2021 ᠤᠨ ᠤ ᠬᠡᠰᠢᠭᠲᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ︵ᠨᠢᠭᠡ︶
ᠨᠡᠶᠢᠲᠡᠯᠡᠭᠰᠡᠨ ᠴᠠᠭ᠄
2021/4/21
     —— 2021 ᠣᠨ ᠤ 3 ᠰᠠᠷ᠎ᠠ ᠶᠢᠨ 8᠎ ᠤ ᠡᠳᠦᠷ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                                        ᠾᠧᠦ ᠭᠦᠸᠧ ᠶᠸᠤᠭᠡᠰᠢᠭᠦᠳ ᠡ᠄      ᠣᠲᠣ ᠪᠢ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ  ᠮᠡᠳᠡᠭᠦᠯᠦᠯᠲᠡ ᠬᠢᠶ᠎ᠠ᠂ ᠬᠢᠨᠠᠨ ᠵᠥᠪᠯᠡᠬᠦ ᠪᠣᠯᠪᠠᠤ᠃ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠤᠭᠠᠷᠠᠢ᠃      2020 ᠣᠨ ᠤ ᠠᠵᠢᠯ ᠤᠨ ᠡᠷᠭᠢᠴᠡᠭᠦᠯᠦᠯ      2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠪᠣᠯᠤᠨ᠎ᠠ᠂ ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠎ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠎ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂  ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠲᠤ ᠡᠵᠡᠮᠳᠡᠨ᠂ ᠤᠯᠤᠰ ᠲᠥᠷᠥ ᠶᠢ ᠵᠥᠪᠯᠡᠬᠦ᠂ ᠠᠷᠠᠳᠴᠢᠯᠠᠯ ᠎ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠷᠬᠡ ᠲᠤᠰᠢᠶᠠᠯ ᠎ ᠢᠶᠠᠨ ᠨᠠᠷᠢᠨ ᠬᠢᠨᠠᠮᠠᠭᠠᠢ ᠭᠦᠢᠴᠡᠳᠬᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠵᠥᠪᠯᠡᠬᠦ ᠴᠢᠬᠤᠯᠠ ᠠᠷᠭ᠎ᠠ ᠵᠠᠮ ᠪᠠ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ ᠪᠠᠷ ᠬᠤᠤᠰ ᠴᠢᠭᠯᠡᠯ ᠢᠶᠠᠷ ᠬᠦᠴᠦᠯᠡᠵᠦ᠂ ᠮᠠᠨ ᠤ ᠬᠤᠰᠢᠭᠤᠨ ᠤ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃      ︵ᠨᠢᠭᠡ︶ ᠤᠯᠤᠰ ᠲᠦᠷᠦ ᠶᠢᠨ ᠵᠣᠭᠰᠣᠴᠠ ᠪᠠᠨ ᠴᠢᠷᠮᠠᠶᠢᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠵᠢᠯᠤᠭᠤᠳᠤᠮᠵᠢ ᠶᠢ ᠪᠠᠲᠤ ᠡᠵᠡᠮᠳᠡᠨ᠂ ᠡᠷᠡᠮᠡᠬᠡᠶᠢᠯᠡᠨ ᠤᠷᠤᠭᠰᠢᠯᠠᠬᠤ ᠰᠠᠭᠤᠷᠢ ᠶᠢ ᠪᠠᠬᠢᠵᠢᠭᠦᠯᠪᠡ᠃ᠮᠢᠩᠭᠠᠨᠲᠠ ᠦᠯᠢᠭᠡᠷᠯᠡᠵᠦ ᠲᠦᠮᠡᠨᠲᠡ ᠬᠤᠪᠢᠷᠠᠭᠠᠭᠰᠠᠨ ᠴᠦ ᠶᠣᠰᠣ ᠨᠢ ᠨᠢᠭᠡᠯᠡ᠃ ᠪᠠᠶᠢᠩᠭᠤ ᠶᠢᠨ ᠬᠤᠷᠢᠶ᠎ᠠ ᠨᠢ ᠦᠵᠡᠯ ᠰᠠᠨᠠᠭ᠎ᠠ ᠤᠯᠤᠰ ᠲᠥᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠪᠦᠬᠦ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ ᠢ ᠬᠥᠲᠥᠯᠥᠨ ᠳᠠᠭᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠨ᠂ ᠤᠯᠤᠰ ᠲᠥᠷᠦ ᠶᠢᠨ ᠵᠥᠪᠯᠡᠯᠭᠡᠨ ᠤ ᠦᠢᠯᠡᠰ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠪᠠ᠃      ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠪᠠ᠃ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠬᠤᠷᠠᠯᠳᠤᠭᠰᠠᠨ ᠤ ᠳᠠᠷᠠᠭ᠎ᠠ᠂ ᠨᠠᠮ ᠤᠨ ᠤᠳᠤᠷᠢᠳᠬᠤ ᠳᠤᠭᠤᠶᠢᠯᠠᠩ ᠲᠡᠷᠡ ᠳᠠᠷᠤᠶ ᠳᠤᠨᠢ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠶ ᠨᠠᠷᠢᠨ ᠨᠢᠭᠲᠠ ᠪᠠᠶᠢᠷᠢᠯᠠᠭᠤᠯᠤᠯᠲᠠ ᠬᠢᠵᠦ᠂ ᠲᠥᠪᠯᠡᠷᠡᠭᠦᠯᠦᠨ ᠰᠤᠷᠤᠯᠴᠠᠬᠤ ᠪᠠ ᠪᠡᠶ᠎ᠡ ᠪᠠᠨ ᠳᠠᠭᠠᠭᠠᠨ ᠰᠤᠷᠤᠯᠴᠠᠬᠤ᠂ ᠰᠦᠯᠵᠢᠶᠡᠨ ᠳᠤ ᠰᠤᠷᠤᠯᠴᠠᠬᠤ ᠪᠠ ᠰᠦᠯᠵᠢᠶᠡᠨ ᠠᠴᠠ ᠭᠠᠳᠠᠨ᠎ᠠ ᠰᠤᠷᠤᠯᠴᠠᠬᠤ᠂ ᠤᠷᠢᠵᠤ ᠰᠤᠷᠤᠯᠴᠠᠭᠤᠯᠬᠤ ᠪᠠ ᠲᠠᠨᠢᠯᠴᠠᠭᠤᠯᠤᠨ ᠰᠤᠷᠤᠯᠴᠠᠭᠤᠯᠬᠤ᠂ ᠤᠳᠤᠷᠢᠳᠬᠤ ᠺᠠᠳ᠋ᠷ ᠡᠷᠳᠡᠮ ᠰᠢᠨᠵᠢᠯᠡᠭᠡᠨ ᠤ ᠶᠠᠷᠢᠶ᠎ᠠ ᠲᠠᠯᠪᠢᠬᠤ ᠪᠠ ᠤᠳᠤᠷᠢᠳᠬᠤ ᠪᠠᠭ ᠤᠨ ᠪᠦᠷᠢᠯᠳᠦᠬᠦᠨ ᠳᠠᠭᠠᠭᠤᠯᠤᠨ ᠰᠤᠷᠤᠯᠴᠠᠬᠤ ᠎ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠎ ᠳᠤ ᠰᠤᠷᠤᠯᠴᠠᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠪᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠬᠥᠮᠦᠵᠢᠭᠦᠯᠦᠨ ᠵᠢᠯᠣᠭᠤᠳᠴᠤ ︽ᠳᠥᠷᠪᠡᠨ ᠤᠬᠠᠮᠰᠠᠷ︾  ᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾  ᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠦᠨ᠂ ᠦᠵᠡᠯ ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠲᠤᠯᠠᠪᠠ᠃      ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠪᠠ᠃ ᠲᠥᠪᠯᠡᠷᠡᠭᠦᠯᠦᠨ ᠰᠤᠷᠤᠯᠴᠠᠬᠤ᠂ ᠲᠤᠰᠬᠠᠶ ᠰᠡᠳᠦᠪᠲᠦ ᠲᠠᠶᠢᠯᠤᠮᠵᠢ ᠬᠢᠬᠦ᠂ ᠰᠠᠭᠤᠳᠠᠯ ᠤᠨ ᠬᠤᠷᠠᠯ ᠡᠷᠬᠢᠯᠡᠵᠦ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ︽ᠬᠤᠶᠠᠷ ᠬᠤᠷᠠᠯ︾ ᠪᠣᠯᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠬᠠᠭᠤᠯᠤᠨ ᠲᠠᠶᠢᠯᠪᠤᠷᠢᠯᠠᠵᠤ᠂ ᠭᠡᠰᠢᠭᠦᠳ ᠤᠨ ᠤᠯᠤᠰ ᠲᠥᠷᠥ ᠶᠢᠨ ᠡᠵᠡᠮᠳᠡᠬᠦ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ ᠎ ᠶᠢ ᠦᠨᠡᠨ ᠬᠦ ᠳᠡᠭᠡᠭᠰᠢᠯᠡᠭᠦᠯᠪᠡ᠃ ᠰᠢᠨ᠎ᠡ ᠴᠠᠭ ᠦᠶ᠎ᠡ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠴᠠᠭ ᠲᠤᠬᠠᠢ ᠳᠤᠨᠢ ᠤᠯᠠᠮᠵᠢᠯᠠᠨ ᠨᠠᠶᠢᠳᠠᠪᠤᠷᠢᠵᠢᠭᠤᠯᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠤᠯᠤᠰ ᠲᠦᠷᠦ ᠪᠠᠷ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠎ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠯ᠎ᠡ ᠲᠠᠯ᠎ᠠ ᠳᠤ ᠲᠤᠤᠱᠯᠠᠭᠤᠯᠵᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠵᠤ ᠪᠠᠶᠢᠴᠠᠭᠠᠨ ᠦᠵᠡᠬᠦ᠂ ᠰᠠᠨᠠᠯ ᠵᠥᠪᠯᠡᠯᠭᠡ ᠶᠢ ᠰᠢᠢᠳᠪᠦᠷᠢᠯᠡᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯᠯᠠᠭ᠎ᠠ ᠳᠤ ᠠᠭᠤᠰᠤᠯᠴᠠᠭᠤᠯᠵᠤ᠂ ᠵᠥᠪᠯᠡᠯᠭᠡ ᠬᠢᠵᠦ ᠲᠦᠷᠦ ᠶᠢᠨ ᠬᠡᠷᠡᠭ ᠢ ᠵᠥᠪᠯᠡᠬᠦ ᠳᠤᠮᠳᠠ ᠬᠠᠮᠲᠤ ᠶᠢᠨ ᠲᠠᠨᠢᠯᠲᠠ ᠶᠢ ᠪᠦᠷᠢᠯᠳᠦᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠳᠤᠮᠳᠠ ᠬᠠᠮᠲᠤ ᠶᠢᠨ ᠲᠠᠨᠢᠯᠲᠠ ᠶᠢ ᠨᠡᠮᠡᠭᠳᠡᠭᠦᠯᠵᠦ᠂ ᠤᠯᠠᠨ ᠲᠦᠮᠡᠨ ᠲᠠᠢ ᠬᠠᠷᠢᠯᠴᠠᠬᠤ ᠳᠤᠮᠳᠠ ᠠᠷᠠᠳ ᠤᠨ ᠰᠡᠳᠬᠢᠯ ᠢ ᠨᠢᠬᠳᠠᠷᠠᠭᠤᠯᠪᠠ᠃      ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠶ ᠬᠡᠳᠦᠨ ᠰᠠᠨᠠᠯ︾᠎ ᠤᠨ ᠱᠠᠭᠠᠷᠳᠠᠯᠭ᠎ᠠ ᠶᠣᠰᠣᠭᠠᠷ᠂ ᠤᠯᠤᠰ ᠲᠥᠷᠥ ᠶᠢᠨ ᠵᠥᠪᠯᠡᠯᠭᠡᠨ ᠤ ᠨᠠᠮ ᠎ ᠤᠨ ᠳᠤᠭᠤᠶᠢᠯᠠᠩ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠦᠶᠯᠡᠳᠦᠯ ᠢ ᠲᠠᠰᠤᠷᠠᠯᠲᠠ ᠥᠬᠡᠶ ᠴᠢᠩᠭᠠᠳᠬᠠᠵᠤ᠂ ᠴᠢᠬᠤᠯᠠ ᠶᠡᠭᠡ ᠤᠴᠢᠷ ᠶᠠᠪᠤᠳᠠᠯ᠂ ᠴᠢᠬᠤᠯᠠ ᠶᠡᠭᠡ ᠠᠰᠠᠭᠤᠳᠠᠯ ᠢ ᠬᠤᠰᠢᠭᠤᠨ ᠤ ᠨᠠᠮ ᠤᠨ ᠬᠤᠷᠢᠶᠠᠨ ᠳᠤ ᠮᠡᠳᠡᠭᠦᠯᠬᠦ ᠲᠦᠷᠢᠮ ᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠶᠴᠡᠳᠬᠡᠬᠦ ᠪᠥᠬᠦ ᠶᠠᠪᠤᠴᠠ ᠎ ᠳᠤ ᠦᠨᠡᠨ ᠬᠦ ᠲᠤᠤᠱᠯᠠᠭᠤᠯᠪᠠ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠬᠥᠮᠦᠨ᠂ ᠵᠣᠭᠤᠰ ᠮᠥᠩᠭᠦ᠂ ᠡᠳ᠋ ᠪᠣᠳᠠᠰ ᠵᠡᠷᠭᠡ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠣᠷᠣᠨ ᠪᠠᠶᠢᠷᠢ ᠶᠢ ᠵᠢᠷᠤᠮᠵᠢᠭᠤᠯᠤᠨ ᠬᠠᠮᠢᠶᠠᠷᠬᠤ ᠶᠢ ᠦᠨᠡᠨ ᠬᠦ ᠴᠢᠩᠭᠠᠳᠬᠠᠵᠤ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠡᠮᠵᠢᠵᠦ᠂ ᠰᠠᠬᠢᠯᠭ᠎ᠠ ᠪᠠᠲᠤ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨᠠᠯᠲᠠ ᠎ ᠶᠢ ᠤᠬᠠᠮᠰᠠᠷ ᠠᠴᠠ ᠪᠠᠨ ᠬᠦᠯᠢᠶᠡᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠎ ᠶᠢ ᠪᠠᠲᠤ ᠡᠵᠡᠮᠳᠡᠵᠦ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠠᠭ ᠲᠤᠬᠠᠶ ᠳᠤᠨᠢ ᠤᠯᠠᠮᠵᠢᠯᠠᠨ ᠨᠠᠶᠢᠳᠠᠪᠤᠷᠢᠵᠢᠭᠤᠯᠵᠤ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠬᠥᠲᠥᠯᠥᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠢᠳᠡᠪᠬᠢ ᠬᠦᠴᠦᠨ ᠢ ᠢᠳᠡᠪᠬᠢᠲᠡᠶ ᠤᠯᠠᠮᠵᠢᠯᠠᠪᠠ᠃      ︵ᠬᠤᠶᠠᠷ︶ ᠨᠠᠮ ᠵᠠᠰᠠᠭ ᠤᠨ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠣᠳᠠᠲᠠᠶ ᠶᠢ ᠡᠷᠬᠢᠮᠯᠡᠬᠦ ᠠᠷᠭ᠎ᠠ ᠪᠣᠳᠣᠯᠭ᠎ᠠ ᠶᠢ ᠰᠦᠪᠡᠭᠴᠢᠯᠡᠵᠦ᠂ ᠰᠣᠳᠣ ᠮᠡᠷᠭᠡᠨ ᠰᠠᠨᠠᠯ ᠰᠠᠨᠠᠭᠤᠯᠭ᠎ᠠ ᠶᠢ ᠭᠦᠶᠴᠡᠳ ᠳᠤᠷᠠᠳᠤᠨ ᠭᠠᠷᠭᠠᠪᠠ᠃ ᠭᠤᠤᠯᠳᠠᠯᠭ᠎ᠠ ᠶᠢ ᠨᠢ ᠠᠳᠬᠤᠪᠠᠯ ᠠᠯᠢᠪᠠ ᠶᠠᠪᠤᠳᠠᠯ ᠠᠶᠠᠨᠳᠠᠭᠠᠨ ᠰᠢᠢᠳᠪᠦᠷᠢᠯᠡᠭᠳᠡᠨ᠎ᠡ᠃ ᠪᠠᠶᠢᠩᠭᠤ ᠎ ᠶᠢᠨ ᠬᠤᠷᠢᠶ᠎ᠠ ᠨᠠᠮ ᠵᠠᠰᠠᠭ ᠤᠨ ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠠᠷ ᠰᠡᠳᠦᠪ ᠰᠣᠩᠭᠤᠬᠤ ᠶᠢ ᠴᠢᠬᠤᠯᠠᠴᠢᠯᠠᠵᠤ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠨ᠂ ᠭᠦᠨᠵᠡᠭᠡᠶ ᠵᠥᠪᠯᠡᠯᠭᠡ ᠬᠢᠵᠦ ᠲᠦᠷᠦ ᠶᠢᠨ ᠬᠡᠷᠡᠭ ᠢ ᠵᠥᠪᠯᠡᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠨᠡᠨᠴᠢ ᠰᠠᠨᠠᠯ ᠰᠠᠨᠠᠭᠤᠯᠭ᠎ᠠ ᠳᠤᠷᠠᠳᠤᠨ᠂ ᠰᠠᠶᠢᠨ ᠠᠷᠭ᠎ᠠ ᠪᠣᠳᠣᠯᠭ᠎ᠠ ᠰᠦᠪᠡᠭᠴᠢᠯᠡᠵᠦ᠂ ᠪᠣᠳᠠᠲᠠᠶ ᠠᠷᠭ᠎ᠠ ᠭᠠᠷᠭᠠᠪᠠ      ᠭᠤᠤᠯᠳᠠᠯᠭ᠎ᠠ ᠲᠠᠢ ᠤᠶᠠᠯᠳᠤᠭᠤᠯᠤᠨ᠂ ᠰᠠᠨᠠᠯ ᠵᠥᠪᠯᠡᠯᠭᠡ ᠳᠤᠷᠠᠳᠤᠨ ᠠᠷᠭ᠎ᠠ ᠪᠤᠳᠤᠯᠭ᠎ᠠ ᠭᠠᠷᠭᠠᠬᠤ ᠲᠠᠯ᠎ᠠ ᠎ ᠪᠠᠷ ᠬᠦᠴᠦᠨ ᠢᠶᠠᠨ ᠨᠢᠭᠲᠠᠷᠠᠭᠤᠯᠪᠠ᠃ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠬᠤᠭᠤᠴᠠᠭᠠᠨ ᠳᠤ᠂ ᠭᠡᠰᠢᠭᠦᠳ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠵᠢᠴᠢ ᠪᠤᠰᠤᠳ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠨ ᠶᠠᠷᠢᠯᠴᠠᠵᠤ᠂ ᠪᠥᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠎ ᠶᠢᠨ ᠵᠠᠩᠭᠢᠯᠠᠭ᠎ᠠ ᠶᠢᠨ ᠠᠰᠠᠭᠤᠳᠠᠯ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠤ ᠢᠯᠠᠯᠲᠠ ᠶᠢ ᠤᠯᠬᠤ ᠭᠤᠤᠯᠳᠠᠯᠭ᠎ᠠ ᠲᠠᠢ ᠠᠰᠠᠭᠤᠳᠠᠯ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠶ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠪᠠ᠃ ᠮᠠᠨ ᠤ ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠶᠯᠡᠴᠢᠯᠡᠬᠦ᠂ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠨᠡᠶᠢᠭᠡᠮ ᠲᠣᠭᠤᠷᠢᠭ ᠤᠨ ᠨᠠᠰᠤᠳᠠᠶᠢᠴᠤᠤᠯ ᠎ ᠤᠨ ᠬᠡᠷ ᠲᠡᠭᠡᠨ ᠨᠠᠰᠤᠵᠢᠯ ᠤᠨ ᠠᠰᠠᠷᠠᠮᠵᠢ ᠭᠥᠷᠳᠡᠬᠦ ᠪᠠ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠬᠤ ᠵᠡᠷᠭᠡ 5 ᠰᠡᠳᠦᠪ ᠤᠨ ᠲᠣᠭᠤᠷᠢᠨ ᠳᠤ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠨᠠᠷ ᠢ ᠤᠷᠢᠵᠤ ᠡᠲᠡᠭᠡᠳ  ᠢᠯᠭᠠᠯ ᠤᠨ ᠳᠤᠭᠤᠶᠢᠯᠠᠩ ᠤᠨ ᠶᠠᠷᠢᠯᠴᠠᠭᠠᠨ ᠳᠤ ᠣᠷᠣᠯᠴᠠᠭᠤᠯᠵᠤ᠂ ᠭᠡᠰᠢᠭᠦᠳ ᠲᠠᠢ ᠨᠢᠭᠤᠷᠳᠠᠨ ᠵᠥᠪᠳᠡᠯᠴᠡᠨ ᠰᠣᠯᠢᠯᠴᠠᠵᠤ᠂ ᠭᠡᠰᠢᠭᠦᠳ ᠤᠨ ᠰᠠᠨᠠᠯ ᠰᠠᠨᠠᠭᠤᠯᠭ᠎ᠠ ᠪᠠ ᠦᠨᠳᠦᠰᠦᠨ ᠱᠠᠲᠤᠨ ᠤ ᠬᠦᠰᠡᠯ ᠱᠠᠭᠠᠷᠳᠠᠯᠭ᠎ᠠ ᠶᠢ ᠰᠣᠨᠣᠰᠴᠠᠶ᠃ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠬᠤ᠂ ᠳᠤᠭᠤᠶᠢᠯᠠᠩ ᠬᠤᠪᠢᠶᠠᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠭᠡᠰᠢᠭᠦᠳ ᠨᠠᠮ ᠵᠠᠰᠠᠭ ᠤᠨ ᠤᠳᠤᠷᠢᠳᠤᠯᠭ᠎ᠠ ᠲᠠᠢ ᠡᠮᠬᠢ ᠵᠢᠷᠤᠮ ᠲᠠᠢ ᠪᠠᠷ ᠬᠠᠮᠤᠭ ᠤᠨ ᠰᠢᠭᠤᠳ᠂ ᠬᠠᠮᠤᠭ ᠤᠨ ᠲᠥᠪᠯᠡᠷᠡᠩᠭᠦᠢ ᠪᠠᠷ ᠰᠠᠨᠠᠯ ᠢᠶᠠᠨ ᠰᠣᠯᠢᠯᠴᠠᠨ ᠨᠡᠪᠲᠡᠷᠡᠯᠴᠡᠵᠦ᠂ ᠭᠡᠰᠢᠭᠦᠳ ᠤᠨ ᠪᠠᠶᠢᠳᠠᠯ ᠢ ᠮᠡᠳᠡᠬᠦ ᠡᠷᠬᠡ᠂ ᠢᠯᠡᠳᠬᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠭᠦᠢᠴᠡᠳ ᠢᠯᠡᠷᠡᠭᠦᠯᠵᠦ᠂ ᠮᠠᠰᠢ ᠤᠯᠠᠨ ᠰᠠᠨᠠᠯ ᠰᠠᠨᠠᠭᠤᠯᠭ᠎ᠠ ᠨᠢ ᠨᠠᠮ ᠵᠠᠰᠠᠭ ᠤᠨ ᠰᠠᠯᠠᠭ᠎ᠠ ᠮᠥᠴᠢᠷ ᠤᠨ ᠰᠢᠢᠳᠪᠦᠷᠢᠲᠦ ᠪᠤᠳᠤᠯᠭ᠎ᠠ ᠪᠠᠨ ᠲᠡᠭᠦᠯᠳᠡᠷᠵᠢᠭᠦᠯᠬᠦ᠂ ᠠᠵᠢᠯ ᠢᠶᠠᠨ ᠰᠠᠶᠢᠵᠢᠷᠠᠭᠤᠯᠬᠤ ᠶᠢᠨ ᠢᠳᠡᠪᠬᠢᠲᠡᠢ ᠲᠦᠯᠬᠢᠴᠡ ᠬᠦᠴᠦᠨ ᠪᠣᠯᠤᠭᠰᠠᠨ ᠪᠠᠶᠢᠨ᠎ᠠ᠃      ᠶᠡᠭᠡ ᠲᠠᠯ᠎ᠠ ᠳᠤ ᠦᠢᠯᠡᠴᠢᠯᠡᠵᠦ᠂ ᠰᠢᠢᠳᠪᠦᠷᠢᠲᠦ ᠪᠤᠳᠤᠯᠭ᠎ᠠ ᠶᠢ ᠵᠥᠪᠯᠡᠬᠦ ᠲᠠᠯ᠎ᠠ ᠪᠠᠷ ᠤᠶᠤᠨ ᠤᠬᠠᠭᠠᠨ ᠢ ᠲᠦᠪᠯᠡᠷᠡᠭᠦᠯᠪᠡ᠃ ᠨᠢᠭᠡ ᠵᠢᠯ ᠤᠨ ᠲᠤᠷᠰᠢ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠡᠲᠡᠭᠡᠳ ᠢᠯᠭᠠᠯ ᠤᠨ ᠭᠡᠰᠢᠭᠦᠳ ᠢ ᠵᠣᠬᠢᠶᠠᠨ ᠪᠠᠶᠢᠭᠤᠯᠵᠤ᠂ 5 ᠤᠳᠠᠭ᠎ᠠ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠦᠨ᠂ ᠪᠣᠶ ᠪᠣᠯᠤᠭᠰᠠᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠴᠤᠬᠤᠯᠠᠪᠤᠷᠢᠯᠠᠭᠰᠠᠨ ᠤ ᠳᠠᠷᠠᠭ᠎ᠠ᠂ ᠬᠠᠮᠢᠶ᠎ᠠ ᠪᠥᠬᠦᠶ ᠡᠷᠬᠡ ᠲᠤᠰᠢᠶᠠᠯᠲᠤ ᠰᠠᠯᠠᠭ᠎ᠠ ᠮᠥᠴᠢᠷ ᠢᠳᠡᠪᠬᠢᠲᠡᠶ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠦᠲᠦᠮᠵᠢᠲᠡᠶ ᠨᠠᠶᠢᠳᠠᠪᠤᠷᠢᠵᠢᠭᠤᠯᠪᠠ᠃ ︽ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠎ ᠶᠢ ᠬᠤᠰᠢᠭᠤᠨ ᠤ ᠨᠠᠮ ᠤᠨ ᠬᠤᠷᠢᠶᠠᠨ ᠤ ᠱᠦᠵᠢ ︽ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠠᠵᠤ ᠦᠶᠯᠡᠰ ᠤᠨ ᠦᠷᠭᠦᠯᠵᠢᠯᠡᠬᠦᠶᠢᠴᠡ ᠬᠥᠭᠵᠢᠯᠲᠡ ᠪᠠᠷ ᠬᠥᠳᠡᠯᠭᠡᠭᠦᠷ ᠪᠣᠯᠭᠠᠨ᠂ ᠮᠠᠯ ᠠᠵᠤ ᠠᠬᠤᠶ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠬᠦ ᠬᠡᠷᠡᠭᠲᠡᠶ︾ ᠭᠡᠵᠦ ᠴᠣᠬᠤᠯᠠᠪᠤᠷᠢᠯᠠᠪᠠ︔ ︽ᠬᠥᠩᠭᠡᠷ ᠤᠨ ᠭᠤᠤᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠎ ᠶᠢ ᠦᠵᠡᠭᠰᠡᠨ ᠤ ᠳᠠᠷᠠᠭ᠎ᠠ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠠᠮᠢᠶ᠎ᠠ ᠪᠥᠬᠦᠶ ᠡᠷᠬᠡ ᠲᠤᠰᠢᠶᠠᠯᠲᠤ ᠰᠠᠯᠠᠭ᠎ᠠ ᠮᠥᠴᠢᠷ ᠢ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠬᠦ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠷᠠᠭᠤᠯᠬᠤ ᠵᠡᠷᠭᠡ ᠲᠠᠯ᠎ᠠ ᠠᠴᠠ ᠭᠠᠷᠳᠠᠵᠤ᠂ ᠬᠠᠮᠠᠭᠠᠯᠠᠬᠤ ᠪᠠ ᠰᠡᠷᠭᠦᠭᠡᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ︔ ︽ᠪᠠᠶᠢᠩᠭᠤᠵᠢᠭᠰᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠎ ᠤᠨ ᠬᠢᠵᠢᠭ ᠤᠨ ᠪᠠᠶᠢᠳᠠᠯ ᠤᠨ ᠨᠥᠯᠥᠭᠡᠯᠡᠯ ᠳᠣᠣᠷᠠᠬᠢ ᠮᠠᠨ ᠤ ᠬᠤᠰᠢᠭᠤᠨ ᠤ ᠠᠵᠢᠯ ᠣᠯᠭᠤᠯᠲᠠ ᠶᠢᠨ ᠪᠠᠶᠢᠳᠠᠯ ᠎ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠎ ᠶᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠎ ᠶᠢ ᠣᠨᠣᠪᠴᠢᠲᠠᠶ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠪᠠᠶᠢᠳᠠᠯ ᠳᠣᠤᠷ᠎ᠠ ᠠᠵᠢᠯ ᠣᠯᠭᠤᠯᠲᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠣᠬᠤᠯᠠᠪᠤᠷᠢᠯᠠᠭᠰᠠᠨ ᠪᠠᠶᠢᠨ᠎ᠠ︔ ︽ᠮᠠᠨ ᠤ ᠬᠤᠰᠢᠭᠤᠨ ᠤ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠎ ᠶᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠠᠴᠠ ᠬᠥᠳᠡᠭᠡ ᠲᠣᠰᠬᠤᠨ ᠤ ᠲᠦᠷᠢᠮ ᠠᠷᠠᠳ ᠤᠨ ᠭᠡᠷ᠎ᠡ ᠶᠢ ᠪᠦᠷᠢᠨᠰᠢᠭᠦᠯᠵᠦ᠂ ᠰᠠᠭᠤᠷᠢ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠪᠠ ᠬᠥᠳᠡᠭᠡ ᠲᠣᠰᠬᠤᠨ ᠤ ᠰᠣᠶᠣᠯ ᠢ ᠠᠭᠤᠳᠠᠯᠬᠤ ᠪᠠᠷ ᠭᠠᠷᠳᠠᠴᠠ ᠪᠣᠯᠭᠠᠵᠤ᠂ ᠮᠠᠨ ᠤ ᠬᠤᠰᠢᠭᠤᠨ ᠤ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠶ ᠭᠡᠵᠦ ᠴᠣᠬᠤᠯᠠᠪᠤᠷᠢᠯᠠᠪᠠ︔ ︽ᠰᠣᠶᠣᠯ ᠵᠢᠭᠤᠯᠴᠢᠯᠠᠯ ᠤᠨ ᠠᠭᠤᠰᠤᠯᠴᠠᠯ ᠎ ᠢ ᠠᠬᠢᠭᠤᠯᠬᠤ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠎ ᠨᠢ ᠦᠵᠦ ᠲᠥᠯᠥᠪᠯᠡᠭᠡ ᠶᠢ ᠲᠡᠭᠦᠯᠳᠡᠷᠵᠢᠭᠦᠯᠬᠦ᠂ ᠠᠭᠤᠰᠤᠯᠴᠠᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠎ ᠤᠨ ᠰᠢᠨ᠎ᠡ ᠶᠢ ᠡᠭᠦᠳᠬᠦ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠭᠤᠯᠭ᠎ᠠ ᠳᠤᠷᠠᠳᠴᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠨ᠂ ᠠᠵᠢᠯ ᠤᠨ ᠰᠡᠳᠬᠢᠮᠵᠢ ᠶᠢᠨ ᠰᠢᠨ᠎ᠡ ᠶᠢ ᠡᠭᠦᠳᠴᠦ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠦ ᠴᠣᠬᠤᠯᠠᠪᠤᠷᠢᠯᠠᠪᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号