2021 ᠤᠨ ᠤ ᠬᠡᠰᠢᠭᠲᠡᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ︵ᠭᠤᠷᠪᠠ︶
ᠨᠡᠶᠢᠲᠡᠯᠡᠭᠰᠡᠨ ᠴᠠᠭ᠄
2021/4/20
     2021 ᠣᠨ ᠤ ᠠᠵᠢᠯ ᠤᠨ ᠲᠣᠬᠢᠷᠠᠭᠤᠯᠤᠯᠲᠠ      2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠮᠥᠨ ᠴᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠶᠡᠷᠦᠩᠬᠡᠢ ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠶᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠣᠭᠲᠠᠭᠤᠨ ᠡᠬᠢᠯᠡᠯᠲᠡ ᠳᠤ ᠦᠨᠡᠨ ᠬᠦ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠨ᠎ᠠ᠃      ᠨᠢᠭᠡ᠂ ᠤᠯᠤᠰ ᠲᠥᠷᠥ ᠶᠢᠨ ᠵᠣᠭᠰᠣᠴᠠ ᠪᠠᠨ ᠪᠠᠲᠤᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠤᠯᠤᠰ ᠲᠥᠷᠥ ᠶᠢᠨ ᠡᠭᠦᠷᠭᠡᠯᠡᠯ ᠢ ᠤᠯᠠᠮ ᠨᠢᠭᠡ ᠠᠯᠬᠤᠮ ᠴᠢᠩᠭᠠᠳᠬᠠᠨ᠎ᠠ      ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽ᠳᠥᠷᠪᠡᠨ ᠤᠬᠠᠮᠰᠠᠷ︾᠎ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠲᠠᠯ᠎ᠠ ᠪᠠᠷ᠂ ᠦᠶᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠵᠢᠨ᠎ᠡ᠃ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ᠂ ᠣᠨᠴᠠᠭᠠᠶᠢᠯᠠᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠭᠤᠤᠯᠳᠠᠯᠭ᠎ᠠ ᠎ ᠶᠢᠨ ᠲᠣᠭᠤᠷᠢᠨ ᠳᠤ ᠶᠡᠭᠡ ᠲᠠᠯ᠎ᠠ ᠳᠤ ᠦᠶᠯᠡᠴᠢᠯᠡᠨ᠂ ᠢᠳᠡᠪᠬᠢᠲᠡᠶ ᠠᠵᠢᠯᠯᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠬᠤᠰᠢᠭᠤᠨ ᠤ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠷᠬᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠤᠨ᠎ᠠ᠃ ᠨᠠᠮ ᠤᠨ ᠠᠯᠢᠪᠠ ᠠᠵᠢᠯ ᠢ ᠤᠳᠤᠷᠢᠳᠬᠤ ᠦᠨᠳᠦᠰᠦᠨ ᠵᠠᠷᠴᠢᠮ ᠢ ᠪᠠᠲᠤ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠎ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠪᠠᠶᠢᠷᠢ ᠰᠠᠭᠤᠷᠢ ᠶᠢ ᠤᠬᠠᠮᠰᠠᠷ ᠠᠴᠠ ᠎ ᠪᠠᠨ ᠬᠠᠮᠠᠭᠠᠯᠠᠵᠤ᠂ ᠬᠤᠰᠢᠭᠤᠨ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠠᠯᠢᠪᠠ ᠠᠵᠢᠯ᠂ ᠴᠢᠬᠤᠯᠠ ᠬᠡᠷᠡᠭ ᠶᠠᠪᠤᠳᠠᠯ ᠢ ᠴᠥᠮ ᠨᠠᠮ ᠤᠨ ᠤᠳᠤᠷᠢᠳᠤᠯᠭ᠎ᠠ ᠳᠣᠣᠷ᠎ᠠ ᠶᠠᠪᠤᠭᠳᠠᠭᠤᠯᠵᠤ᠂ ︽ᠨᠠᠮ ᠤᠨ ᠤᠳᠤᠷᠢᠳᠤᠯᠭ᠎ᠠ ᠶᠢ ᠬᠦᠯᠢᠶᠡᠬᠦ᠂ ᠨᠠᠮ ᠤᠨ ᠵᠣᠷᠢᠯᠲᠠ ᠶᠢ ᠲᠤᠤᠱᠯᠠᠭᠤᠯᠬᠤ︾᠎ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠲᠤᠤᠱᠯᠠᠭᠤᠯᠤᠨ᠎ᠠ᠃      ᠬᠤᠶᠠᠷ᠂ ᠶᠡᠭᠡ ᠲᠠᠯ᠎ᠠ ᠳᠤ ᠦᠢᠯᠡᠴᠢᠯᠡᠬᠦ ᠳᠤ ᠰᠠᠭᠤᠷᠢᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠪᠣᠳᠠᠲᠠᠢ ᠠᠵᠢᠯᠯᠠᠬᠤ ᠡᠭᠦᠷᠭᠡᠯᠡᠯ ᠢ ᠤᠯᠠᠮ ᠨᠢᠭᠡ ᠠᠯᠬᠤᠮ ᠴᠢᠩᠭᠠᠳᠬᠠᠨ᠎ᠠ      ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠭᠤᠤᠯᠳᠠᠯᠭ᠎ᠠ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠤᠯᠳᠠᠯᠭ᠎ᠠ ᠪᠣᠯᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠪᠠ ︽ᠵᠢᠷᠭᠤᠭ᠎ᠠ ᠶᠢ ᠪᠠᠲᠤᠯᠠᠬᠤ︾ ᠡᠭᠦᠷᠭᠡ᠂ ᠠᠷᠠᠯᠵᠢᠶ᠎ᠠ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠯᠥᠪᠯᠡᠭᠡ᠂ ᠡᠳ᠋ ᠤᠨ ᠵᠠᠰᠠᠭ ᠤᠨ ᠬᠡᠷᠡᠭᠵᠢᠭᠦᠯᠦᠯᠲᠡ ᠶᠢᠨ ᠪᠠᠶᠢᠳᠠᠯ ᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠵᠠᠰᠠᠭ ᠵᠠᠬᠢᠷᠭ᠎ᠠ ᠠᠵᠢᠯ ᠦᠶᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠎ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶ ᠶᠢᠨ ᠠᠵᠢᠯᠯᠠᠭᠠᠨ ᠤ ᠶᠠᠰᠤ ᠴᠢᠨᠠᠷ ᠪᠠ ᠦᠷ᠎ᠡ ᠠᠰᠢᠭ ᠤᠨ ᠲᠠᠰᠤᠷᠠᠯᠲᠠ ᠥᠬᠡᠶ ᠳᠡᠭᠡᠭᠰᠢᠯᠡᠬᠦ ᠶᠢ ᠠᠬᠢᠭᠤᠯᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠲᠥᠷᠥᠯ ᠤᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠᠶᠢᠴᠠᠭᠠᠨ ᠰᠤᠳᠤᠯᠤᠯᠲᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠎ ᠶᠢᠨ ᠤᠬᠠᠮᠰᠠᠷ ᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠪᠥᠬᠦ ᠬᠤᠰᠢᠭᠤᠨ ᠤ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠣᠯᠠᠨ ᠡᠰᠢᠵᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ 2021 ᠣᠨ ᠤ ᠣᠷᠴᠢᠨ ᠠᠬᠤᠢ ᠶᠢᠨ ᠪᠠᠶᠢᠳᠠᠯ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠤᠨ ᠬᠢᠨᠠᠨ ᠶᠠᠷᠢᠯᠴᠠᠵᠤ᠂ ᠣᠷᠴᠢᠨ ᠠᠬᠤᠢ ᠶᠢᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠎ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠮᠠᠯ ᠠᠵᠤ ᠠᠬᠤᠶ ᠲᠠᠷᠢᠶᠠᠯᠠᠩ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠎ᠠ᠃ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠠᠵᠢᠯ ᠎ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠨᠠᠨ ᠪᠠᠶᠢᠴᠠᠭᠠᠬᠤ ᠡᠷᠬᠡ᠂ ᠰᠢᠭᠦᠨ ᠲᠠᠰᠤᠯᠬᠤ ᠡᠷᠬᠡ᠂ ᠪᠠᠶᠢᠴᠠᠭᠠᠬᠤ ᠡᠷᠬᠡ ᠶᠢ ᠬᠠᠤᠯᠢ ᠶᠣᠰᠣᠭᠠᠷ ᠵᠥᠪ ᠬᠡᠷᠡᠭᠵᠢᠭᠦᠯᠬᠦ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠴᠢᠨᠠᠷ ᠰᠠᠶᠢᠲᠠᠶ ᠡᠬᠢᠯᠡᠯᠲᠡ ᠶᠢ ᠠᠬᠢᠭᠤᠯᠤᠨ᠎ᠠ᠃      ᠭᠤᠷᠪᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠦᠨᠳᠦᠰᠦᠲᠡᠨ ᠤ ᠣᠨᠣᠯ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠵᠤ ᠰᠢᠨ᠎ᠡ ᠶᠢ ᠡᠭᠦᠳᠦᠨ ᠬᠥᠭᠵᠢᠭᠦᠯᠦᠭᠰᠡᠨ ᠶᠠᠪᠤᠳᠠᠯ ᠪᠣᠯᠣᠨ᠎ᠠ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠪᠣᠯᠣᠨ᠎ᠠ᠃ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠴᠢᠩᠭᠠᠳᠬᠠᠵᠤ᠂ ᠢᠯᠠᠩᠭᠤᠶ᠎ᠠ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠲᠥᠯᠥᠭᠡᠯᠡᠭᠴᠢᠳ ᠤᠨ ︽ᠲᠠᠪᠤᠨ ᠬᠠᠮᠲᠤ ᠶᠢᠨ ᠲᠠᠨᠢᠯᠲᠠ︾᠎ ᠶᠢ ᠨᠡᠮᠡᠭᠳᠡᠭᠦᠯᠵᠦ᠂ ︽ᠳᠤᠮᠳᠠᠳᠤ ᠎ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯᠡᠩ ᠢ ᠬᠠᠮᠲᠤ ᠪᠠᠷ ᠪᠡᠶᠡᠯᠡᠭᠦᠯᠬᠦ︾ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ ᠲᠥᠯᠥᠭᠡᠯᠡᠭᠴᠢᠳ ᠤᠨ ᠦᠶᠯᠡᠳᠦᠯ ᠢ ᠪᠠᠳᠠᠷᠠᠭᠤᠯᠵᠤ᠂ ᠲᠥᠯᠥᠭᠡᠯᠡᠭᠴᠢᠳ ᠤᠨ ᠲᠤᠰᠢᠶᠠᠯ ᠢᠶᠠᠨ ᠨᠠᠨᠳᠢᠩᠨᠠᠨ᠂ ᠡᠭᠦᠷᠭᠡ ᠪᠠᠨ ᠭᠦᠢᠴᠡᠳᠬᠡᠨ᠂ ᠳᠠᠭᠤᠷᠢᠶᠠᠯ ᠦᠵᠡᠭᠦᠯᠬᠦ ᠶᠢ ᠬᠥᠲᠥᠯᠥᠨ ᠵᠢᠯᠣᠭᠤᠳᠴᠤ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠨᠠᠮ ᠤᠨ ᠲᠥᠪ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠲᠤᠬᠠᠶ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠦᠷᠦᠭᠦᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠪᠥᠬᠦ ᠲᠠᠯ᠎ᠠ ᠪᠠᠷ ᠴᠢᠩᠭᠠᠳᠬᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠤᠨ᠎ᠠ᠃ ᠲᠥᠯᠥᠭᠡᠯᠡᠭᠴᠢᠳ ᠤᠨ ᠣᠶᠤᠨ ᠤᠬᠠᠭᠠᠨ ᠢ ᠨᠢᠭᠲᠠᠷᠠᠭᠤᠯᠵᠤ᠂ ᠰᠤᠮᠤ ᠰᠢᠶᠠᠩ ᠤᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠎ ᠢ ᠪᠠᠲᠤ ᠴᠣᠭᠴᠠᠯᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠲᠣᠭᠤᠷᠢᠨ ᠳᠤ ᠲᠥᠪᠯᠡᠷᠡᠭᠦᠯᠦᠨ ᠪᠠᠶᠢᠴᠠᠭᠠᠨ ᠦᠵᠡᠬᠦ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ᠂ ᠣᠯᠠᠨ ᠲᠦᠮᠡᠨ ᠢ ᠰᠤᠷᠪᠤᠯᠵᠢᠯᠠᠬᠤ ᠵᠡᠷᠭᠡ ᠠᠵᠢᠯᠯᠠᠭᠠᠨ ᠥᠷᠨᠢᠭᠦᠯᠬᠦ ᠶᠢ ᠳᠡᠮᠵᠢᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ ᠴᠢᠭᠯᠡᠯᠲᠡ᠂ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠎ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠢᠳᠡᠪᠬᠢᠲᠡᠶ ᠠᠬᠢᠭᠤᠯᠤᠨ᠎ᠠ᠃      ᠳᠥᠷᠪᠡ᠂ ᠡᠭᠦᠷᠭᠡ ᠲᠤᠰᠢᠶᠠᠯ ᠢᠶᠠᠨ ᠭᠦᠶᠴᠡᠳᠬᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ      ︽ᠲᠥᠯᠥᠭᠡᠯᠡᠭᠴᠢᠳ ᠤᠨ ᠭᠡᠷ︾᠎ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠯᠥᠭᠡᠯᠡᠭᠴᠢᠳ ᠤᠨ ᠠᠵᠢᠯ ᠢ ᠰᠠᠶᠢᠲᠤᠷ ᠬᠢᠵᠦ᠂ ︽ᠲᠥᠯᠥᠭᠡᠯᠡᠭᠴᠢᠳ ᠤᠨ ᠭᠡᠷ︾᠎ ᠤᠨ ᠰᠠᠭᠤᠷᠢᠨ ᠭᠠᠵᠠᠷ ᠤᠨ ᠦᠢᠯᠡᠳᠦᠯ ᠢ ᠥᠷᠭᠡᠳᠬᠡᠨ᠎ᠡ᠃ ︽ᠬᠤᠶᠠᠷ ᠲᠠᠢ ᠬᠠᠷᠢᠯᠴᠠᠬᠤ︾ ᠠᠵᠢᠯᠯᠠᠭᠠᠨ ᠢ ᠨᠠᠷᠢᠨ ᠬᠢᠨᠠᠮᠠᠭᠠᠢ ᠥᠷᠨᠢᠭᠦᠯᠵᠦ᠂ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠨᠡᠷ ᠨᠢᠭᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠢ ᠬᠠᠷᠢᠯᠴᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠷᠠᠳ ᠣᠯᠠᠨ ᠲᠠᠢ ᠬᠠᠷᠢᠯᠴᠠᠬᠤ ᠠᠵᠢᠯ ᠢ ᠭᠦᠨᠵᠡᠭᠡᠢᠷᠡᠭᠦᠯᠵᠦ᠂ ᠬᠤᠰᠢᠭᠤ ᠰᠤᠮᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠬᠡᠭᠰᠡᠨ ᠮᠡᠳᠡᠭᠦᠯᠦᠯᠲᠡ ᠶᠢ ᠳᠦᠷᠢᠮᠵᠢᠭᠦᠯᠦᠨ᠎ᠡ᠃ ᠠᠵᠢᠯᠯᠠᠭᠠᠨ ᠤ ᠠᠭᠤᠯᠭ᠎ᠠ ᠶᠢ ᠪᠠᠶᠠᠯᠢᠭᠵᠢᠭᠤᠯᠵᠤ᠂ ᠲᠥᠯᠥᠭᠡᠯᠡᠭᠴᠢᠳ ᠤᠨ ᠪᠠᠶᠢᠴᠠᠭᠠᠨ ᠦᠵᠡᠬᠦ᠂ ᠪᠠᠶᠢᠴᠠᠭᠠᠨ ᠰᠤᠳᠤᠯᠬᠤ᠂ ᠬᠤᠷᠠᠯ ᠳᠤ ᠰᠤᠯᠠ ᠣᠷᠣᠯᠴᠠᠬᠤ ᠵᠡᠷᠭᠡ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠲᠣᠬᠢᠷᠠᠭᠤᠯᠵᠤ᠂ ᠲᠥᠯᠥᠭᠡᠯᠡᠭᠴᠢᠳ ᠢ ᠡᠮᠬᠢ ᠵᠢᠷᠤᠮ ᠲᠠᠢ ᠪᠠᠷ ᠤᠷᠢᠵᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠠᠤᠯᠢ ᠶᠣᠰᠣᠭᠠᠷ ᠬᠢᠨᠠᠯᠲᠠ ᠲᠠᠯᠪᠢᠬᠤ ᠵᠡᠷᠭᠡ ᠠᠵᠢᠯ ᠳᠤ ᠣᠷᠣᠯᠴᠠᠭᠤᠯᠤᠨ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠦᠢᠯᠡᠳᠦᠯ ᠢᠶᠠᠨ ᠪᠠᠳᠠᠷᠠᠭᠤᠯᠬᠤ ᠶᠢ ᠳᠠᠮᠵᠢᠨ ᠵᠣᠷᠢᠭᠵᠢᠭᠤᠯᠤᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ ᠪᠠᠲᠤᠯᠠᠬᠤ ᠲᠦᠷᠢᠮ ᠤᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠱᠠᠲᠤᠨ ᠤ ᠤᠤᠯ ᠤᠨ ᠰᠠᠭᠤᠷᠢᠨ ᠳᠡᠭᠡᠷ᠎ᠡ ᠬᠡᠪᠴᠢᠶ᠎ᠡ ᠪᠠᠨ ᠵᠣᠬᠢᠰᠲᠠᠶ ᠥᠷᠭᠡᠳᠬᠡᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ︽ᠠᠷᠠᠳ ᠲᠦᠮᠡᠨ ᠤ ᠲᠥᠯᠥᠭᠡ ᠡᠵᠡᠨ ᠮᠡᠳᠡᠬᠦ︾ ᠎ ᠠᠴᠠ ︽ᠠᠷᠠᠳ ᠲᠦᠮᠡᠨ ᠡᠵᠡᠨ ᠮᠡᠳᠡᠬᠦ︾ ᠳᠠᠰᠢ ᠬᠤᠪᠢᠷᠠᠭᠤᠯᠬᠤ ᠶᠢ ᠪᠠᠲᠤᠯᠠᠨ᠎ᠠ᠃ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠶᠢ ᠴᠢᠩᠭᠠᠳᠬᠠᠵᠤ᠂ ᠰᠦᠯᠵᠢᠶ᠎ᠡ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ ᠤᠨ ᠪᠠᠶᠢᠭᠤᠯᠤᠯᠲᠠ ᠶᠢ ᠥᠷᠭᠡᠳᠬᠡᠨ ᠲᠡᠭᠦᠯᠳᠡᠷᠵᠢᠭᠦᠯᠵᠦ᠂ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠴᠢᠨᠠᠷ ᠰᠠᠶᠢᠲᠠᠢ ᠰᠠᠨᠠᠭᠤᠯᠭ᠎ᠠ ᠳᠤᠷᠠᠳᠴᠤ᠂ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠢ ᠱᠠᠭᠠᠷᠳᠠᠨ ᠰᠠᠨᠠᠭᠤᠯᠭ᠎ᠠ ᠎ ᠶᠢ ᠴᠢᠨᠠᠷ ᠰᠠᠶᠢᠲᠠᠢ ᠰᠢᠢᠳᠪᠦᠷᠢᠯᠡᠵᠦ᠂ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠰᠠᠨᠠᠭᠤᠯᠭ᠎ᠠ ᠶᠢ ᠭᠦᠢᠴᠡᠳᠬᠡᠬᠦ ᠦᠷ᠎ᠡ ᠪᠦᠲᠦᠮᠵᠢ ᠪᠠ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃      ᠲᠠᠪᠤ᠂ ᠶᠠᠰᠤ ᠴᠢᠨᠠᠷ ᠦᠷ᠎ᠡ ᠠᠰᠢᠭ ᠢ ᠵᠡᠷᠭᠡ ᠪᠠᠷ ᠴᠢᠬᠤᠯᠠᠴᠢᠯᠠᠬᠤ ᠶᠢ ᠳᠣᠪᠣᠶᠢᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠶᠢᠨ ᠡᠭᠦᠷᠭᠡᠯᠡᠯ ᠢ ᠤᠯᠠᠮ ᠨᠢᠭᠡ ᠠᠯᠬᠤᠮ ᠴᠢᠩᠭᠠᠳᠬᠠᠨ᠎ᠠ      ᠬᠤᠰᠢᠭᠤ ᠰᠤᠮᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠪᠣᠯ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢᠨ ᠨᠢᠭᠡᠨ ᠴᠢᠬᠤᠯᠠ ᠤᠴᠢᠷ ᠪᠣᠯᠣᠨ᠎ᠠ᠂ ᠲᠤᠶᠢᠯ ᠤᠨ ᠴᠢᠬᠤᠯᠠ ᠤᠯᠤᠰ ᠲᠥᠷᠦ ᠶᠢᠨ ᠡᠭᠦᠷᠭᠡ ᠪᠣᠯᠣᠨ᠎ᠠ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠶᠢᠨ ᠲᠡᠷᠢᠭᠦᠨ ᠴᠢᠬᠤᠯᠠ ᠤᠯᠤᠰ ᠲᠥᠷᠥ ᠶᠢᠨ ᠵᠠᠷᠴᠢᠮ ᠪᠣᠯᠭᠠᠵᠤ᠂ ᠰᠣᠩᠭᠤᠭᠤᠯᠢ ᠶᠢᠨ ᠠᠵᠢᠯ ᠳᠤᠮᠳᠠᠬᠢ ᠴᠢᠬᠤᠯᠠ ᠠᠰᠠᠭᠤᠳᠠᠯ ᠪᠠ ᠠᠵᠢᠯ ᠎ ᠤᠨ ᠪᠠᠶᠢᠳᠠᠯ ᠢᠶᠠᠨ ᠬᠤᠰᠢᠭᠤᠨ ᠤ ᠨᠠᠮ ᠤᠨ ᠬᠤᠷᠢᠶ᠎ᠠ ᠳᠤ ᠴᠠᠭ ᠲᠤᠬᠠᠶ ᠳᠤᠨᠢ ᠮᠡᠳᠡᠭᠦᠯᠵᠦ᠂ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠠᠬᠢᠴᠠ ᠶᠢ ᠴᠠᠭ ᠲᠤᠬᠠᠶ ᠳᠤᠨᠢ ᠡᠵᠡᠮᠰᠢᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠵᠥᠪ ᠴᠢᠭᠯᠡᠯ ᠢ ᠪᠠᠲᠤᠯᠠᠨ᠎ᠠ᠃ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠭᠤᠴᠠᠭ᠎ᠠ ᠰᠣᠯᠢᠬᠤ ᠰᠣᠩᠭᠤᠭᠤᠯᠢ ᠎ ᠳᠤ ᠬᠤᠰᠢᠭᠤᠨ ᠤ ᠨᠠᠮ ᠤᠨ ᠬᠤᠷᠢᠶ᠎ᠠ ᠶᠢᠨ ᠵᠣᠷᠢᠯᠲᠠ ᠶᠢ ᠲᠡᠷᠡ ᠶᠣᠰᠣᠭᠠᠷ ᠨᠢ ᠲᠤᠤᠱᠯᠠᠭᠤᠯᠤᠨ᠂ ᠠᠷᠠᠳ ᠲᠦᠮᠡᠨ ᠎ ᠤ ᠬᠦᠰᠡᠯ ᠵᠣᠷᠢᠯᠲᠠ ᠶᠢ ᠢᠯᠡᠷᠡᠭᠦᠯᠵᠦ᠂ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠨ᠎ᠠ᠃ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠠᠵᠢᠯᠲᠠᠨ ᠤ ᠪᠣᠯᠪᠠᠰᠤᠷᠠᠭᠤᠯᠤᠯ ᠪᠠ ᠨᠢᠭᠡᠳᠦᠯᠲᠡᠶ ᠲᠥᠯᠥᠪᠯᠡᠨ ᠵᠢᠯᠣᠭᠤᠳᠬᠤ ᠶᠢ ᠴᠢᠩᠭᠠᠳᠬᠠᠵᠤ᠂ ᠤᠬᠠᠭᠤᠯᠭ᠎ᠠ ᠶᠢ ᠥᠷᠭᠡᠨ ᠢᠶᠠᠷ ᠥᠷᠨᠢᠭᠦᠯᠦᠨ᠂ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠵᠤ᠂ ᠴᠠᠭ ᠬᠤᠭᠤᠴᠠᠭ᠎ᠠ ᠪᠠ ᠠᠯᠬᠤᠮ ᠳᠠᠷᠠᠭᠠᠯᠠᠯ ᠢ ᠴᠢᠩᠭ᠎ᠠ ᠵᠢᠷᠤᠮᠯᠠᠨ ᠡᠯ᠎ᠡ ᠵᠦᠶᠯ ᠤᠨ ᠠᠵᠢᠯ ᠢᠶᠠᠨ ᠰᠠᠶᠢᠲᠤᠷ ᠬᠢᠨ᠎ᠡ᠃ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠳᠤ ᠨᠠᠷᠢᠨ ᠬᠢᠨᠠᠮᠠᠭᠠᠢ ᠬᠠᠷᠢᠭᠤᠯᠲᠠ ᠥᠭᠴᠦ᠂ ᠰᠤᠮᠤᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢ ᠰᠠᠶᠢᠲᠤᠷ ᠵᠢᠯᠣᠭᠤᠳᠴᠤ᠂ ᠬᠤᠭᠤᠴᠠᠭ᠎ᠠ ᠰᠣᠯᠢᠬᠤ ᠠᠵᠢᠯ ᠤᠨ ᠬᠤᠭᠤᠴᠠᠭ᠎ᠠ ᠶᠣᠰᠣᠭᠠᠷ᠂ ᠥᠨᠳᠥᠷ ᠪᠦᠲᠦᠮᠵᠢᠲᠡᠢ ᠪᠡᠶᠡᠯᠡᠭᠳᠡᠬᠦ ᠶᠢ ᠪᠠᠲᠤᠯᠠᠨ᠎ᠠ᠃      ᠵᠢᠷᠭᠤᠭ᠎ᠠ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠳᠬᠠᠨ᠎ᠠ      ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠪᠣᠯ ᠬᠤᠰᠢᠭᠤᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠶᠣᠰᠣᠭᠠᠷ ᠲᠤᠰᠢᠶᠠᠯ ᠢᠶᠠᠨ ᠭᠦᠶᠴᠡᠳᠬᠡᠬᠦ ᠶᠢᠨ ᠴᠢᠬᠤᠯᠠ ᠪᠠᠲᠤᠯᠠᠭ᠎ᠠ ᠪᠣᠯᠣᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠨᠳᠥᠷ ᠬᠡᠪ ᠴᠢᠨᠠᠷ ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠤᠯᠤᠰ ᠲᠦᠷᠦ ᠶᠢᠨ ᠤᠨᠤᠯ᠂ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠ ᠨᠠᠮ ᠤᠨ ᠲᠡᠦᠬᠡ ᠶᠢᠨ ᠬᠥᠮᠦᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠨᠡᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠪᠠᠰᠤᠷᠠᠭᠤᠯᠤᠯ ᠢ ᠦᠷᠭᠦᠯᠵᠢᠯᠡᠨ ᠴᠢᠩᠭᠠᠳᠬᠠᠵᠤ᠂ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠪᠠ ᠪᠠᠶᠢᠭᠤᠯᠤᠯᠭ᠎ᠠ ᠶᠢᠨ ᠺᠠᠳ᠋ᠷᠴᠤᠳ ᠤᠨ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠠᠵᠢᠯ ᠤᠨ ᠳᠦᠷᠢᠮ ᠪᠠ ᠬᠡᠷᠡᠭ ᠵᠥᠪᠯᠡᠬᠦ ᠳᠡᠰ ᠳᠠᠷᠠᠭᠠᠯᠠᠯ ᠎ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠢ ᠵᠢᠷᠤᠮᠵᠢᠭᠤᠯᠬᠤ᠂ ᠳᠦᠷᠢᠮᠵᠢᠭᠦᠯᠬᠦ᠂ ᠰᠢᠨᠵᠢᠯᠡᠬᠦ ᠤᠬᠠᠭᠠᠨᠴᠢᠯᠠᠬᠤ ᠎ ᠶᠢ ᠲᠠᠰᠤᠷᠠᠯᠲᠠ ᠦᠭᠡᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠠᠮᠢᠵᠢᠷᠠᠯ ᠤᠨ ᠬᠦᠴᠦᠨ ᠢ ᠢᠮᠠᠭᠲᠠ ᠪᠠᠲᠤᠯᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠲᠥᠪ ᠬᠤᠷᠢᠶ᠎ᠠ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ︽ᠳᠥᠷᠪᠡᠨ ᠰᠤᠷᠲᠠᠯ︾᠎ ᠢ ᠰᠢᠨᠲᠠᠷᠠᠰᠢ ᠦᠭᠡᠢ ᠴᠡᠭᠴᠡᠯᠡᠨ ᠵᠠᠰᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠦᠨᠳᠦᠰᠦᠨ ᠱᠠᠲᠤᠨ ᠳᠤ ᠨᠡᠩ ᠣᠶᠢᠷᠠᠲᠤᠭᠤᠯᠵᠤ᠂ ᠨᠠᠩ ᠪᠣᠳᠠᠲᠤ ᠦᠷ᠎ᠡ ᠪᠦᠲᠦᠮᠵᠢ ᠲᠠᠢ ᠪᠣᠯᠭᠠᠬᠤ ᠶᠢ ᠦᠨᠡᠨ ᠬᠦ ᠪᠠᠲᠤᠯᠠᠨ᠎ᠠ᠃      ᠲᠥᠯᠥᠭᠡᠯᠡᠭᠴᠢᠳ ᠡ᠂ ᠪᠣᠳᠠᠲᠠᠶ ᠠᠵᠢᠯᠯᠠᠪᠠᠯ ᠬᠡᠷᠡᠯ ᠰᠠᠴᠤᠷᠠᠩᠭᠤᠶ ᠠᠮᠵᠢᠯᠲᠠ ᠶᠢ ᠣᠯᠵᠤ᠂ ᠡᠷᠡᠯᠬᠡᠭᠯᠡᠨ ᠲᠡᠮᠡᠴᠡᠪᠡᠯ ᠡᠴᠦᠰ ᠤᠨ ᠢᠯᠠᠯᠲᠠ ᠶᠢ ᠣᠯᠤᠨ᠎ᠠ᠃ ᠪᠢᠳᠡ ᠢᠮᠠᠭᠲᠠ ᠥᠭᠡᠳᠡᠯᠡᠨ ᠳᠠᠪᠰᠢᠬᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ ᠬᠥᠭᠵᠢᠯᠲᠡ ᠶᠢ ᠰᠦᠪᠡᠭᠴᠢᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠨ ᠪᠣᠳᠠᠲᠠᠶ ᠠᠵᠢᠯ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠶᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠶ᠎ᠠ︕
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号