2021 ᠤᠨ ᠤ ᠬᠡᠰᠢᠭᠲᠡᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ︵ᠬᠤᠶᠠᠷ︶
ᠨᠡᠶᠢᠲᠡᠯᠡᠭᠰᠡᠨ ᠴᠠᠭ᠄
2021/4/20
     ᠭᠤᠷᠪᠠ᠂ ᠲᠥᠯᠥᠭᠡᠯᠡᠭᠴᠢ ᠶᠢᠨ ᠭᠤᠣᠯ ᠴᠣᠭᠴᠠ ᠶᠢ ᠪᠠᠷᠢᠮᠲᠠᠯᠠᠵᠤ᠂ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠪᠠ      ᠨᠢᠭᠡ ᠳᠤ ᠲᠥᠯᠥᠭᠡᠯᠡᠭᠴᠢᠳ ᠤᠨ ᠴᠤᠭ ᠵᠢᠪᠬᠤᠭ᠎ᠠ ᠶᠢ ᠤᠯᠠᠮ ᠨᠢᠭᠡ ᠠᠯᠬᠤᠮ ᠢᠯᠡᠷᠡᠭᠦᠯᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ ᠢᠳᠡᠪᠬᠢᠲᠡᠶ ᠣᠷᠣᠯᠴᠠᠵᠤ᠂ ᠵᠣᠭᠤᠰ ᠮᠥᠩᠭᠦ ᠡᠳ᠋ ᠪᠣᠳᠠᠰ ᠢᠳᠡᠪᠬᠢᠲᠡᠶ ᠬᠠᠨᠳᠢᠪᠯᠠᠵᠤ᠂ ᠰᠠᠨᠠᠭᠠᠴᠢᠯᠠᠭ᠎ᠠ ᠠᠴᠠ ᠪᠠᠨ ᠠᠷᠭ᠎ᠠ ᠤᠬᠠᠭᠠᠨ ᠭᠠᠷᠭᠠᠵᠤ᠂ ᠡᠯ᠎ᠡ ᠹᠷᠣᠨᠲ᠂ ᠡᠯ᠎ᠡ ᠠᠵᠢᠯ ᠤᠨ ᠪᠠᠶᠢᠷᠢ ᠳᠤ ᠬᠢᠵᠢᠭ ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠬᠠᠭᠤᠯᠤᠭᠴᠢ᠂ ᠣᠷᠣᠯᠴᠠᠭᠴᠢ᠂ ᠵᠢᠱᠢᠶ᠎ᠡ ᠦᠵᠡᠭᠦᠯᠦᠭᠴᠢ ᠪᠣᠯᠬᠤ ᠪᠠᠷ ᠴᠢᠷᠮᠠᠶᠢᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 400 ᠭᠠᠷᠤᠶ ᠲᠥᠯᠥᠭᠡᠯᠡᠭᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠵᠤ᠂ ᠨᠡᠶᠢᠲᠡ 18 ᠲᠦᠮᠡ ᠭᠠᠷᠤᠶ ᠲᠥᠭᠦᠷᠢᠭ ᠤᠨ ᠡᠳ᠋ ᠪᠣᠳᠠᠰ ᠬᠠᠨᠳᠢᠪᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠢ ᠲᠥᠯᠥᠭᠡᠯᠡᠬᠦ᠂ ᠠᠷᠠᠳ ᠲᠦᠮᠡᠨ ᠤ ᠲᠥᠯᠥᠭᠡ ᠵᠢᠳᠬᠦᠬᠦ᠂ ᠠᠷᠠᠳ ᠲᠦᠮᠡᠨ ᠳᠤ ᠦᠶᠯᠡᠴᠢᠯᠡᠬᠦ ᠢᠷᠠᠭᠤ ᠠᠯᠳᠠᠷᠲᠤ ᠡᠭᠦᠷᠭᠡ ᠶᠢ ᠦᠢᠯᠡᠳᠦᠯᠭᠡᠵᠢᠭᠦᠯᠪᠡ᠃      ᠬᠤᠶᠠᠷ ᠲᠤ ᠲᠥᠯᠥᠭᠡᠯᠡᠭᠴᠢᠳ ᠤᠨ ᠠᠵᠢᠯ ᠤᠨ ᠵᠣᠬᠢᠴᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠲᠥᠯᠥᠭᠡᠯᠡᠭᠴᠢ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠳᠣᠪᠣᠶᠢᠯᠭᠠᠵᠤ᠂ ᠲᠥᠯᠥᠭᠡᠯᠡᠭᠴᠢ ᠶᠢᠨ ᠬᠠᠮᠢᠶ᠎ᠠ ᠪᠥᠬᠦᠶ ᠬᠤᠷᠠᠯ ᠳᠤ ᠰᠤᠯᠠ ᠣᠷᠣᠯᠴᠠᠬᠤ ᠲᠦᠷᠢᠮ ᠢ ᠨᠠᠶᠢᠳᠠᠪᠤᠷᠢᠵᠢᠭᠤᠯᠵᠤ᠂ ᠣᠷᠣᠨ᠂ ᠬᠤᠲᠠ᠂ ᠬᠤᠰᠢᠭᠤᠨ ᠤ ᠠᠷᠠᠳ ᠤᠨ ᠲᠥᠯᠥᠭᠡᠯᠡᠭᠴᠢ ᠶᠢ 100 ᠭᠠᠷᠤᠶ ᠬᠥᠮᠦᠨ ᠤᠳᠠᠭ᠎ᠠ ᠤᠷᠢᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾᠎ ᠶᠢᠨ ᠬᠠᠮᠢᠶ᠎ᠠ ᠪᠥᠬᠦᠶ ᠬᠤᠷᠠᠯ ᠪᠠ ᠠᠵᠢᠯᠯᠠᠭᠠᠨ ᠳᠤ ᠰᠤᠯᠠ ᠣᠷᠣᠯᠴᠠᠭᠤᠯᠪᠠ᠃ ᠲᠥᠯᠥᠭᠡᠯᠡᠭᠴᠢᠳ ᠢ ᠬᠦᠨᠳᠦᠳᠬᠡᠬᠦ᠂ ᠲᠥᠯᠥᠭᠡᠯᠡᠭᠴᠢᠳ ᠲᠤ ᠲᠦᠰᠢᠭᠯᠡᠬᠦ᠂ ᠲᠥᠯᠥᠭᠡᠯᠡᠭᠴᠢᠳ ᠲᠤ ᠦᠢᠯᠡᠴᠢᠯᠡᠬᠦ ᠎ ᠶᠢ ᠪᠠᠷᠢᠮᠲᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠥᠯᠥᠭᠡᠯᠡᠭᠴᠢᠳ ᠲᠤ ᠪᠠᠶᠢᠳᠠᠯ ᠢᠶᠠᠨ ᠮᠡᠳᠡᠭᠳᠡᠵᠦ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠴᠤ᠂ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠨᠡᠷ ᠤᠨ ᠨᠢᠭᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠢ ᠬᠠᠷᠢᠯᠴᠠᠬᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠷᠠᠳ ᠣᠯᠠᠨ ᠲᠠᠢ ᠬᠠᠷᠢᠯᠴᠠᠬᠤ ︽ᠬᠤᠶᠠᠷ ᠲᠠᠢ ᠬᠠᠷᠢᠯᠴᠠᠬᠤ︾ ᠳᠦᠷᠢᠮ ᠢ ᠭᠦᠨᠵᠡᠭᠡᠶᠢᠷᠡᠭᠦᠯᠦᠨ ᠥᠷᠭᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠨᠢᠭᠲᠠᠷᠠᠯ ᠤᠨ ᠬᠦᠴᠦᠨ᠂ ᠤᠷᠢᠶᠠᠯᠠᠬᠤ ᠬᠦᠴᠦᠨ ᠪᠠ ᠳᠠᠶᠢᠴᠢᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠪᠠ᠃      ᠭᠤᠷᠪᠠ ᠳᠤ ᠲᠥᠯᠥᠭᠡᠯᠡᠭᠴᠢᠳ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ᠂ ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠲᠤᠰᠬᠠᠶ ᠵᠥᠪᠯᠡᠯ ᠤᠨ ᠬᠠᠷᠢᠭᠤᠴᠠᠯᠭᠠᠲᠠᠨ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ︵ᠠᠵᠢᠯ ᠤᠨ ᠵᠥᠪᠯᠡᠯ ᠡᠷᠬᠢᠯᠡᠭᠴᠢ︶᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠲᠠᠨ ᠳᠤ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢᠨ ᠠᠵᠢᠯ᠂ ᠰᠣᠨᠢᠨ ᠮᠡᠳᠡᠭᠡᠨ ᠤ ᠠᠵᠢᠯ᠂ ᠤᠬᠠᠭᠤᠯᠭ᠎ᠠ ᠶᠢᠨ ᠠᠵᠢᠯ᠂ ᠳᠦᠷᠢᠮᠵᠢᠭᠰᠡᠨ ᠪᠢᠴᠢᠭ ᠮᠠᠲ᠋ᠧᠷᠢᠶᠠᠯ ᠢ ᠳᠠᠩᠰᠠᠯᠠᠨ ᠬᠢᠨᠠᠨ ᠪᠠᠶᠢᠴᠠᠭᠠᠬᠤ ᠵᠡᠷᠭᠡ ᠠᠭᠤᠯᠭ᠎ᠠ ᠪᠠᠷ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠺᠠᠳ᠋ᠷ ᠤᠨ ᠡᠩᠨᠡᠭᠡ ᠶᠢᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃      ᠲᠦᠷᠪᠡ ᠳᠤ ᠲᠥᠯᠥᠭᠡᠯᠡᠭᠴᠢᠳ ᠤᠨ ᠪᠢᠯᠧᠲ ᠢᠶᠠᠷ ᠪᠠᠲᠤᠯᠠᠬᠤ ᠲᠦᠷᠢᠮ ᠤᠨ ᠲᠤᠷᠰᠢᠯᠲᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠪᠠ᠃ ᠳᠠᠯᠠᠶᠢᠨᠠᠭᠤᠷ ᠪᠠᠯᠭᠠᠰᠤ ᠬᠤᠶᠠᠷ ᠵᠢᠯ ᠳᠠᠷᠠᠭᠠᠯᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠷᠰᠢᠯᠲᠠ ᠶᠢᠨ ᠨᠢᠭᠡᠴᠡ ᠪᠣᠯᠵᠣ᠂ ᠪᠢᠯᠧᠲ ᠢᠶᠠᠷ ᠪᠠᠲᠤᠯᠠᠬᠤ 3 ᠲᠥᠷᠥᠯ ᠵᠦᠢᠯ ᠢ ᠬᠡᠷᠡᠭᠵᠢᠭᠦᠯᠵᠦ᠂ 2 ᠲᠥᠷᠥᠯ ᠵᠦᠶᠯ ᠢ ᠨᠢᠭᠡᠨᠲᠡ ᠪᠡᠶᠡᠯᠡᠭᠦᠯᠪᠡ᠃ ᠪᠢᠷᠠᠭᠤ ᠪᠠᠯᠭᠠᠰᠤ ᠨᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2020 ᠣᠨ ᠤ ᠲᠤᠷᠰᠢᠯᠲᠠ ᠶᠢᠨ ᠨᠢᠭᠡᠴᠡ ᠪᠣᠯᠤᠭᠰᠠᠨ ᠤ ᠬᠤᠪᠢ ᠳᠤ᠂ ᠪᠢᠯᠧᠲ ᠢᠶᠠᠷ ᠪᠠᠲᠤᠯᠠᠬᠤ 6 ᠲᠥᠷᠥᠯ ᠵᠦᠶᠯ ᠢ ᠬᠡᠷᠡᠭᠵᠢᠭᠦᠯᠵᠦ᠂ 4 ᠲᠥᠷᠥᠯ ᠵᠦᠶᠯ ᠢ ᠨᠢᠭᠡᠨᠲᠡ ᠪᠡᠶᠡᠯᠡᠭᠦᠯᠪᠡ᠃ ᠠᠷᠠᠳ ᠤᠨ ᠠᠮᠢᠳᠤᠷᠠᠯ ᠎ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠠᠷᠠᠳ ᠤᠨ ᠲᠥᠯᠥᠭᠡᠯᠡᠭᠴᠢ ᠪᠢᠯᠧᠲ ᠢᠶᠠᠷ ᠪᠠᠲᠤᠯᠠᠬᠤ ᠲᠦᠷᠢᠮ ᠤᠨ ᠲᠤᠷᠰᠢᠯᠲᠠ ᠶᠢᠨ ᠴᠢᠭ᠋ ᠤᠨ ᠠᠵᠢᠯ ᠢ ᠥᠷᠨᠢᠭᠦᠯᠦᠭᠰᠡᠨ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠰᠢᠨ᠎ᠡ ᠠᠷᠭ᠎ᠠ ᠵᠠᠮ ᠢ ᠢᠳᠡᠪᠬᠢᠲᠡᠶ ᠰᠦᠪᠡᠭᠴᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠰᠠᠨᠠᠭᠠᠴᠢᠯᠠᠭᠠᠲᠤ ᠴᠢᠨᠠᠷ ᠢ ᠭᠦᠶᠴᠡᠳ ᠳᠠᠶᠢᠴᠢᠯᠠᠵᠤ᠂ ᠰᠤᠮᠤ ᠰᠢᠶᠠᠩ ᠤᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠷᠢ ᠲᠦᠪᠰᠢᠨ ᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠪᠦᠲᠦᠮᠵᠢᠲᠡᠶ ᠳᠠᠶᠢᠴᠢᠯᠠᠪᠠ᠃      ᠲᠠᠪᠤ ᠳᠤ ᠰᠠᠨᠠᠭᠤᠯᠭ᠎ᠠ ᠶᠢ ᠰᠢᠢᠳᠪᠦᠷᠢᠯᠡᠬᠦ ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠪᠠ᠃ ᠲᠥᠯᠥᠭᠡᠯᠡᠭᠴᠢᠳ ᠤᠨ ᠢᠮᠠᠭᠲᠠ ᠠᠩᠬᠠᠷᠤᠭᠰᠠᠭᠠᠷ ᠢᠷᠡᠭᠰᠡᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠠᠮᠢᠶᠠᠷᠤᠯᠲᠠ᠂ ᠣᠷᠴᠢᠭᠤᠯᠭ᠎ᠠ ᠶᠢᠨ ᠲᠥᠪ ᠪᠠᠶᠢᠭᠤᠯᠬᠤ ᠵᠡᠷᠭᠡ ᠰᠠᠨᠠᠭᠤᠯᠭ᠎ᠠ ᠶᠢ ᠬᠤᠰᠢᠭᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠬᠤᠷᠢᠶ᠎ᠠ ᠲᠠᠢ ᠬᠠᠮᠲᠤᠷᠠᠨ ᠵᠢᠭᠤᠯᠴᠢᠯᠠᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠰᠠᠨᠠᠭᠤᠯᠭ᠎ᠠ ᠶᠢ ᠬᠠᠮᠲᠤᠷᠠᠨ ᠱᠠᠭᠠᠷᠳᠠᠨ ᠰᠢᠶᠳᠪᠦᠷᠢᠯᠡᠵᠦ᠂  ᠬᠤᠰᠢᠭᠤᠨ ᠤ ᠨᠠᠮ ᠤᠨ ᠬᠤᠷᠢᠶ᠎ᠠ ᠨᠢ ᠠᠵᠢᠯ ᠦᠶᠯᠡᠰ ᠤᠨ ᠨᠢᠭᠡᠴᠡ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ ᠣᠷᠴᠢᠭᠤᠯᠭ᠎ᠠ ᠶᠢᠨ ᠲᠥᠪ ᠪᠠᠶᠢᠭᠤᠯᠬᠤ ᠶᠢ ᠪᠡᠶᠡᠯᠡᠭᠦᠯᠪᠡ᠃ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠬᠤᠭᠤᠴᠠᠭᠠᠨ ᠳᠤ᠂ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠎ ᠢ ᠨᠡᠶᠢᠲᠡ 60 ᠬᠤᠪᠢ ᠬᠤᠷᠢᠶᠠᠨ ᠣᠯᠵᠤ᠂ ᠪᠣᠶ ᠪᠥᠬᠦᠶ ᠰᠠᠨᠠᠭᠤᠯᠭ᠎ᠠ ᠳᠤ ᠬᠠᠷᠢᠭᠤᠯᠲᠠ ᠥᠭᠴᠦ᠂ ᠲᠥᠯᠥᠭᠡᠯᠡᠭᠴᠢᠳ ᠤᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠨᠢ 100%᠎ ᠳᠤ ᠬᠦᠷᠪᠡ᠃      ᠲᠦᠷᠪᠡ᠂ ᠦᠨᠳᠦᠰᠦ ᠪᠠᠨ ᠪᠠᠬᠢᠵᠢᠭᠦᠯᠦᠨ ᠰᠠᠭᠤᠷᠢ ᠪᠠᠨ ᠴᠢᠩᠭᠠᠳᠬᠠᠬᠤ ᠶᠢ ᠪᠠᠷᠢᠮᠲᠠᠯᠠᠵᠤ᠂ ᠲᠤᠰ ᠪᠡᠶ᠎ᠡ ᠎ ᠶᠢᠨ ᠪᠠᠶᠢᠭᠤᠯᠤᠯᠲᠠ ᠪᠠᠨ ᠲᠠᠰᠤᠷᠠᠯᠳᠠ ᠦᠭᠡᠢ ᠴᠢᠩᠭᠠᠳᠬᠠᠪᠠ      ᠨᠢᠭᠡ ᠳᠤ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠪᠠ᠃ ᠤᠯᠤᠰ ᠲᠦᠷᠦ ᠶᠢᠨ ᠪᠠᠶᠢᠭᠤᠯᠤᠯᠲᠠ ᠎ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠤᠳᠤᠷᠢᠳᠬᠤ ᠳᠤᠭᠤᠶᠢᠯᠠᠩ ᠪᠠ ᠪᠠᠶᠢᠭᠤᠯᠤᠯᠭ᠎ᠠ ᠬᠤᠶᠠᠷ ᠲᠠᠯ᠎ᠠ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠥᠪ ᠤᠯᠤᠰ ᠲᠦᠷᠦ ᠶᠢᠨ ᠴᠢᠭᠯᠡᠯ ᠢ ᠢᠮᠠᠭᠲᠠ ᠪᠠᠷᠢᠮᠲᠠᠯᠠᠪᠠ᠃ ᠨᠠᠮ ᠤᠨ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠡᠯ᠎ᠡ ᠵᠦᠶᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠰᠢᠭᠤᠨ ᠤ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠨᠡᠷ ᠤᠬᠠᠮᠰᠠᠷ ᠠᠴᠠ ᠎ ᠪᠠᠨ ᠤᠯᠤᠰ ᠲᠥᠷᠥ ᠶᠢᠨ ᠲᠠᠯ᠎ᠠ ᠪᠠᠷ ᠠᠰᠠᠭᠤᠳᠠᠯ ᠢ ᠰᠤᠳᠤᠯᠤᠨ ᠮᠠᠭᠠᠳᠯᠠᠵᠤ᠂ ᠠᠰᠠᠭᠤᠳᠠᠯ ᠢ ᠵᠠᠳᠠᠯᠤᠨ ᠰᠢᠨᠵᠢᠯᠡᠵᠦ᠂ ᠡᠭᠦᠷᠭᠡ ᠲᠤᠰᠢᠶᠠᠯ ᠢᠶᠠᠨ ᠭᠦᠶᠴᠡᠳᠬᠡᠬᠦ ᠵᠥᠪ ᠴᠢᠭᠯᠡᠯ ᠢ ᠢᠮᠠᠭᠲᠠ ᠪᠠᠷᠢᠮᠲᠠᠯᠠᠪᠠ᠃      ᠬᠤᠶᠠᠷ ᠲᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠪᠠ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠤᠷᠤᠯᠴᠠᠯᠭ᠎ᠠ᠂ ᠬᠤᠷᠠᠯ᠂ ᠡᠳ᠋ ᠤᠨ ᠶᠠᠪᠤᠳᠠᠯ ᠵᠡᠷᠭᠡ ᠲᠦᠷᠢᠮ ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠪᠠᠶᠢᠭᠤᠯᠤᠯᠭ᠎ᠠ ᠶᠢᠨ ᠠᠵᠢᠯ ᠤᠨ ᠵᠢᠷᠤᠮᠵᠢᠯ᠂ ᠰᠢᠨᠵᠢᠯᠡᠬᠦ ᠤᠬᠠᠭᠠᠨᠴᠢᠯᠠᠯᠲᠠ ᠶᠢ ᠠᠬᠢᠭᠤᠯᠪᠠ᠃ ᠪᠠᠶᠢᠭᠤᠯᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠎ ᠶᠢᠨ ︽ᠬᠤᠶᠠᠷ ᠬᠠᠷᠢᠭᠤᠴᠠᠯᠭ᠎ᠠ︾᠎ ᠶᠢ ᠪᠣᠳᠠᠲᠠᠢ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠪᠡ᠃ ᠪᠠᠶᠢᠭᠤᠯᠤᠯᠭ᠎ᠠ ᠶᠢᠨ ᠺᠠᠳ᠋ᠷ ᠤᠨ ᠬᠥᠮᠦᠵᠢᠯ᠂ ᠬᠠᠮᠢᠶᠠᠷᠤᠯᠲᠠ᠂ ᠬᠢᠨᠠᠯᠲᠠ ᠶᠢᠨ ᠡᠷᠴᠢᠮ ᠢ ᠴᠢᠩᠭᠠᠷᠠᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠦᠴᠦᠯᠡᠨ ᠴᠢᠩᠭᠠᠳᠬᠠᠵᠤ᠂ ᠰᠢᠯᠢᠳᠡᠭ ᠰᠤᠷᠲᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ ᠎ ᠤᠨ ᠳᠣᠲᠣᠭᠠᠳᠤ ᠱᠠᠭᠠᠷᠳᠠᠯᠭ᠎ᠠ ᠪᠠ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠢ ᠦᠨᠡᠨ ᠬᠦ ᠪᠠᠲᠤᠯᠠᠪᠠ᠃      ᠭᠤᠷᠪᠠ ᠳᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠬᠤ ᠶᠢ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾᠎ ᠶᠢᠨ ᠠᠵᠢᠯ ᠳᠤ ᠬᠢᠨᠠᠯᠲᠠ ᠲᠠᠯᠪᠢᠬᠤ ᠪᠠ ᠦᠨᠡᠯᠡᠨ ᠶᠠᠷᠢᠯᠴᠠᠬᠤ ᠶᠢᠨ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠨᠡᠷ ᠪᠠᠶᠢᠴᠠᠭᠠᠨ ᠰᠤᠳᠤᠯᠤᠯᠲᠠ ᠬᠢᠬᠦ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠭᠤᠣᠯ ᠠᠰᠠᠭᠤᠳᠠᠯ ᠢ ᠴᠠᠭ ᠲᠤᠬᠠᠢ ᠳᠤᠨᠢ ᠲᠤᠰᠬᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠭ᠎ᠠ ᠶᠢᠨ ᠠᠵᠢᠯᠲᠠᠨ ᠲᠤᠰᠬᠠᠶ ᠵᠥᠪᠯᠡᠯ ᠤᠨ ᠠᠵᠢᠯ ᠳᠤ ᠢᠳᠡᠪᠬᠢᠲᠡᠶ ᠣᠷᠣᠯᠴᠠᠵᠤ᠂ ᠪᠠᠶᠢᠴᠠᠭᠠᠨ ᠰᠤᠳᠤᠯᠤᠯᠲᠠ ᠶᠢ ᠦᠨᠡᠨ ᠬᠦ ᠰᠠᠶᠢᠲᠤᠷ ᠬᠢᠵᠦ᠂ ︽ᠨᠢᠭᠡ ᠠᠵᠢᠯ ᠤᠨ ᠪᠠᠶᠢᠷᠢ ᠳᠤ ᠣᠯᠠᠨ ᠴᠢᠳᠠᠪᠤᠷᠢ ᠲᠠᠢ︾ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠪᠠ᠃ ᠳᠡᠭᠡᠳᠦ ᠳᠤᠤᠷᠠᠳᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠶᠢᠨ ᠬᠠᠷᠢᠯᠴᠠᠭ᠎ᠠ ᠪᠠᠨ ᠨᠢᠭᠲᠠᠷᠠᠭᠤᠯᠵᠤ᠂ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠨ᠂ ᠱᠠᠭᠠᠷᠳᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠤᠷᠤᠭᠰᠢᠲᠠᠢ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃      ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠠ ᠳᠠᠪᠰᠢᠯᠲᠠ ᠨᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠬᠦ ᠲᠥᠯᠥᠭᠡᠯᠡᠭᠴᠢᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠲᠠᠳ ᠤᠨ ᠰᠢᠷᠭᠠᠭᠤ ᠴᠢᠷᠮᠠᠶᠢᠯᠭ᠎ᠠ᠂ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾᠂ ᠨᠡᠶᠢᠭᠡᠮ ᠤᠨ ᠡᠯ᠎ᠡ ᠡᠲᠡᠭᠡᠳ ᠎ ᠤᠨ ᠬᠦᠴᠦᠲᠡᠶ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠠᠳᠡ ᠪᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕      ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠰᠡᠷᠭᠡᠭ ᠢᠶᠠᠷ ᠲᠠᠨᠢᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠤᠰᠢᠭᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ᠂ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠠᠷᠠᠳ ᠣᠯᠠᠨ ᠤ ᠬᠦᠰᠡᠯ ᠡᠷᠡᠮᠡᠯᠵᠡᠯ ᠲᠠᠢ ᠬᠠᠷᠢᠴᠠᠭᠤᠯᠪᠠᠯ᠂ ᠪᠠᠰᠠ ᠵᠠᠷᠢᠮ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠣᠷᠣᠰᠢᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠴᠢᠬᠤᠯᠠᠲᠠᠶ︔ ᠲᠥᠯᠥᠭᠡᠯᠡᠭᠴᠢ ᠶᠢᠨ ᠭᠤᠤᠯ ᠴᠣᠭᠴᠠ ᠶᠢᠨ ᠦᠶᠯᠡᠳᠦᠯ ᠢ ᠥᠨᠳᠥᠷ ᠪᠦᠲᠦᠮᠵᠢᠲᠡᠶ ᠪᠠᠳᠠᠷᠠᠭᠤᠯᠬᠤ ᠲᠠᠯ᠎ᠠ ᠪᠠᠷ ᠪᠠᠰᠠ ᠤᠯᠠᠮ ᠨᠢᠭᠡ ᠠᠯᠬᠤᠮ ᠴᠢᠷᠮᠠᠶᠢᠬᠤ ᠬᠡᠷᠡᠭᠲᠡᠶ︔ ᠬᠤᠰᠢᠭᠤᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ᠃ ᠡᠳᠡᠭᠡᠷ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠦᠨᠵᠡᠭᠡᠢ ᠰᠤᠳᠤᠯᠵᠤ᠂ ᠨᠠᠷᠢᠨ ᠬᠢᠨᠠᠮᠠᠭᠠᠢ ᠰᠢᠢᠳᠪᠦᠷᠢᠯᠡᠨ᠎ᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号