ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ (4)
ᠨᠡᠶᠢᠲᠡᠯᠡᠭᠰᠡᠨ ᠴᠠᠭ᠄
2020/3/9
        ᠲᠦᠷᠪᠡᠳᠦᠭᠡᠷ ᠪᠦᠯᠦᠭ   ᠬᠢᠵᠢᠭ ᠤᠨ ᠪᠠᠶᠢᠳᠠᠯ ᠢ ᠬᠢᠵᠠᠭᠠᠷᠯᠠᠬᠤ         ᠭᠤᠴᠢ ᠶᠢᠰᠦᠳᠦᠭᠡᠷ ᠵᠦᠢᠯ   ᠡᠮᠴᠢᠯᠡᠬᠡᠨ ᠤ ᠪᠠᠶᠢᠭᠤᠯᠤᠮᠵᠢ ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠢ ᠤᠯᠵᠤ ᠮᠡᠳᠡᠪᠡᠯ᠂ ᠲᠤᠤᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠪᠬᠤ ᠬᠡᠷᠡᠭᠳᠡᠢ         ︵ᠨᠢᠬᠡ︶ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ ᠢ ᠲᠤᠰᠠᠭᠠᠷᠯᠠᠨ ᠡᠮᠨᠡᠨ ᠵᠠᠰᠠᠨ᠎ᠠ᠂ ᠲᠤᠰᠠᠭᠠᠷᠯᠠᠬᠤ ᠬᠤᠭᠤᠴᠠᠭ᠎ᠠ ᠶᠢ ᠠᠨᠠᠭᠠᠬᠤ ᠤᠬᠠᠭᠠᠨ ᠤ ᠪᠠᠶᠢᠴᠠᠭᠠᠯᠳᠠ ᠶᠢᠨ ᠦᠷ᠎ᠡ ᠳ᠋ᠦᠩ ᠢ ᠦᠨᠳᠦᠰᠦᠯᠡᠵᠦ ᠲᠤᠭᠳᠠᠭᠠᠨ᠎ᠠ︔         ︵ᠬᠤᠶᠠᠷ︶ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠢ ᠪᠤᠯ ᠡᠪᠡᠳᠴᠢᠨ ᠢ ᠨᠢ ᠲᠤᠳᠤᠯᠠᠬᠤ ᠠᠴᠠ ᠡᠮᠦᠨ᠎ᠡ ᠲᠤᠭᠳᠠᠭᠰᠠᠨ ᠲᠠᠯᠠᠪᠤᠷ ᠭᠠᠵᠠᠷ ᠲᠤ ᠲᠤᠰᠠᠭᠠᠷᠯᠠᠨ ᠡᠮᠨᠡᠵᠦ ᠵᠠᠰᠠᠨ᠎ᠠ︔ ︵ᠭᠤᠷᠪᠠ︶ ᠡᠮᠴᠢᠯᠡᠭᠡᠨ ᠤ ᠪᠠᠶᠢᠭᠤᠯᠤᠮᠵᠢ ᠶᠢᠨ ᠲᠤᠳᠤᠭᠠᠳᠤ ᠶᠢᠨ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠲᠠᠢ ᠨᠢᠭᠳᠠ ᠦᠢᠷᠡᠳᠦᠬᠰᠡᠳ ᠲᠤ ᠪᠤᠯ᠂ ᠲᠤᠭᠳᠠᠭᠰᠠᠨ ᠲᠠᠯᠠᠪᠤᠷ ᠭᠠᠵᠠᠷ ᠲᠤ ᠠᠨᠠᠭᠠᠬᠤ ᠤᠬᠠᠭᠠᠨ ᠤ ᠠᠵᠢᠭᠯᠠᠯᠳᠠ ᠬᠢᠬᠦ ᠪᠦᠭᠡᠳ ᠴᠢᠬᠤᠯᠠ ᠪᠦᠬᠦᠢ ᠤᠷᠢᠳᠴᠢᠯᠠᠨ ᠰᠡᠷᠭᠡᠶᠢᠯᠡᠬᠦᠪᠤᠰᠤᠳ ᠠᠷᠭ᠎ᠠ ᠬᠡᠮᠵᠢᠶ᠎ᠠ ᠶᠢ ᠠᠪᠤᠨ᠎ᠠ᠃         ᠲᠤᠰᠠᠭᠠᠷᠯᠠᠵᠤ ᠡᠮᠨᠡᠨ ᠵᠠᠰᠠᠬᠤ ᠶᠢ ᠲᠡᠪᠴᠢᠭᠰᠡᠨ ᠬᠦᠮᠥᠨ ᠪᠤᠶᠤ ᠲᠤᠰᠠᠭᠠᠷᠯᠠᠬᠤ ᠬᠤᠭᠤᠴᠠᠭ᠎ᠠ ᠲᠦᠬᠦᠷᠦᠭᠡᠳᠦᠢ ᠪᠠᠷ ᠲᠤᠰᠠᠭᠠᠷᠯᠠᠵᠤ ᠡᠮᠨᠡᠨ ᠵᠠᠰᠠᠬᠤ ᠭᠠᠵᠠᠷ ᠠᠴᠠ ᠲᠤᠷ᠎ᠠ ᠪᠠᠷ ᠢᠶᠠᠨ ᠰᠠᠯᠵᠤ ᠶᠠᠪᠤᠭᠰᠠᠳ ᠲᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠡᠮᠴᠢᠯᠡᠬᠡᠨ ᠤ ᠪᠠᠶᠢᠭᠤᠯᠤᠮᠵᠢ ᠲᠠᠢ ᠬᠠᠮᠵᠢᠵᠤ ᠪᠠᠶᠢᠭᠠᠳ ᠠᠯᠪᠠᠳᠠᠨ ᠲᠤᠰᠠᠭᠠᠷᠯᠠᠵᠤ ᠡᠮᠨᠡᠬᠦ ᠠᠷᠭ᠎ᠠ ᠬᠡᠮᠵᠢᠶ᠎ᠡ ᠠᠪᠴᠤ ᠪᠤᠯᠤᠨ᠎ᠠ᠃         ᠡᠮᠴᠢᠯᠡᠬᠡᠨ ᠤ ᠪᠠᠶᠢᠭᠤᠯᠤᠮᠵᠢ ᠬᠥᠬᠡᠭᠴᠢᠨ ᠲᠦᠷᠦᠯ ᠪᠤᠶᠤ ᠤᠯᠠᠭᠠᠨ ᠲᠦᠷᠦᠯ ᠤᠨ ᠬᠠᠯᠳᠠᠪᠤᠷᠢᠳᠤ ᠡᠪᠡᠳᠴᠢᠨ ᠲᠠᠢ ᠡᠪᠡᠳᠴᠢᠳᠡᠨ ᠪᠠᠶᠢᠬᠤ ᠶᠢ ᠤᠯᠵᠤ ᠮᠡᠳᠡᠪᠡᠯ᠂ ᠡᠪᠡᠳᠴᠢᠨ ᠤ ᠬᠢᠨᠢ ᠪᠠᠶᠢᠳᠠᠯ ᠢ ᠦᠨᠳᠦᠰᠦᠯᠡᠨ ᠴᠢᠬᠤᠯᠠ ᠪᠦᠬᠦᠢ ᠡᠮᠨᠡᠨ ᠵᠠᠰᠠᠬᠤ ᠪᠠ ᠬᠠᠯᠳᠠᠪᠤᠷᠢᠯᠠᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠳᠡᠢ᠃         ᠡᠮᠴᠢᠯᠡᠭᠡᠨ ᠤ ᠪᠠᠶᠢᠭᠤᠯᠤᠮᠵᠢ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠬᠰᠠᠨ ᠭᠠᠵᠠᠷ᠂ ᠡᠳ᠋ ᠪᠤᠳᠠᠰ ᠵᠢᠴᠢ ᠡᠮᠴᠢᠯᠡᠭᠡ ᠶᠢᠨ ᠬᠠᠶᠠᠭᠳᠠᠮᠠᠯ ᠪᠤᠳᠠᠰ ᠢ ᠡᠷᠭᠡᠪᠰᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠤᠭᠳᠠᠭᠠᠯ ᠶᠤᠰᠤᠭᠠᠷ ᠠᠷᠢᠭᠤᠳᠬᠠᠬᠤ ᠪᠠ ᠬᠤᠤᠷ ᠦᠭᠡᠶᠢᠵᠢᠬᠦᠯᠦᠨ ᠰᠢᠢᠳᠪᠤᠷᠢᠯᠡᠬᠦ ᠬᠡᠷᠡᠭᠳᠡᠢ᠃         ᠲᠦᠴᠢᠳᠦᠬᠡᠷ ᠵᠦᠢᠯ   ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠪᠤᠶᠤ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠬᠦᠯᠦᠯᠳᠡ ᠶᠢ ᠤᠯᠪᠠᠯ᠂ ᠲᠤᠤᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠪᠬᠤ ᠬᠡᠷᠡᠭᠳᠡᠢ᠄         ︵ᠨᠢᠬᠡ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠳᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠬᠢᠵᠤ᠂ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠬᠢᠵᠢᠭᠳᠦ ᠴᠡᠭ᠂ ᠬᠢᠵᠢᠭᠳᠦ ᠤᠷᠤᠨ ᠢ ᠵᠠᠭᠠᠭᠯᠠᠨ ᠲᠤᠭᠳᠠᠭᠠᠬᠤ ᠰᠠᠨᠠᠭᠤᠯᠭ᠎ᠠ ᠶᠢ ᠲᠤᠷᠠᠳᠤᠨ ᠭᠠᠷᠭᠠᠵᠤ᠂ ᠪᠤᠬᠢᠷᠳᠤᠭᠳᠠᠭᠰᠠᠨ ᠭᠠᠵᠠᠷ ᠲᠤ ᠡᠷᠡᠭᠦᠯ ᠬᠠᠮᠠᠭᠠᠯᠠᠯ ᠤᠨ ᠰᠢᠢᠳᠪᠦᠷᠢᠯᠡᠯᠲᠡ ᠬᠢᠵᠦ᠂ ᠨᠢᠭᠳᠠ ᠤᠢᠢᠷᠠᠳᠤᠭᠰᠠᠳ ᠲᠤ ᠲᠤᠭᠳᠠᠭᠰᠠᠨ ᠲᠠᠯᠠᠪᠤᠷ ᠭᠠᠵᠠᠷ ᠲᠤ ᠠᠨᠠᠭᠠᠬᠤ ᠤᠬᠠᠭᠠᠨ ᠤ ᠠᠵᠢᠭᠯᠠᠯᠳᠠ ᠬᠢᠬᠦ ᠪᠦᠭᠡᠳ ᠴᠢᠬᠤᠯᠠ ᠪᠦᠬᠦᠢ ᠰᠡᠷᠭᠡᠶᠢᠯᠡᠬᠦ ᠪᠤᠰᠤᠳ ᠠᠷᠭ᠎ᠠ ᠬᠡᠮᠵᠢᠶ᠎ᠡ ᠠᠪᠬᠤ ᠶᠢᠨ ᠬᠠᠮᠳᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠬᠢᠵᠢᠭ ᠤᠨ ᠪᠠᠶᠢᠳᠠᠯ ᠢ ᠬᠢᠵᠠᠭᠠᠷᠯᠠᠬᠤ ᠲᠦᠰᠦᠯ ᠢ ᠲᠤᠷᠠᠳᠤᠨ ᠭᠠᠷᠭᠠᠨ᠎ᠠ︔         ︵ᠬᠤᠶᠠᠷ︶ ᠬᠠᠯᠳᠠᠪᠤᠷᠢᠳᠤ ᠡᠪᠡᠳᠴᠢᠨ ᠡᠬᠦᠰᠥᠭᠰᠡᠨ᠂ ᠲᠡᠯᠭᠡᠷᠡᠭᠰᠡᠨ ᠦᠶ᠎ᠡ ᠳᠤ ᠬᠢᠵᠢᠭᠳᠦ ᠴᠡᠭ᠂ ᠬᠢᠵᠢᠭᠳᠦ ᠤᠷᠤᠨ ᠳᠤ ᠡᠷᠡᠭᠦᠯ ᠬᠠᠮᠠᠭᠠᠯᠠᠯ ᠤᠨ ᠰᠢᠢᠳᠪᠦᠷᠢᠯᠡᠯᠲᠡ ᠬᠢᠵᠤ᠂ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠬᠢᠵᠢᠭ ᠤᠨ ᠪᠠᠶᠢᠳᠠᠯ ᠢ ᠬᠢᠵᠠᠭᠠᠷᠯᠠᠬᠤ ᠲᠦᠰᠦᠯ ᠢ ᠲᠤᠷᠠᠳᠤᠨ ᠭᠠᠷᠭᠠᠬᠤ ᠶᠢᠨ ᠬᠠᠮᠳᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠱᠠᠭᠠᠷᠳᠠᠯᠭ᠎ᠠ ᠶᠤᠰᠤᠭᠠᠷ ᠠᠷᠭ᠎ᠠ ᠬᠡᠮᠵᠢᠶ᠎ᠡ ᠠᠪᠤᠨ᠎ᠠ︔         ︵ᠭᠤᠷᠪᠠ︶ ᠲᠤᠤᠷᠠᠳᠤ ᠱᠠᠳᠤᠨ ᠤ ᠪᠠᠨ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢ ᠵᠢᠯᠤᠭᠤᠳᠤᠨ ᠬᠠᠯᠳᠠᠪᠤᠷᠢᠳᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠤᠯᠵᠤ᠂ ᠬᠤᠯᠪᠤᠭᠳᠠᠯ ᠪᠦᠬᠦᠢ ᠨᠢᠬᠡᠴᠢ ᠶᠢᠨ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠰᠢᠢᠳᠪᠤᠷᠢᠯᠡᠬᠦ ᠠᠵᠢᠯ ᠢ ᠵᠤᠬᠢᠶᠠᠨ ᠪᠠᠶᠢᠭᠤᠯᠵᠤ᠂ ᠵᠢᠯᠤᠭᠤᠳᠤᠨ᠎ᠠ᠃         ᠲᠦᠴᠢᠨ ᠨᠢᠭᠡᠳᠦᠭᠡᠷ ᠵᠦᠢᠯ   ᠨᠢᠬᠡᠨᠳᠡ ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠤ ᠵᠢᠱᠢᠶ᠎ᠡ ᠭᠠᠷᠤᠬᠰᠠᠨ ᠲᠠᠯᠠᠪᠤᠷ ᠭᠠᠵᠠᠷ ᠪᠤᠶᠤ ᠲᠤᠰ ᠲᠠᠯᠠᠪᠤᠷ ᠭᠠᠵᠠᠷ ᠤᠨ ᠲᠤᠳᠤᠷᠠᠬᠢ ᠤᠨᠴᠠ ᠲᠤᠬᠲᠠᠬᠰᠠᠨ ᠤᠷᠤᠨ ᠤ ᠬᠦᠮᠦᠰ ᠲᠤ᠂ ᠪᠠᠶᠢᠭ᠎ᠠ ᠭᠠᠵᠠᠷ ᠤᠨ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠲᠤᠬ ᠤᠨ ᠠᠷᠠᠳ ᠤᠨ ᠵᠠᠰᠠᠭ ᠤᠨ ᠤᠷᠳᠤᠨ ᠲᠤᠰᠠᠭᠠᠷᠯᠠᠬᠤ ᠠᠷᠭ᠎ᠠ ᠬᠡᠮᠵᠢᠶ᠎ᠡ ᠠᠪᠴᠤ ᠪᠤᠯᠬᠤ ᠪᠦᠭᠡᠳ ᠲᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ᠎ᠡ︔ ᠮᠡᠳᠡᠬᠦᠯᠦᠯᠳᠡ ᠶᠢ ᠤᠯᠤᠭᠰᠠᠨ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠵᠦᠪᠰᠢᠶᠡᠷᠡᠬᠦ ᠡᠰᠡᠬᠦ ᠲᠤᠭᠳᠠᠭᠠᠯ ᠢ ᠲᠡᠷᠡ ᠲᠠᠷᠤᠢ ᠳᠤᠨᠢ ᠭᠠᠷᠭᠠᠬᠤ ᠬᠡᠷᠡᠭᠳᠡᠢ᠃ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠦᠯᠦ ᠵᠦᠪᠰᠢᠶᠡᠷᠡᠬᠦ ᠲᠤᠭᠳᠠᠭᠠᠯ ᠭᠠᠷᠭᠠᠭᠰᠠᠨ ᠪᠠᠶᠢᠪᠠᠯ᠂ ᠲᠤᠰᠠᠭᠠᠷᠯᠠᠬᠤ ᠠᠷᠭ᠎ᠠ ᠬᠡᠮᠵᠢᠶ᠎ᠡ ᠠᠪᠤᠭᠰᠠᠨ ᠠᠷᠠᠳ ᠤᠨ ᠵᠠᠰᠠᠭ ᠤᠨ ᠤᠷᠳᠤᠨ ᠲᠤᠰᠠᠭᠠᠷᠯᠠᠬᠤ ᠠᠷᠭ᠎ᠠ ᠬᠡᠮᠵᠢᠶ᠎ᠡ ᠪᠠᠨ ᠲᠡᠷᠡ ᠲᠤᠤᠷ᠎ᠠ ᠨᠢ ᠵᠤᠭᠰᠤᠭᠠᠬᠤ ᠬᠡᠷᠡᠭᠳᠡᠢ᠃ ᠲᠤᠰᠠᠭᠠᠷᠯᠠᠬᠤ ᠬᠤᠭᠤᠴᠠᠭᠠᠨ ᠳᠤ ᠲᠤᠰᠠᠭᠠᠷᠯᠠᠬᠤ ᠠᠷᠭ᠎ᠠ ᠬᠡᠮᠵᠢᠶ᠎ᠡ ᠠᠪᠤᠭᠰᠠᠨ ᠠᠷᠠᠳ ᠤᠨ ᠵᠠᠰᠠᠭ ᠤᠨ ᠤᠷᠳᠤᠨ ᠲᠤᠰᠠᠭᠠᠷᠯᠠᠭᠳᠠᠵᠤ ᠪᠠᠶᠢᠭ᠎ᠠ ᠬᠦᠮᠦᠨ ᠳᠤ ᠠᠮᠢᠳᠤᠷᠠᠯ ᠤᠨ ᠪᠠᠳᠤᠯᠠᠭ᠎ᠠ ᠬᠠᠨᠭ᠍ᠭᠠᠬᠤ ᠬᠡᠷᠡᠭᠳᠡᠢ︔ ᠲᠤᠰᠠᠭᠠᠷᠯᠠᠭᠳᠠᠵᠤ ᠪᠠᠶᠢᠭ᠎ᠠ ᠬᠦᠮᠦᠨ ᠨᠢ ᠠᠵᠢᠯ ᠤᠨ ᠨᠢᠬᠡᠴᠢ ᠲᠠᠢ ᠪᠠᠶᠢᠪᠠᠯ᠂ ᠪᠠᠶᠢᠭ᠎ᠠ ᠨᠢᠬᠡᠴᠢ ᠨᠢ ᠲᠡᠬᠦᠨ ᠤ ᠲᠤᠰᠠᠭᠠᠷᠯᠠᠭᠳᠠᠵᠤ ᠪᠠᠶᠢᠭ᠎ᠠ ᠬᠤᠭᠤᠴᠠᠭᠠᠨ ᠳᠠᠬᠢ ᠠᠵᠢᠯ ᠤᠨ ᠬᠥᠯᠦᠰᠦ ᠣᠯᠭᠤᠮᠵᠢ ᠶᠢ ᠨᠢ ᠦᠭᠬᠦ ᠦᠭᠡᠢ ᠪᠠᠶᠢᠵᠤ ᠪᠤᠯᠬᠤ ᠦᠭᠡᠢ᠃         ᠲᠤᠰᠠᠭᠠᠷᠯᠠᠬᠤ ᠠᠷᠭ᠎ᠠ ᠬᠡᠮᠵᠢᠶ᠎ᠡ ᠶᠢ ᠵᠤᠬᠰᠤᠭᠠᠬᠤ ᠶᠢ ᠲᠤᠰᠠᠭᠠᠷᠯᠠᠬᠤ ᠲᠤᠭᠳᠠᠭᠠᠯ ᠭᠠᠷᠭᠠᠭᠰᠠᠨ ᠤᠤᠯ ᠤᠨ ᠪᠠᠶᠢᠭᠤᠯᠭ᠎ᠠ ᠠᠴᠠ ᠲᠤᠭᠳᠠᠭᠠᠵᠤ ᠵᠠᠷᠯᠠᠨ᠎ᠠ᠃         ᠲᠦᠴᠢᠨ ᠬᠤᠶᠠᠳᠤᠭᠠᠷ ᠵᠦᠢᠯ   ᠬᠠᠯᠳᠠᠪᠤᠷᠢᠳᠤ ᠡᠪᠡᠳᠴᠢᠨ ᠡᠬᠦᠰᠦᠭᠰᠡᠨ᠂ ᠲᠡᠯᠭᠡᠷᠡᠭᠰᠡᠨ ᠦᠶ᠎ᠡ ᠳᠤ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠲᠤᠬ ᠤᠨ ᠠᠷᠠᠳ ᠤᠨ ᠵᠠᠰᠠᠭ ᠤᠨ ᠤᠷᠳᠤᠨ ᠲᠡᠷᠡ ᠲᠤᠤᠷ᠎ᠠ ᠨᠢ ᠬᠦᠴᠦᠨ ᠢᠶᠠᠨ ᠵᠤᠬᠢᠶᠠᠨ ᠪᠠᠶᠢᠭᠤᠯᠵᠤ᠂ ᠰᠡᠷᠭᠡᠶᠢᠯᠡᠬᠦ᠂ ᠬᠢᠵᠠᠭᠠᠷᠯᠠᠬᠤ ᠪᠡᠯᠡᠳᠬᠡᠯ ᠲᠦᠰᠦᠯ ᠶᠤᠰᠤᠭᠠᠷ ᠰᠡᠷᠭᠡᠶᠢᠯᠡᠨ ᠵᠠᠰᠠᠵᠤ᠂ ᠬᠠᠯᠳᠠᠪᠤᠷᠢᠳᠤ ᠡᠪᠡᠳᠴᠢᠨ ᠤ ᠬᠠᠯᠳᠠᠪᠤᠷᠢᠯᠠᠬᠤ ᠠᠷᠭ᠎ᠠ ᠵᠠᠮ ᠢ ᠲᠠᠰᠤᠯᠬᠤ ᠬᠡᠷᠡᠭᠳᠡᠢ᠂ ᠴᠢᠬᠤᠯᠠᠲᠠᠢ ᠦᠶ᠎ᠡ ᠳᠤ ᠲᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ ᠲᠤᠭᠳᠠᠭᠠᠯᠭᠠᠵᠤ ᠲᠤᠤᠷ᠎ᠠ ᠵᠢᠭᠰᠠᠭᠠᠭᠰᠠᠨ ᠪᠠᠴᠢᠮ ᠠᠷᠭ᠎ᠠ ᠬᠡᠮᠵᠢᠶ᠎ᠡ ᠶᠢ ᠠᠪᠬᠤ ᠶᠢᠨ ᠬᠠᠮᠳᠤ ᠵᠠᠷᠯᠠᠵᠤ ᠪᠤᠯᠤᠨ᠎ᠠ᠄         ︵ᠨᠢᠬᠡ︶ ᠴᠤᠭᠯᠠᠭ᠎ᠠ ᠮᠠᠶᠢᠮᠠᠢ᠂ ᠺᠢᠨᠣ᠋ ᠲᠢᠶᠡᠲᠷ ᠤᠨ ᠲᠤᠭᠯᠠᠯᠳᠠ ᠪᠤᠶᠤ ᠬᠦᠮᠦᠰ ᠤᠨ ᠴᠤᠭᠯᠠᠷᠠᠳᠠᠭ ᠪᠤᠰᠤᠳ ᠠᠵᠢᠯᠯᠠᠭ᠎ᠠ ᠶᠢ ᠬᠢᠵᠠᠭᠠᠷᠯᠠᠬᠤ ᠪᠤᠶᠤ ᠵᠤᠭᠰᠤᠭᠠᠬᠤ︔         ︵ᠬᠤᠶᠠᠷ︶ ᠠᠵᠢᠯ᠂ ᠠᠷᠠᠯᠵᠢᠶ᠎ᠠ᠂ ᠬᠢᠴᠢᠶᠡᠯ ᠢ ᠵᠤᠭᠰᠤᠭᠠᠬᠤ︔         ︵ᠭᠤᠷᠪᠠ︶ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠤᠯᠠᠨ ᠨᠠᠶᠢᠳᠠ ᠶᠢᠨ ᠤᠤᠭᠤᠬᠤ ᠤᠰᠤᠨ ᠤ ᠡᠬᠢ ᠰᠤᠷᠪᠤᠯᠵᠢ᠂ ᠢᠳᠡᠭᠡᠨ ᠵᠢᠴᠢ ᠬᠠᠮᠢᠶ᠎ᠠ ᠪᠦᠬᠦᠢ ᠡᠳ᠋ ᠪᠤᠳᠠᠰ ᠢ ᠪᠢᠳᠡᠬᠦᠮᠵᠢᠯᠡᠬᠦ ᠪᠤᠶᠤ ᠪᠢᠳᠡᠬᠦᠮᠵᠢᠯᠡᠨ ᠬᠠᠳᠠᠭᠠᠯᠠᠬᠤ︔         ︵ᠲᠦᠷᠪᠡ︶ ᠬᠢᠵᠢᠭ ᠬᠠᠯᠳᠠᠪᠤᠷᠢᠯᠠᠭᠰᠠᠨ ᠬᠡᠭᠡᠷ᠎ᠡ ᠶᠢᠨ ᠠᠮᠢᠳᠠᠨ᠂ ᠭᠡᠷ ᠤᠨ ᠲᠡᠵᠢᠭᠡᠪᠦᠷᠢ ᠭᠡᠷ ᠤᠨ ᠵᠢᠬᠦᠷᠳᠡᠨ ᠢ ᠬᠢᠵᠠᠭᠠᠷᠯᠠᠬᠤ ᠪᠤᠶᠤ ᠤᠰᠠᠳᠬᠠᠬᠤ︔         ︵ᠲᠠᠪᠤ︶ ᠬᠠᠯᠳᠠᠪᠤᠷᠢᠳᠤ ᠡᠪᠡᠳᠴᠢᠨ ᠲᠠᠷᠬᠠᠭᠠᠵᠤ ᠮᠡᠳᠡᠬᠦ ᠲᠠᠯᠠᠪᠤᠷ ᠭᠠᠵᠠᠷ ᠢ ᠪᠢᠳᠡᠬᠦᠮᠵᠢᠯᠡᠬᠦ᠃ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠡᠮᠦᠨᠡᠬᠢ ᠪᠠᠳᠠᠭ ᠲᠤ ᠵᠢᠭᠰᠠᠭᠠᠭᠰᠠᠨ ᠪᠠᠴᠢᠮ ᠠᠷᠭ᠎ᠠ ᠬᠡᠮᠵᠢᠶ᠎ᠡ ᠠᠪᠬᠤ ᠲᠤᠬᠠᠢ ᠲᠤᠤᠷᠠᠳᠤ ᠱᠠᠳᠣᠨ ᠤ ᠠᠷᠠᠳ ᠤᠨ ᠵᠠᠰᠠᠬ ᠤᠨ ᠤᠷᠳᠤᠨ ᠤ ᠮᠡᠳᠡᠬᠦᠯᠦᠯᠳᠡ ᠶᠢ ᠤᠯᠪᠠᠯ᠂ ᠴᠠᠭ ᠲᠤᠬᠠᠢ ᠳᠤᠨᠢ ᠲᠤᠭᠳᠠᠭᠠᠯ ᠭᠠᠷᠭᠠᠬᠤ ᠬᠡᠷᠡᠭᠳᠡᠢ᠃         ᠪᠠᠴᠢᠮ ᠠᠷᠭ᠎ᠠ ᠬᠡᠮᠵᠢᠶ᠎ᠡ ᠶᠢ ᠵᠤᠭᠰᠤᠭᠠᠬᠤ ᠶᠢ ᠲᠤᠭᠳᠠᠭᠠᠯ ᠭᠠᠷᠭᠠᠭᠰᠠᠨ ᠤᠤᠯ ᠤᠨ ᠪᠠᠶᠢᠭᠤᠯᠭ᠎ᠠ ᠠᠴᠠ ᠲᠤᠭᠳᠠᠭᠠᠵᠤ ᠵᠠᠷᠯᠠᠨ᠎ᠠ᠃         ᠲᠦᠴᠢᠨ ᠭᠤᠷᠪᠠᠳᠤᠭᠠᠷ ᠵᠦᠢᠯ   ᠬᠥᠬᠡ ᠲᠦᠷᠦᠯ᠂ ᠬᠥᠬᠡᠭᠴᠢᠨ ᠲᠦᠷᠦᠯ ᠤᠨ ᠬᠠᠯᠳᠠᠪᠤᠷᠢᠳᠤ ᠡᠪᠡᠳᠴᠢᠨ ᠡᠬᠦᠰᠦᠭᠰᠡᠨ᠂ ᠲᠡᠯᠭᠡᠷᠡᠭᠰᠡᠨ ᠦᠶ᠎ᠡ ᠳᠤ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠲᠡᠭᠡᠷ᠎ᠡ ᠨᠢᠬᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠥᠨ ᠲᠤᠭᠳᠠᠭᠠᠯᠭᠠᠵᠤ᠂ ᠲᠤᠰ ᠵᠠᠰᠠᠭ ᠵᠠᠬᠢᠷᠭᠠᠨ ᠤ ᠤᠷᠤᠨ ᠤ ᠪᠠᠨ ᠬᠡᠰᠡᠭ ᠭᠠᠵᠠᠷ ᠪᠤᠶᠤ ᠪᠦᠬᠦ ᠭᠠᠵᠠᠷ ᠢ ᠬᠢᠵᠢᠭᠳᠦ ᠤᠷᠤᠨ ᠢᠶᠠᠷ ᠵᠠᠷᠯᠠᠵᠤ ᠪᠤᠯᠤᠨ᠎ᠠ︔ ᠲᠦᠷᠦ ᠶᠢᠨ ᠶᠠᠪᠤᠳᠠᠯ ᠤᠨ ᠬᠤᠷᠢᠶ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠯᠤᠰᠯᠠᠭᠰᠠᠨ ᠬᠢᠵᠢᠭᠳᠦ ᠤᠷᠤᠨ ᠢ ᠲᠤᠭᠳᠠᠭᠠᠨ ᠵᠠᠷᠯᠠᠵᠤ ᠪᠤᠯᠤᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠬᠢᠵᠢᠭᠳᠦ ᠤᠷᠤᠨ ᠤ ᠲᠤᠳᠤᠷ᠎ᠠ ᠲᠤᠰ ᠬᠠᠤᠯᠢ ᠶᠢᠨ ᠲᠦᠴᠢᠨ ᠬᠤᠶᠠᠳᠤᠭᠠᠷ ᠵᠦᠢᠯ ᠳᠤ ᠲᠤᠭᠳᠠᠭᠠᠭᠰᠠᠨ ᠪᠠᠴᠢᠮ ᠠᠷᠭ᠎ᠠ ᠬᠡᠮᠵᠢᠶ᠎ᠡ ᠶᠢ ᠠᠪᠴᠤ ᠪᠤᠯᠬᠤ ᠪᠦᠭᠡᠳ ᠬᠢᠵᠢᠭᠳᠦ ᠤᠷᠤᠨ ᠢᠶᠠᠷ ᠤᠷᠤᠵᠤ ᠭᠠᠷᠬᠤ ᠬᠦᠮᠦᠰ᠂ ᠡᠳ᠋ ᠪᠠᠷᠠᠭ᠎ᠠ ᠪᠠ ᠵᠠᠮ ᠬᠠᠷᠢᠯᠴᠠᠭᠠᠨ ᠤ ᠪᠠᠭᠠᠵᠢ ᠳᠤ ᠡᠷᠡᠬᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠳᠠ ᠬᠢᠵᠤ ᠪᠤᠯᠤᠨ᠎ᠠ᠃         ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠭᠢᠷᠭᠠᠨ ᠤ ᠤᠷᠤᠨ ᠤ ᠲᠤᠳᠤᠷᠠᠬᠢ ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠤ ᠬᠢᠵᠢᠭᠳᠦ ᠤᠷᠤᠨ ᠢ ᠪᠢᠳᠡᠬᠦᠮᠵᠢᠯᠡᠬᠦ ᠶᠢ ᠲᠤᠬᠲᠠᠭᠠᠵᠤ ᠪᠤᠯᠤᠨ᠎ᠠ︔ ᠭᠡᠪᠡᠴᠦ ᠲᠤᠮᠤ᠂ ᠲᠤᠮᠳᠠ ᠬᠤᠳᠠ ᠶᠢᠨ ᠬᠢᠵᠢᠭᠳᠦ ᠤᠷᠤᠨ ᠢ ᠪᠢᠳᠡᠬᠦᠮᠵᠢᠯᠡᠬᠦ ᠪᠤᠶᠤ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠯᠤᠰᠯᠠᠭᠰᠠᠨ ᠬᠢᠵᠢᠭᠳᠦ ᠤᠷᠤᠨ ᠢ ᠪᠢᠳᠡᠬᠦᠮᠵᠢᠯᠡᠬᠦ᠂ ᠵᠢᠴᠢ ᠬᠢᠵᠢᠭᠳᠦ ᠤᠷᠤᠨ ᠢ ᠪᠢᠳᠡᠬᠦᠮᠵᠢᠯᠡᠬᠦ ᠠᠴᠠ ᠪᠤᠯᠤᠭᠠᠳ ᠭᠤᠤᠯ ᠱᠤᠭᠤᠮ ᠤᠨ ᠵᠠᠮ ᠬᠠᠷᠢᠯᠴᠠᠭ᠎ᠠ ᠶᠢ ᠲᠠᠰᠤᠯᠳᠠᠭᠤᠯᠬᠤ ᠪᠤᠶᠤ ᠤᠯᠤᠰ ᠤᠨ ᠬᠢᠯᠢ ᠶᠢ ᠪᠢᠳᠡᠬᠦᠮᠵᠢᠯᠡᠬᠦ ᠶᠠᠪᠤᠳᠠᠯ ᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ᠃         ᠬᠢᠵᠢᠭᠳᠦ ᠤᠷᠤᠨ ᠤ ᠪᠢᠳᠡᠬᠦᠮᠵᠢᠯᠡᠯ ᠢ ᠲᠠᠶᠢᠯᠬᠤ ᠶᠠᠪᠤᠳᠠᠯ ᠢ ᠲᠤᠭᠳᠠᠭᠠᠯ ᠭᠠᠷᠭᠠᠭᠰᠠᠨ ᠤᠤᠯ ᠤᠨ ᠪᠠᠶᠢᠭᠤᠯᠭ᠎ᠠ ᠠᠴᠠ ᠲᠤᠭᠳᠠᠭᠠᠵᠤ ᠵᠠᠷᠯᠠᠨ᠎ᠠ᠃         ᠲᠦᠴᠢᠨ ᠲᠦᠷᠪᠡᠳᠦᠭᠡᠷ ᠵᠦᠢᠯ   ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠡᠬᠦᠰᠦᠭᠰᠡᠨ ᠦᠶ᠎ᠡ ᠳᠤ᠂ ᠲᠤᠰ ᠬᠠᠯᠳᠠᠪᠤᠷᠢᠳᠤ ᠡᠪᠡᠳᠴᠢᠨ ᠤ ᠵᠠᠮ ᠬᠠᠷᠢᠯᠴᠠᠭᠠᠨ ᠤ ᠪᠠᠭᠠᠵᠢ ᠵᠢᠴᠢ ᠲᠡᠬᠦᠨ ᠳᠤ ᠲᠡᠭᠡᠭᠡᠵᠤ ᠰᠠᠭᠤᠭᠰᠠᠨ ᠬᠦᠮᠦᠨ᠂ ᠡᠳ᠋ ᠪᠠᠷᠠᠭ᠎ᠠ ᠪᠠᠷ ᠲᠠᠮᠵᠢᠨ ᠬᠠᠯᠳᠠᠪᠤᠷᠢᠯᠠᠬᠤ ᠶᠢ ᠰᠡᠷᠭᠡᠶᠢᠯᠡᠬᠦ ᠶᠢᠨ ᠲᠦᠯᠦᠭᠡ᠂ ᠵᠠᠮ ᠬᠠᠷᠢᠯᠴᠠᠭᠠᠨ ᠤ ᠡᠷᠡᠬᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠳᠠ ᠬᠢᠵᠤ ᠪᠤᠯᠤᠨ᠎ᠠ᠃ ᠪᠤᠳᠠᠳᠠᠢ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ᠃         ᠲᠦᠴᠢᠨ ᠲᠠᠪᠤᠳᠤᠭᠠᠷ ᠵᠦᠢᠯ   ᠬᠠᠯᠳᠠᠪᠤᠷᠢᠳᠤ ᠡᠪᠡᠳᠴᠢᠨ ᠡᠬᠦᠰᠦᠭᠰᠡᠨ᠂ ᠲᠡᠯᠭᠡᠷᠡᠭᠰᠡᠨ ᠦᠶ᠎ᠡ ᠳᠤ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠬᠢᠵᠠᠭᠠᠷᠯᠠᠬᠤ ᠬᠡᠷᠡᠭᠴᠡᠭᠡ ᠶᠢ ᠦᠨᠳᠦᠰᠦᠯᠡᠨ᠂ ᠲᠦᠷᠦ ᠶᠢᠨ ᠶᠠᠪᠤᠳᠠᠯ ᠤᠨ ᠬᠤᠷᠢᠶ᠎ᠠ ᠪᠦᠬᠦ ᠤᠯᠤᠰ ᠤᠨ ᠬᠡᠪᠴᠢᠶᠡᠨ ᠳᠤ ᠪᠤᠶᠤ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠯᠤᠰᠯᠠᠭᠰᠠᠨ ᠬᠡᠪᠴᠢᠶᠡᠨ ᠳᠤ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷ᠎ᠠ᠂ ᠬᠦᠮᠦᠰ ᠢ ᠪᠠᠴᠢᠮ ᠲᠠᠶᠢᠴᠢᠯᠠᠨ ᠴᠤᠬᠯᠠᠭᠤᠯᠬᠤ ᠪᠤᠶᠤ ᠨᠦᠭᠡᠴᠡ ᠡᠳ᠋ ᠪᠠᠷᠠᠭ᠎ᠠ ᠶᠢ ᠪᠠᠴᠢᠮ ᠰᠢᠯᠵᠢᠬᠦᠯᠦᠨ ᠬᠡᠷᠡᠭᠯᠡᠵᠤ᠂ ᠭᠡᠷ ᠪᠠᠶᠢᠰᠢᠩ᠂ ᠵᠠᠮ ᠬᠠᠷᠢᠯᠴᠠᠭᠠᠨ ᠤ ᠪᠠᠭᠠᠵᠢ ᠵᠢᠴᠢ ᠬᠤᠯᠪᠤᠬᠳᠠᠯ ᠪᠦᠬᠦᠢ ᠲᠦᠬᠦᠭᠡᠷᠦᠮᠵᠢ᠂ ᠲᠤᠨᠤᠭᠯᠠᠯ ᠢ ᠲᠦᠷ ᠴᠠᠭ ᠲᠠᠳᠠᠪᠤᠷᠢᠯᠠᠨ ᠭᠡᠷᠡᠭᠯᠡᠬᠦ ᠡᠷᠬᠡ ᠲᠠᠢ᠃         ᠬᠦᠮᠦᠰ ᠢ ᠪᠠᠴᠢᠮ ᠲᠠᠶᠢᠴᠢᠯᠠᠨ ᠴᠤᠬᠯᠠᠭᠤᠯᠬᠤ ᠳᠤ ᠬᠦᠷᠪᠡᠯ᠂ ᠲᠤᠭᠳᠠᠭᠠᠯ ᠶᠤᠰᠤᠭᠠᠷ ᠵᠦᠢ ᠵᠤᠬᠢᠰᠳᠡᠢ ᠬᠠᠷᠠᠮᠵᠢ ᠦᠭᠬᠦ ᠬᠡᠷᠡᠭᠳᠡᠢ᠃ ᠬᠡᠷ ᠪᠠᠶᠢᠰᠢᠩ᠂ ᠵᠠᠮ ᠬᠠᠷᠢᠯᠴᠠᠭᠠᠨ ᠤ ᠪᠠᠭᠠᠵᠢ ᠵᠢᠴᠢ ᠬᠤᠯᠪᠤᠬᠳᠠᠯ ᠪᠦᠬᠦᠢ ᠲᠦᠬᠦᠭᠡᠷᠦᠮᠵᠢ᠂ ᠲᠤᠨᠤᠭᠯᠠᠯ ᠢ ᠲᠦᠷ ᠴᠠᠭ ᠲᠠᠳᠠᠪᠤᠷᠢᠯᠠᠨ ᠬᠡᠷᠡᠭᠯᠡᠬᠦ ᠳᠤ ᠬᠦᠷᠪᠡᠯ᠂ ᠬᠠᠤᠯᠢ ᠶᠤᠰᠤᠭᠠᠷ ᠨᠦᠬᠦᠪᠦᠷᠢ ᠦᠭᠬᠦ ᠬᠡᠷᠡᠭᠳᠡᠢ︔ ᠪᠤᠴᠠᠭᠠᠨ ᠦᠭᠴᠦ ᠪᠤᠯᠬᠤ ᠶᠢ ᠨᠢ ᠴᠠᠭ ᠲᠤᠬᠠᠢ ᠳᠤᠨᠢ ᠪᠤᠴᠠᠭᠠᠵᠤ ᠦᠭᠬᠦ ᠬᠡᠷᠡᠭᠳᠡᠢ᠃         ᠲᠦᠴᠢᠨ ᠵᠢᠷᠭᠤᠳᠤᠭᠠᠷ ᠵᠦᠢᠯ   ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ᠂ ᠪᠤᠭᠤᠮ᠎ᠠ ᠡᠪᠡᠳᠴᠢᠨ ᠢᠶᠠᠷ ᠦᠬᠦᠭᠰᠡᠳ ᠤᠨ ᠬᠡᠬᠦᠷ ᠪᠡᠶ᠎ᠡ ᠶᠢ ᠲᠡᠷᠠ ᠲᠤᠤᠷ᠎ᠠ ᠨᠢ ᠡᠷᠡᠭᠦᠯ ᠬᠠᠮᠠᠭᠠᠯᠠᠯ ᠤᠨ ᠰᠢᠢᠳᠪᠦᠷᠢᠯᠡᠯᠲᠡ ᠬᠢᠵᠦ᠂ ᠤᠢᠢᠷᠠᠯᠴᠠᠭ᠎ᠠ ᠭᠠᠵᠠᠷ ᠲᠤ ᠰᠢᠳᠠᠭᠠᠬᠤ ᠬᠡᠷᠡᠭᠳᠡᠢ᠃ ᠪᠤᠰᠤᠳ ᠬᠠᠯᠳᠠᠪᠤᠷᠢᠳᠤ ᠡᠪᠡᠳᠴᠢᠨ ᠢᠶᠠᠷ ᠦᠬᠦᠭᠰᠡᠳ ᠢ ᠴᠢᠬᠤᠯᠠᠲᠠᠢ ᠦᠶ᠎ᠡ ᠳᠤ ᠬᠡᠬᠦᠷ ᠪᠡᠶ᠎ᠡ ᠶᠢ ᠨᠢ ᠡᠷᠡᠭᠦᠯ ᠬᠠᠮᠠᠭᠠᠯᠠᠯ ᠤᠨ ᠰᠢᠢᠳᠪᠦᠷᠢᠯᠡᠯᠲᠡ ᠬᠢᠭᠰᠡᠨ ᠤ ᠲᠠᠷᠠᠭ᠎ᠠ ᠰᠢᠳᠠᠭᠠᠬᠤ ᠪᠤᠶᠤ ᠲᠤᠭᠳᠠᠭᠠᠯ ᠶᠤᠰᠤᠭᠠᠷ ᠬᠦᠨ ᠪᠤᠯᠠᠬᠤ ᠬᠡᠷᠡᠭᠳᠡᠢ᠃ ᠬᠠᠯᠳᠠᠪᠤᠷᠢᠳᠤ ᠡᠪᠡᠳᠴᠢᠨ ᠤ ᠰᠢᠯᠳᠠᠭᠠᠨ ᠢ ᠡᠷᠢᠵᠦ ᠣᠯᠬᠤ ᠶᠢᠨ ᠲᠦᠯᠦᠬᠡ᠂ ᠡᠮᠴᠢᠯᠡᠬᠡᠨ ᠤ ᠪᠠᠶᠢᠭᠤᠯᠤᠮᠵᠢ ᠴᠢᠬᠤᠯᠠᠲᠠᠢ ᠦᠶ᠎ᠡ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠬᠠᠯᠳᠠᠪᠤᠷᠢᠳᠤ ᠡᠪᠡᠳᠴᠢᠨ ᠲᠠᠢ ᠡᠪᠡᠳᠴᠢᠳᠡᠨ ᠤ ᠬᠡᠬᠦᠷ ᠪᠡᠶ᠎ᠡ ᠪᠤᠶᠤ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠤ ᠬᠡᠬᠦᠷ ᠪᠡᠶ᠎ᠡ ᠶᠢ ᠵᠠᠳᠠᠯᠵᠤ ᠪᠠᠶᠢᠴᠠᠭᠠᠵᠤ ᠪᠤᠯᠬᠤ ᠪᠦᠭᠡᠳ ᠦᠬᠦᠭᠰᠡᠳ ᠤᠨ ᠭᠡᠷ ᠪᠦᠯᠢ ᠶᠢᠨ ᠬᠢᠨ ᠳᠤ ᠮᠡᠳᠡᠭᠳᠡᠬᠦ ᠬᠡᠷᠡᠭᠳᠡᠢ᠃         ᠲᠦᠴᠢᠨ ᠲᠤᠯᠤᠳᠤᠭᠠᠷ ᠵᠦᠢᠯ   ᠬᠢᠵᠢᠭᠳᠦ ᠤᠷᠤᠨ ᠤ ᠲᠤᠲᠤᠷᠠᠬᠢ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠪᠤᠶᠤ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠪᠤᠯᠤᠯᠴᠠᠭ᠎ᠠ ᠲᠠᠢ ᠡᠳ᠋ ᠪᠤᠳᠠᠰ ᠢ ᠠᠷᠢᠭᠤᠳᠬᠠᠭᠰᠠᠨ ᠤ ᠲᠠᠷᠠᠭ᠎ᠠ ᠬᠡᠷᠡᠭᠯᠡᠵᠤ ᠪᠤᠯᠬᠤ ᠳᠤ ᠬᠦᠷᠪᠡᠯ ᠂ ᠲᠤᠬᠠᠢ ᠶᠢᠨ ᠭᠠᠵᠠᠷ ᠤᠨ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠵᠢᠯᠤᠭᠤᠳᠤᠯᠭ᠎ᠠ ᠲᠤᠤᠷ᠎ᠠ ᠠᠷᠢᠭᠤᠳᠬᠠᠭᠰᠠᠨ ᠤ ᠲᠠᠷᠠᠭ᠎ᠠ ᠰᠠᠶ᠋ᠢ ᠲᠡᠬᠦᠨ ᠢ ᠬᠡᠷᠡᠭᠯᠡᠵᠤ᠂ ᠬᠤᠳᠠᠯᠳᠤᠵᠤ᠂ ᠲᠡᠭᠡᠭᠡᠪᠦᠷᠢᠯᠡᠵᠤ ᠪᠤᠯᠤᠨ᠎ᠠ᠃         ᠲᠦᠴᠢᠨ ᠨᠠᠢᠮᠠᠳᠤᠭᠠᠷ ᠵᠦᠢᠯ   ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠡᠭᠦᠰᠦᠭᠰᠡᠨ ᠦᠶ᠎ᠡ ᠳᠤ᠂ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠤᠯᠤᠨ ᠮᠤᠵᠢ ᠶᠢᠨ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠵᠢᠭᠠᠨ ᠲᠤᠮᠢᠯᠠᠭᠰᠠᠨ ᠬᠠᠯᠳᠠᠪᠤᠷᠢᠳᠤ ᠡᠪᠡᠳᠴᠢᠨ ᠲᠠᠢ ᠬᠠᠮᠢᠶ᠎ᠠ ᠲᠠᠢ ᠪᠤᠰᠤᠳ ᠲᠤᠰᠬᠠᠢ ᠮᠡᠷᠭᠡᠵᠢᠯ ᠤᠨ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ ᠬᠢᠵᠢᠭᠳᠦ ᠴᠡᠭ᠂ ᠬᠢᠵᠢᠭᠳᠦ ᠤᠷᠤᠨ ᠳᠤ ᠤᠴᠢᠵᠤ ᠪᠠᠶᠢᠴᠠᠭᠠᠯᠳᠠ ᠬᠢᠵᠤ᠂ ᠦᠯᠢᠭᠡᠷ ᠡᠳ᠋ ᠴᠤᠭᠯᠠᠭᠤᠯᠵᠤ᠂ ᠮᠡᠷᠭᠡᠵᠢᠯ ᠤᠨ ᠵᠠᠳᠠᠯᠤᠯᠲᠠ ᠪᠠ ᠰᠢᠯᠭᠠᠨ ᠪᠠᠶᠢᠴᠠᠭᠠᠯᠳᠠ ᠬᠢᠵᠤ ᠪᠤᠯᠤᠨ᠎ᠠ᠃         ᠲᠦᠴᠢ ᠶᠢᠰᠦᠳᠦᠭᠡᠷ ᠵᠦᠢᠯ   ᠬᠠᠯᠳᠠᠪᠤᠷᠢᠳᠤ ᠡᠪᠡᠳᠴᠢᠨ ᠡᠬᠦᠰᠦᠭᠰᠡᠨ᠂ ᠲᠡᠯᠬᠡᠷᠡᠭᠰᠡᠨ ᠦᠶ᠎ᠡ ᠳᠤ ᠡᠮ ᠪᠠ ᠡᠮᠴᠢᠯᠡᠬᠡᠨ ᠤ ᠪᠠᠭᠠᠵᠢ ᠬᠡᠷᠡᠭᠰᠡᠯ ᠤᠢᠢᠯᠡᠳᠪᠤᠷᠢᠯᠡᠬᠦ᠂ ᠬᠠᠨᠭ᠍ᠭᠠᠬᠤ ᠨᠢᠬᠡᠴᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠯᠡᠬᠦᠷ ᠢ ᠴᠠᠭ ᠲᠤᠬᠠᠢ ᠳᠤᠨᠢ ᠤᠢᠢᠯᠡᠳᠪᠤᠷᠢᠯᠡᠵᠤ ᠬᠠᠨᠭ᠍ᠭᠠᠬᠤ ᠬᠡᠷᠡᠭᠳᠡᠢ᠃ ᠲᠡᠮᠦᠷ ᠵᠠᠮ᠂ ᠵᠠᠮ ᠬᠠᠷᠢᠯᠴᠠᠭ᠎ᠠ᠂ ᠠᠷᠠᠳ ᠤᠨ ᠬᠡᠷᠡᠭᠯᠡᠬᠡᠨ ᠤ ᠠᠭᠠᠷ ᠤᠨ ᠠᠶᠠᠯᠠᠯ ᠤᠨ ᠡᠵᠡᠩᠨᠡᠯᠳᠡ ᠶᠢᠨ ᠨᠢᠭᠡᠴᠢ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠰᠢᠢᠳᠪᠤᠷᠢᠯᠡᠬᠦ ᠬᠦᠮᠦᠰ ᠵᠢᠴᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠡᠮ ᠤᠨ ᠵᠦᠢᠯ ᠪᠠ ᠡᠮᠴᠢᠯᠡᠬᠡᠨ ᠤ ᠪᠠᠭᠠᠵᠢ ᠬᠡᠷᠡᠭᠰᠡᠯ ᠢ ᠡᠷᠬᠡᠪᠰᠢ ᠡ᠊ᠩ ᠲᠡᠷᠢᠬᠦᠨ ᠳᠤ ᠲᠡᠭᠡᠭᠡᠪᠦᠷᠢᠯᠡᠨ ᠬᠦᠷᠭᠡᠬᠦ ᠬᠡᠷᠡᠭᠳᠡᠢ᠃ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠵᠤᠬᠢᠶᠠᠨ ᠪᠠᠶᠢᠭᠤᠯᠵᠤ ᠵᠤᠬᠢᠴᠠᠭᠤᠯᠬᠤ ᠠᠵᠢᠯ ᠢ ᠰᠠᠶᠢᠳᠤᠷ ᠬᠢᠬᠦ ᠬᠡᠷᠡᠭᠳᠡᠢ᠃        ※ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠤᠷᠴᠢᠭᠤᠯᠪᠠ
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号