2020 ᠤᠨ ᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵2020 ᠤᠨ ᠤ ᠠᠵᠢᠯ ᠎ ᠤᠨ ᠲᠤᠭᠢᠷᠠᠭᠤᠯᠤᠯᠳᠠ︶
ᠨᠡᠶᠢᠲᠡᠯᠡᠭᠰᠡᠨ ᠴᠠᠭ᠄
2020/4/30
     2020 ᠣᠨ ᠤ ᠠᠵᠢᠯ ᠤᠨ ᠲᠣᠬᠢᠷᠠᠭᠤᠯᠤᠯᠲᠠ      2020 ᠣᠨ ᠤ ᠮᠠᠨ ᠤ ᠬᠤᠷᠢᠶ᠎ᠠ ᠶᠢᠨ ᠠᠵᠢᠯ ᠤᠨ ᠶᠡᠷᠦᠩᠬᠡᠶ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠡᠰᠢᠭᠲᠡᠨ ᠬᠤᠰᠢᠭᠤᠨ ᠤ ᠨᠠᠮ ᠤᠨ ᠬᠤᠷᠢᠶ᠎ᠠ ᠪᠣᠯᠤᠨ ᠳᠡᠭᠡᠷ᠎ᠡ ᠱᠠᠲᠤᠨ ᠤ ᠪᠠᠶᠢᠴᠠᠭᠠᠬᠤ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠲᠠᠯ᠎ᠠ ᠳᠤ ᠦᠶᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠬᠦᠴᠦᠨ ᠨᠡᠮᠡᠷᠢᠯᠡᠵᠦ᠂ ᠨᠡᠶᠢᠭᠡᠮ ᠤᠨ ᠵᠠᠰᠠᠯᠲᠠ ᠳᠤ ᠢᠳᠡᠪᠬᠢᠲᠡᠶ ᠣᠷᠣᠯᠴᠠᠨ᠎ᠠ᠃ ᠡᠯ᠎ᠡ ᠲᠥᠷᠥᠯ ᠤᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠢ ᠰᠢᠯᠢᠳᠡᠭᠵᠢᠭᠦᠯᠵᠦ᠂ ᠢᠷᠭᠡᠨ ᠤ ᠬᠡᠷᠡᠭ ᠤᠨ ᠪᠠᠶᠢᠴᠠᠭᠠᠬᠤ᠂ ᠵᠠᠰᠠᠭ ᠵᠠᠬᠢᠷᠭᠠᠨ ᠤ ᠪᠠᠶᠢᠴᠠᠭᠠᠬᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠎ᠠ᠃ ᠺᠠᠳ᠋ᠷ ᠴᠠᠭᠳᠠᠭ᠎ᠠ ᠶᠢᠨ ᠶᠡᠷᠦᠩᠬᠡᠶᠢᠯᠡᠭᠰᠡᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠬᠠᠤᠯᠢ ᠪᠠᠷᠢᠬᠤ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠤᠯᠠᠨ ᠳᠤ ᠨᠡᠩ ᠴᠢᠨᠠᠷ ᠰᠠᠶᠢᠲᠠᠶ ᠪᠠᠶᠢᠴᠠᠭᠠᠬᠤ ᠦᠶᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃      ᠨᠢᠭᠡ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠤᠨᠤᠯ ᠪᠠ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠴᠢᠩᠭᠠᠳᠬᠠᠨ᠎ᠠ      ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠎ ᠪᠠᠨ ᠴᠢᠷᠮᠠᠶᠢᠨ ᠳᠡᠭᠡᠭᠰᠢᠯᠡᠭᠦᠯᠦᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠶᠢ ᠦᠷᠭᠦᠯᠵᠢᠯᠡᠨ ᠰᠠᠶᠢᠲᠤᠷ ᠠᠳᠬᠤᠵᠤ ᠂ ᠺᠠᠳ᠋ᠷ ᠴᠠᠭᠳᠠᠭ᠎ᠠ ᠶᠢᠨ ᠤᠯᠤᠰ ᠲᠦᠷᠦ ᠶᠢᠨ ᠤᠨᠤᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠭᠤᠤᠯ ᠰᠡᠳᠦᠪᠲᠦ ᠬᠥᠮᠦᠵᠢᠯ ᠰᠤᠷᠤᠯᠴᠠᠯᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠠᠩ ᠣᠯᠠᠨ ᠬᠡᠯᠪᠡᠷᠢ ᠶᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠪᠠᠭ ᠤᠨ ᠪᠦᠷᠢᠯᠳᠦᠬᠦᠨ ᠠᠴᠠ ᠨᠡᠷ ᠺᠠᠳ᠋ᠷ ᠴᠠᠭᠳᠠᠭ᠎ᠠ ᠳᠤ ᠨᠠᠮ ᠤᠨ ᠬᠢᠴᠢᠶᠡᠯ ᠵᠢᠭᠠᠬᠤ ᠶᠢ ᠪᠠᠷᠢᠮᠲᠠᠯᠠᠵᠤ᠂ ᠨᠠᠮ ᠤᠨ ᠳᠤᠭᠤᠶᠢᠯᠠᠩ ᠤᠨ ᠰᠤᠷᠤᠯᠴᠠᠵᠤ ᠰᠤᠳᠤᠯᠤᠨ ᠶᠠᠷᠢᠯᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠠᠶᠢᠴᠠᠭᠠᠬᠤ ᠠᠵᠢᠯ ᠢ ᠨᠠᠮ ᠤᠨ ᠬᠤᠷᠢᠶ᠎ᠠ ᠶᠢᠨ ᠭᠤᠤᠯ ᠠᠵᠢᠯ ᠤᠨ ᠶᠡᠭᠡ ᠲᠠᠯ᠎ᠠ ᠳᠤ ᠲᠠᠯᠪᠢᠵᠤ᠂ ᠡᠯ᠎ᠡ ᠲᠥᠷᠥᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠪᠠᠶᠢᠴᠠᠭᠠᠬᠤ ᠠᠵᠢᠯ ᠤᠨ ᠴᠢᠬᠤᠯᠠ ᠶᠡᠭᠡ ᠲᠣᠭᠲᠠᠭᠠᠯ᠂ ᠴᠢᠬᠤᠯᠠ ᠶᠡᠭᠡ ᠬᠡᠷᠡᠭ ᠶᠠᠪᠤᠳᠠᠯ ᠢ ᠴᠠᠭ ᠲᠤᠬᠠᠶ ᠳᠤᠨᠢ ᠨᠠᠮ ᠤᠨ ᠬᠤᠷᠢᠶ᠎ᠠ ᠳᠤ ᠮᠡᠳᠡᠭᠦᠯᠬᠦ ᠶᠢ ᠪᠠᠷᠢᠮᠲᠠᠯᠠᠵᠤ᠂ ᠪᠠᠶᠢᠴᠠᠭᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠪᠠᠶᠢᠴᠠᠭᠠᠬᠤ ᠠᠵᠢᠯ ᠎ ᠤᠨ ᠢᠮᠠᠭᠲᠠ ᠵᠥᠪ ᠴᠢᠭᠯᠡᠯ ᠢᠶᠠᠷ ᠯᠠᠪᠳᠠᠭᠤᠨ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃      ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠬᠡᠷᠡᠭ ᠰᠢᠶᠳᠪᠦᠷᠢᠯᠡᠬᠦ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠦᠨ᠎ᠡ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠠᠵᠢᠯ ᠤᠨ ᠪᠠᠶᠢᠷᠢ ᠬᠤᠪᠢᠶᠠᠨ ᠪᠦᠯᠦᠭ ᠬᠤᠪᠢᠶᠠᠨ ᠵᠣᠬᠢᠶᠠᠨ ᠪᠠᠶᠢᠭᠤᠯᠵᠤ᠂ ᠣᠷᠣᠨ ᠲᠣᠭᠠᠲᠤ ᠪᠠᠶᠢᠴᠠᠭᠠᠬᠤ ᠲᠤᠰᠢᠶᠠᠯᠲᠠᠨ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠡᠷᠡᠭ ᠢ ᠰᠤᠳᠤᠯᠤᠨ ᠶᠠᠷᠢᠯᠴᠠᠨ ᠵᠠᠳᠠᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠠᠴᠠ ᠲᠤᠰ ᠰᠠᠯᠠᠭ᠎ᠠ ᠮᠥᠴᠢᠷ ᠤᠨ ᠵᠠᠯᠠᠭᠤ ᠺᠠᠳ᠋ᠷ ᠴᠠᠭᠳᠠᠭ᠎ᠠ ᠨᠠᠷ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠵᠢᠯᠤᠭᠤᠳᠤᠯᠭ᠎ᠠ ᠬᠢᠬᠦ ᠶᠢ ᠵᠣᠷᠢᠭᠵᠢᠭᠤᠯᠵᠤ᠂ ᠺᠠᠳ᠋ᠷ ᠴᠠᠭᠳᠠᠭ᠎ᠠ ᠨᠠᠷ ᠢ ᠡᠯ᠎ᠡ ᠲᠥᠷᠥᠯ ᠤᠨ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠣᠷᠣᠯᠴᠠᠬᠤ ᠶᠢ ᠴᠢᠩᠭ᠎ᠠ ᠱᠠᠭᠠᠷᠳᠠᠨ᠎ᠠ᠃ ᠬᠢᠨᠠᠨ ᠰᠢᠯᠭᠠᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠺᠠᠳ᠋ᠷ ᠴᠠᠭᠳᠠᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠬᠡᠪ ᠴᠢᠨᠠᠷ ᠤᠨ ᠬᠢᠨᠠᠨ ᠰᠢᠯᠭᠠᠯᠲᠠ ᠬᠢᠵᠦ᠂ ᠺᠠᠳ᠋ᠷ ᠴᠠᠭᠳᠠᠭ᠎ᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃      ᠬᠤᠶᠠᠷ᠂ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠳᠤ ᠢᠳᠡᠪᠬᠢᠲᠡᠢ ᠣᠷᠣᠯᠴᠠᠨ᠎ᠠᠬᠡᠰᠢᠭᠲᠡᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠨᠡᠶᠢᠭᠡᠮ ᠤᠨ ᠲᠣᠭᠲᠠᠭᠤᠨ ᠢ ᠨᠥᠯᠥᠭᠡᠯᠡᠬᠦ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠡᠵᠡᠮᠳᠡᠨ᠎ᠡ᠃ ᠤᠯᠤᠰ ᠲᠥᠷᠥ ᠎ ᠶᠢᠨ ᠴᠢᠩᠭ᠎ᠠ ᠡᠭᠦᠷᠭᠡᠯᠡᠯ ᠢᠶᠠᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠢ ᠭᠦᠨᠵᠡᠭᠡᠶ ᠠᠬᠢᠭᠤᠯᠵᠤ᠂ ᠬᠠᠤᠯᠢ ᠶᠣᠰᠣᠭᠠᠷ ᠴᠢᠩᠭ᠎ᠠ ᠰᠢᠶᠳᠬᠡᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠎ ᠨᠢ ᠵᠡᠷᠭᠡᠪᠡᠷ ᠵᠠᠰᠠᠵᠤ᠂ ︽ᠨᠢᠭᠡ ᠶᠢ ᠴᠤ ᠭᠤᠭᠤᠵᠢᠭᠳᠠᠭᠤᠯᠬᠤ ᠥᠬᠡᠶ᠂ ᠨᠢᠭᠡ ᠴᠤ ᠠᠯᠪᠠ ᠬᠠᠰᠢᠬᠤ ᠥᠬᠡᠶ︾ ᠪᠠᠶᠢᠬᠤ ᠶᠢ ᠡᠷᠡᠰ ᠪᠡᠶᠡᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠤᠨ ᠠᠷᠤ ᠎ ᠳᠠᠬᠢ ︽ᠬᠠᠮᠠᠭᠠᠯᠠᠭᠴᠢ︾᠎ ᠶᠢ ᠨᠠᠷᠢᠨ ᠬᠢᠨᠠᠮᠠᠭᠠᠢ ᠪᠠᠶᠢᠴᠠᠭᠠᠨ ᠣᠶᠢᠯᠠᠭᠠᠵᠤ᠂ ︽ᠬᠥᠷᠥᠩᠭᠡ ᠢ ᠨᠢ ᠬᠤᠷᠢᠶᠠᠨ ᠢᠷᠡᠯᠲᠡ ᠶᠢ ᠨᠢ ᠲᠠᠰᠤᠯᠬᠤ︾ ᠠᠵᠢᠯ ᠤᠨ ᠬᠦᠴᠦᠯᠡᠴᠡ ᠪᠠᠨ ᠨᠡᠮᠡᠭᠳᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠵᠠᠷᠭᠤ ᠢ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠳᠦᠷᠢᠮᠵᠢᠭᠦᠨ ᠠᠬᠢᠭᠤᠯᠵᠤ᠂ ᠠᠮᠢ ᠠᠬᠤᠶ ᠶᠢᠨ ᠪᠠᠶᠢᠴᠠᠭᠠᠯᠲᠠ ᠪᠠ ᠬᠡᠷᠡᠭ ᠪᠣᠯᠭᠠᠨ ᠳᠠᠩᠰᠠᠯᠠᠬᠤ ᠬᠢᠨᠠᠯᠲᠠ ᠶᠢ ᠥᠷᠭᠡᠨ ᠢᠶᠠᠷ ᠥᠷᠨᠢᠭᠦᠯᠵᠦ᠂ ᠤᠰᠤᠨ ᠤ ᠰᠤᠷᠪᠤᠯᠵᠢ᠂ ᠨᠤᠲᠤᠭ ᠪᠡᠯᠴᠢᠭᠡᠷ᠂ ᠤᠢ ᠮᠣᠳᠣ᠂ ᠠᠭᠤᠷᠬᠠᠶ ᠶᠢᠨ ᠭᠠᠷᠤᠯᠲᠠ ᠶᠢ ᠬᠤᠬᠢᠷᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠠᠬᠢᠭᠤᠯᠤᠨ᠎ᠠ᠃ ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠬᠠᠤᠯᠢ ᠳᠦᠷᠢᠮ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠳᠡᠯᠭᠡᠷᠡᠩᠭᠦᠢ ᠭᠦᠨᠵᠡᠭᠡᠶ ᠥᠷᠨᠢᠭᠦᠯᠦᠨ᠎ᠡ᠃ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠢ ᠰᠠᠶᠢᠲᠤᠷ ᠬᠢᠬᠦ ᠳᠤ ᠦᠷᠭᠦᠯᠵᠢᠯᠡᠨ ᠬᠦᠴᠦᠨ ᠨᠡᠮᠡᠷᠢᠯᠡᠵᠦ᠂ ︽ᠬᠤᠶᠠᠷ ᠬᠠᠯᠬᠠᠪᠴᠢ᠂ ᠨᠢᠭᠡ ᠪᠠᠬᠢᠯᠡᠯᠲᠡ︾᠎ ᠶᠢᠨ ᠪᠦᠲᠦᠭᠡᠨ ᠪᠠᠢᠭᠤᠯᠤᠯᠲᠠ ᠶᠢ ᠪᠠᠲᠤᠯᠠᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ ᠬᠥᠭᠵᠢᠯᠲᠡ ᠶᠢ ᠨᠡᠩ ᠬᠦᠴᠦᠲᠡᠢ ᠳᠡᠮᠵᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠬᠠᠤᠯᠢ ᠶᠣᠰᠣᠭᠠᠷ ᠵᠠᠯᠬᠠᠭᠠᠨ ᠰᠢᠶᠳᠬᠡᠬᠦ ᠪᠠ ᠡᠷᠬᠡ ᠲᠡᠭᠰᠢ ᠪᠠᠷ ᠬᠠᠮᠠᠭᠠᠯᠠᠬᠤ ᠶᠢ ᠰᠠᠶᠢᠲᠤᠷ ᠤᠶᠠᠯᠳᠤᠭᠤᠯᠤᠨ᠎ᠠ᠃ ᠪᠦᠬᠦ ᠬᠤᠰᠢᠭᠤᠨ ᠤ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠳᠤ ᠢᠳᠡᠪᠬᠢᠲᠡᠢ ᠣᠷᠣᠯᠴᠠᠵᠤ᠂ ᠪᠠᠶᠢᠴᠠᠭᠠᠬᠤ ᠭᠤᠭᠴᠤᠭ᠎ᠠ ᠶᠢᠨ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠭᠤᠷᠪᠠ᠂ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢᠶᠠᠨ ᠢᠳᠡᠪᠬᠢᠲᠡᠶ ᠬᠤᠪᠢᠷᠠᠭᠤᠯᠵᠤ᠂ ᠪᠠᠶᠢᠴᠠᠭᠠᠬᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ      ᠮᠠᠨ ᠤ ᠬᠤᠷᠢᠶ᠎ᠠ ᠨᠢ ᠪᠠᠶᠢᠴᠠᠭᠠᠬᠤ ᠠᠵᠢᠯ ᠤᠨ ᠳᠤᠮᠳᠠ ᠲᠠᠰᠤᠷᠠᠯᠳᠠ ᠦᠭᠡᠢ ᠪᠣᠢ ᠪᠣᠯᠣᠭᠰᠠᠨ ᠰᠢᠨ᠎ᠡ ᠠᠰᠠᠭᠤᠳᠠᠯ᠂ ᠰᠢᠨ᠎ᠡ ᠪᠠᠶᠢᠳᠠᠯ ᠢ ᠦᠨᠳᠦᠰᠦᠯᠡᠨ ᠬᠠᠤᠯᠢ ᠪᠠᠷᠢᠬᠤ ᠣᠶᠢᠯᠠᠭᠠᠭᠳᠠᠬᠤᠨ ᠢᠶᠠᠨ ᠢᠳᠡᠪᠬᠢᠲᠡᠶ ᠬᠤᠪᠢᠷᠠᠭᠤᠯᠵᠤ᠂ ᠡᠯ᠎ᠡ ᠲᠥᠷᠥᠯ ᠤᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠲᠠᠰᠤᠷᠠᠯᠳᠠ ᠦᠭᠡᠢ ᠲᠦᠯᠬᠢᠨ ᠠᠬᠢᠭᠤᠯᠬᠤ ᠪᠣᠯᠣᠨ᠎ᠠ᠃ ᠡᠷᠡᠭᠦᠦ ᠶᠢᠨ ᠬᠡᠷᠡᠭ ᠤᠨ ᠪᠠᠶᠢᠴᠠᠭᠠᠯᠲᠠ᠂ ᠢᠷᠭᠡᠨ ᠤ ᠬᠡᠷᠡᠭ ᠤᠨ ᠪᠠᠶᠢᠴᠠᠭᠠᠯᠲᠠ᠂ ᠵᠠᠰᠠᠭ ᠵᠠᠬᠢᠷᠭᠠᠨ ᠤ ᠪᠠᠶᠢᠴᠠᠭᠠᠯᠲᠠ ᠪᠣᠯᠣᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠯᠲᠠ ᠶᠢᠨ ︽ᠲᠦᠷᠪᠡᠨ ᠬᠦᠷᠳᠦ ᠪᠠᠷ ᠬᠥᠳᠡᠯᠭᠡᠬᠦ︾᠎ ᠶᠢ ᠪᠠᠷᠢᠮᠲᠠᠯᠠᠵᠤ᠂ ᠪᠠᠶᠢᠴᠠᠭᠠᠬᠤ ᠠᠵᠢᠯ ᠤᠨ ᠪᠦᠬᠦ ᠲᠠᠯ᠎ᠠ ᠪᠠᠷ ᠵᠣᠬᠢᠴᠠᠩᠭᠤᠶ ᠭᠦᠶᠴᠡᠳ ᠬᠥᠭᠵᠢᠬᠦ ᠶᠢ ᠠᠬᠢᠭᠤᠯᠤᠨ᠎ᠠ᠃ ᠶᠠᠯ᠎ᠠ ᠪᠠᠨ ᠮᠡᠳᠡᠷᠡᠵᠦ ᠰᠢᠶᠳᠬᠡᠯ ᠢ ᠮᠡᠳᠡᠷᠡᠭᠰᠡᠨ ᠎ ᠢ ᠠᠭᠤᠴᠢᠯᠠᠨ ᠰᠢᠢᠳᠬᠡᠬᠦ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠬᠡᠷᠡᠭᠯᠡᠬᠦ ᠶᠢ ᠴᠢᠩᠳᠠᠯᠠᠵᠤ᠂ ᠬᠡᠷᠡᠭᠯᠡᠬᠦ ᠨᠤᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠪᠠᠷᠢᠪᠴᠢᠯᠠᠬᠤ ᠪᠠ ᠵᠠᠭᠠᠯᠳᠤᠬᠤ ᠶᠢ ᠵᠣᠯᠭᠠᠭᠤᠯᠬᠤ ᠵᠣᠬᠢᠴᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠷᠢᠪᠴᠢᠯᠠᠭᠰᠠᠨ ᠤ ᠲᠠᠷᠠᠭ᠎ᠠ ᠵᠠᠭᠠᠯᠳᠤᠬᠤ ᠠᠴᠠ ᠡᠮᠦᠨᠡᠬᠢ ᠬᠢᠨᠠᠯᠲᠠ ᠶᠢᠨ ᠪᠠᠯᠠᠷᠬᠠᠢ ᠵᠦᠢᠯᠡᠰ ᠢ ᠪᠠᠭᠠᠰᠬᠠᠵᠤ᠂ ᠭᠤᠭᠤᠵᠢᠭᠳᠠᠭᠰᠠᠨ ᠬᠡᠷᠡᠭᠲᠡᠨ᠂ ᠭᠤᠭᠤᠵᠢᠭᠳᠠᠭᠰᠠᠨ ᠶᠠᠯ᠎ᠠ ᠳᠠᠬᠢ ᠬᠢᠨᠠᠨ ᠪᠠᠶᠢᠴᠠᠭᠠᠬᠤ ᠬᠦᠴᠦᠯᠡᠴᠡ ᠪᠠᠨ ᠨᠡᠮᠡᠭᠳᠡᠭᠦᠯᠵᠦ᠂ ᠡᠷᠡᠭᠦᠦ ᠶᠢᠨ ᠬᠡᠷᠡᠭ ᠤᠨ ᠡᠰᠡᠷᠭᠦᠴᠡᠨ ᠵᠠᠭᠠᠯᠳᠤᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠬᠤᠷᠢᠬᠤ ᠴᠢᠬᠤᠯᠠ ᠴᠢᠨᠠᠷ ᠪᠦᠬᠦᠢ ᠬᠡᠷᠡᠭ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠬᠥᠮᠥᠵᠢᠭᠦᠯᠦᠨ ᠵᠠᠯᠠᠷᠠᠭᠤᠯᠬᠤ ᠶᠢ ᠭᠦᠢᠴᠡᠳᠬᠡᠬᠦ᠂ ᠡᠷᠡᠭᠦᠦ ᠰᠢᠢᠳᠬᠡᠯ ᠢ ᠲᠤᠰᠢᠶᠠᠨ ᠭᠦᠢᠴᠡᠳᠬᠡᠭᠦᠯᠬᠦ ᠪᠠ ᠬᠤᠪᠢᠷᠠᠭᠤᠯᠤᠨ ᠭᠦᠢᠴᠡᠳᠬᠡᠭᠦᠯᠬᠦ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠦᠪᠡᠭᠴᠢ ᠶᠢ ᠢᠯᠡᠷᠡᠭᠦᠯᠬᠦ ᠵᠣᠬᠢᠴᠠᠮᠵᠢ ᠪᠠ ᠵᠠᠭᠠᠯᠳᠤᠬᠤ ᠠᠴᠠ ᠡᠮᠦᠨᠡᠬᠢ ᠬᠠᠷᠢᠯᠴᠠᠬᠤ ᠵᠣᠬᠢᠴᠠᠮᠵᠢ ᠶᠢ ᠲᠡᠭᠦᠯᠳᠡᠷᠵᠢᠭᠦᠯᠵᠦ᠂ ᠵᠠᠭᠠᠯᠳᠤᠬᠤ ᠠᠴᠠ ᠡᠮᠦᠨᠡᠬᠢ ᠠᠯᠬᠤᠮ ᠳᠠᠷᠠᠭᠠᠯᠠᠯ ᠤᠨ ᠦᠶᠯᠡᠳᠦᠯ ᠢ ᠰᠠᠶᠢᠲᠤᠷ ᠪᠠᠳᠠᠷᠠᠭᠤᠯᠵᠤ᠂ ᠪᠠᠶᠢᠴᠠᠭᠠᠬᠤ ᠪᠠᠶᠢᠭᠤᠯᠤᠯᠭ᠎ᠠ ᠶᠢᠨ ᠨᠡᠶᠢᠲᠡ ᠶᠢᠨ ᠠᠰᠠᠷᠠᠮᠵᠢ ᠶᠢ ᠬᠤᠬᠢᠷᠠᠭᠤᠯᠤᠭᠰᠠᠨ ᠬᠡᠷᠡᠭ ᠳᠠᠬᠢ ᠵᠠᠭᠠᠯᠳᠤᠯᠭ᠎ᠠ ᠶᠢ ᠳᠡᠮᠵᠢᠬᠦ ᠬᠦᠴᠦᠯᠡᠴᠡ ᠪᠠᠨ ᠨᠡᠮᠡᠭᠳᠡᠭᠦᠯᠦᠨ᠎ᠡ᠃ ᠲᠥᠪ ᠭᠤᠤᠯᠴᠢ ᠪᠤᠰᠤᠳᠴᠢ ᠪᠠᠷ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠵᠠᠯᠭᠠᠮᠵᠢᠯᠠᠵᠤ᠂ ᠪᠠᠶᠢᠴᠠᠭᠠᠬᠤ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠲᠥᠪ ᠭᠤᠤᠯᠴᠢ ᠪᠠᠷ ᠬᠠᠤᠯᠢ ᠪᠠᠷᠢᠬᠤ ᠶᠢ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠤᠨ᠎ᠠ᠃      ᠳᠥᠷᠪᠡ᠂ ᠳᠣᠲᠣᠭᠠᠳᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠲᠡᠭᠦᠯᠳᠡᠷᠵᠢᠭᠦᠯᠵᠦ᠂ ᠰᠢᠯᠭᠠᠷᠠᠭᠰᠠᠨ ᠪᠠᠶᠢᠴᠠᠭᠠᠬᠤ ᠡᠩᠨᠡᠭᠡ ᠶᠢ ᠪᠠᠶᠢᠭᠤᠯᠤᠨ᠎ᠠ      ᠥᠭᠡᠷᠡᠴᠢᠯᠡᠯᠲᠡ ᠶᠢᠨ ᠳᠠᠷᠠᠭᠠᠬᠢ ᠳᠣᠲᠣᠭᠠᠳᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠡᠷᠬᠡ ᠲᠤᠰᠢᠶᠠᠯ ᠤᠨ ᠲᠣᠬᠢᠷᠠᠭᠤᠯᠤᠯᠲᠠ ᠪᠠ ᠠᠵᠢᠯᠲᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠳᠣᠲᠣᠭᠠᠳᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠳᠠᠪᠠᠭᠤᠯᠢᠭ ᠢᠶᠠᠨ ᠪᠠᠳᠠᠷᠠᠭᠤᠯᠤᠨ᠎ᠠ᠃ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭ᠎ᠠ ᠠᠳᠬᠤᠵᠤ᠂ ᠨᠠᠮ ᠤᠨ ᠭᠡᠰᠢᠭᠦᠨ ᠤ ᠰᠤᠷᠤᠯᠴᠠᠯᠭ᠎ᠠ ᠶᠢᠨ ᠤᠬᠠᠮᠰᠠᠷᠲᠤ ᠴᠢᠨᠠᠷ ᠢ ᠴᠢᠩᠭᠠᠳᠬᠠᠵᠤ᠂ ᠨᠠᠮ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠠᠮ ᠤᠨ ᠭᠡᠰᠢᠭᠦᠨ ᠤ ᠲᠡᠷᠢᠭᠦᠨ ᠤ ᠪᠣᠯᠬᠤ ᠪᠠᠷ ᠴᠢᠷᠮᠠᠶᠢᠨ ᠰᠢᠯᠢᠳᠡᠭ ᠢ ᠡᠭᠦᠳᠬᠦ ᠶᠢ ᠵᠣᠷᠢᠭᠵᠢᠭᠤᠯᠤᠨ᠎ᠠ᠃ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ︽ᠨᠠᠮ ᠤᠨ ᠰᠤᠷᠲᠠᠯ ᠴᠢᠬᠡᠴᠢ ᠵᠠᠰᠠᠭ ᠤᠨ ᠬᠠᠷᠢᠭᠤᠴᠠᠯᠭ᠎ᠠ ᠶᠢᠨ ᠭᠠᠷ ᠳᠡᠪᠲᠡᠷ︾᠎ ᠢ ᠲᠡᠭᠦᠯᠳᠡᠷᠵᠢᠭᠦᠯᠵᠦ᠂ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠲᠥᠪ ᠴᠢᠬᠡᠴᠢ ᠪᠠᠶᠢᠴᠠᠭᠠᠬᠤ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠶᠠᠷᠢᠶ᠎ᠠ ᠬᠡᠯᠡᠯᠴᠡᠭᠡ ᠶᠢᠨ ᠪᠠᠶᠢᠳᠠᠯ ᠢ ᠬᠢᠨᠠᠨ ᠬᠡᠮᠵᠢᠬᠦ ᠠᠵᠢᠯ ᠤᠨ ᠬᠦᠴᠦᠯᠡᠴᠡ ᠪᠠᠨ ᠨᠡᠮᠡᠭᠳᠡᠭᠦᠯᠵᠦ᠂ ᠪᠠᠶᠢᠴᠠᠭᠠᠬᠤ ᠠᠵᠢᠯ ᠳᠤ ᠬᠤᠯᠪᠣᠭᠳᠠᠭᠰᠠᠨ ᠶᠠᠷᠢᠶ᠎ᠠ ᠬᠡᠯᠡᠯᠴᠡᠭᠡ ᠶᠢᠨ ᠪᠠᠶᠢᠳᠠᠯ ᠢ ᠴᠢᠩᠭ᠎ᠠ ᠰᠡᠷᠭᠡᠶᠢᠯᠡᠨ ᠵᠣᠬᠢᠰᠲᠠᠢ ᠰᠢᠶᠳᠪᠦᠷᠢᠯᠡᠨ᠎ᠡ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠳᠠᠭᠤᠷᠢᠶᠠᠯ ᠦᠵᠡᠭᠦᠯᠬᠦ ᠦᠶᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠵᠤ᠂ ︽ᠨᠠᠮ ᠳᠠᠭᠠᠨ ᠦᠨᠡᠨᠴᠢ ᠰᠢᠳᠤᠷᠭᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠢᠯᠢᠳᠡᠭ ᠰᠠᠶᠢᠨ︾ ᠪᠠᠶᠢᠴᠠᠭᠠᠬᠤ ᠡᠩᠨᠡᠭᠡ ᠶᠢ ᠴᠢᠷᠮᠠᠶᠢᠨ ᠪᠠᠶᠢᠭᠤᠯᠤᠨ᠎ᠠ᠃      2020 ᠣᠨ ᠳᠤ᠂ ᠮᠠᠨ ᠤ ᠬᠤᠷᠢᠶ᠎ᠠ ᠨᠢ ᠬᠤᠰᠢᠭᠤᠨ ᠤ ᠨᠠᠮ ᠤᠨ ᠬᠤᠷᠢᠶ᠎ᠠ ᠪᠠ ᠳᠡᠭᠡᠷ᠎ᠡ ᠱᠠᠲᠤᠨ ᠤ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠦᠴᠦᠲᠡᠶ ᠬᠢᠨᠠᠯᠲᠠ ᠳᠣᠤᠷ᠎ᠠ᠂ ᠣᠭ ᠵᠣᠷᠢᠯᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠣᠰ ᠤᠳᠠᠭᠠᠨ ᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠰᠢᠭᠲᠡᠨ ᠬᠤᠰᠢᠭᠤᠨ ᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠪᠠᠲᠤ ᠴᠢᠩᠭ᠎ᠠ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ︕
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号