢᠵᠢᠭ ᠤᠨ ᠪᠠᠶᠢᠳᠠᠯ ᠤᠨ ᠮᠡᠳᠡᠬᠦᠯᠦᠯᠳᠡ ᠶᠢ ᠬᠠᠷᠢᠶ᠎ᠠ ᠭᠠᠵᠠᠷ ᠨᠢ ᠬᠠᠮᠢᠶᠠᠷᠬᠤ ᠵᠠᠷᠴᠢᠮ ᠢ ᠵᠢᠷᠤᠮᠯᠠᠨ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠭᠰᠠᠨ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠭᠳᠠᠭᠠᠭᠰᠠᠨ ᠠᠭᠤᠯᠭ᠎ᠠ᠂ ᠵᠢᠷᠤᠮ᠂ ᠠᠷᠭ᠎ᠠ ᠬᠡᠯᠪᠡᠷᠢ ᠪᠠ ᠴᠠᠭ ᠤᠨ ᠬᠢᠵᠠᠭᠠᠷ ᠶᠤᠰᠤᠭᠠᠷ ᠮᠡᠳᠡᠬᠦᠯᠬᠦ ᠬᠡᠷᠡᠭᠳᠡᠢ᠃         ᠴᠡᠷᠢᠭ ᠠᠩᠬᠢ ᠶᠢᠨ ᠡᠮᠴᠢᠯᠡᠭᠡᠨ ᠤ ᠪᠠᠶᠢᠭᠤᠯᠤᠮᠵᠢ ᠨᠠᠶᠢᠭᠡᠮ ᠨᠠᠶᠢᠳᠠ ᠳᠤ ᠡᠮᠴᠢᠯᠡᠬᠡᠨ ᠤ ᠦᠢᠯᠡᠴᠢᠯᠡᠭᠡ ᠬᠠᠨᠭ᠍ᠭᠠᠬᠤ ᠳᠠᠭᠠᠨ ᠡᠮᠦᠨᠡᠬᠢ ᠪᠠᠳᠠᠭ ᠲᠤ ᠲᠤᠭᠳᠠᠭᠠᠭᠰᠠᠨ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠪᠡᠯ᠂ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠮᠡᠳᠡᠬᠦᠯᠬᠦ ᠬᠡᠷᠡᠭᠳᠡᠢ᠃ ᠭᠤᠴᠢᠨ ᠨᠢᠭᠡᠳᠦᠭᠡᠷ ᠵᠦᠢᠯ   ᠶᠠᠮᠠᠷᠪᠠ ᠨᠢᠬᠡᠴᠢ ᠬᠢᠭᠡᠳ ᠬᠤᠪᠢ ᠬᠦᠮᠦᠨ ᠬᠠᠯᠳᠠᠪᠤᠷᠢᠳᠤ ᠡᠪᠡᠳᠴᠢᠳᠡᠨ ᠪᠤᠶᠤ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠢ ᠤᠯᠵᠤ ᠮᠡᠳᠡᠪᠡᠯ᠂ ᠤᠢᠢᠷ᠎ᠠ ᠬᠠᠪᠢ ᠶᠢᠨ ᠢᠶᠠᠨ ᠡᠪᠡᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠪᠠᠶᠢᠭᠤᠯᠤᠮᠵᠢ ᠪᠤᠶᠤ ᠡᠮᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠢ ᠎ ᠳᠤᠨᠢ ᠮᠡᠳᠡᠬᠦᠯᠬᠦ ᠬᠡᠷᠡᠭᠳᠡᠢ᠃         ᠭᠤᠴᠢᠨ ᠬᠤᠶᠠᠳᠤᠭᠠᠷ ᠵᠦᠢᠯ   ᠭᠠᠷᠠᠮ᠂ ᠨᠢᠰᠬᠡᠯ ᠤᠨ ᠪᠠᠭᠤᠳᠠᠯ᠂ ᠲᠡᠮᠦᠷ ᠵᠠᠮ ᠤᠨ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠵᠢᠴᠢ ᠤᠯᠤᠰ ᠤᠨ ᠬᠢᠯᠢ ᠶᠢᠨ ᠡᠷᠡᠬᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠪᠠᠶᠢᠭᠤᠯᠤᠮᠵᠢ ᠬᠥᠬᠡ ᠲᠦᠷᠦᠯ ᠤᠨ ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠢ ᠤᠯᠵᠤ ᠮᠡᠳᠡᠪᠡᠯ᠂ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠤᠯᠤᠰ ᠤᠨ ᠬᠢᠯᠢ ᠶᠢᠨ ᠪᠤᠭᠤᠮᠳᠠ ᠶᠢᠨ ᠪᠠᠶᠢᠭ᠎ᠠ ᠭᠠᠵᠠᠷ ᠤᠨ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠤᠶᠤ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠲᠡᠷᠡ ᠳᠠᠷᠤᠢ ᠳᠤᠨᠢ ᠮᠡᠳᠡᠬᠦᠯᠬᠦ ᠶᠢᠨ ᠬᠠᠮᠳᠤ ᠬᠠᠷᠢᠯᠴᠠᠨ ᠮᠡᠳᠡᠭᠳᠡᠬᠦ ᠬᠡᠷᠡᠭᠳᠡᠢ᠃         ᠭᠤᠴᠢᠨ ᠭᠤᠷᠪᠠᠳᠤᠭᠠᠷ ᠵᠦᠢᠯ   ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠲᠤᠬᠠᠢ ᠮᠡᠳᠡᠭᠡ ᠵᠠᠩᠬᠢ ᠶᠢ ᠰᠠᠨᠠᠭᠠᠴᠢᠯᠠᠭ᠎ᠠ ᠲᠠᠢ ᠪᠠᠷ ᠴᠤᠭᠯᠠᠭᠤᠯᠵᠤ᠂ ᠵᠠᠳᠠᠯᠤᠨ ᠰᠢᠨᠵᠢᠯᠡᠵᠤ᠂ ᠪᠠᠶᠢᠴᠠᠭᠠᠵᠤ᠂ ᠬᠢᠨᠠᠨ ᠬᠠᠷᠭᠤᠭᠤᠯᠬᠤ ᠬᠡᠷᠡᠭᠳᠡᠢ᠃ ᠬᠥᠬᠡ ᠲᠦᠷᠦᠯ᠂ ᠬᠥᠬᠡᠭᠴᠢᠨ ᠲᠦᠷᠦᠯ ᠤᠨ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠬᠦᠯᠦᠯᠳᠡ ᠶᠢ ᠤᠯᠬᠤ ᠪᠤᠶᠤ ᠬᠠᠯᠳᠠᠪᠤᠷᠢᠳᠤ ᠡᠪᠡᠳᠴᠢᠨ ᠡᠭᠦᠰᠦᠭᠰᠡᠨ᠂ ᠲᠡᠯᠭᠡᠷᠡᠭᠰᠡᠨ ᠢ ᠤᠯᠵᠤ ᠮᠡᠳᠡᠪᠡᠯ᠂ ᠲᠤᠬᠠᠢ ᠶᠢᠨ ᠭᠠᠵᠠᠷ ᠤᠨ ᠢᠶᠠᠨ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠲᠡᠷᠡ ᠳᠠᠷᠤᠢ ᠳᠤᠨᠢ ᠮᠡᠳᠡᠬᠦᠯᠬᠦ ᠬᠡᠷᠡᠭᠳᠡᠢ᠂ ᠲᠤᠬᠠᠢ ᠶᠢᠨ ᠭᠠᠵᠠᠷ ᠤᠨ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤᠬᠠᠢ ᠶᠢᠨ ᠭᠠᠵᠠᠷ ᠤᠨ ᠢᠶᠠᠨ ᠠᠷᠠᠳ ᠤᠨ ᠵᠠᠰᠠᠭ ᠤᠨ ᠤᠷᠳᠤᠨ ᠳᠤ ᠲᠡᠷᠡ ᠳᠠᠷᠤᠢ ᠳᠤᠨᠢ ᠮᠡᠳᠡᠬᠦᠯᠬᠦ ᠶᠢᠨ ᠬᠠᠮᠳᠤ ᠲᠡᠭᠡᠳᠦ ᠱᠠᠳᠤᠨ ᠤ ᠡᠷᠡᠬᠦᠯ ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠬᠦᠯᠬᠦ ᠬᠡᠷᠡᠭᠳᠡᠢ᠃         ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠲᠤᠰᠬᠠᠢ ᠰᠠᠯᠠᠭ᠎ᠠ ᠮᠦᠴᠢᠷ᠂ ᠠᠵᠢᠯᠳᠠᠨ ᠢ ᠭᠠᠷᠭᠠᠬᠤ ᠪᠤᠶᠤ ᠵᠢᠭᠠᠨ ᠲᠤᠭᠳᠠᠭᠠᠵᠤ ᠪᠠᠶᠢᠭᠠᠳ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠲᠤᠬᠠᠢ ᠮᠡᠳᠡᠭᠡ ᠵᠠᠩᠬᠢ ᠶᠢ ᠬᠠᠮᠢᠶᠠᠷᠬᠤ ᠠᠵᠢᠯ ᠢ ᠬᠠᠷᠢᠭᠤᠴᠠᠭᠤᠯᠵᠤ᠂ ᠬᠢᠵᠢᠭ ᠤᠨ ᠪᠠᠶᠢᠳᠠᠯ ᠤᠨ ᠲᠤᠬᠠᠢ ᠮᠡᠳᠡᠬᠦᠯᠦᠯᠳᠡ ᠶᠢ ᠴᠠᠭ ᠲᠤᠬᠠᠢ ᠳᠤᠨᠢ ᠬᠢᠨᠠᠨ ᠬᠠᠷᠭᠤᠭᠤᠯᠵᠤ᠂ ᠵᠠᠳᠠᠯᠤᠨ ᠰᠢᠨᠵᠢᠯᠡᠬᠦ ᠬᠡᠷᠡᠭᠳᠡᠢ᠃         ᠭᠤᠴᠢᠨ ᠲᠦᠷᠪᠡᠳᠦᠭᠡᠷ ᠵᠦᠢᠯ   ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠲᠤᠬ ᠤᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠵᠢᠴᠢ ᠬᠢᠨᠠᠨ ᠬᠡᠮᠵᠢᠭᠰᠡᠨ᠂ ᠤᠷᠢᠳᠴᠢᠯᠠᠨ ᠰᠡᠷᠡᠮᠵᠢᠯᠡᠬᠦᠯᠬᠦ ᠬᠠᠮᠢᠶ᠎ᠠ ᠪᠦᠬᠦᠢ ᠮᠡᠳᠡᠭᠡ ᠵᠠᠩᠬᠢ ᠶᠢ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠠ ᠡᠮᠴᠢᠯᠡᠬᠡᠨ ᠤ ᠪᠠᠶᠢᠭᠤᠯᠤᠮᠵᠢ ᠳᠤ ᠴᠠᠭ ᠲᠤᠬᠠᠢ ᠳᠤᠨᠢ ᠮᠡᠳᠡᠭᠳᠡᠬᠦ ᠬᠡᠷᠡᠭᠳᠡᠢ᠃ ᠮᠡᠳᠡᠭᠳᠡᠯ ᠢ ᠤᠯᠤᠭᠰᠠᠨ ᠡᠪᠡᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠪᠠᠶᠢᠭᠤᠯᠤᠮᠵᠢ ᠪᠠ ᠡᠮᠴᠢᠯᠡᠬᠡᠨ ᠤ ᠪᠠᠶᠢᠭᠤᠯᠤᠮᠵᠢ ᠲᠤᠰ ᠨᠢᠭᠡᠴᠢ ᠶᠢᠨ ᠢᠶᠠᠨ ᠬᠤᠯᠪᠤᠭᠳᠠᠯ ᠪᠦᠬᠦᠢ ᠠᠵᠢᠯᠲᠠᠳ ᠲᠤ ᠴᠠᠭ ᠲᠤᠬᠠᠢ ᠳᠤᠨᠢ ᠮᠡᠳᠡᠭᠳᠡᠬᠦ ᠬᠡᠷᠡᠭᠳᠡᠢ᠃         ᠭᠤᠴᠢᠨ ᠲᠠᠪᠤᠳᠤᠭᠠᠷ ᠵᠦᠢᠯ   ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠦᠬᠦ ᠤᠯᠤᠰ ᠤᠨ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠵᠢᠴᠢ ᠬᠢᠨᠠᠨ ᠬᠡᠮᠵᠢᠭᠰᠡᠨ᠂ ᠤᠷᠢᠳᠴᠢᠯᠠᠨ ᠰᠡᠷᠡᠮᠵᠢᠯᠡᠬᠦᠯᠬᠦ ᠬᠠᠮᠢᠶ᠎ᠠ ᠪᠦᠬᠦᠢ ᠮᠡᠳᠡᠭᠡ ᠵᠠᠩᠬᠢ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠪᠤᠰᠤᠳ ᠰᠠᠯᠠᠭ᠎ᠠ ᠮᠦᠴᠢᠷ ᠪᠠ ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠲᠤ ᠴᠠᠭ ᠲᠤᠬᠠᠢ ᠳᠤᠨᠢ ᠮᠡᠳᠡᠭᠳᠡᠬᠦᠬᠡᠷᠡᠭᠳᠡᠢ᠃         ᠬᠦᠷᠰᠢ ᠵᠡᠷᠬᠡᠯᠡᠳᠡᠭᠡ ᠵᠢᠴᠢ ᠬᠤᠯᠪᠤᠬᠳᠠᠯ ᠪᠦᠬᠦᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠪᠠᠨ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠵᠢᠴᠢ ᠬᠢᠨᠠᠨ ᠬᠡᠮᠵᠢᠭᠰᠡᠨ᠂ ᠤᠷᠢᠳᠴᠢᠯᠠᠨ ᠰᠡᠷᠡᠮᠵᠢᠯᠡᠬᠦᠯᠬᠦ ᠬᠠᠮᠢᠶ᠎ᠠ ᠪᠦᠬᠦᠢ ᠮᠡᠳᠡᠭᠡ ᠵᠠᠩᠬᠢ ᠪᠠᠨ ᠴᠠᠭ ᠲᠤᠬᠠᠢ ᠳᠤᠨᠢ ᠬᠠᠷᠢᠯᠴᠠᠨ ᠮᠡᠳᠡᠭᠳᠡᠬᠦ ᠬᠡᠷᠡᠭᠳᠡᠢ᠃         ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠪᠡᠯ᠂ ᠠᠳᠠᠯᠢ ᠱᠠᠳᠤᠨ ᠤ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠲᠤ ᠴᠠᠭ ᠲᠤᠬᠠᠢ ᠳᠤᠨᠢ ᠮᠡᠳᠡᠭᠳᠡᠬᠦ ᠬᠡᠷᠡᠭᠳᠡᠢ᠃         ᠲᠤᠮᠳᠠᠳᠤ ᠤᠯᠤᠰ ᠤᠨ ᠠᠷᠠᠳ ᠤᠨ ᠴᠢᠯᠦᠬᠡᠯᠡᠬᠦ ᠴᠡᠷᠢᠭ ᠤᠨ ᠡᠷᠡᠬᠦᠯ ᠬᠠᠮᠠᠭᠠᠯᠠᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠪᠡᠯ᠂ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠳᠡᠬᠦ ᠬᠡᠷᠡᠭᠳᠡᠢ᠃         ᠭᠤᠴᠢᠨ ᠵᠢᠷᠭᠤᠳᠤᠭᠠᠷ ᠵᠦᠢᠯ   ᠠᠮᠢᠳᠠᠨ ᠤ ᠬᠢᠵᠢᠭ ᠢ ᠰᠡᠷᠭᠡᠶᠢᠯᠡᠬᠦ ᠪᠠᠶᠢᠭᠤᠯᠤᠮᠵᠢ ᠪᠠ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠠᠮᠢᠳᠠᠨ ᠪᠠ ᠬᠦᠮᠦᠨ ᠤ ᠳᠤᠮᠳᠠ ᠡᠭᠦᠰᠦᠭᠰᠡᠨ ᠬᠦᠮᠦᠨ ᠮᠠᠯ ᠳᠤ ᠪᠦᠷ ᠲᠤᠰᠳᠠᠭ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠵᠢᠴᠢ ᠬᠠᠮᠢᠶ᠎ᠠ ᠪᠦᠬᠦᠢ ᠮᠡᠳᠡᠭᠡ ᠵᠠᠩᠬᠢ ᠶᠢ ᠴᠠᠭ ᠲᠤᠬᠠᠢ ᠳᠤᠨᠢ ᠬᠠᠷᠢᠯᠴᠠᠨ ᠮᠡᠳᠡᠭᠳᠡᠬᠦ ᠬᠡᠷᠡᠭᠳᠡᠢ᠃         ᠭᠤᠴᠢᠨ ᠲᠤᠯᠤᠳᠤᠭᠠᠷ ᠵᠦᠢᠯ   ᠲᠤᠰ ᠬᠠᠤᠯᠢ ᠶᠢᠨ ᠲᠤᠭᠳᠠᠭᠠᠯ ᠶᠤᠰᠤᠭᠠᠷ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠲᠤᠬᠠᠢ ᠮᠡᠳᠡᠬᠦᠯᠦᠯᠳᠡ ᠬᠢᠬᠦ ᠲᠤᠰᠢᠶᠠᠯ ᠬᠠᠷᠢᠭᠤᠴᠠᠯᠭ᠎ᠠ ᠪᠦᠬᠦᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ᠂ ᠴᠢᠰᠤ ᠠᠪᠬᠤ ᠴᠢᠰᠤ ᠬᠠᠨᠭ᠍ᠭᠠᠬᠤ ᠪᠠᠶᠢᠭᠤᠯᠤᠮᠵᠢ ᠵᠢᠴᠢ ᠲᠡᠬᠦᠨ ᠤ ᠠᠵᠢᠯᠳᠠᠨ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠨ ᠲᠠᠯᠳᠠᠯᠠᠵᠤ᠂ ᠬᠤᠳᠠᠯ ᠢᠶᠠᠷ ᠮᠡᠳᠡᠬᠦᠯᠵᠦ᠂ ᠤᠳᠠᠭᠠᠰᠢᠷᠠᠭᠤᠯᠤᠨ ᠮᠡᠳᠡᠬᠦᠯᠵᠦ ᠪᠤᠯᠬᠤ ᠦᠭᠡᠢ᠃         ᠭᠤᠴᠢᠨ ᠨᠠᠢᠮᠠᠳᠤᠭᠠᠷ ᠵᠦᠢᠯ   ᠤᠯᠤᠰ ᠠᠴᠠ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠨᠠᠶᠢᠳᠡᠯᠡᠬᠦ ᠲᠦᠷᠢᠮ ᠢ ᠪᠠᠶᠢᠭᠤᠯᠤᠨ᠎ᠠ᠃         ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠦᠬᠦ ᠤᠯᠤᠰ ᠤᠨ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠲᠤᠭᠳᠠᠮᠠᠯ ᠬᠤᠭᠤᠴᠠᠭ᠎ᠠ ᠲᠠᠢ ᠪᠠᠷ ᠨᠠᠶᠢᠳᠠᠯᠠᠨ᠎ᠠ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠪᠠᠨ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠲᠤᠭᠳᠠᠮᠠᠯ ᠬᠤᠭᠤᠴᠠᠭ᠎ᠠ ᠲᠠᠢ ᠪᠠᠷ ᠨᠠᠶᠢᠳᠠᠯᠠᠨ᠎ᠠ᠃ ᠬᠠᠯᠳᠠᠪᠤᠷᠢᠳᠤ ᠡᠪᠡᠳᠴᠢᠨ ᠡᠬᠦᠰᠦᠭᠰᠡᠨ᠂ ᠲᠡᠯᠭᠡᠷᠡᠭᠰᠡᠨ ᠦᠶ᠎ᠡ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠨᠠᠶᠢᠭᠡᠮ ᠨᠠᠶᠢᠳᠠ ᠳᠤ ᠨᠠᠶᠢᠳᠡᠯᠡᠬᠦ ᠶᠠᠪᠤᠳᠠᠯ ᠢ ᠬᠠᠷᠢᠭᠤᠴᠠᠬᠤ ᠶᠢᠨ ᠬᠠᠮᠳᠤ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠡᠷᠬᠡ ᠤᠯᠭᠤᠵᠤ ᠲᠤᠰ ᠵᠠᠰᠠᠭ ᠵᠠᠬᠢᠷᠭᠠᠨ ᠤ ᠤᠷᠤᠨ ᠤ ᠎ ᠪᠠᠨ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠨᠠᠶᠢᠭᠡᠮ ᠨᠠᠶᠢᠳᠠ ᠳᠤ ᠨᠠᠶᠢᠳᠡᠯᠡᠬᠦᠯᠵᠤ ᠪᠤᠯᠤᠨ᠎ᠠ᠃         ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠴᠠᠭ ᠲᠤᠬᠠᠢ ᠳᠤᠨᠢ᠂ ᠤᠨᠤᠪᠴᠢᠳᠡᠢ ᠨᠠᠶᠢᠳᠡᠯᠡᠬᠦ ᠬᠡᠷᠡᠭᠳᠡᠢ᠃        ※ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠤᠷᠴᠢᠭᠤᠯᠪᠠ
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号