ᠭᠡᠷ ᠤᠨ ᠳᠠᠰᠬᠠᠯ ᠢ ᠵᠤᠬᠢᠰᠳᠠᠢ ᠦᠯᠡᠳᠡᠬᠡᠪᠡᠯ ᠵᠤᠬᠢᠨ᠎ᠠ
ᠨᠡᠶᠢᠲᠡᠯᠡᠭᠰᠡᠨ ᠴᠠᠭ᠄
2021/3/29
      ᠰᠤᠷᠤᠭᠴᠢᠳ ᠲᠤ ᠬᠡᠷ ᠤᠨ ᠳᠠᠰᠬᠠᠯ ᠦᠯᠡᠳᠡᠬᠡᠵᠦ ᠪᠠᠶᠢᠭ᠎ᠠ ᠨᠢ ᠳᠡᠳᠡᠨ ᠤ ᠰᠤᠷᠤᠭᠰᠠᠨ ᠮᠡᠳᠡᠯᠬᠡ ᠶᠢ ᠪᠠᠳᠤᠳᠬᠠᠵᠤ᠂ ᠦᠨᠳᠦᠰᠦᠨ ᠴᠢᠳᠠᠪᠤᠷᠢ ᠶᠢ ᠨᠢ ᠦᠷᠬᠡᠳᠬᠡᠨ ᠬᠦᠭᠵᠢᠬᠦᠯᠬᠦ ᠶᠢᠨ ᠲᠦᠯᠦᠬᠡ ᠶᠤᠮ᠃ ᠬᠡᠪᠡᠴᠦ ᠰᠤᠷᠤᠭᠴᠢ ᠶᠢᠨ ᠳᠠᠰᠬᠠᠯ ᠬᠡᠳᠦ ᠠᠷᠪᠢᠳᠤᠭᠰᠠᠨ ᠠᠴᠠ ᠬᠡᠦᠬᠡᠳ ᠰᠦᠨᠢ ᠶᠢᠨ ᠠᠷᠪᠠᠨ ᠬᠤᠶᠠᠷ ᠴᠠᠭ ᠬᠦᠷᠳᠡᠯ᠎ᠡ ᠳᠠᠰᠬᠠᠯ ᠢᠶᠠᠨ ᠬᠢᠵᠦ ᠪᠠᠷᠠᠬᠤ ᠦᠬᠡᠢ᠂ ᠨᠦᠢᠷ ᠬᠠᠨᠤᠬᠤ ᠦᠬᠡᠢ᠂ ᠬᠡᠦᠬᠡᠳ ᠤᠨ ᠨᠠᠭᠠᠳᠴᠤ ᠳᠤᠭᠯᠠᠬᠤ ᠴᠠᠭ ᠶᠠᠭ ᠦᠬᠡᠢ ᠪᠤᠯᠴᠢᠬᠠᠯ᠎ᠠ ᠬᠡᠬᠦ ᠮᠡᠳᠤ ᠶᠢᠨ ᠶᠠᠷᠢᠶ᠎ᠠ ᠴᠤ ᠮᠤᠩ ᠦᠬᠡᠢ᠃ ᠡᠨᠡ ᠪᠠᠶᠢᠳᠠᠯ ᠳᠤ ᠴᠢᠭᠯᠡᠬᠦᠯᠦᠨ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢ ᠪᠠᠭᠠᠰᠬᠠᠵᠤ ᠰᠤᠷᠤᠭᠴᠢ ᠶᠢᠨ ᠳᠠᠷᠤᠭᠠᠰᠤ ᠶᠢ ᠬᠦᠩᠬᠡᠷᠡᠬᠦᠯᠬᠦ᠂ ᠪᠠᠭᠰᠢ ᠨᠠᠷ ᠳᠠᠰᠬᠠᠯ ᠳᠠᠭᠠᠭᠠᠯᠭᠠᠪᠤᠷᠢ ᠶᠢ ᠴᠢᠨᠠᠷᠯᠢᠭ ᠦᠯᠡᠳᠡᠬᠡᠬᠦ ᠳᠤᠬᠠᠢ ᠤᠳᠠᠭ᠎ᠠ ᠳᠠᠷᠠᠭᠠᠯᠠᠨ ᠴᠢᠬᠤᠯᠠᠴᠢᠯᠠᠭᠰᠠᠭᠠᠷ ᠪᠠᠶᠢᠭ᠎ᠠ ᠶᠤᠮ᠃      ᠬᠡᠷ ᠤᠨ ᠳᠠᠰᠬᠠᠯ ᠨᠢ ᠰᠤᠷᠤᠭᠴᠢᠳ ᠤᠨ ᠰᠤᠷᠤᠭᠰᠠᠨ ᠮᠡᠳᠡᠯᠬᠡ ᠪᠠᠨ ᠰᠢᠩᠬᠡᠬᠡᠵᠦ ᠪᠠᠳᠤᠳᠬᠠᠬᠤ᠂ ᠰᠡᠳᠬᠢᠨ ᠪᠤᠳᠤᠯᠬᠢᠯᠠᠬᠤ ᠴᠢᠳᠠᠪᠤᠷᠢ ᠶᠢ ᠬᠦᠭᠵᠢᠬᠦᠯᠬᠦ ᠳᠤ ᠠᠰᠢᠭᠳᠠᠢ ᠪᠠᠶᠢᠳᠠᠭ᠃ ᠰᠡᠳᠭᠢᠨ ᠪᠤᠳᠤᠯᠬᠢᠯᠠᠬᠤ ᠪᠣᠯ ᠮᠡᠳᠡᠯᠭᠡ ᠡᠵᠡᠮᠰᠢᠬᠦ ᠶᠢᠨ ᠰᠠᠭᠤᠷᠢ ᠮᠦᠨ᠃ ᠬᠢᠴᠢᠶᠡᠯ ᠤᠨ ᠴᠠᠭ ᠳᠡᠭᠡᠷᠡᠬᠢ ᠳᠠᠰᠬᠠᠯ ᠨᠢ ᠪᠠᠭᠰᠢ ᠶᠢᠨ ᠵᠢᠯᠤᠭᠤᠳᠤᠯᠭ᠎ᠠ ᠬᠠᠪᠰᠤᠷᠤᠯᠭ᠎ᠠ ᠶᠢᠨ ᠳᠣᠣᠷ᠎ᠠ ᠭᠦᠢᠴᠡᠳᠭᠡᠵᠦ ᠪᠠᠶᠢᠳᠠᠭ ᠲᠤᠯᠠ ᠰᠤᠷᠤᠭᠴᠢᠳ ᠲᠠᠷᠢᠬᠢ ᠬᠦᠳᠡᠯᠭᠡᠨ ᠰᠡᠳᠭᠢᠨ ᠪᠤᠳᠤᠯᠬᠢᠯᠠᠵᠤ᠂ ᠮᠠᠭᠠᠳᠯᠠᠨ ᠳ᠋ᠦᠩᠨᠡᠬᠦ ᠲᠠᠯ᠎ᠠ ᠪᠠᠷ ᠳᠠᠮᠠᠢ ᠠᠩᠬᠠᠷᠤᠯ ᠲᠠᠯᠪᠢᠬᠤ ᠦᠭᠡᠢ ᠪᠠᠶᠢᠳᠠᠭ᠃ ᠭᠡᠲᠡᠯ᠎ᠡ ᠭᠡᠷ ᠤᠨ ᠳᠠᠰᠬᠠᠯ ᠨᠢ ᠪᠠᠭᠰᠢ ᠪᠠ ᠬᠠᠮᠲᠦ ᠰᠤᠷᠤᠯᠭᠠᠲᠠᠨ ᠦᠭᠡᠢ ᠨᠦᠭᠦᠴᠡᠯ ᠳᠣᠣᠷ᠎ᠠ ᠪᠡᠶᠡᠯᠡᠭᠦᠯᠬᠦ ᠲᠤᠯᠠ ᠲᠡᠳᠡᠨ ᠤ ᠪᠡᠶ᠎ᠡ ᠪᠠᠨ ᠳᠠᠭᠠᠭᠠᠵᠤ ᠰᠡᠳᠭᠢᠨ ᠪᠤᠳᠤᠯᠬᠢᠯᠠᠵᠤ᠂ ᠵᠠᠳᠠᠯᠤᠨ ᠳ᠋ᠦᠩᠨᠡᠬᠦ ᠲᠠᠯ᠎ᠠ ᠳᠤ ᠰᠠᠶᠢᠨ ᠨᠦᠭᠦᠴᠡᠯ ᠢ ᠣᠯᠭᠤᠳᠠᠭ ᠲᠤᠯᠠ ᠲᠡᠳᠡᠨ ᠤ ᠮᠡᠳᠡᠯᠭᠡ ᠪᠠᠨ ᠬᠡᠷᠡᠭᠯᠡᠵᠦ ᠰᠢᠨᠵᠢᠯᠡᠬᠦ ᠪᠠ ᠡᠭᠦᠳᠦᠨ ᠪᠦᠲᠦᠭᠡᠬᠦ ᠴᠢᠳᠠᠪᠤᠷᠢ ᠶᠢ ᠬᠦᠭᠵᠢᠭᠡᠨ ᠳᠡᠭᠡᠭᠰᠢᠯᠡᠭᠦᠯᠬᠦ ᠪᠦᠬᠡᠳ ᠪᠠᠰᠠ ᠰᠡᠳᠭᠢᠬᠦ ᠴᠢᠳᠠᠪᠤᠷᠢ ᠶᠢ ᠨᠢ ᠴᠤ ᠠᠮᠢᠲᠤᠯᠢᠭᠵᠢᠭᠤᠯᠵᠤ ᠴᠢᠳᠠᠳᠠᠭ᠃ ᠬᠡᠷ ᠤᠨ ᠳᠠᠰᠬᠠᠯ ᠨᠢ ᠪᠠᠰᠠ ᠰᠤᠷᠤᠭᠴᠢᠳ ᠤᠨ ᠰᠤᠷᠤᠭᠰᠠᠨ ᠮᠡᠳᠡᠯᠬᠡ ᠪᠠᠨ ᠬᠦᠨᠵᠡᠬᠡᠶᠢᠷᠡᠬᠦᠯᠬᠦ ᠳᠤ ᠠᠰᠢᠭᠳᠠᠢ ᠪᠠᠶᠢᠳᠠᠭ᠃ ᠰᠡᠳᠭᠢᠴᠡ ᠶᠢᠨ ᠵᠦᠢ ᠶᠢᠨ ᠲᠠᠯ᠎ᠠ ᠠᠴᠠ ᠴᠤ ᠰᠤᠷᠤᠭᠴᠢᠳ ᠤᠨ ᠨᠢᠭᠡ ᠡᠳᠦᠷ ᠤᠨ ᠣᠶᠤᠨ ᠤ ᠠᠵᠢᠯᠯᠠᠬᠤ ᠴᠢᠳᠠᠪᠤᠷᠢ ᠨᠢ ᠣᠷᠣᠢ ᠪᠣᠯᠬᠤ ᠳᠤ ᠣᠷᠭᠢᠯ ᠳᠠᠭᠠᠨ ᠲᠤᠯᠵᠦ᠂ ᠶᠡᠭᠡ ᠲᠠᠷᠢᠬᠢᠨ ᠤ ᠠᠵᠢᠯᠯᠠᠬᠤ ᠴᠢᠳᠠᠪᠤᠷᠢ ᠨᠢ ᠴᠤ ᠶᠡᠭᠡ ᠪᠠᠷ ᠨᠡᠮᠡᠭᠳᠡᠭᠰᠡᠨ ᠪᠠᠶᠢᠳᠠᠭ᠃ ᠶᠠᠭ ᠡᠨᠡ ᠦᠶ᠎ᠡ ᠳᠤ ᠰᠤᠷᠤᠭᠴᠢᠳ ᠬᠡᠷᠪᠡ ᠪᠡᠶ᠎ᠡ ᠪᠠᠨ ᠳᠠᠭᠠᠭᠠᠵᠤ ᠳᠠᠰᠬᠠᠯ ᠳᠠᠭᠠᠭᠠᠯᠭᠠᠪᠤᠷᠢ ᠪᠠᠨ ᠨᠠᠷᠢᠯᠢᠭ ᠰᠠᠶᠢᠬᠠᠨ ᠬᠢᠳᠡᠭ ᠲᠤ ᠬᠦᠷᠪᠡᠯ ᠲᠡᠳᠡᠨ ᠤ ᠮᠡᠳᠡᠯᠭᠡ ᠶᠢ ᠬᠤᠷᠢᠶᠠᠨ ᠬᠠᠳᠠᠭᠠᠯᠠᠬᠤ ᠳᠤ ᠲᠤᠩ ᠶᠡᠭᠡ ᠠᠰᠢᠭᠲᠠᠢ ᠪᠠᠶᠢᠳᠠᠭ᠃      ᠬᠡᠷ ᠤᠨ ᠳᠠᠰᠬᠠᠯ ᠠᠴᠠ ᠪᠠᠭᠰᠢ ᠪᠠ ᠬᠡᠷ ᠤᠨ ᠠᠬᠠᠮᠠᠳ ᠬᠡᠦᠬᠡᠳ ᠤᠨ ᠢᠶᠠᠨ ᠰᠤᠷᠤᠭᠰᠠᠨ ᠮᠡᠳᠡᠯᠬᠡ ᠪᠠᠨ ᠬᠢᠷᠢ ᠵᠡᠷᠬᠡ ᠡᠵᠡᠮᠰᠢᠵᠤ ᠪᠠᠶᠢᠭ᠎ᠠ ᠶᠢ ᠤᠢᠢᠯᠠᠭᠠᠳᠠᠭ᠃ ᠡᠶᠢᠮᠦ ᠠᠴᠠ ᠡᠯ᠎ᠠ ᠬᠢᠴᠢᠶᠡᠯ ᠲᠦᠷᠦᠯ ᠤᠨ ᠪᠠᠭᠰᠢ ᠨᠠᠷ ᠳᠠᠰᠬᠠᠯ ᠦᠯᠡᠳᠡᠬᠡᠬᠦ ᠳᠡᠭᠡᠨ ᠰᠤᠷᠤᠭᠴᠢ ᠶᠢᠨ ᠪᠠᠶᠢᠳᠠᠯ ᠳᠤ ᠳᠤᠬᠢᠷᠠᠭᠤᠯᠵᠤ ᠴᠢᠨᠠᠷᠯᠢᠭ ᠦᠯᠡᠳᠡᠬᠡᠬᠦ ᠳᠠᠯ᠎ᠠ ᠪᠠᠷ ᠢᠯᠡᠬᠦᠬᠡᠨ ᠰᠡᠳᠬᠢᠨ ᠪᠤᠳᠤᠯᠬᠢᠯᠠᠪᠠᠯ ᠵᠤᠬᠢᠰᠳᠠᠢ᠃ ᠦᠯᠡᠳᠡᠬᠡᠭᠰᠡᠨ ᠳᠠᠰᠬᠠᠯ ᠨᠢ ᠰᠤᠷᠤᠭᠰᠠᠨ ᠮᠡᠳᠡᠯᠬᠡ ᠪᠠᠨ ᠡᠵᠡᠮᠰᠢᠵᠦ ᠪᠠᠳᠤᠳᠬᠠᠬᠤ ᠳᠤ ᠠᠰᠢᠭᠳᠠᠢ ᠮᠦᠷᠳᠡᠬᠡᠨ ᠰᠤᠷᠤᠭᠴᠢ ᠶᠢᠨ ᠪᠤᠰᠤᠳ ᠴᠢᠳᠠᠪᠤᠷᠢ ᠶᠢ ᠡᠵᠡᠮᠰᠢᠬᠦ ᠳᠤ ᠠᠴᠢ ᠳᠤᠰᠠ ᠲᠠᠢ᠂ ᠰᠤᠷᠤᠭᠴᠢ ᠶᠢᠨ ᠳᠤᠷ᠎ᠠ ᠪᠠᠬ᠎ᠠ ᠶᠢ ᠬᠦᠮᠦᠵᠢᠬᠦᠯᠬᠦ᠂ ᠰᠤᠷᠤᠭᠴᠢ ᠶᠢᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠠᠰᠢᠭᠳᠠᠢ ᠳᠠᠰᠬᠠᠯ ᠢ ᠰᠦᠪᠡᠭᠴᠢᠯᠡᠨ ᠦᠯᠡᠳᠡᠬᠡᠪᠡᠯ ᠨᠡᠩ ᠰᠠᠶᠢᠨ ᠦᠷ᠎ᠠ ᠪᠦᠳᠦᠮᠵᠢ ᠳᠤ ᠬᠦᠷᠴᠦ ᠴᠢᠳᠠᠬᠤ ᠶᠤᠮ᠃ ᠠᠩᠬᠠᠷᠤᠭᠤᠰᠢᠳᠠᠢ ᠨᠢ ᠳᠠᠰᠬᠠᠯ ᠤᠨ ᠬᠡᠮᠵᠢᠶ᠎ᠠ ᠶᠢ ᠵᠤᠬᠢᠰᠳᠠᠢ ᠪᠠᠶᠢᠯᠭᠠᠵᠤ᠂ ᠰᠤᠷᠤᠬᠴᠢᠳ ᠤᠨ ᠲᠠᠰᠬᠠᠯ ᠨᠢ ᠬᠡᠷ ᠤᠨ ᠠᠬᠠᠮᠠᠳ ᠤᠨ ᠳᠠᠰᠬᠠᠯ ᠪᠤᠯᠬᠤ ᠠᠴᠠ ᠵᠠᠶᠢᠯᠠᠰᠬᠢᠵᠤ᠂ ᠪᠠᠭᠰᠢ ᠪᠠ ᠭᠡᠷ ᠤᠨ ᠠᠬᠠᠮᠠᠳ ᠤᠨ ᠠᠵᠢᠯ ᠤᠨ ᠬᠤᠪᠢᠶᠠᠷᠢᠯᠠᠯᠲᠠ ᠶᠢ ᠲᠣᠳᠤᠷᠬᠠᠢ ᠪᠠᠶᠢᠯᠭᠠᠪᠠᠯ ᠲᠠᠭᠠᠷᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号