2020 ᠤᠨ ᠤ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠳᠡ ︵ᠨᠢᠭᠡ︶
ᠨᠡᠶᠢᠲᠡᠯᠡᠭᠰᠡᠨ ᠴᠠᠭ᠄
2020/4/29
     —— 2020 ᠣᠨ ᠤ 4 ᠰᠠᠷ᠎ᠠ ᠶᠢᠨ 22᠎ ᠤ ᠡᠳᠦᠷ  ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠲᠦᠭᠡᠷ ᠤᠳᠠᠭᠠᠨ ᠤ ᠬᠤᠷᠠᠯᠲᠤᠭᠠᠨ ᠳᠡᠭᠡᠷ᠎ᠡ      ᠬᠡᠰᠢᠭᠲᠡᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ    ᠯᠢᠦ ᠵᠢᠩ ᠺᠦᠶᠲᠥᠯᠥᠭᠡᠯᠡᠭᠴᠢᠳ ᠡ᠄      ᠣᠳᠣ ᠪᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠤᠯᠪᠠᠦ᠂ ᠡᠭᠦᠨ ᠤ ᠬᠠᠮᠲᠦ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠰᠤᠯᠠ ᠣᠷᠣᠯᠴᠠᠭᠰᠠᠨ ᠨᠥᠬᠦᠳ ᠠᠴᠠ ᠰᠠᠨᠠᠯ ᠢᠶᠠᠨ ᠳᠤᠷᠠᠳᠬᠤ ᠪᠤᠯᠪᠠᠦ᠃      2019 ᠣᠨ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠎ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠎ ᠶᠢ ᠪᠠᠷᠢᠮᠲᠠᠯᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠲᠤᠭᠠᠷ᠂ ᠳᠥᠷᠪᠡᠳᠦᠭᠡᠷ ᠪᠥᠬᠦᠳᠡ ᠬᠤᠷᠠᠯ ᠵᠢᠴᠢ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ ᠣᠯᠠᠨ ᠳᠤ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ︾ ᠠᠵᠢᠯ ᠤᠨ ᠬᠠᠷᠠᠯᠳᠠ ᠲᠠᠢ ᠨᠢᠭᠲᠠ ᠤᠶᠠᠯᠳᠤᠭᠤᠯᠤᠨ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ ᠠᠵᠢᠯ ᠤᠨ ᠭᠤᠤᠯ ᠱᠤᠭᠤᠮ ᠢ ᠪᠠᠲᠤ ᠡᠵᠡᠮᠳᠡᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠶᠴᠡᠳᠬᠡᠵᠦ᠂ ᠡᠯ᠎ᠡ ᠵᠦᠶᠯ ᠤᠨ ᠠᠵᠢᠯ ᠰᠢᠨ᠎ᠡ ᠠᠬᠢᠴᠠ ᠲᠠᠢ ᠪᠣᠯᠪᠠ᠃ ᠪᠦᠬᠦ ᠵᠢᠯ ᠳᠤ ᠡᠯ᠎ᠡ ᠲᠥᠷᠥᠯ ᠤᠨ ᠬᠡᠷᠡᠭ ᠢ 11103 ᠬᠤᠪᠢ ᠬᠦᠯᠢᠶᠡᠨ ᠠᠪᠴᠤ ᠰᠢᠢᠳᠪᠦᠷᠢᠯᠡᠨ᠂ ᠰᠢᠭᠦᠵᠦ ᠭᠦᠢᠴᠡᠳᠭᠡᠭᠰᠡᠨ ᠨᠢ 10078 ᠬᠤᠪᠢ ᠂ ᠰᠢᠭᠦᠵᠦ ᠳᠠᠭᠤᠰᠬᠠᠭᠰᠠᠨ ᠨᠣᠷᠮ᠎ᠠ ᠨᠢ 90.77% ᠪᠠᠶᠢᠵᠦ᠂ ᠬᠠᠮᠲᠤ ᠶᠢᠨ ᠭᠤᠷᠪᠠᠳᠤᠭᠠᠷ ᠳᠡᠰ ᠤᠨ ᠭᠠᠪᠢᠶ᠎ᠠ ᠳᠡᠮᠳᠡᠭᠯᠡᠭᠦᠯᠪᠡ᠃      ᠨᠢᠭᠡ᠂ ᠬᠠᠤᠯᠢ ᠪᠠᠷ ᠵᠠᠰᠠᠬᠤ ᠬᠡᠰᠢᠭᠲᠡᠨ ᠬᠤᠰᠢᠭᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠡᠶ᠎ᠡ ᠵᠤᠭᠢᠴᠠᠩᠭᠤᠢ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠪᠠ      ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠠᠭᠤᠴᠢᠯᠠᠨ ᠰᠢᠢᠳᠬᠡᠬᠦ ᠪᠠ ᠴᠢᠩᠭ᠎ᠠ ᠰᠢᠢᠳᠭᠡᠬᠦ ᠶᠢ ᠬᠤᠤᠰᠯᠠᠭᠤᠯᠬᠤ ᠡᠷᠡᠭᠦᠦ ᠶᠢᠨ ᠬᠡᠷᠡᠭ ᠤᠨ ᠲᠦᠷᠦ ᠶᠢᠨ ᠪᠤᠳᠤᠯᠭ ᠎ᠠ ᠶᠢ ᠴᠢᠩᠭ᠎ᠠ ᠲᠤᠤᠱᠯᠠᠭᠤᠯᠵᠤ᠂ 164 ᠡᠷᠡᠭᠦᠦ ᠶᠢᠨ ᠬᠡᠷᠡᠭ ᠢ ᠰᠢᠭᠦᠨ ᠳᠠᠭᠤᠰᠬᠠᠵᠤ᠂ 244 ᠵᠠᠭᠠᠯᠳᠤᠭᠳᠠᠭᠴᠢ ᠶᠢ ᠰᠢᠭᠦᠨ ᠰᠢᠢᠳᠭᠡᠪᠡ᠃ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠦᠴᠦᠷᠬᠡᠭᠯᠡᠨ ᠨᠥᠵᠢᠳᠯᠡᠭᠰᠡᠨ᠂ ᠳᠡᠭᠡᠷᠡᠮᠳᠡᠭᠰᠡᠨ᠂ ᠪᠤᠯᠢᠶᠠᠭᠰᠠᠨ᠂ ᠬᠤᠯᠠᠭᠠᠶᠢᠯᠠᠭᠰᠠᠨ ᠵᠡᠷᠭᠡ 28 ᠶᠠᠯᠠᠲᠤ ᠬᠡᠷᠡᠭ ᠢ ᠰᠢᠭᠦᠨ ᠳᠠᠭᠤᠰᠬᠠᠪᠠ᠃ ᠤᠯᠠᠨ ᠨᠡᠶᠢᠲᠡ ᠶᠢᠨ ᠠᠮᠤᠷ ᠲᠦᠪᠰᠢᠨ ᠎ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠳᠠ ᠥᠭᠴᠦ᠂ ᠭᠠᠯ ᠲᠠᠯᠪᠢᠬᠤ᠂ ᠠᠶᠤᠯᠲᠠᠶ ᠪᠠᠷ ᠲᠡᠷᠭᠡ ᠵᠢᠯᠣᠭᠤᠳᠬᠤ ᠵᠡᠷᠭᠡ ᠶᠠᠯᠠᠲᠤ ᠬᠡᠷᠡᠭ ᠢ 21 ᠬᠤᠪᠢ 21 ᠬᠦᠮᠦᠨ ᠢ ᠰᠢᠭᠦᠨ ᠳᠠᠭᠤᠰᠬᠠᠪᠠ ᠃ ᠨᠡᠶᠢᠭᠡᠮ ᠤᠨ ᠬᠠᠮᠢᠶᠠᠷᠤᠯᠲᠠ ᠶᠢ ᠬᠠᠷᠰᠢᠯᠠᠭᠰᠠᠨ ᠪᠠ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠵᠢᠷᠤᠮ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ ᠢ ᠴᠤᠭᠯᠠᠭᠤᠯᠵᠤ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠤᠭᠰᠠᠨ᠂ ᠮᠡᠬᠡᠯᠡᠭᠰᠡᠨ ᠵᠡᠷᠭᠡ ᠶᠠᠯᠠᠲᠤ ᠬᠡᠷᠡᠭ ᠢ 16 ᠬᠤᠪᠢ 33 ᠬᠥᠮᠦᠨ ᠢ ᠰᠢᠭᠦᠨ ᠳᠠᠭᠤᠰᠬᠠᠪᠠ᠃ ᠤᠨᠴᠠᠭᠠᠢ ᠬᠥᠮᠦᠰ ᠢ ᠬᠠᠪᠰᠤᠷᠤᠨ ᠰᠤᠷᠭᠠᠬᠤ ᠬᠠᠮᠢᠶᠠᠷᠤᠯᠲᠠ ᠳᠤ ᠢᠳᠡᠪᠬᠢᠲᠡᠶ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠬᠠᠮᠲᠤᠪᠠᠷ ᠲᠦᠯᠬᠢᠨ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠠᠬᠢᠭᠤᠯᠪᠠ᠃      ᠲᠤᠰᠬᠠᠶ ᠲᠡᠮᠡᠴᠡᠯ ᠢ ᠭᠦᠨᠵᠡᠭᠡᠶ ᠦᠷᠨᠢᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠵᠦ᠂ ᠨᠠᠮ ᠤᠨ ᠤᠲᠤᠷᠢᠳᠬᠤ ᠳᠤᠭᠤᠶᠢᠯᠠᠩ ᠤᠨ ᠬᠤᠷᠠᠯ ᠢ 5 ᠤᠳᠠᠭ᠎ᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ 5 ᠤᠳᠠᠭ᠎ᠠ᠂ ᠪᠦᠬᠦ ᠬᠤᠷᠢᠶᠠᠨ ᠤ ᠺᠠᠳ᠋ᠷ ᠴᠠᠭᠳᠠᠭ᠎ᠠ ᠶᠢᠨ ᠶᠡᠭᠡ ᠬᠤᠷᠠᠯ ᠢ 3 ᠤᠳᠠᠭ᠎ᠠ ᠬᠤᠷᠠᠯᠳᠤᠭᠤᠯᠵᠤ᠂ ᠲᠥᠪ ᠤᠨ ᠪᠠᠶᠢᠷᠢᠯᠠᠭᠤᠯᠤᠯᠲᠠ ᠪᠠ ᠳᠡᠭᠡᠳᠦ ᠱᠠᠲᠤᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠬᠡᠷᠡᠭ ᠤᠨ ᠪᠣᠳᠠᠲᠤ ᠬᠡᠷᠡᠭ ᠤᠨ ᠪᠣᠭᠤᠮᠲᠠ ᠶᠢ ᠴᠢᠩᠭ᠎ᠠ ᠠᠳᠬᠤᠵᠤ᠂ ᠵᠠᠭᠠᠯᠳᠤᠭᠳᠠᠭᠴᠢ ᠪᠤᠤ ᠭᠦᠸᠧ ᠮᠢᠨ᠂ ᠷᠠᠰᠢᠶᠠᠠᠪᠤᠯᠠᠭ ᠤᠨ ᠮᠡᠭᠡᠯᠡᠵᠦ᠂ ᠬᠢᠬᠠᠭᠰᠠᠨ ᠬᠡᠷᠡᠭ ᠤᠨ ᠬᠠᠷᠬᠢᠰ ᠬᠦᠴᠦᠨ ᠳᠤ ᠬᠤᠯᠪᠣᠭᠳᠠᠭᠰᠠᠨ ᠢ ᠦᠯᠦ ᠮᠠᠭᠠᠳᠯᠠᠨ ᠲᠤᠭᠲᠠᠭᠠᠭᠰᠠᠨ ᠪᠠᠷ ᠵᠢᠱᠢᠶ᠎ᠡ ᠪᠣᠯᠭᠠᠵᠤ᠂ ᠪᠠᠷᠢᠮᠵᠢᠶ᠎ᠠ ᠶᠢ ᠪᠠᠭᠤᠷᠠᠭᠤᠯᠬᠤ ᠥᠬᠡᠶ ᠮᠥᠷᠲᠡᠭᠡᠨ ᠵᠣᠷᠢᠭᠤᠳᠠ ᠳᠡᠭᠡᠭᠰᠢᠯᠡᠭᠦᠯᠬᠦ ᠥᠬᠡᠶ ᠪᠠᠶᠢᠬᠤ ᠶᠢ ᠡᠷᠡᠰ ᠬᠦᠢᠴᠡᠳᠭᠡᠪᠡ᠃ ᠰᠦᠪᠡᠭᠴᠢ ᠶᠢ ᠴᠤᠭᠯᠠᠭᠤᠯᠬᠤ ᠲᠣᠭᠲᠠᠴᠠ ᠶᠢ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠭᠡᠷ ᠤᠷᠢᠳ ᠬᠤᠵᠢᠳ 2 ᠤᠳᠠᠭ᠎ᠠ ᠤᠶᠢᠷ᠎ᠠ ᠶᠢᠨ ᠲᠠᠪᠤᠨ ᠵᠢᠯ ᠳᠤ ᠰᠢᠭᠦᠨ ᠳᠠᠭᠤᠰᠬᠠᠭᠰᠠᠨ 63 ᠬᠤᠪᠢ ᠭᠤᠷᠪᠠᠨ ᠬᠥᠮᠦᠨ ᠠᠴᠠ ᠳᠡᠭᠡᠭᠰᠢᠬᠢ ᠬᠠᠮᠲᠤ ᠪᠠᠷ ᠶᠠᠯ᠎ᠠ ᠬᠢᠭᠰᠡᠨ ᠡᠷᠡᠭᠦᠦ ᠶᠢᠨ ᠬᠡᠷᠡᠭ ᠢ ᠳᠠᠷᠠᠭᠠᠯᠠᠨ ᠪᠠᠶᠢᠴᠠᠭᠠᠬᠤ ᠶᠢᠨ ᠬᠠᠮᠲᠦ᠂ ᠪᠦᠬᠦ ᠬᠤᠷᠢᠶᠠᠨ ᠤ ᠰᠢᠭᠦᠨ ᠳᠠᠰᠤᠯᠵᠦ ᠭᠦᠢᠴᠡᠳᠬᠡᠬᠦ ᠬᠥᠮᠦᠰ ᠠᠴᠠ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠤᠭᠳᠠᠭᠰᠠᠨ ᠰᠦᠪᠡᠭᠴᠢ ᠶᠢ 72 ᠬᠥᠮᠦᠨ ᠤᠳᠠᠭ᠎ᠠ ᠴᠤᠭᠯᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ 6 ᠵᠤᠷᠪᠤᠰ ᠴᠤᠭᠯᠠᠭᠤᠯᠵᠤ᠂ ᠪᠦᠬᠦᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠰᠢᠯᠵᠢᠭᠦᠯᠪᠡ᠃ ᠬᠠᠷᠢᠭᠤ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠎ ᠶᠢ ᠰᠠᠶᠢᠲᠤᠷ ᠠᠳᠬᠤᠵᠤ᠂ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠱᠠᠭᠠᠷᠳᠠᠨ ᠵᠢᠯᠣᠭᠤᠳᠬᠤ ᠳᠤᠭᠤᠶᠢᠯᠠᠩ ᠤᠨ ᠱᠠᠭᠠᠷᠳᠠᠨ ᠵᠢᠯᠤᠭᠤᠳᠴᠦ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ᠂ ᠬᠠᠨᠳᠤᠯᠭᠠᠲᠤ ᠴᠢᠨᠠᠷᠲᠠᠢ ᠪᠠᠷ ᠬᠠᠯᠠᠨ ᠰᠠᠶᠢᠵᠢᠷᠠᠭᠤᠯᠬᠤ ᠲᠦᠰᠦᠪ ᠲᠣᠭᠲᠠᠭᠠᠵᠤ᠂ ᠬᠠᠯᠠᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠵᠢᠭᠰᠠᠭᠠᠨ ᠲᠤᠲᠤᠷᠬᠠᠶᠢᠯᠠᠵᠦ᠂ ᠬᠠᠯᠠᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠶᠢ ᠨᠢᠭᠡᠳ ᠨᠢᠭᠡ ᠪᠠᠷ ᠠᠳᠬᠤᠪᠠ᠃      ᠵᠥᠷᠢᠴᠡᠯ ᠵᠢᠭᠤᠷᠠᠯᠳᠤᠭᠠᠨ ᠢ ᠵᠤᠬᠢᠰᠲᠠᠢ ᠨᠠᠮᠳᠠᠭᠤᠯᠪᠠ᠃ ᠬᠠᠤᠯᠢ ᠴᠠᠭᠠᠵᠠ ᠶᠢᠨ ᠬᠥᠮᠦᠵᠢᠯ᠂ ᠦᠨᠡᠯᠡᠯᠳᠡ᠂ ᠵᠢᠭᠠᠨ ᠵᠢᠯᠤᠲᠤᠭᠤᠯᠭ᠎ᠠ᠂ ᠲᠦᠷᠢᠮᠵᠢᠭᠦᠯᠬᠦ ᠴᠢᠳᠠᠮᠵᠢ ᠶᠢ ᠭᠦᠶᠴᠡᠳ ᠪᠠᠳᠠᠷᠠᠭᠤᠯᠤᠨ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠶᠢ ᠴᠢᠩᠭᠠᠳᠬᠠᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠡᠷᠬᠢᠮᠯᠡᠬᠦ ᠬᠠᠤᠯᠢ ᠶᠢ ᠰᠤᠷᠬᠤ ᠬᠠᠤᠯᠢ ᠎ ᠶᠢ ᠰᠠᠬᠢᠬᠤ ᠬᠠᠤᠯᠢ ᠶᠢ ᠬᠡᠷᠡᠭᠯᠡᠬᠦ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠪᠠ᠃ ᠵᠥᠷᠢᠴᠡᠯ ᠵᠢᠭᠤᠷᠠᠯᠳᠤᠭᠠᠨ ᠢ ᠰᠢᠶᠳᠪᠦᠷᠢᠯᠡᠬᠦ ᠤᠯᠠᠨ ᠡᠰᠢᠴᠢᠯᠡᠭᠰᠡᠨ ᠲᠣᠭᠲᠠᠴᠠ ᠶᠢᠨ ᠦᠶᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠬᠡᠷᠡᠭ ᠢ ᠡᠶᠡᠳᠡᠭᠦᠯᠬᠦ ᠵᠢᠴᠢ ᠡᠶᠡᠳᠡᠭᠦᠯᠦᠭᠰᠡᠨ ᠤ ᠳᠠᠷᠠᠭ᠎ᠠ ᠵᠠᠭᠠᠯᠲᠤᠯᠭ᠎ᠠ ᠪᠠᠨ ᠪᠤᠴᠠᠭᠠᠭᠰᠠᠨ ᠨᠢ 3253 ᠬᠤᠪᠢ ᠪᠠᠶᠢᠵᠦ᠂ ᠡᠶᠡᠳᠡᠭᠦᠯᠦᠨ ᠵᠠᠭᠠᠯᠲᠤᠯᠭ᠎ᠠ ᠪᠠᠨ ᠪᠤᠴᠠᠭᠠᠭᠰᠠᠨ ᠨᠤᠷᠮ᠎ᠠ ᠨᠢ 60.12% ᠪᠣᠯᠪᠠ᠃ ᠡᠭᠡᠯᠵᠢ ᠳᠠᠭᠠᠭᠤᠯᠤᠨ ᠵᠠᠭᠠᠯᠳᠤᠯᠭ᠎ᠠ ᠬᠦᠯᠢᠶᠡᠨ ᠠᠪᠬᠤ ᠳᠦᠷᠢᠮ ᠎ ᠢ ᠲᠡᠭᠦᠯᠳᠡᠷᠵᠢᠭᠦᠯᠵᠦ᠂ ᠠᠵᠢᠯ ᠤᠨ ᠡᠳᠦᠷ ᠪᠦᠷᠢ ᠨᠢᠭᠡ ᠨᠡᠷ᠎ᠡ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠢ ᠲᠤᠭᠲᠠᠭᠠᠨ ᠵᠠᠷᠭᠤ ᠶᠢᠨ ᠦᠶᠯᠡᠴᠢᠯᠡᠭᠡᠨ ᠤ ᠲᠥᠪ ᠲᠤ ᠰᠠᠭᠤᠯᠭᠠᠵᠤ᠂ ᠵᠠᠬᠢᠳᠠᠯ ᠰᠤᠷᠪᠤᠯᠵᠢᠯᠠᠭ᠎ᠠ ᠶᠢ ᠬᠡᠷᠡᠭ ᠳᠠᠷᠠᠭᠠᠯᠠᠨ ᠳᠠᠩᠰᠠᠯᠠᠨ ᠲᠡᠮᠳᠡᠭᠯᠡᠵᠦ᠂ ᠰᠠᠯᠭᠠᠨ ᠭᠠᠷᠭᠠᠵᠤ ᠱᠠᠭᠠᠷᠳᠠᠨ ᠰᠢᠶᠳᠪᠦᠷᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠭᠰᠠᠨ ᠬᠡᠷᠡᠭ ᠢ ᠪᠦᠲᠦᠮᠵᠢᠲᠡᠶ ᠰᠢᠶᠳᠪᠦᠷᠢᠯᠡᠪᠡ᠃      ᠬᠤᠶᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠦ᠂ ᠠᠵᠤ ᠠᠬᠤᠶ ᠶᠢᠨ ᠴᠢᠨᠠᠷ ᠰᠠᠶᠢᠲᠠᠶ ᠭᠦᠭᠵᠢᠯᠳᠡ ᠶᠢ ᠪᠠᠲᠤᠯᠠᠬᠤ ᠳᠤ ᠦᠶᠯᠡᠴᠢᠯᠡᠪᠡ      ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠲᠤᠭᠠᠨ ᠳᠤ ᠬᠠᠤᠯᠢ ᠶᠣᠰᠣᠭᠠᠷ ᠦᠶᠯᠡᠴᠢᠯᠡᠪᠡ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠳᠤ ᠢᠳᠡᠪᠬᠢᠲᠡᠢ ᠣᠷᠣᠯᠴᠠᠵᠤ᠂ ᠭᠦᠢᠴᠡᠳ ᠪᠠᠶᠢᠴᠠᠭᠠᠨ ᠰᠤᠳᠤᠯᠤᠯᠲᠠ ᠬᠢᠬᠦ᠂ ᠣᠨᠴᠠᠭᠠᠢ ᠬᠡᠷᠡᠭ ᠢ ᠬᠠᠶᠢᠨ ᠰᠦᠪᠡᠭᠴᠢᠯᠡᠬᠦ ᠴᠢᠨᠠᠷᠲᠠᠢ ᠰᠢᠢᠳᠪᠦᠷᠢᠯᠡᠭᠰᠡᠨ ᠰᠠᠭᠤᠷᠢᠨ ᠳᠡᠭᠡᠷ᠎ᠡ᠂ ᠪᠦᠬᠦ ᠬᠤᠲᠠ ᠳᠤ ᠠᠵᠢᠯ ᠮᠡᠷᠭᠡᠵᠢᠯ ᠤᠨ ᠵᠢᠭᠡᠯᠡᠯᠭᠡ ᠲᠠᠯᠪᠢᠭᠴᠢ ᠶᠢᠨ ᠨᠡᠷᠡᠰ ᠤᠨ ᠵᠢᠭᠰᠠᠭᠠᠯᠳᠠ ᠎ ᠶᠢᠨ ᠳᠦᠷᠢᠮ ᠢ ᠤᠷᠢᠳᠠᠪᠠᠷ ᠪᠠᠶᠢᠭᠤᠯᠵᠤ᠂ 27 ᠬᠡᠷᠡᠭ ᠤᠨ ᠲᠤᠬᠠᠢ ᠶᠢᠨ ᠬᠥᠮᠦᠨ ᠢ ᠠᠵᠢᠯ ᠮᠡᠷᠭᠡᠵᠢᠯ ᠤᠨ ᠵᠢᠭᠡᠯᠡᠯᠭᠡ ᠲᠠᠯᠪᠢᠭᠴᠢ ᠶᠢᠨ ᠨᠡᠷᠡᠰ ᠲᠤ ᠣᠷᠣᠭᠤᠯᠵᠤ᠂ ᠲᠡᠭᠦᠨ ᠤ ᠵᠠᠷᠭᠤ ᠶᠢᠨ ᠦᠢᠯᠡ ᠠᠵᠢᠯᠯᠠᠭ᠎ᠠ ᠶᠢ ᠴᠢᠩᠭ᠎ᠠ ᠲᠤᠭᠲᠠᠭᠠᠪᠠ︔ ᠮᠥᠩᠭᠦᠨ ᠭᠦᠶᠯᠭᠡᠭᠡᠨ ᠤ ᠠᠮᠤᠷ ᠲᠦᠪᠰᠢᠨ ᠪᠠ ᠮᠥᠩᠭᠦᠨ ᠭᠦᠶᠯᠭᠡᠭᠡᠨ ᠤ ᠡᠮᠬᠢ ᠵᠢᠷᠤᠮ ᠢ ᠬᠠᠮᠠᠭᠠᠯᠠᠬᠤ ᠲᠠᠢ ᠤᠶᠠᠯᠲᠤᠭᠤᠯᠵᠦ᠂ ᠮᠥᠩᠭᠦᠨ ᠭᠦᠶᠯᠭᠡᠭᠡᠨ ᠤ ᠵᠣᠭᠤᠰ ᠵᠢᠭᠡᠯᠡᠬᠦ ᠭᠡᠷ᠎ᠡ ᠶᠢᠨ 117 ᠬᠡᠷᠡᠭ ᠢ ᠵᠤᠭᠢᠰᠲᠠᠢ ᠰᠢᠶᠳᠪᠦᠷᠢᠯᠡᠵᠦ᠂ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠠᠬᠢᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠢ ᠶᠢᠨ ᠬᠡᠰᠢᠭᠲᠡᠨ ᠬᠤᠰᠢᠭᠤ ᠶᠢᠨ ᠪᠦᠲᠦᠭᠡᠨ ᠪᠠᠶᠢᠭᠤᠯᠤᠯᠲᠠ ᠳᠤ ᠤᠶᠢᠯᠡᠴᠢᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠬᠤᠯᠪᠣᠭᠳᠠᠭᠰᠠᠨ ᠡᠯ᠎ᠡ ᠲᠦᠷᠦᠯ ᠤᠨ ᠬᠡᠷᠡᠭ ᠢ ᠬᠢᠨᠠᠮᠠᠭᠠᠢ ᠰᠢᠭᠦᠨ ᠰᠢᠢᠳᠪᠦᠷᠢᠯᠡᠵᠦ᠂ ᠤᠨᠤᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠳᠡᠮᠵᠢᠪᠡ︔ ᠡᠭᠦᠨ ᠤ ᠬᠠᠮᠲᠤ᠂ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠬᠠᠪᠰᠤᠷᠤᠨ ᠲᠡᠳᠬᠦᠬᠦ ᠴᠡᠭ ᠲᠤ ᠭᠦᠨᠵᠡᠭᠡᠶᠢᠷᠡᠨ᠂ ᠶᠠᠳᠠᠭᠤ ᠶᠢ ᠲᠡᠳᠬᠦᠬᠦ ᠠᠵᠤ ᠦᠢᠯᠡᠰ ᠢ ᠬᠥᠭᠵᠢᠭᠦᠯᠵᠦ᠂ ᠵᠢᠯ ᠤᠨ ᠠᠵᠢᠯ ᠲᠦᠷᠦᠯ ᠢᠶᠠᠷ ᠬᠠᠷᠠᠭᠠᠯᠵᠠᠭᠤᠯᠤᠨ ᠶᠠᠳᠠᠭᠤ ᠶᠢ ᠲᠡᠳᠬᠦᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃      ᠬᠥᠭᠵᠢᠯᠲᠡ ᠶᠢᠨ ᠣᠷᠴᠢᠨ ᠲᠤᠭᠤᠷᠢᠨ ᠢ ᠪᠠᠲᠤᠯᠠᠬᠤ ᠳᠤ ᠬᠠᠤᠯᠢ ᠶᠣᠰᠣᠭᠠᠷ ᠦᠶᠯᠡᠴᠢᠯᠡᠪᠡ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠦ᠂ ᠠᠵᠤ ᠠᠬᠤᠶ ᠶᠢᠨ ᠬᠥᠭᠵᠢᠯᠲᠡ ᠲᠠᠢ ᠨᠢᠭᠲᠠ ᠬᠤᠯᠪᠤᠭᠳᠠᠭᠰᠠᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠬᠡᠷᠡᠭ ᠢ 5751 ᠬᠤᠪᠢ ᠰᠢᠭᠦᠨ ᠳᠠᠭᠤᠰᠬᠠᠵᠤ ᠂ ᠬᠠᠷᠠᠯᠲᠠ ᠶᠢᠨ ᠲᠤᠭ᠎ᠠ 13.32 ᠳ᠋ᠦᠩᠰᠢᠭᠤᠷ ᠲᠥᠭᠦᠷᠢᠭ ᠲᠤ ᠬᠦᠷᠴᠦ᠂ ᠵᠠᠬ᠎ᠠ ᠳᠡᠯᠭᠡᠭᠦᠷ ᠤᠨ ᠠᠵᠤ ᠠᠬᠤᠶ ᠎ ᠶᠢᠨ ᠡᠮᠬᠢ ᠵᠢᠷᠤᠮ ᠢ ᠬᠠᠮᠠᠭᠠᠯᠠᠪᠠ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠠᠤᠯᠢ ᠶᠣᠰᠣᠭᠠᠷ ᠡᠷᠬᠡ ᠲᠡᠭᠰᠢ ᠎ ᠪᠠᠷ ᠬᠠᠮᠠᠭᠠᠯᠠᠵᠤ᠂ ᠬᠤᠳᠠᠯᠲᠤᠭ᠎ᠠ ᠶᠢᠨ ᠭᠡᠷ᠎ᠡ᠂ ᠪᠣᠯᠪᠠᠰᠤᠷᠠᠭᠤᠯᠬᠤ ᠠᠵᠢᠯ ᠢ ᠳᠠᠭᠠᠭᠠᠨ ᠠᠪᠬᠤ ᠭᠡᠷ᠎ᠡ᠂ ᠪᠦᠲᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠠᠵᠢᠯ ᠤᠨ ᠭᠡᠷ᠎ᠡ ᠵᠡᠷᠭᠡ ᠵᠢᠭᠤᠷᠠᠭᠠᠨ ᠤ ᠬᠡᠷᠡᠭ ᠢ 577 ᠬᠤᠪᠢ ᠰᠢᠭᠦᠨ ᠳᠠᠭᠤᠰᠬᠠᠵᠤ᠂ ᠵᠠᠬ᠎ᠠ ᠳᠡᠯᠭᠡᠭᠦᠷ ᠤᠨ ᠬᠥᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠢ ᠴᠢᠩᠭᠠᠳᠬᠠᠪᠠ᠃ ᠪᠦᠬᠦ ᠲᠠᠯ᠎ᠠ ᠶᠢᠨ᠂ ᠬᠠᠤᠯᠢ ᠶᠣᠰᠣᠭᠠᠷ᠂ ᠡᠷᠬᠡ ᠲᠡᠭᠰᠢ ᠪᠠᠷ ᠬᠠᠮᠠᠭᠠᠯᠠᠬᠤ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠦᠶᠯᠡᠳᠦᠯᠭᠡᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠤᠯᠪᠣᠭᠳᠠᠭᠰᠠᠨ ᠵᠢᠭᠤᠷᠠᠯᠳᠤᠭᠠᠨ ᠤ ᠬᠡᠷᠡᠭ ᠢ 456 ᠬᠤᠪᠢ ᠰᠢᠭᠦᠨ ᠳᠠᠭᠤᠰᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠬᠠᠮᠠᠭᠠᠯᠠᠯᠳᠠ ᠬᠢᠪᠡ᠃ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾᠎ ᠳᠤ ᠦᠶᠯᠡᠴᠢᠯᠡᠬᠦ ᠡᠭᠦᠷᠭᠡ ᠴᠢᠳᠠᠪᠤᠷᠢ ᠶᠢ ᠭᠦᠶᠴᠡᠳ ᠪᠠᠳᠠᠷᠠᠭᠤᠯᠵᠤ᠂ ᠭᠠᠵᠠᠷ ᠰᠢᠷᠣᠶ ᠬᠠᠳᠤᠯᠠᠩ ᠪᠡᠯᠴᠢᠭᠡᠷ ᠤᠨ ᠳᠠᠭᠠᠭᠠᠴᠢᠯᠠᠯᠲᠠ᠂ ᠡᠷᠭᠢᠯᠳᠡ ᠶᠢᠨ ᠬᠡᠷᠡᠭ ᠢ 23 ᠬᠤᠪᠢ ᠰᠢᠭᠦᠨ ᠳᠠᠭᠤᠰᠬᠠᠵᠤ᠂ ᠮᠠᠯᠴᠢᠨ ᠲᠠᠷᠢᠶᠠᠴᠢᠳ ᠤᠨ ᠦᠶᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠰᠢᠢᠳᠪᠦᠷᠢᠯᠡᠪᠡ᠃      ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠤ ᠬᠠᠤᠯᠢ ᠶᠣᠰᠣᠭᠠᠷ ᠦᠶᠯᠡᠴᠢᠯᠡᠪᠡ᠃ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠦ ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠠᠮᠵᠢᠵᠤ᠂ ᠲᠡᠭᠦᠨ ᠳᠤ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ 91 ᠬᠤᠪᠢ ᠬᠦᠯᠢᠶᠡᠨ ᠠᠪᠴᠤ ᠰᠢᠢᠳᠪᠦᠷᠢᠯᠡᠵᠦ᠂ 64 ᠬᠤᠪᠢ ᠬᠡᠷᠡᠭ ᠢ ᠰᠢᠭᠦᠵᠦ ᠳᠠᠭᠤᠰᠬᠠᠪᠠ᠃ ᠵᠠᠰᠠᠭ ᠵᠠᠬᠢᠷᠭᠠᠨ ᠤ  ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠲᠦᠷᠢᠮ ᠢ ᠨᠠᠶᠢᠳᠠᠪᠤᠷᠢᠵᠢᠭᠤᠯᠵᠤ᠂ ᠪᠦᠬᠦ ᠵᠢᠯ ᠳᠤ ᠵᠠᠰᠠᠭ ᠵᠠᠬᠢᠷᠭᠠᠨ ᠎ ᠤ ᠪᠠᠶᠢᠭᠤᠯᠤᠯᠭ᠎ᠠ ᠶᠢᠨ ᠬᠠᠷᠢᠭᠤᠴᠠᠯᠭᠠᠳᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠢ 5 ᠬᠤᠪᠢ ᠪᠠᠶᠢᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠮᠰᠠᠷ ᠦᠷᠭᠦᠯᠵᠢᠯᠡᠨ  ᠳᠡᠭᠡᠭᠰᠢᠯᠡᠪᠡ᠃ ᠰᠢᠭᠦᠨ ᠲᠠᠰᠤᠯᠬᠤ ᠳᠤᠮᠳᠠ ᠢᠯᠡᠷᠡᠭᠦᠯᠦᠭᠰᠡᠨ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠬᠡᠷᠡᠭᠵᠢᠭᠦᠯᠦᠯᠲᠡ ᠲᠦᠷᠢᠮᠵᠢᠯ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ 2 ᠬᠤᠪᠢ ᠬᠠᠤᠯᠢ ᠴᠠᠭᠠᠵᠠ ᠶᠢᠨ ᠰᠠᠨᠠᠭᠤᠯᠭ᠎ᠠ ᠭᠠᠷᠭᠠᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠪᠠ᠃      ᠭᠤᠷᠪᠠ᠂ ᠠᠷᠠᠳ ᠤᠨ ᠲᠥᠯᠥᠭᠡ ᠤᠶᠢᠯᠡᠴᠢᠯᠡᠬᠦ ᠵᠣᠷᠢᠯᠲᠠ ᠶᠢ ᠦᠶᠯᠡᠳᠦᠯᠭᠡᠵᠢᠭᠦᠯᠵᠦ᠂ ᠠᠷᠠᠳ ᠤᠯᠠᠨ ᠤ ᠬᠠᠤᠯᠢ ᠴᠠᠭᠠᠵᠠ ᠶᠢᠨ ᠱᠠᠭᠠᠷᠳᠠᠯᠭ᠎ᠠ ᠶᠢ ᠦᠨᠡᠨ ᠬᠦ  ᠬᠠᠩᠭᠠᠪᠠ      ᠵᠠᠷᠭᠤ ᠶᠢᠨ ᠦᠶᠯᠡᠴᠢᠯᠡᠭᠡ ᠶᠢ ᠪᠦᠬᠦ ᠲᠠᠯ᠎ᠠ ᠪᠠᠷ ᠰᠢᠯᠢᠳᠡᠭᠵᠢᠭᠦᠯᠪᠡ᠃ ᠵᠠᠷᠭᠤ ᠶᠢᠨ ᠦᠶᠯᠡᠴᠢᠯᠡᠭᠡᠨ ᠤ ᠲᠥᠪ ᠎ ᠤᠨ ᠤᠲᠤᠭᠢᠴᠢᠯᠠᠭᠰᠠᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠪᠡᠷᠲᠡᠭᠡᠨ ᠬᠡᠷᠡᠭ ᠪᠣᠯᠭᠠᠨ ᠳᠠᠩᠰᠠᠯᠠᠬᠤ᠂ ᠭᠠᠵᠠᠷ ᠣᠷᠣᠨ ᠠᠯᠤᠰᠯᠠᠨ ᠬᠡᠷᠡᠭ ᠪᠣᠯᠭᠠᠨ ᠳᠠᠩᠰᠠᠯᠠᠬᠤ ᠵᠡᠷᠭᠡ ᠵᠠᠷᠭᠤ ᠶᠢᠨ ᠤᠶᠢᠯᠡᠴᠢᠯᠡᠭᠡᠨ ᠤ ᠠᠵᠢᠯ ᠢ ᠶᠡᠭᠡ ᠪᠠᠷ ᠠᠬᠢᠭᠤᠯᠵᠤ᠂ ᠤᠯᠠᠨ ᠲᠦᠮᠡᠨ ᠳᠤ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ ᠲᠦᠳᠡ ︽ᠨᠢᠭᠡ ᠦᠷᠲᠡᠭᠡᠴᠢᠯᠡᠭᠰᠡᠨ ᠬᠡᠯᠪᠡᠷᠢ︾᠎ ᠶᠢᠨ ᠬᠠᠤᠯᠢ ᠴᠠᠭᠠᠵᠠ ᠶᠢᠨ ᠦᠶᠯᠡᠴᠢᠯᠡᠭᠡ ᠬᠠᠩᠭᠠᠪᠠ᠃ ᠬᠡᠷᠡᠭ ᠪᠣᠯᠭᠠᠨ ᠳᠠᠩᠰᠠᠯᠠᠬᠤ ᠳᠠᠩᠰᠠᠯᠠᠯᠳᠠ ᠶᠢᠨ ᠲᠦᠷᠢᠮ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠡᠷᠡᠭ ᠪᠣᠯᠭᠠᠨ ᠳᠠᠩᠰᠠᠯᠠᠬᠤ ᠬᠡᠪᠴᠢᠶ᠎ᠡ ᠶᠢ ᠲᠣᠳᠣᠷᠬᠠᠶ ᠪᠣᠯᠭᠠᠵᠤ᠂ ᠳᠠᠩᠰᠠᠯᠠᠬᠤ ᠶᠠᠪᠤᠴᠠ ᠶᠢ ᠲᠦᠷᠢᠮᠵᠢᠭᠦᠯᠵᠦ᠂ ᠬᠠᠤᠯᠢ ᠶᠣᠰᠣᠭᠠᠷ ᠬᠦᠯᠢᠶᠡᠨ ᠠᠪᠴᠤ ᠰᠢᠶᠳᠪᠦᠷᠢᠯᠡᠬᠦ ᠶᠣᠰᠣᠲᠠᠶ 9736 ᠬᠡᠷᠡᠭ ᠢ ᠲᠡᠷᠡ ᠳᠣᠤᠷ᠎ᠠ ᠨᠢ ᠳᠠᠩᠰᠠᠯᠠᠵᠦ ᠬᠡᠷᠡᠭ ᠪᠣᠯᠭᠠᠨ ᠳᠠᠩᠰᠠᠯᠠᠪᠠ᠃ ᠲᠤᠬᠠᠶ ᠶᠢᠨ ᠬᠥᠮᠦᠨ ᠤ ᠵᠠᠷᠭᠤ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠵᠠᠷᠭᠤ ᠶᠢᠨ ᠲᠦᠭᠰᠢᠭᠦᠷᠢ ᠶᠢ  ᠰᠠᠨᠠᠭᠤᠯᠬᠤ ᠪᠠ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠵᠡᠷᠭᠡ ᠠᠵᠢᠯ ᠢ ᠰᠠᠶᠢᠲᠤᠷ ᠬᠢᠵᠦ᠂ ᠪᠦᠬᠦ ᠵᠢᠯ ᠳᠤ ᠲᠤᠬᠠᠶ ᠶᠢᠨ ᠬᠥᠮᠦᠨ ᠢ 15000 ᠭᠠᠷᠤᠢ ᠬᠥᠮᠦᠨ ᠤᠳᠠᠭ᠎ᠠ ᠬᠦᠯᠢᠶᠡᠨ ᠠᠪᠤᠪᠠ᠃      ᠭᠦᠶᠴᠡᠳᠬᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠬᠦ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ ᠭᠦᠶᠴᠡᠳᠬᠡᠬᠦ ᠡᠷᠴᠢᠮ ᠢ ᠴᠢᠩᠭᠠᠳᠬᠠᠪᠠ᠃ᠪᠥᠬᠦ ᠵᠢᠯ ᠳᠤ ᠭᠦᠶᠴᠡᠳᠬᠡᠵᠦ ᠳᠠᠭᠤᠰᠬᠠᠭᠰᠠᠨ ᠭᠡᠷᠡᠭ 3150 ᠬᠤᠪᠢ ︵ᠡᠴᠦᠰ ᠤᠨ ᠬᠡᠷᠡᠭ ᠪᠠᠭᠲᠠᠨ᠎ᠠ︶᠂ ᠵᠣᠭᠤᠰ ᠤᠨ ᠲᠤᠭ᠎ᠠ 1.03 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠲᠠᠢ ᠬᠠᠷᠢᠴᠠᠭᠤᠯᠪᠠᠯ ᠲᠣᠰ ᠲᠣᠰ 28.94% ᠪᠠ 61.09%᠎ ᠪᠠᠷ ᠨᠡᠮᠡᠭᠳᠡᠪᠡ᠃ ᠭᠦᠶᠴᠡᠳᠬᠡᠬᠦ ᠬᠦᠴᠦᠨ ᠢ ᠰᠢᠯᠢᠳᠡᠭᠵᠢᠭᠦᠯᠪᠡ᠃ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠶᠢ ᠴᠠᠭ ᠲᠤᠬᠠᠢ ᠳᠤ ᠨᠢ ᠲᠣᠬᠢᠷᠠᠭᠤᠯᠵᠤ᠂ ᠤᠶᠢᠷ᠎ᠠ ᠶᠢᠨ ᠭᠤᠷᠪᠠᠨ ᠵᠢᠯ ᠳᠤ ᠰᠢᠭᠦᠨ ᠲᠠᠰᠤᠯᠬᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠪᠣᠯᠤᠨ ᠭᠦᠶᠴᠡᠳᠬᠡᠬᠦ ᠲᠤᠪᠴᠢᠶ᠎ᠠ ᠶᠢᠨ ᠠᠵᠢᠯᠲᠠᠨ ᠢ ᠵᠡᠷᠭᠡᠪᠡᠷ ᠲᠤᠭᠢᠷᠠᠭᠤᠯᠤᠨ ᠪᠦᠬᠦ ᠲᠠᠯ᠎ᠠ ᠪᠠᠷ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠭᠤᠯᠵᠤ᠂ ᠭᠦᠶᠴᠡᠳᠬᠡᠬᠦ ᠲᠤᠪᠴᠢᠶ᠎ᠠ ᠶᠢᠨ ᠠᠵᠢᠯᠳᠠᠨ 1 ᠲᠠᠬᠢᠨ ᠨᠡᠮᠡᠭᠳᠡᠵᠦ᠂ ᠭᠦᠢᠴᠡᠳᠭᠡᠬᠦ ᠡᠩᠨᠡᠭᠡ ᠶᠢᠨ ᠲᠤᠭ᠎ᠠ ᠬᠡᠮᠵᠢᠶ᠎ᠡ ᠪᠠ ᠶᠠᠰᠦ ᠴᠢᠨᠠᠷ ᠎ ᠤᠨ ᠲᠠᠯ᠎ᠠ ᠪᠠᠷ ᠴᠦᠮ ᠪᠦᠬᠦ ᠲᠠᠯ᠎ᠠ ᠪᠠᠷ ᠳᠡᠭᠡᠭᠰᠢᠯᠡᠪᠡ᠃ ᠭᠦᠶᠴᠡᠳᠬᠡᠬᠦ ᠦᠢᠯᠡ ᠠᠵᠢᠯᠯᠠᠭ᠎ᠠ ᠶᠢ ᠲᠦᠷᠢᠮᠵᠢᠭᠦᠯᠪᠡ᠃ ᠡᠯ᠎ᠡ ᠠᠵᠢᠯ ᠤᠨ ᠪᠠᠶᠢᠷᠢ ᠶᠢᠨ ᠠᠵᠢᠯᠲᠠᠨ ᠠᠵᠢᠯ ᠬᠤᠪᠢᠶᠠᠷᠢᠯᠠᠨ ᠬᠠᠷᠢᠭᠤᠴᠠᠵᠤ᠂ ᠬᠠᠷᠢᠯᠴᠠᠨ ᠬᠢᠨᠠᠯᠲᠠ ᠲᠠᠯᠪᠢᠵᠤ ᠬᠢᠵᠠᠭᠠᠷᠯᠠᠪᠠ︔ ᠭᠦᠶᠴᠡᠳᠬᠡᠬᠦ ᠬᠡᠷᠡᠭ ᠤᠨ ᠵᠣᠭᠤᠰ ᠲᠤ ︽ᠨᠢᠭᠡ ᠬᠡᠷᠡᠭ ᠲᠤ ᠨᠢᠭᠡ ᠳᠠᠩᠰᠠᠨ ᠳ᠋ᠤᠭᠠᠷ︾᠎ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠣᠷᠣᠭᠤᠯᠵᠤ ᠭᠠᠷᠭᠠᠬᠤ ᠲᠠᠨᠭᠰᠠ ᠶᠢ ᠪᠦᠬᠦ ᠶᠠᠪᠤᠴᠠ ᠳᠤ ᠤᠷᠤᠮ ᠦᠯᠡᠳᠡᠭᠡᠪᠡ ᠃ ᠬᠤᠷᠢᠶᠠᠨ ᠠᠪᠤᠭᠰᠠᠨ ᠡᠳ᠋ ᠪᠣᠳᠠᠰ ᠢ ᠦᠨᠡᠯᠡᠨ ᠵᠢᠱᠢᠭᠰᠡᠨ ᠤ ᠳᠠᠷᠠᠭ᠎ᠠ ᠲᠤᠤ ᠪᠤᠤ ᠰᠦᠯᠵᠢᠶᠡᠨ ᠳᠡᠭᠡᠷ᠎ᠡ ᠦᠨ᠎ᠡ ᠬᠠᠶᠠᠯᠴᠠᠨ ᠬᠤᠳᠠᠯᠳᠤᠬᠤ ᠪᠠᠷ ᠢᠯᠡ ᠪᠠᠷ ᠨᠡᠶᠢᠲᠡᠯᠡᠵᠦ᠂ ᠪᠥᠬᠦ ᠵᠢᠯ ᠳᠤ ᠡᠳ᠋ ᠬᠥᠷᠥᠩᠭᠡ ᠶᠢ 336 ᠤᠳᠠᠭ᠎ᠠ ᠦᠨ᠎ᠡ ᠬᠠᠶᠠᠯᠴᠠᠨ ᠬᠤᠳᠠᠯᠳᠤᠬᠤ ᠪᠠᠷ ᠭᠦᠶᠴᠡᠳᠬᠡᠵᠦ᠂ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 894.55 ᠲᠦᠮᠡᠨ ᠲᠦᠭᠦᠷᠢᠭ ᠪᠣᠯᠤᠨ᠎ᠠ᠃ ᠭᠦᠶᠴᠡᠳᠬᠡᠬᠦ ᠳᠤ ᠬᠢᠨᠠᠯᠲᠠ ᠲᠠᠯᠪᠢᠬᠤ ᠪᠠᠨ ᠴᠢᠩᠭᠠᠳᠬᠠᠪᠠ᠃ ᠲᠦᠷᠢᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠣᠶ ᠪᠥᠬᠦᠶ ᠬᠡᠷᠡᠭ ᠢ ᠰᠢᠰᠲ᠋ᠧᠮ ᠤᠨ ᠬᠠᠮᠢᠶᠠᠷᠦᠯᠳᠠ ᠳᠤ ᠣᠷᠣᠭᠤᠯᠵᠤ᠂ ᠬᠡᠷᠡᠭ ᠤᠨ ᠵᠠᠩᠭᠢᠯᠠᠭ᠎ᠠ ᠶᠢᠨ ᠴᠡᠭ ᠤᠨ ᠰᠢᠰᠲ᠋ᠧᠮ ᠤᠨ ᠠᠦ᠋ᠲ᠋ᠣ᠋ ᠰᠡᠷᠡᠮᠵᠢᠯᠡᠭᠦᠯᠦᠯ᠂ ᠬᠤᠪᠢᠶᠠᠷᠢᠯᠠᠨ ᠬᠠᠮᠢᠶᠠᠷᠬᠤ ᠬᠤᠷᠢᠶᠠᠨ ᠳᠠᠷᠤᠭ᠎ᠠ᠂ ᠭᠦᠶᠴᠡᠳᠬᠡᠬᠦ ᠲᠣᠪᠴᠢᠶ᠎ᠠ ᠶᠢᠨ ᠳᠠᠷᠤᠭ᠎ᠠ ᠶᠢᠨ ᠬᠢᠨᠠᠯᠲᠠ ᠳᠠᠯᠪᠢᠵᠦ ᠭᠦᠶᠴᠡᠳᠬᠡᠬᠦ ᠠᠵᠢᠯᠲᠠᠨ ᠰᠢᠰᠲ᠋ᠧᠮ ᠳᠠᠬᠢ ᠲᠣᠭᠲᠠᠭᠠᠭᠰᠠᠨ ᠴᠠᠭ ᠤᠨ ᠳᠣᠲᠣᠷ᠎ᠠ ᠠᠵᠢᠯ ᠢᠶᠠᠨ ᠳᠠᠭᠤᠰᠬᠠᠬᠤ ᠶᠢᠨ ᠬᠠᠮᠲᠤ ᠰᠢᠰᠲ᠋ᠧᠮ ᠳᠤ ᠪᠢᠴᠢᠵᠦ ᠣᠷᠣᠭᠤᠯᠤᠨ᠎ᠠ᠂ ᠬᠡᠷᠡᠭ ᠢ ᠭᠦᠶᠴᠡᠳᠬᠡᠬᠦ ᠳᠤ ᠳᠤᠮᠳᠠᠴᠢ ᠪᠠᠷ 85 ᠡᠳᠦᠷ ᠬᠡᠷᠡᠭᠯᠡᠵᠦ᠂ ᠳᠡᠭᠡᠷ᠎ᠡ ᠨᠢᠭᠡ ᠵᠢᠯ ᠤᠨ ᠳᠤᠮᠳᠠᠴᠢ ᠬᠡᠷᠡᠭᠯᠡᠬᠦ ᠴᠠᠭ ᠠᠴᠠ 15 ᠡᠳᠦᠷ ᠪᠠᠭᠠᠰᠬᠠᠵᠤ᠂ 2016 ᠣᠨ ᠤ ᠬᠢ ᠠᠴᠠ 34 ᠡᠳᠦᠷ ᠪᠠᠭᠠᠰᠬᠠᠪᠠ᠃      ᠬᠠᠤᠯᠢ ᠴᠠᠭᠠᠵᠠ ᠶᠢᠨ ᠬᠥᠮᠦᠨ ᠰᠣᠶᠣᠯ ᠤᠨ ᠬᠠᠯᠠᠮᠵᠢᠯᠠᠯ ᠢ ᠴᠢᠩᠭᠠᠳᠬᠠᠪᠠ᠃ ᠠᠪᠤᠷᠠᠨ ᠲᠤᠰᠠᠯᠠᠬᠤ ᠪᠠᠷᠢᠮᠵᠢᠶ᠎ᠠ ᠪᠠ ᠨᠥᠬᠦᠴᠡᠯ ᠢ ᠴᠢᠩᠭ᠎ᠠ ᠡᠵᠡᠮᠰᠢᠨ᠂ ᠪᠦᠬᠦ ᠵᠢᠯ ᠳᠤ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠬᠡᠷᠡᠭ ᠢ 20 ᠬᠤᠪᠢ ᠰᠢᠶᠳᠪᠦᠷᠢᠯᠡᠵᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠮᠥᠩᠭᠦ ᠶᠢ 70.28 ᠲᠦᠮᠡᠨ ᠲᠥᠭᠦᠷᠢᠭ ᠲᠠᠷᠬᠠᠭᠠᠵᠤ᠂ ᠬᠡᠷᠡᠭ ᠠᠴᠠ ᠪᠤᠯᠵᠦ ᠲᠤᠬᠠᠶ ᠶᠢᠨ ᠬᠥᠮᠦᠨ ᠤ ᠠᠮᠢᠳᠤᠷᠠᠯ ᠪᠠᠴᠢᠮ ᠬᠦᠴᠢᠷᠳᠡᠯ ᠎ ᠳᠤ ᠲᠤᠯᠭᠠᠷᠠᠭᠰᠠᠨ ᠢ ᠭᠤᠤᠯᠳᠠᠯᠭ᠎ᠠ ᠲᠠᠢ ᠰᠢᠢᠳᠪᠦᠷᠢᠯᠡᠪᠡ᠃ ᠵᠠᠷᠭᠤ ᠶᠢᠨ ᠵᠠᠷᠤᠳᠠᠯ ᠢ ᠬᠠᠰᠤᠬᠤ᠂ ᠬᠤᠶᠢᠰᠢᠯᠠᠭᠤᠯᠬᠤ᠂ ᠬᠡᠯᠲᠦᠷᠢᠭᠦᠯᠬᠦ ᠬᠤᠯᠪᠣᠭᠳᠠᠯ ᠪᠦᠬᠦᠢ ᠲᠣᠭᠲᠠᠭᠠᠯ ᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ ᠠᠵᠤ ᠠᠬᠤᠶ ᠶᠢᠨ ᠲᠠᠯ᠎ᠠ ᠪᠠᠷ ᠦᠨᠡᠬᠡᠷ ᠬᠦᠴᠢᠷᠳᠡᠯ ᠲᠠᠢ 15 ᠲᠤᠬᠠᠢ ᠶᠢᠨ ᠬᠥᠮᠦᠨ ᠤ 29.47 ᠲᠦᠮᠡᠨ ᠲᠥᠭᠦᠷᠢᠭ ᠤᠨ ᠵᠠᠷᠭᠤ ᠶᠢᠨ ᠵᠠᠷᠤᠳᠠᠯ ᠢ ᠬᠠᠰᠦᠵᠦ᠂ ᠬᠤᠶᠢᠰᠢᠯᠠᠭᠤᠯᠵᠦ᠂ ᠬᠡᠯᠲᠦᠷᠢᠭᠦᠯᠪᠡ᠃ ᠢᠷᠭᠡᠨ ᠤ ᠵᠠᠷᠭᠤ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠮᠢᠳᠤᠷᠠᠯ ᠨᠢ ᠬᠦᠴᠢᠷᠳᠡᠯ ᠎ ᠲᠠᠢ 305 ᠭᠦᠶᠴᠡᠳᠬᠡᠭᠳᠡᠭᠴᠢ ᠵᠢᠴᠢ ᠲᠡᠭᠦᠨ ᠤ ᠭᠡᠷ ᠪᠦᠯᠢ ᠶᠢᠨ ᠬᠢᠨ ᠳᠤ ᠴᠢᠬᠤᠯᠠ ᠪᠦᠬᠦᠢ ᠠᠮᠢᠲᠦᠷᠠᠯ ᠤᠨ ᠵᠠᠷᠤᠳᠠᠯ ᠢ ᠦᠯᠡᠳᠡᠭᠡᠵᠦ ᠥᠭᠪᠡ᠃ ᠲᠦᠷᠪᠡ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠨᠡᠶᠢᠲᠡ ᠶᠢᠨ ᠢᠳᠡᠭᠡᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ      ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠰᠢᠭᠦᠭᠴᠢ ᠪᠠᠷ ᠲᠠᠰᠤᠯᠤᠨ ᠲᠤᠭᠲᠠᠭᠠᠯᠭᠠᠪᠠ᠃ ᠰᠢᠭᠦᠨ ᠲᠠᠰᠤᠯᠬᠤ ᠺᠣᠮᠢᠰ ᠤᠨ ᠡᠭᠦᠷᠭᠡ ᠴᠢᠳᠠᠪᠤᠷᠢ ᠶᠢ ᠦᠨᠡᠨ ᠬᠦ ᠬᠤᠪᠢᠷᠠᠭᠤᠯᠵᠤ᠂ ᠣᠷᠣᠨ ᠲᠣᠭᠠᠨ ᠤ ᠰᠢᠭᠦᠭᠴᠢ᠂ ᠬᠠᠮᠲᠤᠷᠠᠨ ᠵᠥᠪᠯᠡᠬᠦ ᠲᠢᠩᠬᠢᠮ ᠤᠨ ᠬᠡᠷᠡᠭ ᠰᠢᠶᠳᠪᠦᠷᠢᠯᠡᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠬᠤᠷᠢᠶᠠᠨ ᠳᠠᠷᠤᠭ᠎ᠠ ᠲᠢᠩᠬᠢᠮ ᠤᠨ ᠳᠠᠷᠤᠭ᠎ᠠ ᠪᠠᠶᠢᠩᠭᠤ ᠬᠡᠷᠡᠭ ᠰᠢᠶᠳᠪᠦᠷᠢᠯᠡᠵᠦ᠂ ᠪᠦᠬᠦ ᠵᠢᠯ ᠳᠤ ᠬᠤᠷᠢᠶᠠᠨ ᠳᠠᠷᠤᠭ᠎ᠠ᠂ ᠳᠡᠳ᠋ ᠬᠤᠷᠢᠶᠠᠨ ᠳᠠᠷᠤᠭ᠎ᠠ ᠪᠡᠶ᠎ᠡ ᠪᠠᠨ ᠳᠠᠭᠠᠭᠠᠵᠤ 814 ᠬᠤᠪᠢ ᠬᠡᠷᠡᠭ ᠢ ᠳᠠᠭᠠᠭᠠᠨ ᠰᠢᠶᠳᠪᠦᠷᠢᠯᠡᠵᠦ᠂ ᠲᠢᠩᠬᠢᠮ ᠤᠨ ᠳᠠᠷᠤᠭ᠎ᠠ ᠪᠡᠶ᠎ᠡ ᠪᠠᠨ ᠳᠠᠭᠠᠭᠠᠵᠤ 3189 ᠬᠤᠪᠢ ᠬᠡᠷᠡᠭ ᠢ ᠳᠠᠭᠠᠭᠠᠨ ᠰᠢᠶᠳᠪᠦᠷᠢᠯᠡᠪᠡ᠃ ᠳᠠᠰᠤᠯᠤᠨ ᠲᠤᠭᠲᠠᠭᠠᠭᠴᠢ ᠪᠠᠷ ᠬᠠᠷᠢᠴᠠᠭᠤᠯᠪᠠ᠃ ᠰᠢᠭᠦᠨ ᠲᠠᠰᠤᠯᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠡᠷᠡᠭ ᠢ ᠵᠠᠳᠠᠯᠬᠤ ᠬᠤᠷᠠᠯ ᠢ ᠲᠤᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠪᠦᠬᠦ ᠵᠢᠯ ᠳᠤ 89 ᠬᠡᠷᠡᠭ ᠲᠤ ᠵᠠᠳᠠᠯᠤᠯᠲᠠ ᠬᠢᠵᠦ᠂ ᠬᠡᠳᠦᠶᠢᠪᠡᠷ ᠪᠤᠷᠤᠭᠤ ᠬᠡᠷᠡᠭ ᠪᠤᠯᠤᠭᠰᠠᠨ ᠦᠭᠡᠢ ᠪᠣᠯᠪᠠᠴᠤ ᠠᠳᠠᠯᠢ ᠪᠤᠰᠤ ᠠᠰᠠᠭᠤᠳᠠᠯ ᠣᠷᠣᠰᠢᠵᠤ ᠪᠠᠶᠢᠭ᠎ᠠ 26 ᠬᠡᠷᠡᠭ ᠢ 13 ᠳᠠᠭᠠᠭᠠᠨ ᠭᠦᠢᠴᠡᠳᠭᠡᠭᠴᠢ ᠲᠣᠭᠲᠠᠭᠠᠯ ᠶᠣᠰᠣᠭᠠᠷ ᠰᠢᠶᠳᠪᠦᠷᠢᠯᠡᠪᠡ᠃ ᠰᠢᠭᠦᠨ ᠲᠠᠰᠤᠯᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠰᠢᠭᠦᠯᠲᠡ ᠠᠴᠠ ᠡᠮᠦᠨᠡᠬᠢ ᠬᠤᠷᠠᠯ ᠤᠨ ᠲᠦᠷᠢᠮ ᠢ ᠪᠠᠶᠢᠭᠤᠯᠬᠤ ᠪᠠᠷ ᠳᠠᠮᠵᠢᠭᠤᠯᠤᠨ᠂ ᠡᠯᠧᠮᠧᠨ᠋ᠲ ᠤᠨ ᠬᠡᠯᠪᠡᠷᠢ ᠶᠢᠨ ᠰᠢᠭᠦᠨ ᠳᠠᠰᠤᠯᠤᠯᠳᠠ ᠶᠢ ᠭᠡᠷᠡᠭᠵᠢᠭᠦᠯᠵᠦ᠂ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠦᠶᠯᠡᠳᠬᠦ ᠠᠷᠭ᠎ᠠ ᠮᠠᠶ᠋ᠢᠭ ᠢ ᠳᠥᠭᠦᠮᠴᠢᠯᠡᠬᠦ ᠵᠡᠷᠭᠡ ᠠᠯᠢ ᠤᠯᠠᠨ ᠢᠷᠭᠡᠨ ᠤ ᠬᠡᠷᠡᠭ ᠤᠨ ᠰᠢᠭᠦᠨ ᠲᠠᠰᠤᠯᠬᠤ ᠠᠷᠭ᠎ᠠ ᠮᠠᠶ᠋ᠢᠭ ᠤᠨ ᠦᠭᠡᠷᠡᠴᠢᠯᠡᠯᠳᠡ ᠶᠢ ᠳᠥᠭᠦᠮᠴᠢᠯᠡᠵᠦ᠂ ᠬᠡᠷᠡᠭ ᠤᠨ ᠶᠠᠰᠤ ᠴᠢᠨᠠᠷ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠪᠦᠬᠦ ᠵᠢᠯ ᠤᠨ ᠢᠷᠭᠡᠨ ᠤ ᠬᠡᠷᠡᠭ ᠤᠨ ᠰᠢᠭᠦᠵᠦ ᠳᠠᠭᠤᠰᠬᠠᠭᠰᠠᠨ ᠬᠡᠷᠡᠭ 5751 ᠪᠠᠶᠢᠵᠤ᠂ ᠳᠡᠭᠡᠷ᠎ᠡ ᠨᠢᠭᠡ ᠵᠢᠯ ᠤᠨ ᠰᠢᠭᠦᠵᠦ ᠳᠠᠭᠤᠰᠬᠠᠭᠰᠠᠨ 5274 ᠬᠤᠪᠢ ᠬᠡᠷᠡᠭ ᠠᠴᠠ 8.63%᠎ ᠪᠠᠷ ᠳᠡᠭᠡᠭᠰᠢᠯᠡᠪᠡ᠃      ᠭᠦᠶᠴᠡᠳᠬᠡᠬᠦ ᠠᠵᠢᠯ ᠤᠨ ᠵᠤᠬᠢᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠬᠡᠰᠡᠭ ᠬᠤᠪᠢᠶᠠᠨ ᠡᠷᠴᠢᠮᠵᠢᠭᠦᠯᠦᠨ ᠭᠦᠶᠴᠡᠳᠬᠡᠬᠦ ᠠᠵᠢᠯ ᠤᠨ ᠵᠠᠭᠪᠤᠷ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠭᠦᠶᠴᠡᠳᠬᠡᠬᠦ ᠠᠵᠢᠯ ᠎ ᠤᠨ ᠵᠢᠯᠣᠭᠤᠳᠬᠤ ᠲᠥᠪ ᠤᠨ ᠦᠶᠯᠡᠳᠦᠯ ᠢ ᠪᠠᠳᠠᠷᠠᠭᠤᠯᠵᠤ᠂ ᠬᠡᠷᠡᠭ ᠢ ᠨᠢᠭᠡᠳᠦᠯᠲᠡᠶ ᠨᠠᠶᠢᠳᠠᠬᠤ᠂ ᠪᠠᠶᠢᠴᠠᠭᠠᠨ ᠡᠵᠡᠮᠳᠡᠬᠦ᠂ ᠬᠦᠷᠭᠡᠬᠦ ᠶᠢᠨ ᠬᠠᠮᠲᠤ ᠲᠦᠬᠦᠮ ᠭᠦᠶᠴᠡᠳᠬᠡᠬᠦ ᠬᠡᠷᠡᠭ ᠢ ᠲᠦᠷᠭᠡᠨ ᠭᠦᠶᠴᠡᠳᠬᠡᠨ ᠳᠠᠭᠤᠰᠬᠠᠵᠤ᠂ ᠪᠦᠬᠦ ᠵᠢᠯ ᠤᠨ ᠭᠦᠢᠴᠡᠳᠭᠡᠨ ᠵᠢᠯᠣᠭᠤᠳᠬᠤ ᠲᠥᠪ 663 ᠬᠡᠷᠡᠭ ᠢ ᠲᠦᠷᠭᠡᠨ ᠭᠦᠶᠴᠡᠳᠬᠡᠨ ᠳᠠᠭᠤᠰᠬᠠᠵᠤ᠂ ᠪᠦᠬᠦ ᠵᠢᠯ ᠎ ᠤᠨ ᠭᠦᠶᠴᠡᠳᠬᠡᠵᠦ ᠳᠠᠭᠤᠰᠬᠠᠭᠰᠠᠨ ᠬᠡᠷᠡᠭ ᠤᠨ ᠶᠡᠷᠦᠩᠬᠡᠶ ᠲᠣᠭᠠᠨ ᠤ 21.04%᠎ ᠶᠢ ᠡᠵᠡᠯᠡᠪᠡ᠃ ᠭᠦᠶᠴᠡᠳᠬᠡᠬᠦ ᠎ ᠳᠤ ᠪᠦᠯᠬᠦᠮᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠰᠢᠭᠦᠭᠴᠢ ᠪᠠᠷ ᠭᠤᠤᠯ ᠪᠣᠯᠭᠠᠭᠰᠠᠨ ᠭᠦᠶᠴᠡᠳᠬᠡᠬᠦ ᠪᠦᠯᠬᠦᠮ ᠢ ᠪᠠᠶᠢᠭᠤᠯᠵᠤ᠂ ᠣᠷᠣᠨ ᠲᠤᠭ᠎ᠠ ᠶᠢᠨ ᠰᠢᠭᠦᠭᠴᠢ ᠶᠢᠨ ᠵᠢᠯᠤᠭᠤᠳᠤᠯᠭ᠎ᠠ ᠶᠢᠨ ᠳᠣᠤᠷ᠎ᠠ ᠠᠵᠢᠯ ᠢᠶᠠᠨ ᠥᠷᠨᠢᠭᠦᠯᠵᠦ᠂ ᠬᠡᠷᠡᠭ ᠤᠨ ᠶᠠᠰᠤ ᠴᠢᠨᠠᠷ ᠎ ᠢ ᠦᠨᠡᠨ ᠬᠦ ᠪᠠᠲᠤᠯᠠᠵᠤ᠂ ᠭᠦᠶᠴᠡᠳᠬᠡᠬᠦ ᠪᠠᠷᠢᠮᠵᠢᠶ᠎ᠠ ᠶᠢ ᠨᠢᠭᠡᠳᠬᠡᠪᠡ᠃ ᠭᠦᠶᠴᠡᠳᠬᠡᠬᠦ ᠪᠠ ᠲᠣᠭᠲᠠᠭᠠᠯᠲᠠ ᠶᠢ ᠰᠠᠯᠭᠠᠬᠤ ᠶᠢ ᠪᠠᠷᠢᠮᠲᠠᠯᠠᠵᠤ᠂ ᠲᠤᠬᠠᠶ ᠶᠢᠨ ᠬᠥᠮᠦᠨ ᠳᠤ ᠣᠨᠳᠣᠤ ᠰᠠᠨᠠᠯ ᠲᠤᠷᠠᠲᠤᠭᠰᠠᠨ ᠪᠥᠭᠡᠳ ᠵᠠᠭᠠᠯᠳᠤᠯᠭ᠎ᠠ ᠭᠠᠷᠭᠠᠭᠰᠠᠨ ᠪᠠᠶᠢᠪᠠᠯ᠂ ᠬᠡᠷᠡᠭ ᠪᠣᠯᠭᠠᠨ ᠳᠠᠩᠰᠠᠯᠠᠭᠰᠠᠨ ᠤ ᠲᠠᠷᠠᠭ᠎ᠠ ᠰᠢᠭᠦᠨ ᠲᠠᠰᠤᠯᠬᠤ ᠲᠢᠩᠬᠢᠮ ᠠᠴᠠ ᠰᠢᠭᠦᠵᠦ᠂ ᠬᠡᠷᠡᠭ ᠤᠨ ᠡᠷᠭᠡ ᠳᠡᠭᠰᠢ᠂ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠪᠠ᠃      ᠬᠠᠤᠯᠢ ᠴᠠᠭᠠᠵᠠ ᠶᠢ ᠢᠯᠡ ᠪᠣᠯᠭᠠᠬᠤ ᠶᠢ ᠪᠠᠷᠢᠮᠲᠠᠯᠠᠵᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ ᠃ ᠲᠠᠰᠤᠯᠤᠨ ᠲᠣᠭᠲᠠᠭᠠᠯᠲᠠ ᠶᠢᠨ ᠪᠢᠴᠢᠭ᠂ ᠰᠢᠭᠦᠨ ᠲᠠᠰᠤᠯᠬᠤ ᠶᠠᠪᠤᠴᠠ᠂ ᠭᠦᠶᠴᠡᠳᠬᠡᠬᠦ ᠮᠡᠳᠡᠭᠡ ᠵᠠᠩᠭᠢ ᠪᠠ ᠲᠢᠩᠬᠢᠮ ᠤᠨ ᠰᠢᠭᠦᠯᠲᠡ ᠶᠢ ᠰᠢᠭᠤᠳ ᠨᠡᠪᠲᠡᠷᠡᠭᠦᠯᠬᠦ ᠲᠦᠷᠪᠡᠨ ᠶᠡᠭᠡ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠵᠢᠯ ᠳᠤ ᠲᠠᠰᠤᠯᠤᠨ ᠲᠣᠭᠲᠠᠭᠠᠯᠲᠠ ᠶᠢᠨ ᠪᠢᠴᠢᠭ ᠢ 4329 ᠬᠤᠪᠢ ᠰᠦᠯᠵᠢᠶᠡᠨ ᠳᠡᠭᠡᠷ᠎ᠡ ᠨᠡᠶᠢᠲᠡᠯᠡᠵᠦ᠂ ᠲᠢᠩᠬᠢᠮ ᠤᠨ ᠰᠢᠭᠦᠯᠲᠡ ᠶᠢ 202 ᠤᠳᠠᠭ᠎ᠠ ᠰᠢᠭᠤᠳ ᠨᠡᠪᠲᠡᠷᠡᠭᠦᠯᠵᠦ ᠂ 24 ᠤᠳᠠᠭ᠎ᠠ ᠰᠢᠩᠭᠡᠭᠡᠨ ᠨᠡᠪᠲᠡᠷᠡᠭᠦᠯᠵᠦ᠂ ᠳᠠᠷᠤᠮᠵᠢ ᠶᠢᠨ ᠬᠡᠮᠵᠢᠶ᠎ᠡ ᠨᠢ 12 ᠲᠦᠮᠡᠨ ᠬᠥᠮᠦᠨ ᠤᠳᠠᠭ᠎ᠠ ᠶᠢ ᠳᠠᠪᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠭᠤᠯᠭ᠎ᠠ ᠶᠢ ᠨᠠᠷᠢᠨ ᠬᠢᠨᠠᠮᠠᠭᠠᠶ ᠰᠢᠶᠳᠪᠦᠷᠢᠯᠡᠵᠦ᠂ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠰᠠᠨᠠᠭᠠᠴᠢᠯᠠᠭ᠎ᠠ ᠠᠴᠠ ᠎ ᠪᠠᠨ ᠤᠷᠢᠵᠤ ᠲᠢᠩᠬᠢᠮ ᠤᠨ ᠰᠢᠭᠦᠯᠲᠡ ᠶᠢ ᠲᠣᠭᠤᠷᠢᠨ ᠦᠵᠡᠭᠦᠯᠵᠦ᠂ ᠭᠦᠶᠴᠡᠳᠬᠡᠬᠦ ᠶᠢ ᠬᠡᠷᠡᠴᠢᠯᠡᠭᠦᠯᠪᠡ᠃ ᠪᠠᠶᠢᠴᠠᠭᠠᠬᠤ ᠪᠠᠶᠢᠭᠤᠯᠤᠯᠭ᠎ᠠ ᠶᠢᠨ ᠬᠢᠨᠠᠯᠲᠠ ᠲᠠᠯᠪᠢᠬᠤ ᠰᠠᠨᠠᠭᠤᠯᠭ᠎ᠠ ᠶᠢ ᠳᠡᠭᠡᠳᠦ ᠬᠡᠮᠵᠢᠶ᠎ᠡ ᠪᠠᠷ  ᠴᠢᠬᠤᠯᠠᠴᠢᠯᠠᠵᠦ᠂ ᠪᠠᠶᠢᠴᠠᠭᠠᠬᠤ ᠳᠠᠷᠤᠭ᠎ᠠ ᠶᠢ ᠤᠷᠢᠵᠤ ᠰᠢᠭᠦᠬᠦ ᠺᠣᠮᠢᠰ ᠲᠤ 5 ᠤᠳᠠᠭ᠎ᠠ ᠰᠤᠯᠠ ᠣᠷᠣᠯᠴᠠᠭᠤᠯᠪᠠ᠃ ᠠᠯᠪᠠᠨ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ᠂ ᠠᠯᠪᠠᠨ ᠤ ᠪᠢᠴᠢᠯ ᠪᠦᠷᠭᠡ ᠶᠢᠨ ᠡᠬᠡ ᠪᠢᠴᠢᠭ ᠢ ᠬᠢᠨᠠᠨ ᠬᠠᠷᠭᠤᠭᠤᠯᠬᠤ᠂ ᠨᠡᠶᠢᠲᠡᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠬᠥᠳᠡᠯᠦᠯ ᠪᠠᠶᠢᠳᠠᠯ᠂ ᠰᠢᠭᠦᠨ ᠲᠠᠰᠤᠯᠤᠯᠲᠠ ᠶᠢᠨ ᠪᠠᠶᠢᠳᠠᠯ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠳᠤᠰᠬᠠᠪᠠ᠃      ᠲᠠᠪᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠭᠦᠬᠦ ᠬᠤᠷᠢᠶᠠᠨ ᠤ ᠡᠩᠨᠡᠭᠡ ᠶᠢ  ᠪᠠᠶᠢᠭᠤᠯᠪᠠ      ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠪᠠ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠵᠦ᠂  ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠤᠯᠤᠰ ᠲᠦᠷᠦ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠶᠢ ᠴᠢᠬᠤᠯᠠᠴᠢᠯᠠᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠭᠤᠤᠯᠯᠠᠬᠤ ᠳᠤᠭᠤᠶᠢᠯᠠᠩ 18 ᠤᠳᠠᠭ᠎ᠠ ᠰᠤᠷᠤᠯᠴᠠᠵᠤ᠂ ᠪᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ 14 ᠤᠳᠠᠭ᠎ᠠ ᠲᠦᠪᠯᠡᠷᠡᠨ ᠰᠤᠷᠤᠯᠴᠠᠵᠦ᠂ ᠺᠠᠳ᠋ᠷ ᠴᠠᠭᠳᠠᠭ᠎ᠠ ᠶᠢ ᠬᠥᠲᠥᠯᠥᠨ ᠵᠢᠯᠣᠭᠤᠳᠴᠤ ᠤᠯᠤᠰ ᠲᠦᠷᠦ ᠶᠢᠨ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠪᠠ᠃ ᠰᠢᠭᠦᠬᠦ ᠬᠤᠷᠢᠶᠠᠨ ᠤ ᠦᠵᠡᠯ ᠤᠬᠠᠮᠰᠠᠷ ᠎ ᠤᠨ ᠬᠡᠯᠪᠡᠷᠢ ᠶᠢᠨ ᠠᠵᠢᠯ ᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠳᠤ ᠣᠷᠣᠭᠤᠯᠵᠤ᠂ ᠳᠤᠬᠠᠶᠢᠯᠠᠭᠰᠠᠨ ᠠᠵᠢᠯ ᠲᠠᠢ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠨᠠᠶᠢᠳᠠᠪᠤᠷᠢᠵᠢᠭᠤᠯᠵᠤ᠂ ᠵᠡᠷᠭᠡ ᠪᠠᠷ ᠪᠠᠶᠢᠴᠠᠭᠠᠵᠤ᠂ ᠵᠡᠷᠭᠡ ᠪᠠᠷ ᠬᠢᠨᠠᠨ ᠰᠢᠯᠭᠠᠪᠠ᠃ ᠳᠣᠯᠣᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠲᠡᠰ ᠳᠡᠪᠰᠢᠭᠦᠯᠵᠦ ᠰᠣᠯᠪᠢᠴᠠᠨ ᠬᠤᠯᠪᠣᠭᠠᠯᠠᠨ ᠲᠤᠭᠤᠷᠢᠨ ᠪᠠᠶᠢᠴᠠᠭᠠᠬᠤ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠤᠯᠠᠭᠠᠨᠬᠠᠳᠠ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠬᠠᠤᠯᠢ ᠴᠠᠭᠠᠵᠠ ᠶᠢᠨ ᠲᠣᠭᠤᠷᠢᠨ ᠪᠠᠶᠢᠴᠠᠭᠠᠯᠳᠠ ᠳᠤ ᠨᠠᠷᠢᠨ ᠬᠢᠨᠠᠮᠠᠭᠠᠢ ᠬᠠᠮᠵᠢᠯᠴᠠᠨ᠂ ᠣᠷᠣᠰᠢᠵᠤ ᠪᠠᠶᠢᠭ᠎ᠠ ᠠᠰᠠᠭᠤᠳᠠᠯ ᠎ ᠳᠤ ᠵᠥᠪ ᠢᠶᠠᠷ ᠬᠠᠨᠳᠤᠵᠤ᠂ ᠦᠵᠡᠯ ᠰᠠᠨᠠᠭᠠᠨ ᠤ ᠲᠠᠯ᠎ᠠ ᠪᠠᠷ ᠨᠠᠩ ᠰᠡᠷᠭᠡᠭ᠂ ᠠᠵᠢᠯ ᠤᠨ ᠲᠠᠯ᠎ᠠ ᠪᠠᠷ ᠨᠠᠩ ᠪᠣᠳᠠᠲᠠᠢ ᠶᠢ ᠡᠷᠬᠢᠮᠯᠡᠬᠦ ᠶᠢ ᠠᠬᠢᠭᠤᠯᠪᠠ᠃      ᠬᠠᠤᠯᠢ ᠴᠠᠭᠠᠵᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠰᠢᠭᠦᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠰᠢᠨ᠎ᠡ ᠪᠠᠷ ᠨᠡᠶᠢᠲᠡᠯᠡᠵᠦ ᠵᠠᠰᠠᠪᠤᠷᠢ ᠣᠷᠣᠭᠤᠯᠤᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠤᠯᠢ ᠴᠠᠭᠠᠵᠠ ᠎ ᠶᠢᠨ ᠲᠠᠶᠢᠯᠪᠤᠷᠢᠯᠠᠯᠲᠠ ᠶᠢ ᠰᠤᠷᠤᠯᠴᠠᠭᠤᠯᠵᠤ᠂ ᠺᠠᠳ᠋ᠷ ᠴᠠᠭᠳᠠᠭ᠎ᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠪᠡ᠃ ︽ᠬᠤᠶᠠᠷ ᠶᠢ ᠦᠨᠡᠯᠡᠨ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠡᠷᠡᠭ ᠤᠨ ᠲᠢᠩᠬᠢᠮ ᠤᠨ ᠰᠢᠭᠦᠯᠳᠡ ᠶᠢᠨ ᠳᠦᠷᠰᠦ ᠰᠢᠩᠭᠡᠭᠡᠯᠲᠡ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠲᠣᠬᠢᠶᠠᠯᠳᠤᠯ ᠎ ᠢᠶᠠᠷ ᠰᠣᠩᠭᠤᠨ ᠠᠪᠴᠤ᠂ ᠲᠥᠪᠯᠡᠷᠡᠭᠦᠯᠦᠨ ᠦᠨᠡᠯᠡᠨ ᠪᠠᠶᠢᠴᠠᠭᠠᠵᠤ᠂ ᠰᠢᠭᠦᠭᠴᠢ ᠶᠢᠨ ᠲᠢᠩᠬᠢᠮ ᠤᠨ ᠰᠢᠭᠦᠯᠲᠡ ᠶᠢ ᠡᠵᠡᠮᠳᠡᠬᠦ ᠪᠠ ᠲᠠᠰᠤᠯᠤᠨ ᠲᠣᠭᠲᠠᠭᠠᠯᠲᠠ ᠶᠢᠨ ᠪᠢᠴᠢᠭ ᠬᠢᠬᠦ ᠴᠢᠳᠠᠪᠤᠷᠢ ᠶᠢ ᠳᠡᠭᠡᠭᠰᠢᠯᠡᠭᠦᠯᠪᠡ᠃ ᠪᠦᠬᠦ ᠵᠢᠯ ᠳᠤ 30 ᠬᠤᠪᠢ ᠲᠢᠩᠬᠢᠮ ᠤᠨ ᠰᠢᠭᠦᠯᠲᠡ ᠶᠢ ᠦᠨᠡᠯᠡᠨ ᠪᠠᠶᠢᠴᠠᠭᠠᠨ ᠵᠢᠱᠢᠶ᠎ᠡ ᠦᠵᠡᠭᠦᠯᠵᠦ᠂ 38 ᠬᠤᠪᠢ  ᠰᠢᠯᠢᠳᠡᠭ ᠬᠠᠤᠯᠢ ᠴᠠᠭᠠᠵᠠ ᠶᠢᠨ ᠪᠢᠴᠢᠭ ᠢ ᠦᠨᠡᠯᠡᠨ ᠪᠠᠶᠢᠴᠠᠭᠠᠪᠠ᠃ ᠠᠵᠢᠯ ᠤᠨ ᠪᠠᠶᠢᠷᠢ ᠶᠢᠨ ᠪᠤᠯᠪᠠᠰᠦᠷᠠᠭᠤᠯᠤᠯ ᠢ ᠴᠢᠩᠭᠠᠳᠬᠠᠵᠤ᠂ ᠪᠢᠴᠢᠭᠡᠴᠢ ᠶᠢ ᠤᠷᠤᠯᠳᠤᠭᠠᠨ ᠳᠤ ᠣᠷᠣᠭᠤᠯᠬᠤ᠂ ᠬᠠᠤᠯᠢ ᠶᠢᠨ ᠴᠠᠭᠳᠠᠭ᠎ᠠ ᠶᠢ ᠲᠥᠪᠯᠡᠷᠡᠭᠦᠯᠦᠨ ᠪᠣᠯᠪᠠᠰᠤᠷᠠᠭᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠺᠠᠳ᠋ᠷ ᠴᠠᠭᠳᠠᠭ᠎ᠠ ᠶᠢᠨ ᠬᠠᠤᠯᠢ ᠴᠠᠭᠠᠵᠠ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠪᠡ᠃      ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠪᠠ᠃ ᠲᠥᠪ ᠬᠤᠷᠢᠶᠠᠨ ᠤ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠦ᠂ ︽ᠳᠠᠪᠤ ᠶᠢ ᠴᠢᠩᠭ᠎ᠠ ᠴᠠᠭᠠᠵᠠᠯᠠᠬᠤ︾᠎ ᠶᠢ ᠴᠢᠩᠭ᠎ᠠ ᠬᠡᠷᠡᠭᠵᠢᠭᠦᠯᠵᠦ᠂ ᠬᠡᠷᠡᠭ ᠢ ᠪᠠᠶᠢᠴᠠᠭᠠᠨ ᠠᠰᠠᠭᠤᠬᠤ ᠳᠤ ᠭᠠᠷ ᠲᠦᠷᠦᠭᠦ ᠶᠢ ᠰᠡᠷᠭᠡᠶᠢᠯᠡᠬᠦ ︽ᠬᠤᠶᠠᠷ ᠲᠣᠭᠲᠠᠭᠠᠯ︾᠎ ᠢ ᠴᠢᠩᠭ᠎ᠠ ᠬᠡᠷᠡᠭᠵᠢᠭᠦᠯᠵᠦ᠂ ᠰᠢᠭᠦᠨ ᠲᠠᠰᠤᠯᠬᠤ ᠡᠷᠬᠡ᠂ ᠭᠦᠢᠴᠡᠳᠬᠡᠬᠦ ᠡᠷᠬᠡ ᠳᠤ ᠪᠠᠶᠢᠩᠭᠤ ᠬᠢᠨᠠᠯᠲᠠ ᠲᠠᠯᠪᠢᠬᠤ ᠶᠢ ᠴᠢᠩᠭᠠᠳᠬᠠᠪᠠ᠃ ᠰᠢᠨ᠎ᠡ ᠴᠠᠭ ᠦᠶ᠎ᠡ ᠶᠢᠨ ᠰᠢᠭᠦᠬᠦ ᠬᠤᠷᠢᠶᠠᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ ᠢ ᠴᠢᠩᠭ᠎ᠠ ᠨᠠᠶᠢᠳᠠᠪᠤᠷᠢᠵᠢᠭᠤᠯᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠪᠠ ᠰᠢᠭᠦᠬᠦ ᠶᠠᠪᠤᠳᠠᠯ ᠢ ᠱᠠᠭᠠᠷᠳᠠᠨ ᠪᠠᠶᠢᠴᠠᠭᠠᠬᠤ ᠲᠠᠢ ᠤᠶᠠᠯᠳᠤᠭᠤᠯᠵᠤ᠂ ᠰᠢᠭᠦᠬᠦ ᠶᠠᠪᠤᠳᠠᠯ ᠤᠨ ᠱᠠᠭᠠᠷᠳᠠᠨ ᠪᠠᠶᠢᠴᠠᠭᠠᠯᠲᠠ ᠶᠢ 38 ᠤᠳᠠᠭ᠎ᠠ ᠥᠷᠨᠢᠭᠦᠯᠪᠡ᠃ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠳᠤ ᠣᠷᠣᠯᠴᠠᠭᠤᠯᠬᠤ᠂ ︽ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ︾ ᠪᠠ ︽ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾᠎ ᠢ ᠰᠤᠷᠤᠯᠴᠠᠬᠤ᠂ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠨᠡᠶᠢᠳᠡᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠠᠷᠢᠭᠤᠨ ᠴᠢᠬᠡᠴᠢ ᠶᠢᠨ ᠬᠥᠮᠦᠵᠢᠯ ᠦᠷᠨᠢᠭᠦᠯᠪᠡ᠃ ᠶᠠᠷᠢᠯᠴᠠᠵᠤ ᠰᠠᠨᠠᠭᠤᠯᠬᠤ ᠳᠦᠷᠢᠮ ᠎ ᠢ ᠨᠠᠶᠢᠳᠠᠪᠤᠷᠢᠵᠢᠭᠤᠯᠵᠦ᠂ ᠪᠦᠬᠦ ᠵᠢᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠯᠴᠠᠭ᠎ᠠ ᠶᠢ 29 ᠬᠥᠮᠦᠨ ᠤᠳᠠᠭ᠎ᠠ ᠦᠷᠨᠢᠭᠦᠯᠵᠦ᠂ ᠠᠷᠢᠭᠤᠨ ᠴᠢᠬᠡᠴᠢ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠪᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号