2021 ᠤᠨ ᠤ ᠬᠡᠰᠢᠭᠲᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ︵ᠲᠦᠷᠪᠡ︶
ᠨᠡᠶᠢᠲᠡᠯᠡᠭᠰᠡᠨ ᠴᠠᠭ᠄
2021/4/22
     2021 ᠣᠨ ᠤ ᠠᠵᠢᠯ ᠤᠨ ᠲᠣᠬᠢᠷᠠᠭᠤᠯᠤᠯᠲᠠ      2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠡᠬᠢᠯᠡᠯᠲᠡ ᠶᠢᠨ ᠵᠢᠯ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠭᠰᠡᠨ ᠵᠢᠯ ᠪᠣᠯᠤᠨ᠎ᠠ᠃ ᠪᠠᠶᠢᠩᠭᠤ ᠎ ᠶᠢᠨ ᠬᠤᠷᠢᠶᠠᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠤᠭᠤᠳᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠲᠤ ᠡᠵᠡᠮᠳᠡᠨ᠂ ᠤᠯᠤᠰ ᠲᠦᠷᠦ ᠪᠠᠷ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠎ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠪᠣᠳᠣᠯᠭ᠎ᠠ ᠭᠠᠷᠭᠠᠵᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠤᠰ ᠴᠢᠭᠯᠡᠯ ᠢᠶᠠᠷ ᠬᠦᠴᠦᠯᠡᠬᠦ ᠶᠢ ᠪᠡᠶᠡᠯᠡᠭᠦᠯᠦᠨ᠂ ᠬᠡᠰᠢᠭᠲᠡᠨ ᠤ ᠨᠡᠶᠢᠭᠡᠮ ᠵᠢᠷᠤᠮᠲᠤ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠎ ᠶᠢᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠭᠦᠯᠬᠦ ᠳᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃      ︵ᠨᠢᠭᠡ︶ ᠭᠤᠣᠯ ᠱᠣᠭᠤᠮ ᠢ ᠪᠠᠲᠤ ᠡᠵᠡᠮᠳᠡᠵᠦ᠂ ᠤᠯᠤᠰ ᠲᠦᠷᠦ ᠶᠢᠨ ᠬᠦᠲᠦᠯᠦᠨ ᠳᠠᠭᠠᠭᠤᠯᠬᠤ ᠲᠠᠯ᠎ᠠ ᠎ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠴᠢᠨᠠᠷ ᠰᠠᠶᠢᠲᠠᠢ ᠭᠦᠢᠴᠡᠳᠬᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠎ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠰᠢᠨ᠎ᠡ ᠱᠠᠭᠠᠷᠳᠠᠯᠭ᠎ᠠ ᠰᠢᠨ᠎ᠡ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠳᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠶᠢᠨ ᠲᠠᠯ᠎ᠠ ᠪᠠᠷ ᠣᠷᠣᠨ ᠪᠠᠶᠢᠷᠢ ᠪᠠᠨ ᠣᠨᠣᠪᠴᠢᠲᠠᠢ ᠣᠯᠵᠤ᠂ ᠭᠤᠣᠯᠳᠠᠯᠭ᠎ᠠ ᠪᠠᠨ ᠲᠥᠪᠯᠡᠷᠡᠭᠦᠯᠦᠨ᠂ ︽ᠴᠢᠩᠭᠠᠳᠬᠠᠨ ᠰᠠᠶᠢᠵᠢᠷᠠᠭᠤᠯᠬᠤ ᠲᠠᠯ᠎ᠠ ᠪᠠᠷ︾ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ︽ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠎ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠬᠡᠳᠦᠨ ᠰᠠᠨᠠᠯ︾᠎ ᠤᠨ ᠱᠠᠭᠠᠷᠳᠠᠯᠭ᠎ᠠ ᠶᠣᠰᠣᠭᠠᠷ᠂ ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠬᠡᠪ ᠴᠢᠨᠠᠷ ᠢ ᠴᠢᠩᠭᠠᠳᠬᠠᠬᠤ ᠶᠢ ᠰᠢᠨᠲᠠᠷᠠᠰᠢ ᠦᠭᠡᠢ ᠪᠠᠷᠢᠮᠲᠠᠯᠠᠵᠤ᠂ ᠰᠤᠷᠲᠠᠯ ᠢ ᠰᠢᠨᠲᠠᠷᠠᠰᠢ ᠦᠭᠡᠢ ᠠᠳᠬᠤᠵᠤ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠰᠠᠶᠢᠲᠤᠷ ᠰᠠᠬᠢᠨ᠂ ᠰᠢᠨ᠎ᠡ ᠪᠠᠶᠢᠳᠠᠯ ᠤᠨ ᠳᠣᠣᠷᠠᠬᠢ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠳᠤ ᠴᠢᠩᠭ᠎ᠠ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠴᠢᠬᠤᠯᠠ ᠪᠠᠶᠢᠷᠢᠯᠠᠭᠤᠯᠤᠯᠲᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠎ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠦ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠥᠷᠭᠡᠨ ᠣᠯᠠᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ᠂ ᠤᠯᠤᠰ ᠲᠥᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠡ ᠶᠢᠨ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠳᠡᠭᠡᠳᠦ ᠬᠡᠮᠵᠢᠶᠡᠨ ᠤ ᠤᠯᠤᠰ ᠲᠥᠷᠦ ᠎ ᠶᠢᠨ ᠬᠠᠮᠲᠤ ᠶᠢᠨ ᠲᠠᠨᠢᠯᠲᠠ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ᠂ ᠣᠨᠣᠯ  ᠎ ᠤᠨ ᠬᠠᠮᠲᠤ ᠶᠢᠨ ᠲᠠᠨᠢᠯᠲᠠ᠂ ᠬᠠᠶᠢᠷ᠎ᠠ ᠰᠡᠳᠬᠢᠯᠭᠡ ᠶᠢᠨ ᠬᠠᠮᠲᠤ ᠶᠢᠨ ᠲᠠᠨᠢᠯᠲᠠ ᠶᠢ ᠦᠨᠡᠨ ᠬᠦ ᠨᠡᠮᠡᠭᠳᠡᠭᠦᠯᠵᠦ᠂ ᠨᠠᠮ ᠤᠨ ᠵᠢᠯᠣᠭᠤᠳᠬᠤ ᠦᠵᠡᠯ ᠰᠠᠨᠠᠭ᠎ᠠ ᠪᠠ ᠲᠥᠷᠦ ᠶᠢᠨ ᠪᠣᠳᠣᠯᠭ᠎ᠠ ᠶᠢᠨ ᠵᠣᠷᠢᠯᠲᠠ ᠶᠢ ᠥᠷᠭᠡᠨ ᠣᠯᠠᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ᠂ ᠤᠯᠤᠰ ᠲᠥᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠡ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠤᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠡᠯ᠎ᠡ ᠲᠥᠷᠥᠯ ᠎ ᠤᠨ ᠰᠤᠷᠤᠯᠴᠠᠯᠭ᠎ᠠ ᠶᠢᠨ ᠲᠠᠪᠴᠠᠩ ᠪᠠ ᠰᠣᠶᠣᠯ ᠲᠡᠦᠬᠡ ᠰᠣᠶᠣᠯ ᠤᠨ ᠠᠵᠢᠯ ᠤᠨ ᠴᠢᠳᠠᠮᠵᠢ ᠶᠢ ᠪᠠᠳᠠᠷᠠᠭᠤᠯᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠪᠠ ᠨᠢᠭᠡᠳᠦᠮᠡᠯ ᠹᠷᠣᠨᠲ ᠤᠨ ᠲᠡᠦᠬᠡ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠡᠦᠬᠡ ᠶᠢᠨ ᠬᠥᠮᠦᠵᠢᠯ ᠢ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠶᠯ ᠤᠨ ᠡᠭᠦᠷᠭᠡ ᠎ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠵᠦ᠂ ᠲᠡᠦᠬᠡ ᠶᠢ ᠰᠤᠷᠤᠯᠴᠠᠵᠤ ᠶᠣᠰᠣ ᠤᠴᠢᠷ ᠢ ᠤᠬᠠᠬᠤ᠂ ᠲᠡᠦᠬᠡ ᠶᠢ ᠰᠤᠷᠤᠯᠴᠠᠵᠤ ᠢᠳᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠤ ᠶᠣᠰᠣ ᠮᠣᠷᠠᠯ ᠢ ᠡᠷᠬᠢᠮᠯᠡᠬᠦ᠂ ᠲᠡᠦᠬᠡ ᠶᠢ ᠰᠤᠷᠤᠯᠴᠠᠵᠤ ᠬᠦᠴᠦᠯᠡᠨ ᠴᠢᠷᠮᠠᠶᠢᠬᠤ ᠶᠢ ᠦᠨᠡᠨ ᠬᠦ ᠪᠡᠶᠡᠯᠡᠭᠦᠯᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠳᠠᠰᠢᠷᠠᠮ ᠢᠶᠠᠷ᠂ ᠠᠯᠢ ᠤᠯᠠᠨ ᠳᠤᠷᠠᠰᠬᠠᠬᠤ ᠠᠵᠢᠯᠯᠠᠭ᠎ᠠ ᠥᠷᠨᠢᠭᠦᠯᠵᠦ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠭᠤᠣᠯ ᠬᠦᠭ ᠠᠶᠠᠰ ᠢ ᠴᠢᠪᠬᠠᠳᠠᠨ᠂ ᠢᠳᠡᠪᠬᠢ ᠬᠦᠴᠦᠨ ᠢ ᠳᠠᠮᠵᠢᠭᠤᠯᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃      ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠴᠢᠬᠤᠯᠠ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ︽ᠣᠭ ᠰᠠᠨᠠᠭ᠎ᠠ ᠎ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾  ᠎ ᠪᠠᠷ ᠤᠯᠤᠰ ᠲᠥᠷᠥ ᠶᠢᠨ ᠪᠠᠷᠢᠮᠵᠢᠶ᠎ᠠ ᠂ ᠤᠯᠤᠰ ᠲᠥᠷᠥ ᠶᠢᠨ ᠱᠠᠭᠠᠷᠳᠠᠯᠭ᠎ᠠ ᠪᠣᠯᠭᠠᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠰᠠᠶᠢᠲᠤᠷ ᠳ᠋ᠦᠩᠨᠡᠵᠦ᠂ ᠰᠠᠶᠢᠲᠤᠷ ᠬᠡᠷᠡᠭᠯᠡᠵᠦ᠂ ᠰᠠᠶᠢᠲᠤᠷ ᠪᠠᠷᠢᠮᠲᠠᠯᠠᠵᠤ᠂ ᠰᠠᠶᠢᠲᠤᠷ ᠬᠥᠭᠵᠢᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠦᠵᠡᠯ ᠰᠠᠨᠠᠭᠠᠨ ᠤ ᠪᠠᠶᠢᠭᠤᠯᠤᠯᠲᠠ᠂ ᠴᠢᠳᠠᠪᠤᠷᠢ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠢᠲᠡᠭᠡᠯ ᠪᠢᠰᠢᠷᠡᠯ ᠪᠠᠲᠤ ᠴᠢᠩᠭ᠎ᠠ᠂ ᠤᠯᠤᠰ ᠲᠥᠷᠥ ᠪᠠᠲᠤ ᠴᠢᠩᠭ᠎ᠠ᠂ ᠬᠠᠷᠢᠭᠤᠴᠠᠯᠭ᠎ᠠ ᠪᠠᠲᠤ ᠴᠢᠩᠭ᠎ᠠ᠂ ᠴᠢᠳᠠᠪᠤᠷᠢ ᠴᠢᠩᠭ᠎ᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠎ ᠪᠠᠷ ᠠᠵᠠ ᠲᠣᠬᠢᠶᠠᠯ ᠪᠣᠯᠭᠠᠵᠤ᠂ ᠠᠯᠢ ᠤᠯᠠᠨ ᠳᠤᠷᠠᠰᠬᠠᠬᠤ ᠠᠵᠢᠯᠯᠠᠭ᠎ᠠ ᠥᠷᠨᠢᠭᠦᠯᠵᠦ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠭᠤᠣᠯ ᠬᠦᠭ ᠠᠶᠠᠰ ᠢ ᠴᠢᠪᠬᠠᠳᠠᠨ᠂ ᠢᠳᠡᠪᠬᠢ ᠬᠦᠴᠦᠨ ᠢ ᠳᠠᠮᠵᠢᠭᠤᠯᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠦᠨ᠎ᠡ᠃      ︵ᠬᠤᠶᠠᠷ︶ ᠭᠤᠤᠯ ᠰᠢᠵᠢᠮ ᠢ ᠣᠨᠣᠪᠴᠢᠲᠠᠶ ᠡᠵᠡᠮᠳᠡᠵᠦ᠂ ᠵᠠᠰᠠᠭ ᠲᠤ ᠲᠤᠰᠠᠯᠠᠨ ᠰᠠᠨᠠᠯ ᠰᠠᠨᠠᠭᠤᠯᠭ᠎ᠠ ᠳᠤᠷᠠᠳᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ ᠪᠠᠷ ᠬᠤᠤᠰ ᠴᠢᠭᠯᠡᠯ ᠢᠶᠠᠷ ᠬᠦᠴᠦᠯᠡᠬᠦ ᠬᠡᠷᠡᠭᠲᠡᠶ᠃ ᠠᠷᠭ᠎ᠠ ᠪᠣᠳᠣᠯᠭ᠎ᠠ ᠭᠠᠷᠭᠠᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠶᠡᠷᠦᠩᠬᠡᠢ ᠱᠦᠵᠢ ᠰᠢ ᠶᠢᠨ ᠫᠢᠩ ᠎ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠭᠤᠣᠯᠳᠠᠯᠭ᠎ᠠ ᠶᠡᠭᠡ ᠲᠠᠯ᠎ᠠ ᠳᠤ ᠦᠢᠯᠡᠴᠢᠯᠡᠬᠦ ᠶᠢ ᠡᠭᠦᠷᠭᠡ ᠲᠤᠰᠢᠶᠠᠯ ᠢᠶᠠᠨ ᠭᠦᠶᠴᠡᠳᠬᠡᠬᠦ ᠶᠢᠨ ᠦᠨᠳᠦᠰᠦᠨ ᠵᠦᠶᠯ ᠪᠣᠯᠭᠠᠬᠤ ᠬᠡᠷᠡᠭᠲᠡᠶ᠃ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠭᠤᠤᠯᠳᠠᠯᠭ᠎ᠠ ᠲᠠᠢ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠦᠵᠡᠰᠬᠦᠯᠡᠩᠲᠦ ᠰᠠᠶᠢᠬᠠᠨ ᠬᠡᠰᠢᠭᠲᠡᠨ᠂ ᠴᠢᠨᠠᠷ ᠰᠠᠶᠢᠲᠠᠶ ᠬᠡᠰᠢᠭᠲᠡᠨ᠂ ᠨᠠᠷᠠᠲᠤ ᠬᠡᠰᠢᠭᠲᠡᠨ᠂ ᠵᠣᠯ ᠵᠢᠷᠭᠠᠯᠲᠤ ᠬᠡᠰᠢᠭᠲᠡᠨ ᠢ ᠪᠥᠲᠥᠭᠡᠨ ᠪᠠᠶᠢᠭᠤᠯᠬᠤ ᠳᠤ ᠠᠩᠬᠠᠷᠤᠯ ᠎ ᠢᠶᠠᠨ ᠲᠦᠪᠯᠡᠷᠡᠭᠦᠯᠦᠨ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠬᠤ᠂ ᠪᠣᠬᠢᠷᠲᠤᠯ ᠎ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠪᠣᠬᠢᠷᠲᠤᠯ ᠥᠬᠡᠶ ᠤᠨᠴᠠᠯᠢᠬᠳᠤ ᠲᠥᠷᠥᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠣᠳᠣᠬᠢᠴᠢᠯᠠᠭᠰᠠᠨ ᠠᠵᠤ ᠦᠶᠯᠡᠳᠪᠦᠷᠢ ᠶᠢᠨ ᠰᠢᠰᠲ᠋ᠧᠮ ᠢ ᠪᠠᠶᠢᠭᠤᠯᠬᠤ᠂ ᠵᠢᠭᠤᠯᠴᠢᠯᠠᠯ ᠤᠨ ᠡᠵᠡᠩᠨᠡᠯᠲᠡ ᠶᠢᠨ ᠣᠶᠢᠯᠠᠭᠠᠭᠳᠠᠬᠤᠨ ᠤ ᠰᠢᠨ᠎ᠡ ᠶᠢ ᠡᠭᠦᠳᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠵᠥᠪᠯᠡᠯᠭᠡ ᠬᠢᠵᠦ ᠲᠥᠷᠥ ᠶᠢᠨ ᠬᠡᠷᠡᠭ ᠢ ᠵᠥᠪᠯᠡᠬᠦ ᠶᠢ ᠭᠦᠨᠵᠡᠭᠡᠶ ᠥᠷᠨᠢᠭᠦᠯᠦᠨ᠎ᠡ᠃      ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢᠨ ᠰᠢᠪᠲᠤᠯᠤᠯᠲᠠ ᠶᠢᠨ ᠴᠡᠭ ᠪᠣᠯᠭᠠᠬᠤ ᠬᠡᠷᠡᠭᠲᠡᠢ᠃ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ᠃ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠨ᠎ᠡ᠃ ᠭᠤᠣᠯᠳᠠᠭᠤ ᠠᠷᠠᠳ ᠲᠦᠮᠡᠨ ᠎ ᠳᠤ ᠲᠠᠭᠠᠰᠢᠶᠠᠭᠳᠠᠭᠰᠠᠨ ᠣᠷᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠠᠵᠢᠯ ᠣᠯᠭᠤᠯᠲᠠ ᠶᠢᠨ ᠦᠢᠯᠡᠴᠢᠯᠡᠭᠡ ᠶᠢ ᠪᠤᠢ ᠪᠣᠯᠭᠠᠬᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠤᠨ ᠦᠢᠯᠡᠰ ᠢ ᠰᠠᠶᠢᠲᠤᠷ ᠡᠷᠬᠢᠯᠡᠬᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠡᠷᠡᠭᠦᠯ ᠡᠩᠬᠡ ᠬᠡᠰᠢᠭᠲᠡᠨ ᠬᠤᠰᠢᠭᠤ ᠶᠢ ᠪᠠᠶᠢᠭᠤᠯᠬᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠬᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠪᠦᠷᠢᠨᠰᠢᠬᠦᠯᠬᠦ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ᠂ ᠦᠨᠳᠦᠰᠦᠨ ᠱᠠᠲᠤᠨ ᠤ ᠡᠮᠦᠨ᠎ᠡ ᠹᠷᠣᠨᠲ ᠳᠤ ᠭᠦᠨᠵᠡᠭᠡᠶᠢᠷᠡᠨ᠂ ᠵᠠᠩᠭᠢᠯᠠᠭ᠎ᠠ ᠪᠣᠯᠤᠨ ᠪᠣᠭᠤᠮᠢ ᠶᠢ ᠢᠯᠡᠷᠡᠭᠦᠯᠵᠦ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ ᠪᠤᠳᠤᠯᠭ᠎ᠠ ᠳᠡᠪᠰᠢᠭᠦᠯᠦᠨ᠂ ᠵᠣᠷᠢᠭᠲᠠᠢ ᠪᠠᠷ ᠬᠢᠨᠠᠯᠲᠠ ᠲᠠᠯᠪᠢᠬᠤ᠂ ᠦᠨᠡᠨ ᠬᠦ ᠬᠢᠨᠠᠯᠲᠠ ᠲᠠᠯᠪᠢᠬᠤ᠂ ᠴᠢᠳᠠᠮᠠᠭᠠᠢ ᠪᠠᠷ ᠬᠢᠨᠠᠯᠲᠠ ᠲᠠᠯᠪᠢᠬᠤ ᠶᠢ ᠪᠡᠶᠡᠯᠡᠭᠦᠯᠦᠨ᠎ᠡ᠃ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠦᠴᠦᠯᠡᠬᠦ ᠴᠡᠭ ᠪᠣᠯᠭᠠᠬᠤ ᠬᠡᠷᠡᠭᠲᠡᠢ᠃ ᠭᠡᠰᠢᠭᠦᠳ ᠤᠨ ᠪᠠᠶᠢᠴᠠᠭᠠᠨ ᠦᠵᠡᠵᠦ ᠪᠠᠶᠢᠴᠠᠭᠠᠨ ᠰᠤᠳᠤᠯᠤᠯᠲᠠ ᠬᠢᠬᠦ᠂ ᠵᠥᠪᠳᠡᠯᠴᠡᠨ ᠶᠠᠷᠢᠯᠴᠠᠬᠤ ᠰᠠᠭᠤᠳᠠᠯ ᠤᠨ ᠬᠤᠷᠠᠯ ᠬᠢᠬᠦ᠂ ᠰᠠᠨᠠᠯ ᠵᠥᠪᠯᠡᠯᠭᠡ ᠶᠢᠨ ᠮᠡᠳᠡᠭᠡ ᠵᠠᠩᠭᠢ ᠵᠡᠷᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢ ᠬᠡᠷᠡᠭᠯᠡᠨ᠂ ᠮᠠᠳᠠᠭ ᠢ ᠲᠠᠶᠢᠯᠤᠨ ᠲᠥᠭᠡᠷᠢᠭᠳᠡᠯ ᠢ ᠠᠷᠢᠯᠭᠠᠬᠤ᠂ ᠲᠦᠷᠦ ᠶᠢᠨ ᠪᠤᠳᠤᠯᠭ᠎ᠠ ᠶᠢ ᠤᠬᠠᠭᠤᠯᠬᠤ᠂ ᠤᠷᠮ᠎ᠠ ᠰᠡᠳᠬᠢᠯᠭᠡ ᠶᠢ ᠰᠢᠯᠤᠭᠤᠳᠬᠠᠬᠤ ᠂ ᠵᠥᠷᠢᠴᠡᠯ ᠢ ᠠᠷᠢᠯᠭᠠᠬᠤ ᠠᠵᠢᠯ ᠢ ᠴᠢᠳᠠᠯ ᠤᠨ ᠬᠢᠷᠢ ᠪᠠᠷ ᠢᠶᠠᠨ ᠰᠠᠶᠢᠲᠤᠷ ᠪᠡᠶᠡᠯᠡᠭᠦᠯᠦᠨ᠎ᠡ᠃ ᠰᠣᠶᠣᠯ ᠲᠡᠦᠬᠡ ᠎ ᠶᠢᠨ ᠣᠷᠳᠣᠨ ᠤ ᠬᠠᠮᠢᠶᠠᠷᠤᠯᠲᠠ᠂ ᠲᠣᠭᠤᠷᠢᠨ ᠦᠵᠡᠬᠦ᠂ ᠪᠣᠯᠪᠠᠰᠤᠷᠠᠭᠤᠯᠬᠤ ᠵᠡᠷᠭᠡ ᠡᠯ᠎ᠡ ᠵᠦᠶᠯ ᠤᠨ ᠠᠵᠢᠯ ᠤᠨ ᠲᠦᠷᠢᠮ ᠢ ᠪᠦᠷᠢᠨᠰᠢᠭᠦᠯᠵᠦ᠂ ᠳᠡᠯᠭᠡᠨ ᠦᠵᠡᠭᠦᠯᠬᠦ ᠦᠷ᠎ᠡ ᠪᠦᠲᠦᠮᠵᠢ ᠶᠢ ᠦᠷᠭᠦᠯᠵᠢᠯᠡᠨ ᠰᠠᠶᠢᠵᠢᠷᠠᠭᠤᠯᠵᠤ᠂ ᠰᠣᠶᠣᠯ ᠲᠡᠦᠬᠡ ᠶᠢᠨ ᠮᠠᠲ᠋ᠧᠷᠢᠶᠠᠯ ᠢ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠴᠦᠬᠦᠷᠡᠰᠢ ᠦᠭᠡᠢ ᠬᠠᠶᠢᠨ᠂ ᠥᠷᠭᠡᠨ ᠢᠶᠠᠷ ᠡᠯᠰᠡᠨ ᠥᠷᠭᠡᠨ ᠢᠶᠠᠷ ᠰᠤᠷᠪᠤᠯᠵᠢᠯᠠᠵᠤ᠂ ᠪᠥᠬᠦ ᠬᠦᠴᠦᠨ ᠢᠶᠠᠷ ᠢᠶᠠᠨ ᠪᠦᠯᠬᠦᠮᠳᠡᠨ ᠬᠥᠮᠦᠨ ᠢ ᠬᠥᠮᠦᠵᠢᠭᠦᠯᠦᠨ᠎ᠡ᠃ ᠬᠡᠰᠢᠭᠲᠡᠨ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠰᠢᠭᠤᠨ ᠤ ᠳᠣᠲᠣᠨ᠎ᠠ ᠭᠠᠳᠠᠨᠠᠬᠢ ᠨᠡᠷᠡᠲᠦ ᠬᠥᠮᠦᠰ ᠢ ᠤᠷᠢᠵᠤ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠦᠯᠭᠡ᠂ ᠰᠣᠯᠢᠯᠴᠠᠭᠠᠨ ᠤ ᠬᠤᠷᠠᠯ ᠬᠢᠵᠦ᠂ ᠮᠠᠨ ᠤ ᠬᠤᠰᠢᠭᠤᠨ ᠤ ᠰᠣᠶᠣᠯ ᠎ ᠤᠨ ᠵᠥᠭᠡᠯᠡᠨ ᠪᠣᠳᠠᠲᠤ ᠬᠦᠴᠦᠨ ᠢ ᠢᠯᠡᠷᠡᠭᠦᠯᠬᠦ ᠳᠤ ᠤᠷᠠᠯᠢᠭ ᠤᠨ ᠠᠭᠤᠰᠤᠯᠴᠠᠯ ᠤᠨ ᠦᠢᠯᠡᠳᠦᠯ ᠢ ᠪᠠᠳᠠᠷᠠᠭᠤᠯᠤᠨ᠎ᠠ᠃ ᠡᠯ᠎ᠡ ᠭᠠᠵᠠᠷ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠎ ᠯᠤᠭ᠎ᠠ ᠶᠢᠨ ᠬᠠᠷᠢᠯᠴᠠᠭ᠎ᠠ ᠨᠥᠬᠦᠷᠯᠡᠯ ᠢᠶᠠᠨ ᠴᠢᠩᠭᠠᠳᠬᠠᠵᠤ᠂ ᠨᠠᠮ ᠪᠦᠯᠦᠭ ᠤᠨ ᠪᠤᠰᠤ ᠬᠥᠮᠦᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠯ᠎ᠡ ᠦᠨᠳᠦᠰᠦᠲᠡᠨ ᠡᠯ᠎ᠡ ᠡᠲᠡᠭᠡᠳ ᠯᠦᠭᠡ ᠶᠢᠨ ᠬᠠᠷᠢᠯᠴᠠᠭ᠎ᠠ ᠬᠠᠮᠲᠤᠷᠠᠯᠴᠠᠭ᠎ᠠ ᠎ ᠪᠠᠨ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠶᠡᠭᠡ ᠪᠦᠯᠬᠦᠮᠳᠡᠯ ᠶᠡᠭᠡ ᠬᠤᠯᠪᠣᠭᠠᠯᠠᠯ ᠤᠨ ᠴᠢᠳᠠᠮᠵᠢ ᠶᠢ ᠦᠨᠡᠨ ᠬᠦ ᠰᠠᠶᠢᠲᠤᠷ ᠪᠠᠳᠠᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠬᠠᠮᠲᠤ ᠪᠠᠷ ᠡᠳ᠋ᠯᠡᠬᠦ ᠬᠠᠮᠤᠭ ᠤᠨ ᠶᠡᠭᠡ ᠢᠵᠢᠯᠢ ᠲᠥᠪᠲᠦ ᠲᠣᠭᠤᠷᠢᠭ ᠢ ᠴᠢᠷᠮᠠᠶᠢᠨ ᠵᠢᠷᠤᠭᠯᠠᠬᠤ ᠬᠡᠷᠡᠭᠲᠡᠢ᠃      ︵ᠭᠤᠷᠪᠠ︶ ᠭᠤᠣᠯ ᠤᠳᠤᠷᠢᠳᠤᠮᠵᠢ ᠪᠠᠨ ᠡᠵᠡᠮᠳᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠬᠡᠷᠡᠭᠲᠡᠢ᠃ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠎ ᠪᠠᠨ ᠳᠡᠭᠡᠭᠰᠢᠯᠡᠭᠦᠯᠬᠦ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠪᠠᠶᠢᠳᠠᠯ ᠰᠢᠨ᠎ᠡ ᠡᠭᠦᠷᠭᠡ ᠳᠤ ᠵᠣᠬᠢᠴᠠᠬᠤ ᠶᠢᠨ ᠦᠨᠳᠦᠰᠦᠨ ᠪᠠᠲᠤᠯᠠᠭ᠎ᠠ ᠮᠥᠨ᠃ ᠭᠡᠰᠢᠭᠦᠳ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠷᠢᠮ︾ ᠵᠢᠴᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠤᠭᠤᠴᠠᠭ᠎ᠠ ᠰᠣᠯᠢᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠨᠢᠭᠡ ᠪᠦᠯᠦᠭ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠲᠤᠰᠢᠶᠠᠯ ᠬᠠᠷᠢᠭᠤᠴᠠᠯᠭ᠎ᠠ ᠎ ᠪᠠᠨ ᠭᠦᠢᠴᠡᠳᠬᠡᠬᠦ ᠴᠢᠳᠠᠪᠤᠷᠢ ᠪᠠᠷ ᠴᠢᠩᠭ᠎ᠠ᠂ ᠣᠪᠣᠷ ᠰᠤᠷᠲᠠᠯ ᠲᠦᠷᠢ ᠲᠥᠷᠬᠦ ᠪᠠᠷ ᠰᠠᠶᠢᠨ ᠭᠡᠰᠢᠭᠦᠨ ᠢ ᠨᠡᠷ᠎ᠡ ᠳᠤᠷᠠᠳᠤᠨ ᠲᠠᠨᠢᠯᠴᠠᠭᠤᠯᠬᠤ ᠶᠢ ᠦᠨᠡᠨ ᠬᠦ ᠪᠠᠲᠤᠯᠠᠨ᠎ᠠ᠃ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠲᠥᠷᠢᠮ ᠢ ᠴᠢᠩᠭ᠎ᠠ ᠬᠡᠷᠡᠭᠵᠢᠭᠦᠯᠵᠦ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠠᠩᠰᠠ ᠡᠪᠬᠡᠮᠡᠯ ᠢ ᠪᠠᠶᠢᠭᠤᠯᠤᠨ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠰᠢᠯᠭᠠᠨ ᠦᠨᠡᠯᠡᠬᠦ ᠪᠠ ᠬᠤᠯᠪᠣᠭ᠎ᠠ ᠠᠪᠴᠤ ᠦᠢᠯᠡᠴᠢᠯᠡᠬᠦ ᠲᠣᠭᠲᠠᠴᠠ ᠶᠢ ᠪᠥᠷᠢᠨᠰᠢᠬᠦᠯᠵᠥ᠂ ︽ᠭᠠᠳᠠᠭᠰᠢ ᠭᠠᠷᠬᠤ︾ ᠪᠠ ︽ᠤᠷᠢᠵᠤ ᠠᠪᠴᠢᠷᠠᠬᠤ︾᠎ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ ᠰᠤᠷᠤᠯᠴᠠᠯᠭ᠎ᠠ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠭᠡᠰᠢᠭᠦᠳ ᠎ ᠤᠨ ᠤᠯᠤᠰ ᠲᠥᠷᠥ ᠶᠢᠨ ᠤᠬᠠᠮᠰᠠᠷ᠂ ᠰᠠᠬᠢᠯᠭ᠎ᠠ ᠪᠠᠲᠤ ᠶᠢᠨ ᠤᠬᠠᠮᠰᠠᠷ᠂ ᠰᠣᠷᠣᠯᠴᠠᠬᠤ ᠤᠬᠠᠮᠰᠠᠷ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠤᠰᠬᠠᠢ ᠵᠥᠪᠯᠡᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠲᠤᠰᠬᠠᠢ ᠵᠥᠪᠯᠡᠯ ᠤᠨ ᠰᠠᠭᠤᠷᠢ ᠦᠢᠯᠡᠳᠦᠯ ᠎ ᠢ ᠲᠤᠪᠤᠶᠢᠯᠭᠠᠨ᠂ ᠠᠵᠢᠯ ᠤᠨ ᠬᠠᠷᠢᠴᠠᠭ᠎ᠠ ᠶᠢ ᠰᠢᠯᠤᠭᠤᠳᠬᠠᠵᠤ᠂ ᠠᠵᠢᠯ ᠤᠨ ᠲᠦᠷᠢᠮ ᠢ ᠲᠡᠭᠦᠯᠳᠡᠷᠵᠢᠭᠦᠯᠦᠨ᠂ ᠠᠵᠢᠯᠯᠠᠭ᠎ᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ︽ᠲᠠᠪᠴᠠᠩ ᠪᠠᠶᠢᠭᠤᠯᠬᠤ︾ ᠠᠵᠢᠯ ᠢ ᠰᠠᠶᠢᠲᠤᠷ ᠬᠢᠵᠦ᠂ ᠪᠦᠯᠬᠦᠮᠳᠡᠯ ᠨᠥᠬᠦᠷᠯᠡᠯ ᠢ ᠰᠠᠶᠢᠲᠤᠷ ᠠᠳᠬᠤᠨ᠂ ᠳᠤᠮᠳᠠ ᠤᠷᠲᠤ ᠬᠤᠭᠤᠴᠠᠭᠠᠨ ᠤ ᠰᠡᠳᠦᠪ ᠤᠨ ᠰᠤᠳᠤᠯᠭᠠᠨ ᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠣᠨᠴᠠᠯᠢᠭ ᠢ ᠪᠤᠢ ᠪᠣᠯᠭᠠᠨ᠎ᠠ᠃ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ︽ᠶᠢᠰᠦᠨ ᠶᠡᠭᠡ ᠴᠢᠳᠠᠪᠤᠷᠢ︾᠎ ᠶᠢ ᠴᠢᠩᠭᠠᠳᠬᠠᠬᠤ ᠱᠠᠭᠠᠷᠳᠠᠯᠭ᠎ᠠ ᠶᠣᠰᠣᠭᠠᠷ᠂ ᠪᠠᠶᠢᠭᠤᠯᠤᠯᠭ᠎ᠠ ᠶᠢᠨ ᠺᠠᠳ᠋ᠷ ᠤᠨ ᠤᠯᠤᠰ ᠲᠥᠷᠥ ᠶᠢᠨ ᠡᠵᠡᠮᠳᠡᠬᠦ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠣᠯᠠᠨ ᠲᠦᠮᠡᠨ ᠲᠠᠢ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠳᠠᠪᠤᠷᠢ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠦᠷ᠎ᠡ ᠪᠦᠲᠦᠮᠵᠢ ᠥᠨᠳᠥᠷ᠂ ᠬᠡᠪ ᠴᠢᠨᠠᠷ ᠰᠢᠯᠢᠳᠡᠭ ᠪᠠᠶᠢᠭᠤᠯᠤᠯᠭ᠎ᠠ ᠎ ᠶᠢᠨ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠠᠷᠢᠭᠤᠨ ᠴᠢᠬᠡᠴᠢ ᠶᠢ ᠡᠷᠬᠢᠮᠯᠡᠨ ᠪᠣᠳᠠᠲᠠᠢ ᠶᠢ ᠡᠷᠬᠢᠮᠯᠡᠬᠦ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠵᠤ᠂ ᠵᠣᠬᠢᠶᠠᠨ ᠪᠠᠶᠢᠭᠤᠯᠤᠯᠲᠠ ᠳᠤ ᠲᠠᠭᠠᠰᠢᠶᠠᠭᠳᠠᠭᠰᠠᠨ᠂ ᠭᠡᠰᠢᠭᠦᠳ ᠲᠤ ᠲᠠᠭᠠᠰᠢᠶᠠᠭᠳᠠᠭᠰᠠᠨ᠂ ᠤᠯᠠᠨ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯᠭ᠎ᠠ ᠶᠢ ᠪᠠᠶᠢᠭᠤᠯᠬᠤ ᠬᠡᠷᠡᠭᠲᠡᠢ᠃      ᠭᠡᠰᠢᠭᠦᠳ ᠡ᠂ ᠨᠥᠬᠦᠳ ᠡ᠂ ᠬᠦᠴᠢᠷ ᠪᠡᠷᠬᠡᠰᠢᠶᠡᠯ ᠨᠤᠭᠤᠷᠢᠯ ᠪᠦᠳᠦᠷᠢᠯ ᠢ ᠣᠯᠠᠨᠳᠠ ᠦᠩᠭᠡᠷᠡᠭᠦᠯᠦᠭᠰᠡᠨ ᠠᠪᠠᠴᠤ ᠲᠡᠮᠡᠴᠡᠯ ᠤᠨ ᠵᠣᠷᠢᠭ ᠪᠠᠳᠠᠷᠠᠩᠭᠤᠢ᠂ ᠠᠮᠵᠢᠯᠲᠠ ᠪᠦᠳᠦᠭᠡᠯ ᠦᠷ᠎ᠡ ᠪᠦᠳᠦᠮᠵᠢ ᠶᠢ   ᠡᠭᠦᠳᠦᠭᠰᠡᠨ ᠬᠡᠮᠡᠪᠡᠴᠦ ᠠᠯᠤᠰ ᠤᠨ ᠵᠠᠮ ᠬᠤᠯᠠ ᠪᠠᠶᠢᠭᠰᠠᠭᠠᠷ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤᠬ ᠰᠠᠨᠠᠭ᠎ᠠ ᠎ ᠪᠠᠨ ᠦᠯᠦ ᠬᠤᠪᠢᠷᠠᠭᠤᠯᠵᠤ᠂ ᠠᠯᠤᠰ ᠤᠨ ᠬᠦᠰᠡᠯᠡᠩ ᠢᠶᠠᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠪᠢᠳᠡ ᠰᠢ ᠎ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠴᠢᠩᠭ᠎ᠠ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠠᠷᠠᠳ ᠎ ᠤᠨ ᠲᠥᠯᠥᠭᠡ ᠭᠡᠬᠦ ᠣᠭ ᠰᠠᠨᠠᠭ᠎ᠠ ᠪᠠᠨ ᠥᠯᠥ ᠮᠠᠷᠲᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠡᠮᠡᠬᠡᠶᠢᠯᠡᠨ ᠳᠠᠪᠰᠢᠵᠦ᠂ ᠭᠠᠷ ᠭᠠᠷ ᠢᠶᠠᠨ ᠬᠤᠯᠪᠣᠯᠴᠠᠵᠦ ᠤᠷᠤᠭᠰᠢᠯᠠᠨ᠂ ᠪᠣᠳᠠᠲᠤ ᠠᠵᠢᠯᠯᠠᠭ᠎ᠠ ᠪᠣᠯᠤᠨ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠰᠤᠭᠠᠢ︕
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号