| | ——2020 ᠣᠨ ᠤ 4 ᠰᠠᠷ᠎ᠠ ᠶᠢᠨ 22 ᠤᠨ ᠡᠳᠦᠷ ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ | ᠳᠡᠭᠡᠷ᠎ᠡ | | | ᠬᠡᠰᠢᠭᠲᠡᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ | ᠯᠢ ᠵᠢᠩ ᠬᠤᠸᠠ | | | ᠲᠥᠯᠥᠭᠡᠯᠡᠭᠴᠢᠳ ᠡ᠄ | ᠣᠳᠣ ᠪᠢ ᠬᠡᠰᠢᠭᠲᠡᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠶᠡᠭᠡ ᠬᠤᠷᠠᠯ | ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | | | 2019 ᠣᠨ ᠤ ᠪᠠᠶᠢᠴᠠᠭᠠᠬᠤ ᠠᠵᠢᠯ ᠤᠨ ᠡᠷᠭᠢᠴᠡᠭᠦᠯᠦᠯ | | | 2019 ᠣᠨ ᠳᠤ᠂ ᠬᠡᠰᠢᠭᠲᠡᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠬᠡᠰᠢᠭᠲᠡᠨ | ᠬᠤᠰᠢᠭᠤᠨ ᠤ ᠨᠠᠮ ᠤᠨ ᠬᠤᠷᠢᠶ᠎ᠠ ᠪᠠ ᠤᠯᠠᠭᠠᠨᠬᠠᠳᠠ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠰᠤᠷᠤᠯᠴᠠᠵᠤ᠂ ᠨᠠᠮ ᠤᠨ ᠬᠤᠷᠢᠶ᠎ᠠ ᠶᠢᠨ ᠡᠯ᠎ᠡ ᠲᠥᠷᠥᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠴᠢᠩᠭ᠎ᠠ ᠨᠠᠶᠢᠳᠠᠪᠤᠷᠢᠵᠢᠭᠤᠯᠵᠤ᠂ ︽ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠬᠥᠭᠵᠢᠯᠲᠡ | ᠶᠢ ᠰᠦᠪᠡᠭᠴᠢᠯᠡᠬᠦ᠂ ᠥᠪᠡᠷ ᠢ ᠪᠠᠨ ᠬᠦᠴᠦᠷᠬᠡᠭᠵᠢᠭᠦᠯᠬᠦ ᠶᠢ ᠴᠢᠬᠤᠯᠠᠴᠢᠯᠠᠬᠤ︾ ᠶᠡᠷᠦᠩᠬᠡᠢ ᠱᠠᠭᠠᠷᠳᠠᠯᠭ᠎ᠠ ᠪᠠ ︽ | ᠯᠠᠪᠳᠠᠭᠤᠨ ᠢᠶᠠᠷ ᠤᠷᠤᠭᠰᠢᠯᠠᠬᠤ᠂ ᠨᠠᠶᠢᠳᠠᠪᠤᠷᠢᠵᠢᠭᠤᠯᠬᠤ᠂ ᠳᠡᠭᠡᠭᠰᠢᠯᠡᠭᠦᠯᠬᠦ︾ ᠠᠵᠢᠯ ᠤᠨ ᠭᠤᠣᠯ ᠰᠡᠳᠦᠪ ᠢ | ᠪᠠᠷᠢᠮᠲᠠᠯᠠᠵᠤ᠂ ᠪᠠᠶᠢᠴᠠᠭᠠᠬᠤ ᠠᠵᠢᠯ ᠤᠨ ᠤᠭ ᠵᠣᠷᠢᠯᠲᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ | ᠪᠠᠶᠢᠴᠠᠭᠠᠬᠤ ᠡᠷᠬᠡ ᠲᠤᠰᠢᠶᠠᠯ ᠢᠶᠠᠨ ᠪᠦᠬᠦ ᠲᠠᠯ᠎ᠠ ᠪᠠᠷ ᠭᠦᠢᠴᠡᠳᠬᠡᠵᠦ᠂ ᠡᠯ᠎ᠡ ᠲᠥᠷᠥᠯ ᠤᠨ ᠪᠠᠶᠢᠴᠠᠭᠠᠬᠤ ᠠᠵᠢᠯ ᠨᠢ | ᠴᠥᠮ ᠰᠢᠨ᠎ᠡ ᠠᠬᠢᠯᠲᠠ ᠲᠠᠢ ᠪᠣᠯᠣᠭᠰᠠᠨ ᠪᠠᠶᠢᠨ᠎ᠠ᠃ | ᠨᠢᠭᠡ᠂ ᠪᠠᠶᠢᠴᠠᠭᠠᠬᠤ ᠠᠵᠢᠯ ᠳᠤ ᠰᠠᠭᠤᠷᠢᠯᠠᠵᠤ᠂ ᠬᠥᠭᠵᠢᠯᠲᠡ ᠶᠢᠨ ᠶᠡᠭᠡ ᠲᠠᠯ᠎ᠠ ᠳᠤ ᠦᠶᠯᠡᠴᠢᠯᠡᠪᠡ | ︵ᠨᠢᠭᠡ︶ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠠᠮᠤᠷ ᠲᠦᠪᠰᠢᠨ ᠢ ᠬᠠᠮᠠᠭᠠᠯᠠᠵᠤ᠂ | ᠠᠭᠤᠴᠢᠯᠠᠬᠤ ᠪᠠ ᠴᠢᠩᠭ᠎ᠠ ᠰᠢᠢᠳᠬᠡᠬᠦ ᠶᠢ ᠤᠶᠠᠯᠳᠤᠭᠤᠯᠤᠨ ᠲᠣᠭᠲᠠᠭᠤᠨ ᠪᠠᠶᠢᠳᠠᠯ ᠢ ᠬᠠᠮᠠᠭᠠᠯᠠᠪᠠ᠃ ᠮᠠᠨ ᠤ | ᠬᠤᠷᠢᠶ᠎ᠠ ᠨᠢ ᠪᠠᠷᠢᠪᠴᠢᠯᠠᠬᠤ ᠶᠢ ᠵᠥᠪᠰᠢᠶᠡᠷᠡᠨ ᠵᠠᠭᠠᠯᠳᠤᠬᠤ ᠵᠡᠷᠭᠡ ᠬᠠᠤᠯᠢ ᠪᠠᠷ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠬᠡᠵᠦ᠂ ︽ᠪᠠᠷᠢᠪᠴᠢᠯᠠᠬᠤ ᠪᠠ ᠵᠠᠭᠠᠯᠳᠤᠬᠤ ᠶᠢ ᠨᠢᠭᠡᠳᠬᠡᠬᠦ︾ | ᠬᠡᠷᠡᠭ ᠰᠢᠶᠳᠪᠦᠷᠢᠯᠡᠬᠦ ᠵᠣᠬᠢᠴᠠᠮᠵᠢ ᠶᠢ ᠨᠠᠶᠢᠳᠠᠪᠤᠷᠢᠵᠢᠭᠤᠯᠤᠭᠰᠠᠨ ᠪᠠᠶᠢᠨ᠎ᠠ᠃ ᠪᠦᠬᠦ ᠵᠢᠯ ᠳᠤ ᠵᠠᠭᠠᠯᠳᠤᠯᠭ᠎ᠠ ᠶᠢ | ᠬᠢᠨᠠᠨ ᠪᠠᠶᠢᠴᠠᠭᠠᠬᠤ ᠬᠡᠷᠡᠭ ᠢ ᠨᠡᠶᠢᠲᠡ 170 ᠬᠤᠪᠢ 299 ᠬᠥᠮᠦᠨ ᠬᠦᠯᠢᠶᠡᠨ ᠰᠢᠶᠳᠪᠦᠷᠢᠯᠡᠵᠦ᠂ | ᠵᠠᠭᠠᠯᠳᠤᠯᠭ᠎ᠠ ᠶᠢ 157 ᠬᠤᠪᠢ 235 ᠬᠥᠮᠦᠨ ᠬᠢᠨᠠᠨ ᠳᠠᠭᠤᠰᠬᠠᠭᠰᠠᠨ ᠪᠠᠶᠢᠨ᠎ᠠ︔ ᠪᠠᠷᠢᠪᠴᠢᠯᠠᠬᠤ ᠶᠢ ᠬᠢᠨᠠᠨ | ᠪᠠᠶᠢᠴᠠᠭᠠᠬᠤ ᠬᠡᠷᠡᠭ ᠢ ᠨᠡᠶᠢᠲᠡ 101 ᠬᠤᠪᠢ 165 ᠬᠥᠮᠦᠨ ᠬᠦᠯᠢᠶᠠᠨ ᠰᠢᠶᠳᠪᠦᠷᠢᠯᠡᠵᠦ᠂ 78 ᠬᠡᠷᠡᠭ ᠤᠨ | 126 ᠬᠥᠮᠦᠨ ᠢ ᠪᠠᠷᠢᠪᠴᠢᠯᠠᠬᠤ ᠶᠢ ᠵᠥᠪᠰᠢᠶᠡᠷᠡᠭᠰᠡᠨ ᠪᠠᠶᠢᠨ᠎ᠠ︔ ᠮᠠᠨ ᠤ ᠬᠤᠷᠢᠶ᠎ᠠ ᠨᠢ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠪᠠ ᠬᠥᠮᠦᠨ ᠤ ᠡᠷᠬᠡ ᠶᠢ ᠪᠠᠲᠤᠯᠠᠬᠤ ᠶᠢ ᠪᠠᠷᠢᠪᠴᠢᠯᠠᠬᠤ ᠶᠢ ᠵᠥᠪᠰᠢᠶᠡᠷᠡᠨ ᠵᠠᠭᠠᠯᠳᠤᠬᠤ ᠪᠦᠬᠦ | ᠶᠠᠪᠤᠴᠠ ᠳᠤ ᠲᠤᠤᠱᠯᠠᠭᠤᠯᠵᠤ᠂ ᠠᠭᠤᠴᠢᠯᠠᠬᠤ ᠪᠠ ᠴᠢᠩᠭ᠎ᠠ ᠰᠢᠳᠬᠡᠬᠦ ᠶᠢ ᠤᠶᠠᠯᠳᠤᠭᠤᠯᠬᠤ ᠡᠷᠡᠭᠦᠦ ᠶᠢᠨ ᠬᠡᠷᠡᠭ | ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠵᠤ᠂ ᠪᠠᠷᠢᠪᠴᠢᠯᠠᠬᠤ ᠦᠭᠡᠢ ᠪᠠᠶᠢᠵᠤ ᠪᠣᠯᠬᠤ ᠶᠢ ᠨᠢ ᠪᠠᠷᠢᠪᠴᠢᠯᠠᠬᠤ | ᠦᠭᠡᠢ᠂ ᠵᠠᠭᠠᠯᠳᠤᠬᠤ ᠦᠭᠡᠢ ᠪᠠᠶᠢᠵᠤ ᠪᠣᠯᠬᠤ ᠶᠢ ᠨᠢ ᠵᠠᠭᠠᠯᠳᠤᠬᠤ ᠦᠭᠡᠢ ᠪᠠᠶᠢᠬᠤ ᠶᠢ ᠬᠠᠤᠯᠢ ᠶᠣᠰᠣᠭᠠᠷ | ᠪᠡᠶᠡᠯᠡᠭᠦᠯᠵᠦ᠂ ᠪᠦᠬᠦ ᠵᠢᠯ ᠳᠤ 23 ᠬᠡᠷᠡᠭ ᠤᠨ 39 ᠬᠥᠮᠦᠨ ᠢ ᠪᠠᠷᠢᠪᠴᠢᠯᠠᠬᠤ ᠶᠢ ᠦᠯᠦ ᠵᠥᠪᠰᠢᠶᠡᠷᠡᠨ᠂ 5 | ᠬᠡᠷᠡᠭ ᠤᠨ 7 ᠬᠥᠮᠦᠨ ᠢ ᠦᠯᠦ ᠵᠠᠭᠠᠯᠳᠤᠬᠤ ᠪᠠᠷ ᠬᠠᠤᠯᠢ ᠶᠣᠰᠣᠭᠠᠷ ᠲᠣᠭᠲᠠᠭᠠᠭᠰᠠᠨ ᠪᠠᠶᠢᠨ᠎ᠠ᠃ ᠡᠯ᠎ᠡ ᠲᠦᠷᠦᠯ | ᠤᠨ ᠡᠷᠡᠭᠦᠦ ᠶᠢᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠬᠦ ᠪᠠᠷ ᠳᠠᠮᠵᠢᠭᠤᠯᠤᠨ ᠨᠡᠶᠢᠭᠡᠮ ᠤᠨ ᠲᠣᠭᠲᠠᠭᠤᠨ | ᠪᠠᠶᠢᠳᠠᠯ ᠢ ᠬᠦᠴᠦᠲᠡᠶ ᠬᠠᠮᠠᠭᠠᠯᠠᠵᠤ᠂ ᠠᠷᠠᠳ ᠤᠯᠠᠨ ᠤ ᠠᠮᠤᠷ ᠲᠠᠶᠢᠪᠤᠩ ᠠᠵᠤ ᠲᠥᠷᠥᠬᠦ ᠶᠢ ᠪᠠᠲᠤᠯᠠᠭᠰᠠᠨ | ᠪᠠᠶᠢᠨ᠎ᠠ᠃ | ︵ᠬᠤᠶᠠᠷ︶ ᠶᠡᠭᠡ ᠲᠠᠯ᠎ᠠ ᠳᠤ ᠦᠶᠯᠡᠴᠢᠯᠡᠵᠦ᠂ ᠠᠷᠠᠳ ᠤᠨ ᠠᠮᠢᠳᠤᠷᠠᠯ ᠢ ᠰᠠᠬᠢᠨ ᠬᠠᠮᠠᠭᠠᠯᠠᠪᠠ᠃ ᠮᠠᠨ ᠤ | ᠬᠤᠷᠢᠶ᠎ᠠ ᠨᠢ ᠰᠠᠨᠠᠭᠠᠴᠢᠯᠠᠭ᠎ᠠ ᠠᠴᠠ ᠪᠠᠨ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠶᠡᠭᠡ ᠲᠠᠯ᠎ᠠ ᠳᠤ | ᠠᠭᠤᠰᠤᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠲᠥᠷᠥᠯ ᠤᠨ ᠠᠵᠢᠯ ᠤᠨ ᠪᠠᠶᠢᠷᠢᠯᠠᠭᠤᠯᠤᠯᠲᠠ ᠶᠢ | ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠳᠤ | ᠢᠳᠡᠪᠬᠢᠲᠡᠢ ᠣᠷᠣᠯᠴᠠᠭᠰᠠᠨ ᠪᠠᠶᠢᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠴᠣᠭᠴᠠᠯᠠᠬᠤ ᠳᠤ ᠬᠦᠴᠦᠨ | ᠨᠡᠮᠡᠷᠢᠯᠡᠪᠡ᠃ ᠮᠠᠨ ᠤ ᠬᠤᠷᠢᠶ᠎ᠠ ᠨᠢ ᠬᠤᠰᠢᠭᠤᠨ ᠤ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠭᠰᠠᠨ | ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠶᠢ ᠴᠡᠭᠴᠡᠯᠡᠬᠦ ᠠᠵᠢᠯ ᠳᠤ ᠢᠳᠡᠪᠬᠢᠲᠡᠶ | ᠬᠠᠮᠵᠢᠯᠴᠠᠨ᠂ ᠲᠤᠰ ᠲᠥᠷᠥᠯ ᠤᠨ ᠬᠡᠷᠡᠭ ᠢ ᠣᠨ ᠤ ᠭᠤᠤᠯᠳᠠᠯᠭ᠎ᠠ ᠲᠠᠢ ᠰᠢᠪᠠᠳᠠᠨ ᠰᠢᠶᠳᠪᠦᠷᠢᠯᠡᠭᠦᠯᠬᠦ ᠬᠡᠷᠡᠭ | ᠪᠣᠯᠭᠠᠵᠤ᠂ ᠬᠤᠰᠢᠭᠤᠨ ᠤ ᠵᠠᠰᠠᠭ ᠤᠨ ᠣᠷᠳᠣᠨ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠰᠢᠭᠦᠯᠬᠦ | ᠶᠢᠨ ᠬᠠᠮᠲᠤ ᠬᠡᠷᠡᠭ ᠲᠤ ᠬᠤᠯᠪᠣᠭᠳᠠᠭᠰᠠᠨ ᠲᠤᠬᠠᠶ ᠶᠢᠨ ᠬᠥᠮᠦᠨ ᠳᠤ ᠭᠦᠨᠵᠡᠭᠡᠢ ᠬᠠᠤᠯᠢ ᠴᠠᠭᠠᠵᠠ ᠶᠢᠨ | ᠦᠢᠯᠡᠴᠢᠯᠡᠭᠡ ᠬᠠᠩᠭᠠᠵᠤ᠂ ᠵᠥᠷᠢᠴᠡᠯ ᠢ ᠨᠠᠮᠳᠠᠭᠤᠯᠵᠤ᠂ ᠲᠣᠭᠲᠠᠭᠤᠨ ᠪᠠᠶᠢᠳᠠᠯ ᠢ ᠬᠠᠮᠠᠭᠠᠯᠠᠭᠰᠠᠨ ᠪᠠᠶᠢᠨ᠎ᠠ᠃ | ᠣᠷᠴᠢᠨ ᠲᠣᠭᠤᠷᠢᠨ ᠤ ᠬᠠᠮᠠᠭᠠᠯᠠᠯᠲᠠ ᠳᠤ ᠬᠦᠴᠦᠨ ᠨᠡᠮᠡᠷᠢᠯᠡᠪᠡ᠃ ᠪᠦᠬᠦ ᠬᠤᠰᠢᠭᠤᠨ ᠤ ᠪᠡᠯᠴᠢᠭᠡᠷ ᠮᠠᠯ ᠤᠨ | ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠢᠳᠡᠪᠬᠢᠲᠡᠢ ᠣᠷᠣᠯᠴᠠᠵᠤ᠂ ᠪᠦᠬᠦ | ᠬᠤᠰᠢᠭᠤᠨ ᠤ ᠠᠮᠢ ᠠᠬᠤᠢ ᠶᠢ ᠰᠡᠷᠭᠦᠭᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠰᠠᠨ ᠪᠠᠶᠢᠨ᠎ᠠ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠬᠦᠴᠦᠯᠡᠴᠡ ᠶᠢ | ᠨᠡᠮᠡᠭᠳᠡᠭᠦᠯᠪᠡ᠃ ︽ᠪᠠᠶᠢᠴᠠᠭᠠᠬᠤ ᠠᠵᠢᠯ ᠢᠶᠠᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ | ᠬᠠᠮᠠᠭᠠᠯᠠᠬᠤ︾ ᠪᠠᠶᠢᠴᠠᠭᠠᠬᠤ ᠠᠵᠢᠯ ᠤᠨ ᠨᠡᠭᠡᠭᠡᠯᠲᠡᠲᠤ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠯᠤᠭ᠎ᠠ ᠶᠠᠷᠢᠯᠴᠠᠬᠤ ᠬᠤᠷᠠᠯ ᠬᠢᠵᠦ᠂ ᠠᠷᠠᠳ | ᠤᠨ ᠡᠵᠡᠩᠨᠡᠯᠲᠡ ᠶᠢᠨ ᠠᠵᠤ ᠠᠬᠤᠶᠢᠯᠠᠯ ᠢ ᠢᠳᠡᠪᠬᠢᠲᠡᠶ ᠤᠳᠤᠷᠢᠳᠤᠨ ᠬᠠᠤᠯᠢ ᠶᠢ ᠰᠠᠬᠢᠵᠤ ᠲᠣᠭᠲᠠᠭᠠᠯ ᠳᠤ | ᠨᠡᠶᠢᠴᠡᠭᠰᠡᠨ ᠡᠵᠡᠩᠨᠡᠯᠲᠡ ᠶᠢᠨ ᠬᠤᠷᠢᠭ᠎ᠠ ᠱᠤᠭᠤᠮ ᠢ ᠪᠠᠬᠢᠵᠢᠭᠦᠯᠵᠦ᠂ ᠬᠡᠷᠡᠭ ᠲᠤ ᠬᠤᠯᠪᠣᠭᠳᠠᠭᠰᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠳᠤ ᠶᠠᠯ᠎ᠠ ᠪᠠᠨ ᠮᠡᠳᠡᠷᠡᠵᠦ ᠰᠢᠢᠳᠬᠡᠯ ᠢ ᠬᠦᠯᠢᠶᠡᠭᠰᠡᠳ ᠢ ᠠᠭᠤᠴᠢᠯᠠᠨ | ᠰᠢᠢᠳᠬᠡᠬᠦ ᠶᠢ ᠬᠡᠷᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠡᠭᠦᠯ ᠬᠥᠭᠵᠢᠯᠲᠡ ᠳᠤ | ᠪᠠᠲᠤᠯᠠᠭ᠎ᠠ ᠬᠠᠩᠭᠠᠭᠰᠠᠨ ᠪᠠᠶᠢᠨ᠎ᠠ᠃ ᠲᠤᠰᠬᠠᠶ ᠲᠥᠷᠥᠯ ᠤᠨ ᠰᠢᠪᠠᠳᠠᠨ ᠪᠠᠶᠢᠴᠠᠭᠠᠯᠲᠠ ᠶᠢ ᠢᠳᠡᠪᠬᠢᠲᠡᠶ ᠥᠷᠨᠢᠭᠦᠯᠪᠡ | ᠃ ᠮᠠᠨ ᠤ ᠬᠤᠷᠢᠶ᠎ᠠ ᠨᠢ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠶᠢᠨ ᠲᠣᠭᠤᠷᠢᠨ ᠳᠤ ᠰᠢᠪᠠᠳᠠᠨ | ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠲᠠᠢ ᠬᠤᠯᠪᠣᠭᠠᠯᠠᠨ ᠢᠳᠡᠭᠡᠨ ᠤ ᠠᠮᠤᠷ ᠲᠦᠪᠰᠢᠨ ᠤ ︽ᠳᠠᠬᠢᠨ ᠪᠠᠶᠢᠴᠠᠭᠠᠬᠤ︾ ᠲᠤᠰᠬᠠᠶ ᠠᠵᠢᠯᠯᠠᠭᠠᠨ ᠢ | ᠥᠷᠨᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠠᠯᠠᠨ ᠪᠢᠷᠠᠭᠤ ᠪᠠᠯᠭᠠᠰᠤᠨ ᠤ | ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠠᠷᠢᠭᠤᠳᠬᠠᠬᠤ 3 ᠠᠵᠤ ᠠᠬᠤᠶᠢᠯᠠᠯ ᠳᠤ ᠲᠤᠰᠬᠠᠶ ᠪᠠᠶᠢᠴᠠᠭᠠᠯᠲᠠ | ᠬᠢᠵᠦ᠂ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠲᠠᠢ | ᠬᠤᠯᠪᠣᠭᠠᠯᠠᠨ ︽ᠭᠤᠤᠯ ᠮᠥᠷᠡᠨ ᠨᠠᠭᠤᠷ ᠴᠥᠭᠦᠷᠥᠮ ᠤᠨ ᠳᠥᠷᠪᠡᠨ ᠠᠰᠠᠭᠤᠳᠠᠯ ᠢ ᠰᠢᠢᠳᠪᠦᠷᠢᠯᠡᠬᠦ︾ ᠪᠠ ︽ᠤᠰᠤ | ᠤᠮᠳᠠ ᠶᠢᠨ ᠰᠤᠷᠪᠤᠯᠵᠢ ᠶᠢᠨ ᠣᠷᠣᠨ ᠢ ᠪᠠᠶᠢᠴᠠᠭᠠᠬᠤ︾ ᠠᠵᠢᠯᠯᠠᠭᠠᠨ ᠢ ᠥᠷᠨᠢᠭᠦᠯᠦᠭᠰᠡᠨ ᠪᠠᠶᠢᠨ᠎ᠠ᠃ ᠪᠠᠶᠢᠴᠠᠭᠠᠯᠲᠠ | ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠮᠠᠨ ᠤ ᠬᠤᠷᠢᠶ᠎ᠠ ᠨᠢ ᠴᠠᠭ ᠲᠤᠬᠠᠶ ᠲᠤᠨᠢ | ᠬᠤᠯᠪᠣᠭᠳᠠᠯ ᠪᠦᠬᠦᠢ ᠨᠢᠭᠡᠴᠡ ᠶᠢ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠶ ᠰᠤᠳᠤᠯᠵᠤ᠂ ᠴᠡᠭᠴᠡᠯᠡᠨ ᠵᠠᠯᠠᠷᠠᠭᠤᠯᠵᠤ | ᠳᠡᠶᠢᠯᠬᠦ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠵᠠᠯᠠᠷᠠᠭᠤᠯᠵᠤ᠂ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠶᠢ ᠪᠦᠲᠦᠮᠵᠢᠲᠡᠶ ᠰᠢᠢᠳᠪᠦᠷᠢᠯᠡᠵᠦ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠢᠳᠡᠪᠬᠢᠲᠡᠢ | ᠰᠠᠨᠠᠭᠠᠴᠢᠯᠠᠭ᠎ᠠ ᠲᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠤᠭᠰᠠᠨ ᠪᠠᠶᠢᠨ᠎ᠠ᠃ | ᠬᠤᠶᠠᠷ᠂ ᠪᠠᠶᠢᠴᠠᠭᠠᠬᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ | ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠪᠠ | ︵ᠨᠢᠭᠡ︶ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠯ᠎ᠠ | ᠪᠠᠨ ᠮᠡᠳᠡᠷᠡᠵᠦ ᠰᠢᠶᠳᠬᠡᠯ ᠢ ᠮᠡᠳᠡᠷᠡᠭᠰᠡᠨ ᠢ ᠠᠭᠤᠴᠢᠯᠠᠨ ᠰᠢᠶᠳᠬᠡᠬᠦ ᠳᠦᠷᠢᠮ ᠢ ᠨᠠᠶᠢᠳᠠᠪᠤᠷᠢᠵᠢᠭᠤᠯᠪᠠ᠃ ᠮᠠᠨ ᠤ | ᠬᠤᠷᠢᠶ᠎ᠠ ᠨᠢ ︽ᠬᠤᠶᠠᠷ ᠳᠡᠭᠡᠳᠦ ᠬᠤᠷᠢᠶ᠎ᠠ ᠭᠤᠷᠪᠠᠨ ᠶᠠᠮᠤᠨ︾ ᠤ ︽ᠶᠠᠯ᠎ᠠ ᠪᠠᠨ ᠮᠡᠳᠡᠷᠡᠵᠦ ᠰᠢᠶᠳᠬᠡᠯ ᠢ | ᠬᠦᠯᠢᠶᠡᠭᠰᠡᠳ ᠢ ᠠᠭᠤᠴᠢᠯᠠᠨ ᠰᠢᠶᠳᠬᠡᠬᠦ ᠲᠦᠷᠢᠮ ᠢ ᠬᠡᠷᠡᠭᠯᠡᠬᠦ ᠲᠤᠬᠠᠶ ᠵᠢᠯᠣᠭᠤᠳᠬᠤ ᠰᠠᠨᠠᠯ︾ ᠢ ᠨᠠᠷᠢᠨ ᠬᠢᠨᠠᠮᠠᠭᠠᠶ | ᠰᠤᠷᠤᠯᠴᠠᠵᠤ᠂ ︽ᠬᠡᠰᠢᠭᠲᠡᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠶᠠᠯ᠎ᠠ ᠪᠠᠨ ᠮᠡᠳᠡᠷᠡᠵᠦ | ᠰᠢᠶᠳᠬᠡᠯ ᠢ ᠬᠦᠯᠢᠶᠡᠭᠰᠡᠨ ᠬᠡᠷᠡᠭ ᠢ ᠰᠢᠶᠳᠪᠦᠷᠢᠯᠡᠬᠦ ᠠᠵᠢᠯᠯᠠᠭᠠᠨ ᠤ ᠳᠦᠷᠢᠮᠵᠢᠯ︾ ᠢ ᠲᠣᠭᠲᠠᠭᠠᠬᠤ ᠶᠢᠨ ᠬᠠᠮᠲᠤ᠂ | ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠨ ᠬᠡᠷᠡᠭ ᠢ ᠰᠢᠶᠳᠪᠦᠷᠢᠯᠡᠭᠰᠡᠨ ᠪᠠᠶᠢᠳᠠᠯ ᠢ ᠪᠠᠶᠢᠴᠠᠭᠠᠬᠤ | ᠲᠤᠰᠢᠶᠠᠯᠲᠠᠨ ᠤ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠭᠰᠠᠨ ᠪᠠᠶᠢᠨ᠎ᠠ᠃ | ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ | ᠲᠠᠢ ︽ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠳ ᠢ ᠠᠭᠤᠴᠢᠯᠠᠨ ᠰᠢᠢᠳᠬᠡᠬᠦ ᠠᠵᠢᠯ ᠢ ᠰᠢᠶᠳᠪᠦᠷᠢᠯᠡᠬᠦ | ᠲᠤᠬᠠᠶ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠵᠤ᠂ ᠵᠢᠵᠢᠭᠦᠷᠯᠡᠬᠦ ᠬᠠᠤᠯᠢᠴᠢ | ᠶᠢᠨ ᠲᠦᠷᠢᠮ ᠢ ᠲᠣᠭᠲᠠᠭᠠᠵᠤ᠂ ᠶᠠᠯ᠎ᠠ ᠪᠠᠨ ᠮᠡᠳᠡᠷᠡᠭᠰᠡᠨ ᠶᠠᠯ᠎ᠠ ᠬᠢᠭᠰᠡᠨ ᠰᠡᠵᠢᠭᠲᠡᠨ ᠳᠤ ᠬᠠᠤᠯᠢ ᠴᠠᠭᠠᠵᠠ ᠶᠢᠨ | ᠬᠠᠪᠰᠤᠷᠤᠯᠭ᠎ᠠ ᠦᠵᠡᠭᠦᠯᠦᠭᠰᠡᠨ ᠪᠠᠶᠢᠨ᠎ᠠ᠃ ᠪᠥᠬᠦ ᠵᠢᠯ ᠳᠤ᠂ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠨ | ᠬᠡᠷᠡᠭ ᠢ ᠨᠡᠶᠢᠲᠡ 136 ᠬᠤᠪᠢ 200 ᠬᠥᠮᠥᠨ ᠰᠢᠶᠳᠪᠦᠷᠢᠯᠡᠵᠦ᠂ ᠵᠠᠭᠠᠯᠳᠤᠭᠰᠠᠨ ᠬᠡᠷᠡᠭ ᠤᠨ ᠪᠥᠬᠦ ᠬᠥᠮᠦᠨ ᠤ | ᠲᠤᠭ᠎ᠠ ᠶᠢᠨ 82.64% ᠶᠢ ᠡᠵᠡᠯᠡᠵᠦ᠂ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠨ ᠢ ᠬᠡᠷᠡᠭᠯᠡᠭᠰᠡᠨ ᠨᠣᠷᠮ᠎ᠠ | ᠨᠢ ᠤᠯᠠᠭᠠᠨᠬᠠᠳᠠ ᠬᠤᠲᠠ ᠶᠢᠨ ᠪᠠᠶᠢᠴᠠᠭᠠᠬᠤ ᠰᠢᠰᠲ᠋ᠧᠮ ᠳᠤ ᠨᠢᠭᠡᠳᠦᠭᠡᠷ ᠨᠡᠷ᠎ᠡ ᠳᠤ ᠵᠢᠭᠰᠠᠭᠠᠭᠳᠠᠭᠰᠠᠨ ᠪᠠᠶᠢᠨ᠎ᠠ᠃ | ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠳ ᠢ ᠠᠭᠤᠴᠢᠯᠠᠨ ᠰᠢᠢᠳᠬᠡᠬᠦ ᠲᠦᠷᠢᠮ ᠢ ᠥᠨᠳᠥᠷ ᠪᠦᠲᠦᠮᠵᠢᠲᠡᠢ | ᠨᠠᠶᠢᠳᠠᠪᠤᠷᠢᠵᠢᠭᠤᠯᠵᠤ᠂ ᠨᠡᠶᠢᠭᠡᠮ ᠤᠨ ᠵᠥᠷᠢᠴᠡᠯ ᠢ ᠵᠣᠬᠢᠬᠤ ᠬᠡᠮᠵᠢᠶ᠎ᠡ ᠪᠠᠷ ᠨᠠᠮᠳᠠᠭᠤᠯᠵᠤ᠂ ᠨᠡᠶᠢᠭᠡᠮ ᠤᠨ | ᠡᠰᠡᠷᠭᠦᠴᠡᠯᠳᠦᠯ ᠢ ᠪᠠᠭᠠᠰᠬᠠᠵᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠤᠭᠰᠠᠨ ᠪᠠᠶᠢᠨ᠎ᠠ᠃ | ︵ᠬᠤᠶᠠᠷ︶ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠣᠭᠤᠮᠲᠠ | ᠰᠢᠪᠲᠤᠯᠬᠤ ᠵᠢᠯ ᠳᠤ᠂ ᠮᠠᠨ ᠤ ᠬᠤᠷᠢᠶ᠎ᠠ ᠨᠢ ︽ᠬᠡᠰᠢᠭᠲᠡᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠬᠦ ᠠᠵᠢᠯ ᠤᠨ ᠲᠥᠰᠦᠯ︾ | ᠪᠠ ︽ᠭᠤᠣᠯᠳᠠᠯᠭ᠎ᠠ ᠲᠠᠢ ᠡᠭᠦᠷᠭᠡ ᠶᠢᠨ ᠵᠠᠳᠠᠯᠤᠯᠲᠠ ᠶᠢᠨ ᠬᠦᠰᠦᠨᠦᠭ︾ ᠢ ᠰᠤᠳᠤᠯᠤᠨ ᠲᠣᠭᠲᠠᠭᠠᠭᠰᠠᠨ ᠪᠠᠶᠢᠨ᠎ᠠ᠃ | ᠲᠤᠬᠠᠶᠢᠯᠠᠭᠰᠠᠨ ᠠᠵᠢᠯ ᠤᠨ ᠴᠢᠳᠠᠪᠤᠷᠢᠲᠠᠨ ᠢ ᠤᠷᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠠᠯᠪᠠᠨ ᠬᠡᠷ ᠤᠨ ᠬᠡᠷᠡᠭ ᠰᠢᠶᠳᠪᠦᠷᠢᠯᠡᠬᠦ ᠬᠦᠴᠦᠨ ᠢ ᠲᠡᠭᠦᠯᠳᠡᠷᠵᠢᠭᠦᠯᠵᠦ᠂ ᠲᠤᠰᠬᠠᠶ ᠬᠡᠷᠡᠭ ᠤᠨ ᠳᠤᠭᠤᠶᠢᠯᠠᠩ | ᠪᠠᠶᠢᠭᠤᠯᠵᠤ᠂ ᠪᠠᠶᠢᠴᠠᠭᠠᠬᠤ ᠳᠠᠷᠤᠭ᠎ᠠ ᠳᠤᠭᠤᠶᠢᠯᠠᠩ ᠤᠨ ᠳᠠᠷᠤᠭ᠎ᠠ ᠪᠣᠯᠵᠤ᠂ ᠲᠦᠷᠦᠭᠦᠯᠡᠨ ᠬᠡᠷᠡᠭ ᠰᠢᠶᠳᠪᠦᠷᠢᠯᠡᠵᠦ᠂ | ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠲᠤ ᠴᠥᠮ ᠤᠷᠢᠳᠴᠢᠯᠠᠨ ᠣᠷᠣᠯᠴᠠᠭᠰᠠᠨ | ᠪᠠᠶᠢᠨ᠎ᠠ᠃ ᠤᠷᠢᠳ ᠬᠤᠵᠢᠳ 27 ᠤᠳᠠᠭ᠎ᠠ ᠬᠤᠷᠠᠯ ᠡᠷᠬᠢᠯᠡᠨ ᠬᠤᠷᠠᠯᠳᠤᠭᠤᠯᠵᠤ ᠲᠤᠰᠬᠠᠶ ᠰᠡᠳᠦᠪ ᠢᠶᠠᠷ | ᠰᠤᠳᠤᠯᠤᠨ ᠪᠠᠶᠢᠷᠢᠯᠠᠭᠤᠯᠵᠤ᠂ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠲᠤᠰᠬᠠᠶ ᠰᠡᠳᠦᠪᠲᠦ ᠣᠨᠣᠯ ᠤᠨ | ᠰᠤᠷᠤᠯᠴᠠᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ᠂ ᠲᠤᠰᠬᠠᠶ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠶᠢ 7 ᠤᠳᠠᠭ᠎ᠠ ᠵᠣᠬᠢᠶᠠᠨ ᠪᠠᠶᠢᠭᠤᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ | ᠬᠤᠷᠢᠶ᠎ᠠ ᠶᠢᠨ ᠪᠠᠶᠢᠴᠠᠭᠠᠬᠤ ᠲᠤᠰᠢᠶᠠᠯᠲᠠᠨ ᠪᠠ ᠬᠤᠲᠠ ᠶᠢᠨ ᠬᠤᠷᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠶᠢ ᠤᠷᠢᠨ ᠬᠠᠷ᠎ᠠ ᠪᠦᠯᠦᠭᠲᠡᠨ ᠳᠤ ᠬᠤᠯᠪᠣᠭᠳᠠᠭᠰᠠᠨ ᠬᠡᠷᠡᠭ ᠤᠨ ᠠᠵᠢᠯ ᠢ ᠵᠢᠭᠠᠨ | ᠵᠢᠯᠣᠭᠤᠳᠤᠭᠤᠯᠵᠤ᠂ ︽ᠭᠤᠷᠪᠠᠨ ᠳᠠᠷᠤᠭ᠎ᠠ ᠶᠢᠨ ᠵᠥᠪᠳᠡᠯᠴᠡᠭᠡ︾ ᠶᠢᠨ ᠬᠤᠷᠠᠯ ᠳᠤ 11 ᠤᠳᠠᠭ᠎ᠠ ᠣᠷᠣᠯᠴᠠᠵᠤ᠂ | ᠳᠣᠲᠣᠭᠠᠳᠤ ᠶᠢ ᠬᠠᠮᠠᠭᠠᠯᠠᠬᠤ ᠪᠠ ᠰᠢᠭᠦᠬᠦ ᠬᠤᠷᠢᠶ᠎ᠠ ᠯᠤᠭ᠎ᠠ ᠬᠡᠷᠡᠭ ᠢ ᠰᠤᠳᠤᠯᠤᠨ ᠶᠠᠷᠢᠯᠴᠠᠬᠤ ᠬᠤᠷᠠᠯ ᠢ | ᠰᠠᠨᠠᠭᠠᠴᠢᠯᠠᠭ᠎ᠠ ᠠᠴᠠ ᠪᠠᠨ ᠬᠤᠷᠠᠯᠳᠤᠭᠤᠯᠤᠭᠰᠠᠨ ᠪᠠᠶᠢᠨ᠎ᠠ᠃ ᠲᠤᠰᠬᠠᠶ ᠲᠡᠮᠡᠴᠡᠯ ᠢ ᠥᠷᠨᠢᠭᠦᠯᠦᠭᠰᠡᠨ ᠠᠴᠠ ᠨᠠᠰᠢ᠂ | ᠮᠠᠨ ᠤ ᠬᠤᠷᠢᠶ᠎ᠠ ᠨᠢ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠢ 5 ᠬᠤᠪᠢ 17 ᠬᠥᠮᠦᠨ ᠬᠢᠨᠠᠨ | ᠪᠠᠶᠢᠴᠠᠭᠠᠵᠤ᠂ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠰᠢᠶᠳᠪᠦᠷᠢᠯᠡᠭᠦᠯᠬᠦ ᠪᠠᠷ ᠲᠤᠰᠢᠶᠠᠭᠰᠠᠨ ᠬᠠᠷ᠎ᠠ | ᠪᠦᠯᠦᠭᠲᠡᠨ ᠳᠤ ᠬᠤᠯᠪᠣᠭᠳᠠᠭᠰᠠᠨ ᠬᠡᠷᠡᠭ ᠢ 1 ᠬᠤᠪᠢ 22 ᠬᠥᠮᠦᠨ ᠰᠢᠢᠳᠪᠦᠷᠢᠯᠡᠭᠰᠡᠨ ᠪᠠᠶᠢᠨ᠎ᠠ᠃ | ︵ᠭᠤᠷᠪᠠ︶ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠥᠨᠳᠥᠷ ᠲᠦᠪᠰᠢᠨ ᠢᠶᠠᠷ ᠬᠠᠮᠠᠭᠠᠯᠠᠪᠠ᠃ ᠮᠠᠨ ᠤ | ᠬᠤᠷᠢᠶ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠪᠣᠲᠤᠩ ᠭᠡᠬᠦ ᠬᠡᠰᠢᠭᠲᠡᠨ ᠬᠤᠰᠢᠭᠤᠨ ᠤ ᠭᠠᠵᠠᠷ ᠣᠷᠣᠨ | ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠦᠭᠯᠡᠭᠦᠷ ᠢ ᠭᠤᠤᠯᠳᠠᠯᠭ᠎ᠠ ᠲᠠᠢ ᠠᠳᠬᠤᠭᠰᠠᠨ | ᠪᠠᠶᠢᠨ᠎ᠠ᠃ ᠤᠯᠠᠭᠠᠨᠪᠣᠲᠤᠩ ᠰᠤᠮᠤ ᠶᠢᠨ ᠨᠠᠮ ᠤᠨ ᠬᠤᠷᠢᠶ᠎ᠠ ᠪᠠ ᠬᠤᠩᠱᠠᠨ ᠴᠡᠷᠢᠭ ᠤᠨ ᠠᠭᠲᠠ ᠶᠢᠨ ᠲᠠᠯᠠᠪᠠᠢ | ᠯᠤᠭ᠎ᠠ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠶᠠᠷᠢᠯᠴᠠᠬᠤ ᠬᠤᠷᠠᠯ ᠢ ᠣᠯᠠᠨᠲᠠ ᠡᠷᠬᠢᠯᠡᠨ ᠬᠤᠷᠠᠯᠳᠤᠭᠤᠯᠵᠤ᠂ | ᠪᠥᠬᠦ ᠣᠷᠣᠨ ᠤ ᠪᠠᠶᠢᠴᠠᠭᠠᠬᠤ ᠳᠠᠷᠤᠭ᠎ᠠ ᠶᠢᠨ ᠬᠤᠷᠠᠯ ᠤᠨ ᠠᠵᠠ ᠲᠣᠬᠢᠶᠠᠯ ᠢ ᠠᠳᠬᠤᠵᠤ᠂ ᠬᠤᠲᠠ ᠶᠢᠨ | ᠪᠠᠶᠢᠴᠠᠭᠠᠬᠤ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠲᠠᠢ ᠬᠠᠮᠲᠤᠷᠠᠨ | ᠬᠥᠬᠡᠬᠤᠲᠠ ᠶᠢᠨ ᠴᠡᠷᠢᠭ ᠤᠨ ᠪᠠᠶᠢᠴᠠᠭᠠᠬᠤ ᠬᠤᠷᠢᠶ᠎ᠠ ᠲᠠᠢ ᠬᠡᠯᠡᠯᠴᠡᠭᠡ ᠬᠢᠵᠦ᠂ ᠴᠡᠷᠢᠭ ᠠᠩᠭᠢ ᠪᠠ ᠣᠷᠣᠨ ᠨᠤᠲᠤᠭ | ᠤᠨ ᠬᠠᠮᠲᠤᠷᠠᠯᠴᠠᠭ᠎ᠠ ᠶᠢ ᠬᠦᠴᠦᠯᠡᠨ ᠠᠬᠢᠭᠤᠯᠵᠤ᠂ ᠤᠯᠠᠭᠠᠨᠪᠤᠲᠤᠩ ᠤᠨ ᠭᠠᠵᠠᠷ ᠣᠷᠣᠨ ᠤ ᠠᠮᠢ ᠠᠬᠤᠶ ᠶᠢᠨ | ᠣᠷᠴᠢᠨ ᠲᠣᠭᠤᠷᠢᠨ ᠤ ᠵᠠᠰᠠᠯᠲᠠ ᠤᠨ ᠬᠠᠮᠲᠤᠷᠠᠯ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃ ᠡᠭᠦᠨ ᠤ ᠬᠠᠮᠲᠤ᠂ | ᠤᠯᠠᠭᠠᠨᠪᠣᠲᠤᠩ ᠰᠤᠮᠤ ᠵᠡᠷᠭᠡ ᠭᠤᠷᠪᠠᠨ ᠭᠠᠵᠠᠷ ᠣᠷᠣᠨ ᠳᠤ ᠣᠷᠣᠰᠢᠵᠤ ᠪᠠᠶᠢᠭ᠎ᠠ ᠬᠠᠤᠯᠢ ᠠᠴᠠ ᠵᠥᠷᠢᠴᠡᠨ | ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠵᠢᠭᠤᠯᠴᠢᠯᠠᠯ ᠤᠨ ᠴᠢᠭ᠋ ᠨᠡᠯᠢᠶᠡᠳ ᠣᠯᠠᠨ ᠪᠠᠶᠢᠬᠤ ᠵᠡᠷᠭᠡ ᠠᠰᠠᠭᠤᠳᠠᠯ | ᠳᠤ ᠴᠢᠭᠯᠡᠭᠦᠯᠦᠨ ᠲᠤᠰᠬᠠᠶ ᠬᠡᠷᠡᠭ ᠤᠨ ᠳᠤᠭᠤᠶᠢᠯᠠᠩ ᠪᠠᠶᠢᠭᠤᠯᠵᠤ᠂ ᠵᠢᠯᠣᠭᠤᠴᠢ ᠥᠬᠡᠶ ᠨᠢᠰᠬᠡᠯ ᠵᠡᠷᠭᠡ ᠭᠡᠷᠡᠴᠢ | ᠴᠤᠭᠯᠠᠭᠤᠯᠬᠤ ᠲᠥᠬᠦᠭᠡᠷᠦᠮᠵᠢ ᠳᠣᠭᠢᠷᠠᠭᠤᠯᠤᠨ ᠬᠡᠷᠡᠭᠯᠡᠵᠦ᠂ ᠨᠡᠶᠢᠲᠡ ᠶᠢᠨ ᠠᠰᠠᠷᠠᠮᠵᠢ ᠶᠢᠨ ᠪᠠᠶᠢᠴᠠᠭᠠᠯᠲᠠ ᠬᠢᠬᠦ ᠪᠠ | ᠲᠤᠬᠠᠶ ᠶᠢᠨ ᠲᠠᠯᠠᠪᠤᠷ ᠲᠤ ᠠᠵᠢᠯᠯᠠᠬᠤ ᠪᠠᠷ ᠳᠡᠮᠵᠢᠨ᠂ ᠰᠤᠮᠤᠨ ᠤ ᠵᠠᠰᠠᠭ ᠤᠨ ᠣᠷᠳᠣᠨ ᠤ ᠴᠡᠭᠴᠡᠯᠡᠬᠦ ᠠᠵᠢᠯ ᠳᠤ | ᠬᠦᠴᠦᠨ ᠨᠡᠮᠡᠷᠢᠯᠡᠭᠰᠡᠨ ᠪᠠᠶᠢᠨ᠎ᠠ᠃ ᠬᠤᠰᠢᠭᠤᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠮᠠᠨ ᠤ | ᠬᠤᠷᠢᠶ᠎ᠠ ᠨᠢ ︽ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠯᠤᠰ ᠡᠵᠡᠮᠰᠢᠯᠲᠦ ᠵᠢᠯᠣᠭᠤᠳᠬᠤ ᠲᠥᠪ︾ ᠢ | ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠶ ᠥᠷᠨᠢᠭᠦᠯᠬᠦ ᠳᠤ ᠬᠠᠲᠠᠭᠤ | ᠲᠣᠨᠤᠭ ᠤᠨ ᠪᠠᠲᠤᠯᠠᠭ᠎ᠠ ᠬᠠᠩᠭᠠᠵᠤ᠂ ᠮᠥᠨᠴᠦ ᠮᠠᠨ ᠤ ᠬᠤᠷᠢᠶ᠎ᠠ ᠶᠢᠨ ᠣᠶᠤᠨᠴᠢ ᠪᠠᠶᠢᠴᠠᠭᠠᠬᠤ ᠠᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠦᠭᠰᠡᠨ ᠪᠠᠶᠢᠨ᠎ᠠ᠃ ᠪᠥᠬᠦ ᠵᠢᠯ ᠳᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ | ᠨᠡᠶᠢᠲᠡ 142 ᠬᠤᠪᠢ ᠰᠢᠶᠳᠪᠦᠷᠢᠯᠡᠵᠦ᠂ ᠤᠯᠠᠭᠠᠨᠪᠤᠲᠤᠩ ᠤᠨ ᠭᠠᠵᠠᠷ ᠣᠷᠣᠨ ᠤ ᠨᠤᠲᠤᠭ ᠪᠡᠯᠴᠢᠭᠡᠷ ᠢ ᠬᠠᠤᠯᠢ | ᠪᠤᠰᠤ ᠪᠠᠷ ᠡᠵᠡᠯᠡᠨ ᠬᠡᠷᠡᠭᠯᠡᠭᠰᠡᠨ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠨᠢ | 2019 ᠣᠨ ᠤ ᠪᠥᠬᠦ ᠣᠷᠣᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠷᠪᠠᠨ ᠶᠡᠭᠡ ᠬᠡᠷᠡᠭ ᠤᠨ ᠵᠢᠱᠢᠶ᠎ᠡ | ᠳᠤ ᠠᠮᠵᠢᠯᠲᠠ ᠲᠠᠢ ᠪᠠᠷ ᠰᠣᠩᠭᠤᠭᠳᠠᠭᠰᠠᠨ ᠪᠠᠶᠢᠨ᠎ᠠ᠃ | ︵ᠳᠥᠷᠪᠡ︶ ᠨᠠᠰᠤᠨ ᠳᠤ ᠥᠯᠥ ᠭᠦᠷᠦᠭᠰᠡᠳ ᠤᠨ ᠪᠠᠶᠢᠴᠠᠭᠠᠬᠤ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ︽ᠨᠢᠭᠡᠳᠦᠭᠡᠷ ᠲᠣᠭᠠᠲᠤ ᠪᠠᠶᠢᠴᠠᠭᠠᠬᠤ ᠰᠠᠨᠠᠭᠤᠯᠭ᠎ᠠ︾ ᠶᠢ ᠨᠠᠶᠢᠳᠠᠪᠤᠷᠢᠵᠢᠭᠤᠯᠪᠠ᠃ ᠮᠠᠨ ᠤ | ᠬᠤᠷᠢᠶ᠎ᠠ ᠨᠢ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠢ ᠢᠳᠡᠪᠬᠢᠲᠡᠶ ᠠᠬᠢᠭᠤᠯᠵᠤ᠂ ᠠᠷᠠᠳ ᠤᠨ | ᠳᠡᠭᠡᠳᠦ ᠪᠠᠶᠢᠴᠠᠭᠠᠬᠤ ᠬᠤᠷᠢᠶ᠎ᠠ ᠶᠢᠨ ︽ᠨᠢᠭᠡᠳᠦᠭᠡᠷ ᠲᠣᠭᠠᠲᠤ ᠪᠠᠶᠢᠴᠠᠭᠠᠬᠤ ᠰᠠᠨᠠᠭᠤᠯᠭ᠎ᠠ︾ ᠶᠢ ᠪᠦᠬᠦ ᠲᠠᠯ᠎ᠠ ᠪᠠᠷ | ᠭᠦᠨᠵᠡᠭᠡᠶ ᠨᠠᠶᠢᠳᠠᠪᠤᠷᠢᠵᠢᠭᠤᠯᠤᠭᠰᠠᠨ ᠪᠠᠶᠢᠨ᠎ᠠ᠃ ᠲᠤᠰᠬᠠᠢ ᠲᠥᠷᠥᠯ ᠤᠨ ᠠᠵᠢᠯ ᠤᠨ ᠳᠠᠩᠰᠠ ᠡᠪᠬᠡᠮᠡᠯ ᠪᠠᠶᠢᠭᠤᠯᠵᠤ | ᠂ ᠪᠠᠶᠢᠴᠠᠭᠠᠬᠤ ᠠᠵᠢᠯ ᠤᠨ ᠨᠡᠭᠡᠭᠡᠯᠲᠡᠲᠦ ᠡᠳᠦᠷ ᠤᠨ ᠬᠤᠯᠪᠣᠭᠠᠲᠤ ᠬᠤᠷᠠᠯ ᠳᠡᠭᠡᠷ᠎ᠡ᠂ ᠬᠤᠰᠢᠭᠤᠨ ᠤ ᠰᠤᠷᠭᠠᠨ | ᠬᠥᠮᠦᠵᠢᠯ ᠤᠨ ᠲᠣᠪᠴᠢᠶ᠎ᠠ ᠳᠤ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠰᠤᠷᠭᠠᠨ ᠬᠥᠮᠦᠵᠢᠯ ᠤᠨ ᠲᠣᠪᠴᠢᠶ᠎ᠠ ᠨᠢ | ᠬᠦᠯᠢᠶᠡᠨ ᠠᠪᠬᠤ ᠶᠢᠨ ᠬᠠᠮᠲᠤ᠂ ᠪᠢᠴᠢᠭ ᠤᠨ ᠬᠡᠯᠪᠡᠷᠢ ᠪᠠᠷ ᠬᠠᠷᠢᠭᠤᠯᠲᠠ ᠥᠭᠭᠦᠭᠰᠡᠨ ᠪᠠᠶᠢᠨ᠎ᠠ᠃ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠯᠤᠭ᠎ᠠ ︽ᠨᠠᠰᠤᠨ ᠳᠤ ᠥᠯᠥ ᠭᠦᠷᠦᠭᠰᠡᠳ ᠲᠤ ᠪᠡᠯᠭᠡ ᠶᠢᠨ ᠬᠠᠯᠳᠠᠯᠭ᠎ᠠ ᠬᠢᠭᠰᠡᠨ ᠶᠠᠯᠠᠲᠤ | ᠠᠵᠢᠯᠯᠠᠭ᠎ᠠ ᠶᠢᠨ ︿ᠨᠢᠭᠡ ᠥᠷᠲᠡᠭᠡ ᠮᠠᠶ᠋ᠢᠭ﹀ ᠢᠶᠠᠷ ᠬᠤᠤᠷᠯᠠᠭᠳᠠᠭᠴᠢ ᠠᠴᠠ ᠯᠠᠪᠯᠠᠨ ᠠᠰᠠᠭᠤᠬᠤ ᠠᠵᠢᠯ ᠤᠨ ᠲᠤᠬᠠᠶ | ᠬᠡᠷᠡᠭᠵᠢᠭᠦᠯᠬᠦ ᠰᠠᠨᠠᠯ︾ ᠢ ᠰᠠᠨᠠᠭᠠᠴᠢᠯᠠᠭ᠎ᠠ ᠠᠴᠠ ᠪᠠᠨ ᠲᠣᠭᠲᠠᠭᠠᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠵᠤ᠂ ᠨᠠᠰᠤᠨ ᠳᠤ ᠥᠯᠥ ᠭᠦᠷᠦᠭᠰᠡᠳ ᠲᠤ ᠬᠤᠶᠠᠳᠤᠭᠠᠷ ᠤᠳᠠᠭ᠎ᠠ ᠬᠤᠬᠢᠷᠠᠯ | ᠤᠴᠠᠷᠠᠭᠤᠯᠬᠤ ᠠᠴᠠ ᠵᠠᠶᠢᠯᠠᠰᠬᠢᠭᠰᠠᠨ ᠪᠠᠶᠢᠨ᠎ᠠ᠃ 6 ᠺᠠᠳ᠋ᠷ ᠴᠠᠭᠳᠠᠭ᠎ᠠ ᠶᠢ ᠰᠣᠩᠭᠤᠨ ᠲᠣᠮᠢᠯᠠᠵᠤ᠂ ᠬᠠᠤᠯᠢ ᠪᠠᠷ | ᠵᠠᠰᠠᠬᠤ ᠳᠡᠳ᠋ ᠵᠠᠬᠢᠷᠤᠯ ᠪᠣᠯᠭᠠᠵᠤ᠂ 12 ᠰᠤᠷᠭᠠᠭᠤᠯᠢ ᠳᠤ ᠬᠦᠷᠴᠦ ᠬᠠᠤᠯᠢ ᠴᠠᠭᠠᠵᠠ ᠶᠢᠨ ᠤᠬᠠᠭᠤᠯᠭ᠎ᠠ ᠬᠢᠵᠦ᠂ | ︽ᠬᠡᠦᠬᠡᠳ ᠪᠠᠭᠠᠴᠤᠳ ᠢ ᠬᠠᠮᠠᠭᠠᠯᠠᠬᠤ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠬᠡᠦᠬᠡᠳ ᠲᠤ ᠠᠶᠤᠯᠭᠦᠢ ᠶᠢᠨ ᠬᠥᠮᠦᠵᠢᠯ ᠬᠢᠵᠦ᠂ | ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠭᠰᠠᠨ ᠪᠠᠶᠢᠨ᠎ᠠ᠃ 3 ᠪᠠᠶᠢᠷᠢ ᠳᠤ | ᠰᠠᠭᠤᠬᠤ ᠳᠦᠷᠢᠮᠲᠦ ᠰᠤᠷᠭᠠᠭᠤᠯᠢ ᠳᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠢᠨᠠᠨ ᠵᠢᠯᠣᠭᠤᠳᠤᠨ | ᠪᠠᠶᠢᠴᠠᠭᠠᠬᠤ ᠠᠵᠢᠯ ᠢ ᠥᠷᠨᠢᠭᠦᠯᠵᠦ᠂ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠳᠠᠬᠢ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠭᠰᠡᠨ ᠪᠠᠶᠢᠨ᠎ᠠ᠃ ᠪᠦᠬᠦ ᠵᠢᠯ ᠳᠤ᠂ ᠨᠠᠰᠤᠨ ᠳᠤ ᠥᠯᠥ | ᠬᠦᠷᠦᠭᠰᠡᠳ ᠲᠤ ᠬᠤᠯᠪᠣᠭᠳᠠᠭᠰᠠᠨ ᠬᠡᠷᠡᠭ ᠢ ᠨᠡᠶᠢᠲᠡ 15 ᠬᠤᠪᠢ 26 ᠬᠥᠮᠦᠨ ᠰᠢᠢᠳᠪᠦᠷᠢᠯᠡᠭᠰᠡᠨ ᠪᠠᠶᠢᠨ᠎ᠠ᠃ | ︵ᠲᠠᠪᠤ︶ ᠲᠥᠪ ᠭᠤᠤᠯᠴᠢ ᠪᠠᠷ ᠬᠠᠤᠯᠢ ᠪᠠᠷᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ | ᠴᠠᠭᠠᠵᠠ ᠶᠢᠨ ᠬᠢᠨᠠᠯᠲᠠ ᠶᠢ ᠴᠢᠩᠭᠠᠳᠬᠠᠪᠠ᠃ ᠮᠥᠷᠳᠡᠨ ᠪᠠᠶᠢᠴᠠᠭᠠᠬᠤ ᠠᠵᠢᠯᠯᠠᠭ᠎ᠠ ᠪᠠ ᠰᠢᠭᠦᠨ ᠲᠠᠰᠤᠯᠬᠤ | ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠦᠬᠦ ᠵᠢᠯ ᠳᠤ ᠬᠡᠷᠡᠭ ᠪᠣᠯᠭᠠᠨ ᠳᠠᠩᠰᠠᠯᠠᠨ ᠬᠢᠨᠠᠯᠲᠠ | ᠲᠠᠯᠪᠢᠬᠤ ᠬᠡᠷᠡᠭ ᠢ ᠨᠡᠶᠢᠲᠡ 6 ᠬᠤᠪᠢ ᠰᠢᠢᠳᠪᠦᠷᠢᠯᠡᠵᠦ᠂ ᠮᠥᠷᠳᠡᠨ ᠪᠠᠶᠢᠴᠠᠭᠠᠬᠤ ᠠᠵᠢᠯᠯᠠᠭᠠᠨ ᠤ ᠬᠠᠤᠯᠢ ᠠᠴᠠ | ᠵᠥᠷᠢᠴᠡᠭᠰᠡᠨ ᠬᠡᠷᠡᠭ ᠢ ᠪᠢᠴᠢᠭ ᠤᠨ ᠬᠡᠯᠪᠡᠷᠢ ᠪᠠᠷ 7 ᠬᠤᠪᠢ ᠵᠠᠯᠠᠷᠠᠭᠤᠯᠵᠤ᠂ ᠭᠤᠭᠤᠵᠢᠭᠳᠠᠭᠰᠠᠨ ᠬᠡᠷᠡᠭᠲᠡᠨ 2 | ᠬᠥᠮᠥᠨ ᠢ ᠨᠡᠬᠡᠮᠵᠢᠯᠡᠨ ᠪᠠᠷᠢᠪᠴᠢᠯᠠᠵᠤ᠂ ᠭᠤᠭᠤᠵᠢᠭᠳᠠᠭᠰᠠᠨ ᠬᠡᠷᠡᠭᠲᠡᠨ 4 ᠬᠥᠮᠥᠨ ᠢ ᠨᠡᠬᠡᠮᠵᠢᠯᠡᠨ ᠵᠠᠭᠠᠯᠳᠤᠭᠰᠠᠨ | ᠪᠠᠶᠢᠨ᠎ᠠ᠃ ᠡᠷᠡᠭᠦᠦ ᠶᠢᠨ ᠬᠡᠷᠡᠭ ᠤᠨ ᠭᠦᠢᠴᠡᠳᠬᠡᠬᠦ ᠠᠵᠢᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠡᠶᠢᠭᠡᠮ | ᠲᠣᠭᠤᠷᠢᠭ ᠤᠨ ᠬᠥᠮᠥᠵᠢᠭᠦᠯᠦᠨ ᠵᠠᠯᠠᠷᠠᠭᠤᠯᠬᠤ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠰᠠᠬᠢᠨ ᠬᠠᠷᠠᠬᠤ ᠭᠠᠵᠠᠷ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠯᠤᠭ᠎ᠠ ᠲᠣᠭᠲᠠᠮᠠᠯ | ᠬᠤᠭᠤᠴᠠᠭ᠎ᠠ ᠲᠠᠢ ᠪᠠᠷ ᠬᠤᠯᠪᠣᠭᠠᠲᠤ ᠬᠤᠷᠠᠯ ᠢ ᠡᠷᠬᠢᠯᠡᠨ ᠬᠤᠷᠠᠯᠳᠤᠭᠤᠯᠵᠤ᠂ ᠠᠶᠤᠯᠭᠦᠶ ᠶᠢᠨ ᠪᠠᠶᠢᠴᠠᠭᠠᠯᠲᠠ | ᠥᠷᠨᠢᠭᠦᠯᠵᠦ᠂ ᠬᠢᠨᠠᠨ ᠬᠠᠮᠢᠶᠠᠷᠬᠤ ᠠᠵᠢᠯ ᠤᠨ ᠳᠦᠷᠢᠮᠵᠢᠭᠦᠨ ᠥᠷᠨᠢᠬᠦ ᠶᠢ ᠠᠬᠢᠭᠤᠯᠤᠭᠰᠠᠨ ᠪᠠᠶᠢᠨ᠎ᠠ᠃ ᠪᠦᠬᠦ ᠵᠢᠯ | ᠳᠤ ᠬᠤᠷᠢᠬᠤ ᠴᠢᠬᠤᠯᠠ ᠴᠢᠨᠠᠷ ᠪᠦᠬᠦᠢ ᠬᠢᠨᠠᠨ ᠪᠠᠶᠢᠴᠠᠭᠠᠬᠤ ᠬᠡᠷᠡᠭ ᠢ ᠨᠡᠶᠢᠲᠡ 15 ᠬᠤᠪᠢ 15 ᠬᠥᠮᠦᠨ | ᠰᠢᠢᠳᠪᠦᠷᠢᠯᠡᠵᠦ᠂ ᠬᠠᠤᠯᠢ ᠠᠴᠠ ᠵᠥᠷᠢᠴᠡᠭᠰᠡᠨ ᠢ ᠵᠠᠯᠠᠷᠠᠭᠤᠯᠬᠤ ᠮᠡᠳᠡᠭᠳᠡᠯ ᠤᠨ ᠪᠢᠴᠢᠭ ᠢ 13 ᠬᠤᠪᠢ | ᠲᠠᠷᠬᠠᠭᠠᠭᠰᠠᠨ ᠪᠠᠶᠢᠨ᠎ᠠ᠃ ᠢᠷᠭᠡᠨ ᠤ ᠬᠡᠷᠡᠭ ᠤᠨ ᠭᠦᠢᠴᠡᠳᠬᠡᠬᠦ ᠠᠵᠢᠯ ᠢ ᠪᠠᠶᠢᠴᠠᠭᠠᠨ ᠬᠢᠨᠠᠯᠲᠠ ᠲᠠᠯᠪᠢᠬᠤ ᠶᠢ | ᠴᠢᠩᠭᠠᠳᠬᠠᠵᠤ᠂ ᠪᠦᠬᠦ ᠵᠢᠯ ᠳᠤ ᠭᠦᠢᠴᠡᠳᠬᠡᠭᠰᠡᠨ ᠬᠡᠷᠡᠭ ᠢ 87 ᠬᠤᠪᠢ ᠬᠢᠨᠠᠨ ᠪᠠᠶᠢᠴᠠᠭᠠᠵᠤ᠂ 7 ᠬᠤᠪᠢ | ᠬᠢᠨᠠᠯᠲᠠ ᠲᠠᠯᠪᠢᠭᠰᠠᠨ ᠪᠠᠶᠢᠨ᠎ᠠ᠃ ᠳᠠᠬᠢᠨ ᠰᠢᠭᠦᠬᠦ ᠪᠠᠶᠢᠴᠠᠭᠠᠬᠤ ᠰᠠᠨᠠᠭᠤᠯᠭ᠎ᠠ ᠳᠤᠷᠠᠳᠤᠭᠰᠠᠨ 1 ᠬᠤᠪᠢ᠂ ᠡᠩ ᠤᠨ | ᠪᠠᠶᠢᠴᠠᠭᠠᠬᠤ ᠰᠠᠨᠠᠭᠤᠯᠭ᠎ᠠ ᠳᠤᠷᠠᠳᠤᠭᠰᠠᠨ 6 ᠬᠤᠪᠢ᠂ ᠢᠷᠭᠡᠨ ᠤ ᠬᠡᠷᠡᠭ ᠤᠨ ᠡᠰᠡᠷᠭᠦᠴᠡᠨ ᠵᠠᠭᠠᠯᠳᠤᠭᠤᠯᠬᠤ ᠪᠠᠷ | ᠳᠡᠪᠰᠢᠭᠦᠯᠦᠭᠰᠡᠨ 1 ᠬᠤᠪᠢ ᠨᠢ ᠴᠥᠮ ᠬᠤᠰᠢᠭᠤᠨ ᠤ ᠰᠢᠭᠦᠬᠦ ᠬᠤᠷᠢᠶ᠎ᠠ ᠪᠠ ᠬᠤᠲᠠ ᠶᠢᠨ ᠠᠷᠠᠳ ᠤᠨ | ᠪᠠᠶᠢᠴᠠᠭᠠᠬᠤ ᠬᠤᠷᠢᠶ᠎ᠠ ᠶᠢᠨ ᠳᠡᠮᠵᠢᠯᠭᠡ ᠶᠢ ᠣᠯᠵᠤ᠂ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠲᠤᠰᠢᠶᠠᠭᠰᠠᠨ | ᠢᠷᠭᠡᠨ ᠤ ᠬᠡᠷᠡᠭ ᠤᠨ ᠬᠢᠨᠠᠯᠲᠠ ᠲᠠᠯᠪᠢᠬᠤ ᠲᠥᠷᠥᠯ ᠤᠨ 33 ᠬᠤᠪᠢ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ | ᠪᠠᠶᠢᠨ᠎ᠠ᠃ 2019 ᠣᠨ ᠳᠤ ᠪᠠᠶᠢᠴᠠᠭᠠᠬᠤ ᠳᠠᠷᠤᠭ᠎ᠠ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠰᠢᠭᠦᠬᠦ | ᠺᠣᠮᠢᠰ ᠲᠤ 5 ᠤᠳᠠᠭ᠎ᠠ ᠰᠤᠯᠠ ᠣᠷᠣᠯᠴᠠᠵᠤ᠂ ᠰᠤᠳᠤᠯᠤᠭᠰᠠᠨ ᠬᠡᠷᠡᠭ ᠲᠤ ᠴᠥᠮ ᠪᠠᠶᠢᠴᠠᠭᠠᠬᠤ ᠰᠠᠨᠠᠯ | ᠳᠤᠷᠠᠳᠤᠭᠰᠠᠨ ᠪᠠᠶᠢᠨ᠎ᠠ᠃ | ᠭᠤᠷᠪᠠ᠂ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠪᠠ | ︵ᠨᠢᠭᠡ︶ ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠪᠡ᠃ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ | ᠪᠦᠭᠦᠳᠡ ᠬᠤᠷᠠᠯ ᠤᠨ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠤᠨ ᠳᠦᠷᠢᠮ︾ ᠵᠡᠷᠭᠡ ᠨᠠᠮ ᠤᠨ ᠤᠨᠤᠯ ᠤᠨ ᠦᠷ᠎ᠡ ᠪᠦᠲᠦᠭᠡᠯ ᠢᠶᠠᠷ ᠺᠠᠳ᠋ᠷ ᠴᠠᠭᠳᠠᠭ᠎ᠠ ᠶᠢ | ᠵᠡᠪᠰᠡᠭᠯᠡᠬᠦ ᠶᠢ ᠪᠠᠷᠢᠮᠲᠠᠯᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠭᠤᠣᠯᠯᠠᠬᠤ ᠳᠤᠭᠤᠶᠢᠯᠠᠩ | ᠤᠨ ᠰᠤᠷᠤᠯᠴᠠᠬᠤ ᠲᠥᠯᠥᠪᠯᠡᠭᠡ ᠪᠣᠯᠤᠨ ᠪᠦᠬᠦ ᠬᠤᠷᠢᠶ᠎ᠠ ᠶᠢᠨ ᠺᠠᠳ᠋ᠷ ᠴᠠᠭᠳᠠᠭ᠎ᠠ ᠶᠢᠨ ᠰᠤᠷᠤᠯᠴᠠᠬᠤ ᠲᠥᠯᠥᠪᠯᠡᠭᠡ ᠶᠢ | ᠲᠣᠭᠲᠠᠭᠠᠭᠰᠠᠨ ᠪᠠᠶᠢᠨ᠎ᠠ᠃ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠭᠤᠣᠯᠯᠠᠬᠤ ᠳᠤᠭᠤᠶᠢᠯᠠᠩ ᠨᠢ | ᠪᠦᠬᠦ ᠵᠢᠯ ᠳᠤ 12 ᠤᠳᠠᠭ᠎ᠠ ᠲᠥᠪᠯᠡᠷᠡᠭᠰᠡᠨ ᠰᠤᠷᠤᠯᠴᠠᠯᠭ᠎ᠠ ᠶᠢ ᠥᠷᠨᠢᠭᠦᠯᠵᠦ᠂ ᠪᠠᠭ ᠤᠨ ᠪᠦᠷᠢᠯᠳᠦᠬᠦᠨ ᠠᠴᠠ | ᠺᠠᠳ᠋ᠷ ᠴᠠᠭᠳᠠᠭ᠎ᠠ ᠨᠠᠷ ᠲᠤ 12 ᠤᠳᠠᠭ᠎ᠠ ᠨᠠᠮ ᠤᠨ ᠬᠢᠴᠢᠶᠡᠯ ᠵᠢᠭᠠᠵᠤ᠂ ᠨᠠᠮ ᠤᠨ ᠳᠤᠭᠤᠶᠢᠯᠠᠩ ᠨᠢ ᠲᠤᠰᠪᠦᠷᠢ 4 | ᠤᠳᠠᠭ᠎ᠠ ᠳᠤᠭᠤᠶᠢᠯᠠᠩ ᠤᠨ ᠳᠣᠲᠣᠷᠠᠬᠢ ᠤᠨᠤᠯ ᠤᠨ ᠰᠤᠳᠤᠯᠤᠨ ᠶᠠᠷᠢᠯᠴᠠᠬᠤ ᠠᠵᠢᠯ ᠢ ᠵᠣᠬᠢᠶᠠᠨ ᠪᠠᠶᠢᠭᠤᠯᠵᠤ᠂ | ᠨᠠᠮ ᠤᠨ ᠭᠡᠰᠢᠭᠦᠨ ᠺᠠᠳ᠋ᠷ ᠴᠠᠭᠳᠠᠭ᠎ᠠ ᠨᠠᠷ ᠰᠤᠷᠤᠯᠴᠠᠯᠭ᠎ᠠ ᠶᠢᠨ ᠣᠯᠤᠯᠲᠠ ᠲᠦᠷᠦᠭᠳᠡᠯ ᠢᠶᠠᠨ ᠰᠣᠯᠢᠯᠴᠠᠵᠤ᠂ ᠪᠦᠬᠦ | ᠺᠠᠳ᠋ᠷ ᠴᠠᠭᠳᠠᠭ᠎ᠠ ᠨᠠᠷ ︽ᠰᠤᠷᠤᠯᠴᠠᠯᠭ᠎ᠠ ᠶᠢᠨ ᠬᠦᠴᠦᠷᠬᠡᠭ ᠤᠯᠤᠰ︾᠂ ︽ᠬᠠᠤᠯᠢ ᠴᠠᠭᠠᠵᠠ ᠶᠢᠨ ᠤᠬᠠᠭᠤᠯᠭ᠎ᠠ | ᠶᠢᠨ ᠰᠦᠯᠵᠢᠶ᠎ᠡ︾ ᠵᠡᠷᠭᠡ ᠲᠠᠪᠴᠠᠩ ᠢ ᠠᠰᠢᠭᠯᠠᠨ ᠪᠦᠲᠦᠮᠵᠢᠲᠡᠢ ᠰᠤᠷᠤᠯᠴᠠᠭᠰᠠᠨ ᠪᠠᠶᠢᠨ᠎ᠠ᠃ ᠤᠯᠤᠰ ᠲᠦᠷᠦ ᠶᠢᠨ | ᠤᠨᠤᠯ ᠤᠨ ᠰᠤᠷᠤᠯᠴᠠᠯᠭ᠎ᠠ ᠪᠠᠷ ᠳᠠᠮᠵᠢᠭᠤᠯᠤᠨ ᠤᠨᠤᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠮ ᠤᠨ | ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠦᠭᠰᠡᠨ ᠪᠠᠶᠢᠨ᠎ᠠ᠃ ᠨᠠᠮ ᠤᠨ ᠤᠳᠤᠷᠢᠳᠬᠤ ᠳᠤᠭᠤᠶᠢᠯᠠᠩ ᠨᠢ | ᠠᠷᠠᠳᠴᠢᠯᠠᠯ ᠲᠥᠪᠯᠡᠷᠡᠯ ᠤᠨ ᠳᠦᠷᠢᠮ ᠤᠨ ᠵᠠᠷᠴᠢᠮ ᠢ ᠪᠠᠷᠢᠮᠲᠠᠯᠠᠵᠤ᠂ ᠪᠦᠬᠦ ᠵᠢᠯ ᠤᠨ ︽ᠭᠤᠷᠪᠠᠨ ᠴᠢᠬᠤᠯᠠ ᠨᠢᠭᠡ | ᠶᠡᠭᠡ︾ ᠬᠡᠷᠡᠭ ᠶᠠᠪᠤᠳᠠᠯ ᠢ ᠴᠥᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠳᠠᠮᠵᠢᠨ ᠰᠤᠳᠤᠯᠤᠨ | ᠲᠣᠭᠲᠠᠭᠠᠭᠰᠠᠨ ᠪᠠᠶᠢᠨ᠎ᠠ᠃ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠳᠦᠷᠢᠮᠴᠢᠯᠡᠭᠰᠡᠨ ᠪᠠᠶᠢᠭᠤᠯᠤᠯᠲᠠ | ᠶᠢ ᠲᠠᠰᠤᠷᠠᠯᠲᠠ ᠦᠭᠡᠢ ᠴᠢᠩᠭᠠᠳᠬᠠᠵᠤ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ | ᠳᠦᠷᠢᠮ ᠪᠠ ︽ᠭᠤᠷᠪᠠᠨ ᠬᠤᠷᠠᠯ ᠨᠢᠭᠡ ᠬᠢᠴᠢᠶᠡᠯ︾ ᠤᠨ ᠳᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠭᠰᠠᠨ | ᠪᠠᠶᠢᠨ᠎ᠠ᠃ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ | ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠶ ᠡᠭᠦᠷᠭᠡᠯᠡᠵᠦ᠂ ᠨᠠᠮ ᠤᠨ ᠤᠳᠤᠷᠢᠳᠬᠤ ᠳᠤᠭᠤᠶᠢᠯᠠᠩ | ᠨᠢᠭᠡᠳᠦᠯᠲᠡᠢ ᠤᠳᠤᠷᠢᠳᠤᠨ᠂ ᠪᠠᠭ ᠤᠨ ᠪᠦᠷᠢᠯᠳᠦᠬᠦᠨ ᠲᠤᠰᠪᠦᠷᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠨ᠂ | ᠳᠣᠲᠣᠭᠠᠳᠤ ᠪᠠᠶᠢᠭᠤᠯᠤᠮᠵᠢ ᠨᠤᠭᠤᠳ ᠢᠳᠡᠪᠬᠢᠲᠡᠶ ᠨᠠᠶᠢᠳᠠᠪᠤᠷᠢᠵᠢᠭᠤᠯᠤᠭᠰᠠᠨ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠪᠠᠶᠢᠷᠢᠰᠢᠯ ᠢ ᠪᠤᠢ ᠪᠣᠯᠭᠠᠭᠰᠠᠨ ᠪᠠᠶᠢᠨ᠎ᠠ᠃ ᠭᠤᠣᠯ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ | ᠲᠠᠪᠴᠠᠩ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠴᠢᠩᠭ᠎ᠠ ᠬᠠᠮᠢᠶᠠᠷᠤᠨ ᠡᠵᠡᠮᠳᠡᠵᠦ᠂ ᠪᠠᠶᠢᠴᠠᠭᠠᠬᠤ ᠠᠵᠢᠯ | ᠳᠤ ᠬᠤᠯᠪᠣᠭᠳᠠᠭᠰᠠᠨ ᠶᠠᠷᠢᠶ᠎ᠠ ᠬᠡᠯᠡᠯᠴᠡᠭᠡ ᠶᠢᠨ ᠪᠠᠶᠢᠳᠠᠯ ᠢ ᠠᠷᠭᠠᠴᠠᠭᠠᠬᠤ ᠵᠣᠬᠢᠴᠠᠮᠵᠢ ᠶᠢ ᠲᠡᠭᠦᠯᠳᠡᠷᠵᠢᠭᠦᠯᠵᠦ᠂ | ᠰᠢᠨ᠎ᠡ ᠪᠠᠶᠢᠳᠠᠯ ᠳᠣᠤᠷᠠᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠡᠮᠦᠨ᠎ᠡ ᠹᠷᠣᠨᠲ ᠤᠨ ᠰᠡᠷᠭᠡᠶᠢᠯᠡᠯᠲᠡ | ᠡᠵᠡᠮᠳᠡᠯ ᠢ ᠰᠠᠶᠢᠲᠤᠷ ᠬᠢᠭᠰᠡᠨ ᠪᠠᠶᠢᠨ᠎ᠠ᠃ | ︵ᠬᠤᠶᠠᠷ︶ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠪᠠ᠃ ᠮᠠᠨ ᠤ | ᠬᠤᠷᠢᠶ᠎ᠠ ᠨᠢ ︽ᠨᠢᠭᠡᠳᠦᠭᠡᠷ ᠭᠠᠷ︾ ᠶᠡᠷᠦᠩᠬᠡᠶ ᠬᠠᠷᠢᠭᠤᠴᠠᠯᠭ᠎ᠠ ᠡᠭᠦᠷᠭᠡᠯᠡᠬᠦ᠂ ᠨᠠᠮ ᠤᠨ ᠤᠳᠤᠷᠢᠳᠬᠤ ᠳᠤᠭᠤᠶᠢᠯᠠᠩ | ᠤᠨ ᠪᠦᠷᠢᠯᠳᠦᠬᠦᠨ ᠨᠠᠷ ︽ᠠᠵᠢᠯ ᠤᠨ ᠪᠠᠶᠢᠷᠢ ᠶᠢᠨ ᠬᠤᠶᠠᠷ ᠬᠠᠷᠢᠭᠤᠴᠠᠯᠭ᠎ᠠ ᠶᠢ ᠡᠭᠦᠷᠭᠡᠯᠡᠬᠦ︾ ᠠᠵᠢᠯ ᠤᠨ | ᠪᠠᠶᠢᠷᠢᠰᠢᠯ ᠢ ᠪᠣᠢ ᠪᠣᠯᠭᠠᠵᠤ᠂ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ | ᠭᠠᠷ ᠳᠡᠪᠲᠡᠷ︾ ᠢ ᠲᠣᠭᠲᠠᠭᠠᠵᠤ᠂ ᠪᠠᠶᠢᠴᠠᠭᠠᠬᠤ ᠳᠠᠷᠤᠭ᠎ᠠ ᠠᠴᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ | ᠪᠣᠯᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠱᠠᠲᠤ ᠱᠠᠲᠤ ᠪᠠᠷ ᠬᠠᠷᠢᠭᠤᠴᠠᠯᠭ᠎ᠠ ᠶᠢᠨ ᠪᠢᠴᠢᠭ | ᠲᠣᠭᠲᠠᠭᠰᠠᠨ ᠪᠠᠶᠢᠨ᠎ᠠ᠃ ︽ᠤᠤᠯ ᠵᠣᠷᠢᠯᠲᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ | ᠴᠢᠬᠡᠴᠢ ᠵᠠᠰᠠᠭ ᠤᠨ ᠲᠦᠭᠰᠢᠭᠦᠷᠢ ᠶᠢᠨ ᠴᠢᠭ ᠢ ᠡᠷᠢᠨ ᠭᠠᠷᠭᠠᠭᠰᠠᠨ ᠪᠠᠶᠢᠨ᠎ᠠ᠃ ᠨᠡᠶᠢᠲᠡᠯᠢᠭ ᠵᠢᠱᠢᠶ᠎ᠡ ᠪᠣᠯᠣᠨ ︽ | ᠬᠤᠪᠢᠷᠠᠭᠰᠠᠨ ᠤᠭ ᠵᠣᠷᠢᠯᠲᠠ︾ ᠵᠡᠷᠭᠡ ᠰᠡᠷᠡᠮᠵᠢᠯᠡᠭᠦᠯᠬᠦ ᠬᠥᠮᠥᠵᠢᠯ ᠤᠨ ᠹᠢᠯᠢᠮ ᠢᠶᠠᠷ ᠳᠠᠮᠵᠢᠭᠤᠯᠵᠤ᠂ ᠪᠦᠬᠦ | ᠬᠤᠷᠢᠶ᠎ᠠ ᠶᠢᠨ ᠺᠠᠳ᠋ᠷ ᠴᠠᠭᠳᠠᠭ᠎ᠠ ᠨᠠᠷ ᠲᠤ 4 ᠤᠳᠠᠭᠠᠨ ᠤ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠪᠠᠶᠢᠴᠠᠭᠠᠬᠤ | ᠳᠠᠷᠤᠭ᠎ᠠ ᠪᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠠᠴᠠ ᠰᠢᠨ᠎ᠡ ᠪᠠᠷ ᠰᠣᠩᠭᠤᠨ | ᠲᠣᠮᠢᠯᠠᠭᠰᠠᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠯᠤᠭ᠎ᠠ ᠴᠢᠬᠡᠴᠢ ᠵᠠᠰᠠᠭ ᠤᠨ ᠶᠠᠷᠢᠯᠴᠠᠭ᠎ᠠ ᠬᠢᠵᠦ᠂ | ᠢᠯᠵᠠᠷᠠᠵᠤ ᠦᠯᠦ ᠪᠣᠯᠬᠤ ᠰᠢᠩᠭᠡᠯᠢᠭ ᠢ ᠪᠠᠬᠢᠯᠡᠬᠦ ᠪᠠ ᠢᠯᠵᠠᠷᠠᠬᠤ ᠵᠣᠷᠢᠭ ᠦᠭᠡᠢ ᠪᠠᠶᠢᠬᠤ ᠰᠦᠷᠳᠡᠭᠦᠯᠦᠯ ᠢ | ᠴᠢᠩᠭᠠᠳᠬᠠᠬᠤ ᠶᠢᠨ ᠬᠠᠮᠲᠤ ᠺᠠᠳ᠋ᠷ ᠴᠠᠭᠳᠠᠭ᠎ᠠ ᠨᠠᠷ ᠤᠨ ᠢᠯᠵᠠᠷᠠᠬᠤ ᠶᠢ ᠪᠤᠳᠤᠬᠤ ᠦᠭᠡᠢ ᠪᠠᠶᠢᠬᠤ ᠦᠵᠡᠯ ᠰᠠᠨᠠᠭ᠎ᠠ | ᠤᠬᠠᠮᠰᠠᠷ ᠢ ᠴᠢᠩᠭᠠᠳᠬᠠᠭᠰᠠᠨ ᠪᠠᠶᠢᠨ᠎ᠠ᠃ | ︵ᠭᠤᠷᠪᠠ︶ ᠬᠠᠤᠯᠢ ᠪᠠᠷᠢᠬᠤ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ | ᠮᠠᠨ ᠤ ᠬᠤᠷᠢᠶ᠎ᠠ ᠨᠢ ᠳᠣᠲᠣᠭᠠᠳᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠳᠣᠲᠣᠭᠠᠳᠤ ᠪᠠᠶᠢᠭᠤᠯᠤᠮᠵᠢ ᠶᠢ ᠨᠢᠭᠡᠳᠦᠭᠡᠷ ᠪᠠᠶᠢᠴᠠᠭᠠᠬᠤ ᠬᠡᠯᠲᠡᠰ᠂ ᠬᠤᠶᠠᠳᠤᠭᠠᠷ | ᠪᠠᠶᠢᠴᠠᠭᠠᠬᠤ ᠬᠡᠯᠲᠡᠰ᠂ ᠭᠤᠷᠪᠠᠳᠤᠭᠠᠷ ᠪᠠᠶᠢᠴᠠᠭᠠᠬᠤ ᠬᠡᠯᠲᠡᠰ᠂ ᠤᠯᠤᠰ ᠲᠥᠷᠥ ᠶᠢᠨ ᠬᠡᠯᠲᠡᠰ ᠪᠣᠯᠤᠨ ᠠᠯᠪᠠᠨ ᠭᠡᠷ | ᠪᠣᠯᠭᠠᠨ ᠡᠮᠬᠢᠯᠡᠨ ᠨᠡᠶᠢᠯᠡᠭᠦᠯᠵᠦ᠂ ᠳᠣᠣᠷ᠎ᠠ ᠨᠢ ᠬᠠᠤᠯᠢ ᠴᠠᠭᠠᠵᠠ ᠶᠢᠨ ᠴᠠᠭᠳᠠᠭ᠎ᠠ ᠶᠢᠨ ᠶᠡᠭᠡ ᠠᠩᠭᠢ | ᠪᠠᠶᠢᠭᠤᠯᠬᠤ ᠶᠢᠨ ᠬᠠᠮᠲᠤ᠂ ᠳᠣᠲᠣᠭᠠᠳᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠥᠷᠢᠰᠦᠯᠳᠦᠭᠡᠨ ᠢᠶᠠᠷ | ᠰᠣᠩᠭᠤᠨ ᠲᠣᠮᠢᠯᠠᠬᠤ ᠪᠠ ᠤᠷᠢᠵᠤ ᠲᠣᠮᠢᠯᠠᠬᠤ ᠳᠦᠷᠢᠮᠲᠦ ᠪᠢᠴᠢᠭᠡᠴᠢ ᠡᠯᠰᠡᠬᠦ ᠠᠵᠢᠯ ᠢ ᠪᠡᠶᠡᠯᠡᠭᠦᠯᠦᠭᠰᠡᠨ ᠪᠠᠶᠢᠨ᠎ᠠ᠃ | ᠣᠷᠣᠨ ᠲᠣᠭᠠᠲᠤ ᠪᠠᠶᠢᠴᠠᠭᠠᠬᠤ ᠲᠤᠰᠢᠶᠠᠯᠲᠠᠨ ᠢ ᠪᠦᠬᠦᠨ ᠢ ᠬᠠᠤᠯᠢ ᠪᠠᠷᠢᠵᠤ ᠬᠡᠷᠡᠭ ᠰᠢᠶᠳᠪᠦᠷᠢᠯᠡᠬᠦ ᠡᠮᠦᠨ᠎ᠡ | ᠹᠷᠣᠨᠲ ᠲᠤ ᠲᠣᠬᠢᠷᠠᠭᠤᠯᠵᠤ᠂ ︽ᠪᠠᠶᠢᠴᠠᠭᠠᠬᠤ ᠲᠤᠰᠢᠶᠠᠯᠲᠠᠨ ᠤ ᠡᠷᠬᠡ ᠶᠢᠨ ᠨᠠᠷᠢᠨ ᠳᠠᠩᠰᠠ︾ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ᠂ ᠪᠠᠶᠢᠴᠠᠭᠠᠬᠤ ᠲᠤᠰᠢᠶᠠᠯᠲᠠᠨ ᠤ ᠬᠡᠷᠡᠭ ᠰᠢᠶᠳᠪᠦᠷᠢᠯᠡᠬᠦ ᠪᠡᠶᠡᠴᠢ ᠴᠣᠭᠴᠠ ᠶᠢᠨ ᠪᠠᠶᠢᠷᠢ | ᠰᠠᠭᠤᠷᠢ ᠶᠢ ᠲᠣᠪᠣᠶᠢᠯᠭᠠᠵᠤ᠂ ᠬᠠᠤᠯᠢ ᠪᠠᠷᠢᠬᠤ ᠬᠠᠷᠢᠭᠤᠴᠠᠯᠭ᠎ᠠ ᠶᠢ ᠪᠠᠶᠢᠴᠠᠭᠠᠬᠤ ᠲᠤᠰᠢᠶᠠᠯᠲᠠᠨ ᠨᠢᠭᠡᠪᠦᠷᠢ ᠳᠤ | ᠪᠣᠳᠠᠲᠠᠶᠢᠵᠢᠭᠤᠯᠵᠤ᠂ ᠣᠷᠣᠨ ᠲᠤᠭ᠎ᠠ ᠳᠤ ᠤᠷᠤᠭᠰᠠᠨ ᠤᠳᠤᠷᠢᠳᠤᠯᠭ᠎ᠠ ᠲᠦᠷᠦᠭᠦᠯᠡᠨ ᠬᠦᠨᠳᠦ ᠶᠡᠭᠡ ᠬᠦᠴᠢᠷ | ᠲᠦᠪᠡᠭᠲᠡᠶ ᠪᠤᠳᠤᠯᠢᠶᠠᠨᠲᠠᠶ ᠬᠡᠷᠡᠭ ᠢ ᠰᠢᠶᠳᠪᠦᠷᠢᠯᠡᠵᠦ᠂ ᠬᠠᠤᠯᠢ ᠪᠠᠷᠢᠬᠤ ᠬᠠᠷᠢᠭᠤᠴᠠᠯᠭ᠎ᠠ ᠶᠢ ᠮᠠᠭᠠᠳᠯᠠᠨ | ᠲᠣᠭᠲᠠᠭᠠᠬᠤ᠂ ᠨᠡᠬᠡᠮᠵᠢᠯᠡᠬᠦ ᠵᠣᠬᠢᠴᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠡᠨ ᠰᠢᠶᠳᠪᠦᠷᠢᠯᠡᠪᠡᠯ ᠬᠡᠨ | ᠬᠠᠷᠢᠭᠤᠴᠠᠬᠤ᠂ ᠬᠡᠨ ᠲᠣᠭᠲᠠᠭᠠᠪᠠᠯ ᠬᠡᠨ ᠬᠠᠷᠢᠭᠤᠴᠠᠬᠤ ᠶᠢ ᠪᠠᠷᠢᠮᠲᠠᠯᠠᠬᠤ ᠶᠢᠨ ᠬᠠᠮᠲᠤ᠂ ︽ᠡᠷᠬᠡ ᠶᠢ | ᠪᠠᠭᠤᠯᠭᠠᠪᠠᠴᠤ ᠳᠤᠷ᠎ᠠ ᠪᠠᠷ ᠨᠢ ᠲᠠᠯᠪᠢᠬᠤ ᠦᠭᠡᠢ᠂ ᠡᠷᠬᠡ ᠶᠢ ᠬᠡᠷᠡᠭᠯᠡᠬᠦ ᠳᠤ ᠬᠢᠨᠠᠯᠲᠠ ᠶᠢ ᠬᠦᠯᠢᠶᠡᠬᠦ︾ ᠬᠢᠨᠠᠯᠲᠠ | ᠲᠠᠯᠪᠢᠬᠤ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠪᠠᠶᠢᠴᠠᠭᠠᠬᠤ ᠲᠤᠰᠢᠶᠠᠯᠲᠠᠨ ᠤ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠴᠢᠩᠭ᠎ᠠ ᠭᠦᠶᠴᠡᠳᠬᠡᠬᠦ ᠶᠢ ᠠᠬᠢᠭᠤᠯᠤᠭᠰᠠᠨ ᠪᠠᠶᠢᠨ᠎ᠠ᠃ | ︵ᠳᠥᠷᠪᠡ︶ ᠪᠠᠶᠢᠴᠠᠭᠠᠬᠤ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠮᠠᠨ ᠤ ᠬᠤᠷᠢᠶ᠎ᠠ | ᠨᠢ ᠲᠣᠭᠲᠠᠭᠤᠨ ᠪᠠᠶᠢᠳᠠᠯ ᠢ ᠬᠠᠮᠠᠭᠠᠯᠠᠬᠤ ︽ᠴᠣᠩᠬᠤ︾ ᠶᠢ ᠡᠮᠦᠨ᠎ᠡ ᠪᠠᠶᠢᠷᠢᠨ ᠳᠤ ᠰᠢᠯᠵᠢᠭᠦᠯᠵᠦ᠂ ᠤᠳᠤᠷᠢᠳᠤᠯᠭ᠎ᠠ | ᠶᠢᠨ ᠰᠤᠷᠪᠤᠯᠵᠢᠯᠠᠭ᠎ᠠ ᠬᠦᠯᠢᠶᠡᠨ ᠠᠪᠬᠤ ᠠᠵᠢᠯ ᠢ ᠴᠢᠩᠭᠠᠳᠬᠠᠵᠤ᠂ 12309 ᠪᠠᠶᠢᠴᠠᠭᠠᠬᠤ ᠦᠢᠯᠡᠴᠢᠯᠡᠭᠡ ᠶᠢᠨ | ᠲᠠᠪᠴᠠᠩ ᠢ ᠭᠦᠢᠴᠡᠳ ᠠᠰᠢᠭᠯᠠᠵᠤ᠂ ᠰᠤᠷᠪᠤᠯᠵᠢᠯᠠᠬᠤ ᠤᠯᠠᠨ ᠲᠦᠮᠡᠨ ᠳᠤ ᠨᠢᠭᠡ ᠥᠷᠲᠡᠭᠡ ᠮᠠᠶ᠋ᠢᠭ ᠤᠨ | ᠦᠶᠯᠡᠴᠢᠯᠡᠭᠡ ᠬᠠᠩᠭᠠᠭᠰᠠᠨ ᠪᠠᠶᠢᠨ᠎ᠠ᠃ ᠪᠥᠬᠦ ᠵᠢᠯ ᠳᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠨᠡᠶᠢᠲᠡ | 50 ᠬᠤᠪᠢ 56 ᠬᠥᠮᠦᠨ ᠭᠥᠯᠢᠶᠡᠨ ᠠᠪᠴᠤ᠂ ᠤᠯᠤᠰ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠬᠡᠷᠡᠭ ᠢ | 3 ᠬᠤᠪᠢ 4 ᠬᠥᠮᠦᠨ ᠰᠢᠶᠳᠪᠦᠷᠢᠯᠡᠵᠦ᠂ ᠬᠠᠤᠯᠢᠴᠢ ᠶᠢ 90 ᠬᠥᠮᠦᠨ ᠤᠳᠠᠭ᠎ᠠ ᠭᠥᠯᠢᠶᠡᠨ ᠠᠪᠴᠤ᠂ ᠬᠡᠷᠡᠭ ᠤᠨ | ᠠᠯᠬᠤᠮ ᠳᠠᠷᠠᠭᠠᠯᠠᠯ ᠤᠨ ᠴᠢᠨᠠᠷᠲᠠᠶ ᠮᠡᠳᠡᠭᠡ ᠵᠠᠩᠭᠢ ᠶᠢ 445 ᠬᠤᠪᠢ ᠢᠯᠡ ᠪᠣᠯᠭᠠᠵᠤ᠂ ᠬᠠᠤᠯᠢ ᠴᠠᠭᠠᠵᠠ ᠶᠢᠨ | ᠪᠢᠴᠢᠭ ᠬᠠᠷ᠎ᠠ ᠶᠢ 125 ᠬᠤᠪᠢ ᠨᠡᠶᠢᠲᠡᠯᠡᠵᠦ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ | ᠠᠩᠬᠠᠨ ᠤ ᠮᠡᠳᠡᠭᠡ ᠵᠠᠩᠭᠢ ᠶᠢ 165 ᠵᠤᠷᠪᠤᠰ ᠨᠡᠶᠢᠲᠡᠯᠡᠵᠦ᠂ ᠳᠡᠭᠡᠷ᠎ᠡ ᠱᠠᠲᠤᠨ ᠤ ᠬᠤᠷᠢᠶ᠎ᠠ ᠪᠠ ᠡᠯ᠎ᠡ ᠲᠥᠷᠥᠯ | ᠤᠨ ᠵᠠᠭᠤᠴᠢᠯᠠᠭᠤᠷ ᠲᠤ 50 ᠵᠤᠷᠪᠤᠰ ᠬᠡᠷᠡᠭᠯᠡᠭᠳᠡᠭᠰᠡᠨ ᠪᠠᠶᠢᠨ᠎ᠠ᠃ | ᠲᠥᠯᠥᠭᠡᠯᠡᠭᠴᠢᠳ ᠡ᠂ ᠪᠠᠶᠢᠴᠠᠭᠠᠬᠤ ᠠᠵᠢᠯ ᠤᠨ ᠠᠮᠵᠢᠯᠲᠠ ᠪᠦᠲᠦᠮᠵᠢ ᠶᠢ ᠣᠯᠤᠭᠰᠠᠨ ᠨᠢ᠂ | ᠬᠤᠰᠢᠭᠤᠨ ᠤ ᠨᠠᠮ ᠤᠨ ᠬᠤᠷᠢᠶ᠎ᠠ ᠪᠣᠯᠤᠨ ᠳᠡᠭᠡᠷ᠎ᠡ ᠱᠠᠲᠤᠨ ᠤ ᠪᠠᠶᠢᠴᠠᠭᠠᠬᠤ ᠬᠤᠷᠢᠶ᠎ᠠ ᠶᠢᠨ ᠵᠥᠪ ᠣᠨᠣᠪᠴᠢᠲᠠᠢ | ᠤᠳᠤᠷᠢᠳᠤᠯᠭ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ | ᠴᠢᠩᠭ᠎ᠠ ᠬᠢᠨᠠᠯᠲᠠ᠂ ᠬᠤᠰᠢᠭᠤᠨ ᠤ ᠵᠠᠰᠠᠭ ᠤᠨ ᠣᠷᠳᠣᠨ᠂ ᠤᠯᠤᠰ ᠲᠥᠷᠦ ᠶᠢᠨ ᠵᠥᠪᠯᠡᠯᠭᠡᠨ ᠵᠢᠴᠢ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠪᠣᠯᠣᠨ᠎ᠠ᠃ ᠠᠳᠡ ᠪᠢ ᠪᠠᠶᠢᠴᠠᠭᠠᠬᠤ | ᠬᠤᠷᠢᠶ᠎ᠠ ᠶᠢᠨ ᠪᠦᠬᠦ ᠺᠠᠳ᠋ᠷ ᠴᠠᠭᠳᠠᠭ᠎ᠠ ᠶᠢ ᠲᠥᠯᠥᠭᠡᠯᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠵᠢᠴᠢ ᠪᠠᠶᠢᠴᠠᠭᠠᠬᠤ ᠠᠵᠢᠯ ᠢ ᠬᠠᠯᠠᠮᠵᠢᠯᠠᠨ | ᠳᠡᠮᠵᠢᠭᠰᠡᠨ ᠪᠤᠢ ᠪᠦᠬᠦᠢ ᠤᠳᠤᠷᠢᠳᠤᠯᠭ᠎ᠠ ᠪᠣᠯᠤᠨ ᠨᠥᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ | ᠪᠠᠶᠢᠨ᠎ᠠ︕ | ᠠᠮᠵᠢᠯᠲᠠ ᠪᠠᠨ ᠳ᠋ᠦᠩᠨᠡᠬᠦ ᠶᠢᠨ ᠬᠠᠮᠲᠤ ᠪᠢᠳᠡ ᠪᠠᠰᠠ ᠪᠠᠶᠢᠴᠠᠭᠠᠬᠤ ᠠᠵᠢᠯ ᠤᠨ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠲᠠᠨᠢᠵᠤ ᠣᠯᠣᠭᠰᠠᠨ ᠪᠠᠶᠢᠨ᠎ᠠ᠄ ᠨᠢᠭᠡ | ᠳᠤ ᠪᠠᠶᠢᠴᠠᠭᠠᠬᠤ ᠡᠩᠨᠡᠭᠡ ᠶᠢᠨ ᠴᠢᠳᠠᠪᠤᠷᠢ ᠬᠡᠪ ᠴᠢᠨᠠᠷ ᠤᠨ ᠪᠠᠶᠢᠭᠤᠯᠤᠯᠲᠠ ᠶᠢ ᠮᠥᠨ ᠬᠦ ᠴᠢᠩᠭᠠᠳᠬᠠᠬᠤ | ᠴᠢᠬᠤᠯᠠᠲᠠᠶ ᠪᠠᠶᠢᠵᠤ᠂ ᠬᠡᠰᠡᠭ ᠵᠠᠯᠠᠭᠤ ᠺᠠᠳ᠋ᠷ ᠴᠠᠭᠳᠠᠭ᠎ᠠ ᠨᠠᠷ ᠤᠯᠤᠰ ᠲᠦᠷᠦ ᠶᠢᠨ ᠤᠨᠤᠯ ᠤᠨ ᠪᠣᠯᠪᠠᠰᠤᠷᠠᠯ ᠢᠶᠠᠨ | ᠴᠢᠩᠭᠠᠳᠬᠠᠬᠤ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠᠲᠠᠶ ᠪᠣᠢ︔ ᠬᠤᠶᠠᠷ ᠲᠤ | ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠡᠭᠦᠷᠭᠡ ᠴᠢᠳᠠᠪᠤᠷᠢ ᠶᠢ ᠪᠠᠳᠠᠷᠠᠭᠤᠯᠬᠤ ᠲᠠᠯ᠎ᠠ ᠪᠠᠷ ᠮᠥᠨ ᠬᠦ ᠪᠦᠬᠦ ᠲᠠᠯ᠎ᠠ | ᠶᠢᠨ ᠪᠤᠰᠤ ᠪᠠᠶᠢᠵᠤ᠂ ᠬᠡᠰᠡᠭ ᠵᠠᠰᠠᠭ ᠵᠠᠬᠢᠷᠭᠠᠨ ᠤ ᠪᠠᠶᠢᠭᠤᠯᠤᠯᠭ᠎ᠠ ᠯᠤᠭ᠎ᠠ ᠶᠢᠨ ᠬᠠᠷᠢᠯᠴᠠᠭ᠎ᠠ ᠬᠠᠮᠵᠢᠯᠴᠠᠭ᠎ᠠ ᠶᠢ | ᠴᠢᠩᠭᠠᠳᠬᠠᠬᠤ ᠴᠢᠬᠤᠯᠠᠲᠠᠶ ᠪᠣᠢ︔ ᠭᠤᠷᠪᠠ ᠳᠤ ᠬᠡᠷᠡᠭ ᠤᠨ ᠡᠪᠬᠡᠮᠡᠯ ᠤᠨ ᠶᠠᠰᠤ ᠴᠢᠨᠠᠷ ᠢ ᠦᠨᠡᠯᠡᠨ ᠪᠠᠶᠢᠴᠠᠭᠠᠬᠤ | ᠠᠵᠢᠯ ᠵᠢᠴᠢ ᠲᠤᠭ᠎ᠠ ᠪᠠᠷᠢᠮᠲᠠ ᠶᠢ ᠵᠠᠳᠠᠯᠤᠨ ᠰᠤᠳᠤᠯᠵᠤ ᠮᠠᠭᠠᠳᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠴᠢᠬᠤᠯᠠᠲᠠᠶ ᠪᠣᠢ︔ ᠲᠦᠷᠪᠡ ᠳᠤ ᠪᠠᠶᠢᠴᠠᠭᠠᠬᠤ ᠠᠵᠢᠯ ᠤᠨ ᠰᠢᠨ᠎ᠡ ᠶᠢ ᠡᠭᠦᠳᠬᠦ ᠬᠦᠴᠦᠨ ᠬᠦᠷᠦᠯᠴᠡᠬᠦ ᠦᠭᠡᠢ | ᠪᠠᠶᠢᠬᠤ ᠵᠡᠷᠭᠡ ᠠᠰᠠᠭᠤᠳᠠᠯ ᠪᠣᠯᠤᠨ᠎ᠠ᠃ ᠠᠵᠢᠯ ᠤᠨ ᠳᠤᠮᠳᠠ ᠣᠷᠣᠰᠢᠵᠤ ᠪᠠᠶᠭ᠎ᠠ ᠠᠰᠠᠭᠤᠳᠠᠯ ᠳᠤ ᠴᠢᠭᠯᠡᠭᠦᠯᠦᠨ᠂ | ᠮᠠᠨ ᠤ ᠬᠤᠷᠢᠶ᠎ᠠ ᠨᠢ ᠰᠢᠨ᠎ᠡ ᠨᠢᠭᠡᠨ ᠵᠢᠯ ᠳᠤ ᠴᠢᠷᠮᠠᠶᠢᠨ ᠰᠢᠢᠳᠪᠦᠷᠢᠯᠡᠨ᠎ᠡ᠃ | | | | |