| | ︵ᠭᠤᠷᠪᠠ︶ ᠤᠯᠠᠨ ᠲᠦᠮᠡᠨ ᠤ ᠠᠵᠠ ᠵᠢᠷᠭᠠᠯ ᠢ ᠬᠦᠴᠦᠯᠡᠨ ᠨᠡᠮᠡᠭᠳᠡᠭᠦᠯᠵᠦ᠂ ᠠᠷᠠᠳ ᠲᠦᠮᠡᠨ ᠤ | ᠲᠥᠯᠥᠭᠡ ᠵᠢᠳᠬᠦᠬᠦ ᠬᠠᠷᠢᠭᠤᠴᠠᠯᠭ᠎ᠠ ᠶᠢ ᠬᠢᠴᠢᠶᠡᠩᠭᠦᠶᠢᠯᠡᠨ ᠰᠠᠬᠢᠵᠤ᠂ ᠠᠷᠠᠳ ᠲᠦᠮᠡᠨ ᠤ ᠲᠥᠯᠥᠭᠡ ᠮᠠᠬᠠᠷᠠᠨ | ᠠᠵᠢᠯᠯᠠᠪᠠ᠃ ᠠᠷᠠᠳ ᠣᠯᠠᠨ ᠤ ᠬᠦᠰᠡᠯ ᠪᠤᠳᠤᠯ ᠠᠯᠢᠪᠠ ᠠᠴᠠ ᠡᠷᠬᠢᠮ᠃ ᠪᠠᠶᠢᠩᠭᠤ ᠶᠢᠨ ᠬᠤᠷᠢᠶ᠎ᠠ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠤᠨ | ᠲᠥᠯᠥᠭᠡ ᠠᠷᠭ᠎ᠠ ᠪᠤᠳᠤᠯᠭ᠎ᠠ ᠭᠠᠷᠭᠠᠵᠤ᠂ ᠠᠷᠠᠳ ᠲᠦᠮᠡᠨ ᠳᠤ ᠠᠰᠢᠭ ᠲᠤᠰᠠ ᠣᠯᠭᠤᠬᠤ ᠶᠢ ᠴᠢᠷᠮᠠᠶᠢᠨ | ᠪᠡᠶᠡᠯᠡᠭᠦᠯᠪᠡ᠃ | ᠰᠠᠨᠠᠯ ᠵᠥᠪᠯᠡᠯᠭᠡ ᠶᠢ ᠰᠢᠢᠳᠪᠦᠷᠢᠯᠡᠨ ᠠᠷᠠᠳ ᠣᠯᠠᠨ ᠤ ᠠᠩᠬᠠᠷᠴᠤ ᠬᠠᠯᠠᠮᠵᠢᠯᠠᠵᠤ ᠪᠠᠶᠢᠭ᠎ᠠ ᠠᠰᠠᠭᠤᠳᠠᠯ ᠳᠤ | ᠬᠠᠷᠢᠭᠤᠯᠲᠠ ᠥᠭᠪᠡ᠃ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠠᠴᠠ ᠨᠠᠰᠢ᠂ ᠭᠡᠰᠢᠭᠦᠳ | ᠤᠨ ᠰᠠᠨᠠᠯ ᠵᠥᠪᠯᠡᠯᠭᠡ ᠶᠢ ᠨᠡᠶᠢᠳᠡ 52 ᠬᠤᠪᠢ ᠬᠦᠯᠢᠶᠠᠨ ᠠᠪᠴᠤ᠂ ᠬᠢᠨᠠᠨ ᠪᠠᠶᠢᠴᠠᠭᠠᠭᠠᠳ ᠪᠦᠬᠦᠳᠡ ᠶᠢ ᠬᠡᠷᠡᠭ | ᠪᠣᠯᠭᠠᠨ ᠳᠠᠩᠰᠠᠯᠠᠪᠠ᠂ ᠡᠭᠦᠨ ᠤ ᠲᠤᠳᠤᠷ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠲᠦᠷᠦᠯ 4 ᠬᠤᠪᠢ᠂ ᠠᠵᠤ | ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ 11 ᠬᠤᠪᠢ᠂ ᠰᠣᠶᠣᠯ ᠤᠨ ᠪᠠᠶᠢᠭᠤᠯᠤᠯᠲᠠ ᠶᠢᠨ ᠲᠦᠷᠦᠯ | 7 ᠬᠤᠪᠢ᠂ ᠨᠡᠶᠢᠭᠡᠮ ᠤᠨ ᠪᠠᠶᠢᠭᠤᠯᠤᠯᠲᠠ ᠶᠢᠨ ᠲᠦᠷᠦᠯ 24 ᠬᠤᠪᠢ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠲᠦᠷᠦᠯ 6 ᠬᠤᠪᠢ ᠪᠣᠢ᠃ ᠤᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ | ᠤᠨ ᠬᠦᠴᠢᠷ ᠬᠠᠯᠠᠮᠰᠢᠯ ᠠᠰᠠᠭᠤᠳᠠᠯ ᠳᠤ ᠴᠢᠭᠯᠡᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ | ᠬᠠᠮᠲᠤᠷᠠᠨ ᠱᠠᠭᠠᠷᠳᠠᠨ ᠰᠢᠢᠳᠪᠦᠷᠢᠯᠡᠭᠦᠯᠬᠦ᠂ ᠭᠤᠣᠯᠳᠠᠯᠭ᠎ᠠ ᠲᠠᠢ ᠠᠰᠠᠭᠤᠳᠠᠯ ᠢ ᠬᠠᠮᠲᠤᠷᠠᠨ ᠪᠠᠶᠢᠴᠠᠭᠠᠨ ᠦᠵᠡᠬᠦ | ᠵᠡᠷᠭᠡ ᠠᠷᠭ᠎ᠠ ᠮᠠᠶ᠋ᠢᠭ ᠢ ᠦᠷᠭᠦᠯᠵᠢᠯᠡᠨ ᠬᠡᠷᠡᠭᠯᠡᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠬᠠᠤᠯᠢ ᠴᠠᠭᠠᠵᠠ | ᠶᠢᠨ ᠬᠢᠨᠠᠯᠲᠠ ᠲᠠᠯᠪᠢᠬᠤ ᠶᠢᠨ ᠠᠭᠤᠰᠤᠯᠴᠠᠯ ᠤᠨ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ᠰᠠᠨᠠᠯ ᠵᠥᠪᠯᠡᠯᠭᠡ | ᠶᠢᠨ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ | ᠭᠤᠤᠯᠳᠠᠯᠭ᠎ᠠ ᠲᠠᠢ ᠰᠠᠨᠠᠯ ᠵᠥᠪᠯᠡᠯᠭᠡ ᠶᠢ ᠭᠦᠶᠴᠡᠳᠬᠡᠬᠦ ᠡᠷᠴᠢᠮ ᠢ ᠬᠦᠴᠦᠯᠡᠨ ᠴᠢᠩᠭᠠᠷᠠᠭᠤᠯᠵᠤ᠂ ︽ᠵᠢᠭᠤᠯᠴᠢᠯᠠᠯ | ᠤᠨ ᠦᠵᠡᠮᠵᠢ ᠶᠢᠨ ᠣᠷᠣᠨ ᠤ ᠪᠢᠯᠧᠲ ᠤᠨ ᠦᠨ᠎ᠡ ᠶᠢᠨ ᠪᠦᠲᠦᠴᠡ ᠶᠢ ᠰᠢᠯᠢᠳᠡᠭᠵᠢᠭᠦᠯᠦᠨ ᠪᠥᠬᠦ ᠣᠷᠣᠨ ᠪᠦᠰᠡ | ᠶᠢᠨ ᠵᠢᠭᠤᠯᠴᠢᠯᠠᠯ ᠢ ᠪᠥᠬᠦ ᠠᠷᠠᠳ ᠢᠶᠠᠷ ᠢᠶᠠᠨ ᠬᠠᠮᠲᠤ ᠪᠠᠷ ᠭᠥᠷᠳᠡᠬᠦ ᠶᠢ ᠠᠬᠢᠭᠤᠯᠬᠤ︾ ᠵᠡᠷᠭᠡ 5 ᠬᠤᠪᠢ ᠰᠠᠨᠠᠯ | ᠵᠥᠪᠯᠡᠯᠭᠡ ᠶᠢ ᠣᠨ ᠤ ᠭᠤᠤᠯᠳᠠᠯᠭ᠎ᠠ ᠲᠠᠢ ᠰᠠᠨᠠᠯ ᠵᠥᠪᠯᠡᠯᠭᠡ ᠪᠠᠷ ᠲᠣᠭᠲᠠᠭᠠᠵᠤ᠂ ᠬᠤᠰᠢᠭᠤᠨ ᠤ ᠤᠯᠤᠰ ᠲᠥᠷᠥ | ᠶᠢᠨ ᠵᠥᠪᠯᠡᠯᠭᠡᠨ ᠤ ᠲᠡᠷᠢᠭᠦᠯᠡᠭᠴᠢ᠂ ᠳᠡᠳ᠋ ᠲᠡᠷᠢᠭᠦᠯᠡᠭᠴᠢ ᠲᠦᠷᠦᠭᠦᠯᠡᠨ ᠰᠠᠨᠠᠯ ᠵᠥᠪᠯᠡᠯᠭᠡ ᠶᠢ ᠠᠪᠴᠤ ᠪᠠᠶᠢᠴᠠᠭᠠᠨ | ᠰᠤᠳᠤᠯᠤᠯᠲᠠ ᠬᠢᠬᠦ ᠪᠠ ᠲᠣᠭᠤᠷᠢᠨ ᠪᠠᠶᠢᠴᠠᠭᠠᠯᠲᠠ ᠥᠷᠨᠢᠭᠦᠯᠵᠦ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ | ᠶᠠᠷᠢᠯᠴᠠᠨ ᠵᠥᠪᠳᠡᠯᠴᠡᠬᠦ ᠪᠠ ᠴᠠᠭ ᠬᠢᠵᠠᠭᠠᠷᠯᠠᠨ ᠬᠠᠷᠢᠭᠤ ᠥᠭᠬᠦ ᠵᠡᠷᠭᠡ ᠠᠷᠭ᠎ᠠ ᠬᠡᠮᠵᠢᠶ᠎ᠡ ᠠᠪᠴᠤ᠂ ᠳᠠᠭᠠᠭᠠᠨ | ᠭᠦᠶᠴᠡᠳᠬᠡᠬᠦ ᠨᠢᠭᠡᠴᠡ ᠶᠢ ᠱᠠᠭᠠᠷᠳᠠᠨ ᠴᠢᠬᠤᠯᠠ ᠶᠡᠭᠡ ᠠᠰᠠᠭᠤᠳᠠᠯ ᠢ ᠭᠤᠤᠯᠳᠠᠯᠭ᠎ᠠ ᠲᠠᠢ ᠰᠢᠶᠳᠪᠦᠷᠢᠯᠡᠬᠦ᠂ | ᠬᠠᠯᠠᠮᠰᠢᠯ ᠠᠰᠠᠭᠤᠳᠠᠯ ᠢ ᠢᠳᠡᠪᠬᠢᠲᠡᠶ ᠰᠢᠶᠳᠪᠦᠷᠢᠯᠡᠬᠦ᠂ ᠬᠦᠴᠢᠷ ᠠᠰᠠᠭᠤᠳᠠᠯ ᠢ ᠪᠥᠬᠦ ᠬᠦᠴᠦᠨ ᠢᠶᠠᠷ ᠢᠶᠠᠨ | ᠰᠢᠶᠳᠪᠦᠷᠢᠯᠡᠵᠦ᠂ ᠰᠠᠨᠠᠯ ᠳᠤᠷᠠᠳᠤᠯᠭ᠎ᠠ ᠶᠢ ᠭᠦᠶᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ | ᠴᠢᠩᠭᠠᠷᠠᠭᠤᠯᠵᠤ᠂ ᠨᠡᠶᠢᠭᠡᠮ ᠤᠨ ᠦᠶᠯᠡᠰ ᠤᠨ ᠳᠠᠪᠰᠢᠯᠲᠠ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ | ᠠᠬᠢᠭᠤᠯᠪᠠ᠃ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠦᠨᠳᠦᠰᠦᠨ ᠱᠠᠲᠤᠨ ᠤ ᠬᠦᠰᠡᠯ ᠱᠠᠭᠠᠷᠳᠠᠯᠭ᠎ᠠ ᠶᠢ | ᠳᠠᠮᠵᠢᠭᠤᠯᠪᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠣᠶᠢᠯᠠᠭᠠᠭᠳᠠᠬᠤᠨ ᠢ | ᠭᠦᠨᠵᠡᠭᠡᠶᠢᠷᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ | ᠤ ᠡᠭᠦᠯᠡᠨ ᠲᠠᠪᠴᠠᠩ︾ ᠲᠠᠢ ᠵᠣᠯᠭᠠᠭᠤᠯᠤᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠦᠯᠵᠢᠶ᠎ᠡ ᠪᠠᠷ | ᠰᠢᠭᠤᠳ ᠨᠡᠪᠲᠡᠷᠡᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ᠂ ᠡᠮᠬᠢᠯᠡᠬᠦ᠂ | ᠮᠡᠳᠡᠭᠦᠯᠦᠨ ᠬᠦᠷᠭᠡᠬᠦ ᠪᠠ ᠬᠠᠷᠢᠭᠤ ᠲᠤᠰᠬᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠪᠠ᠃ ᠨᠢᠭᠡ | ᠵᠢᠯ ᠤᠨ ᠲᠤᠷᠰᠢ᠂ ᠨᠡᠶᠢᠲᠡ 43 ᠬᠤᠪᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ | ᠡᠮᠬᠢᠳᠬᠡᠨ ᠨᠠᠶᠢᠷᠠᠭᠤᠯᠤᠨ ᠨᠡᠶᠢᠳᠡᠯᠡᠵᠦ᠂ ᠡᠭᠦᠨ ᠤ ᠲᠤᠳᠤᠷ᠎ᠠ ᠠᠴᠠ ᠪᠦᠬᠦ ᠤᠯᠤᠰ ᠤᠨ ᠤᠯᠤᠰ ᠲᠥᠷᠦ ᠶᠢᠨ | ᠵᠥᠪᠯᠡᠯᠭᠡᠨ 1 ᠵᠣᠬᠢᠶᠠᠯ ᠢ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠦ ᠶᠢᠨ ᠵᠥᠪᠯᠡᠯᠭᠡᠨ 4 | ᠵᠣᠬᠢᠶᠠᠯ ᠢ ᠬᠡᠷᠡᠭᠯᠡᠵᠦ᠂ ᠤᠯᠠᠭᠠᠨᠬᠠᠳᠠ ᠬᠤᠲᠠ ᠶᠢᠨ ᠤᠯᠤᠰ ᠲᠥᠷᠦ ᠶᠢᠨ ᠵᠥᠪᠯᠡᠯᠭᠡᠨ 13 ᠵᠣᠬᠢᠶᠠᠯ ᠢ ᠬᠡᠷᠡᠭᠯᠡᠪᠡ᠃ | ᠡᠭᠦᠨ ᠳᠤ᠂ ︽ᠵᠦᠷᠢᠶᠡᠴᠢᠯᠡᠭᠰᠡᠨ ᠣᠷᠣᠨ ᠪᠦᠰᠡ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ | ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠤᠬᠠᠢ ᠰᠠᠨᠠᠭᠤᠯᠭ᠎ᠠ | ︾ ᠨᠢ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠳᠤ ᠬᠡᠷᠡᠭᠯᠡᠭᠳᠡᠪᠡ᠂ ︽ᠮᠠᠯ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠨᠡᠬᠡᠮᠵᠢᠯᠡᠬᠦ ᠬᠠᠮᠢᠶᠠᠷᠤᠯᠲᠠ ᠶᠢ ᠴᠢᠩᠭᠠᠳᠬᠠᠬᠤ | ᠲᠤᠬᠠᠶ ᠰᠠᠨᠠᠭᠤᠯᠭ᠎ᠠ︾ ︽ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠶᠢ ᠠᠬᠢᠭᠤᠯᠵᠤ ᠰᠠᠭᠤᠷᠢ ᠲᠦᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠲᠤᠬᠠᠶ | ᠰᠠᠨᠠᠭᠤᠯᠭ᠎ᠠ︾ ᠨᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ | ᠬᠤᠲᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ ᠳᠤ ᠬᠡᠷᠡᠭᠯᠡᠭᠳᠡᠪᠡ᠂ ︽ᠰᠣᠶᠣᠯ ᠵᠢᠭᠤᠯᠴᠢᠯᠠᠯ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠤᠬᠠᠶ | ᠰᠠᠨᠠᠭᠤᠯᠭ᠎ᠠ︾ ︽ᠬᠢᠵᠢᠭ ᠤᠨ ᠪᠠᠶᠢᠳᠠᠯ ᠥᠩᠭᠡᠷᠡᠭᠰᠡᠨ ᠤ ᠳᠠᠷᠠᠭ᠎ᠠ ᠡᠮᠴᠢ ᠰᠤᠪᠢᠯᠠᠭᠴᠢ ᠶᠢᠨ ᠠᠵᠢᠯ ᠢ ᠡᠷᠡᠭᠦᠯ | ᠢᠶᠠᠷ ᠬᠥᠭᠵᠢᠭᠦᠯᠬᠦ ᠲᠤᠬᠠᠶ ᠰᠠᠨᠠᠭᠤᠯᠭ᠎ᠠ︾ ︽ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ | ᠶᠢ ᠴᠢᠩᠭᠠᠳᠬᠠᠵᠤ ᠦᠶᠯᠡᠳᠪᠦᠷᠢᠯᠡᠯ ᠤᠨ ᠠᠷᠭ᠎ᠠ ᠬᠡᠯᠪᠡᠷᠢ ᠶᠢ ᠪᠣᠬᠢᠷᠲᠤᠯ ᠥᠬᠡᠶ ᠪᠣᠯᠭᠠᠬᠤ ᠶᠢ ᠠᠬᠢᠭᠤᠯᠬᠤ ᠲᠤᠬᠠᠶ | ᠰᠠᠨᠠᠭᠤᠯᠭ᠎ᠠ︾ ᠵᠡᠷᠭᠡ ᠣᠯᠠᠨ ᠮᠡᠳᠡᠭᠡ ᠵᠠᠩᠭᠢ ᠶᠢ ᠲᠣᠭᠤᠷᠢᠭ ᠬᠤᠲᠠ ᠶᠢᠨ ᠬᠠᠮᠢᠶ᠎ᠠ ᠪᠥᠬᠦᠶ ᠲᠢᠩᠬᠢᠮ ᠲᠣᠪᠴᠢᠶ᠎ᠠ | ᠬᠡᠷᠡᠭᠯᠡᠭᠰᠡᠨ ᠪᠠᠶᠢᠨ᠎ᠠ᠃ ᠡᠳᠡᠭᠡᠷ ᠮᠡᠳᠡᠭᠡ ᠵᠠᠩᠭᠢ ᠨᠢ ᠠᠷᠠᠳ ᠤᠯᠠᠨ ᠤ ᠬᠦᠰᠡᠯ ᠡᠷᠡᠮᠡᠯᠵᠡᠯ ᠪᠠ ᠬᠦᠰᠡᠯ | ᠱᠠᠭᠠᠷᠳᠠᠯᠭ᠎ᠠ ᠶᠢ ᠦᠨᠡᠨ ᠮᠥᠨ ᠢᠶᠠᠷ ᠨᠢ ᠢᠯᠡᠳᠬᠡᠵᠦ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ | ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠳᠤ ᠴᠢᠬᠤᠯᠠ ᠤᠶᠤᠨ ᠤᠬᠠᠭᠠᠨ ᠤ ᠳᠡᠮᠵᠢᠯᠭᠡ ᠪᠠ | ᠠᠰᠢᠭᠲᠠᠢ ᠯᠠᠪᠯᠠᠯᠲᠠ ᠬᠠᠩᠭᠠᠭᠰᠠᠨ ᠪᠠᠶᠢᠨ᠎ᠠ᠃ | ᠬᠢᠨᠠᠯᠲᠠ ᠲᠠᠯᠪᠢᠨ ᠦᠨᠡᠯᠡᠨ ᠶᠠᠷᠢᠯᠴᠠᠵᠤ ᠠᠷᠠᠳᠴᠢᠯᠠᠯ ᠤᠨ ᠡᠷᠬᠡ ᠠᠰᠢᠭ ᠢ ᠬᠠᠮᠠᠭᠠᠯᠠᠪᠠ᠃ ᠤᠯᠤᠰ ᠲᠦᠷᠦ | ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠠᠬᠢ ᠠᠷᠠᠳ ᠤᠨ ᠠᠮᠢᠳᠤᠷᠠᠯ ᠤᠨ | ᠴᠢᠭᠯᠡᠯ ᠢ ᠲᠤᠪᠤᠶᠢᠯᠭᠠᠨ᠂ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ᠂ ᠬᠠᠤᠯᠢ ᠪᠠᠷ ᠵᠠᠰᠠᠬᠤ ᠣᠷᠴᠢᠨ | ᠨᠥᠬᠦᠴᠡᠯ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ | ᠬᠢᠨᠠᠯᠲᠠ ᠲᠠᠯᠪᠢᠵᠤ ᠦᠨᠡᠯᠡᠨ ᠶᠠᠷᠢᠯᠴᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠪᠠ᠃ ᠨᠢᠭᠡ ᠵᠢᠯ ᠤᠨ ᠲᠤᠷᠰᠢ᠂ | ᠭᠡᠰᠢᠭᠦᠳ ᠢ ᠵᠣᠬᠢᠶᠠᠨ ᠪᠠᠶᠢᠭᠤᠯᠤᠨ ᠲᠣᠭᠤᠷᠢᠭ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ ᠦᠷ᠎ᠡ | ᠪᠦᠲᠦᠭᠡᠯ ᠢ ᠰᠢᠨᠡᠳᠬᠡᠬᠦ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠲᠣᠬᠢᠷᠠᠭᠤᠯᠬᠤ᠂ | ᠪᠠᠯᠭᠠᠰᠤ ᠲᠣᠭᠤᠷᠢᠭ ᠤᠨ ᠠᠷᠠᠳ ᠤᠨ ᠬᠡᠷᠡᠭᠯᠡᠭᠡᠨ ᠤ ᠤᠰᠤᠨ ᠤ ᠱᠠᠲᠤᠯᠢᠭ ᠦᠨ᠎ᠡ ᠶᠢ ᠲᠣᠭᠲᠠᠭᠠᠬᠤ ᠵᠡᠷᠭᠡ | ᠭᠡᠷᠡᠴᠢᠯᠡᠭᠡ ᠰᠣᠨᠣᠰᠬᠤ ᠬᠤᠷᠠᠯ ᠳᠤ 10 ᠭᠠᠷᠤᠶ ᠤᠳᠠᠭ᠎ᠠ ᠣᠷᠣᠯᠴᠠᠭᠤᠯᠵᠤ᠂ ᠡᠯ᠎ᠡ ᠲᠥᠷᠥᠯ ᠤᠨ ᠪᠠᠶᠢᠴᠠᠭᠠᠯᠲᠠ | ᠶᠢᠨ ᠠᠰᠠᠭᠤᠯᠲᠠ ᠶᠢᠨ ᠬᠠᠭᠤᠳᠠᠰᠤ᠂ ᠠᠷᠠᠳᠴᠢᠯᠠᠯ ᠢᠶᠠᠷ ᠰᠢᠯᠭᠠᠨ ᠦᠨᠡᠯᠡᠬᠦ ᠬᠦᠰᠦᠨᠦᠭᠲᠦ ᠶᠢ 300 ᠭᠠᠷᠤᠶ | ᠬᠤᠪᠢ ᠲᠠᠭᠯᠠᠪᠠ᠃ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ | ᠠᠵᠢᠯ ᠢ ᠬᠠᠮᠲᠤᠷᠠᠨ ᠥᠷᠨᠢᠭᠦᠯᠬᠦ ᠪᠠᠶᠢᠷᠢᠯᠠᠭᠤᠯᠤᠯᠲᠠ ᠶᠣᠰᠣᠭᠠᠷ᠂ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ | ᠢ ᠰᠢᠯᠢᠳᠡᠭᠵᠢᠭᠦᠯᠬᠦ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠢᠶᠠᠷ ᠭᠠᠷᠳᠠᠴᠠ ᠪᠣᠯᠭᠠᠨ᠂ ᠵᠠᠰᠠᠭ ᠤᠨ ᠣᠷᠳᠣᠨ ᠤ | ᠡᠷᠬᠡ ᠲᠤᠰᠢᠶᠠᠯᠲᠤ ᠰᠠᠯᠠᠭ᠎ᠠ ᠮᠥᠴᠢᠷ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠪᠠ ᠬᠠᠮᠢᠶ᠎ᠠ ᠪᠥᠬᠦᠶ ᠠᠵᠤ | ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠨ᠂ ᠭᠤᠤᠯᠳᠠᠭᠤ ᠵᠠᠬ᠎ᠠ ᠳᠡᠯᠭᠡᠭᠦᠷ | ᠤᠨ ᠪᠡᠶᠡᠴᠢ ᠴᠣᠭᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠰᠢᠯᠢᠳᠡᠭᠵᠢᠭᠦᠯᠬᠦ᠂ ᠬᠢᠨᠠᠨ | ᠬᠠᠮᠢᠶᠠᠷᠴᠤ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠭᠤᠤᠯᠯᠠᠭᠤᠯᠤᠨ ᠬᠢᠨᠠᠯᠲᠠ ᠳᠡᠯᠪᠢᠨ | ᠵᠥᠪᠳᠡᠯᠴᠡᠵᠦ᠂ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠶᠢ ᠠᠬᠢᠭᠤᠯᠪᠠ᠃ | ᠶᠠᠳᠠᠭᠤ ᠶᠢ ᠲᠡᠳᠬᠦᠨ ᠬᠦᠴᠢᠷᠳᠡᠯ ᠢ ᠲᠤᠰᠠᠯᠠᠵᠤ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠨᠡᠮᠡᠭᠳᠡᠭᠦᠯᠪᠡ᠃ ︽ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠬᠤ︾ ᠣᠶᠢᠯᠠᠭᠠᠭᠳᠠᠬᠤᠨ ᠢ ᠭᠦᠨᠵᠡᠭᠡᠶᠢᠷᠡᠭᠦᠯᠵᠦ᠂ | ᠨᠠᠮ ᠤᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ ᠪᠠᠷ ᠬᠤᠯᠪᠣᠭᠠᠰᠤ ᠪᠣᠯᠭᠠᠨ᠂ ᠲᠥᠷᠥᠯ ᠵᠦᠶᠯ᠂ ᠪᠠᠯᠠ | ᠮᠥᠩᠭᠦ᠂ ᠴᠢᠳᠠᠪᠤᠷᠢᠲᠠᠨ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠭᠠᠴᠠᠭ᠎ᠠ ᠲᠣᠰᠬᠤᠨ ᠪᠠ ᠬᠠᠮᠲᠤ ᠪᠠᠷ | ᠪᠠᠶᠢᠭᠤᠯᠤᠭᠰᠠᠨ ᠨᠡᠶᠢᠭᠡᠮ ᠲᠣᠭᠤᠷᠢᠭ ᠯᠤᠭ᠎ᠠ ᠬᠠᠮᠵᠢᠯᠴᠠᠨ ᠬᠠᠷᠢᠯᠴᠠᠵᠤ ᠨᠠᠮ ᠤᠨ ᠪᠠᠶᠢᠭᠤᠯᠤᠯᠲᠠ ᠶᠢᠨ ᠠᠵᠢᠯ ᠢ | ᠥᠷᠨᠢᠭᠦᠯᠪᠡ᠃ ᠪᠠᠶᠢᠭᠤᠯᠤᠯᠭ᠎ᠠ ᠶᠢᠨ 3 ᠺᠠᠳ᠋ᠷ ᠢ ᠲᠠᠨᠢᠯᠴᠠᠭᠤᠯᠤᠨ ᠭᠠᠴᠠᠭ᠎ᠠ ᠲᠣᠰᠬᠤᠨ ᠤ ︽ᠨᠢᠭᠡᠳᠦᠭᠡᠷ ᠱᠦᠵᠢ︾ | ᠶᠢᠨ ᠲᠤᠰᠢᠶᠠᠯ ᠢ ᠡᠭᠦᠷᠭᠡᠯᠡᠭᠦᠯᠵᠦ᠂ ᠪᠠᠶᠢᠭᠤᠯᠤᠯᠭ᠎ᠠ ᠶᠢᠨ ᠨᠠᠮ ᠤᠨ ᠡᠭᠦᠷ ᠢ ᠵᠣᠬᠢᠶᠠᠨ ᠪᠠᠶᠢᠭᠤᠯᠵᠤ᠂ ᠭᠠᠴᠠᠭ᠎ᠠ | ᠲᠣᠰᠬᠤᠨ ᠤ ᠨᠠᠮ ᠤᠨ ᠡᠭᠦᠷ ᠲᠠᠢ ᠬᠠᠷᠢᠯᠴᠠᠨ᠂ ᠭᠤᠤᠯ ᠰᠡᠳᠦᠪᠲᠦ ᠨᠠᠮ ᠤᠨ ᠠᠵᠢᠯᠯᠠᠭᠠᠨ ᠤ ᠡᠳᠦᠷ᠂ ᠰᠢᠯᠢᠳᠡᠭ | ᠨᠠᠮ ᠤᠨ ᠭᠡᠰᠢᠭᠦᠨ ᠢ ᠬᠥᠬᠢᠭᠦᠯᠦᠨ ᠰᠠᠶᠢᠰᠢᠶᠠᠬᠤ ᠵᠡᠷᠭᠡ ᠠᠵᠢᠯᠯᠠᠭ᠎ᠠ ᠥᠷᠨᠢᠭᠦᠯᠪᠡ᠃ ︽ᠬᠤᠤᠰ ᠮᠢᠩᠭ᠎ᠠ ᠬᠤᠤᠰ | ᠵᠠᠭᠤ︾᠂ ︽ᠠᠯᠲᠠᠨ ᠨᠠᠮᠤᠷ ᠤᠨ ᠤᠯᠠᠷᠢᠯ ᠰᠤᠷᠤᠯᠭ᠎ᠠ ᠲᠡᠳᠬᠦᠬᠦ︾᠂ ︽ᠲᠦᠭᠡᠮᠡᠯ ᠬᠠᠶᠢᠷ᠎ᠠ ᠶᠢᠨ ᠨᠢᠭᠡ ᠡᠳᠦᠷ | ᠤᠨ ᠬᠠᠨᠳᠢᠪᠯᠠᠯ︾ ᠵᠡᠷᠭᠡ ᠠᠴᠢᠶᠠᠯᠠᠪᠤᠷᠢ ᠳᠤ ᠲᠦᠰᠢᠭᠯᠡᠨ᠂ ᠭᠡᠰᠢᠭᠦᠳ ᠢ ᠬᠥᠲᠥᠯᠥᠨ ᠵᠢᠯᠣᠭᠤᠳᠴᠤ | ᠵᠣᠷᠢᠭᠵᠢᠭᠤᠯᠵᠤ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠠᠵᠢᠯᠯᠠᠭ᠎ᠠ ᠳᠤ | ᠢᠳᠡᠪᠬᠢᠲᠡᠶ ᠣᠷᠣᠯᠴᠠᠭᠤᠯᠪᠠ᠂ ᠨᠢᠭᠡ ᠵᠢᠯ ᠤᠨ ᠲᠤᠷᠰᠢ᠂ ᠭᠡᠰᠢᠭᠦᠳ ᠦᠨᠳᠦᠰᠦᠨ ᠱᠠᠲᠤᠨ ᠤ ᠶᠠᠳᠠᠭᠤ | ᠬᠦᠴᠢᠷᠳᠡᠯᠲᠡᠶ ᠣᠯᠠᠨ ᠲᠦᠮᠡᠨ ᠳᠤ ᠨᠢᠭᠦᠯᠡᠰᠦᠩᠭᠦᠶ ᠶᠢᠨ ᠡᠮᠴᠢᠯᠡᠭᠡᠨ ᠤ ᠠᠪᠤᠷᠠᠨ ᠲᠤᠰᠠᠯᠠᠬᠤ ᠺᠠᠷᠲ 110 ᠭᠠᠷᠤᠶ | ᠬᠦᠷᠭᠡᠵᠦ᠂ ᠶᠠᠳᠠᠭᠤ ᠬᠦᠴᠢᠷᠳᠡᠯᠲᠡᠶ 40 ᠭᠠᠷᠤᠶ ᠰᠤᠷᠤᠭᠴᠢᠳ ᠢ ᠪᠡᠯᠡ ᠮᠥᠩᠭᠦ ᠪᠠᠷ ᠲᠤᠰᠠᠯᠠᠨ᠂ 50 ᠭᠠᠷᠤᠶ | ᠠᠵᠢᠯ ᠤᠨ ᠪᠠᠶᠢᠷᠢ ᠬᠠᠩᠭᠠᠵᠤ᠂ ᠭᠤᠸᠠᠩ ᠳ᠋ᠠ ᠠᠭᠤᠷᠬᠠᠶ ᠶᠢᠨ ᠦᠶᠯᠡᠰ᠂ ᠰᠢᠨ᠎ᠡ ᠬᠤᠯᠪᠣᠭᠠᠲᠤ ᠬᠤᠷᠠᠯ ᠵᠡᠷᠭᠡ | ᠠᠵᠤ ᠠᠬᠤᠶᠢᠯᠠᠯ ᠠᠵᠢᠯ ᠦᠶᠯᠡᠰ ᠤᠨ ᠪᠦᠯᠬᠦᠮ ᠲᠠᠢ ᠭᠠᠷ ᠬᠤᠯᠪᠣᠯᠴᠠᠨ ᠬᠠᠪᠰᠤᠷᠤᠨ ᠲᠡᠳᠬᠦᠬᠦ ᠭᠠᠵᠠᠷ ᠣᠷᠣᠨ ᠤ | ᠰᠤᠷᠤᠭᠴᠢᠳ ᠲᠤ 15 ᠲᠦᠮᠡᠨ ᠲᠥᠭᠦᠷᠢᠭ ᠤᠨ ᠰᠤᠷᠤᠯᠭ᠎ᠠ ᠶᠢᠨ ᠬᠡᠷᠡᠭᠰᠡᠯ ᠬᠠᠨᠳᠢᠪᠯᠠᠪᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠷ ᠭᠠᠷᠳᠠᠴᠠ ᠪᠣᠯᠭᠠᠵᠤ᠂ ᠭᠠᠵᠠᠷ ᠤᠨ ᠲᠡᠰ ᠤᠨ ᠤᠳᠤᠷᠢᠳᠤᠯᠭ᠎ᠠ | ᠳᠠᠭᠠᠭᠠᠴᠢᠯᠠᠨ ᠬᠠᠷᠢᠯᠴᠠᠵᠤ ᠱᠠᠭᠠᠷᠳᠠᠨ ᠵᠢᠯᠣᠭᠤᠳᠬᠤ ᠪᠠ ᠪᠠᠶᠢᠭᠤᠯᠤᠯᠭ᠎ᠠ ᠶᠢᠨ ᠺᠠᠳ᠋ᠷ ᠤᠨ ᠭᠠᠴᠠᠭ᠎ᠠ ᠲᠣᠰᠬᠤᠨ ᠳᠤ | ᠰᠠᠭᠤᠬᠤ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠨᠢᠭᠡ ᠵᠢᠯ ᠤᠨ ᠲᠤᠷᠰᠢ᠂ ᠪᠠᠭ ᠤᠨ | ᠪᠦᠷᠢᠯᠳᠦᠬᠦᠨ ᠦᠨᠳᠦᠰᠦᠨ ᠱᠠᠲᠤᠨ ᠤ ᠬᠠᠷᠢᠯᠴᠠᠬᠤ ᠴᠡᠭ ᠢ 50 ᠭᠠᠷᠤᠶ ᠤᠳᠠᠭ᠎ᠠ ᠰᠤᠷᠪᠤᠯᠵᠢᠯᠠᠵᠤ᠂ ᠦᠨᠳᠦᠰᠦᠨ | ᠱᠠᠲᠤᠨ ᠤ 240 ᠭᠠᠷᠤᠶ ᠡᠷᠦᠬᠡ ᠪᠠᠷ ᠰᠤᠷᠪᠤᠯᠵᠢᠯᠠᠨ᠂ ᠳᠠᠭᠠᠭᠠᠴᠢᠯᠠᠨ ᠬᠠᠷᠢᠯᠴᠠᠵᠤ ᠬᠠᠪᠰᠤᠷᠤᠨ ᠲᠡᠳᠬᠦᠬᠦ | ᠭᠠᠵᠠᠷ ᠣᠷᠣᠨ ᠤ 11 ᠲᠥᠷᠥᠯ ᠵᠦᠶᠯ ᠢ ᠵᠣᠬᠢᠴᠠᠭᠤᠯᠵᠤ᠂ ᠬᠠᠪᠰᠤᠷᠤᠨ ᠲᠡᠳᠬᠦᠬᠦ ᠪᠠᠯᠠ ᠮᠥᠩᠭᠦ ᠶᠢ 100 | ᠭᠠᠷᠤᠶ ᠲᠦᠮᠡᠨ ᠲᠥᠭᠦᠷᠢᠭ ᠨᠠᠶᠢᠳᠠᠪᠤᠷᠢᠵᠢᠭᠤᠯᠪᠠ᠃ ᠭᠡᠰᠢᠭᠦᠳ ᠤᠨ ᠡᠲᠡᠭᠡᠳ ᠢᠯᠭᠠᠯ ᠤᠨ ᠦᠢᠯᠡᠳᠦᠯ ᠢ | ᠪᠠᠳᠠᠷᠠᠭᠤᠯᠬᠤ ᠶᠢ ᠴᠢᠬᠤᠯᠠᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠬᠤ᠂ ᠶᠠᠳᠠᠭᠤ ᠶᠢ | ᠲᠡᠳᠬᠦᠬᠦ ᠠᠯᠪᠠᠨ ᠵᠢᠷᠤᠮ ᠤᠨ ᠡᠮᠴᠢᠯᠡᠭᠡ᠂ ᠬᠤᠣᠰᠯᠠᠯ ᠪᠤᠯᠵᠤ ᠬᠠᠪᠰᠤᠷᠤᠨ ᠲᠡᠳᠬᠦᠬᠦ ᠵᠡᠷᠭᠡ ᠠᠵᠢᠯᠯᠠᠭ᠎ᠠ ᠶᠢ | ᠥᠷᠨᠢᠭᠦᠯᠦᠨ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠳᠤ ᠮᠡᠷᠭᠡᠵᠢᠯ᠂ ᠡᠮ ᠡᠮᠨᠡᠯᠭᠡ᠂ ᠡᠳ᠋ ᠪᠣᠳᠠᠰ ᠬᠦᠷᠭᠡᠵᠦ᠂ | ᠡᠯ᠎ᠡ ᠦᠨᠳᠦᠰᠦᠲᠡᠨ ᠡᠯ᠎ᠡ ᠡᠲᠡᠭᠡᠳ ᠤᠨ ᠬᠢᠨ ᠤ ᠶᠠᠳᠠᠭᠤ ᠬᠦᠴᠢᠷᠳᠡᠯ ᠲᠠᠢ ᠤᠯᠠᠨ ᠲᠦᠮᠡᠨ ᠳᠤ ᠬᠠᠨᠳᠤᠭᠤᠯᠤᠭᠰᠠᠨ | ᠬᠠᠶᠢᠷ᠎ᠠ ᠬᠠᠯᠠᠮᠵᠢ ᠶᠢ ᠳᠠᠮᠵᠢᠭᠤᠯᠤᠨ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠤᠯᠠᠨ | ᠲᠦᠮᠡᠨ ᠳᠤ ᠦᠢᠯᠡᠴᠢᠯᠡᠬᠦ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ ᠶᠡᠭᠡ ᠬᠠᠶᠢᠷ᠎ᠠ ᠰᠡᠳᠬᠢᠯᠭᠡ ᠶᠢ ᠢᠯᠡᠷᠡᠭᠦᠯᠪᠡ᠃ | | ᠳᠠᠪᠠᠭᠤᠯᠢᠭ ᠢᠶᠠᠨ ᠪᠠᠳᠠᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠪᠡ᠃ | ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠭᠡᠨᠡᠳᠲᠡ ᠪᠠᠷ | ᠲᠠᠭᠠᠷᠢᠨ ᠢᠷᠡᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠪᠦᠬᠦ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ | ᠵᠣᠬᠢᠶᠠᠨ ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ ᠢᠶᠠᠷ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠠᠷᠯᠢᠭ ᠢ ᠬᠡᠷᠡᠭᠵᠢᠭᠦᠯᠪᠡ᠃ ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠢ | ᠢᠳᠡᠪᠬᠢᠲᠡᠶ ᠳᠡᠮᠵᠢᠵᠦ᠂ ᠪᠠᠶᠢᠭᠤᠯᠤᠯᠭ᠎ᠠ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠠᠩᠭᠢ | ᠪᠠᠶᠢᠭᠤᠯᠤᠨ ᠶᠢᠩᠴᠠᠩ ᠵᠡᠭᠡᠯᠢ ᠭᠤᠳᠤᠮᠵᠢ ᠶᠢᠨ ᠴᠢᠯᠠᠭᠤᠨ ᠰᠢᠭᠤᠢ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ | ᠴᠡᠭ ᠲᠤ ᠬᠦᠷᠴᠦ᠂ ᠬᠤᠷᠢᠭ᠎ᠠ ᠴᠡᠭ ᠲᠤ ᠵᠢᠵᠢᠭᠦᠷᠯᠡᠨ ᠰᠠᠬᠢᠬᠤ᠂ ᠠᠵᠢᠯᠲᠠᠨ ᠢ ᠳᠡᠩᠰᠡᠯᠡᠨ ᠲᠡᠮᠳᠡᠭᠯᠡᠬᠦ ᠪᠠ | ᠤᠬᠠᠭᠤᠯᠵᠤ ᠬᠥᠲᠥᠯᠥᠨ ᠵᠢᠯᠣᠭᠤᠳᠬᠤ ᠵᠡᠷᠭᠡ ᠨᠢᠭᠡᠳᠦᠭᠡᠷ ᠹᠷᠣᠨᠲ ᠤᠨ ᠰᠡᠷᠭᠡᠶᠢᠯᠡᠨ ᠡᠵᠡᠮᠳᠡᠬᠦ ᠠᠵᠢᠯ ᠢ | ᠪᠦᠲᠦᠮᠵᠢᠲᠡᠶ ᠥᠷᠨᠢᠭᠦᠯᠪᠡ᠃ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ | ᠪᠠᠳᠠᠷᠠᠭᠤᠯᠵᠤ᠂ ᠰᠠᠨᠠᠭᠠᠴᠢᠯᠠᠭ᠎ᠠ ᠶᠢᠨ ᠪᠢᠴᠢᠭ ᠨᠡᠶᠢᠲᠡᠯᠡᠬᠦ᠂ ᠡᠳ᠋ ᠪᠣᠳᠠᠰ ᠴᠤᠭᠯᠠᠭᠤᠯᠬᠤ᠂ ᠰᠠᠶᠢᠨ ᠳᠤᠷ᠎ᠠ ᠶᠢᠨ | ᠦᠢᠯᠡᠴᠢᠯᠡᠭᠡ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ | ᠤ ᠭᠡᠰᠢᠭᠦᠳ ᠢ ᠲᠠᠶᠢᠴᠢᠯᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠲᠤᠰᠢᠶᠠᠯ ᠬᠠᠷᠢᠭᠤᠴᠠᠯᠭ᠎ᠠ ᠪᠠᠨ | ᠢᠳᠡᠪᠬᠢᠲᠡᠢ ᠭᠦᠢᠴᠡᠳᠬᠡᠵᠦ᠂ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠦᠢᠯᠡᠳᠪᠦᠷᠢᠯᠡᠯ ᠢ | ᠲᠣᠭᠲᠠᠪᠤᠷᠢᠵᠢᠭᠤᠯᠤᠨ ᠠᠵᠢᠯ ᠢ ᠰᠡᠷᠭᠦᠭᠡᠪᠡ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠦᠶᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠲᠥᠯᠥᠭᠡᠯᠡᠭᠴᠢ ᠪᠣᠯᠤᠨ ᠪᠠᠶᠢᠭᠤᠯᠤᠯᠭ᠎ᠠ ᠶᠢᠨ ᠺᠠᠳ᠋ᠷ ᠤᠨ ᠬᠠᠨᠳᠢᠪᠯᠠᠭᠰᠠᠨ ᠵᠣᠭᠤᠰ | ᠮᠥᠩᠭᠦ ᠡᠳ᠋ ᠪᠣᠳᠠᠰ ᠢ ᠠᠷᠠᠳ ᠤᠨ ᠵᠣᠭᠤᠰ ᠢᠶᠠᠷ ᠨᠤᠭᠤᠯᠤᠨ ᠪᠤᠳᠤᠪᠠᠯ 140 ᠭᠠᠷᠤᠶ ᠲᠦᠮᠡᠨ ᠲᠥᠭᠦᠷᠢᠭ ᠲᠤ | ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ 10 ᠬᠥᠮᠦᠨ ᠢ ᠬᠥᠬᠢᠭᠦᠯᠦᠨ ᠰᠠᠶᠢᠰᠢᠶᠠᠪᠠ᠃ ᠡᠨᠡ ᠤᠳᠠᠭᠠᠨ ᠤ | ᠲᠡᠷᠢ ᠶᠢᠨ ᠣᠲᠤᠭ᠎ᠠ ᠥᠬᠡᠶ ᠪᠠᠶᠢᠯᠳᠤᠭᠠᠨ ᠳᠤ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ | ᠢᠮᠠᠭᠲᠠ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ | ᠤ ᠤᠬᠠᠮᠰᠠᠷ ᠢᠶᠠᠷ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠲᠠᠢ ᠭᠠᠷ ᠬᠤᠯᠪᠣᠨ ᠰᠡᠳᠬᠢᠯ ᠢᠶᠠᠨ | ᠨᠢᠭᠡᠳᠬᠡᠵᠦ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠠᠶ᠃ | ︵ᠲᠦᠷᠪᠡ︶ ᠪᠦᠯᠬᠦᠮᠳᠡᠯ ᠠᠷᠠᠳᠴᠢᠯᠠᠯ ᠤᠨ ᠭᠤᠣᠯ ᠰᠡᠳᠦᠪ ᠢ ᠲᠤᠪᠤᠶᠢᠯᠭᠠᠨ᠂ ᠡᠯ᠎ᠡ ᠲᠠᠯ᠎ᠠ ᠶᠢᠨ ᠬᠢᠨ ᠤ | ᠬᠦᠴᠦᠨ ᠢ ᠥᠷᠭᠡᠨ ᠢᠶᠠᠷ ᠬᠤᠷᠠᠮᠳᠤᠭᠤᠯᠵᠤ᠂ ᠤᠯᠠᠨ ᠤ ᠰᠡᠳᠬᠢᠯ ᠢ ᠨᠢᠬᠳᠠᠷᠠᠭᠤᠯᠤᠨ ᠬᠤᠯᠪᠣᠪᠠ᠃ᠪᠦᠬᠦᠳᠡᠭᠡᠷ | ᠵᠥᠪᠯᠡᠪᠡᠯ ᠪᠤᠷᠤᠭᠤ ᠦᠭᠡᠢ ᠪᠦᠯᠢᠶᠡᠨ ᠤᠰᠤ ᠪᠠᠷ ᠤᠬᠢᠶᠠᠪᠠᠯ ᠭᠬᠢᠷ ᠦᠭᠡᠢ᠃ ᠪᠠᠶᠢᠩᠭᠤ ᠶᠢᠨ ᠬᠤᠷᠢᠶ᠎ᠠ ᠬᠠᠮᠲᠤ ᠶᠢᠨ | ᠲᠠᠨᠢᠯᠲᠠ ᠶᠢ ᠨᠢᠭᠲᠠᠷᠠᠭᠤᠯᠬᠤ ᠶᠢ ᠢᠮᠠᠭᠲᠠ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ | ᠭᠦᠢᠴᠡᠳᠬᠡᠬᠦ ᠡᠯ᠎ᠡ ᠲᠠᠯ᠎ᠠ ᠳᠤ ᠲᠤᠤᠱᠯᠠᠭᠤᠯᠵᠤ᠂ ᠡᠯ᠎ᠡ ᠡᠲᠡᠭᠡᠳ ᠤᠨ ᠬᠢᠨ ᠲᠠᠢ ᠬᠠᠷᠢᠯᠴᠠᠬᠤ᠂ ᠬᠠᠷᠢᠴᠠᠭ᠎ᠠ ᠶᠢ | ᠵᠣᠬᠢᠴᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠦᠷ ᠳᠠᠯᠠᠶᠢᠴᠠᠲᠠᠢ ᠬᠦᠴᠦᠨ ᠢ ᠴᠢᠷᠮᠠᠶᠢᠨ ᠨᠢᠭᠲᠠᠷᠠᠭᠤᠯᠪᠠ᠃ | ᠥᠷᠭᠡᠨ ᠳᠡᠯᠭᠡᠷ ᠨᠥᠬᠦᠷᠯᠡᠯ ᠢᠶᠠᠷ ᠰᠣᠯᠢᠯᠴᠠᠭ᠎ᠠ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠲᠠᠢ ᠬᠠᠮᠵᠢᠯᠴᠠᠨ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠳᠤ ᠰᠠᠭᠤᠵᠤ | ᠴᠢᠬ ᠲᠤ ᠰᠠᠭᠤᠵᠤ ᠪᠠᠶᠢᠴᠠᠭᠠᠨ ᠰᠤᠳᠤᠯᠤᠯᠲᠠ ᠬᠢᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠢ ᠬᠠᠮᠵᠢᠨ ︽ᠶᠠᠳᠠᠭᠤ | ᠬᠦᠴᠢᠷᠳᠡᠯᠲᠡᠶ ᠶᠢ ᠢᠯᠭᠠᠨ ᠲᠣᠭᠲᠠᠭᠠᠬᠤ ᠪᠠ ᠠᠪᠤᠷᠠᠨ ᠲᠤᠰᠠᠯᠠᠬᠤ ᠪᠠᠶᠢᠩᠭᠤ ᠶᠢᠨ ᠲᠣᠭᠲᠠᠴᠠ ᠶᠢ ᠪᠠᠶᠢᠭᠤᠯᠬᠤ︾᠂ | ︽ᠦᠨᠳᠦᠰᠦᠲᠡᠨ ᠤ ᠭᠠᠵᠠᠷ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ︾᠂ ︽ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠲᠠ | ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ︾ ᠵᠡᠷᠭᠡ 16 ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ | ᠥᠷᠨᠢᠭᠦᠯᠪᠡ᠃ ᠡᠲᠡᠭᠡᠳ ᠢᠯᠭᠠᠯ ᠤᠨ ᠭᠡᠰᠢᠭᠦᠨ ᠪᠠ ᠬᠠᠮᠢᠶ᠎ᠠ ᠪᠥᠬᠦᠶ ᠡᠷᠬᠡ ᠲᠤᠰᠢᠶᠠᠯᠲᠤ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠵᠤ ᠵᠧᠵᠢᠶᠠᠩ᠂ ᠪᠠᠶᠠᠨᠨᠠᠭᠤᠷ᠂ ᠠᠯᠠᠱᠠ ᠵᠡᠷᠭᠡ ᠭᠠᠵᠠᠷ ᠲᠤ ᠬᠦᠷᠴᠦ ᠰᠤᠷᠤᠯᠴᠠᠨ ᠰᠢᠨᠵᠢᠯᠡᠨ | ᠪᠠᠶᠢᠴᠠᠭᠠᠵᠤ᠂ ᠮᠠᠨ ᠤ ᠬᠤᠰᠢᠭᠤᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠢ ᠬᠥᠭᠵᠢᠭᠦᠯᠬᠦ᠂ ᠦᠨᠳᠦᠰᠦᠲᠡᠨ | ᠤ ᠭᠠᠵᠠᠷ ᠣᠷᠣᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠬᠥᠳᠡᠭᠡ ᠲᠣᠰᠬᠤᠨ ᠤ ᠵᠠᠰᠠᠯᠲᠠ ᠶᠢᠨ ᠲᠣᠭᠲᠠᠴᠠ | ᠶᠢ ᠲᠡᠭᠦᠯᠳᠡᠷᠵᠢᠭᠦᠯᠬᠦ ᠳᠤ ᠲᠣᠯᠢ ᠪᠣᠯᠭᠠᠬᠤ ᠠᠰᠢᠭᠲᠠᠢ ᠲᠣᠷᠰᠢᠯᠭ᠎ᠠ ᠬᠤᠷᠠᠮᠳᠤᠭᠤᠯᠪᠠ᠃ ᠴᠧᠩᠳᠧ᠂ ᠤᠷᠳᠤᠰ᠂ | ᠰᠢᠯᠢ ᠶᠢᠨ ᠭᠤᠣᠯ ᠤᠨ ᠡᠯ᠎ᠡ ᠭᠠᠵᠠᠷ ᠤᠨ ᠡᠯ᠎ᠡ ᠱᠠᠲᠤᠨ ᠤ ᠤᠯᠤᠰ ᠲᠥᠷᠤ ᠶᠢᠨ ᠵᠥᠪᠯᠡᠯᠭᠡᠨ ᠤ ᠲᠣᠭᠤᠷᠢᠨ | ᠪᠠᠶᠢᠴᠠᠭᠠᠬᠤ ᠪᠦᠯᠬᠦᠮ ᠤᠨ 18 ᠪᠦᠯᠦᠭ ᠤᠳᠠᠭ᠎ᠠ᠂ 160 ᠭᠠᠷᠤᠢ ᠬᠥᠮᠦᠨ ᠢ ᠨᠥᠬᠦᠷᠰᠡᠭ ᠢᠶᠠᠷ ᠤᠭᠲᠤᠵᠤ᠂ | ᠠᠵᠢᠯ ᠤᠨ ᠲᠤᠷᠰᠢᠯᠭ᠎ᠠ ᠪᠠᠨ ᠰᠣᠯᠢᠯᠴᠠᠬᠤ᠂ ᠭᠠᠵᠠᠷ ᠣᠷᠣᠨ ᠤ ᠣᠶᠢᠯᠠᠭᠠᠯᠴᠠᠭ᠎ᠠ ᠶᠢ ᠨᠡᠮᠡᠭᠳᠡᠭᠦᠯᠬᠦ᠂ ᠮᠠᠨ ᠤ | ᠬᠤᠰᠢᠭᠤᠨ ᠤ ᠭᠠᠳᠠᠨ᠎ᠠ ᠣᠷᠣᠨ ᠳᠠᠬᠢ ᠨᠥᠯᠥᠭᠡ ᠶᠢ ᠥᠷᠭᠡᠳᠬᠡᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ | ᠰᠡᠳᠬᠢᠯ ᠨᠢᠭᠲᠠᠷᠠᠨ ᠬᠦᠴᠦ ᠬᠠᠮᠲᠤᠳᠬᠠᠵᠤ ᠪᠦᠯᠬᠦᠮᠳᠡᠯ ᠢ ᠠᠬᠢᠭᠤᠯᠪᠠ᠃ ᠳᠤᠮᠳᠠᠳᠤ ᠶᠢᠨ ᠦᠨᠳᠦᠰᠦᠲᠡᠨ | ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ | ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠡᠷᠡᠰ ᠭᠤᠶᠢᠪᠢᠰᠢ ᠦᠭᠡᠢ | ᠠᠬᠢᠭᠤᠯᠪᠠ᠃ ᠲᠤᠰᠬᠠᠶ ᠰᠡᠳᠦᠪᠲᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ | ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠵᠢᠭᠦᠯᠬᠦ ᠲᠥᠰᠦᠯ ᠤᠨ ᠲᠤᠬᠠᠶ ᠲᠠᠶᠢᠯᠤᠮᠵᠢ ᠬᠢᠵᠦ᠂ ᠶᠠᠷᠢᠯᠴᠠᠨ | ᠰᠣᠯᠢᠯᠴᠠᠬᠤ ᠪᠠᠷ ᠳᠠᠮᠵᠢᠭᠤᠯᠤᠨ᠂ ᠭᠡᠰᠢᠭᠦᠳ ᠢ ᠬᠥᠮᠦᠵᠢᠭᠦᠯᠦᠨ ᠵᠢᠯᠣᠭᠤᠳᠴᠤ ᠦᠨᠳᠦᠰᠦᠲᠡᠨ ᠤ ᠬᠦᠷᠢᠶᠡᠨ ᠳᠠᠬᠢ | ᠦᠵᠡᠯ ᠰᠠᠨᠠᠭ᠎ᠠ ᠤᠯᠤᠰ ᠲᠥᠷᠥ ᠶᠢᠨ ᠲᠡᠮᠡᠴᠡᠯ ᠤᠨ ᠵᠥᠪ ᠪᠤᠷᠤᠭᠤ ᠶᠢ ᠣᠨᠣᠪᠴᠢᠲᠠᠶ ᠡᠵᠡᠮᠳᠡᠭᠦᠯᠪᠡ᠃ ᠶᠠᠷᠢᠶ᠎ᠠ | ᠬᠡᠯᠡᠯᠴᠡᠭᠡᠨ ᠤ ᠵᠢᠯᠣᠭᠤᠳᠤᠮᠵᠢ ᠶᠢ ᠴᠢᠩᠭᠠᠳᠬᠠᠵᠤ᠂ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠸᠢᠴᠠᠲ ᠰᠣᠯᠢᠯᠴᠠᠭᠠᠨ ᠤ ᠪᠦᠯᠬᠦᠮ︾ ᠪᠠ ︽ᠬᠡᠰᠢᠭᠲᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠣᠯᠠᠨ ᠨᠡᠶᠢᠲᠡ ᠶᠢᠨ ᠰᠣᠯᠢᠯᠴᠠᠭᠠᠨ ᠤ ᠲᠠᠪᠴᠠᠩ︾ ᠢᠶᠠᠷ ᠳᠠᠮᠵᠢᠭᠤᠯᠤᠨ᠂ ᠰᠠᠨᠠᠭᠠᠴᠢᠯᠠᠭ᠎ᠠ ᠶᠢᠨ ᠪᠢᠴᠢᠭ᠂ ᠢᠯᠡ | ᠵᠠᠬᠢᠳᠠᠯ ᠨᠡᠶᠢᠲᠡᠯᠡᠨ᠂ ᠪᠢᠴᠢᠯ ᠬᠢᠴᠢᠶᠡᠯ ᠤᠨ ᠲᠠᠩᠬᠢᠮ ᠨᠡᠭᠡᠭᠡᠵᠦ᠂ ᠨᠠᠮ ᠤᠨ ᠦᠨᠳᠦᠰᠦᠲᠡᠨ ᠤ ᠲᠥᠷᠥ ᠶᠢᠨ | ᠪᠣᠳᠣᠯᠭ᠎ᠠ᠂ ᠰᠣᠶᠣᠯ ᠤᠨ ᠲᠥᠷᠥ ᠶᠢᠨ ᠪᠣᠳᠣᠯᠭ᠎ᠠ ᠪᠠ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢ | ᠭᠦᠨᠵᠡᠭᠡᠶ ᠤᠬᠠᠭᠤᠯᠪᠠ᠃ ᠰᠤᠷᠤᠭᠴᠢᠳ ᠢ ᠢᠳᠬᠠᠨ ᠪᠤᠴᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ | ᠤᠳᠤᠷᠢᠳᠬᠤ ᠺᠠᠳ᠋ᠷᠴᠤᠳ ᠲᠡᠷᠡ ᠳᠠᠷᠤᠶ ᠳᠤᠨᠢ ᠳᠠᠭᠠᠭᠠᠴᠢᠯᠠᠨ ᠬᠠᠷᠢᠯᠴᠠᠬᠤ ᠭᠠᠵᠠᠷ ᠣᠷᠣᠨ ᠳᠤ ᠭᠦᠨᠵᠡᠭᠡᠶᠢᠷᠡᠨ | ᠥᠷᠭᠡᠨ ᠢᠶᠠᠷ ᠪᠠᠶᠢᠴᠠᠭᠠᠨ ᠰᠤᠳᠤᠯᠵᠤ ᠰᠤᠷᠪᠤᠯᠵᠢᠯᠠᠨ᠂ ᠵᠠᠳᠠᠯᠤᠨ ᠰᠤᠳᠤᠯᠵᠤ ᠮᠠᠭᠠᠳᠯᠠᠬᠤ ᠠᠵᠢᠯ ᠥᠷᠨᠢᠭᠦᠯᠦᠨ᠂ | ᠠᠷᠭᠠᠴᠠᠭᠠᠨ ᠰᠢᠶᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠡᠵᠢᠭ ᠲᠥᠭᠡᠷᠢᠭᠳᠡᠯ ᠢ ᠨᠢᠭᠤᠷᠲᠠᠨ | ᠲᠠᠶᠢᠯᠪᠤᠷᠢᠯᠠᠵᠤ᠂ ᠰᠡᠳᠬᠢᠯ ᠳᠡᠯᠪᠢᠨ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ᠂ ᠣᠯᠠᠨ ᠲᠦᠮᠡᠨ᠂ ᠬᠡᠷ | ᠤᠨ ᠠᠬᠠᠮᠠᠳ ᠪᠠ ᠰᠤᠷᠤᠭᠴᠢᠳ ᠤᠨ ᠡᠷᠡᠭᠡᠯᠵᠡᠯ ᠢ ᠴᠠᠭ ᠲᠤᠬᠠᠶ ᠳᠤᠨᠢ ᠠᠷᠢᠯᠭᠠᠵᠤ᠂ ᠳᠠᠭᠠᠭᠠᠴᠢᠯᠠᠨ ᠬᠠᠷᠢᠯᠴᠠᠬᠤ | ᠭᠠᠵᠠᠷ ᠣᠷᠣᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠵᠢᠷᠤᠮ ᠢ ᠬᠤᠭᠤᠴᠠᠭ᠎ᠠ ᠶᠣᠰᠣᠭᠠᠷ | ᠰᠡᠷᠭᠦᠭᠡᠪᠡ᠃ ︽ᠰᠡᠳᠬᠢᠯ ᠤᠨ ᠵᠠᠩᠭᠢᠶᠠᠰᠤ ᠶᠢ ᠲᠠᠶᠢᠯᠵᠤ᠂ ᠪᠦᠯᠬᠦᠮᠳᠡᠯ ᠢ ᠠᠬᠢᠭᠤᠯᠬᠤ︾ ᠲᠥᠪᠯᠡᠷᠡᠩᠭᠦᠶ | ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ᠡᠲᠡᠭᠡᠳ ᠢᠯᠭᠠᠯ ᠤᠨ ᠭᠡᠰᠢᠭᠦᠳ ᠢ ᠵᠣᠬᠢᠶᠠᠨ ᠪᠠᠶᠢᠭᠤᠯᠤᠨ ᠭᠠᠴᠠᠭ᠎ᠠ | ᠨᠡᠶᠢᠭᠡᠮ ᠲᠣᠭᠤᠷᠢᠭ ᠪᠣᠯᠤᠨ ᠦᠨᠳᠦᠰᠦᠲᠡᠨ ᠤ ᠰᠤᠷᠭᠠᠭᠤᠯᠢ ᠳᠤ ᠭᠦᠨᠵᠡᠭᠡᠶᠢᠷᠡᠨ ᠠᠷᠠᠳ ᠤᠨ ᠰᠠᠨᠠᠭ᠎ᠠ ᠶᠢ | ᠰᠣᠨᠣᠰᠴᠤ᠂ ᠠᠷᠠᠳ ᠤᠨ ᠵᠣᠪᠠᠨᠢᠯ ᠢ ᠠᠷᠢᠯᠭᠠᠨ᠂ ᠦᠵᠡᠯ ᠰᠠᠨᠠᠭᠠᠨ ᠤ ᠬᠠᠯᠬᠠᠪᠴᠢ ᠶᠢ ᠠᠷᠢᠯᠭᠠᠵᠤ᠂ | ᠡᠰᠡᠷᠭᠦᠴᠡᠯᠳᠦᠬᠦ ᠰᠡᠳᠬᠢᠯᠭᠡ ᠶᠢ ᠠᠷᠢᠯᠭᠠᠨ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ | ᠳᠣᠲᠣᠨᠣ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ︽ᠥᠪᠡᠷᠲᠡᠭᠡᠨ ᠵᠠᠰᠠᠬᠤ | ᠣᠷᠣᠨ ᠤ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ | ᠡᠭᠦᠳᠦᠨ ᠪᠠᠶᠢᠭᠤᠯᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠪᠠ᠃ | ᠵᠠᠰᠠᠭ ᠲᠤ ᠲᠤᠰᠠᠯᠠᠨ ᠬᠥᠮᠦᠨ ᠢ ᠬᠥᠮᠦᠵᠢᠭᠦᠯᠵᠦ ᠤᠯᠠᠮᠵᠢᠯᠠᠯ ᠢ ᠠᠬᠢᠭᠤᠯᠪᠠ᠃ ᠣᠷᠣᠨ ᠨᠤᠲᠤᠭ ᠤᠨ | ᠰᠣᠶᠣᠯ ᠤᠨ ᠠᠭᠤᠯᠤᠭᠳᠠᠬᠤᠨ ᠢ ᠭᠦᠨ ᠠᠭᠤᠳᠠᠯᠵᠤ᠂ ᠰᠣᠶᠣᠯ ᠲᠡᠦᠬᠡ ᠶᠢᠨ ᠮᠠᠲ᠋ᠧᠷᠢᠶᠠᠯ ᠢ ᠡᠯᠰᠡᠨ ᠨᠠᠶᠢᠷᠠᠭᠤᠯᠵᠤ | ᠬᠡᠪᠯᠡᠭᠦᠯᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ ︽ᠵᠠᠩ ᠴᠠᠩ ᠬᠥᠩ ᠢ ᠳᠤᠷᠠᠰᠬᠠᠬᠤ ᠨᠢ︾ ᠭᠡᠬᠦ ᠨᠣᠮ | ᠢ ᠨᠠᠶᠢᠷᠠᠭᠤᠯᠤᠨ ᠬᠡᠪᠯᠡᠭᠦᠯᠵᠦ᠂ ᠤᠳᠬ᠎ᠠ ᠵᠣᠬᠢᠶᠠᠯ ᠤᠨ ᠲᠠᠪᠴᠠᠩ ᠳᠠᠬᠢ ᠠᠪᠤᠷᠭᠤ ᠶᠢ ᠳᠤᠷᠠᠰᠤᠨ ᠰᠠᠨᠠᠭᠠᠯᠵᠠᠵᠤ᠂ | ᠬᠡᠰᠢᠭᠲᠡᠨ ᠰᠣᠶᠣᠯ ᠤᠨ ᠨᠡᠷ᠎ᠡ ᠶᠢᠨ ᠬᠠᠭᠤᠳᠠᠰᠤ ᠶᠢ ᠭᠡᠷᠡᠯᠳᠦᠭᠦᠯᠪᠡ᠃ ︽ᠬᠡᠰᠢᠭᠲᠡᠨ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠣᠶᠢᠯᠠᠯᠭ᠎ᠠ︾᠂ ︽ᠲᠠᠪᠦ ᠨᠢᠭᠡ ᠤᠰᠤᠯᠠᠯᠲᠠ ᠶᠢᠨ ᠰᠤᠪᠠᠭ︾ ᠵᠡᠷᠭᠡ ᠬᠠᠮᠢᠶ᠎ᠠ ᠪᠥᠬᠦᠶ | ᠮᠠᠲ᠋ᠧᠷᠢᠶᠠᠯ ᠢ ᠴᠤᠭᠯᠠᠭᠤᠯᠤᠨ ᠡᠮᠬᠢᠳᠬᠡᠬᠦ ᠠᠵᠢᠯ ᠢ ᠰᠠᠶᠢᠲᠤᠷ ᠬᠢᠵᠦ᠂ ᠪᠥᠬᠦ ᠤᠯᠤᠰ ᠤᠨ ᠤᠯᠤᠰ ᠲᠥᠷᠥ ᠶᠢᠨ | ᠵᠥᠪᠯᠡᠯᠭᠡᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠳᠤ ᠬᠠᠮᠵᠢᠨ ︽ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ︾᠂ ︽ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠲᠤᠯᠬᠤ ᠳᠠᠶᠢᠯᠠᠯᠳᠤᠭᠠᠨ ᠤ ᠪᠣᠳᠠᠲᠤ ᠲᠡᠮᠳᠡᠭᠯᠡᠯ︾᠂ ︽ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠪᠥᠲᠥᠭᠡᠨ ᠪᠠᠶᠢᠭᠤᠯᠤᠯᠲᠠ︾ ᠵᠡᠷᠭᠡ ᠲᠤᠰᠬᠠᠶ ᠰᠡᠳᠦᠪᠲᠦ ᠡᠬᠡ ᠪᠢᠴᠢᠭ ᠢ ᠴᠤᠭᠯᠠᠭᠤᠯᠵᠤ᠂ ᠡᠭᠦᠨ | ᠳᠤ ︽ᠣᠭ ᠰᠠᠨᠠᠭ᠎ᠠ ᠪᠠᠨ ᠥᠯᠥ ᠬᠤᠪᠢᠷᠠᠭᠤᠯᠤᠨ ᠶᠠᠳᠠᠭᠤ ᠶᠢ ᠲᠡᠳᠬᠦᠬᠦ᠂ ᠡᠭᠦᠷᠭᠡ ᠬᠠᠷᠢᠭᠤᠴᠠᠯᠭ᠎ᠠ ᠳᠠᠭᠠᠨ | ᠥᠯᠥ ᠴᠠᠯᠠᠭᠠᠶᠢᠷᠠᠨ ᠬᠥᠭᠵᠢᠯᠲᠡ ᠶᠢ ᠳᠡᠮᠵᠢᠬᠦ︾᠂ ︽ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ | ᠳᠤ ᠬᠦᠴᠦᠨ ᠨᠡᠮᠡᠷᠢᠯᠡᠬᠦ ᠬᠡᠰᠢᠭᠲᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯᠯᠠᠭ᠎ᠠ︾ ᠵᠡᠷᠭᠡ | ᠣᠯᠠᠨ ᠡᠬᠡ ᠪᠢᠴᠢᠭ ᠨᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠳᠤ ᠬᠡᠷᠡᠭᠯᠡᠭᠳᠡᠪᠡ᠃ | ᠰᠣᠶᠣᠯ ᠲᠡᠦᠬᠡ ᠶᠢᠨ ᠣᠷᠳᠣᠨ ᠤ ᠬᠠᠮᠢᠶᠠᠷᠤᠯᠲᠠ᠂ ᠲᠣᠭᠤᠷᠢᠨ ᠦᠵᠡᠬᠦ᠂ ᠪᠣᠯᠪᠠᠰᠤᠷᠠᠭᠤᠯᠬᠤ ᠵᠡᠷᠭᠡ ᠡᠯ᠎ᠡ ᠵᠦᠶᠯ | ᠤᠨ ᠠᠵᠢᠯ ᠤᠨ ᠲᠦᠷᠢᠮ ᠢ ᠪᠠᠶᠢᠭᠤᠯᠵᠤ᠂ ᠰᠣᠶᠣᠯ ᠲᠡᠦᠬᠡ ᠶᠢᠨ ᠣᠷᠳᠣᠨ ᠤ ᠳᠡᠯᠭᠡᠨ ᠦᠵᠡᠭᠦᠯᠬᠦ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠭᠠᠵᠠᠷ ᠣᠷᠣᠨ ᠤ ᠰᠣᠶᠣᠯ ᠤᠨ ᠠᠭᠤᠯᠤᠭᠳᠠᠬᠤᠨ ᠢ ᠳᠡᠯᠭᠡᠨ ᠦᠵᠡᠭᠦᠯᠵᠦ᠂ | ᠭᠠᠵᠠᠷ ᠣᠷᠣᠨ ᠤ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠦᠨ᠂ ᠬᠤᠪᠢᠰᠬᠠᠯᠲᠤ ᠤᠳᠤᠮᠰᠢᠯ ᠢ | ᠢᠯᠡᠷᠡᠭᠦᠯᠵᠦ᠂ ᠭᠠᠵᠠᠷ ᠣᠷᠣᠨ ᠤ ᠣᠶᠤᠨ ᠤ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠪᠠ᠃ ᠲᠤᠰ ᠵᠢᠯ | ᠳᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ᠂ | ᠳᠤᠮᠳᠠᠳᠤ ᠪᠠᠭ᠎ᠠ ᠰᠤᠷᠭᠠᠭᠤᠯᠢ᠂ ᠡᠯ᠎ᠡ ᠱᠠᠲᠤᠨ ᠤ ᠤᠯᠤᠰ ᠲᠥᠷᠦ ᠶᠢᠨ ᠵᠥᠪᠯᠡᠯᠭᠡᠨ ᠵᠡᠷᠭᠡ ᠬᠤᠰᠢᠭᠤᠨ ᠤ | ᠳᠣᠲᠣᠨ᠎ᠠ ᠭᠠᠳᠠᠨᠠᠬᠢ ᠰᠤᠷᠤᠯᠴᠠᠵᠤ ᠲᠣᠭᠤᠷᠢᠨ ᠦᠵᠡᠬᠦ ᠪᠦᠯᠬᠦᠮ ᠢ 21 ᠪᠦᠯᠦᠭ ᠤᠳᠠᠭ᠎ᠠ᠂ 360 ᠭᠠᠷᠤᠢ | ᠬᠥᠮᠦᠨ ᠢ ᠬᠦᠯᠢᠶᠡᠨ ᠠᠪᠴᠤ ᠵᠣᠴᠢᠯᠠᠪᠠ᠃ | | | | |