| | ︵ᠲᠠᠪᠤ︶ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠴᠢᠬᠤᠯᠠᠴᠢᠯᠠᠵᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠦᠨᠳᠦᠰᠦ ᠶᠢ ᠪᠠᠳᠤᠳᠬᠠᠨ᠂ ᠵᠥᠪᠯᠡᠯᠭᠡ ᠬᠢᠬᠦ ᠡᠬᠢ ᠰᠤᠷᠪᠤᠯᠵᠢ ᠶᠢ | ᠬᠥᠭᠵᠢᠭᠡᠪᠡ᠃ ᠪᠠᠶᠢᠰᠢᠩ ᠪᠠᠷᠢᠬᠤ ᠳᠤ ᠤᠷᠢᠳ ᠢᠶᠠᠷ ᠰᠠᠭᠤᠷᠢ ᠶᠢ ᠨᠢ ᠲᠠᠯᠪᠢᠬᠤ ᠬᠡᠷᠡᠭᠲᠡᠢ᠃ ᠪᠠᠶᠢᠩᠭᠤ ᠶᠢᠨ | ᠬᠤᠷᠢᠶ᠎ᠠ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ | ᠬᠦᠴᠦᠯᠡᠵᠦ᠂ ᠦᠨᠳᠦᠰᠦ ᠪᠠᠨ ᠪᠠᠬᠢᠵᠢᠭᠦᠯᠦᠨ ᠰᠠᠭᠤᠷᠢ ᠪᠠᠨ ᠪᠣᠶᠢᠵᠢᠭᠤᠯᠬᠤ ᠪᠦᠲᠦᠮᠵᠢᠲᠡᠢ ᠠᠷᠭ᠎ᠠ ᠵᠠᠮ ᠢ | ᠢᠳᠡᠪᠬᠢᠲᠡᠢ ᠬᠠᠶᠢᠨ ᠰᠦᠪᠡᠭᠴᠢᠯᠡᠵᠦ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠪᠡ᠃ | ᠪᠠᠶᠢᠩᠭᠤ ᠶᠢᠨ ᠬᠤᠷᠢᠶᠠᠨ ᠤ ᠬᠥᠲᠥᠯᠥᠨ ᠳᠠᠭᠠᠭᠤᠯᠬᠤ ᠦᠶᠯᠡᠳᠦᠯ ᠢ ᠦᠷᠭᠦᠯᠵᠢᠯᠡᠨ ᠪᠠᠳᠠᠷᠠᠭᠤᠯᠪᠠ᠃ ︽ | ᠰᠢᠨ᠎ᠡ ᠴᠠᠭ ᠦᠶ᠎ᠡ ᠳᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠶ ᠰᠠᠨᠠᠯ︾ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠥᠪᠯᠡᠬᠦ ᠠᠭᠤᠯᠭ᠎ᠠ ᠶᠢ | ᠲᠡᠭᠦᠯᠳᠡᠷᠵᠢᠭᠦᠯᠬᠦ᠂ ᠵᠥᠪᠯᠡᠬᠦ ᠬᠡᠯᠪᠡᠷᠢ ᠶᠢ ᠪᠠᠶᠠᠯᠢᠭᠵᠢᠭᠤᠯᠬᠤ᠂ ᠵᠥᠪᠯᠡᠬᠦ ᠲᠦᠷᠢᠮ ᠢ ᠲᠡᠭᠦᠯᠳᠡᠷᠵᠢᠭᠦᠯᠬᠦ᠂ ᠵᠥᠪᠯᠡᠬᠦ | ᠰᠣᠶᠣᠯ ᠢ ᠪᠣᠶᠢᠵᠢᠭᠤᠯᠬᠤ᠂ ᠵᠥᠪᠯᠡᠬᠦ ᠴᠢᠳᠠᠪᠤᠷᠢ ᠶᠢ ᠳᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ᠂ ᠮᠠᠨ ᠤ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠪᠥᠬᠦ ᠭᠡᠰᠢᠭᠦᠳ | ᠤᠨ ᠬᠤᠷᠠᠯ᠂ ᠪᠠᠶᠢᠩᠭᠤ ᠶᠢᠨ ᠬᠤᠷᠢᠶ᠎ᠠ᠂ ᠲᠤᠰᠬᠠᠶ ᠵᠥᠪᠯᠡᠯ ᠵᠢᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠠᠵᠢᠯ ᠤᠨ ᠲᠦᠷᠢᠮ ᠢ ᠬᠢᠨᠠᠨ ᠲᠣᠭᠲᠠᠭᠠᠵᠤ ᠳᠠᠷᠤᠮᠠᠯᠯᠠᠨ᠂ | ᠲᠣᠭᠳᠠᠯᠴᠠᠭ᠎ᠠ ᠨᠢ ᠪᠦᠷᠢᠨ ᠲᠡᠭᠦᠯᠳᠡᠷ᠂ ᠥᠨᠳᠥᠷ ᠪᠦᠲᠦᠮᠵᠢᠲᠡᠶ ᠤᠷᠤᠭᠰᠢᠲᠠᠶ ᠠᠵᠢᠯᠯᠠᠭᠠᠨ ᠤ ᠲᠣᠭᠲᠠᠴᠠ ᠶᠢ | ᠪᠦᠷᠢᠯᠳᠦᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠰᠤ ᠴᠢᠨᠠᠷ | ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ ᠥᠪᠥᠷ ᠮᠣᠩᠭᠤᠯ ᠤᠨ ᠤᠯᠤᠰ ᠲᠥᠷᠥ ᠶᠢᠨ | ᠵᠥᠪᠯᠡᠯᠭᠡᠨ ᠤ ᠡᠭᠦᠯᠡᠨ ᠲᠠᠪᠴᠠᠩ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠠᠯᠤᠰ ᠡᠵᠡᠮᠰᠢᠯᠲᠦ | ᠬᠠᠷᠠᠭᠠᠨ ᠳᠠᠪᠲᠠᠮᠵᠢ ᠶᠢᠨ ᠵᠥᠪᠯᠡᠬᠦ ᠰᠢᠰᠲ᠋ᠧᠮ ᠲᠠᠢ ᠵᠣᠯᠭᠠᠭᠤᠯᠵᠤ᠂ ᠪᠥᠬᠦ ᠭᠡᠰᠢᠭᠦᠳ ᠲᠤ ᠬᠠᠨᠳᠤᠭᠤᠯᠤᠨ ᠤᠯᠤᠰ | ᠲᠥᠷᠥ ᠶᠢᠨ ᠵᠥᠪᠯᠡᠯᠭᠡᠨ ᠤ ᠬᠠᠮᠲᠤ ᠪᠠᠷ ᠬᠡᠷᠡᠭᠯᠡᠵᠦ ᠬᠠᠮᠲᠤ ᠪᠠᠷ ᠡᠳ᠋ᠯᠡᠬᠦ ᠡᠭᠦᠯᠡᠨ ᠲᠠᠪᠴᠠᠩ ᠢ ᠨᠡᠭᠡᠭᠡᠨ᠂ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠮᠡᠳᠡᠭᠡ ᠵᠠᠩᠭᠢᠵᠢᠯᠲᠠ ᠶᠢᠨ ᠰᠢᠰᠲ᠋ᠧᠮ ᠲᠠᠢ | ᠬᠠᠷᠢᠯᠴᠠᠨ ᠬᠤᠯᠪᠣᠭᠠᠯᠠᠵᠤ᠂ ᠬᠠᠷᠢᠯᠴᠠᠨ ᠦᠢᠯᠡᠳᠦᠯᠴᠡᠵᠦ᠂ ᠬᠠᠷᠢᠯᠴᠠᠨ ᠨᠡᠪᠲᠡᠷᠡᠯᠴᠡᠵᠦ᠂ ᠰᠠᠨᠠᠯ ᠵᠥᠪᠯᠡᠯᠭᠡ ᠶᠢ | ᠰᠦᠯᠵᠢᠶ᠎ᠡ ᠪᠠᠷ ᠰᠢᠶᠳᠪᠦᠷᠢᠯᠡᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠦᠯᠵᠢᠶ᠎ᠡ ᠪᠠᠷ ᠳᠠᠮᠵᠢᠭᠤᠯᠬᠤ᠂ | ᠭᠡᠰᠢᠭᠦᠳ ᠰᠦᠯᠵᠢᠶᠡᠨ ᠳᠡᠭᠡᠷ᠎ᠡ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠪᠡᠶᠡᠯᠡᠭᠦᠯᠦᠨ᠂ ᠤᠯᠤᠰ ᠲᠥᠷᠥ | ᠶᠢᠨ ᠵᠥᠪᠯᠡᠯᠭᠡᠨ ᠤ ᠠᠵᠢᠯ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃ | ᠲᠤᠰᠬᠠᠢ ᠵᠥᠪᠯᠡᠯ ᠤᠨ ᠰᠠᠭᠤᠷᠢ ᠦᠢᠯᠡᠳᠦᠯ ᠦᠷᠭᠦᠯᠵᠢᠯᠡᠨ ᠴᠢᠩᠭᠠᠷᠠᠪᠠ᠃ ᠲᠤᠰᠬᠠᠶ ᠵᠥᠪᠯᠡᠯ ᠤᠨ ᠠᠵᠢᠯ | ᠤᠨ ᠬᠠᠮᠲᠤᠷᠠᠯ ᠬᠦᠴᠦᠨ ᠢ ᠴᠢᠩᠭᠠᠳᠬᠠᠵᠤ᠂ ᠰᠡᠳᠦᠪ ᠢ ᠬᠠᠮᠲᠤ ᠪᠠᠷ ᠵᠥᠪᠯᠡᠬᠦ᠂ ᠪᠠᠶᠢᠴᠠᠭᠠᠨ ᠰᠤᠳᠤᠯᠤᠯᠲᠠ ᠶᠢ | ᠬᠠᠮᠵᠢᠯᠴᠠᠨ ᠥᠷᠨᠢᠭᠦᠯᠬᠦ᠂ ᠠᠵᠢᠯᠯᠠᠭ᠎ᠠ ᠶᠢ ᠬᠠᠮᠲᠤᠷᠠᠨ ᠡᠷᠬᠢᠯᠡᠬᠦ ᠠᠵᠢᠯ ᠤᠨ ᠪᠠᠶᠢᠷᠢᠰᠢᠯ ᠢ ᠴᠢᠷᠮᠠᠶᠢᠨ ᠪᠠᠶᠢᠭᠤᠯᠪᠠ᠃ | ᠲᠤᠰᠬᠠᠢ ᠵᠥᠪᠯᠡᠯ ᠤᠨ ᠬᠤᠯᠪᠣᠭᠠᠯᠠᠨ ᠨᠦᠬᠦᠷᠯᠡᠭᠰᠡᠨ ᠲᠤᠰᠬᠠᠢ ᠮᠡᠷᠭᠡᠵᠢᠯᠲᠡᠨ ᠡᠷᠳᠡᠮᠲᠡᠨ ᠤᠯᠠᠨ᠂ ᠵᠣᠯᠭᠠᠭᠤᠯᠬᠤ | ᠰᠠᠯᠠᠭ᠎ᠠ ᠮᠥᠴᠢᠷ ᠤᠯᠠᠨ᠂ ᠬᠠᠷᠢᠯᠴᠠᠬᠤ ᠭᠡᠰᠢᠭᠦᠨ ᠤᠯᠠᠨ ᠪᠠᠶᠢᠬᠤ ᠳᠠᠪᠠᠭᠤᠯᠢᠭ ᠢ ᠭᠦᠢᠴᠡᠳ ᠠᠰᠢᠭᠯᠠᠨ᠂ | ᠵᠥᠪᠳᠡᠯᠴᠡᠨ ᠶᠠᠷᠢᠯᠴᠠᠬᠤ᠂ ᠪᠠᠶᠢᠴᠠᠭᠠᠨ ᠰᠤᠳᠤᠯᠵᠤ ᠪᠠᠶᠢᠴᠠᠭᠠᠨ ᠦᠵᠡᠬᠦ᠂ ᠰᠠᠨᠠᠯ ᠵᠥᠪᠯᠡᠯᠭᠡ ᠶᠢ ᠱᠠᠭᠠᠷᠳᠠᠨ | ᠰᠢᠢᠳᠪᠦᠷᠢᠯᠡᠭᠦᠯᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠵᠡᠷᠭᠡ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠪᠡ᠃ ᠨᠢᠭᠡ ᠵᠢᠯ ᠤᠨ ᠲᠤᠷᠰᠢ᠂ ᠲᠤᠰᠬᠠᠢ ᠵᠥᠪᠯᠡᠯ ᠠᠴᠠ ᠭᠡᠰᠢᠭᠦᠳ ᠢ | ᠵᠣᠬᠢᠶᠠᠨ ᠪᠠᠶᠢᠭᠤᠯᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠯ᠎ᠡ ᠵᠦᠢᠯ ᠤᠨ ᠠᠵᠢᠯᠯᠠᠭ᠎ᠠ ᠶᠢ 20 ᠭᠠᠷᠤᠢ | ᠤᠳᠠᠭ᠎ᠠ ᠥᠷᠨᠢᠭᠦᠯᠵᠦ᠂ 130 ᠭᠠᠷᠤᠢ ᠵᠤᠷᠪᠤᠰ ᠦᠨ᠎ᠡ ᠴᠠᠨ᠎ᠠ ᠲᠠᠢ ᠰᠠᠨᠠᠯ ᠰᠠᠨᠠᠭᠤᠯᠭ᠎ᠠ ᠳᠤᠷᠠᠳᠪᠠ᠃ ᠲᠤᠰᠬᠠᠢ | ᠵᠥᠪᠯᠡᠯ ᠤᠨ ᠡᠲᠡᠭᠡᠳ ᠢᠯᠭᠠᠯ ᠲᠠᠢ ᠬᠠᠷᠢᠯᠴᠠᠬᠤ ᠲᠦᠷᠢᠮ ᠢ ᠨᠠᠶᠢᠳᠠᠪᠤᠷᠢᠵᠢᠭᠤᠯᠵᠤ᠂ ᠭᠡᠰᠢᠭᠦᠳ ᠢ ᠰᠤᠷᠪᠤᠯᠵᠢᠯᠠᠨ | ᠲᠣᠬᠤᠨᠢᠭᠤᠯᠬᠤ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ ᠥᠷᠨᠢᠭᠦᠯᠦᠨ᠂ ᠭᠡᠰᠢᠭᠦᠳ ᠤᠨ ᠪᠠᠶᠢᠭ᠎ᠠ ᠨᠢᠭᠡᠴᠡ ᠯᠦᠭᠡ | ᠶᠢᠨ ᠵᠣᠬᠢᠴᠠᠭᠤᠯᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠪᠦᠲᠦᠮᠵᠢᠲᠡᠢ ᠬᠠᠪᠰᠤᠷᠤᠯᠭ᠎ᠠ | ᠬᠠᠩᠭᠠᠪᠠ᠃ | ᠭᠡᠰᠢᠭᠦᠳ ᠤᠨ ᠪᠡᠶᠡᠴᠢ ᠴᠣᠭᠴᠠ ᠶᠢᠨ ᠦᠢᠯᠡᠳᠦᠯ ᠦᠷᠭᠦᠯᠵᠢᠯᠡᠨ ᠳᠡᠭᠡᠭᠰᠢᠯᠡᠪᠡ᠃ ᠤᠯᠤᠰ ᠲᠥᠷᠤ ᠶᠢᠨ | ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ | ᠤᠨ ᠠᠩᠬᠢ ᠶᠢ ᠡᠷᠬᠢᠯᠡᠵᠤ᠂ ᠤᠯᠤᠰ ᠲᠥᠷᠤ ᠶᠢᠨ ᠡᠵᠡᠮᠳᠡᠬᠦ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ | ᠤᠯᠠᠨ ᠲᠦᠮᠡᠨ ᠲᠠᠢ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ ᠶᠢ ᠨᠡᠮᠡᠭᠳᠡᠭᠦᠯᠬᠦ ᠪᠠᠷ ᠬᠠᠷᠠᠯᠲᠠ | ᠪᠣᠯᠭᠠᠵᠤ᠂ ᠭᠡᠰᠢᠭᠦᠳ ᠢ ᠵᠣᠬᠢᠶᠠᠨ ᠪᠠᠶᠢᠭᠤᠯᠤᠨ ᠰᠢᠰᠲ᠋ᠧᠮ ᠲᠠᠢ ᠰᠤᠷᠤᠯᠴᠠᠭᠤᠯᠵᠤ ᠪᠥᠬᠦ ᠲᠠᠯ᠎ᠠ ᠪᠠᠷ | ᠪᠣᠯᠪᠠᠰᠤᠷᠠᠭᠤᠯᠪᠠ᠃ ︽ᠤᠯᠤᠰ ᠲᠦᠷᠦ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠲᠦᠷᠦ | ᠶᠢᠨ ᠬᠡᠷᠡᠭ ᠢ ᠵᠥᠪᠯᠡᠬᠦ ᠳᠡᠭᠡᠨ ᠴᠢᠳᠠᠮᠠᠭᠠᠢ ᠪᠠᠶᠢᠬᠤ︾ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ | ᠥᠷᠨᠢᠭᠦᠯᠵᠦ᠂ ᠰᠤᠷᠭᠠᠨ ᠬᠥᠮᠥᠵᠢᠯ ᠢ ᠨᠠᠭᠠᠳᠤᠮ ᠴᠡᠩᠬᠡᠭᠡᠨ ᠳᠤ ᠠᠭᠤᠯᠬᠤ ᠬᠡᠯᠪᠡᠷᠢ ᠪᠠᠷ ᠲᠤᠰᠢᠶᠠᠯ ᠬᠠᠷᠢᠭᠤᠴᠠᠯᠭ᠎ᠠ | ᠪᠠᠨ ᠭᠦᠢᠴᠡᠳᠬᠡᠬᠦ ᠮᠡᠳᠡᠯᠭᠡ ᠶᠢ ᠲᠦᠭᠡᠮᠡᠯᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠪ | ᠪᠣᠯᠪᠠᠰᠤᠷᠠᠯ ᠢ ᠳᠡᠭᠡᠭᠰᠢᠯᠡᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ | ᠬᠥᠭᠵᠢᠭᠡᠭᠰᠡᠨ ᠪᠠᠶᠢᠨ᠎ᠠ᠃ ︽ᠲᠦᠷᠢᠮ︾ ᠵᠢᠴᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠡᠰᠢᠭᠦᠳ ᠤᠨ | ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠢᠨᠠᠨ ᠰᠢᠯᠭᠠᠵᠤ ᠦᠨᠡᠯᠡᠬᠦ ᠣᠨ ᠤ ᠰᠢᠰᠲ᠋ᠧᠮ ᠢ ᠪᠦᠷᠢᠨᠰᠢᠭᠦᠯᠵᠦ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠤᠨ ᠬᠤᠭᠤᠴᠠᠭᠠᠨ ᠳᠠᠬᠢ ᠨᠡᠮᠡᠵᠦ ᠬᠠᠰᠤᠬᠤ | ᠲᠣᠭᠲᠠᠴᠠ ᠶᠢ ᠲᠡᠭᠦᠯᠳᠡᠷᠵᠢᠭᠦᠯᠵᠦ᠂ ᠭᠡᠰᠢᠭᠦᠨ ᠢ ᠨᠡᠮᠡᠵᠦ ᠬᠠᠰᠤᠬᠤ ᠪᠣᠭᠤᠮᠲᠠ ᠶᠢ ᠴᠢᠩᠭ᠎ᠠ ᠰᠠᠬᠢᠪᠠ᠃ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ | ᠤᠨ ᠬᠡᠯᠲᠡᠰ ᠵᠡᠷᠭᠡ 16 ᠨᠢᠭᠡᠴᠡ ᠲᠠᠢ ᠬᠠᠮᠲᠤᠷᠠᠨ ᠬᠢᠨᠠᠨ ᠪᠠᠶᠢᠴᠠᠭᠠᠵᠤ᠂ 10 ᠭᠡᠰᠢᠭᠦᠨ ᠢ ᠰᠢᠨ᠎ᠡ ᠪᠠᠷ | ᠨᠡᠮᠡᠭᠳᠡᠭᠦᠯᠵᠦ᠂ 9 ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ ᠲᠦᠷᠢᠮ ᠲᠣᠭᠲᠠᠭᠠᠯ ᠶᠣᠰᠣᠭᠠᠷ ᠵᠥᠪᠰᠢᠶᠡᠷᠡᠪᠡ | ᠃ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠷᠮᠠᠰᠢᠭᠤᠯᠬᠤ ᠲᠣᠭᠲᠠᠴᠠ ᠶᠢ | ᠪᠦᠷᠢᠨᠰᠢᠭᠦᠯᠵᠦ᠂ 10 ᠰᠢᠯᠢᠳᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ 10 ᠰᠢᠯᠢᠳᠡᠭ ᠰᠠᠨᠠᠯ | ᠵᠥᠪᠯᠡᠯᠭᠡ᠂ 5 ᠰᠢᠯᠢᠳᠡᠭ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢᠴᠢᠨ᠂ 3 | ᠰᠠᠨᠠᠯ ᠵᠥᠪᠯᠡᠯᠭᠡ ᠶᠢ ᠳᠠᠭᠠᠭᠠᠨ ᠰᠢᠢᠳᠪᠦᠷᠢᠯᠡᠭᠰᠡᠨ ᠲᠡᠷᠢᠭᠦᠨ ᠤ ᠨᠢᠭᠡᠴᠡ᠂ 3 ᠰᠠᠨᠠᠯ ᠵᠥᠪᠯᠡᠯᠭᠡ ᠶᠢ ᠳᠠᠭᠠᠭᠠᠨ | ᠰᠢᠢᠳᠪᠦᠷᠢᠯᠡᠭᠰᠡᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ᠂ ᠭᠡᠰᠢᠭᠦᠳ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠤᠯᠠᠮ | ᠨᠢᠭᠡ ᠠᠯᠬᠤᠮ ᠳᠡᠭᠡᠭᠰᠢᠯᠡᠭᠦᠯᠪᠡ᠃ | ᠪᠠᠶᠢᠭᠤᠯᠤᠯᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠦᠢᠯᠡᠳᠦᠯ ᠦᠷᠭᠦᠯᠵᠢᠯᠡᠨ ᠳᠡᠭᠡᠭᠰᠢᠯᠡᠪᠡ᠃ ︽ | ᠭᠤᠷᠪᠠᠨ ᠬᠤᠷᠠᠯ ᠨᠢᠭᠡ ᠬᠢᠴᠢᠶᠡᠯ︾᠂ ᠠᠷᠠᠳᠴᠢᠯᠠᠯ ᠤᠨ ᠠᠮᠢᠳᠤᠷᠠᠯ ᠤᠨ ᠬᠤᠷᠠᠯ ᠵᠡᠷᠭᠡ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ︽ᠶᠡᠷᠦᠩᠬᠡᠶ ᠱᠦᠵᠢ ᠶᠢᠨ ᠶᠠᠪᠤᠭᠰᠠᠨ ᠵᠠᠮ ᠢᠶᠠᠷ ᠳᠠᠬᠢᠨ ᠵᠠᠮᠨᠠᠵᠤ᠂ ᠶᠡᠷᠦᠩᠬᠡᠶ ᠱᠦᠵᠢ ᠶᠢᠨ | ᠶᠠᠷᠢᠶ᠎ᠠ ᠶᠢ ᠳᠠᠬᠢᠨ ᠤᠩᠰᠢᠬᠤ︾᠂ ︽ᠠᠮᠢ ᠠᠬᠤᠶ ᠶᠢᠨ ᠪᠣᠯᠪᠠᠰᠤᠨ ᠢ ᠬᠠᠮᠲᠤ ᠪᠠᠷ ᠪᠠᠶᠢᠭᠤᠯᠵᠤ᠂ ᠪᠣᠬᠢᠷᠲᠤᠯ | ᠥᠬᠡᠶ ᠢᠷᠡᠭᠡᠳᠦᠶ ᠶᠢ ᠬᠠᠮᠲᠤ ᠪᠠᠷ ᠡᠳ᠋ᠯᠡᠬᠦ︾ ᠵᠡᠷᠭᠡ ᠭᠤᠤᠯ ᠰᠡᠳᠦᠪᠲᠦ ᠨᠠᠮ ᠤᠨ ᠠᠵᠢᠯᠯᠠᠭᠠᠨ ᠤ ᠡᠳᠦᠷ ᠢ | ᠵᠣᠬᠢᠶᠠᠨ ᠪᠠᠶᠢᠭᠤᠯᠤᠨ ᠥᠷᠨᠢᠭᠦᠯᠵᠦ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ | ᠭᠦᠨᠵᠡᠭᠡᠶᠢᠷᠡᠭᠦᠯᠵᠦ᠂ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠪᠠᠨ ᠨᠢᠭᠡᠳᠬᠡᠨ᠂ | ᠴᠢᠭᠯᠡᠯ ᠢᠶᠠᠨ ᠲᠣᠳᠣᠷᠬᠠᠶᠢᠯᠠᠵᠤ᠂ ᠨᠠᠮᠴᠢ ᠴᠢᠨᠠᠷ ᠤᠨ ᠪᠣᠯᠪᠠᠰᠤᠷᠠᠯ ᠪᠠ ᠤᠯᠤᠰ ᠲᠥᠷᠥ ᠶᠢᠨ ᠡᠭᠦᠷᠭᠡᠯᠡᠯ ᠢᠶᠠᠨ | ᠴᠢᠩᠭᠠᠳᠬᠠᠬᠤ ᠶᠢ ᠬᠥᠲᠥᠯᠥᠨ ᠵᠢᠯᠣᠭᠤᠳᠪᠠ᠃ ︽ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠭᠡᠷ︾ ᠢ | ᠪᠦᠳᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠦᠢᠯᠡᠴᠢᠯᠡᠭᠡᠨ ᠤ ᠤᠬᠠᠮᠰᠠᠷ ᠢᠶᠠᠨ ᠲᠠᠰᠤᠷᠠᠯᠳᠠ ᠦᠭᠡᠢ | ᠴᠢᠩᠭᠠᠳᠬᠠᠨ᠂ ᠠᠵᠢᠯ ᠤᠨ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠦᠨ᠂ ᠺᠠᠳ᠋ᠷ ᠠᠵᠢᠯᠳᠠᠨ ᠠᠵᠢᠯᠴᠢᠨ ᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠪᠠ᠃ ︽ᠲᠠᠪᠤᠨ ᠬᠡᠯᠪᠡᠷᠢ ᠶᠢᠨ | ᠪᠠᠶᠢᠭᠤᠯᠤᠯᠭ᠎ᠠ︾ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠤᠯᠤᠰ ᠲᠦᠷᠦ ᠶᠢᠨ ᠵᠥᠪᠯᠡᠯᠭᠡᠨ ᠤ | ᠪᠠᠶᠢᠭᠤᠯᠤᠯᠭ᠎ᠠ ᠶᠢᠨ ᠨᠢᠭᠲᠠᠷᠠᠯ ᠤᠨ ᠬᠦᠴᠦᠨ᠂ ᠭᠦᠢᠴᠡᠳᠬᠡᠬᠦ ᠬᠦᠴᠦᠨ᠂ ᠲᠠᠶᠢᠴᠢᠨ ᠬᠦᠴᠦᠨ ᠢ ᠦᠷᠭᠦᠯᠵᠢᠯᠡᠨ | ᠳᠡᠭᠡᠭᠰᠢᠯᠡᠭᠦᠯᠵᠦ᠂ ᠲᠦᠷᠦᠭᠦᠯᠡᠨ ᠴᠢᠷᠮᠠᠶᠢᠨ ᠡᠭᠦᠷᠭᠡᠯᠡᠬᠦ᠂ ᠥᠨᠳᠥᠷ ᠪᠦᠲᠦᠮᠵᠢᠲᠡᠢ ᠠᠵᠢᠯᠴᠢ ᠬᠢᠴᠢᠶᠡᠩᠭᠦᠢ ᠪᠠᠶᠢᠬᠤ᠂ | ᠪᠦᠯᠬᠦᠮᠳᠡᠯ ᠲᠠᠢ ᠡᠶ᠎ᠡ ᠵᠣᠬᠢᠴᠠᠯ ᠲᠠᠢ ᠪᠠᠶᠢᠬᠤ ᠪᠠᠶᠢᠭᠤᠯᠤᠯᠭ᠎ᠠ ᠶᠢᠨ ᠬᠡᠪ ᠰᠤᠷᠲᠠᠯ ᠢ ᠪᠤᠢ ᠪᠣᠯᠭᠠᠵᠤ᠂ ᠤᠯᠤᠰ | ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠢ ᠥᠷᠨᠢᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠪᠠ᠃ | ᠭᠡᠰᠢᠭᠦᠳ ᠡ᠂ ᠥᠩᠭᠡᠷᠡᠭᠰᠡᠨ ᠨᠢᠭᠡ ᠵᠢᠯ ᠳᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶ᠎ᠠ ᠶᠢᠨ ᠣᠯᠤᠭᠰᠠᠨ ᠠᠮᠵᠢᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ | ᠬᠤᠰᠢᠭᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠭᠰᠠᠨ ᠤ ᠦᠷ᠎ᠡ ᠳ᠋ᠦᠩ ᠮᠥᠨ᠂ ᠬᠤᠰᠢᠭᠤᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ ᠪᠠ ᠨᠡᠶᠢᠭᠡᠮ ᠤᠨ ᠡᠯ᠎ᠡ | ᠡᠲᠡᠭᠡᠳ ᠤᠨ ᠬᠦᠴᠦᠲᠡᠶ ᠳᠡᠮᠵᠢᠭᠰᠡᠨ ᠤ ᠦᠷ᠎ᠡ ᠳ᠋ᠦᠩ ᠮᠥᠨ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ | ᠤ ᠭᠡᠰᠢᠭᠦᠨ ᠪᠠ ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠡ ᠶᠢᠨ ᠰᠡᠳᠬᠢᠯ ᠨᠢᠭᠡᠳᠦᠨ | ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ | ᠶᠢᠨ ᠬᠤᠷᠢᠶ᠎ᠠ ᠶᠢ ᠲᠥᠯᠥᠭᠡᠯᠡᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠬᠠᠯᠠᠮᠵᠢᠯᠠᠨ | ᠳᠡᠮᠵᠢᠭᠰᠡᠨ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠵᠦ ᠪᠠᠶᠢᠨ᠎ᠠ︕ | ᠨᠢᠭᠡ ᠵᠢᠯ ᠤᠨ ᠲᠤᠷᠰᠢᠬᠢ ᠠᠵᠢᠯ ᠢᠶᠠᠨ ᠡᠷᠭᠢᠴᠡᠭᠦᠯᠪᠡᠯ᠂ ᠰᠢᠨ᠎ᠡ ᠴᠠᠭ ᠦᠶ᠎ᠡ᠂ ᠰᠢᠨ᠎ᠡ ᠡᠭᠦᠷᠭᠡ᠂ ᠰᠢᠨ᠎ᠡ | ᠱᠠᠭᠠᠷᠳᠠᠯᠭ᠎ᠠ ᠪᠠ ᠠᠷᠠᠳ ᠤᠯᠠᠨ ᠤ ᠬᠦᠰᠡᠯ ᠡᠷᠡᠮᠡᠯᠵᠡᠯ ᠲᠠᠢ ᠬᠠᠷᠢᠴᠠᠭᠤᠯᠪᠠᠯ᠂ ᠪᠠᠶᠢᠩᠭᠤ ᠶᠢᠨ ᠬᠤᠷᠢᠶᠠᠨ ᠤ ᠠᠵᠢᠯ | ᠳᠤ ᠪᠠᠰᠠ ᠡᠳᠦᠢ ᠲᠡᠳᠦᠢ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠦ | ᠣᠯᠬᠤ ᠪᠣᠯᠣᠨ᠎ᠠ᠂ ᠭᠤᠣᠯᠳᠠᠭᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠷᠭ᠎ᠠ ᠬᠡᠯᠪᠡᠷᠢ ᠶᠢ ᠤᠯᠠᠮ ᠨᠢᠭᠡ ᠠᠯᠬᠤᠮ | ᠰᠠᠶᠢᠵᠢᠷᠠᠭᠤᠯᠬᠤ ᠴᠢᠬᠤᠯᠠᠲᠠᠢ᠂ ᠵᠥᠪᠯᠡᠭᠰᠡᠨ ᠦᠷ᠎ᠡ ᠪᠦᠲᠦᠭᠡᠯ ᠢ ᠬᠤᠪᠢᠷᠠᠭᠤᠯᠬᠤ ᠪᠠ ᠠᠷᠠᠳᠴᠢᠯᠠᠯ ᠢᠶᠠᠷ ᠬᠢᠨᠠᠯᠲᠠ | ᠲᠠᠯᠪᠢᠬᠤ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ᠂ ᠤᠯᠤᠰ ᠲᠦᠷᠦ | ᠶᠢᠨ ᠵᠥᠪᠯᠡᠯᠭᠡᠨ ᠤ ᠭᠡᠰᠢᠭᠦᠳ ᠤᠨ ᠡᠲᠡᠭᠡᠳ ᠢᠯᠭᠠᠯ ᠤᠨ ᠳᠠᠪᠠᠭᠤᠯᠢᠭ ᠪᠠ ᠦᠢᠯᠡᠳᠦᠯ ᠢ ᠤᠯᠠᠮ ᠨᠢᠭᠡ ᠠᠯᠬᠤᠮ | ᠪᠠᠳᠠᠷᠠᠭᠤᠯᠬᠤ ᠴᠢᠬᠤᠯᠠᠲᠠᠢ ᠵᠡᠷᠭᠡ ᠬᠡᠳᠦᠨ ᠲᠠᠯ᠎ᠠ ᠪᠣᠢ᠃ ᠡᠳᠡᠭᠡᠷ ᠠᠰᠠᠭᠤᠳᠠᠯ ᠢ ᠪᠢᠳᠡ ᠲᠠᠷᠠᠭᠠᠴᠢ ᠶᠢᠨ ᠠᠯᠬᠤᠮ | ᠤᠨ ᠠᠵᠢᠯ ᠤᠨ ᠳᠤᠮᠳᠠ ᠪᠠᠨ ᠬᠢᠨᠠᠮᠠᠭᠠᠢ ᠪᠣᠳᠣᠯᠬᠢᠯᠠᠨ ᠰᠤᠳᠤᠯᠵᠤ᠂ ᠬᠦᠴᠦᠯᠡᠨ ᠰᠠᠶᠢᠵᠢᠷᠠᠭᠤᠯᠬᠤ ᠴᠢᠬᠤᠯᠠᠲᠠᠢ | ᠪᠠᠶᠢᠨ᠎ᠠ᠃ | | | | |