2021 ᠤᠨ ᠤ ᠬᠡᠰᠢᠭᠲᠡᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ︵ᠨᠢᠭᠡ︶
ᠨᠡᠶᠢᠲᠡᠯᠡᠭᠰᠡᠨ ᠴᠠᠭ᠄
2021/4/20
     —2021 ᠣᠨ ᠤ 3 ᠰᠠᠷ᠎ᠠ ᠶᠢᠨ 10᠎ ᠤ ᠡᠳᠦᠷ ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ      ᠬᠡᠰᠢᠭᠲᠡᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ  ᠲᠦᠮᠡᠨᠪᠠᠶᠠᠷᠲᠥᠯᠥᠭᠡᠯᠡᠭᠴᠢᠳ ᠡ᠄      ᠪᠢ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      2020 ᠣᠨ ᠤ ᠭᠤᠣᠯ ᠪᠣᠯᠬᠤ ᠠᠵᠢᠯ      2020 ᠣᠨ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠣᠳᠠᠳᠣ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠵᠢᠭᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠲᠥᠷᠥᠯ ᠤᠨ ᠡᠷᠬᠡ ᠲᠤᠰᠢᠶᠠᠯ ᠢᠶᠠᠨ ᠬᠢᠨᠠᠮᠠᠭᠠᠶ ᠭᠦᠢᠴᠡᠳᠬᠡᠵᠦ᠂ ᠡᠯ᠎ᠡ ᠲᠥᠷᠥᠯ ᠤᠨ ᠠᠵᠢᠯ ᠨᠢ ᠰᠢᠨ᠎ᠡ ᠠᠬᠢᠯᠲᠠ᠂ ᠰᠢᠨ᠎ᠡ ᠦᠷ᠎ᠡ ᠪᠦᠲᠦᠮᠵᠢ ᠣᠯᠪᠠ᠃ ᠪᠦᠬᠦ ᠵᠢᠯ ᠳᠤ ᠪᠠᠶᠢᠩᠭᠤ ᠎ ᠶᠢᠨ ᠬᠤᠷᠢᠶ᠎ᠠ ᠶᠢᠨ ᠬᠤᠷᠠᠯ ᠢ ᠨᠡᠶᠢᠲᠡ 7 ᠤᠳᠠᠭ᠎ᠠ᠂ ᠡᠷᠬᠢᠯᠡᠭᠴᠢ ᠶᠢᠨ ᠬᠤᠷᠠᠯ ᠢ 9 ᠤᠳᠠᠭ᠎ᠠ ᠬᠤᠷᠠᠯᠳᠤᠭᠤᠯᠵᠤ᠂ ᠪᠠᠶᠢᠴᠠᠭᠠᠨ ᠦᠵᠡᠬᠦ᠂ ᠪᠠᠶᠢᠴᠠᠭᠠᠨ ᠰᠤᠳᠤᠯᠬᠤ᠂ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ 3 ᠤᠳᠠᠭ᠎ᠠ ᠥᠷᠨᠢᠭᠦᠯᠵᠦ᠂ 12 ᠲᠥᠷᠥᠯ ᠤᠨ ᠲᠤᠰᠬᠠᠢ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ 9 ᠲᠥᠷᠥᠯ ᠤᠨ ᠲᠣᠭᠲᠠᠭᠠᠯ ᠰᠢᠢᠳᠪᠦᠷᠢ ᠭᠠᠷᠭᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠨ ᠳᠠᠩᠰᠠᠯᠠᠭᠤᠯᠤᠭᠰᠠᠨ 3 ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃      ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠪᠡ      ᠨᠠᠮ ᠤᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠨᠠᠮ ᠤᠨ ᠤᠳᠤᠷᠢᠳᠤᠯᠭ᠎ᠠ ᠳᠣᠤᠷᠠᠬᠢ ᠴᠢᠬᠤᠯᠠ ᠤᠯᠤᠰ ᠲᠥᠷᠥ ᠶᠢᠨ ᠪᠠᠶᠢᠭᠤᠯᠤᠯᠭ᠎ᠠ ᠪᠣᠯᠬᠤ ᠶᠢ ᠢᠮᠠᠭᠲᠠ ᠪᠠᠲᠤ ᠴᠡᠭᠡᠵᠢᠯᠡᠵᠦ᠂ ︽ᠳᠥᠷᠪᠡᠨ ᠤᠬᠠᠮᠰᠠᠷ︾᠎ ᠢᠶᠠᠨ ᠲᠠᠰᠤᠷᠠᠯᠲᠠ ᠥᠬᠡᠶ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠲᠥᠷᠥ᠂ ᠦᠶᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠵᠢᠪᠡ᠃ ᠨᠠᠮ ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠶᠠᠪᠤᠳᠠᠯ᠂ ᠴᠢᠬᠤᠯᠠ ᠶᠡᠭᠡ ᠠᠵᠢᠯ ᠢ ᠴᠠᠭ ᠲᠤᠬᠠᠢ ᠳᠤᠨᠢ ᠬᠤᠰᠢᠭᠤᠨ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠥᠷᠥᠯ ᠤᠨ ᠠᠵᠢᠯ ᠨᠢ ᠬᠤᠰᠢᠭᠤᠨ ᠤ ᠨᠠᠮ ᠤᠨ ᠬᠤᠷᠢᠶ᠎ᠠ ᠶᠢᠨ ᠴᠢᠭᠯᠡᠯ᠂ ᠬᠠᠷᠠᠯᠲᠠ ᠲᠠᠢ ᠨᠢᠭᠡᠳᠦᠯᠲᠡᠢ ᠳᠤ ᠪᠠᠶᠢᠬᠤ ᠶᠢ ᠪᠠᠲᠤᠯᠠᠪᠠ᠃      ᠳᠡᠭᠡᠳᠦ ᠱᠠᠲᠤᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠬᠤᠷᠠᠯᠳᠤᠭᠤᠯᠤᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯᠳᠤᠭᠠᠨ ᠠᠴᠠ ︽ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ ᠰᠠᠢᠵᠢᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ ᠶᠢᠨ ᠬᠡᠷᠡᠭᠵᠢᠭᠦᠯᠬᠦ ᠰᠠᠨᠠᠯ︾᠎ ᠢ ᠨᠡᠶᠢᠲᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠰᠢᠨ᠎ᠡ ᠱᠠᠭᠠᠷᠳᠠᠯᠭ᠎ᠠ᠂ ᠰᠢᠨ᠎ᠡ ᠡᠭᠦᠷᠭᠡ ᠳᠤᠷᠠᠳᠴᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠠᠷᠠᠯᠲᠠ ᠶᠢ ᠲᠣᠳᠣᠷᠬᠠᠢᠯᠠᠵᠤ᠂ ᠴᠢᠭᠯᠡᠯ ᠢ ᠲᠣᠳᠣᠷᠬᠠᠢ ᠵᠢᠭᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠬᠤᠷᠠᠯ ᠤᠨ ᠵᠣᠷᠢᠭ ᠰᠠᠨᠠᠭ᠎ᠠ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠰᠠᠶᠢᠲᠤᠷ ᠠᠳᠬᠤᠵᠤ᠂ ᠨᠠᠮ ᠤᠨ ᠬᠤᠷᠢᠶ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ᠂ ᠬᠠᠯᠠᠮᠵᠢᠯᠠᠯ ᠳᠡᠮᠵᠢᠯᠭᠡ ᠶᠢ ᠠᠵᠢᠯ ᠢᠶᠠᠨ ᠰᠠᠶᠢᠲᠤᠷ ᠬᠢᠬᠦ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃      ᠠᠵᠢᠯᠲᠠᠨ ᠢ ᠲᠣᠮᠢᠯᠠᠵᠤ ᠣᠭᠴᠣᠷᠠᠭᠤᠯᠬᠤ ᠶᠢ ᠬᠠᠤᠯᠢ ᠶᠣᠰᠣᠭᠠᠷ ᠥᠷᠨᠢᠭᠦᠯᠪᠡ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠲᠤᠰᠢᠶᠠᠯ ᠎ ᠳᠤ ᠲᠣᠮᠢᠯᠠᠵᠤ ᠲᠤᠰᠢᠶᠠᠯ ᠠᠴᠠ ᠣᠭᠴᠣᠷᠠᠭᠤᠯᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠣᠭᠴᠣᠷᠠᠭᠤᠯᠬᠤ ᠬᠡᠷᠡᠭ ᠢ ᠰᠢᠢᠳᠪᠦᠷᠢᠯᠡᠬᠦ ᠠᠵᠢᠯ ᠤᠨ ᠲᠦᠷᠢᠮ ᠢ ᠢᠳᠡᠪᠬᠢᠲᠡᠢ ᠵᠢᠷᠤᠮᠯᠠᠨ᠂ ᠲᠤᠰᠢᠶᠠᠯ ᠳᠤ ᠲᠣᠮᠢᠯᠠᠬᠤ ᠶᠠᠷᠢᠶ᠎ᠠ᠂ ᠪᠢᠯᠧᠲ ᠢᠶᠠᠷ ᠪᠠᠲᠤᠯᠠᠨ ᠲᠤᠰᠢᠶᠠᠯ ᠳᠤ ᠲᠣᠮᠢᠯᠠᠬᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠵᠢᠷᠤᠮ ᠢ ᠴᠢᠩᠭ᠎ᠠ ᠬᠡᠷᠡᠭᠵᠢᠭᠦᠯᠵᠦ᠂ ᠲᠦᠷᠦ ᠶᠢᠨ ᠪᠠᠶᠢᠭᠤᠯᠤᠯᠭ᠎ᠠ ᠶᠢᠨ ᠠᠵᠢᠯᠳᠠᠨ ᠢ ᠬᠠᠤᠯᠢ ᠶᠣᠰᠣᠭᠠᠷ 17 ᠬᠥᠮᠦᠨ ᠤᠳᠠᠭ᠎ᠠ ᠲᠣᠮᠢᠯᠠᠵᠤ᠂ ᠲᠦᠷᠦ ᠶᠢᠨ ᠪᠠᠶᠢᠭᠤᠯᠤᠯᠭ᠎ᠠ ᠶᠢᠨ ᠠᠵᠢᠯᠳᠠᠨ ᠢ 19 ᠬᠥᠮᠦᠨ ᠤᠳᠠᠭ᠎ᠠ ᠲᠤᠰᠢᠶᠠᠯ ᠠᠴᠠ ᠣᠭᠴᠣᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠨᠢᠯᠴᠠᠭᠤᠯᠤᠭᠰᠠᠨ ᠵᠢᠱᠢᠭᠳᠡᠭᠰᠡᠳ ᠢ ᠬᠠᠤᠯᠢ ᠪᠠᠷ ᠲᠣᠭᠲᠠᠭᠠᠭᠰᠠᠨ ᠠᠯᠬᠤᠮ ᠳᠠᠷᠠᠭᠠᠯᠠᠯ ᠢᠶᠠᠷ ᠳᠠᠮᠵᠢᠭᠤᠯᠤᠨ ᠣᠷᠣᠨ ᠨᠤᠲᠤᠭ ᠤᠨ ᠲᠦᠷᠦ ᠶᠢᠨ ᠪᠠᠶᠢᠭᠤᠯᠤᠯᠭ᠎ᠠ ᠶᠢᠨ ᠠᠵᠢᠯᠳᠠᠨ᠂ ᠲᠤᠰᠢᠶᠠᠯ ᠳᠤ ᠲᠣᠮᠢᠯᠠᠭᠳᠠᠭᠰᠠᠨ ᠠᠵᠢᠯᠳᠠᠨ ᠤ ᠦᠨᠳᠦᠰᠦᠨ ᠬᠠᠤᠯᠢ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢ ᠦᠨᠡᠨ ᠬᠦ ᠪᠠᠲᠤᠯᠠᠪᠠ᠃      ᠬᠤᠶᠠᠷ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠬᠦᠴᠦᠯᠡᠨ ᠴᠢᠩᠭᠠᠳᠬᠠᠪᠠ      ᠨᠢᠭᠡ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠣᠭᠤᠷᠢᠨ ᠳᠤ ᠬᠢᠨᠠᠯᠲᠠ ᠲᠠᠯᠪᠢᠪᠠ᠃ ᠰᠢ ᠎ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠴᠢᠬᠤᠯᠠ ᠦᠵᠡᠯ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠠᠮᠢ ᠠᠬᠤᠢ ᠪᠣᠯ ᠬᠠᠮᠤᠭ ᠤᠨ ᠡᠷᠬᠢᠮ ᠨᠠᠨᠳᠢᠨ ᠵᠦᠢᠯ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠤ ᠦᠢᠯᠡᠰ ᠤᠨ ᠬᠠᠤᠯᠢ︾᠎ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠣᠭᠤᠷᠢᠨ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠵᠦ᠂ ᠵᠢᠭᠠᠰᠤᠨ ᠤ ᠦᠢᠯᠡᠰ ᠤᠨ ᠬᠠᠮᠢᠶᠠᠷᠤᠯᠲᠠ ᠶᠢᠨ ᠵᠣᠬᠢᠴᠠᠮᠵᠢ ᠎ ᠶᠢ ᠰᠢᠯᠤᠭᠤᠳᠬᠠᠬᠤ᠂ ᠪᠣᠬᠢᠷᠲᠤᠯ ᠥᠬᠡᠶ ᠠᠮᠢ ᠠᠬᠤᠶ ᠶᠢ ᠬᠥᠭᠵᠢᠭᠦᠯᠦᠨ ᠲᠡᠵᠢᠭᠡᠨ ᠦᠷᠡᠵᠢᠭᠦᠯᠬᠦ᠂ ᠵᠢᠭᠠᠰᠤᠨ ᠤ ᠦᠢᠯᠡᠰ ᠤᠨ ᠤᠰᠤᠨ ᠣᠷᠣᠨ ᠤ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠵᠡᠷᠭᠡ ᠬᠢᠨᠠᠨ ᠵᠥᠪᠯᠡᠬᠦ ᠰᠠᠨᠠᠯ ᠢ ᠳᠤᠷᠠᠳᠴᠤ᠂ ᠵᠢᠭᠠᠰᠤᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠤᠰᠤᠨ ᠣᠷᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠶ ᠦᠶᠯᠡᠳᠦᠯ ᠦᠵᠡᠭᠦᠯᠪᠡ᠃      ᠬᠤᠶᠠᠷ ᠲᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠬᠢᠨᠠᠯᠲᠠ ᠲᠠᠯᠪᠢᠪᠠ᠃ ᠲᠥᠯᠥᠪᠯᠡᠭᠡ᠂ ᠡᠳ᠋ ᠤᠨ ᠵᠠᠰᠠᠭ᠂ ᠬᠢᠨᠠᠨ ᠪᠤᠳᠤᠬᠤ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ 2019 ᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠢ ᠬᠢᠨᠠᠨ ᠪᠠᠶᠢᠴᠠᠭᠠᠵᠤ ᠵᠥᠪᠰᠢᠶᠡᠷᠡᠪᠡ᠃ ᠬᠢᠨᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠡᠳ᠋ ᠎ ᠤᠨ ᠵᠠᠰᠠᠭ ᠤᠨ ᠣᠷᠣᠯᠭ᠎ᠠ ᠶᠢ ᠵᠣᠬᠢᠶᠠᠨ ᠪᠠᠶᠢᠭᠤᠯᠬᠤ ᠡᠷᠴᠢᠮ ᠢ ᠴᠢᠩᠭᠠᠷᠠᠭᠤᠯᠬᠤ᠂ ᠲᠥᠰᠦᠪ ᠤᠨ ᠬᠠᠲᠠᠭᠤ ᠬᠢᠵᠠᠭᠠᠷᠯᠠᠯ ᠢ ᠴᠢᠩᠭᠠᠳᠬᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠵᠡᠷᠭᠡ ᠬᠢᠨᠠᠨ ᠵᠥᠪᠯᠡᠬᠦ ᠰᠠᠨᠠᠯ ᠢ ᠳᠤᠷᠠᠳᠪᠠ᠃ ᠡᠳ᠋ ᠤᠨ ᠵᠠᠰᠠᠭ ᠤᠨ ᠲᠥᠰᠦᠪ ᠤᠨ ᠭᠦᠶᠴᠡᠳᠬᠡᠯ ᠲᠤᠭ᠎ᠠ ᠳᠤ ᠲᠣᠬᠢᠷᠠᠭᠤᠯᠤᠯᠲᠠ ᠬᠢᠬᠦ ᠱᠠᠭᠠᠷᠳᠠᠯᠭ᠎ᠠ ᠲᠠᠢ ᠤᠶᠠᠯᠳᠤᠭᠤᠯᠤᠨ᠂ 2020 ᠣᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ ᠬᠢᠨᠠᠨ ᠪᠠᠶᠢᠴᠠᠭᠠᠵᠤ ᠵᠥᠪᠰᠢᠶᠡᠷᠡᠨ᠂ ᠪᠥᠬᠦ ᠬᠤᠰᠢᠭᠤᠨ ᠤ ᠡᠳ᠋ ᠤᠨ ᠵᠠᠰᠠᠭ ᠎ ᠤᠨ ᠬᠡᠪ ᠤᠨ ᠡᠷᠭᠢᠯᠲᠡ ᠶᠢ ᠪᠠᠲᠤᠯᠠᠪᠠ᠃      ᠭᠤᠷᠪᠠ ᠳᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠣᠭᠤᠷᠢᠨ ᠳᠤ ᠬᠢᠨᠠᠯᠲᠠ ᠲᠠᠯᠪᠢᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠤᠨ ᠥᠮᠴᠢᠯᠡᠯᠲᠦ ᠡᠳ᠋ ᠬᠦᠷᠦᠩᠭᠡ ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠪᠠᠶᠢᠷᠢᠯᠠᠭᠤᠯᠤᠯᠲᠠ ᠪᠠ ︽ᠲᠦᠷᠦ ᠎ ᠶᠢᠨ ᠶᠠᠪᠤᠳᠠᠯ ᠤᠨ ᠬᠤᠷᠢᠶ᠎ᠠ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠨᠠᠯ︾᠎ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠲᠠᠢ ᠤᠶᠠᠯᠳᠤᠭᠤᠯᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠬᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠡᠭᠦᠯᠳᠡᠷᠵᠢᠭᠦᠯᠬᠦ ᠵᠡᠷᠭᠡ ᠬᠢᠨᠠᠨ ᠵᠥᠪᠯᠡᠬᠦ ᠰᠠᠨᠠᠯ ᠢ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠎ ᠶᠢᠨ ᠲᠥᠰᠦᠪ ᠤᠨ ᠰᠦᠯᠵᠢᠶᠡᠵᠢᠭᠦᠯᠦᠨ ᠬᠢᠨᠠᠯᠲᠠ ᠲᠠᠯᠪᠢᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠱᠠᠭᠠᠷᠳᠠᠯᠭ᠎ᠠ ᠶᠣᠰᠣᠭᠠᠷ᠂ ᠲᠥᠰᠦᠪ ᠤᠨ ᠰᠦᠯᠵᠢᠶᠡᠵᠢᠭᠦᠯᠦᠨ ᠬᠢᠨᠠᠯᠲᠠ ᠲᠠᠯᠪᠢᠬᠤ ᠰᠢᠰᠲ᠋ᠧᠮ ᠤᠨ ᠪᠠᠶᠢᠭᠤᠯᠤᠯᠲᠠ ᠎ ᠶᠢ ᠦᠷᠭᠦᠯᠵᠢᠯᠡᠨ ᠠᠬᠢᠭᠤᠯᠵᠤ᠂ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ ᠰᠦᠯᠵᠢᠶᠡᠵᠢᠭᠦᠯᠦᠨ ᠬᠢᠨᠠᠯᠲᠠ ᠲᠠᠯᠪᠢᠬᠤ ᠲᠠᠪᠴᠠᠩ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠬᠦᠴᠦᠯᠡᠨ ᠠᠬᠢᠭᠤᠯᠪᠠ᠃      ᠲᠦᠷᠪᠡ ᠳᠤ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠬᠢᠨᠠᠯᠲᠠ ᠲᠠᠯᠪᠢᠪᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠲᠤᠰᠬᠠᠯ ᠥᠭᠬᠦ ᠶᠢ ᠪᠠᠷᠢᠮᠲᠠᠯᠠᠵᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠤᠨ ᠲᠣᠭᠤᠷᠢᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠲᠥᠯᠥᠪᠵᠢᠭᠦᠯᠬᠦ᠂ ᠨᠠᠰᠤᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ᠂ ᠨᠠᠰᠤᠵᠢᠯ ᠤᠨ ᠦᠢᠯᠡᠴᠢᠯᠡᠭᠡᠨ ᠤ ᠪᠦᠬᠦᠯᠢ ᠴᠣᠭᠴᠠ ᠶᠢᠨ ᠲᠦᠪᠰᠢᠨ ᠢ ᠳᠡᠭᠡᠭᠰᠢᠯᠡᠭᠦᠯᠬᠦ ᠂ ᠨᠠᠰᠤᠵᠢᠯ ᠤᠨ ᠦᠢᠯᠡᠴᠢᠯᠡᠭᠡᠨ ᠤ ᠵᠣᠬᠢᠴᠠᠮᠵᠢ ᠶᠢᠨ ᠵᠠᠭᠪᠤᠷ ᠤᠨ ᠰᠢᠨ᠎ᠡ ᠶᠢ ᠡᠭᠦᠳᠬᠦ ᠵᠡᠷᠭᠡ ᠬᠢᠨᠠᠨ ᠵᠥᠪᠯᠡᠬᠦ ᠰᠠᠨᠠᠯ ᠢ ᠳᠤᠷᠠᠳᠴᠤ᠂ ᠠᠷᠠᠳ ᠤᠯᠠᠨ ᠤ ᠬᠦᠰᠡᠨ ᠡᠷᠡᠮᠡᠯᠵᠡᠵᠦ ᠪᠠᠶᠢᠭ᠎ᠠ᠂ ᠲᠤᠯᠭᠠᠮ᠎ᠠ ᠱᠠᠭᠠᠷᠳᠠᠭᠳᠠᠵᠤ ᠪᠠᠶᠢᠭ᠎ᠠ ᠵᠦᠢᠯ ᠢ ᠦᠨᠡᠨ ᠬᠦ ᠲᠤᠰᠬᠠᠪᠠ᠃      ᠲᠠᠪᠤ ᠳᠤ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠲᠣᠭᠤᠷᠢᠨ ᠳᠤ ᠬᠢᠨᠠᠯᠲᠠ ᠲᠠᠯᠪᠢᠪᠠ᠃ ᠠᠮᠢ ᠠᠬᠤᠢ ᠶᠢᠨ ᠣᠷᠴᠢᠨ ᠨᠥᠬᠦᠴᠡᠯ ᠪᠠ ᠡᠬᠢ ᠪᠠᠶᠠᠯᠢᠭ ᠤᠨ ᠬᠠᠮᠠᠭᠠᠯᠠᠯᠲᠠ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ᠂ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠠᠭᠠᠯᠠᠯᠲᠠ᠂ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢᠨ ᠬᠠᠮᠠᠭᠠᠯᠠᠯᠲᠠ ᠵᠡᠷᠭᠡ ᠬᠦᠷᠢᠶᠡᠨ ᠳᠤ ᠬᠤᠯᠪᠣᠭᠳᠠᠭᠰᠠᠨ ᠨᠡᠶᠢᠲᠡ ᠶᠢᠨ ᠠᠰᠠᠷᠠᠮᠵᠢ ᠶᠢᠨ ᠵᠠᠷᠭᠤ ᠪᠣᠯ ᠬᠠᠤᠯᠢ ᠴᠠᠭᠠᠵᠠ ᠶᠢᠨ ᠳᠦᠷᠢᠮ ᠤᠨ ᠥᠭᠡᠷᠡᠴᠢᠯᠡᠯᠲᠡ ᠠᠴᠠ ᠪᠠᠶᠢᠴᠠᠭᠠᠬᠤ ᠪᠠᠶᠢᠭᠤᠯᠤᠯᠭ᠎ᠠ ᠳᠤ ᠣᠯᠭᠤᠭᠰᠠᠨ ᠨᠢᠭᠡ ᠵᠦᠢᠯ ᠤᠨ ᠰᠢᠨ᠎ᠡ ᠡᠭᠦᠷᠭᠡ ᠴᠢᠳᠠᠪᠤᠷᠢ ᠮᠥᠨ᠃ ᠬᠤᠰᠢᠭᠤᠨ ᠤ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠨᠡᠶᠢᠲᠡ ᠶᠢᠨ ᠠᠰᠠᠷᠠᠮᠵᠢ ᠶᠢᠨ ᠵᠠᠷᠭᠤ ᠎ ᠶᠢ ᠵᠢᠯ ᠤᠨ ᠬᠢᠨᠠᠯᠲᠠ ᠲᠠᠯᠪᠢᠬᠤ ᠭᠤᠤᠯᠳᠠᠯᠭ᠎ᠠ ᠪᠣᠯᠭᠠᠵᠤ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠬᠡᠯᠪᠡᠷᠢ ᠪᠠᠷ ᠠᠵᠢᠯ ᠤᠨ ᠠᠬᠢᠴᠠ ᠶᠢ ᠣᠶᠢᠯᠠᠭᠠᠵᠤ᠂ ᠰᠠᠨᠠᠯ ᠰᠠᠨᠠᠭᠤᠯᠭ᠎ᠠ ᠳᠤᠷᠠᠳᠴᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠳᠡᠮᠵᠢᠵᠦ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号