| | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ | ᠬᠦᠯᠢᠶᠡᠨ ᠠᠪᠤᠭᠰᠠᠨ ᠲᠤᠭ᠎ᠠ ᠬᠡᠮᠵᠢᠶ᠎ᠡ ᠲᠦᠷᠭᠡᠨ ᠨᠡᠮᠡᠭᠳᠡᠭᠰᠡᠨ ᠪᠠ ᠥᠭᠡᠷᠡᠴᠢᠯᠡᠯᠲᠡ ᠶᠢᠨ ᠡᠭᠦᠷᠭᠡ ᠬᠦᠨᠳᠦ ᠪᠠᠶᠢᠭ᠎ᠠ | ᠪᠠᠶᠢᠳᠠᠯ ᠲᠤᠤᠷ᠎ᠠ᠂ ᠪᠦᠬᠦ ᠺᠠᠳ᠋ᠷ ᠴᠠᠭᠳᠠᠭ᠎ᠠ ᠳᠡᠭᠡᠲᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠠᠵᠢᠯ | ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠨᠡᠯᠢᠶᠡᠳ ᠰᠠᠶᠢᠨ | ᠪᠡᠶᠡᠯᠡᠭᠦᠯᠪᠡ᠃ ᠠᠮᠵᠢᠯᠲᠠ ᠪᠦᠲᠦᠮᠵᠢ ᠣᠯᠤᠭᠰᠠᠨ ᠨᠢ ᠬᠤᠰᠢᠭᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ | ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ | ᠶᠢᠨ ᠬᠦᠴᠦᠲᠡᠶ ᠬᠢᠨᠠᠯᠲᠠ ᠪᠠ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠨᠡᠶᠢᠭᠡᠮ ᠤᠨ ᠡᠯ᠎ᠡ | ᠡᠲᠡᠭᠡᠳ᠂ ᠠᠷᠠᠳ ᠣᠯᠠᠨ ᠤ ᠬᠠᠯᠠᠮᠵᠢ ᠳᠡᠮᠵᠢᠯᠭᠡ ᠠᠴᠠ ᠰᠠᠯᠵᠤ ᠴᠢᠳᠠᠬᠤ ᠥᠬᠡᠶ᠂ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠢᠲᠡᠭᠡᠯ | ᠬᠠᠪᠰᠤᠷᠤᠯᠭ᠎ᠠ ᠠᠴᠠ ᠰᠠᠯᠵᠤ ᠴᠢᠳᠠᠬᠤ ᠥᠬᠡᠶ ᠶᠤᠮ᠃ ᠠᠳᠡ᠂ ᠪᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ | ᠶᠢ ᠲᠥᠯᠥᠭᠡᠯᠡᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠲᠦ ᠬᠦᠨᠳᠦᠳᠬᠡᠯ | ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠰᠢᠨ᠎ᠡ ᠪᠠᠶᠢᠳᠠᠯ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ ᠰᠢᠨ᠎ᠡ ᠱᠠᠭᠠᠷᠳᠠᠯᠭ᠎ᠠ᠂ ᠪᠦᠬᠦ ᠬᠤᠰᠢᠭᠤᠨ ᠤ ᠠᠷᠠᠳ | ᠲᠦᠮᠡᠨ ᠤ ᠰᠢᠨ᠎ᠡ ᠬᠦᠰᠡᠯ ᠡᠷᠡᠮᠡᠯᠵᠡᠯ ᠲᠠᠢ ᠬᠠᠷᠢᠴᠠᠭᠤᠯᠪᠠᠯ᠂ ᠰᠢᠭᠦᠬᠦ ᠬᠤᠷᠢᠶᠠᠨ ᠤ ᠠᠵᠢᠯ ᠳᠤ ᠪᠠᠰᠠ ᠵᠠᠷᠢᠮ | ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠃ ᠨᠢᠭᠡ ᠳᠤ ᠠᠵᠤ ᠠᠬᠤᠶ | ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠬᠡᠷᠡᠭ ᠤᠨ ᠲᠤᠭ᠎ᠠ ᠬᠡᠮᠵᠢᠶ᠎ᠡ ᠤᠳᠠᠭ᠎ᠠ ᠳᠠᠷᠠᠭᠠᠯᠠᠨ | ᠳᠡᠭᠡᠭᠰᠢᠯᠡᠵᠦ᠂ ᠤᠷᠤᠨ ᠲᠤᠭᠠᠨ ᠤ ᠰᠢᠭᠦᠭᠴᠢ ᠶᠢᠨ ᠲᠤᠭ᠎ᠠ ᠬᠡᠮᠵᠢᠶ᠎ᠡ ᠬᠢᠵᠠᠭᠠᠷᠲᠠᠶ᠂ ᠰᠢᠭᠦᠨ ᠲᠠᠰᠤᠯᠬᠤ | ᠭᠦᠶᠴᠡᠳᠬᠡᠬᠦ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ᠃ ᠬᠤᠶᠠᠷ ᠲᠤ | ᠬᠡᠷᠡᠭ ᠤᠨ ᠲᠦᠷᠦᠯ ᠵᠦᠶᠯ ᠨᠢ ᠪᠤᠳᠤᠯᠢᠶᠠᠨᠲᠠᠶ ᠪᠥᠭᠡᠳ ᠤᠯᠠᠨ ᠶᠠᠩᠵᠤ ᠶᠢᠨ ᠪᠠᠶᠢᠵᠦ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠨᠢ ᠡᠳᠦᠷ ᠢᠷᠡᠬᠦᠶ᠎ᠡ ᠤᠯᠠᠨ ᠡᠰᠢᠵᠢᠵᠤ᠂ ᠤᠯᠠᠨ ᠲᠦᠮᠡᠨᠴᠢ ᠴᠢᠨᠠᠷᠲᠠᠶ ᠵᠢᠭᠤᠷᠠᠭᠠᠨ ᠤ ᠨᠡᠮᠡᠭᠳᠡᠯ ᠤᠨ | ᠬᠡᠮᠵᠢᠶ᠎ᠡ ᠨᠢ ᠢᠯᠡᠷᠬᠡᠶ ᠪᠠᠶᠢᠬᠤ ᠪᠠᠶᠢᠳᠠᠯ ᠳᠣᠤᠷ᠎ᠠ᠂ ᠺᠠᠳ᠋ᠷ ᠴᠠᠭᠳᠠᠭ᠎ᠠ ᠶᠢᠨ ᠴᠢᠳᠠᠪᠤᠷᠢ᠂ ᠬᠡᠪ ᠴᠢᠨᠠᠷ ᠨᠢ ᠠᠷᠠᠳ | ᠤᠯᠠᠨ ᠤ ᠬᠠᠤᠯᠢ ᠴᠠᠭᠠᠵᠠ ᠶᠢᠨ ᠰᠢᠨ᠎ᠡ ᠬᠡᠷᠡᠭᠴᠡᠭᠡ ᠶᠢ ᠪᠦᠷᠢᠮᠦᠰᠦᠨ ᠬᠠᠩᠭᠠᠵᠤ ᠳᠡᠶᠢᠯᠬᠦ ᠦᠬᠡᠢ ᠪᠠᠶᠢᠵᠦ᠂ | ᠣᠨᠴᠠ ᠵᠠᠷᠢᠮ ᠬᠡᠷᠡᠭ ᠲᠤ ᠪᠠᠰᠠ ᠡᠲᠦᠢ ᠲᠡᠲᠦᠢ ᠠᠰᠠᠭᠤᠳᠠᠯ ᠣᠷᠣᠰᠢᠵᠤ ᠪᠠᠶᠢᠨ᠎ᠠ᠃ ᠭᠤᠷᠪᠠ ᠳᠤ ᠦᠨᠳᠦᠰᠦᠨ | ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠳᠤ ᠲᠤᠲᠠᠭᠳᠠᠯ ᠣᠷᠣᠰᠢᠵᠤ᠂ ᠤᠶᠤᠨᠲᠤ ᠰᠢᠬᠦᠬᠦ ᠬᠤᠷᠢᠶᠠᠨ ᠤ | ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠪᠠ ᠬᠡᠷᠡᠭᠯᠡᠭᠡᠨ ᠤ ᠴᠢᠳᠠᠪᠤᠷᠢ ᠬᠦᠷᠦᠯᠴᠡᠬᠦ ᠦᠭᠡᠢ ᠪᠠᠶᠢᠵᠤ᠂ | ᠦᠶᠯᠡᠴᠢᠯᠡᠭᠡ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠳᠡᠭᠡᠷ᠎ᠡ | ᠳᠤᠷᠠᠳᠤᠭᠰᠠᠨ ᠠᠰᠠᠭᠤᠳᠠᠯ ᠪᠠ ᠬᠦᠴᠢᠷᠳᠡᠯ ᠳᠤ ᠬᠠᠨᠲᠤᠭᠤᠯᠤᠨ᠂ ᠪᠢᠳᠡ ᠬᠦᠴᠦᠲᠡᠶ ᠠᠷᠭ᠎ᠠ ᠬᠡᠮᠵᠢᠶ᠎ᠡ ᠠᠪᠴᠤ | ᠨᠠᠷᠢᠨ ᠬᠢᠨᠠᠮᠠᠭᠠᠶ ᠰᠢᠢᠳᠪᠦᠷᠢᠯᠡᠬᠦ ᠪᠤᠯᠤᠨ᠎ᠠ᠃ | 2020 ᠣᠨ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠪᠦᠬᠦᠯᠢ ᠴᠣᠭᠴᠠ ᠶᠢᠨ ᠠᠵᠢᠯ | ᠤᠨ ᠰᠡᠳᠭᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠦ᠂ ᠨᠠᠮ ᠤᠨ ᠰᠢᠭᠦᠬᠦ ᠬᠤᠷᠢᠶᠠᠨ ᠤ ᠠᠵᠢᠯ | ᠳᠠᠬᠢ ᠬᠠᠷᠢᠴᠠᠯᠠᠰᠢ ᠦᠭᠡᠢ ᠤᠲᠤᠷᠢᠲᠤᠯᠭ᠎ᠠ ᠶᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶ᠎ᠠ ᠪᠠ ᠳᠡᠭᠡᠲᠦ | ᠱᠠᠲᠤᠨ ᠤ ᠰᠢᠭᠦᠬᠦ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ | ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠣᠶᠤᠨᠴᠢ ᠰᠢᠭᠦᠬᠦ ᠬᠤᠷᠢᠶᠠᠨ ᠤ ᠪᠠᠶᠢᠭᠤᠯᠤᠯᠲᠠ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠭᠦᠨ ᠲᠠᠰᠤᠯᠬᠤ ᠭᠦᠢᠴᠡᠳᠬᠡᠬᠦ ᠠᠵᠢᠯ ᠤᠨ ᠴᠢᠨᠠᠷ ᠴᠢᠨᠰᠠᠭ᠎ᠠ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠬᠡᠰᠢᠭᠲᠡᠨ ᠬᠤᠰᠢᠭᠤᠨ ᠤ ᠰᠢᠭᠦᠬᠦ ᠬᠤᠷᠢᠶᠠᠨ ᠤ ᠪᠦᠬᠦᠯᠢ ᠴᠣᠭᠴᠠ ᠶᠢᠨ ᠠᠵᠢᠯ ᠤᠨ | ᠤᠯᠠᠭᠠᠨᠬᠠᠳᠠ ᠬᠤᠲᠠ ᠶᠢᠨ ᠰᠢᠭᠦᠬᠦ ᠬᠤᠷᠢᠶᠠᠨ ᠤ ᠰᠢᠰᠲ᠋ᠧᠮ ᠤᠨ ᠡᠮᠦᠨ᠎ᠡ ᠡᠩᠨᠡᠭᠡᠨ ᠳᠤ ᠶᠠᠪᠤᠬᠤ ᠶᠢ ᠤᠯᠠᠮ ᠨᠢᠭᠡ | ᠠᠯᠬᠤᠮ ᠠᠬᠢᠭᠤᠯᠵᠤ᠂ ᠮᠠᠨ ᠤ ᠬᠤᠰᠢᠭᠤᠨ ᠤ ᠨᠡᠶᠢᠭᠡᠮ ᠤᠨ ᠲᠣᠭᠲᠠᠭᠤᠨ ᠪᠠᠶᠢᠳᠠᠯ ᠪᠠ ᠠᠵᠤ ᠠᠬᠤᠢ ᠶᠢᠨ | ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃ ᠡᠭᠦᠨ ᠤ ᠲᠤᠯᠠᠳᠠ ᠳᠣᠤᠷᠠᠬᠢ ᠬᠡᠳᠦᠨ | ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠬᠢᠨ᠎ᠠ᠄ | ᠨᠢᠭᠡ ᠳᠤ ᠰᠢᠨ᠎ᠡ ᠤᠨᠤᠯ ᠢᠶᠠᠷ ᠵᠡᠪᠰᠡᠭᠯᠡᠬᠦ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠡᠷᠡᠰ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠤᠱᠯᠠᠭᠤᠯᠬᠤ ᠶᠢ ᠢᠮᠠᠭᠲᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠢᠭᠦᠬᠦ ᠬᠤᠷᠢᠶᠠᠨ ᠤ | ᠠᠵᠢᠯ ᠤᠨ ᠰᠢᠨ᠎ᠡ ᠬᠥᠭᠵᠢᠯᠲᠡ ᠶᠢ ᠪᠡᠶᠡᠯᠡᠭᠦᠯᠬᠦ ᠳᠤ ᠦᠵᠡᠯ ᠰᠠᠨᠠᠭᠠᠨ ᠤ ᠰᠠᠭᠤᠷᠢ ᠶᠢ ᠪᠠᠭᠢᠵᠢᠭᠦᠯᠦᠨ᠎ᠡ᠃ | ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ | ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠦ᠂ ᠬᠠᠤᠯᠢ ᠴᠠᠭᠠᠵᠠ ᠶᠢᠨ ᠠᠵᠢᠯ ᠤᠨ ᠶᠡᠭᠡ ᠲᠠᠯ᠎ᠠ ᠳᠤ | ᠦᠶᠯᠡᠴᠢᠯᠡᠬᠦ ᠤᠶᠠᠯᠳᠤᠯ ᠤᠨ ᠴᠡᠭ᠂ ᠬᠦᠴᠦᠯᠡᠬᠦ ᠴᠡᠭ ᠢ ᠦᠨᠡᠨ ᠬᠦ ᠣᠨᠣᠪᠴᠢᠲᠠᠶ ᠡᠷᠢᠵᠦ ᠤᠯᠤᠨ᠎ᠠ᠃ ᠬᠠᠤᠯᠢ | ᠴᠠᠭᠠᠵᠠ ᠶᠢᠨ ᠠᠰᠠᠭᠤᠳᠠᠯ ᠢ ᠤᠯᠤᠰ ᠲᠦᠷᠦ ᠶᠢᠨ ᠲᠠᠯ᠎ᠠ ᠠᠴᠠ ᠢᠯᠡᠭᠦᠬᠡᠨ ᠪᠣᠳᠣᠯᠬᠢᠯᠠᠬᠤ ᠶᠢ ᠪᠠᠷᠢᠮᠲᠠᠯᠠᠵᠦ᠂ | ᠤᠯᠤᠰ ᠲᠦᠷᠦ ᠶᠢᠨ ᠠᠰᠠᠭᠤᠳᠠᠯ ᠢ ᠬᠠᠤᠯᠢ ᠪᠠᠷ ᠵᠠᠰᠠᠬᠤ ᠰᠡᠳᠬᠢᠬᠦᠶ ᠪᠠᠷ ᠢᠯᠡᠭᠦᠬᠡᠨ ᠰᠢᠶᠳᠪᠦᠷᠢᠯᠡᠵᠦ᠂ ᠬᠠᠤᠯᠢ | ᠴᠠᠭᠠᠵᠠ ᠶᠢᠨ ᠵᠢᠮ᠎ᠡ ᠶᠣᠰᠣ ᠶᠢ ᠤᠯᠠᠮ ᠨᠢᠭᠡ ᠠᠯᠬᠤᠮ ᠵᠢᠷᠤᠮᠯᠠᠨ᠂ ᠬᠠᠤᠯᠢ ᠴᠠᠭᠠᠵᠠ ᠶᠢᠨ ᠲᠦᠷᠦ ᠶᠢᠨ ᠪᠤᠳᠤᠯᠭ᠎ᠠ | ᠶᠢ ᠲᠡᠭᠦᠯᠳᠡᠷᠵᠢᠭᠦᠯᠵᠦ᠂ ᠨᠠᠮ ᠤᠨ ᠤᠳᠤᠷᠢᠳᠤᠯᠭ᠎ᠠ ᠶᠢ ᠠᠵᠢᠯ ᠤᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠵᠠᠩᠭᠢᠯᠠᠭ᠎ᠠ | ᠳᠤ ᠲᠤᠤᠱᠯᠠᠭᠤᠯᠤᠨ᠎ᠠ᠃ | ᠬᠤᠶᠠᠷ ᠲᠤ ᠰᠢᠨ᠎ᠡ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ | ᠬᠦᠭᠵᠢᠯᠳᠡ ᠲᠣᠭᠲᠠᠭᠤᠨ ᠤ ᠶᠡᠭᠡ ᠲᠠᠯ᠎ᠠ ᠳᠤ ᠪᠥᠬᠦ ᠬᠦᠴᠦᠨ ᠢᠶᠠᠷ ᠢᠶᠠᠨ ᠤᠶᠢᠯᠡᠴᠢᠯᠡᠨ᠎ᠡ᠃ᠡᠯ᠎ᠡ ᠲᠦᠷᠦᠯ ᠤᠨ | ᠡᠷᠡᠭᠦᠦ ᠶᠢᠨ ᠶᠠᠯᠠᠲᠤ ᠬᠡᠷᠡᠭ ᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠠᠷᠠᠳ ᠤᠯᠠᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ︽ᠬᠠᠮᠠᠭᠠᠯᠠᠭᠴᠢ ᠶᠢ ᠴᠣᠬᠢᠵᠤ ᠲᠣᠤᠷ ᠢ ᠡᠪᠳᠡᠬᠦ︾᠂ ︽ᠡᠳ᠋ | ᠬᠥᠷᠥᠩᠭᠡ ᠶᠢ ᠨᠢ ᠬᠤᠷᠢᠶᠠᠵᠦ ᠦᠨᠲᠦᠰᠦ ᠶᠢ ᠨᠢ ᠲᠠᠰᠤᠯᠬᠤ︾ ᠡᠷᠴᠢᠮ ᠢ ᠴᠢᠩᠭᠠᠳᠬᠠᠵᠦ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠪᠥᠬᠦ ᠲᠠᠯ᠎ᠠ ᠪᠠᠷ ᠢᠯᠠᠯᠲᠠ ᠤᠯᠬᠤ ᠶᠢ ᠠᠬᠢᠭᠤᠯᠤᠨ᠎ᠠ᠃ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠪᠠᠷ ᠲᠤᠤᠱᠯᠠᠭᠤᠯᠵᠦ᠂ ᠥᠨᠳᠥᠷ | ᠪᠠᠷᠢᠮᠵᠢᠶ᠎ᠠ ᠲᠠᠢ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠳᠤ ᠦᠶᠯᠡᠴᠢᠯᠡᠨ᠂ ᠨᠡᠩ ᠲᠣᠭᠲᠠᠭᠤᠨ ᠡᠷᠬᠡ | ᠲᠡᠭᠰᠢ ᠢᠯᠡ ᠲᠣᠳᠣ᠂ ᠵᠢᠱᠢᠵᠦ ᠪᠣᠯᠬᠤᠶᠢᠴᠠ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ | ᠢ ᠪᠤᠢ ᠪᠣᠯᠭᠠᠨ᠎ᠠ᠃ ᠬᠢᠨᠠᠯᠲᠠ ᠲᠠᠯᠪᠢᠬᠤ ᠪᠠ ᠬᠠᠮᠠᠭᠠᠯᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠠᠤᠯᠢ ᠪᠠᠷ | ᠲᠣᠭᠲᠠᠭᠠᠭᠰᠠᠨ ᠲᠦᠷᠢᠮ ᠢ ᠴᠢᠩᠭ᠎ᠠ ᠵᠢᠷᠤᠮᠯᠠᠨ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠢ ᠴᠢᠩᠭᠠᠳᠬᠠᠵᠤ | ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠤ ᠤᠶᠢᠯᠡᠴᠢᠯᠡᠨ᠎ᠡ᠃ | ᠭᠤᠷᠪᠠ ᠳᠤ ᠨᠠᠷᠢᠯᠢᠭ ᠤᠨᠤᠪᠴᠢᠲᠠᠢ ᠪᠠᠷ ᠦᠶᠯᠡᠴᠢᠯᠡᠬᠦ ᠶᠢ ᠪᠠᠷᠢᠮᠲᠠᠯᠠᠵᠤ᠂ ᠠᠷᠠᠳ ᠤᠯᠠᠨ ᠤ ᠬᠠᠤᠯᠢ | ᠴᠠᠭᠠᠵᠠ ᠶᠢᠨ ᠬᠦᠷᠳᠡᠭᠡᠮᠵᠢᠲᠦ ᠰᠡᠳᠭᠢᠯᠭᠡ ᠶᠢ ᠨᠡᠮᠡᠭᠳᠡᠭᠦᠯᠦᠨ᠎ᠡ᠃ ᠠᠷᠠᠳ ᠤᠨ ᠠᠮᠢᠳᠤᠷᠠᠯ ᠤᠨ ᠬᠠᠤᠯᠢ ᠴᠠᠭᠠᠵᠠ | ᠶᠢᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠣᠯᠭᠤᠯᠲᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ | ᠬᠥᠳᠡᠯᠮᠦᠷᠢ ᠶᠢᠨ ᠬᠥᠯᠥᠰᠥ ᠣᠯᠭᠤᠮᠵᠢ ᠪᠠ ᠤᠷᠤᠭ ᠭᠡᠷ ᠪᠦᠯᠢ ᠵᠡᠷᠭᠡ ᠬᠦᠷᠢᠶᠡᠨ ᠳᠠᠬᠢ ᠠᠷᠠᠳ ᠤᠨ ᠠᠮᠢᠳᠤᠷᠠᠯ | ᠳᠤ ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠵᠤᠬᠢᠰᠲᠠᠢ ᠰᠢᠭᠦᠨ ᠰᠢᠢᠳᠪᠦᠷᠢᠯᠡᠨ᠎ᠡ᠃ ᠬᠠᠤᠯᠢ ᠴᠠᠭᠠᠵᠠ ᠶᠢᠨ | ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ | ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠦᠨ | ᠲᠦᠷᠢᠮᠵᠢᠭᠦᠯᠦᠨ᠎ᠡ᠃ ᠨᠢᠭᠡ ᠦᠷᠳᠡᠭᠡᠴᠢᠯᠡᠭᠰᠡᠨ ᠬᠡᠯᠪᠡᠷᠢ ᠶᠢᠨ ᠤᠯᠠᠨ ᠡᠰᠢᠴᠢᠯᠡᠭᠰᠡᠨ ᠵᠢᠭᠤᠷᠠᠯᠳᠤᠭᠠᠨ ᠢ | ᠰᠢᠶᠳᠪᠦᠷᠢᠯᠡᠬᠦ ᠪᠠ ᠵᠠᠷᠭᠤ ᠶᠢᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠬᠡᠷᠡᠭ ᠪᠣᠯᠭᠠᠨ ᠳᠠᠩᠰᠠᠯᠠᠬᠤ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ᠪᠦᠬᠦ ᠤᠯᠤᠰ ᠤᠨ ᠰᠢᠭᠦᠬᠦ ᠬᠤᠷᠢᠶᠠᠨ ᠤ ᠣᠳᠣᠬᠢᠴᠢᠯᠠᠭᠰᠠᠨ ᠵᠠᠷᠭᠤ ᠶᠢᠨ ᠦᠶᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠤᠨ᠎ᠠ᠃ | ᠭᠦᠶᠴᠡᠳᠬᠡᠬᠦ ᠪᠦᠯᠭᠦᠮᠴᠢᠯᠡᠭᠰᠡᠨ ᠬᠠᠮᠢᠶᠠᠷᠤᠯᠲᠠ ᠶᠢ ᠪᠠᠷᠢᠮᠲᠠᠯᠠᠵᠤ᠂ ᠣᠷᠣᠨ ᠲᠤᠭ᠎ᠠ ᠶᠢᠨ ᠰᠢᠭᠦᠭᠴᠢ ᠶᠢᠨ | ᠵᠢᠯᠤᠭᠤᠳᠤᠯᠭ᠎ᠠ ᠳᠣᠤᠷ᠎ᠠ ᠠᠵᠢᠯ ᠢᠶᠠᠨ ᠥᠷᠨᠢᠭᠦᠯᠵᠦ᠂ ᠭᠦᠶᠴᠡᠳᠬᠡᠬᠦ ᠬᠡᠷᠡᠭ ᠤᠨ ᠶᠠᠰᠤ ᠴᠢᠨᠠᠷ ᠢ ᠦᠨᠡᠨ ᠬᠦ | ᠪᠠᠲᠤᠯᠠᠨ᠎ᠠ᠃ ᠬᠡᠷᠡᠭ ᠢ ᠰᠢᠰᠲ᠋ᠧᠮᠲᠦ ᠬᠠᠮᠢᠶᠠᠷᠤᠯᠲᠠ ᠳᠤ ᠣᠷᠣᠭᠤᠯᠬᠤ ᠶᠢ ᠪᠠᠷᠢᠮᠲᠠᠯᠠᠵᠤ᠂ ᠭᠤᠭᠴᠤᠭ᠎ᠠ ᠶᠢᠨ | ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠭᠦᠢᠴᠡᠳᠬᠡᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠭᠦᠶᠴᠡᠳᠬᠡᠬᠦ ᠬᠦᠴᠦᠯᠡᠴᠡ ᠪᠠᠨ ᠴᠢᠩᠭᠠᠳᠬᠠᠵᠦ᠂ ᠨᠡᠶᠢᠭᠡᠮ ᠤᠨ ᠬᠦᠴᠦᠨ ᠢ ᠠᠰᠢᠭᠯᠠᠬᠤ ᠶᠢ ᠴᠢᠬᠤᠯᠠᠴᠢᠯᠠᠵᠤ᠂ | ᠨᠠᠶᠢᠳᠠᠨ ᠬᠢᠨᠠᠨ ᠪᠤᠲᠤᠬᠤ ᠪᠠᠶᠢᠴᠠᠭᠠᠯᠲᠠ ᠬᠢᠯᠭᠡᠬᠦ᠂ ᠱᠠᠩᠨᠠᠯ ᠤᠨ ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠬᠤ | ᠵᠡᠷᠭᠡ ᠠᠷᠭ᠎ᠠ ᠬᠡᠮᠵᠢᠶ᠎ᠡ ᠶᠢ ᠠᠪᠴᠤ᠂ ᠭᠦᠶᠴᠡᠳᠬᠡᠬᠦ ᠡᠳ᠋ ᠬᠦᠷᠦᠩᠭᠡ ᠶᠢ ᠢᠯᠡᠷᠡᠭᠦᠯᠬᠦ ᠲᠣᠭᠲᠠᠴᠠ ᠶᠢᠨ ᠲᠠᠯ᠎ᠠ ᠪᠠᠷ | ᠢᠳᠡᠪᠬᠢᠲᠡᠶ ᠪᠠᠷ ᠰᠢᠨ᠎ᠡ ᠶᠢ ᠡᠭᠦᠳᠦᠨ᠎ᠡ᠃ ᠲᠦᠷᠢᠮ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠬᠡᠷᠡᠭ ᠰᠢᠶᠳᠪᠦᠷᠢᠯᠡᠬᠦ ᠵᠢᠯᠣᠭᠤᠳᠤᠮᠵᠢ ᠶᠢ ᠲᠣᠭᠲᠠᠭᠠᠵᠤ᠂ ᠡᠳ᠋ ᠬᠦᠷᠦᠩᠭᠡ ᠶᠢ ᠰᠢᠶᠳᠪᠦᠷᠢᠯᠡᠬᠦ ᠶᠠᠪᠤᠴᠠ ᠶᠢ | ᠲᠦᠷᠢᠮᠵᠢᠭᠦᠯᠵᠦ᠂ ᠭᠦᠶᠴᠡᠳᠬᠡᠬᠦ ᠠᠵᠢᠯ ᠤᠨ ᠬᠢᠨᠠᠯᠳᠠ ᠶᠢ ᠴᠢᠩᠭᠠᠳᠬᠠᠨ᠎ᠠ᠃ | ᠲᠦᠷᠪᠡ ᠳᠤ ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢ ᠪᠠᠷᠢᠮᠲᠠᠯᠠᠵᠤ᠂ ᠨᠡᠩ ᠳᠡᠭᠡᠳᠦ ᠲᠡᠰ ᠳᠠᠪᠬᠤᠷᠭ᠎ᠠ | ᠶᠢᠨ ᠲᠥᠪ ᠭᠤᠣᠯᠴᠢ ᠰᠢᠳᠤᠷᠭᠤ ᠶᠣᠰᠣ ᠶᠢ ᠴᠢᠷᠮᠠᠶᠢᠨ ᠪᠡᠶᠡᠯᠡᠭᠦᠯᠦᠨ᠎ᠡ᠃ ᠬᠠᠤᠯᠢ ᠴᠠᠭᠠᠵᠠ ᠶᠢ ᠨᠢᠭᠡᠳᠦᠯᠲᠡᠶ | ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠲᠦᠷᠦᠯ ᠵᠦᠶᠯ ᠤᠨ ᠬᠡᠷᠡᠭ ᠢᠶᠠᠷ ᠯᠠᠪᠯᠠᠯᠲᠠ ᠪᠣᠯᠭᠠᠬᠤ ᠪᠠ | ᠲᠠᠰᠤᠯᠤᠨ ᠲᠣᠭᠲᠠᠭᠠᠬᠤ ᠶᠢ ᠵᠢᠯᠣᠭᠤᠳᠬᠤ ᠲᠦᠷᠢᠮ ᠢ ᠲᠣᠭᠲᠠᠭᠠᠵᠤ᠂ ᠯᠠᠪᠯᠠᠯᠲᠠ ᠪᠤᠯᠭᠠᠵᠦ ᠪᠣᠯᠬᠤ ᠬᠠᠤᠯᠢ | ᠴᠠᠭᠠᠵᠠ ᠶᠢ ᠬᠡᠷᠡᠭᠯᠡᠬᠦ ᠨᠢᠭᠡᠳᠦᠯᠲᠡᠶ ᠰᠠᠨᠠᠯ ᠢ ᠪᠤᠢ ᠪᠣᠯᠭᠠᠵᠤ᠂ ︽ᠲᠦᠷᠦᠯ ᠲᠦᠷᠦᠯ ᠤᠨ ᠬᠡᠷᠡᠭ ᠢ ᠠᠳᠠᠯᠢ ᠪᠤᠰᠤ | ᠪᠠᠷ ᠲᠠᠰᠤᠯᠬᠤ︾ ᠦᠵᠡᠭᠳᠡᠯ ᠢ ᠡᠷᠡᠰ ᠬᠤᠷᠢᠭᠯᠠᠨ᠎ᠠ᠃ ᠢᠷᠭᠡᠨ ᠤ ᠬᠡᠷᠡᠭ ᠤᠨ ᠰᠢᠭᠦᠨ ᠲᠠᠰᠤᠯᠬᠤ ᠠᠷᠭ᠎ᠠ ᠮᠠᠶ᠋ᠢᠭ | ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠭᠦᠭᠴᠢ ᠶᠢᠨ ᠲᠤᠰᠠᠯᠠᠭᠴᠢ ᠶᠢᠨ ᠦᠶᠯᠡᠳᠦᠯ | ᠢ ᠪᠠᠳᠠᠷᠠᠭᠤᠯᠵᠤ᠂ ᠰᠢᠭᠦᠯᠲᠡ ᠠᠴᠠ ᠡᠮᠦᠨᠡᠬᠢ ᠭᠡᠷᠡᠴᠢ ᠪᠠᠷᠢᠮᠲᠠ ᠰᠤᠯᠢᠯᠴᠠᠬᠤ᠂ ᠰᠢᠭᠦᠯᠲᠡ ᠠᠴᠠ ᠡᠮᠦᠨᠡᠬᠢ | ᠬᠤᠷᠠᠯᠳᠤᠭᠠᠨ ᠤ ᠲᠦᠷᠢᠮ ᠢ ᠬᠡᠷᠡᠭᠵᠢᠭᠦᠯᠵᠦ᠂ ᠵᠠᠷᠭᠤ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠶᠠᠷᠰᠢᠭ | ᠲᠦᠪᠡᠭᠲᠡᠶ ᠪᠠ ᠳᠥᠭᠦᠮ ᠳᠥᠲᠡ ᠬᠡᠷᠡᠭ ᠢ ᠰᠠᠯᠭᠠᠬᠤ ᠶᠢ ᠪᠡᠶᠡᠯᠡᠭᠦᠯᠦᠨ᠎ᠡ᠃ ᠤᠳᠤ ᠦᠶ᠎ᠡ ᠶᠢᠨ ᠰᠢᠨᠵᠢᠯᠡᠬᠦ | ᠤᠬᠠᠭᠠᠨ ᠮᠡᠷᠭᠡᠵᠢᠯ ᠢ ᠬᠠᠤᠯᠢ ᠴᠠᠭᠠᠵᠠ ᠶᠢᠨ ᠬᠦᠷᠢᠶᠡᠨ ᠳᠤ ᠭᠦᠨᠵᠡᠭᠡᠶ ᠬᠡᠷᠡᠭᠯᠡᠬᠦ ᠶᠢ ᠢᠳᠡᠪᠬᠢᠲᠡᠶ ᠪᠠᠷ ᠲᠦᠯᠬᠢᠨ | ᠠᠬᠢᠭᠤᠯᠵᠤ᠂ ︽ᠤᠶᠤᠨᠲᠤ ᠰᠢᠭᠦᠬᠦ ᠬᠤᠷᠢᠶ᠎ᠠ︾ ᠶᠢᠨ ᠪᠠᠶᠢᠭᠤᠯᠤᠯᠲᠠ ᠶᠢ ᠪᠦᠬᠦ ᠬᠦᠴᠦ ᠪᠠᠷ ᠲᠦᠯᠬᠢᠨ ᠠᠬᠢᠭᠤᠯᠵᠤ | ᠂ ᠰᠢᠭᠦᠨ ᠲᠠᠰᠤᠯᠬᠤ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶᠢᠨ ᠤᠲᠤᠭᠢᠴᠢᠯᠠᠭᠰᠠᠨ ᠬᠢᠷᠢ ᠲᠦᠪᠰᠢᠨ ᠢ | ᠳᠡᠭᠡᠭᠰᠢᠯᠡᠭᠦᠯᠵᠦ᠂ ᠲᠥᠪ ᠭᠤᠤᠯᠴᠢ ᠪᠥᠭᠡᠳ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠡᠷᠬᠡ ᠰᠦᠷ ᠢ | ᠦᠨᠡᠨ ᠬᠦ ᠪᠠᠲᠤᠯᠠᠨ᠎ᠠ᠃ | ᠲᠠᠪᠤ ᠳᠤ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠶᠢ ᠪᠠᠷᠢᠮᠲᠠᠯᠠᠵᠤ᠂ ᠰᠢᠭᠦᠬᠦ ᠬᠤᠷᠢᠶᠠᠨ ᠤ ᠡᠩᠨᠡᠭᠡᠨ ᠤ | ᠪᠦᠬᠦᠯᠢ ᠴᠤᠭᠴᠠ ᠶᠢᠨ ᠬᠡᠪ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠠᠮ ᠤᠨ ᠤᠯᠤᠰ ᠲᠦᠷᠦ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠥᠷᠭᠡᠨ ᠤᠯᠠᠨ ᠺᠠᠳ᠋ᠷ ᠴᠠᠭᠳᠠᠭ᠎ᠠ ᠶᠢ ᠬᠥᠮᠦᠵᠢᠭᠦᠯᠵᠦ | ᠬᠥᠲᠥᠯᠥᠨ ᠵᠢᠯᠣᠭᠤᠳᠴᠤ ᠤᠯᠤᠰ ᠲᠦᠷᠦ ᠶᠢᠨ ᠵᠣᠭᠰᠣᠯᠲᠠ ᠶᠢ ᠨᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ᠴᠢᠳᠠᠪᠤᠷᠢ ᠶᠢᠨ ᠪᠠᠶᠢᠭᠤᠯᠤᠯᠲᠠ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠥᠮᠦᠵᠢᠯ ᠪᠤᠯᠪᠠᠰᠦᠷᠠᠯ ᠤᠨ ᠵᠠᠭᠪᠤᠷ ᠲᠤ | ᠰᠢᠨ᠎ᠡ ᠶᠢ ᠡᠭᠦᠳᠴᠦ᠂ ᠺᠠᠳ᠋ᠷ ᠴᠠᠭᠳᠠᠭ᠎ᠠ ᠶᠢᠨ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠬᠡᠷᠡᠭᠯᠡᠭᠡᠨ ᠤ | ᠴᠢᠳᠠᠪᠤᠷᠢ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ᠂ ᠣᠯᠠᠨ ᠲᠦᠮᠡᠨ ᠤ ᠠᠵᠢᠯ ᠤᠨ ᠴᠢᠳᠠᠪᠤᠷᠢ᠂ | ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ᠂ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ | ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠨᠢᠭᠡᠨ ᠰᠠᠯᠠᠭ᠎ᠠ ᠬᠤᠪᠢᠰᠬᠠᠯᠵᠢᠭᠰᠠᠨ᠂ ᠵᠢᠩᠬᠢᠨᠢᠴᠢᠯᠡᠭᠰᠡᠨ᠂ | ᠳᠤᠰᠬᠠᠶᠢᠵᠢᠭᠰᠠᠨ᠂ ᠠᠵᠢᠯ ᠮᠡᠷᠭᠡᠵᠢᠯ ᠤᠨ ᠰᠢᠭᠦᠬᠦ ᠬᠤᠷᠢᠶ᠎ᠠ ᠶᠢᠨ ᠡᠩᠨᠡᠭᠡ ᠶᠢ ᠬᠥᠮᠦᠵᠢᠭᠦᠯᠦᠨ ᠪᠣᠶ ᠪᠣᠯᠭᠠᠨ᠎ᠠ᠃ | ᠲᠦᠷᠢᠮ ᠤᠨ ᠬᠡᠷᠡᠭᠵᠢᠭᠦᠯᠬᠦ ᠬᠦᠴᠦᠨ ᠪᠠ ᠵᠠᠰᠠᠯᠳᠠ ᠶᠢᠨ ᠴᠢᠳᠠᠪᠤᠷᠢ ᠶᠢ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ | ᠬᠡᠷᠡᠭᠯᠡᠬᠦ᠂ ᠬᠢᠨᠠᠨ ᠰᠢᠯᠭᠠᠵᠤ ᠦᠨᠡᠯᠡᠬᠦ ᠶᠢᠨ ᠴᠢᠬᠤᠯᠠ ᠦᠨᠳᠦᠰᠦᠯᠡᠯ ᠪᠣᠯᠭᠠᠵᠤ᠂ ᠬᠠᠤᠯᠢ ᠴᠠᠭᠠᠵᠠ ᠶᠢ ᠬᠠᠷᠰᠢᠯᠠᠬᠤ | ᠶᠢ ᠰᠡᠷᠭᠡᠶᠢᠯᠡᠬᠦ ︽ᠭᠤᠷᠪᠠᠨ ᠲᠣᠭᠲᠠᠭᠠᠯ︾ ᠢ ᠴᠢᠩᠭ᠎ᠠ ᠲᠤᠤᠱᠯᠠᠭᠤᠯᠤᠨ ᠬᠡᠷᠡᠭᠵᠢᠭᠦᠯᠵᠦ᠂ ᠲᠥᠪ ᠭᠤᠤᠯᠴᠢ | ᠠᠷᠢᠭᠤᠨ ᠴᠢᠬᠡᠴᠢ ᠪᠠᠷ ᠬᠠᠤᠯᠢ ᠪᠠᠷᠢᠬᠤ ᠶᠢ ᠦᠨᠡᠨ ᠬᠦ ᠪᠠᠲᠤᠯᠠᠨ᠎ᠠ᠃ ᠬᠢᠨᠠᠯᠲᠠ ᠬᠦᠯᠢᠶᠡᠬᠦ ᠶᠢ ᠠᠵᠢᠯᠯᠠᠭᠠᠨ ᠤ | ᠤᠬᠠᠮᠰᠠᠷ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠤᠯᠪᠣᠭᠳᠠᠯ ᠪᠦᠬᠦᠢ ᠰᠢᠶᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠢᠳᠡᠪᠬᠢᠲᠡᠶ ᠪᠠᠷ | ᠰᠠᠨᠠᠭᠠᠴᠢᠯᠠᠭ᠎ᠠ ᠠᠴᠠ ᠪᠠᠨ ᠠᠵᠢᠯ ᠢᠶᠠᠨ ᠮᠡᠳᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ᠂ ᠪᠠᠶᠢᠴᠠᠭᠠᠬᠤ ᠪᠠᠶᠢᠭᠤᠯᠭ᠎ᠠ ᠶᠢᠨ ᠵᠠᠷᠭᠤ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠰᠢᠭᠦᠬᠦ ᠬᠤᠷᠢᠶᠠᠨ ᠤ ᠠᠵᠢᠯ ᠢ ᠲᠠᠰᠤᠷᠠᠯᠲᠠ ᠦᠭᠡᠢ | ᠴᠢᠩᠭᠠᠳᠬᠠᠨ ᠰᠠᠶᠢᠵᠢᠷᠠᠭᠤᠯᠤᠨ᠎ᠠ᠃ | ᠲᠥᠯᠥᠭᠡᠯᠡᠭᠴᠢᠳ ᠡ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ | ᠦᠢᠯᠡᠴᠢᠯᠡᠬᠦ ᠳᠤ ᠠᠷᠠᠳ ᠤᠨ ᠰᠢᠭᠦᠬᠦ ᠬᠤᠷᠢᠶ᠎ᠠ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠲᠠᠢ ᠪᠥᠭᠡᠳ | ᠢᠷᠠᠭᠤ ᠠᠯᠳᠠᠷ ᠲᠠᠢ ᠶᠤᠮ᠃ ᠰᠢᠨ᠎ᠡ ᠨᠢᠭᠡᠨ ᠵᠢᠯ ᠳᠤ ᠪᠢᠳᠡ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠣᠰ ᠤᠳᠠᠭᠠᠨ ᠤ ᠶᠡᠭᠡ ᠬᠤᠷᠠᠯ ᠤᠨ ᠰᠢᠢᠳᠪᠦᠷᠢ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠨ᠎ᠡ ᠴᠠᠭ ᠦᠶ᠎ᠡ ᠶᠢᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ᠂ ᠥᠷᠯᠥᠭᠡ ᠦᠳᠡᠰᠢ ᠶᠢ ᠲᠡᠮᠡᠴᠡᠨ ᠠᠮᠢ ᠨᠠᠰᠦᠨ ᠤ ᠦᠨ᠎ᠡ ᠴᠠᠨ᠎ᠠ ᠶᠢ | ᠢᠯᠡᠷᠡᠭᠦᠯᠦᠨ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠨᠠᠩ ᠬᠦᠴᠦᠲᠡᠢ | ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠪᠠᠷ ᠴᠢᠷᠮᠠᠶᠢᠨ᠎ᠠ᠃ | | | | |