| ᠭᠤᠷᠪᠠ᠂ 2020 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ | ᠬᠤᠰᠢᠭᠤᠨ ᠤ ᠨᠠᠮ ᠤᠨ ᠬᠤᠷᠢᠶ᠎ᠠ ᠬᠤᠰᠢᠭᠤᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠲᠥᠰᠦᠪ ᠤᠨ ᠬᠠᠤᠯᠢ ᠪᠠ ᠪᠦᠬᠦ ᠬᠤᠲᠠ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠢ | ᠦᠨᠳᠦᠰᠦᠯᠡᠨ᠂ ︽ᠦᠨᠡᠨ ᠠᠴᠠ ᠵᠥᠪ ᠢ ᠡᠷᠢᠬᠦ᠂ ᠢᠳᠡᠪᠬᠢᠲᠡᠢ ᠯᠠᠪᠳᠠᠭᠤᠨ ᠲᠣᠭᠲᠠᠭᠤᠨ ᠪᠠᠶᠢᠬᠤ᠂ ᠣᠷᠣᠯᠭ᠎ᠠ | ᠪᠠᠷ ᠵᠠᠷᠤᠯᠭ᠎ᠠ ᠪᠠᠨ ᠲᠣᠭᠲᠠᠭᠠᠬᠤ᠂ ᠴᠢᠳᠠᠯ ᠤᠨ ᠬᠢᠷᠢ ᠪᠠᠷ ᠢᠶᠠᠨ ᠬᠢᠬᠦ᠂ ᠰᠠᠶᠢᠲᠤᠷ ᠠᠷᠪᠢᠯᠠᠨ ᠭᠠᠮᠨᠠᠬᠤ᠂ | ᠭᠤᠣᠯᠳᠠᠯᠭ᠎ᠠ ᠶᠢ ᠪᠠᠲᠤᠯᠠᠬᠤ᠂ ᠠᠵᠢᠯ ᠤᠨ ᠠᠮᠵᠢᠯᠲᠠ ᠪᠦᠲᠦᠮᠵᠢ ᠶᠢ ᠴᠢᠬᠤᠯᠠᠴᠢᠯᠠᠬᠤ᠂ ᠴᠢᠩᠭᠠᠳᠬᠠᠨ | ᠬᠢᠵᠠᠭᠠᠷᠯᠠᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ︾ ᠵᠠᠷᠴᠢᠮ ᠢ | ᠪᠠᠷᠢᠮᠲᠠᠯᠠᠵᠤ᠂ ᠮᠠᠨ ᠤ ᠬᠤᠰᠢᠭᠤᠨ ᠤ ᠡᠳ᠋ ᠤᠨ ᠬᠦᠴᠦᠨ ᠤ ᠪᠣᠳᠠᠲᠠᠢ ᠲᠠᠢ ᠤᠶᠠᠯᠳᠤᠭᠤᠯᠤᠨ᠂ 2020 ᠣᠨ ᠤ | ᠬᠤᠰᠢᠭᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠢ ᠳᠤᠷᠠᠳᠤᠨ ᠭᠠᠷᠭᠠᠪᠠ᠃ | ︵ᠨᠢᠭᠡ︶ ᠡᠩ ᠤᠨ ᠤᠯᠠᠨ ᠨᠡᠶᠢᠲᠡ ᠶᠢᠨ ᠲᠥᠰᠦᠪ᠃ | 1. ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ᠃ 2020 ᠣᠨ ᠳᠤ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠱᠢᠯᠲᠡ ᠪᠠᠷ 233228 ᠲᠦᠮᠡᠨ ᠲᠥᠭᠦᠷᠢᠭ ᠪᠡᠶᠡᠯᠡᠭᠦᠯᠵᠦ᠂ | ᠳᠡᠭᠡᠷ᠎ᠡ ᠵᠢᠯ ᠤᠨ ᠬᠢ ᠠᠴᠠ 307122 ᠲᠦᠮᠡᠨ ᠲᠥᠭᠦᠷᠢᠭ ᠪᠠᠭᠠᠰᠴᠦ᠂ 56.84% ᠪᠠᠷ ᠪᠠᠭᠤᠷᠠᠨ᠎ᠠ᠃ | ᠬᠤᠰᠢᠭᠤᠨ ᠤ ᠲᠣᠰ ᠱᠠᠲᠤᠨ ᠤ ᠣᠷᠣᠯᠭ᠎ᠠ ᠶᠢ ᠵᠢᠱᠢᠯᠲᠡ ᠪᠠᠷ 63060 ᠲᠦᠮᠡᠨ ᠲᠥᠭᠦᠷᠢᠭ | ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 2980 ᠲᠦᠮᠡᠨ ᠲᠥᠭᠦᠷᠢᠭ ᠨᠡᠮᠡᠭᠳᠡᠭᠦᠯᠵᠦ᠂ 4.96% ᠪᠠᠷ | ᠨᠡᠮᠡᠭᠳᠡᠭᠦᠯᠦᠨ᠎ᠡ ︵ᠭᠠᠶᠢᠯᠢ ᠶᠢᠨ ᠤᠷᠤᠯᠭ᠎ᠠ ᠶᠢ ᠵᠢᠱᠢᠯᠲᠡ ᠪᠠᠷ 53874 ᠲᠦᠮᠡᠨ ᠲᠥᠭᠦᠷᠢᠭ ᠪᠡᠶᠡᠯᠡᠭᠦᠯᠵᠦ᠂ | ᠳᠡᠭᠡᠷ᠎ᠡ ᠵᠢᠯ ᠤᠨ ᠬᠢ ᠠᠴᠠ 2818 ᠲᠦᠮᠡᠨ ᠲᠥᠭᠦᠷᠢᠭ ᠨᠡᠮᠡᠭᠳᠡᠭᠦᠯᠵᠦ᠂ 5.52% ᠪᠠᠷ ᠨᠡᠮᠡᠭᠳᠡᠭᠦᠯᠦᠨ᠎ᠡ︔ | ᠭᠠᠶᠢᠯᠢ ᠶᠢᠨ ᠪᠤᠰᠤ ᠣᠷᠣᠯᠭ᠎ᠠ ᠶᠢ ᠵᠢᠱᠢᠯᠲᠡ ᠪᠠᠷ 9186 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ | ᠬᠢ ᠠᠴᠠ 162 ᠲᠦᠮᠡᠨ ᠲᠥᠭᠦᠷᠢᠭ ᠨᠡᠮᠡᠭᠳᠡᠭᠦᠯᠵᠦ᠂ 1.8% ᠪᠠᠷ ᠨᠡᠮᠡᠭᠳᠡᠭᠦᠯᠦᠨ᠎ᠡ︶︔ ᠳᠡᠭᠡᠳᠦ ᠱᠠᠲᠤᠨ ᠤ | ᠨᠥᠬᠦᠪᠥᠷᠢ ᠶᠢᠨ ᠣᠷᠣᠯᠭ᠎ᠠ ᠶᠢ ᠵᠢᠱᠢᠯᠲᠡ ᠪᠠᠷ 112795 ᠲᠦᠮᠡᠨ ᠲᠥᠭᠦᠷᠢᠭ ︵ᠪᠤᠴᠠᠭᠠᠬᠤ ᠴᠢᠨᠠᠷᠲᠠᠢ | ᠣᠷᠣᠯᠭ᠎ᠠ ᠶᠢ 7046 ᠲᠦᠮᠡᠨ ᠲᠥᠭᠦᠷᠢᠭ᠂ ᠡᠩ ᠤᠨ ᠴᠢᠨᠠᠷᠲᠠᠶ ᠰᠢᠯᠵᠢᠭᠦᠯᠦᠨ ᠥᠭᠬᠦ ᠣᠷᠣᠯᠭ᠎ᠠ ᠶᠢ 91272 | ᠲᠦᠮᠡᠨ ᠲᠦᠭᠦᠷᠢᠭ᠂ ᠲᠤᠰᠬᠠᠶ ᠲᠦᠷᠦᠯ ᠤᠨ ᠰᠢᠯᠵᠢᠭᠦᠯᠦᠨ ᠥᠭᠬᠦ ᠣᠷᠣᠯᠭ᠎ᠠ ᠶᠢ 14477 ᠲᠦᠮᠡᠨ ᠲᠥᠭᠦᠷᠢᠭ︶ | ᠪᠡᠶᠡᠯᠡᠭᠦᠯᠦᠨ᠎ᠡ︔ ᠳᠡᠭᠡᠷ᠎ᠡ ᠵᠢᠯ ᠤᠨ ᠦᠯᠡᠳᠡᠪᠦᠷᠢ 27501 ᠲᠦᠮᠡᠨ ᠲᠥᠭᠦᠷᠢᠭ︔ ᠰᠢᠯᠵᠢᠭᠦᠯᠦᠨ ᠤᠷᠤᠭᠤᠯᠬᠤ | ᠪᠠᠯᠠ ᠮᠥᠩᠭᠦ ᠶᠢ ᠵᠢᠱᠢᠯᠲᠡ ᠪᠠᠷ 18638 ᠲᠦᠮᠡᠨ ᠲᠥᠭᠦᠷᠢᠭ ︵ᠡᠭᠦᠨ ᠳᠤ᠄ ᠵᠠᠰᠠᠭ ᠤᠨ ᠣᠷᠳᠣᠨ ᠤ ᠴᠢᠨᠠᠷᠲᠠᠶ | ᠰᠠᠭᠤᠷᠢ ᠮᠥᠩᠭᠦ ᠶᠢ 17000 ᠲᠦᠮᠡᠨ ᠲᠥᠭᠦᠷᠢᠭ ᠰᠢᠯᠵᠢᠭᠦᠯᠦᠨ ᠣᠷᠣᠭᠤᠯᠵᠤ᠂ ᠤᠯᠤᠰ ᠤᠨ ᠦᠮᠴᠢᠯᠡᠯ ᠤᠨ | ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠰᠢᠯᠵᠢᠭᠦᠯᠦᠨ ᠣᠷᠣᠭᠤᠯᠬᠤ ᠶᠢ ᠵᠢᠱᠢᠯᠲᠡ ᠪᠠᠷ 1638 ᠲᠦᠮᠡᠨ | ᠲᠥᠭᠦᠷᠢᠭ︶ ᠪᠡᠶᠡᠯᠡᠭᠦᠯᠦᠨ᠎ᠡ︔ ᠲᠥᠰᠦᠪ ᠢ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ | 11234 ᠲᠦᠮᠡᠨ ᠲᠥᠭᠦᠷᠢᠭ ᠬᠡᠷᠡᠭᠯᠡᠬᠦ ᠪᠠᠷ ᠵᠢᠱᠢᠵᠦ ᠪᠠᠶᠢᠨ᠎ᠠ᠃ | 2. ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ᠃ 2020 ᠣᠨ ᠳᠤ ᠡᠩ ᠤᠨ ᠣᠯᠠᠨ | ᠨᠡᠶᠢᠲᠡ ᠶᠢᠨ ᠲᠥᠰᠦᠪ ᠤᠨ ᠵᠠᠷᠤᠯᠭ᠎ᠠ ᠶᠢ ᠵᠢᠱᠢᠯᠲᠡ ᠪᠠᠷ 233228 ᠲᠦᠮᠡᠨ ᠲᠥᠭᠦᠷᠢᠭ ᠪᠡᠶᠡᠯᠡᠭᠦᠯᠵᠦ᠂ | ᠳᠡᠭᠡᠷ᠎ᠡ ᠵᠢᠯ ᠤᠨ ᠬᠢ ᠠᠴᠠ 279621 ᠲᠦᠮᠡᠨ ᠲᠥᠭᠦᠷᠢᠭ ᠪᠠᠭᠠᠰᠴᠤ᠂ 54.52% ᠪᠠᠷ ᠪᠠᠭᠤᠷᠠᠨ᠎ᠠ᠃ | ᠬᠤᠰᠢᠭᠤᠨ ᠤ ᠲᠣᠰ ᠱᠠᠲᠤᠨ ᠤ ᠵᠠᠷᠤᠯᠭ᠎ᠠ ᠶᠢ ᠵᠢᠱᠢᠯᠳᠡ ᠪᠠᠷ 221228 ᠲᠦᠮᠡᠨ ᠲᠥᠭᠦᠷᠢᠭ | ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 94860 ᠲᠦᠮᠡᠨ ᠲᠥᠭᠦᠷᠢᠭ ᠪᠠᠭᠠᠰᠴᠦ᠂ 30.1% ᠪᠠᠷ | ᠪᠠᠭᠠᠰᠦᠨᠠ ︵ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 26501 ᠲᠦᠮᠡᠨ ᠲᠥᠭᠦᠷᠢᠭ᠂ | ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 6553 ᠲᠦᠮᠡᠨ ᠲᠥᠭᠦᠷᠢᠭ᠂ ᠰᠤᠷᠭᠠᠨ ᠬᠥᠮᠦᠵᠢᠯ ᠤᠨ | ᠵᠠᠷᠤᠯᠭ᠎ᠠ 31608 ᠲᠦᠮᠡᠨ ᠲᠥᠭᠦᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 73 ᠲᠦᠮᠡᠨ | ᠲᠥᠭᠦᠷᠢᠭ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 1489 ᠲᠦᠮᠡᠨ | ᠲᠦᠭᠦᠷᠢᠭ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 45808 ᠲᠦᠮᠡᠨ ᠲᠥᠭᠦᠷᠢᠭ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 26462 ᠲᠦᠮᠡᠨ ᠲᠥᠭᠦᠷᠢᠭ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠵᠠᠷᠤᠯᠭ᠎ᠠ 406 ᠲᠦᠮᠡᠨ ᠲᠥᠭᠦᠷᠢᠭ᠂ ᠬᠤᠲᠠ ᠬᠥᠳᠡᠭᠡ ᠨᠡᠶᠢᠭᠡᠮ ᠲᠣᠭᠤᠷᠢᠭ ᠤᠨ | ᠵᠠᠷᠤᠯᠭ᠎ᠠ 3406 ᠲᠦᠮᠡᠨ ᠲᠥᠭᠦᠷᠢᠭ᠂ ᠲᠠᠷᠢᠶᠠᠯᠠᠩ ᠣᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ | 26986 ᠲᠦᠮᠡᠨ ᠲᠥᠭᠦᠷᠢᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 1780 ᠲᠦᠮᠡᠨ ᠲᠥᠭᠦᠷᠢᠭ᠂ | ᠡᠬᠢ ᠪᠠᠶᠠᠯᠢᠭ ᠤᠨ ᠬᠠᠶᠢᠨ ᠰᠢᠨᠵᠢᠯᠡᠯᠲᠡ ᠮᠡᠳᠡᠭᠡ ᠵᠠᠩᠭᠢ ᠵᠡᠷᠭᠡ ᠶᠢᠨ ᠵᠠᠷᠤᠯᠭ᠎ᠠ 288 ᠲᠦᠮᠡᠨ ᠲᠥᠭᠦᠷᠢᠭ᠂ | ᠬᠤᠳᠠᠯᠳᠤᠭᠠᠨ ᠤ ᠦᠢᠯᠡᠴᠢᠯᠡᠭᠡᠨ ᠤ ᠤᠶᠢᠯᠡᠰ ᠵᠡᠷᠭᠡ ᠶᠢᠨ ᠵᠠᠷᠤᠯᠭ᠎ᠠ 128 ᠲᠦᠮᠡᠨ ᠲᠥᠭᠦᠷᠢᠭ᠂ ᠪᠠᠶᠢᠭᠠᠯᠢ ᠶᠢᠨ | ᠡᠬᠢ ᠪᠠᠶᠠᠯᠢᠭ ᠳᠠᠯᠠᠢ ᠲᠠᠩᠭᠢᠰ ᠴᠠᠭ ᠠᠭᠤᠷ ᠵᠡᠷᠭᠡ ᠶᠢᠨ ᠵᠠᠷᠤᠯᠭ᠎ᠠ 1391 ᠲᠦᠮᠡᠨ ᠲᠥᠭᠦᠷᠢᠭ᠂ ᠣᠷᠣᠨ | ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 26062 ᠲᠦᠮᠡᠨ ᠲᠥᠭᠦᠷᠢᠭ᠂ ᠠᠮᠤ ᠲᠣᠰᠣ ᠡᠳ᠋ ᠪᠣᠳᠠᠰ ᠤᠨ | ᠨᠥᠭᠡᠴᠡᠯᠡᠯᠲᠡ ᠶᠢᠨ ᠵᠠᠷᠤᠯᠭ᠎ᠠ 191 ᠲᠦᠮᠡᠨ ᠲᠥᠭᠦᠷᠢᠭ᠂ ᠭᠠᠮᠰᠢᠭ ᠢ ᠰᠡᠷᠭᠡᠶᠢᠯᠡᠨ ᠵᠠᠰᠠᠬᠤ ᠵᠢᠴᠢ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠠᠷᠤᠯᠭ᠎ᠠ 797 ᠲᠦᠮᠡᠨ ᠲᠥᠭᠦᠷᠢᠭ᠂ ᠥᠷᠢ ᠰᠢᠷᠢ ᠶᠢᠨ ᠬᠦᠦ | ᠮᠥᠩᠭᠦ ᠦᠭᠬᠦ ᠵᠠᠷᠤᠯᠭ᠎ᠠ 15000 ᠲᠦᠮᠡᠨ ᠲᠥᠭᠦᠷᠢᠭ᠂ ᠪᠡᠯᠡᠳᠬᠡᠯ ᠵᠠᠷᠤᠳᠠᠯ 6300 ᠲᠦᠮᠡᠨ ᠲᠦᠭᠦᠷᠢᠭ︶︔ | ᠳᠡᠭᠡᠳᠦ ᠱᠠᠲᠤᠨ ᠳᠤ ᠲᠤᠰᠢᠶᠠᠬᠤ ᠵᠠᠷᠤᠯᠭ᠎ᠠ ᠶᠢ ᠵᠢᠱᠢᠯᠲᠡ ᠪᠠᠷ 12000 ᠲᠦᠮᠡᠨ ᠲᠥᠭᠦᠷᠢᠭ ᠪᠡᠶᠡᠯᠡᠭᠦᠯᠦᠨ᠎ᠡ᠃ | 3. ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠠᠵᠤ ᠠᠬᠤᠶ ᠶᠢᠨ ᠲᠥᠷᠥᠯ ᠠᠩᠭᠢᠯᠠᠯ᠃ | ᠵᠠᠰᠠᠭ ᠤᠨ ᠣᠷᠳᠣᠨ ᠤ ᠲᠥᠰᠦᠪ ᠤᠨ ᠵᠠᠷᠤᠯᠭ᠎ᠠ ᠶᠢᠨ ᠠᠵᠤ ᠠᠬᠤᠶ ᠶᠢᠨ ᠲᠥᠷᠥᠯ ᠬᠤᠪᠢᠶᠠᠭᠰᠠᠨ ᠵᠦᠶᠯ ᠢᠶᠠᠷ | ᠬᠤᠪᠢᠶᠠᠷᠢᠯᠠᠪᠠᠯ᠄ ᠪᠠᠶᠢᠭᠤᠯᠤᠯᠭ᠎ᠠ ᠶᠢᠨ ᠴᠠᠯᠢᠩ ᠠᠰᠠᠷᠠᠮᠵᠢ ᠶᠢᠨ ᠵᠠᠷᠤᠯᠭ᠎ᠠ 58666 ᠲᠦᠮᠡᠨ ᠲᠥᠭᠦᠷᠢᠭ᠂ | ᠪᠠᠶᠢᠭᠤᠯᠤᠯᠭ᠎ᠠ ᠶᠢᠨ ᠲᠠᠸᠠᠷ ᠪᠣᠯᠤᠨ ᠦᠶᠯᠡᠴᠢᠯᠡᠭᠡᠨ ᠤ ᠵᠠᠷᠤᠯᠭ᠎ᠠ 14297 ᠲᠦᠮᠡᠨ ᠲᠥᠭᠦᠷᠢᠭ᠂ ᠪᠠᠶᠢᠭᠤᠯᠤᠯᠭ᠎ᠠ | ᠶᠢᠨ ᠬᠥᠷᠥᠩᠭᠡ ᠶᠢᠨ ᠴᠢᠨᠠᠷᠲᠠᠶ ᠵᠠᠷᠤᠯᠭ᠎ᠠ (ᠨᠢᠭᠡ) 13942 ᠲᠦᠮᠡᠨ ᠲᠥᠭᠦᠷᠢᠭ᠂ ᠪᠠᠶᠢᠭᠤᠯᠤᠯᠭ᠎ᠠ ᠶᠢᠨ | ᠬᠦᠷᠦᠩᠭᠡ ᠶᠢᠨ ᠴᠢᠨᠠᠷᠲᠠᠶ ᠵᠠᠷᠤᠯᠭ᠎ᠠ (ᠬᠤᠶᠠᠷ) 38 ᠲᠦᠮᠡᠨ ᠲᠥᠭᠦᠷᠢᠭ᠂ ᠠᠵᠢᠯ ᠤᠶᠢᠯᠡᠰ ᠤᠨ ᠨᠢᠭᠡᠴᠡ ᠶᠢᠨ | ᠪᠠᠶᠢᠩᠭᠤ ᠶᠢᠨ ᠴᠢᠨᠠᠷᠲᠠᠶ ᠨᠥᠬᠦᠪᠥᠷᠢ 52392 ᠲᠦᠮᠡᠨ ᠲᠥᠭᠦᠷᠢᠭ᠂ ᠠᠵᠢᠯ ᠦᠢᠯᠡᠰ ᠤᠨ ᠨᠢᠭᠡᠴᠡ ᠶᠢᠨ | ᠬᠥᠷᠥᠩᠭᠡ ᠶᠢᠨ ᠴᠢᠨᠠᠷᠲᠠᠶ ᠨᠥᠬᠦᠪᠥᠷᠢ 2035 ᠲᠦᠮᠡᠨ ᠲᠥᠭᠦᠷᠢᠭ᠂ ᠠᠵᠤ ᠠᠬᠤᠶᠢᠯᠠᠯ ᠤᠨ ᠨᠦᠬᠦᠪᠦᠷᠢ 288 | ᠲᠦᠮᠡᠨ ᠲᠥᠭᠦᠷᠢᠭ᠂ ᠬᠤᠪᠢ ᠬᠥᠮᠦᠨ ᠪᠠ ᠭᠡᠷ ᠪᠦᠯᠢ ᠶᠢᠨ ᠨᠥᠬᠦᠪᠥᠷᠢ 22007 ᠲᠦᠮᠡᠨ ᠲᠥᠭᠦᠷᠢᠭ᠂ ᠨᠡᠶᠢᠭᠡᠮ | ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠨᠥᠬᠦᠪᠥᠷᠢ 14814 ᠲᠦᠮᠡᠨ ᠲᠥᠭᠦᠷᠢᠭ᠂ ᠥᠷᠢ ᠥᠭᠴᠡᠭᠡ ᠶᠢᠨ | ᠬᠦᠦ ᠮᠥᠩᠭᠦ ᠵᠢᠴᠢ ᠵᠠᠷᠤᠳᠠᠯ ᠤᠨ ᠵᠠᠷᠤᠯᠭ᠎ᠠ 15000 ᠲᠦᠮᠡᠨ ᠲᠥᠭᠦᠷᠢᠭ᠂ ᠰᠢᠯᠵᠢᠭᠦᠯᠦᠨ ᠥᠭᠬᠦ ᠴᠢᠨᠠᠷᠲᠠᠶ | ᠵᠠᠷᠤᠯᠭ᠎ᠠ 12000 ᠲᠦᠮᠡᠨ ᠲᠥᠭᠦᠷᠢᠭ᠂ ᠪᠡᠯᠡᠳᠬᠡᠯ ᠵᠠᠷᠤᠳᠠᠯ ᠵᠢᠴᠢ ᠤᠷᠢᠳᠴᠢᠯᠠᠨ ᠦᠯᠡᠳᠡᠭᠡᠭᠰᠡᠨ 6300 | ᠲᠦᠮᠡᠨ ᠲᠥᠭᠦᠷᠢᠭ᠂ ᠪᠤᠰᠤᠳ ᠵᠠᠷᠤᠯᠭ᠎ᠠ 21449 ᠲᠦᠮᠡᠨ ᠲᠥᠭᠦᠷᠢᠭ ᠪᠤᠯᠤᠨ᠎ᠠ᠃ | ᠰᠠᠯᠠᠭ᠎ᠠ ᠮᠥᠴᠢᠷ ᠤᠨ ᠲᠥᠰᠦᠪ ᠤᠨ ᠵᠠᠷᠤᠯᠭ᠎ᠠ ᠶᠢᠨ ᠠᠵᠤ ᠠᠬᠤᠶ ᠶᠢᠨ ᠲᠥᠷᠥᠯ ᠬᠤᠪᠢᠶᠠᠭᠰᠠᠨ ᠵᠦᠶᠯ ᠢᠶᠠᠷ | ᠬᠤᠪᠢᠶᠠᠷᠢᠯᠠᠭᠰᠠᠨ ᠦᠨᠳᠦᠰᠦᠨ ᠵᠠᠷᠤᠯᠭ᠎ᠠ᠄ ᠴᠠᠯᠢᠩ ᠠᠰᠠᠷᠠᠮᠵᠢ ᠶᠢᠨ ᠵᠠᠷᠤᠯᠭ᠎ᠠ 103618 ᠲᠦᠮᠡᠨ ᠲᠥᠭᠦᠷᠢᠭ᠂ | ᠲᠠᠸᠠᠷ ᠪᠠ ᠦᠶᠯᠡᠴᠢᠯᠡᠭᠡᠨ ᠤ ᠵᠠᠷᠤᠯᠭ᠎ᠠ 7834 ᠲᠦᠮᠡᠨ ᠲᠥᠭᠦᠷᠢᠭ᠂ ᠬᠤᠪᠢ ᠬᠥᠮᠦᠨ ᠪᠠ ᠭᠡᠷ ᠪᠦᠯᠢ ᠶᠢᠨ | ᠨᠦᠬᠦᠪᠦᠷᠢ 1783 ᠲᠦᠮᠡᠨ ᠲᠥᠭᠦᠷᠢᠭ ᠪᠤᠯᠤᠨ᠎ᠠ᠃ | (ᠬᠤᠶᠠᠷ) ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ᠃ | 1. ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ᠃ ᠵᠠᠰᠠᠭ ᠤᠨ | ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ ᠶᠢ ᠵᠢᠱᠢᠯᠲᠡ ᠪᠠᠷ 27857 ᠲᠦᠮᠡᠨ ᠲᠥᠭᠦᠷᠢᠭ | ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 219109 ᠲᠦᠮᠡᠨ ᠲᠥᠭᠦᠷᠢᠭ ᠪᠠᠭᠠᠰᠴᠤ᠂ 88.72% ᠪᠠᠷ | ᠪᠠᠭᠠᠰᠦᠨᠠ᠃ | ᠬᠤᠰᠢᠭᠤᠨ ᠤ ᠲᠣᠰ ᠱᠠᠲᠤᠨ ᠤ ᠣᠷᠣᠯᠭ᠎ᠠ ᠶᠢ ᠵᠢᠱᠢᠯᠲᠡ ᠪᠠᠷ 26818 ᠲᠦᠮᠡᠨ ᠲᠥᠭᠦᠷᠢᠭ | ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 4977 ᠲᠦᠮᠡᠨ ᠲᠥᠭᠦᠷᠢᠭ ᠨᠡᠮᠡᠭᠳᠡᠭᠦᠯᠵᠦ᠂ 22.79% ︵ | ᠤᠯᠤᠰ ᠤᠨ ᠥᠮᠴᠢᠯᠡᠯ ᠤᠨ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠦᠭᠬᠦ ᠣᠷᠣᠯᠭ᠎ᠠ 26318 | ᠲᠦᠮᠡᠨ ᠲᠥᠭᠦᠷᠢᠭ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠰᠦᠶᠳᠬᠡᠯ ᠤᠨ ᠣᠷᠣᠯᠭ᠎ᠠ | 500 ᠲᠦᠮᠡᠨ ᠲᠥᠭᠦᠷᠢᠭ︶ ᠪᠠᠷ ᠨᠡᠮᠡᠭᠳᠡᠭᠦᠯᠦᠨ᠎ᠡ᠂ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 1039 ᠲᠦᠮᠡᠨ | ᠲᠥᠭᠦᠷᠢᠭ ᠪᠣᠯᠤᠨ᠎ᠠ᠃ | 2. ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ᠃ ᠵᠠᠰᠠᠭ ᠤᠨ | ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠵᠠᠷᠤᠯᠭ᠎ᠠ ᠶᠢ ᠵᠢᠱᠢᠯᠲᠡ ᠪᠠᠷ 27857 ᠲᠦᠮᠡᠨ ᠲᠥᠭᠦᠷᠢᠭ | ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 218070 ᠲᠦᠮᠡᠨ ᠲᠥᠭᠦᠷᠢᠭ ᠪᠠᠭᠠᠰᠴᠤ᠂ 88.67% ᠪᠠᠷ | ᠪᠠᠭᠤᠷᠠᠨ᠎ᠠ᠃ | ᠬᠤᠰᠢᠭᠤᠨ ᠤ ᠲᠣᠰ ᠱᠠᠲᠤᠨ ᠤ ᠵᠠᠷᠤᠯᠭ᠎ᠠ ᠶᠢ ᠵᠢᠱᠢᠯᠲᠡ ᠪᠠᠷ 9296 ᠲᠦᠮᠡᠨ ᠲᠥᠭᠦᠷᠢᠭ ᠪᠡᠶᠡᠯᠡᠭᠦᠯᠵᠦ᠂ | ᠳᠡᠭᠡᠷ᠎ᠡ ᠵᠢᠯ ᠤᠨ ᠬᠢ ᠠᠴᠠ 2561 ᠲᠦᠮᠡᠨ ᠲᠥᠭᠦᠷᠢᠭ ᠪᠠᠭᠠᠰᠴᠤ᠂ 21.6% ᠪᠠᠷ ᠪᠠᠭᠤᠷᠠᠨ᠎ᠠ︔ ᠣᠷᠣᠨ | ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠪᠤᠴᠠᠭᠠᠬᠤ ᠵᠠᠷᠤᠯᠭ᠎ᠠ 1561 ᠲᠦᠮᠡᠨ ᠲᠥᠭᠦᠷᠢᠭ︔ | ᠰᠢᠯᠵᠢᠭᠦᠯᠦᠨ ᠭᠠᠷᠭᠠᠬᠤ ᠪᠡᠯᠡ ᠮᠦᠩᠭᠦ 17000 ᠲᠦᠮᠡᠨ ᠲᠥᠭᠦᠷᠢᠭ ᠪᠤᠯᠤᠨ᠎ᠠ᠃ | (ᠭᠤᠷᠪᠠ) ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ᠃ ᠤᠯᠤᠰ ᠤᠨ | ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠣᠷᠣᠯᠭ᠎ᠠ ᠶᠢ ᠵᠢᠱᠢᠯᠲᠡ ᠪᠠᠷ 1638 ᠲᠦᠮᠡᠨ ᠲᠥᠭᠦᠷᠢᠭ | ᠪᠡᠶᠡᠯᠡᠭᠦᠯᠦᠨ᠎ᠡ᠂ ᠡᠭᠦᠨ ᠳᠤ᠄ ᠠᠰᠢᠭ ᠬᠤᠨᠵᠢᠪᠣᠷᠢ ᠶᠢᠨ ᠣᠷᠣᠯᠭ᠎ᠠ 31 ᠲᠦᠮᠡᠨ ᠲᠥᠭᠦᠷᠢᠭ᠂ ᠪᠤᠰᠤᠳ ᠤᠯᠤᠰ | ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ 1607 ᠲᠦᠮᠡᠨ ᠲᠥᠭᠦᠷᠢᠭ | ᠪᠣᠯᠤᠨ᠎ᠠ᠃ | ᠤᠯᠤᠰ ᠤᠨ ᠥᠮᠴᠢᠯᠡᠯᠲᠡ ᠬᠥᠷᠥᠩᠭᠡ ᠶᠢᠨ ᠡᠵᠡᠩᠨᠡᠯᠲᠡ ᠶᠢᠨ ᠵᠠᠷᠤᠯᠭ᠎ᠠ ᠶᠢ ᠵᠢᠱᠢᠯᠲᠡ ᠪᠠᠷ 1638 | ᠲᠦᠮᠡᠨ ᠲᠦᠭᠦᠷᠢᠭ ᠪᠡᠶᠡᠯᠡᠭᠦᠯᠵᠦ᠂ ᠡᠩ ᠤᠨ ᠣᠯᠠᠨ ᠨᠡᠢᠲᠡ ᠶᠢᠨ ᠲᠥᠰᠦᠪ ᠲᠤ ᠰᠢᠯᠵᠢᠭᠦᠯᠦᠨ ᠣᠷᠣᠭᠤᠯᠤᠨ᠎ᠠ᠃ | (ᠲᠦᠷᠪᠡ) ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ᠃ | 1. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ᠃ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠣᠷᠣᠯᠭ᠎ᠠ ᠶᠢ ᠵᠢᠱᠢᠯᠲᠡ ᠪᠠᠷ 57923 ᠲᠦᠮᠡᠨ | ᠲᠦᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 29220 ᠲᠦᠮᠡᠨ ᠲᠥᠭᠦᠷᠢᠭ ᠪᠠᠭᠠᠰᠴᠤ᠂ 33.53% | ᠪᠠᠷ ᠪᠠᠭᠤᠷᠠᠨ᠎ᠠ᠃ | ᠬᠤᠰᠢᠭᠤᠨ ᠤ ᠲᠣᠰ ᠱᠠᠲᠤᠨ ᠤ ᠣᠷᠣᠯᠭ᠎ᠠ ᠶᠢ ᠵᠢᠱᠢᠯᠲᠡ ᠪᠠᠷ 24438 ᠲᠦᠮᠡᠨ ᠲᠥᠭᠦᠷᠢᠭ | ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 21120 ᠲᠦᠮᠡᠨ ᠲᠥᠭᠦᠷᠢᠭ ᠪᠠᠭᠠᠰᠴᠤ᠂ 46.36% ︵ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠲᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ | ᠣᠷᠣᠯᠭ᠎ᠠ 8306 ᠲᠦᠮᠡᠨ ᠲᠥᠭᠦᠷᠢᠭ᠂ ᠠᠯᠪᠠᠨ ᠪᠠᠶᠢᠭᠤᠯᠤᠯᠭ᠎ᠠ ᠠᠵᠢᠯ ᠦᠶᠯᠡᠰ ᠤᠨ ᠨᠢᠭᠡᠴᠡ ᠶᠢᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 16132 ᠲᠦᠮᠡᠨ ᠲᠥᠭᠦᠷᠢᠭ︶ ᠪᠠᠷ | ᠪᠠᠭᠤᠷᠠᠵᠤ᠂ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠣᠷᠣᠯᠭ᠎ᠠ ᠵᠢᠱᠢᠯᠲᠡ ᠪᠠᠷ 33485 ᠲᠦᠮᠡᠨ | ᠲᠥᠭᠦᠷᠢᠭ ᠪᠣᠯᠤᠨ᠎ᠠ᠃ | 2. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ᠃ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ ᠵᠢᠱᠢᠯᠲᠡ ᠪᠠᠷ 26172 ᠲᠦᠮᠡᠨ ᠲᠥᠭᠦᠷᠢᠭ ᠪᠡᠶᠡᠯᠡᠭᠦᠯᠵᠦ᠂ | ᠳᠡᠭᠡᠷ᠎ᠡ ᠵᠢᠯ ᠤᠨ ᠬᠢ ᠠᠴᠠ 27487 ᠲᠦᠮᠡᠨ ᠲᠥᠭᠦᠷᠢᠭ ᠪᠠᠭᠠᠰᠴᠦ᠂ 51.23% ᠪᠠᠷ ᠪᠠᠭᠤᠷᠠᠨ᠎ᠠ᠂ ᠡᠭᠦᠨ | ᠳᠤ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ | ᠮᠥᠩᠭᠦ ᠶᠢᠨ ᠵᠠᠷᠤᠯᠭ᠎ᠠ 6828 ᠲᠦᠮᠡᠨ ᠲᠥᠭᠦᠷᠢᠭ᠂ ᠠᠯᠪᠠᠨ ᠪᠠᠶᠢᠭᠤᠯᠤᠯᠭ᠎ᠠ ᠠᠵᠢᠯ ᠦᠶᠯᠡᠰ ᠤᠨ ᠨᠢᠭᠡᠴᠡ | ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 19344 ᠲᠦᠮᠡᠨ ᠲᠥᠭᠦᠷᠢᠭ | ᠪᠣᠯᠤᠨ᠎ᠠ᠃ | ᠣᠷᠣᠯᠭ᠎ᠠ ᠵᠠᠷᠤᠯᠭ᠎ᠠ ᠶᠢ ᠲᠤᠯᠭᠠᠵᠤ ᠪᠤᠳᠤᠭᠰᠠᠨ ᠤ ᠳᠠᠷᠠᠭ᠎ᠠ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ | ᠲᠥᠰᠦᠪ ᠤᠨ ᠦᠯᠡᠳᠡᠪᠦᠷᠢ 31751 ᠲᠦᠮᠡᠨ ᠲᠥᠭᠦᠷᠢᠭ ᠪᠣᠯᠤᠨ᠎ᠠ᠃ | (ᠲᠠᠪᠤ) ᠭᠤᠷᠪᠠᠨ ᠠᠯᠪᠠᠨ ᠤ ᠵᠠᠷᠤᠳᠠᠯ ᠤᠨ ᠵᠠᠷᠤᠯᠭ᠎ᠠ ᠶᠢᠨ ᠪᠠᠶᠢᠳᠠᠯ᠃ 2020 ᠣᠨ ᠤ ᠭᠤᠷᠪᠠᠨ ᠠᠯᠪᠠᠨ | ᠵᠠᠷᠤᠳᠠᠯ ᠤᠨ ᠬᠢᠵᠠᠭᠠᠷ ᠲᠤᠭ᠎ᠠ ᠨᠢ 1789 ᠲᠦᠮᠡᠨ ᠲᠥᠭᠦᠷᠢᠭ ᠪᠠᠶᠢᠵᠤ᠂ ᠳᠡᠭᠡᠷ᠎ᠡ ᠵᠢᠯ ᠤᠨ ᠬᠢ ᠲᠠᠢ | ᠦᠨᠳᠦᠰᠦᠨ ᠳᠡᠭᠡᠨ ᠠᠳᠠᠯᠢ ᠪᠤᠯᠤᠨ᠎ᠠ᠃ | ᠲᠦᠷᠪᠡ᠂ 2020 ᠣᠨ ᠤ ᠠᠵᠢᠯ ᠤᠨ ᠭᠤᠣᠯᠳᠠᠯᠭ᠎ᠠ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ᠠᠷᠪᠠᠨ ᠭᠤᠷᠪᠠᠳᠤᠭᠠᠷ | ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠃ ᠮᠠᠨ ᠤ ᠬᠤᠰᠢᠭᠤᠨ ᠤ ᠡᠳ᠋ ᠤᠨ ᠵᠠᠰᠠᠭ ᠤᠨ | ᠠᠵᠢᠯ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠦ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠡᠳ᠋ ᠤᠨ ᠵᠠᠰᠠᠭ ᠤᠨ ᠠᠵᠢᠯ ᠳᠠᠬᠢ ᠨᠠᠮ | ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ | ᠰᠢᠨ᠎ᠡ ᠴᠠᠭ ᠦᠶ᠎ᠡ ᠶᠢᠨ ᠡᠳ᠋ ᠤᠨ ᠵᠠᠰᠠᠭ ᠤᠨ ᠠᠵᠢᠯ ᠤᠨ ᠲᠤᠬᠠᠶ ᠰᠢᠨ᠎ᠡ ᠱᠠᠭᠠᠷᠳᠠᠯᠭ᠎ᠠ ᠶᠣᠰᠣᠭᠠᠷ᠂ ᠬᠤᠰᠢᠭᠤᠨ | ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠳᠠ ᠶᠢ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ︽ᠴᠠᠯᠢᠩ ᠢ ᠪᠠᠲᠤᠯᠠᠬᠤ᠂ ᠡᠷᠭᠢᠯᠳᠡ ᠶᠢ ᠪᠠᠲᠤᠯᠠᠬᠤ᠂ ᠠᠷᠠᠳ ᠤᠨ | ᠦᠨᠲᠦᠰᠦᠨ ᠠᠮᠢᠳᠤᠷᠠᠯ ᠢ ᠪᠠᠲᠤᠯᠠᠬᠤ︾ ᠬᠢᠵᠠᠭᠠᠷ ᠱᠤᠭᠤᠮ ᠢ ᠭᠤᠶᠢᠪᠢᠰᠢ ᠦᠭᠡᠶ ᠪᠠᠷᠢᠮᠲᠠᠯᠠᠵᠤ᠂ ᠡᠳ᠋ ᠤᠨ ᠵᠠᠰᠠᠭ | ᠤᠨ ᠵᠠᠷᠤᠯᠭ᠎ᠠ ᠶᠢᠨ ᠪᠦᠲᠦᠴᠡ ᠶᠢ ᠲᠤᠭᠢᠷᠠᠭᠤᠯᠤᠨ ᠰᠢᠯᠢᠳᠡᠭᠵᠢᠭᠦᠯᠵᠦ᠂ ᠠᠷᠪᠢᠯᠠᠨ ᠭᠠᠮᠨᠠᠬᠤ ᠦᠵᠡᠯ ᠰᠠᠨᠠᠭ᠎ᠠ ᠶᠢ | ᠪᠠᠲᠤ ᠪᠠᠬᠢ ᠪᠣᠶ ᠪᠣᠯᠭᠠᠵᠤ᠂ ᠭᠤᠤᠯᠳᠠᠯᠭ᠎ᠠ ᠲᠠᠢ ᠬᠦᠷᠢᠶ᠎ᠡ ᠭᠡᠪᠴᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ | ᠵᠠᠷᠤᠯᠭ᠎ᠠ ᠶᠢ ᠪᠠᠲᠤᠯᠠᠨ᠎ᠠ᠃ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠲᠦᠷᠭᠡᠳᠬᠡᠨ ᠪᠠᠶᠢᠭᠤᠯᠵᠤ᠂ | ᠬᠠᠳᠠᠭᠠᠯᠠᠭᠳᠠᠵᠤ ᠪᠠᠶᠢᠭ᠎ᠠ ᠪᠡᠯᠡ ᠮᠦᠩᠭᠦ ᠶᠢ ᠴᠢᠯᠥᠭᠡᠲᠡᠢ ᠪᠣᠯᠭᠠᠵᠤ᠂ ᠪᠦᠬᠦ ᠲᠠᠯ᠎ᠠ ᠪᠠᠷ ᠲᠦᠷᠢᠮᠵᠢᠭᠰᠡᠨ᠂ ᠢᠯᠡ | ᠲᠣᠳᠣ ᠡᠳ᠋ ᠤᠨ ᠵᠠᠰᠠᠭ ᠤᠨ ᠲᠥᠰᠦᠪ ᠤᠨ ᠲᠤᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠡᠳ᠋ ᠤᠨ ᠵᠠᠰᠠᠭ | ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠰᠢᠭᠤᠨ ᠤ ᠠᠵᠤ ᠠᠬᠤᠢ | ᠨᠡᠶᠢᠭᠡᠮ ᠤᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ( ᠨᠢᠭᠡ ) ᠣᠷᠣᠯᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠡᠳ᠋ ᠤᠨ ᠬᠦᠴᠦᠨ ᠢ ᠲᠠᠰᠤᠷᠠᠯᠲᠠ ᠤᠢᠭᠡᠢ | ᠪᠤᠵᠠᠭᠠᠶᠢᠷᠠᠭᠤᠯᠤᠨ᠎ᠠ᠃ ᠨᠢᠭᠡ ᠳᠤ ᠡᠳ᠋ ᠤᠨ ᠵᠠᠰᠠᠭ ᠤᠨ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠠᠵᠢᠯ ᠢ | ᠰᠢᠯᠢᠳᠡᠭᠵᠢᠭᠦᠯᠵᠦ᠂ ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ | ᠶᠢ ᠢᠳᠡᠪᠬᠢᠲᠡᠢ ᠠᠬᠢᠭᠤᠯᠬᠤ ᠶᠢᠨ ᠬᠠᠮᠲᠤ᠂ ᠣᠷᠣᠯᠭ᠎ᠠ ᠶᠢ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠠᠳᠬᠤᠨ | ᠪᠣᠳᠠᠲᠠᠢ ᠠᠳᠬᠤᠵᠤ᠂ ᠳᠠᠳᠠᠪᠤᠷᠢᠯᠠᠨ ᠬᠠᠮᠢᠶᠠᠷᠬᠤ ᠠᠵᠢᠯ ᠢ ᠴᠢᠩᠭᠠᠳᠬᠠᠵᠤ᠂ ᠭᠠᠶᠢᠯᠢ ᠲᠠᠲᠠᠪᠤᠷᠢ ᠶᠢᠨ ᠣᠷᠣᠯᠭ᠎ᠠ | ᠶᠢ ᠬᠠᠤᠯᠢ ᠶᠣᠰᠣᠭᠠᠷ ᠳᠠᠳᠠᠪᠤᠷᠢᠯᠠᠨ ᠬᠤᠷᠢᠶᠠᠬᠤ᠂ ᠳᠠᠯᠳᠠ ᠬᠦᠴᠦᠨ ᠢ ᠠᠭᠤᠳᠠᠯᠯᠠᠵᠦ ᠭᠤᠭᠤᠵᠢᠭᠳᠠᠬᠤ ᠶᠢ | ᠬᠤᠷᠢᠭᠯᠠᠬᠤ᠂ ᠬᠤᠷᠢᠶᠠᠬᠤ ᠶᠤᠰᠤᠲᠠᠢ ᠪᠦᠬᠦᠨ ᠢ ᠬᠤᠷᠢᠶᠠᠬᠤ ᠶᠢ ᠦᠨᠡᠨ ᠬᠦ ᠪᠡᠶᠡᠯᠡᠭᠦᠯᠵᠦ᠂ ᠭᠠᠶᠢᠯᠢ ᠶᠢᠨ ᠪᠤᠰᠤ | ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠡᠷᠴᠢᠮ ᠢ ᠴᠢᠩᠭᠠᠳᠬᠠᠵᠦ᠂ ᠡᠯ᠎ᠡ ᠣᠷᠣᠯᠭ᠎ᠠ ᠭᠦᠢᠴᠡᠳᠬᠡᠬᠦ ᠨᠢᠭᠡᠴᠡ ᠶᠢ | ᠱᠠᠭᠠᠷᠳᠠᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠯᠭᠡᠨ᠂ ᠡᠯ᠎ᠡ ᠵᠦᠢᠯ ᠤᠨ ᠭᠠᠶᠢᠯᠢ ᠶᠢᠨ | ᠪᠤᠰᠤ ᠣᠷᠣᠯᠭ᠎ᠠ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠬᠥᠮᠥᠷᠭᠡ ᠳᠤ ᠣᠷᠣᠭᠤᠯᠬᠤ ᠶᠢ ᠦᠨᠡᠨ ᠬᠦ ᠪᠠᠲᠤᠯᠠᠵᠤ | ᠂ ᠡᠳ᠋ ᠤᠨ ᠵᠠᠰᠠᠭ ᠤᠨ ᠣᠷᠣᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠷᠣᠯᠭ᠎ᠠ ᠶᠢᠨ | ᠶᠠᠰᠤ ᠴᠢᠨᠠᠷ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠤᠶᠠᠷ ᠲᠤ ᠡᠳ᠋ ᠤᠨ ᠢᠷᠡᠯᠲᠡ | ᠶᠢ ᠶᠡᠬᠡᠪᠡᠷ ᠪᠣᠶᠢᠵᠢᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ ᠪᠣᠯᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ | ᠬᠠᠮᠢᠶᠠᠷᠤᠯᠲᠠ ᠶᠢ ᠴᠢᠩᠭᠠᠳᠬᠠᠨ᠂ ᠭᠤᠤᠯᠳᠠᠯᠭ᠎ᠠ ᠲᠠᠢ ᠭᠠᠶᠢᠯᠢ ᠶᠢᠨ ᠢᠷᠡᠯᠳᠡ ᠶᠢᠨ ᠣᠷᠣᠯᠭ᠎ᠠ ᠶᠢ ᠨᠡᠮᠡᠭᠳᠡᠭᠦᠯᠬᠦ | ᠳᠠᠯᠳᠠ ᠬᠦᠴᠦᠨ ᠢ ᠳᠡᠭᠡᠭᠰᠢᠯᠡᠭᠦᠯᠦᠨ᠎ᠡ᠃ ᠭᠤᠷᠪᠠ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ | ᠶᠢᠨ ᠲᠡᠮᠳᠡᠭᠲᠦ᠂ ᠡᠩ ᠤᠨ ᠴᠢᠨᠠᠷᠲᠠᠶ ᠰᠢᠯᠵᠢᠭᠦᠯᠦᠨ ᠥᠭᠬᠦ ᠵᠡᠷᠭᠡ ᠪᠡᠯᠡ ᠮᠥᠩᠭᠦ ᠶᠢ ᠰᠢᠨ᠎ᠡ ᠪᠠᠷ ᠨᠡᠮᠡᠭᠳᠡᠭᠦᠯᠬᠦ ᠪᠠᠷ | ᠴᠢᠷᠮᠠᠶᠢᠨ᠎ᠠ᠃ | ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ ᠨᠢᠭᠡ ᠳᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ | ᠶᠠᠳᠠᠭᠤ ᠶᠢ ᠳᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠶᠠᠳᠠᠭᠤ | ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ᠂ ᠶᠠᠳᠠᠭᠤ ᠶᠢ ᠲᠡᠳᠬᠦᠬᠦ | ᠲᠦᠷᠦᠯ ᠵᠦᠶᠯ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠲᠦᠯᠬᠢᠨ ᠠᠬᠢᠭᠤᠯᠵᠤ᠂ | ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠵᠦ᠂ ᠪᠦᠬᠦ | ᠬᠦᠴᠦᠨ ᠢᠶᠠᠷ ᠢᠶᠠᠨ ᠴᠢᠷᠮᠡᠶᠢᠵᠦ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠲᠤᠭᠠᠨ ᠤ | ᠢᠯᠠᠯᠲᠠ ᠤᠯᠤᠨ᠎ᠠ᠃ ᠬᠤᠶᠠᠷ ᠲᠤ ᠣᠷᠴᠢᠨ ᠠᠬᠤᠶ ᠶᠢᠨ ᠬᠠᠮᠠᠭᠠᠯᠠᠯᠲᠠ ᠶᠢᠨ ᠪᠡᠯᠡ ᠮᠥᠩᠭᠦ ᠶᠢᠨ ᠣᠷᠣᠭᠤᠯᠤᠯᠲᠠ | ᠶᠢ ᠨᠡᠮᠡᠭᠳᠡᠭᠦᠯᠵᠦ᠂ ᠪᠤᠬᠢᠷᠲᠦᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠲᠠᠶᠢᠯᠠᠯᠲᠤᠭᠠᠨ ᠢ ᠡᠷᠡᠰ ᠰᠠᠶᠢᠲᠤᠷ | ᠬᠢᠵᠦ᠂ ᠴᠢᠭᠯᠡᠯ ᠢ ᠬᠤᠪᠢᠷᠠᠭᠤᠯᠬᠤ ᠦᠭᠡᠢ᠂ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠠᠮᠢ | ᠠᠬᠤᠶ ᠶᠢᠨ ᠤᠷᠴᠢᠨ ᠲᠤᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠭᠤᠷᠪᠠ ᠳᠤ ᠬᠦᠨᠳᠦ | ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠲᠤᠭᠠᠨ ᠢ ᠰᠠᠶᠢᠲᠤᠷ ᠬᠢᠬᠦ | ᠶᠢ ᠳᠡᠮᠵᠢᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠦᠯᠡᠳᠡᠭᠳᠡᠯ ᠨᠢᠭᠤᠭᠳᠠᠮᠠᠯ ᠴᠢᠨᠠᠷᠲᠠᠶ ᠥᠷᠢ ᠥᠭᠴᠡᠭᠡ ᠶᠢ ᠯᠠᠪᠳᠠᠭᠤᠨ ᠢᠶᠠᠷ ᠠᠷᠢᠯᠭᠠᠵᠤ᠂ | ᠣᠷᠣᠨ ᠪᠦᠰᠡ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠶᠢ ᠥᠯᠥ | ᠡᠭᠦᠰᠭᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ᠳᠥᠷᠪᠡ ᠳᠤ ᠰᠤᠷᠭᠠᠨ ᠬᠥᠮᠦᠵᠢᠯ ᠤᠨ ᠣᠷᠣᠭᠤᠯᠤᠯᠲᠠ ᠶᠢ | ᠨᠡᠮᠡᠭᠳᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ | ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠳᠠᠮᠵᠢᠨ᠎ᠠ᠃ ᠲᠠᠪᠤ ᠳᠤ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠦᠷᠭᠡᠨ ᠲᠡᠭᠦᠯᠳᠡᠷᠵᠢᠭᠦᠯᠵᠦ᠂ ᠠᠷᠠᠳ ᠤᠨ ᠠᠮᠢᠲᠦᠷᠠᠯ ᠤᠨ | ᠲᠣᠭᠲᠠᠭᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ | ᠪᠠᠲᠤᠯᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠭᠤᠷᠢ | ᠱᠤᠭᠤᠮ ᠢ ᠪᠠᠲᠤᠯᠠᠨ᠎ᠠ᠃ ᠵᠢᠷᠭᠤᠭ᠎ᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠳᠠᠮᠵᠢᠵᠤ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠡᠮᠬᠢ ᠵᠢᠷᠤᠮ ᠲᠠᠢ ᠠᠬᠢᠭᠤᠯᠵᠦ᠂ ᠬᠤᠲᠠ ᠬᠥᠳᠡᠭᠡ ᠶᠢᠨ ᠬᠠᠷᠢᠯᠴᠠᠨ ᠨᠥᠬᠦᠪᠥᠷᠢᠯᠡᠬᠦ ᠶᠢ | ᠠᠭᠤᠰᠤᠯᠴᠠᠭᠤᠯᠬᠤ᠂ ᠬᠠᠮᠲᠤᠪᠠᠷ ᠴᠡᠴᠡᠭᠯᠡᠨ ᠭᠦᠭᠵᠢᠬᠦ ᠶᠢ ᠠᠬᠢᠭᠤᠯᠬᠤ ᠰᠢᠨ᠎ᠡ ᠪᠠᠶᠢᠳᠠᠯ ᠢ ᠪᠤᠢ ᠪᠣᠯᠭᠠᠨ᠎ᠠ᠃ | ( ᠭᠤᠷᠪᠠ ) ᠵᠠᠷᠤᠯᠭ᠎ᠠ ᠶᠢ ᠪᠠᠭᠠᠰᠬᠠᠵᠤ᠂ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠤᠢ ᠪᠣᠯᠭᠠᠨ᠎ᠠ᠃ | ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠰᠪᠦᠷᠢ ᠬᠠᠲᠠᠭᠤᠵᠢᠯᠲᠠᠢ ᠪᠠᠷ | ᠲᠡᠮᠡᠴᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ | ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ᠂ ᠨᠠᠷᠢᠨ ᠨᠢᠮᠪᠠᠶ ᠪᠤᠳᠤᠬᠤ᠂ ᠠᠯᠢᠪᠠ ᠠᠵᠢᠯ ᠦᠶᠯᠡᠰ ᠢ | ᠠᠷᠪᠢᠴᠢ ᠭᠠᠮᠲᠠᠢ ᠡᠷᠭᠢᠯᠡᠬᠦ ᠶᠢ ᠪᠠᠷᠢᠮᠲᠠᠯᠠᠵᠤ᠂ ᠰᠠᠯᠠᠭ᠎ᠠ ᠮᠥᠴᠢᠷ ᠤᠨ ᠲᠥᠰᠦᠪ ᠢ ᠴᠢᠩᠭ᠎ᠠ ᠨᠠᠶᠢᠷᠠᠭᠤᠯᠤᠨ | ᠵᠣᠬᠢᠶᠠᠵᠤ᠂ ᠭᠤᠤᠯᠳᠠᠯᠭ᠎ᠠ ᠪᠤᠰᠤ᠂ ᠵᠠᠶᠢᠯᠠᠰᠢ ᠦᠬᠡᠢ ᠪᠤᠰᠤ ᠴᠢᠨᠠᠷᠲᠠᠶ ᠡᠩ ᠤᠨ ᠴᠢᠨᠠᠷᠲᠠᠶ ᠵᠠᠷᠤᠯᠭ᠎ᠠ ᠶᠢ | ᠪᠠᠭᠠᠰᠬᠠᠵᠦ᠂ ᠢᠯᠠᠩᠭᠤᠶ᠎ᠠ ᠳᠣᠤᠷ᠎ᠠ ᠦᠷ᠎ᠡ ᠠᠰᠢᠭ ᠲᠠᠢ ᠦᠷ᠎ᠡ ᠠᠰᠢᠭ ᠦᠭᠡᠢ᠂ ᠪᠠᠷᠢᠮᠵᠢᠶ᠎ᠠ ᠨᠢ ᠬᠡᠲᠦᠷᠬᠡᠢ | ᠥᠨᠳᠥᠷ ᠵᠠᠷᠤᠯᠭ᠎ᠠ ᠪᠠ ᠴᠢᠬᠤᠯᠠ ᠪᠤᠰᠤ ᠵᠦᠶᠯᠡᠰ ᠤᠨ ᠵᠠᠷᠤᠯᠭ᠎ᠠ ᠶᠢ ᠪᠠᠭᠠᠰᠬᠠᠵᠦ᠂ ᠡᠳ᠋ ᠤᠨ ᠵᠠᠰᠠᠭ ᠤᠨ ᠵᠠᠷᠤᠯᠭ᠎ᠠ | ᠶᠢᠨ ᠪᠦᠲᠦᠴᠡ ᠶᠢ ᠰᠢᠯᠢᠳᠡᠭᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | | ( ᠲᠦᠷᠪᠡ ) ᠡᠳ᠋ ᠤᠨ ᠢᠷᠡᠯᠲᠡ ᠶᠢ ᠢᠳᠡᠪᠬᠢᠲᠡᠶ ᠪᠠᠷ ᠪᠣᠶᠢᠵᠢᠭᠤᠯᠵᠤ᠂ ᠡᠳ᠋ ᠤᠨ ᠵᠠᠰᠠᠭ ᠤᠨ ᠪᠠᠶᠢᠭᠤᠯᠤᠯ | ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠰᠤᠮᠤ ᠰᠢᠶᠠᠩ ᠪᠠᠯᠭᠠᠰᠤ ᠶᠢᠨ ᠡᠷᠬᠡ ᠮᠡᠳᠡᠵᠦ ᠡᠳ᠋ ᠤᠨ ᠶᠠᠪᠤᠳᠠᠯ | ᠢ ᠬᠠᠮᠢᠶᠠᠷᠬᠤ ᠪᠠ ᠠᠵᠤ ᠠᠬᠤᠶ ᠶᠢ ᠭᠦᠭᠵᠢᠭᠦᠯᠬᠦ᠂ ᠡᠳ᠋ ᠤᠨ ᠢᠷᠡᠯᠲᠡ ᠶᠢ ᠪᠣᠶᠢᠵᠢᠭᠤᠯᠬᠤ᠂ ᠣᠷᠣᠯᠭ᠎ᠠ ᠪᠠᠨ | ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠬᠤ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠵᠤ᠂ ᠰᠤᠮᠤ ᠰᠢᠶᠠᠩ | ᠪᠠᠯᠭᠠᠰᠤ ᠶᠢᠨ ᠠᠵᠤ ᠠᠬᠤᠶ ᠶᠢ ᠬᠥᠭᠵᠢᠭᠦᠯᠬᠦ ᠲᠤᠲᠤᠭᠠᠲᠦ ᠶᠢᠨ ᠬᠥᠳᠡᠯᠭᠡᠬᠦ ᠬᠦᠴᠦᠨ ᠪᠣᠯᠤᠨ ᠠᠮᠢᠵᠢᠷᠠᠯ ᠤᠨ | ᠬᠦᠴᠦᠨ ᠢ ᠬᠥᠭᠵᠢᠭᠡᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠡᠷᠭᠢᠯᠳᠡ ᠪᠣᠯᠤᠨ ᠨᠡᠶᠢᠭᠡᠮ ᠤᠨ | ᠬᠥᠭᠵᠢᠯᠲᠡ ᠶᠢᠨ ᠲᠣᠭᠲᠠᠪᠤᠷᠢᠲᠤ ᠴᠢᠨᠠᠷ᠂ ᠵᠣᠬᠢᠴᠠᠩᠭᠤᠶ ᠴᠢᠨᠠᠷ ᠪᠣᠯᠤᠨ ᠲᠡᠩᠴᠡᠭᠦᠷᠢᠲᠦ ᠴᠢᠨᠠᠷ ᠢ ᠨᠡᠮᠡᠭᠳᠡᠭᠦᠯᠵᠦ᠂ | ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠨᠡᠯᠢᠶᠡᠳ ᠲᠦᠷᠭᠡᠨ ᠭᠦᠭᠵᠢᠯᠳᠡ ᠶᠢ ᠠᠬᠢᠭᠤᠯᠤᠨ᠎ᠠ᠃ ᠰᠤᠮᠤ | ᠰᠢᠶᠠᠩ ᠪᠠᠯᠭᠠᠰᠤᠨ ᠤ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠵᠠᠪᠠᠯ ᠬᠢᠬᠦ ᠴᠢᠬᠤᠯᠠᠲᠠᠢ ᠪᠣᠯᠵᠤ | ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠨᠡᠬᠦ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠡᠳ᠋ ᠤᠨ ᠵᠠᠰᠠᠭ ᠢ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤᠨ ᠳᠡᠳ᠋ ᠳᠠᠷᠤᠭ᠎ᠠ ᠡᠳ᠋ ᠤᠨ ᠵᠠᠰᠠᠭ ᠤᠨ | ᠬᠤᠯᠪᠣᠭᠳᠠᠯ ᠪᠦᠬᠦᠢ ᠬᠥᠮᠦᠰ ᠢ ᠳᠠᠭᠠᠭᠤᠯᠤᠨ ᠤᠷᠢᠳ ᠬᠤᠵᠢᠳ ᠠᠤᠬᠠᠨ ᠬᠤᠰᠢᠭᠤ᠂ ᠯᠢᠶᠣᠤᠨᠢᠩ ᠤᠨ ᠫᠠᠨ ᠱᠠᠨ | ᠰᠢᠶᠠᠨ ᠳᠤ ᠭᠦᠨᠵᠡᠭᠡᠶᠢᠷᠡᠨ ᠰᠢᠶᠠᠨ ᠰᠢᠶᠠᠩ ᠪᠠᠯᠭᠠᠰᠤᠨ ᠤ ᠡᠳ᠋ ᠤᠨ ᠵᠠᠰᠠᠭ ᠤᠨ ᠪᠦᠲᠦᠭᠡᠨ ᠪᠠᠶᠢᠭᠤᠯᠤᠯᠲᠠ᠂ | ᠰᠢᠶᠠᠨ ᠰᠢᠶᠠᠩ ᠬᠤᠶᠠᠷ ᠱᠠᠲᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠷᠢᠭᠤᠴᠠᠯᠭ᠎ᠠ ᠶᠢᠨ | ᠬᠤᠪᠢᠶᠠᠷᠢᠯᠠᠯ ᠪᠠ ᠬᠤᠪᠢᠶᠠᠷᠢᠯᠠᠨ ᠬᠤᠭᠤᠯᠠ ᠢᠳᠡᠬᠦ ᠳᠦᠷᠢᠮ ᠤᠨ ᠲᠡᠷᠢᠭᠦᠨ ᠤ ᠲᠤᠷᠰᠢᠯᠭ᠎ᠠ ᠶᠢ ᠰᠢᠨᠵᠢᠯᠡᠨ | ᠪᠠᠶᠢᠴᠠᠭᠠᠪᠠ᠃ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠰᠤᠮᠤ ᠰᠢᠶᠠᠩ ᠪᠠᠯᠭᠠᠰᠤᠨ ᠤ | ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ | ᠨᠡᠶᠢᠲᠡᠯᠡᠵᠦ᠂ 2020 ᠣᠨ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠡᠭᠦᠨ ᠤ ᠤᠯᠠᠮ | ᠠᠴᠠ ᠬᠤᠰᠢᠭᠤ ᠰᠢᠶᠠᠩ ᠬᠤᠶᠠᠷ ᠱᠠᠲᠤᠨ ᠤ ᠵᠠᠰᠠᠭ ᠤᠨ ᠣᠷᠳᠣᠨ ᠤ ᠬᠤᠭᠤᠷᠣᠨᠳᠣᠬᠢ ᠡᠳ᠋ ᠤᠨ ᠵᠠᠰᠠᠭ ᠤᠨ | ᠬᠤᠪᠢᠶᠠᠷᠢᠯᠠᠯᠲᠠ ᠶᠢᠨ ᠬᠠᠷᠢᠴᠠᠭ᠎ᠠ ᠪᠣᠯᠤᠨ ᠡᠳ᠋ ᠤᠨ ᠵᠠᠰᠠᠭ ᠤᠨ ᠡᠷᠬᠡ ᠬᠢᠭᠡᠳ ᠡᠷᠬᠡ ᠮᠡᠳᠡᠯ ᠤᠨ ᠬᠠᠷᠢᠯᠴᠠᠨ | ᠵᠣᠬᠢᠴᠠᠯᠳᠤᠬᠤ ᠬᠠᠷᠢᠴᠠᠭ᠎ᠠ ᠶᠢ ᠰᠢᠯᠤᠭᠤᠳᠬᠠᠵᠤ᠂ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠡᠳ᠋ ᠤᠨ | ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠰᠢᠶᠠᠩ ᠪᠠᠯᠭᠠᠰᠤᠨ ᠤ ᠵᠠᠰᠠᠭ ᠤᠨ ᠡᠷᠬᠡᠲᠦ | ᠪᠠᠶᠢᠭᠤᠯᠤᠯᠭ᠎ᠠ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠡᠪ ᠤᠨ ᠡᠷᠭᠢᠯᠳᠡ ᠶᠢ ᠦᠨᠡᠨᠬᠦ | ᠪᠠᠲᠤᠯᠠᠬᠤ ᠪᠤᠯᠤᠨ᠎ᠠ᠃ | ︵ᠲᠠᠪᠤ︶ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠡᠪᠴᠢᠶ᠎ᠡ ᠪᠠᠨ ᠥᠷᠭᠡᠳᠬᠡᠨ | ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ︽ᠪᠦᠬᠦ ᠲᠠᠯ᠎ᠠ ᠪᠠᠷ᠂ ᠪᠦᠬᠦ ᠶᠠᠪᠤᠴᠠ ᠳᠤ᠂ ᠪᠦᠬᠦᠨ ᠢ ᠬᠠᠮᠤᠷᠬᠤ︾ ᠲᠥᠰᠦᠪ | ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠲᠤᠭᠲᠠᠯᠴᠠᠭ᠎ᠠ ᠶᠢ ᠲᠦᠷᠭᠡᠨ ᠪᠠᠶᠢᠭᠤᠯᠵᠤ᠂ ᠲᠥᠰᠦᠪ ᠤᠨ ᠦᠷ᠎ᠡ | ᠪᠦᠲᠦᠮᠵᠢ ᠶᠢᠨ ᠬᠠᠮᠢᠶᠠᠷᠤᠯᠲᠠ ᠶᠢᠨ ᠠᠯᠬᠤᠮ ᠳᠠᠷᠠᠭᠠᠯᠠᠯ ᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠡᠬᠢ | ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠡ ᠪᠦᠲᠦᠮᠵᠢ ᠪᠠ ᠬᠡᠷᠡᠭᠯᠡᠭᠡᠨ ᠤ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠲᠥᠰᠦᠪ ᠢ ᠨᠠᠶᠢᠷᠠᠭᠤᠯᠤᠨ ᠵᠣᠬᠢᠶᠠᠬᠤ ᠳᠠᠭᠠᠨ ᠵᠠᠷᠤᠯᠭ᠎ᠠ ᠶᠢᠨ ᠦᠷ᠎ᠡ ᠪᠦᠲᠦᠮᠵᠢ ᠶᠢᠨ ᠬᠠᠷᠠᠯᠲᠠ ᠪᠠᠨ ᠵᠡᠷᠭᠡ ᠳᠤᠨᠢ | ᠭᠤᠶᠤᠴᠢᠯᠠᠨ ᠮᠡᠳᠡᠭᠦᠯᠵᠦ᠂ ᠦᠷ᠎ᠡ ᠪᠦᠲᠦᠮᠵᠢ ᠶᠢᠨ ᠬᠠᠷᠠᠯᠲᠠ ᠶᠢ ᠲᠥᠷᠥᠯ ᠵᠦᠶᠯ ᠤᠨ ᠪᠡᠯᠡ ᠮᠦᠩᠭᠦ | ᠲᠣᠬᠢᠷᠠᠭᠤᠯᠬᠤ ᠦᠨᠳᠦᠰᠦᠨ ᠦᠨᠳᠦᠰᠦᠯᠡᠯ ᠪᠣᠯᠭᠠᠵᠤ᠂ ᠦᠷ᠎ᠡ ᠪᠦᠲᠦᠮᠵᠢ ᠶᠢᠨ ᠬᠠᠷᠠᠯᠲᠠ ᠶᠢ ᠱᠠᠭᠠᠷᠳᠠᠯᠭ᠎ᠠ | ᠶᠤᠰᠤᠭᠠᠷ ᠨᠠᠶᠢᠷᠠᠭᠤᠯᠤᠭᠰᠠᠨ ᠦᠬᠡᠢ ᠪᠠ ᠦᠷ᠎ᠡ ᠪᠦᠲᠦᠮᠵᠢ ᠶᠢᠨ ᠬᠠᠷᠠᠯᠲᠠ ᠦᠭᠡᠶ ᠲᠥᠷᠥᠯ ᠵᠦᠶᠯ ᠲᠥᠷᠥᠯ ᠵᠦᠶᠯ | ᠤᠨ ᠪᠡᠯᠡ ᠮᠥᠩᠭᠦ ᠭᠤᠶᠤᠴᠢᠯᠠᠵᠦ ᠪᠯᠬᠤ ᠦᠬᠡᠢ᠂ ᠲᠥᠰᠦᠪ ᠤᠨ ᠪᠡᠯᠡ ᠮᠥᠩᠭᠦ ᠲᠣᠬᠢᠷᠠᠭᠤᠯᠵᠤ ᠪᠣᠯᠬᠤ ᠦᠭᠡᠶ᠂ | ︽ᠦᠷ᠎ᠡ ᠪᠦᠲᠦᠮᠵᠢ ᠦᠭᠡᠶ ᠪᠣᠯ ᠲᠥᠰᠦᠪ ᠬᠢᠬᠦ ᠦᠭᠡᠶ︾ ᠪᠠᠶᠢᠬᠤ ᠶᠢ ᠦᠨᠡᠨ ᠬᠦ ᠪᠡᠶᠡᠯᠡᠭᠦᠯᠬᠦ ᠶᠢᠨ ᠬᠠᠮᠲᠤ᠂ | ᠲᠥᠰᠦᠪ ᠢ ᠴᠣᠬᠤᠯᠠᠪᠤᠷᠢᠯᠠᠨ ᠬᠠᠷᠢᠭᠤᠯᠬᠤ ᠭᠤᠭᠴᠤᠭ᠎ᠠ ᠳᠤ ᠦᠷ᠎ᠡ ᠪᠦᠲᠦᠮᠵᠢ ᠶᠢᠨ ᠬᠠᠷᠠᠯᠲᠠ ᠶᠢ ᠵᠡᠷᠭᠡ ᠳᠤᠨᠢ | ᠴᠤᠬᠤᠯᠠᠪᠤᠷᠢᠯᠠᠨ ᠬᠠᠷᠢᠭᠤᠯᠤᠨ᠎ᠠ᠃ ︽ᠬᠡᠨ ᠵᠣᠭᠤᠰ ᠵᠠᠷᠤᠪᠠᠯ ᠲᠡᠷᠡ ᠬᠠᠷᠢᠭᠤᠴᠠᠬᠤ︾ ᠵᠠᠷᠴᠢᠮ ᠢ ᠴᠢᠩᠭ᠎ᠠ | ᠵᠢᠷᠤᠮᠯᠠᠨ᠂ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠦ᠂ ︽ᠵᠣᠭᠤᠰ ᠵᠠᠷᠤᠪᠠᠯ ᠡᠷᠭᠡᠪᠰᠢ ᠦᠷ᠎ᠡ ᠪᠦᠲᠦᠮᠵᠢ ᠶᠢ ᠨᠢ ᠠᠰᠠᠭᠤᠵᠤ᠂ ᠦᠷ᠎ᠡ ᠪᠦᠲᠦᠮᠵᠢ | ᠦᠭᠡᠢ ᠪᠣᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ︾ ᠶᠢ ᠦᠨᠡᠨᠬᠦ ᠪᠡᠶᠡᠯᠡᠭᠦᠯᠦᠨ᠎ᠡ᠃ | ( ᠵᠢᠷᠭᠤᠭ᠎ᠠ ) ᠢᠯᠡ ᠪᠣᠯᠭᠠᠬᠤ ᠪᠠ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠡᠳ᠋ ᠤᠨ ᠵᠠᠰᠠᠭ | ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠥᠰᠦᠪ ᠪᠠ ᠲᠥᠰᠦᠪ ᠤᠨ | ᠭᠦᠶᠴᠡᠳᠬᠡᠯ ᠤᠨ ᠢᠯᠡ ᠲᠤᠲᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠲᠤᠬᠠᠶ ᠳᠡᠭᠡᠲᠦ ᠱᠠᠲᠤᠨ ᠤ ᠡᠳ᠋ ᠤᠨ | ᠵᠠᠰᠠᠭ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠰᠠᠯᠠᠭ᠎ᠠ ᠮᠦᠴᠢᠷ ᠤᠨ ᠢᠯᠡ ᠪᠣᠯᠭᠠᠬᠤ | ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠯᠡ ᠪᠤᠯᠭᠠᠬᠤ ᠬᠡᠪᠴᠢᠶ᠎ᠡ ᠶᠢ | ᠥᠷᠭᠡᠳᠬᠡᠨ᠂ ᠢᠯᠡ ᠪᠣᠯᠭᠠᠬᠤ ᠠᠭᠤᠯᠭ᠎ᠠ ᠶᠢ ᠨᠠᠷᠢᠯᠢᠭᠵᠢᠭᠤᠯᠤᠨ᠂ ᠢᠯᠡ ᠪᠣᠯᠭᠠᠬᠤ ᠠᠷᠭ᠎ᠠ ᠵᠠᠮ ᠢ ᠥᠷᠭᠡᠳᠬᠡᠨ᠂ | ᠢᠯᠡ ᠪᠣᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠪᠡᠯᠡ ᠮᠥᠩᠭᠦ ᠶᠢᠨ ᠬᠤᠪᠢᠶᠠᠷᠢᠯᠠᠯᠲᠠ ᠪᠠ ᠬᠡᠷᠡᠭᠯᠡᠯᠳᠡ ᠶᠢ | ᠢᠯᠡ ᠪᠣᠯᠭᠠᠬᠤ ᠶᠢ ᠦᠨᠡᠨᠬᠦ ᠪᠠᠲᠤᠯᠠᠵᠤ᠂ ᠢᠯᠡ ᠲᠣᠳᠣ ᠪᠠᠶᠢᠯᠭᠠᠵᠤ᠂ ᠡᠳ᠋ ᠤᠨ ᠵᠠᠰᠠᠭ ᠤᠨ ᠪᠡᠯᠡ ᠮᠦᠩᠭᠦᠨ ᠤ | ᠡᠷᠭᠢᠯᠳᠡ ᠶᠢᠨ ᠨᠡᠪᠳᠡᠴᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | | | | |