ᠴᠠᠭ ᠦᠶ᠎ᠡ ᠶᠢᠨ ᠤᠷᠤᠰᠬᠠᠯ ᠪᠠ ᠬᠥᠮᠦᠨ ᠲᠥᠷᠥᠯᠬᠢᠲᠡᠨ ᠤ ᠪᠣᠯᠪᠠᠰᠤᠨ ᠳᠠᠪᠰᠢᠯᠲᠠ ᠶᠢᠨ ᠴᠢᠭᠯᠡᠯ ᠢ ᠬᠥᠲᠥᠯᠥᠨ ᠳᠠᠭᠠᠭᠤᠯᠬᠤ ᠢᠯᠡ ᠲᠣᠳᠣ ᠲᠤᠭ ᠲᠡᠮᠳᠡᠭ
ᠨᠡᠶᠢᠲᠡᠯᠡᠭᠰᠡᠨ ᠴᠠᠭ᠄
2021/11/11
     ᠲᠡᠦᠬᠡ ᠶᠢᠨ ᠬᠦᠷᠳᠤ ᠦᠷᠭᠦᠯᠵᠢᠯᠡᠨ ᠤᠷᠤᠭᠰᠢᠯᠠᠵᠤ᠂ ᠳᠡᠯᠡᠬᠡᠢ ᠶᠢᠨ ᠤᠷᠤᠰᠬᠠᠯ ᠰᠦᠷ ᠳᠠᠯᠠᠶᠢᠴᠠᠲᠠᠢ ᠪᠠᠶᠢᠨ᠎ᠠ᠃ ᠭᠠᠭᠴᠠ ᠬᠦ ᠴᠠᠭ ᠦᠶ᠎ᠡ ᠳᠤ ᠵᠣᠬᠢᠴᠠᠭᠤᠯᠤᠨ ᠬᠥᠳᠡᠯᠵᠦ᠂ ᠪᠠᠶᠢᠳᠠᠯ ᠳᠤ ᠵᠣᠬᠢᠴᠠᠭᠤᠯᠤᠨ ᠠᠵᠢᠯᠯᠠᠪᠠᠯ ᠰᠠᠶ᠋ᠢ ᠲᠡᠦᠬᠡ ᠶᠢᠨ ᠤᠷᠤᠭᠰᠢᠯᠠᠯᠲᠠ ᠶᠢᠨ ᠯᠣᠭᠢᠭ ᠤᠨ ᠳᠤᠮᠳᠠ ᠤᠷᠤᠭᠰᠢᠯᠠᠵᠤ᠂ ᠴᠠᠭ ᠦᠶ᠎ᠡ ᠶᠢᠨ ᠬᠥᠭᠵᠢᠯᠲᠡ ᠎ ᠶᠢᠨ ᠤᠷᠤᠰᠬᠠᠯ ᠤᠨ ᠳᠤᠮᠳᠠ ᠬᠥᠭᠵᠢᠵᠦ ᠴᠢᠳᠠᠨ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠢᠳᠡ ᠨᠢᠭᠡᠨ ᠤᠷᠪᠠᠭᠠᠨ ᠬᠥᠷᠪᠡᠭᠡᠨ ᠲᠠᠢ ᠴᠠᠭ ᠦᠶ᠎ᠡ ᠳᠤ ᠣᠷᠣᠰᠢᠵᠤ᠂ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ ᠶᠢᠷᠲᠢᠨᠴᠦ ᠳᠤ ᠬᠠᠨᠳᠤᠵᠤ ᠪᠠᠶᠢᠨ᠎ᠠ᠃ ᠨᠢᠭᠡ ᠲᠠᠯ᠎ᠠ ᠪᠠᠷ᠂ ᠡᠩᠭᠡ ᠲᠠᠶᠢᠪᠤᠩ ᠬᠢᠭᠡᠳ ᠬᠥᠭᠵᠢᠯᠲᠡ ᠮᠥᠨ ᠯᠡ ᠣᠳᠣᠬᠢ ᠴᠠᠭ ᠦᠶ᠎ᠡ ᠶᠢᠨ ᠭᠤᠣᠯ ᠰᠡᠳᠦᠪ ᠪᠤᠯᠵᠤ᠂ ᠳᠡᠯᠡᠬᠡᠢ ᠶᠢᠨ ᠤᠯᠠᠨ ᠲᠤᠶᠢᠯᠰᠢᠷᠠᠯᠲᠠ᠂ ᠠᠵᠤ ᠠᠬᠤᠢ ᠶᠢᠨ ᠳᠡᠯᠡᠬᠡᠶᠢᠴᠢᠯᠡᠯᠲᠡ ᠭᠦᠨᠵᠡᠭᠡᠶᠢᠷᠡᠨ ᠬᠥᠭᠵᠢᠵᠦ ᠂ ᠰᠣᠶᠣᠯ ᠤᠨ ᠤᠯᠠᠨ ᠶᠠᠩᠵᠤᠴᠢᠯᠠᠯᠳᠠ᠂ ᠨᠡᠶᠢᠭᠡᠮ ᠤᠨ ᠮᠡᠳᠡᠭᠡ ᠵᠠᠩᠭᠢᠵᠢᠯᠲᠠ ᠦᠷᠭᠦᠯᠵᠢᠯᠡᠨ ᠠᠬᠢᠵᠤ᠂ ᠤᠯᠠᠨ ᠤᠯᠤᠰ ᠤᠨ ᠪᠠᠶᠢᠷᠢᠰᠢᠯ ᠪᠠ ᠤᠯᠠᠨ ᠤᠯᠤᠰ ᠤᠨ ᠡᠮᠬᠢ ᠵᠢᠷᠤᠮ ᠲᠦᠷᠭᠡᠨ ᠲᠤᠬᠢᠷᠠᠭᠤᠯᠤᠯᠳᠠ ᠬᠢᠵᠦ ᠤᠯᠠᠷᠢᠨ ᠬᠤᠪᠢᠷᠠᠵᠤ ᠪᠠᠶᠢᠨ᠎ᠠ᠃ ᠨᠥᠭᠦᠭᠡ ᠲᠠᠯ᠎ᠠ ᠪᠠᠷ᠂ ᠳᠡᠯᠡᠬᠡᠶ ᠶᠢᠨ ᠠᠵᠤ ᠠᠬᠤᠶ ᠤᠷᠤᠭᠤᠳᠠᠵᠤ᠂ ᠠᠵᠤ ᠠᠬᠤᠶ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠲᠣᠯᠣᠭᠠᠶ ᠥᠨᠳᠡᠶᠢᠵᠦ᠂ ᠲᠥᠪ ᠭᠤᠤᠯᠴᠢ ᠪᠠ ᠦᠷ᠎ᠡ ᠪᠦᠲᠦᠮᠵᠢ᠂ ᠨᠡᠮᠡᠭᠳᠡᠯ ᠪᠠ ᠬᠤᠪᠢᠶᠠᠷᠢᠯᠠᠯᠲᠠ᠂ ᠮᠡᠷᠭᠡᠵᠢᠯ ᠪᠠ ᠠᠵᠢᠯ ᠣᠯᠭᠤᠯᠲᠠ ᠵᠡᠷᠭᠡ ᠵᠥᠷᠢᠴᠡᠯ ᠨᠠᠩ ᠲᠣᠪᠣᠶᠢᠮ᠎ᠠ ᠪᠣᠯᠵᠣ᠂ ᠪᠠᠶᠠᠨ ᠶᠠᠳᠠᠭᠤ ᠶᠢᠨ ᠵᠥᠷᠢᠶ᠎ᠡ ᠮᠥᠨ ᠬᠦ ᠨᠡᠶᠢᠳᠡᠮ ᠣᠷᠣᠰᠢᠵᠤ᠂ ᠪᠥᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠳᠤ ᠰᠢᠨ᠎ᠡ ᠥᠷᠢᠰᠥᠯᠳᠦᠭᠡᠨ ᠲᠤᠯᠭᠠᠷᠠᠵᠤ ᠪᠠᠶᠢᠨ᠎ᠠ ᠃ ︽ᠳᠡᠯᠡᠬᠡᠢ ᠶᠢᠷᠲᠢᠨᠴᠦ ᠶᠠᠭᠠᠬᠢᠭᠰᠠᠨ ᠪᠤᠢ᠂ ᠪᠢᠳᠡ ᠶᠠᠭᠠᠬᠢᠬᠤ ᠪᠤᠢ︖ ᠡᠨᠡ ᠪᠣᠯ ᠬᠥᠮᠦᠨ ᠲᠥᠷᠥᠯᠬᠢᠲᠡᠨ ᠤ ᠨᠡᠶᠢᠭᠡᠮ ᠤᠨ ᠬᠠᠮᠢᠭᠠᠰᠢ ᠶᠠᠪᠤᠬᠤ ᠲᠣᠨᠣᠯᠵᠢᠨ ᠵᠠᠮ ᠲᠠᠢ ᠬᠤᠯᠪᠣᠭᠳᠠᠬᠤ ᠪᠥᠭᠡᠳ ᠬᠥᠮᠦᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠬᠤ ᠵᠠᠩᠭᠢᠯᠠᠭ᠎ᠠ ᠶᠢᠨ ᠰᠣᠩᠭᠤᠯᠲᠠ ᠪᠣᠯᠤᠨ᠎ᠠ᠃      ᠭᠠᠭᠴᠠ ᠬᠦ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠦᠵᠡᠯ ᠰᠠᠨᠠᠭ᠎ᠠ ᠲᠠᠢ ᠪᠠᠶᠢᠮᠠᠨᠵᠢᠨ ᠰᠠᠶ᠋ᠢ ᠡᠭᠦᠯᠡ ᠮᠠᠨᠠᠨ ᠢ ᠨᠡᠪᠲᠡᠯᠬᠦ ᠬᠦᠴᠦᠨ ᠲᠠᠢ ᠪᠠᠶᠢᠵᠤ ᠴᠢᠳᠠᠨ᠎ᠠ︔ ᠢᠷᠡᠭᠡᠳᠦᠢ ᠶᠢ ᠨᠡᠪᠲᠡ ᠠᠵᠢᠬᠤ ᠬᠤᠯᠠ ᠶᠢᠨ ᠬᠠᠷᠠᠴᠠ ᠲᠠᠢ ᠪᠠᠶᠢᠮᠠᠨᠵᠢᠨ ᠰᠡᠶ᠋ᠢ ᠤᠷᠤᠭᠰᠢᠯᠠᠨ ᠲᠠᠪᠰᠢᠬᠤ ᠶᠢ ᠵᠢᠯᠣᠭᠤᠳᠬᠤ ᠤᠷᠢᠶᠠᠯᠠᠬᠤ ᠬᠦᠴᠦᠨ ᠲᠠᠢ ᠪᠠᠶᠢᠵᠤ ᠴᠢᠳᠠᠨ᠎ᠠ᠃ ᠶᠡᠷᠦᠩᠬᠡᠢ ᠱᠦᠵᠢ ᠰᠢ ᠶᠢᠨ ᠫᠢᠩ ᠲᠡᠦᠬᠡ ᠪᠠ ᠴᠠᠭ ᠦᠶ᠎ᠡ ᠶᠢᠨ ᠦᠨᠳᠦᠷᠴᠡ ᠠᠴᠠ᠂ ᠳᠤᠮᠳᠠᠳᠤ ᠤᠯᠤᠰ ᠬᠢᠭᠡᠳ ᠳᠡᠯᠡᠬᠡᠶ ᠶᠢᠨ ᠬᠠᠮᠲᠤ ᠶᠢᠨ ᠠᠰᠢᠭ ᠲᠤᠰᠠ ᠠᠴᠠ᠂ ᠪᠦᠬᠦ ᠬᠥᠮᠦᠨ ᠲᠥᠷᠥᠯᠬᠢᠲᠡᠨ ᠤ ᠢᠷᠡᠭᠡᠳᠦᠶ ᠬᠤᠪᠢ ᠵᠠᠶᠠᠭᠠᠨ ᠎ ᠤ ᠡᠮᠦᠨ᠎ᠡ ᠠᠴᠠ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠬᠤᠯᠠ ᠶᠡᠭᠡ ᠰᠠᠨᠠᠭᠠᠴᠢᠯᠠᠭ᠎ᠠ ᠶᠢ ᠲᠣᠷᠠᠳᠴᠦ᠂ 《 ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠬᠠᠷᠠᠯᠲᠠ 》 ᠪᠣᠯ ᠳᠠᠷᠤᠶ ᠬᠠᠷᠢᠯᠴᠠᠨ ᠬᠦᠨᠳᠦᠳᠬᠡᠬᠦ᠂ ᠲᠥᠪ ᠭᠤᠣᠯᠴᠢ ᠰᠢᠳᠤᠷᠭᠤ ᠶᠣᠰᠣ ᠶᠢ ᠪᠠᠷᠢᠮᠳᠠᠯᠠᠬᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠰᠢᠨ᠎ᠡ ᠮᠠᠶ᠋ᠢᠭ ᠤᠨ ᠣᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠡᠭᠦᠳᠦᠨ ᠪᠠᠶᠢᠭᠤᠯᠬᠤ ᠪᠤᠯᠤᠨ᠎ᠠ 》 ᠬᠡᠳᠡᠭ ᠢ ᠲᠤᠳᠤᠷᠬᠠᠶᠢᠯᠠᠵᠤ᠂ ︽ᠶᠠᠮᠠᠷ ᠶᠠᠩᠵᠤ ᠶᠢᠨ ᠳᠡᠯᠡᠬᠡᠶ ᠶᠢᠷᠲᠢᠨᠴᠦ ᠶᠢ ᠪᠦᠲᠦᠭᠡᠨ ᠪᠠᠶᠢᠭᠤᠯᠬᠤ ᠪᠤᠢ᠂ ᠡᠨᠡ ᠬᠦ ᠲᠡᠯᠡᠭᠡᠢ ᠶᠢᠷᠲᠢᠨᠴᠦ ᠶᠢ ᠬᠡᠷᠬᠢᠨ ᠪᠦᠳᠦᠭᠡᠠ ᠪᠠᠶᠢᠭᠤᠯᠬᠤ ᠪᠤᠢ︾ ᠭᠡᠳᠡᠭ ᠴᠠᠭ ᠦᠶ᠎ᠡ ᠶᠢᠨ ᠠᠰᠠᠭᠤᠯᠲᠠ ᠳᠤ ᠬᠦᠨᠵᠡᠭᠡᠢ ᠬᠠᠷᠢᠭᠤᠯᠳᠠ ᠦᠭᠴᠦ᠂ ᠳᠡᠯᠡᠬᠡᠶ ᠶᠢᠷᠲᠢᠨᠴᠦ ᠬᠡᠷᠬᠢᠨ ᠥᠨᠢ ᠤᠳᠠᠭᠠᠨ ᠡᠩᠬᠡ ᠲᠠᠶᠢᠪᠤᠩ ᠎ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠬᠡᠳᠡᠭ ᠲᠡᠦᠬᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠴᠠᠭ ᠦᠶ᠎ᠡ ᠶᠢ ᠵᠠᠭᠠᠭᠯᠠᠭᠰᠠᠨ ᠴᠢᠬᠤᠯᠠ ᠶᠡᠭᠡ ᠠᠴᠢ ᠬᠤᠯᠪᠣᠭᠳᠠᠯ ᠲᠠᠢ᠃ 《 ᠮᠠᠨ ᠤ ᠦᠢᠯᠡᠰ ᠪᠣᠯ ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠦᠢᠯᠡᠰ ᠮᠥᠨ᠃ ᠳᠡᠯᠡᠬᠡᠶ ᠨᠡᠶᠢᠲᠡ ᠪᠠᠷ ᠢᠶᠠᠨ ᠡᠳᠦᠷ ᠢᠷᠡᠬᠦᠶ᠎ᠡ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠶ ᠬᠤᠪᠢ ᠵᠠᠶᠠᠭᠠᠨ ᠤ ᠬᠠᠮᠲᠤ ᠎ ᠶᠢᠨ ᠴᠣᠭᠴᠠ ᠪᠣᠯᠵᠤ ᠪᠠᠶᠢᠨ᠎ᠠ 》᠂ ᠡᠨᠡ ᠪᠣᠯ 2012 ᠣᠨ ᠤ 12 ᠰᠠᠷ᠎ᠠ ᠶᠢᠨ 5᠎ ᠤ ᠡᠳᠦᠷ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠳᠠᠷᠠᠭ᠎ᠠ ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠤᠯᠤᠰ ᠲᠤ ᠠᠵᠢᠯᠯᠠᠵᠤ ᠪᠠᠶᠢᠭ᠎ᠠ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠲᠥᠯᠥᠭᠡᠯᠡᠭᠴᠢᠳ ᠲᠠᠢ ᠶᠠᠷᠢᠯᠴᠠᠬᠤ ᠳᠠᠭᠠᠨ ᠭᠠᠷᠭᠠᠭᠰᠠᠨ ᠴᠢᠬᠤᠯᠠ ᠮᠠᠭᠠᠳᠯᠠᠯᠲᠠ ᠮᠥᠨ︔ 《 ᠡᠨᠡ ᠳᠡᠯᠡᠬᠡᠢ ᠶᠢᠷᠲᠢᠨᠴᠦ ᠳᠤ᠂ ᠡᠯ᠎ᠡ ᠤᠯᠤᠰ ᠤᠨ ᠬᠠᠷᠢᠯᠴᠠᠨ ᠬᠤᠯᠪᠣᠯᠳᠤᠵᠤ᠂ ᠬᠠᠷᠢᠯᠴᠠᠨ ᠲᠦᠰᠢᠯᠴᠡᠬᠦ ᠬᠡᠮᠵᠢᠶ᠎ᠡ ᠤᠷᠢᠳ ᠡᠮᠦᠨ᠎ᠡ ᠪᠠᠶᠢᠭ᠎ᠠ ᠦᠭᠡᠢ ᠭᠦᠨᠵᠡᠭᠡᠶᠢᠷᠡᠵᠦ᠂ ᠬᠥᠮᠦᠨ ᠲᠥᠷᠥᠯᠬᠢᠲᠡᠨ ᠨᠢᠭᠡ ᠯᠡ ᠳᠡᠯᠡᠬᠡᠢ ᠶᠢᠨ ᠪᠥᠮᠪᠥᠷᠴᠡᠭ ᠤᠨ ᠲᠣᠰᠬᠤᠨ ᠳᠤ ᠠᠮᠢᠳᠤᠷᠠᠵᠤ᠂ ᠲᠡᠦᠬᠡ ᠪᠠ ᠪᠣᠳᠠᠲᠤ ᠠᠬᠤᠢ ᠰᠣᠯᠪᠢᠴᠠᠭᠰᠠᠨ ᠨᠢᠭᠡ ᠯᠡ ᠴᠠᠭ ᠣᠷᠣᠨ ᠵᠠᠢ ᠳᠤ ᠠᠮᠢᠳᠤᠷᠠᠵᠤ᠂ ᠤᠯᠠᠮ ᠢᠶᠠᠷ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠶ ᠬᠤᠪᠢ ᠵᠠᠶᠠᠭᠠᠨ ᠤ ᠬᠠᠮᠲᠤ ᠶᠢᠨ ᠴᠣᠭᠴᠠ ᠪᠤᠯᠬᠤ ᠪᠠᠶᠢᠨ᠎ᠠ 》 ᠬᠡᠳᠡᠭ ᠪᠣᠯ 2013 ᠣᠨ ᠤ 3 ᠰᠠᠷ᠎ᠠ ᠶᠢᠨ 23᠎ ᠤ ᠡᠳᠦᠷ ᠲᠡᠷᠢᠭᠦᠯᠡᠭᠴᠢ ᠰᠢ ᠶᠢᠨ ᠫᠢᠩ ᠤᠨ ᠮᠣᠰᠺᠸᠠ ᠶᠢᠨ ᠤᠯᠠᠨ ᠤᠯᠤᠰ ᠤᠨ ᠬᠠᠷᠢᠴᠠᠭᠠᠨ ᠤ ᠳᠡᠭᠡᠳᠦ ᠰᠤᠷᠭᠠᠭᠤᠯᠢ ᠳᠤ ᠶᠠᠷᠢᠶ᠎ᠠ ᠲᠠᠯᠪᠢᠬᠤ ᠳᠠᠭᠠᠨ ᠲᠣᠳᠣᠷᠬᠠᠶᠢᠯᠠᠨ ᠦᠬᠦᠯᠡᠭᠰᠡᠨ ᠴᠢᠬᠤᠯᠠ ᠶᠡᠭᠡ ᠨᠤᠲᠠᠯᠠᠯᠲᠠ ᠪᠣᠯᠤᠨ᠎ᠠ᠃ ᠪᠥᠸᠧ ᠤᠣ ᠶᠢᠨ ᠠᠽᠢᠶ᠎ᠠ ᠲᠢᠪ ᠤᠨ ᠶᠠᠷᠢᠶᠠᠨ ᠤ ᠲᠠᠪᠴᠠᠩ ᠤᠨ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠵᠥᠪ ᠴᠢᠭᠯᠡᠯ ᠢ ᠳᠤᠷᠠᠳᠤᠭᠰᠠᠨ ᠠᠴᠠ ᠠᠪᠤᠭᠠᠳ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠪᠠᠶᠢᠭᠤᠯᠤᠭᠳᠠᠭᠰᠠᠨ 70 ᠵᠢᠯ ᠤᠨ ᠤᠢ ᠶᠢᠨ ᠲᠦᠷᠦᠭᠦᠴᠦᠳ ᠤᠨ ᠰᠢᠷᠢᠰ ᠬᠤᠷᠠᠯ ᠳᠡᠭᠡᠷ᠎ᠡ ᠬᠥᠮᠦᠨ ᠲᠥᠷᠥᠯᠬᠢᠲᠡᠨ ᠎ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠭᠤᠣᠯ ᠠᠭᠤᠯᠭ᠎ᠠ ᠶᠢ ᠦᠬᠦᠯᠡᠬᠦ ᠬᠦᠷᠲᠡᠯ᠎ᠡ︔ ᠤᠳᠤᠷᠢᠳᠬᠤ ᠬᠥᠮᠦᠰ ᠤᠨ ᠠᠭᠤᠷ ᠠᠮᠢᠰᠬᠤᠯ ᠤᠨ ᠲᠦᠷᠦᠭᠦᠴᠦᠳ ᠤᠨ ᠬᠤᠷᠠᠯ ᠳᠡᠭᠡᠷ᠎ᠡ᠂ ᠬᠥᠮᠦᠨ ᠪᠣᠯᠤᠨ ᠪᠠᠶᠢᠭᠠᠯᠢ ᠶᠢᠨ ᠠᠮᠢ ᠨᠠᠰᠤᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠳᠤᠷᠠᠳᠤᠭᠰᠠᠨ ᠠᠴᠠ ᠠᠪᠤᠭᠠᠳ ᠪᠦᠬᠦ ᠪᠥᠮᠪᠥᠷᠴᠡᠭ ᠤᠨ ᠡᠷᠡᠭᠦᠯ ᠮᠡᠨᠳᠦ ᠶᠢᠨ ᠲᠦᠷᠦᠭᠦᠴᠦᠳ ᠤᠨ ᠬᠤᠷᠠᠯ ᠲᠡᠭᠡᠷ᠎ᠡ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠰᠠᠨᠠᠭᠠᠴᠢᠯᠠᠬᠤ ᠬᠦᠷᠳᠡᠯ᠎ᠡ︔ 《 ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ 》 ᠎ ᠶᠢᠨ ᠭᠡᠷᠡᠲᠦ ᠲᠠᠯ᠎ᠠ ᠶᠢᠨ ᠠᠷᠪᠠᠨ ᠲᠠᠪᠤᠳᠤᠭᠠᠷ ᠤᠳᠠᠭᠠᠨ ᠤ ᠶᠡᠭᠡ ᠬᠤᠷᠠᠯ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠡᠭᠡᠷ᠎ᠡ ᠳᠡᠯᠡᠬᠡᠶ ᠶᠢᠨ ᠪᠥᠮᠪᠥᠷᠴᠡᠭ ᠤᠨ ᠠᠮᠢ ᠨᠠᠰᠤᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠤᠷᠢᠶᠠᠯᠠᠬᠰᠠᠨ ᠠᠴᠠ ᠠᠪᠤᠭᠠᠳ ᠬᠤᠶᠠᠳᠤᠭᠠᠷ ᠬᠤᠭᠤᠴᠠᠭᠠᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠪᠥᠬᠦ ᠪᠥᠮᠪᠥᠷᠴᠡᠭ ᠤᠨ ᠦᠷᠭᠦᠯᠵᠢᠯᠡᠬᠦ ᠵᠠᠮ ᠬᠠᠷᠢᠯᠴᠠᠭᠠᠨ ᠤ ᠶᠡᠭᠡ ᠬᠤᠷᠠᠯ ᠳᠡᠭᠡᠷ᠎ᠡ ᠪᠦᠬᠦ ᠪᠥᠮᠪᠥᠷᠴᠡᠭ ᠤᠨ ᠬᠥᠭᠵᠢᠯᠲᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠲᠠᠶᠢᠯᠪᠤᠷᠢᠯᠠᠬᠤ ᠬᠦᠷᠳᠡᠯ᠎ᠡ ᠁ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠭᠦᠨ ᠭᠦᠨᠵᠡᠭᠡᠶ ᠦᠬᠦᠯᠡᠵᠦ᠂ ᠴᠢᠩᠭ᠎ᠠ ᠲᠠᠭᠤᠨ ᠢᠶᠠᠷ ᠲᠤᠩᠬᠠᠬᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠠᠭ ᠦᠶ᠎ᠡ ᠶᠢᠨ ᠠᠬᠤᠶ ᠪᠠᠶᠢᠳᠠᠯ᠂ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ ᠪᠠ ᠪᠡᠶᠡᠯᠡᠭᠦᠯᠬᠦ ᠠᠷᠭ᠎ᠠ ᠵᠠᠮ ᠢ ᠭᠦᠨᠵᠡᠭᠡᠶ ᠲᠠᠶᠢᠯᠪᠤᠷᠢᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠣᠨᠣᠯ ᠪᠠ ᠦᠶᠯᠡᠳᠦᠯᠭᠡ ᠶᠢᠨ ᠰᠢᠨ᠎ᠡ ᠶᠢ ᠡᠭᠦᠳᠬᠦ ᠶᠢ ᠬᠥᠲᠥᠯᠥᠨ ᠲᠠᠭᠠᠭᠤᠯᠵᠤ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ᠂ ᠦᠷᠭᠦᠯᠵᠢᠯᠡᠨ ᠴᠡᠴᠡᠭᠯᠡᠨ ᠬᠥᠭᠵᠢᠬᠦ᠂ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠵᠢᠷᠤᠭ ᠲᠥᠰᠦᠪ ᠢ ᠵᠢᠷᠤᠬᠯᠠᠵᠤ᠂ ᠭᠠᠷᠮᠠᠭᠠᠶ ᠤᠯᠤᠰ ᠲᠥᠷᠥᠴᠢᠨ ᠪᠠ ᠪᠠᠶᠢᠯᠳᠤᠬᠤ ᠪᠣᠳᠣᠯᠭᠠᠲᠠᠨ ᠤ ᠥᠷᠭᠡᠨ ᠬᠠᠷᠠᠭ᠎ᠠ ᠪᠠ ᠠᠭᠤᠳᠠᠮ ᠪᠠᠭᠲᠠᠭᠠᠮᠵᠢ ᠶᠢ ᠢᠯᠡᠷᠡᠭᠦᠯᠵᠦ᠂ ᠲᠣᠮᠣ ᠨᠠᠮ ᠲᠣᠮᠣ ᠤᠯᠤᠰ ᠤᠨ ᠤᠳᠤᠷᠢᠳᠤᠭᠴᠢ ᠶᠢᠨ ᠳᠡᠯᠡᠬᠡᠶ ᠳ᠋ᠠᠬᠢᠨ ᠤ ᠬᠠᠶᠢᠷ᠎ᠠ ᠰᠡᠳᠬᠢᠯᠭᠡ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃      ᠠᠭᠤᠤ ᠶᠡᠭᠡ ᠦᠵᠡᠯ ᠰᠠᠨᠠᠭ᠎ᠠ ᠨᠢ ᠠᠭᠤᠤ ᠶᠡᠭᠡ ᠦᠢᠯᠡᠰ ᠲᠠᠢ ᠨᠢᠭᠲᠠ ᠤᠶᠠᠯᠳᠤᠬᠰᠠᠨ ᠴᠠᠭ ᠲᠤ ᠤᠷᠢᠳ ᠡᠮᠦᠨ᠎ᠡ ᠪᠠᠶᠢᠭ᠎ᠠ ᠦᠭᠡᠢ ᠴᠤᠭ ᠪᠠᠳᠠᠷᠠᠩᠭᠤᠢ ᠠᠤᠭ᠎ᠠ ᠬᠦᠴᠦᠨ ᠢ ᠢᠯᠡᠷᠡᠭᠦᠯᠬᠦ ᠶᠢᠨ ᠬᠠᠮᠲᠤ ᠡᠨᠡ ᠬᠦ ᠴᠠᠭ ᠦᠶ᠎ᠡ ᠶᠢᠨ ᠲᠤᠮᠤ ᠠᠯᠬᠤᠮ ᠢᠶᠠᠷ ᠤᠷᠤᠭᠰᠢᠯᠠᠬᠤ ᠶᠢ ᠲᠦᠯᠬᠢᠨ ᠠᠬᠢᠭᠤᠯᠬᠤ ᠪᠣᠯᠤᠨ᠎ᠠ᠃ ︽ᠬᠠᠷᠢᠯᠴᠠᠨ ᠬᠦᠨᠳᠦᠳᠬᠡᠬᠦ᠂ ᠲᠥᠪ ᠭᠤᠣᠯᠴᠢ ᠰᠢᠳᠤᠷᠭᠤ ᠶᠣᠰᠣ ᠶᠢ ᠡᠷᠬᠢᠮᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ︾᠎ ᠶᠢ ᠰᠠᠨᠠᠭᠠᠴᠢᠯᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ ᠯᠤᠭ᠎ᠠ ᠶᠢᠨ ᠨᠥᠬᠦᠷᠰᠡᠭ ᠬᠠᠮᠲᠤᠷᠠᠯᠴᠠᠭ᠎ᠠ ᠪᠠᠨ ᠡᠷᠡᠰ ᠭᠤᠶᠢᠪᠢᠰᠢ ᠦᠭᠡᠢ ᠬᠥᠭᠵᠢᠭᠦᠯᠵᠦ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠬᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠪᠠᠷᠢᠮᠲᠠᠯᠠᠵᠤ᠂ ᠤᠯᠠᠨ ᠤᠯᠤᠰ ᠤᠨ ᠬᠠᠷᠢᠴᠠᠭᠠᠨ ᠤ ᠠᠷᠠᠳᠴᠢᠯᠠᠯᠲᠠ ᠶᠢ ᠰᠠᠨᠠᠭᠠᠴᠢᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠵᠢᠷᠤᠮ ᠢ ᠬᠠᠮᠠᠭᠠᠯᠠᠵᠤ᠂ ᠤᠯᠠᠨ ᠲᠠᠯᠠᠲᠤ ᠦᠵᠡᠯ ᠪᠠ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ︔ ︽ᠲᠣᠷᠭᠠᠨ ᠵᠠᠮ ᠤᠨ ᠠᠵᠤ ᠠᠬᠤᠶ ᠶᠢᠨ ᠪᠦᠰᠡ︾ ᠪᠠ ︽21 ᠳ᠋ᠤᠭᠡᠷ ᠵᠠᠭᠤᠨ ᠤ ᠲᠡᠯᠡᠶ ᠳᠡᠭᠡᠷᠡᠬᠢ ᠲᠣᠷᠭᠠᠨ ᠵᠠᠮ︾᠎ ᠤᠨ ᠴᠢᠬᠤᠯᠠ ᠶᠡᠭᠡ ᠰᠠᠨᠠᠭᠠᠴᠢᠯᠠᠭ᠎ᠠ ᠶᠢ ᠨᠡᠶᠢᠲᠡᠯᠡᠵᠦ᠂ ᠬᠤᠶᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾᠎ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠡᠷᠭᠢᠯᠡᠵᠦ᠂ 141 ᠤᠯᠤᠰ ᠪᠠ 32 ᠣᠯᠠᠨ ᠤᠯᠤᠰ ᠤᠨ ᠵᠣᠬᠢᠶᠠᠨ ᠪᠠᠶᠢᠭᠤᠯᠤᠯᠲᠠ ︽ᠨᠢᠭᠡ ᠪᠦᠰᠡ ᠨᠢᠭᠡ ᠵᠠᠮ︾᠎ ᠤᠨ ᠲᠣᠮᠣ ᠬᠡᠷ ᠪᠦᠯᠢ ᠳᠤ ᠣᠷᠣᠵᠤ᠂ ︽ᠨᠢᠭᠡ ᠪᠦᠰᠡ ᠨᠢᠭᠡ ᠵᠠᠮ︾᠎ ᠤᠨ ᠪᠥᠲᠥᠭᠡᠨ ᠪᠠᠶᠢᠭᠤᠯᠤᠯᠲᠠ ᠨᠢ ᠰᠠᠨᠠᠭᠠᠴᠢᠯᠠᠭ᠎ᠠ ᠠᠴᠠ ᠪᠠᠨ ᠪᠣᠳᠠᠲᠤ ᠠᠬᠤᠶ ᠪᠣᠯᠤᠨ ᠬᠤᠪᠢᠷᠠᠵᠤ᠂ ︽ᠪᠦᠳᠦᠭᠦᠪᠴᠢ ᠰᠠᠨᠠᠭ᠎ᠠ︾᠎ ᠠᠴᠠ ︽ᠨᠠᠷᠢᠯᠢᠭ ᠵᠢᠷᠤᠬᠯᠠᠯ︾᠎ ᠳᠤ ᠠᠯᠬᠤᠨ ᠣᠷᠣᠪᠠ︔ ︽ᠠᠵᠤ ᠠᠬᠤᠢ ᠶᠢᠨ ᠳᠡᠯᠡᠬᠡᠶᠢᠵᠢᠯᠲᠡ ᠶᠢᠨ ᠠᠬᠢᠴᠠ ᠶᠢ ᠨᠡᠩ ᠠᠮᠢᠵᠢᠷᠠᠯ ᠤᠨ ᠬᠦᠴᠦᠨ ᠲᠠᠢ᠂ ᠨᠡᠩ ᠪᠠᠭᠲᠠᠭᠠᠮᠵᠢᠲᠠᠢ᠂ ᠨᠡᠩ ᠦᠷᠭᠦᠯᠵᠢᠯᠡᠬᠦ ᠴᠢᠨᠠᠷᠲᠠᠢ ᠪᠣᠯᠭᠠᠨ᠎ᠠ︾ ᠭᠡᠵᠦ ᠴᠢᠬᠤᠯᠠᠴᠢᠯᠠᠵᠤ᠂ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠬᠡᠷᠡᠭᠯᠡᠭᠴᠢᠳ ᠤᠨ ᠦᠵᠡᠰᠬᠦᠯᠡᠩ ᠤᠨ ᠴᠤᠭᠯᠠᠭᠠᠨ ᠵᠡᠷᠭᠡ ᠠᠵᠤ ᠠᠬᠤᠢ ᠠᠷᠠᠯᠵᠢᠶᠠᠨ ᠤ ᠦᠪᠡᠳᠡᠭᠰᠢ ᠴᠤᠭᠯᠠᠭᠠᠨ ᠦᠪᠡᠳᠡᠭᠰᠢ ᠶᠡᠭᠡ ᠪᠠᠷ ᠶᠠᠪᠤᠭᠳᠠᠵᠤ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ ᠬᠠᠩᠵᠧᠦ ᠶᠢᠨ ᠲᠦᠷᠦᠭᠦᠴᠦᠳ ᠤᠨ ᠬᠤᠷᠠᠯ᠂ ᠪᠡᠭᠡᠵᠢᠩ ᠤᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠵᠤ᠂ ᠳᠤᠮᠳᠠᠳᠤ ᠤᠯᠤᠰ ᠤᠨ ᠨᠡᠬᠡᠬᠡᠯᠳᠡ ᠬᠢᠬᠦ ᠡᠭᠦᠳᠡ ᠶᠠᠪᠤᠬᠤ ᠳᠤᠳᠤᠮ ᠥᠷᠭᠡᠵᠢᠪᠡ ︔ ︽ᠸᠢᠷᠦ᠋ᠰ ᠲᠤ ᠤᠯᠤᠰ ᠤᠨ ᠵᠠᠭᠠᠭ ᠭᠡᠵᠦ ᠪᠠᠶᠢᠬᠤ ᠦᠭᠡᠢ᠂ ᠠᠷᠠᠰᠤᠳᠠᠨ ᠶᠠᠰᠤᠳᠠᠨ ᠢ ᠢᠯᠭᠠᠬᠤ ᠦᠭᠡᠢ ᠪᠠᠶᠢᠬᠤ ᠪᠣᠯ ᠪᠦᠬᠦ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ ᠥᠷᠢᠰᠥᠯᠳᠦᠭᠡᠨ ᠪᠣᠯᠤᠨ᠎ᠠ᠂ ᠳᠡᠯᠡᠬᠡᠢ ᠨᠡᠶᠢᠭᠡᠮ ᠢᠶᠠᠷ ᠢᠶᠠᠨ ᠬᠠᠮᠲᠤᠷᠠᠯ ᠤᠨ ᠬᠦᠴᠦᠨ ᠢ ᠪᠦᠷᠢᠯᠳᠦᠭᠦᠯᠪᠡᠯ ᠰᠠᠶ᠋ᠢ ᠢᠯᠠᠵᠤ ᠴᠢᠳᠠᠨ᠎ᠠ︾ ᠭᠡᠵᠦ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠳᠡᠯᠡᠬᠡᠢ ᠶᠢᠨ ᠡᠯ᠎ᠡ ᠤᠯᠤᠰ ᠲᠠᠢ ᠭᠠᠷ ᠬᠤᠯᠪᠣᠨ ᠬᠠᠮᠲᠤᠷᠠᠯᠴᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠤᠨ᠂ ᠡᠯ᠎ᠡ ᠤᠯᠤᠰ ᠯᠤᠭ᠎ᠠ ᠲᠤᠷᠰᠢᠯᠭ᠎ᠠ ᠪᠠᠨ ᠬᠠᠷᠠᠮ ᠦᠭᠡᠢ ᠬᠤᠪᠢᠶᠠᠯᠴᠠᠵᠤ᠂ ᠴᠢᠳᠠᠯ ᠤᠨ ᠢᠶᠠᠨ ᠬᠢᠷᠢ ᠪᠠᠷ ᠳᠡᠯᠡᠬᠡᠢ ᠨᠡᠶᠢᠭᠡᠮ ᠳᠤ ᠡᠳ᠋ ᠪᠣᠳᠠᠰ ᠪᠠ ᠮᠡᠷᠭᠡᠵᠢᠯ ᠤᠨ ᠳᠡᠮᠵᠢᠯᠭᠡ ᠬᠠᠩᠭᠠᠵᠤ᠂ ᠪᠦᠬᠦ ᠪᠥᠮᠪᠥᠷᠴᠡᠭ ᠤᠨ ᠬᠢᠵᠢᠭ ᠲᠠᠢ ᠲᠡᠮᠡᠴᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ︔ ︽ᠦᠷ᠎ᠡ ᠬᠤᠶᠢᠴᠢᠰ ᠲᠠᠭᠠᠨ ᠡᠯᠪᠡᠭ ᠪᠠᠶᠠᠯᠢᠭ ᠪᠣᠳᠠᠰ ᠤᠨ ᠡᠳ᠋ ᠪᠠᠶᠠᠯᠢᠭ ᠢ ᠡᠳ᠋ᠯᠡᠭᠦᠯᠬᠦ ᠮᠥᠷᠲᠡᠭᠡᠨ ᠪᠠᠰᠠ ᠤᠳᠤᠳᠤ ᠣᠭᠲᠠᠷᠭᠤᠶ ᠶᠢ ᠤᠯᠵᠤ ᠪᠠᠷᠠᠯᠠᠭᠤᠯᠵᠤ᠂ ᠬᠥᠬᠡᠮᠳᠦᠭ ᠠᠭᠤᠯᠠ ᠶᠢ ᠣᠯᠵᠤ ᠬᠠᠷᠠᠭᠤᠯᠤᠨ᠂ ᠴᠡᠴᠡᠭ ᠤᠨ ᠦᠨᠦᠷ ᠢ ᠣᠯᠵᠤ ᠦᠨᠦᠷᠲᠦᠭᠦᠯᠦᠨ᠎ᠡ︾ ᠭᠡᠵᠦ ᠳᠤᠷᠠᠳᠪᠠ᠂ ᠳᠤᠮᠳᠠᠳᠤ ᠤᠯᠤᠰ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠵᠡᠷᠭᠡ ᠣᠷᠴᠢᠨ ᠲᠣᠭᠤᠷᠢᠨ ᠤ ᠬᠠᠮᠢᠶ᠎ᠠ ᠪᠥᠬᠦᠶ ᠭᠡᠷ᠎ᠡ ᠶᠢᠨ ᠡᠭᠦᠷᠭᠡ ᠪᠠᠨ ᠦᠨᠡᠨ ᠬᠦ ᠭᠦᠢᠴᠡᠳᠭᠡᠵᠦ᠂ ᠪᠥᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢ ᠲᠡᠭᠦᠯᠳᠡᠷᠵᠢᠭᠦᠯᠦᠨ᠂ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠣᠷᠭᠢᠯ ᠬᠡᠮᠵᠢᠭᠲᠡᠯ ᠳᠤ ᠬᠦᠷᠭᠡᠭᠦ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ︔ ︽ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠪᠰᠠᠷᠳᠠᠯ ᠢ ᠢᠯᠠᠨ ᠳᠠᠪᠠᠭ᠋ᠤ᠂ ᠪᠣᠯᠪᠠᠰᠤᠨ ᠢᠶᠠᠨ ᠬᠠᠷᠢᠯᠴᠠᠨ ᠲᠣᠯᠢᠯᠠᠬᠤ ᠪᠠᠷ ᠪᠣᠯᠪᠠᠰᠤᠨ ᠤ ᠮᠥᠷᠭᠦᠯᠳᠦᠭᠡᠨ ᠢ ᠢᠯᠡᠨ ᠲᠠᠪᠠᠭ᠋ᠤ᠂ ᠪᠣᠯᠪᠠᠰᠤᠨ ᠤ ᠬᠠᠮᠲᠤ ᠪᠠᠷ ᠣᠷᠣᠰᠢᠬᠤ ᠪᠠᠷ ᠪᠣᠯᠪᠠᠰᠤᠨ ᠤ ᠳᠠᠪᠠᠭᠤᠯᠢᠭ ᠢ ᠢᠯᠡᠨ ᠲᠠᠪᠠᠭ᠋ᠤ︾᠎ ᠶᠢ ᠰᠠᠨᠠᠭᠠᠴᠢᠯᠠᠵᠤ᠂ ᠠᠽᠢᠶ᠎ᠠ ᠶᠢᠨ ᠪᠣᠯᠪᠠᠰᠤᠨ ᠤ ᠶᠠᠷᠢᠯᠴᠠᠭᠠᠨ ᠤ ᠶᠡᠭᠡ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠡᠯᠡᠬᠡᠢ ᠶᠢᠨ ᠲᠦᠷᠦ ᠶᠢᠨ ᠨᠠᠮ ᠤᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠵᠡᠷᠭᠡ ᠴᠢᠬᠤᠯᠠ ᠤᠯᠠᠨ ᠲᠠᠯᠠᠲᠤ ᠬᠤᠷᠠᠯ ᠢ ᠠᠮᠵᠢᠯᠲᠠ ᠲᠠᠢ ᠡᠷᠬᠢᠯᠡᠪᠡ᠂ ᠡᠯ᠎ᠡ ᠤᠯᠤᠰ ᠤᠨ ᠪᠣᠯᠪᠠᠰᠤᠨ ᠤ ᠰᠣᠯᠢᠯᠴᠠᠭ᠎ᠠ ᠬᠢᠭᠦ᠂ ᠬᠠᠮᠳᠤ ᠪᠠᠷ ᠬᠦᠭᠵᠢᠭᠦ ᠶᠢ ᠠᠬᠢᠭᠤᠯᠬᠤ ᠶᠢᠨ ᠲᠤᠰᠠᠳᠠ ᠰᠢᠨ᠎ᠡ ᠲᠠᠪᠴᠠᠩ ᠢ ᠴᠤᠬᠴᠠᠯᠠᠪᠠ ᠁ ᠶᠡᠷᠦᠩᠭᠡᠢ ᠱᠦᠵᠢ ᠰᠢ ᠶᠢᠨ ᠫᠢᠡᠭ ᠪᠡᠶ᠎ᠡ ᠪᠠᠷ ᠢᠶᠠᠨ ᠲᠦᠰᠦᠪᠯᠡᠵᠦ ᠪᠡᠶ᠎ᠡ ᠪᠠᠷ ᠢᠶᠠᠨ ᠲᠦᠯᠬᠢᠨ ᠠᠬᠢᠭᠤᠯᠤᠬᠰᠠᠨ ᠢᠶᠠᠷ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠬᠤᠯᠠ ᠶᠡᠭᠡ ᠰᠠᠨᠠᠭᠠᠴᠢᠯᠠᠭ᠎ᠠ ᠨᠢ ᠡᠯ᠎ᠡ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠤᠭ ᠤᠨ ᠶᠡᠭᠡ ᠨᠡᠶᠢᠲᠡ ᠶᠢᠨ ᠬᠦᠰᠡᠯ ᠢ ᠨᠢᠬᠳᠠᠷᠠᠭᠤᠯᠵᠤ᠂ ᠲᠣᠭᠲᠠᠪᠤᠷᠢ ᠦᠭᠡᠢ ᠴᠢᠨᠠᠷ ᠢᠶᠠᠷ ᠳᠦᠭᠦᠷᠦᠭᠰᠡᠨ ᠳᠡᠯᠡᠬᠡᠢ ᠶᠢᠨ ᠪᠠᠶᠢᠳᠠᠯ ᠳᠤ ᠯᠤᠲᠤ ᠶᠡᠭᠡ ᠲᠣᠭᠲᠠᠪᠤᠷᠢᠲᠤ ᠴᠢᠨᠠᠷ ᠢ ᠬᠠᠨᠭ᠍ᠭᠠᠵᠤ᠂ ᠬᠥᠮᠦᠨ ᠲᠥᠷᠥᠯᠬᠢᠲᠡᠨ ᠤ ᠨᠡᠶᠢᠭᠡᠮ ᠤᠨ ᠰᠠᠶᠢᠨ ᠰᠠᠶᠢᠬᠠᠨ ᠢᠷᠡᠭᠡᠳᠦᠶ ᠶᠢᠨ ᠲᠤᠬᠠᠶ ᠬᠥᠭᠡᠭᠡᠴᠡᠯᠳᠦᠯ ᠳᠤ ᠬᠦᠴᠦᠷᠬᠡᠭ ᠶᠡᠭᠡ ᠢᠳᠡᠪᠬᠢ ᠬᠦᠴᠦᠨ ᠨᠡᠮᠡᠷᠢᠯᠡᠵᠦ᠂ ᠪᠥᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠥᠲᠥᠭᠡᠨ ᠪᠠᠶᠢᠭᠤᠯᠤᠯᠲᠠ ᠳᠤ ᠳᠤᠮᠳᠠᠳᠤ ᠤᠯᠤᠰ ᠤᠨ ᠣᠶᠤᠨ ᠤᠬᠠᠭᠠᠨ ᠢ ᠲᠠᠰᠤᠷᠠᠯᠲᠠ ᠥᠬᠡᠶ ᠨᠡᠮᠡᠷᠢᠯᠡᠵᠦ᠂ ᠳᠤᠮᠳᠠᠳᠤ ᠤᠯᠤᠰ ᠤᠨ ᠲᠥᠰᠦᠯ ᠢ ᠬᠠᠨᠭ᠍ᠭᠠᠵᠤ᠂ ᠳᠡᠯᠡᠬᠡᠶ ᠨᠡᠶᠢᠭᠡᠮ ᠤᠨ ᠥᠨᠳᠥᠷ ᠦᠨᠡᠯᠡᠯᠲᠡ ᠪᠠ ᠬᠠᠯᠠᠭᠤᠨ ᠬᠦᠷᠢᠶᠡᠯᠡᠯ ᠢ ᠣᠯᠪᠠ᠂ ᠣᠯᠠᠨ ᠤᠳᠠᠭ᠎ᠠ ᠣᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠪᠢᠴᠢᠭ ᠮᠠᠲ᠋ᠧᠷᠢᠶᠠᠯ ᠳᠤ ᠡᠰᠢᠯᠡᠭᠳᠡᠵᠦ᠂ ᠳᠡᠯᠡᠬᠡᠶ ᠳᠡᠭᠡᠷ᠎ᠡ ᠥᠷᠭᠡᠨ ᠳᠡᠯᠭᠡᠷ ᠪᠥᠭᠡᠳ ᠠᠯᠤᠰ ᠬᠡᠳᠦ ᠶᠢᠨ ᠨᠥᠯᠥᠭᠡ ᠭᠠᠷᠭᠠᠵᠤ᠂ ᠳᠤᠮᠳᠠᠳᠤ ᠤᠯᠤᠰ ᠤᠨ ᠴᠠᠭ ᠦᠶ᠎ᠡ ᠶᠢᠨ ᠤᠷᠤᠰᠬᠠᠯ ᠪᠠ ᠬᠥᠮᠦᠨ ᠲᠥᠷᠥᠯᠬᠢᠲᠡᠨ ᠤ ᠪᠣᠯᠪᠠᠰᠤᠨ ᠳᠠᠪᠰᠢᠯᠲᠠ ᠶᠢᠨ ᠴᠢᠭᠯᠡᠯ ᠢ ᠬᠥᠲᠥᠯᠥᠨ ᠳᠠᠭᠠᠭᠤᠯᠬᠤ ᠢᠯᠡ ᠲᠣᠳᠣ ᠲᠤᠭ ᠲᠡᠮᠳᠡᠭ ᠪᠣᠯᠪᠠ᠃      ᠬᠥᠮᠦᠨ ᠲᠥᠷᠥᠯᠬᠢᠲᠡᠨ ᠤ ᠡᠩᠬᠡ ᠲᠠᠶᠢᠪᠤᠩ ᠪᠣᠯᠤᠨ ᠬᠥᠭᠵᠢᠯᠲᠡ ᠶᠢᠨ ᠦᠢᠯᠡᠰ ᠪᠣᠯ ᠡᠷᠬᠢᠮ ᠳᠡᠭᠡᠳᠦ ᠦᠢᠯᠡᠰ ᠮᠥᠨ᠂ ᠪᠠᠰᠠ ᠴᠤ ᠰᠢᠯᠭᠠᠯᠲᠠ ᠪᠠᠷ ᠳᠦᠭᠦᠷᠦᠭᠰᠡᠨ ᠦᠢᠯᠡᠰ ᠮᠥᠨ᠃ ᠥᠨᠥᠳᠦᠷ᠂ ᠬᠥᠮᠦᠨ ᠲᠥᠷᠥᠯᠬᠢᠲᠡᠨ ᠤ ᠠᠮᠢᠳᠤᠷᠠᠯ ᠤᠷᠢᠳ ᠡᠮᠦᠨ᠎ᠡ ᠪᠠᠶᠢᠭ᠎ᠠ ᠦᠭᠡᠢ ᠨᠢᠭᠲᠠ ᠬᠤᠯᠪᠣᠯᠳᠤᠵᠤ᠂ ᠲᠤᠯᠭᠠᠷᠠᠵᠤ ᠪᠠᠶᠢᠭ᠎ᠠ ᠪᠦᠬᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠤᠨ ᠲᠤᠭ᠎ᠠ ᠤᠯᠠᠨ᠂ ᠬᠡᠪᠴᠢᠶ᠎ᠡ ᠶᠡᠭᠡ᠂ ᠬᠡᠮᠵᠢᠶ᠎ᠡ ᠭᠦᠨ ᠨᠢ ᠴᠦ ᠤᠷᠢᠳ ᠡᠮᠦᠨ᠎ᠡ ᠪᠠᠶᠢᠭ᠎ᠠ ᠦᠭᠡᠢ ᠶᠤᠮ᠃ ᠵᠠᠭᠤᠨ ᠵᠢᠯ ᠤᠨ ᠬᠤᠪᠢᠰᠤᠯᠲᠠ ᠪᠣᠯᠤᠨ ᠵᠠᠭᠤᠨ ᠵᠢᠯ ᠤᠨ ᠬᠢᠵᠢᠭ ᠤᠨ ᠪᠠᠶᠢᠳᠠᠯ ᠰᠣᠯᠪᠢᠴᠠᠨ ᠳᠠᠪᠬᠤᠴᠠᠵᠤ᠂ ᠳᠡᠯᠡᠬᠡᠢ ᠶᠢᠷᠲᠢᠨᠴᠦ ᠦᠢᠮᠡᠭᠡᠨ ᠲᠡᠪᠵᠢᠶᠡᠨ ᠲᠠᠢ ᠬᠤᠪᠢᠰᠤᠯᠳᠠ ᠶᠢᠨ ᠴᠠᠭ ᠦᠶ᠎ᠡ ᠳᠤ ᠤᠷᠤᠵᠤ᠂ ᠲᠣᠭᠲᠠᠭᠤᠨ ᠪᠤᠰᠤ ᠲᠣᠭᠲᠠᠭᠠᠯᠲᠤ ᠪᠤᠰᠤ ᠴᠢᠨᠠᠷ ᠢᠯᠡᠳᠲᠡ ᠳᠡᠭᠡᠭᠰᠢᠯᠡᠪᠡ᠃ ᠬᠥᠮᠦᠨ ᠲᠥᠷᠥᠯᠬᠢᠲᠡᠨ ᠤ ᠨᠡᠶᠢᠭᠡᠮ ᠳᠤ ᠲᠤᠯᠭᠠᠷᠠᠵᠤ ᠪᠠᠶᠢᠭ᠎ᠠ ᠵᠠᠰᠠᠯᠲᠠ ᠶᠢᠨ ᠤᠯᠠᠭᠠᠨ ᠲᠤᠭ᠎ᠠ᠂ ᠢᠲᠡᠭᠡᠮᠵᠢ ᠶᠢᠨ ᠤᠯᠠᠭᠠᠨ ᠲᠤᠭ᠎ᠠ᠂ ᠬᠥᠭᠵᠢᠯᠲᠡ ᠶᠢᠨ ᠤᠯᠠᠭᠠᠨ ᠲᠤᠭ᠎ᠠ᠂ ᠡᠩᠬᠡ ᠲᠠᠶᠢᠪᠤᠩ ᠤᠨ ᠤᠯᠠᠭᠠᠨ ᠲᠤᠭ᠎ᠠ ᠨᠡᠮᠡᠭᠳᠡᠭᠰᠡᠨ ᠠᠴᠠ ᠪᠢᠰᠢ ᠬᠠᠰᠤᠭᠳᠠᠭᠰᠠᠨ ᠦᠬᠡᠢ᠂ ᠨᠡᠶᠢᠳᠡᠮ ᠤᠨ ᠠᠮᠤᠷ ᠲᠦᠪᠰᠢᠨ ᠢ ᠪᠡᠶᠡᠯᠡᠭᠦᠯᠬᠦ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠡᠭᠦᠨ ᠤ ᠬᠠᠮᠳᠤ ᠳᠡᠯᠡᠬᠡᠢ ᠶᠢᠨ ᠤᠯᠠᠨ ᠲᠦᠢᠯᠰᠢᠷᠠᠬᠤ ᠬᠠᠨᠳᠤᠰᠢ ᠦᠨᠳᠦᠰᠦᠨ ᠠᠴᠠ ᠪᠠᠨ ᠬᠤᠪᠢᠷᠠᠭᠠᠳᠤᠢ᠂ ᠠᠵᠤ ᠠᠬᠤᠢ ᠶᠢᠨ ᠳᠡᠯᠡᠬᠡᠶᠢᠵᠢᠯᠲᠡ ᠰᠢᠨ᠎ᠡ ᠤᠶᠠᠨ ᠬᠠᠳᠠᠨ ᠴᠢᠨᠠᠷ ᠢᠶᠠᠨ ᠢᠯᠡᠷᠡᠭᠦᠯᠵᠦ᠂ ᠤᠯᠠᠨ ᠲᠠᠯᠠᠲᠤ ᠦᠵᠡᠯ ᠢ ᠬᠠᠮᠠᠭᠠᠯᠠᠵᠤ᠂ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠬᠤ ᠬᠦᠰᠡᠯ ᠱᠠᠭᠠᠷᠳᠠᠯᠭ᠎ᠠ ᠨᠡᠩ ᠴᠢᠩᠭ᠎ᠠ ᠪᠣᠯᠪᠠ᠃ ᠣᠳᠣᠬᠠᠨ ᠤ ᠬᠢᠮᠤᠷᠠᠯ ᠢ ᠠᠷᠭᠠᠴᠠᠬᠤ ᠳᠤ ᠴᠤ ᠲᠡᠷᠡ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠳᠤ ᠴᠤ ᠲᠡᠷᠡ᠂ ᠬᠥᠮᠦᠨ ᠲᠥᠷᠥᠯᠬᠢᠲᠡᠨ ᠴᠥᠮ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠪᠦᠯᠬᠦᠮᠳᠡᠨ ᠬᠠᠮᠲᠤᠷᠠᠯᠴᠠᠬᠤ ᠴᠢᠬᠤᠯᠠᠲᠠᠢ ᠶᠤᠮ᠃ ᠳᠡᠯᠡᠬᠡᠢ ᠳ᠋ᠠᠬᠢᠨ ᠢ ᠬᠦᠷᠢᠶᠡᠯᠡᠪᠡᠯ ᠰᠠᠶ᠋ᠢ ᠮᠠᠷᠭᠠᠰᠢ ᠶᠢ ᠤᠭᠲᠤᠵᠤ ᠴᠢᠳᠠᠨ᠎ᠠ︔ ᠭᠠᠷ ᠬᠤᠯᠪᠣᠨ ᠬᠠᠮᠲᠤ ᠪᠠᠷ ᠤᠷᠤᠭᠰᠢᠯᠠᠪᠠᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃ ᠭᠠᠭᠴᠠ ᠬᠦ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠯᠬᠦᠮᠳᠡᠨ ᠬᠠᠮᠲᠤᠷᠠᠯᠴᠠᠬᠤ ᠵᠠᠮ ᠢᠶᠠᠷ ᠵᠠᠮᠨᠠᠪᠠᠯ ᠰᠠᠶ᠋ᠢ ᠪᠦᠬᠦ ᠪᠥᠮᠪᠥᠷᠴᠡᠭ ᠤᠨ ᠴᠢᠨᠠᠷᠲᠠᠢ ᠡᠯ᠎ᠡ ᠵᠦᠢᠯ ᠤᠨ ᠠᠰᠠᠭᠤᠳᠠᠯ ᠢ ᠭᠠᠷ ᠬᠤᠯᠪᠣᠨ ᠠᠷᠭᠠᠴᠠᠵᠤ᠂ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠵᠤ ᠴᠢᠳᠠᠨ᠎ᠠ᠃      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠄ ︽ᠰᠢᠨ᠎ᠡ ᠠᠶᠠᠨ ᠵᠠᠮ ᠳᠤ᠂ ᠪᠢᠳᠡ ᠡᠷᠬᠡᠪᠰᠢ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠬᠦᠷᠳᠡᠬᠦ ᠲᠤᠭ ᠢ ᠥᠨᠳᠥᠷ ᠮᠠᠨᠳᠤᠭᠤᠯᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠠᠬᠢᠭᠤᠯᠵᠤ᠂ ︿ᠨᠢᠭᠡ ᠪᠦᠰᠡ ᠨᠢᠭᠡ ᠵᠠᠮ﹀᠎ ᠶᠢ ᠬᠠᠮᠳᠤ ᠪᠠᠷ ᠪᠠᠶᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠬᠢᠶᠠᠯ ᠬᠠᠩᠭᠠᠬᠤ ᠬᠡᠷᠡᠭᠲᠡᠢ︾ ᠭᠡᠵᠦ ᠲᠦᠪ ᠴᠢᠩᠭ᠎ᠠ ᠪᠠᠷ ᠲᠤᠩᠬᠠᠬᠯᠠᠪᠠ᠃ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ᠂ ᠦᠷᠭᠦᠯᠵᠢᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠬᠠᠷᠢᠭᠤᠴᠠᠯᠭ᠎ᠠ ᠶᠢ ᠢᠯᠡᠷᠡᠭᠦᠯᠵᠦ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ᠂ ᠤᠯᠠᠨ ᠨᠡᠶᠢᠲᠡ ᠶᠢᠨ ᠦᠢᠯᠡᠳᠬᠦᠨ ᠬᠠᠩᠭᠠᠭᠴᠢ ᠪᠣᠯᠪᠠᠯ᠂ ᠪᠢᠳᠠ ᠯᠠᠪᠲᠠᠢ ᠡᠩᠬᠡ ᠲᠠᠶᠢᠪᠤᠩ ᠪᠣᠯᠤᠨ ᠬᠥᠭᠵᠢᠯᠲᠡ ᠶᠢᠨ ᠭᠡᠷᠡᠯ ᠬᠢᠯᠪᠠᠭ᠎ᠠ ᠪᠠᠷ ᠪᠦᠬᠦ ᠪᠥᠮᠪᠥᠷᠴᠡᠭ ᠢ ᠭᠡᠶᠢᠭᠦᠯᠵᠦ᠂ ᠲᠡᠦᠬᠡ ᠶᠢᠨ ᠬᠦᠷᠳᠤ ᠶᠢᠨ ᠭᠡᠭᠡᠨ ᠰᠠᠷᠠᠭᠤᠯ ᠬᠠᠷᠠᠯᠲᠠ ᠲᠡᠶᠢᠰᠢ ᠤᠷᠤᠭᠰᠢᠯᠠᠬᠤ ᠶᠢ ᠠᠬᠢᠭᠤᠯᠵᠤ ᠴᠢᠳᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号