2021 ᠤᠨ ᠤ ᠬᠡᠰᠢᠭᠲᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ︵ᠭᠤᠷᠪᠠ︶
ᠨᠡᠶᠢᠲᠡᠯᠡᠭᠰᠡᠨ ᠴᠠᠭ᠄
2021/4/22
     ︵ᠲᠠᠪᠤ︶ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠴᠢᠬᠤᠯᠠᠴᠢᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠨᠳᠦᠰᠦ ᠶᠢ ᠪᠠᠳᠤᠳᠬᠠᠨ᠂ ᠵᠥᠪᠯᠡᠯᠭᠡ ᠬᠢᠬᠦ ᠡᠬᠢ ᠰᠤᠷᠪᠤᠯᠵᠢ ᠶᠢ ᠬᠥᠭᠵᠢᠭᠡᠪᠡ᠃ ᠪᠠᠶᠢᠰᠢᠩ ᠪᠠᠷᠢᠬᠤ ᠳᠤ ᠤᠷᠢᠳ ᠢᠶᠠᠷ ᠰᠠᠭᠤᠷᠢ ᠶᠢ ᠨᠢ ᠲᠠᠯᠪᠢᠬᠤ ᠬᠡᠷᠡᠭᠲᠡᠢ᠃ ᠪᠠᠶᠢᠩᠭᠤ ᠶᠢᠨ ᠬᠤᠷᠢᠶ᠎ᠠ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠦᠨᠳᠦᠰᠦ ᠪᠠᠨ ᠪᠠᠬᠢᠵᠢᠭᠦᠯᠦᠨ ᠰᠠᠭᠤᠷᠢ ᠪᠠᠨ ᠪᠣᠶᠢᠵᠢᠭᠤᠯᠬᠤ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠪᠡ᠃      ᠪᠠᠶᠢᠩᠭᠤ ᠶᠢᠨ ᠬᠤᠷᠢᠶᠠᠨ ᠤ ᠬᠥᠲᠥᠯᠥᠨ ᠳᠠᠭᠠᠭᠤᠯᠬᠤ ᠦᠶᠯᠡᠳᠦᠯ ᠢ ᠦᠷᠭᠦᠯᠵᠢᠯᠡᠨ ᠪᠠᠳᠠᠷᠠᠭᠤᠯᠪᠠ᠃ ︽ᠰᠢᠨ᠎ᠡ ᠴᠠᠭ ᠦᠶ᠎ᠡ ᠳᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠥᠪᠯᠡᠬᠦ ᠠᠭᠤᠯᠭ᠎ᠠ ᠶᠢ ᠲᠡᠭᠦᠯᠳᠡᠷᠵᠢᠭᠦᠯᠬᠦ᠂ ᠵᠥᠪᠯᠡᠬᠦ ᠬᠡᠯᠪᠡᠷᠢ ᠶᠢ ᠪᠠᠶᠠᠯᠢᠭᠵᠢᠭᠤᠯᠬᠤ᠂ ᠵᠥᠪᠯᠡᠬᠦ ᠲᠦᠷᠢᠮ ᠢ ᠲᠡᠭᠦᠯᠳᠡᠷᠵᠢᠭᠦᠯᠬᠦ᠂ ᠵᠥᠪᠯᠡᠬᠦ ᠰᠣᠶᠣᠯ ᠢ ᠪᠣᠶᠢᠵᠢᠭᠤᠯᠬᠤ᠂ ᠵᠥᠪᠯᠡᠬᠦ ᠴᠢᠳᠠᠪᠤᠷᠢ ᠶᠢ ᠳᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠪᠥᠬᠦ ᠭᠡᠰᠢᠭᠦᠳ  ᠤᠨ ᠬᠤᠷᠠᠯ᠂ ᠪᠠᠶᠢᠩᠭᠤ ᠶᠢᠨ ᠬᠤᠷᠢᠶ᠎ᠠ᠂ ᠲᠤᠰᠬᠠᠶ ᠵᠥᠪᠯᠡᠯ ᠵᠢᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ  ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠠᠵᠢᠯ ᠤᠨ ᠲᠦᠷᠢᠮ ᠢ ᠬᠢᠨᠠᠨ ᠲᠣᠭᠲᠠᠭᠠᠵᠤ ᠳᠠᠷᠤᠮᠠᠯᠯᠠᠨ᠂ ᠲᠣᠭᠳᠠᠯᠴᠠᠭ᠎ᠠ ᠨᠢ ᠪᠦᠷᠢᠨ ᠲᠡᠭᠦᠯᠳᠡᠷ᠂ ᠥᠨᠳᠥᠷ ᠪᠦᠲᠦᠮᠵᠢᠲᠡᠶ ᠤᠷᠤᠭᠰᠢᠲᠠᠶ ᠠᠵᠢᠯᠯᠠᠭᠠᠨ ᠤ ᠲᠣᠭᠲᠠᠴᠠ ᠶᠢ ᠪᠦᠷᠢᠯᠳᠦᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠰᠤ ᠴᠢᠨᠠᠷ  ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠡᠭᠦᠯᠡᠨ ᠲᠠᠪᠴᠠᠩ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠶᠢᠨ ᠵᠥᠪᠯᠡᠬᠦ ᠰᠢᠰᠲ᠋ᠧᠮ ᠲᠠᠢ ᠵᠣᠯᠭᠠᠭᠤᠯᠵᠤ᠂ ᠪᠥᠬᠦ ᠭᠡᠰᠢᠭᠦᠳ ᠲᠤ ᠬᠠᠨᠳᠤᠭᠤᠯᠤᠨ ᠤᠯᠤᠰ ᠲᠥᠷᠥ ᠶᠢᠨ ᠵᠥᠪᠯᠡᠯᠭᠡᠨ ᠤ ᠬᠠᠮᠲᠤ ᠪᠠᠷ ᠬᠡᠷᠡᠭᠯᠡᠵᠦ ᠬᠠᠮᠲᠤ ᠪᠠᠷ ᠡᠳ᠋ᠯᠡᠬᠦ ᠡᠭᠦᠯᠡᠨ ᠲᠠᠪᠴᠠᠩ ᠢ ᠨᠡᠭᠡᠭᠡᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠮᠡᠳᠡᠭᠡ ᠵᠠᠩᠭᠢᠵᠢᠯᠲᠠ ᠶᠢᠨ ᠰᠢᠰᠲ᠋ᠧᠮ ᠲᠠᠢ ᠬᠠᠷᠢᠯᠴᠠᠨ ᠬᠤᠯᠪᠣᠭᠠᠯᠠᠵᠤ᠂ ᠬᠠᠷᠢᠯᠴᠠᠨ ᠦᠢᠯᠡᠳᠦᠯᠴᠡᠵᠦ᠂ ᠬᠠᠷᠢᠯᠴᠠᠨ ᠨᠡᠪᠲᠡᠷᠡᠯᠴᠡᠵᠦ᠂ ᠰᠠᠨᠠᠯ ᠵᠥᠪᠯᠡᠯᠭᠡ ᠶᠢ ᠰᠦᠯᠵᠢᠶ᠎ᠡ ᠪᠠᠷ ᠰᠢᠶᠳᠪᠦᠷᠢᠯᠡᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠦᠯᠵᠢᠶ᠎ᠡ ᠪᠠᠷ ᠳᠠᠮᠵᠢᠭᠤᠯᠬᠤ᠂ ᠭᠡᠰᠢᠭᠦᠳ ᠰᠦᠯᠵᠢᠶᠡᠨ ᠳᠡᠭᠡᠷ᠎ᠡ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠪᠡᠶᠡᠯᠡᠭᠦᠯᠦᠨ᠂ ᠤᠯᠤᠰ ᠲᠥᠷᠥ  ᠶᠢᠨ ᠵᠥᠪᠯᠡᠯᠭᠡᠨ ᠤ ᠠᠵᠢᠯ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃      ᠲᠤᠰᠬᠠᠢ ᠵᠥᠪᠯᠡᠯ ᠤᠨ ᠰᠠᠭᠤᠷᠢ ᠦᠢᠯᠡᠳᠦᠯ ᠦᠷᠭᠦᠯᠵᠢᠯᠡᠨ ᠴᠢᠩᠭᠠᠷᠠᠪᠠ᠃ ᠲᠤᠰᠬᠠᠶ ᠵᠥᠪᠯᠡᠯ ᠤᠨ ᠠᠵᠢᠯ  ᠤᠨ ᠬᠠᠮᠲᠤᠷᠠᠯ ᠬᠦᠴᠦᠨ ᠢ ᠴᠢᠩᠭᠠᠳᠬᠠᠵᠤ᠂ ᠰᠡᠳᠦᠪ ᠢ ᠬᠠᠮᠲᠤ ᠪᠠᠷ ᠵᠥᠪᠯᠡᠬᠦ᠂ ᠪᠠᠶᠢᠴᠠᠭᠠᠨ ᠰᠤᠳᠤᠯᠤᠯᠲᠠ ᠶᠢ ᠬᠠᠮᠵᠢᠯᠴᠠᠨ ᠥᠷᠨᠢᠭᠦᠯᠬᠦ᠂ ᠠᠵᠢᠯᠯᠠᠭ᠎ᠠ ᠶᠢ ᠬᠠᠮᠲᠤᠷᠠᠨ ᠡᠷᠬᠢᠯᠡᠬᠦ ᠠᠵᠢᠯ ᠤᠨ ᠪᠠᠶᠢᠷᠢᠰᠢᠯ ᠢ ᠴᠢᠷᠮᠠᠶᠢᠨ ᠪᠠᠶᠢᠭᠤᠯᠪᠠ᠃ ᠲᠤᠰᠬᠠᠢ ᠵᠥᠪᠯᠡᠯ ᠤᠨ ᠬᠤᠯᠪᠣᠭᠠᠯᠠᠨ ᠨᠦᠬᠦᠷᠯᠡᠭᠰᠡᠨ ᠲᠤᠰᠬᠠᠢ ᠮᠡᠷᠭᠡᠵᠢᠯᠲᠡᠨ ᠡᠷᠳᠡᠮᠲᠡᠨ ᠤᠯᠠᠨ᠂ ᠵᠣᠯᠭᠠᠭᠤᠯᠬᠤ ᠰᠠᠯᠠᠭ᠎ᠠ ᠮᠥᠴᠢᠷ ᠤᠯᠠᠨ᠂ ᠬᠠᠷᠢᠯᠴᠠᠬᠤ ᠭᠡᠰᠢᠭᠦᠨ ᠤᠯᠠᠨ ᠪᠠᠶᠢᠬᠤ ᠳᠠᠪᠠᠭᠤᠯᠢᠭ ᠢ ᠭᠦᠢᠴᠡᠳ ᠠᠰᠢᠭᠯᠠᠨ᠂ ᠵᠥᠪᠳᠡᠯᠴᠡᠨ ᠶᠠᠷᠢᠯᠴᠠᠬᠤ᠂ ᠪᠠᠶᠢᠴᠠᠭᠠᠨ ᠰᠤᠳᠤᠯᠵᠤ ᠪᠠᠶᠢᠴᠠᠭᠠᠨ ᠦᠵᠡᠬᠦ᠂ ᠰᠠᠨᠠᠯ ᠵᠥᠪᠯᠡᠯᠭᠡ ᠶᠢ ᠱᠠᠭᠠᠷᠳᠠᠨ ᠰᠢᠢᠳᠪᠦᠷᠢᠯᠡᠭᠦᠯᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠨᠢᠭᠡ ᠵᠢᠯ ᠤᠨ ᠲᠤᠷᠰᠢ᠂ ᠲᠤᠰᠬᠠᠢ ᠵᠥᠪᠯᠡᠯ ᠠᠴᠠ ᠭᠡᠰᠢᠭᠦᠳ ᠢ ᠵᠣᠬᠢᠶᠠᠨ ᠪᠠᠶᠢᠭᠤᠯᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠯ᠎ᠡ ᠵᠦᠢᠯ ᠤᠨ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠵᠦ᠂ 130 ᠭᠠᠷᠤᠢ ᠵᠤᠷᠪᠤᠰ ᠦᠨ᠎ᠡ ᠴᠠᠨ᠎ᠠ ᠲᠠᠢ ᠰᠠᠨᠠᠯ ᠰᠠᠨᠠᠭᠤᠯᠭ᠎ᠠ ᠳᠤᠷᠠᠳᠪᠠ᠃ ᠲᠤᠰᠬᠠᠢ ᠵᠥᠪᠯᠡᠯ ᠤᠨ ᠡᠲᠡᠭᠡᠳ ᠢᠯᠭᠠᠯ ᠲᠠᠢ ᠬᠠᠷᠢᠯᠴᠠᠬᠤ ᠲᠦᠷᠢᠮ ᠢ ᠨᠠᠶᠢᠳᠠᠪᠤᠷᠢᠵᠢᠭᠤᠯᠵᠤ᠂ ᠭᠡᠰᠢᠭᠦᠳ ᠢ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ ᠥᠷᠨᠢᠭᠦᠯᠦᠨ᠂ ᠭᠡᠰᠢᠭᠦᠳ ᠤᠨ ᠪᠠᠶᠢᠭ᠎ᠠ ᠨᠢᠭᠡᠴᠡ ᠯᠦᠭᠡ  ᠶᠢᠨ ᠵᠣᠬᠢᠴᠠᠭᠤᠯᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠪᠦᠲᠦᠮᠵᠢᠲᠡᠢ ᠬᠠᠪᠰᠤᠷᠤᠯᠭ᠎ᠠ ᠬᠠᠩᠭᠠᠪᠠ᠃      ᠭᠡᠰᠢᠭᠦᠳ ᠤᠨ ᠪᠡᠶᠡᠴᠢ ᠴᠣᠭᠴᠠ ᠶᠢᠨ ᠦᠢᠯᠡᠳᠦᠯ ᠦᠷᠭᠦᠯᠵᠢᠯᠡᠨ ᠳᠡᠭᠡᠭᠰᠢᠯᠡᠪᠡ᠃ ᠤᠯᠤᠰ ᠲᠥᠷᠤ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ  ᠤᠨ ᠠᠩᠬᠢ ᠶᠢ ᠡᠷᠬᠢᠯᠡᠵᠤ᠂ ᠤᠯᠤᠰ ᠲᠥᠷᠤ ᠶᠢᠨ ᠡᠵᠡᠮᠳᠡᠬᠦ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠤᠯᠠᠨ ᠲᠦᠮᠡᠨ ᠲᠠᠢ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠭᠡᠰᠢᠭᠦᠳ ᠢ ᠵᠣᠬᠢᠶᠠᠨ ᠪᠠᠶᠢᠭᠤᠯᠤᠨ ᠰᠢᠰᠲ᠋ᠧᠮ ᠲᠠᠢ ᠰᠤᠷᠤᠯᠴᠠᠭᠤᠯᠵᠤ ᠪᠥᠬᠦ ᠲᠠᠯ᠎ᠠ ᠪᠠᠷ ᠪᠣᠯᠪᠠᠰᠤᠷᠠᠭᠤᠯᠪᠠ᠃ ︽ᠤᠯᠤᠰ ᠲᠦᠷᠦ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠲᠦᠷᠦ  ᠶᠢᠨ ᠬᠡᠷᠡᠭ ᠢ ᠵᠥᠪᠯᠡᠬᠦ ᠳᠡᠭᠡᠨ ᠴᠢᠳᠠᠮᠠᠭᠠᠢ ᠪᠠᠶᠢᠬᠤ︾ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ᠰᠤᠷᠭᠠᠨ ᠬᠥᠮᠥᠵᠢᠯ ᠢ ᠨᠠᠭᠠᠳᠤᠮ ᠴᠡᠩᠬᠡᠭᠡᠨ ᠳᠤ ᠠᠭᠤᠯᠬᠤ ᠬᠡᠯᠪᠡᠷᠢ ᠪᠠᠷ ᠲᠤᠰᠢᠶᠠᠯ ᠬᠠᠷᠢᠭᠤᠴᠠᠯᠭ᠎ᠠ  ᠪᠠᠨ ᠭᠦᠢᠴᠡᠳᠬᠡᠬᠦ ᠮᠡᠳᠡᠯᠭᠡ ᠶᠢ ᠲᠦᠭᠡᠮᠡᠯᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ ︽ᠲᠦᠷᠢᠮ︾ ᠵᠢᠴᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠢᠨᠠᠨ ᠰᠢᠯᠭᠠᠵᠤ ᠦᠨᠡᠯᠡᠬᠦ ᠣᠨ ᠤ ᠰᠢᠰᠲ᠋ᠧᠮ ᠢ ᠪᠦᠷᠢᠨᠰᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠤᠨ ᠬᠤᠭᠤᠴᠠᠭᠠᠨ ᠳᠠᠬᠢ ᠨᠡᠮᠡᠵᠦ ᠬᠠᠰᠤᠬᠤ ᠲᠣᠭᠲᠠᠴᠠ ᠶᠢ ᠲᠡᠭᠦᠯᠳᠡᠷᠵᠢᠭᠦᠯᠵᠦ᠂ ᠭᠡᠰᠢᠭᠦᠨ ᠢ ᠨᠡᠮᠡᠵᠦ ᠬᠠᠰᠤᠬᠤ ᠪᠣᠭᠤᠮᠲᠠ ᠶᠢ ᠴᠢᠩᠭ᠎ᠠ ᠰᠠᠬᠢᠪᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ  ᠤᠨ ᠬᠡᠯᠲᠡᠰ ᠵᠡᠷᠭᠡ 16 ᠨᠢᠭᠡᠴᠡ ᠲᠠᠢ ᠬᠠᠮᠲᠤᠷᠠᠨ ᠬᠢᠨᠠᠨ ᠪᠠᠶᠢᠴᠠᠭᠠᠵᠤ᠂ 10 ᠭᠡᠰᠢᠭᠦᠨ ᠢ ᠰᠢᠨ᠎ᠡ ᠪᠠᠷ ᠨᠡᠮᠡᠭᠳᠡᠭᠦᠯᠵᠦ᠂ 9 ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ ᠲᠦᠷᠢᠮ ᠲᠣᠭᠲᠠᠭᠠᠯ ᠶᠣᠰᠣᠭᠠᠷ ᠵᠥᠪᠰᠢᠶᠡᠷᠡᠪᠡ ᠃ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ 10 ᠰᠢᠯᠢᠳᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ 10 ᠰᠢᠯᠢᠳᠡᠭ ᠰᠠᠨᠠᠯ ᠵᠥᠪᠯᠡᠯᠭᠡ᠂ 5 ᠰᠢᠯᠢᠳᠡᠭ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢᠴᠢᠨ᠂ 3 ᠰᠠᠨᠠᠯ ᠵᠥᠪᠯᠡᠯᠭᠡ ᠶᠢ ᠳᠠᠭᠠᠭᠠᠨ ᠰᠢᠢᠳᠪᠦᠷᠢᠯᠡᠭᠰᠡᠨ ᠲᠡᠷᠢᠭᠦᠨ ᠤ ᠨᠢᠭᠡᠴᠡ᠂ 3 ᠰᠠᠨᠠᠯ ᠵᠥᠪᠯᠡᠯᠭᠡ ᠶᠢ ᠳᠠᠭᠠᠭᠠᠨ ᠰᠢᠢᠳᠪᠦᠷᠢᠯᠡᠭᠰᠡᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠪᠠᠶᠢᠭᠤᠯᠤᠯᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠦᠢᠯᠡᠳᠦᠯ ᠦᠷᠭᠦᠯᠵᠢᠯᠡᠨ ᠳᠡᠭᠡᠭᠰᠢᠯᠡᠪᠡ᠃ ︽ᠭᠤᠷᠪᠠᠨ ᠬᠤᠷᠠᠯ ᠨᠢᠭᠡ ᠬᠢᠴᠢᠶᠡᠯ︾᠂ ᠠᠷᠠᠳᠴᠢᠯᠠᠯ ᠤᠨ ᠠᠮᠢᠳᠤᠷᠠᠯ ᠤᠨ ᠬᠤᠷᠠᠯ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠶᠡᠷᠦᠩᠬᠡᠶ ᠱᠦᠵᠢ ᠶᠢᠨ ᠶᠠᠪᠤᠭᠰᠠᠨ ᠵᠠᠮ ᠢᠶᠠᠷ ᠳᠠᠬᠢᠨ ᠵᠠᠮᠨᠠᠵᠤ᠂ ᠶᠡᠷᠦᠩᠬᠡᠶ ᠱᠦᠵᠢ ᠶᠢᠨ ᠶᠠᠷᠢᠶ᠎ᠠ ᠶᠢ ᠳᠠᠬᠢᠨ ᠤᠩᠰᠢᠬᠤ︾᠂ ︽ᠠᠮᠢ ᠠᠬᠤᠶ ᠶᠢᠨ ᠪᠣᠯᠪᠠᠰᠤᠨ ᠢ ᠬᠠᠮᠲᠤ ᠪᠠᠷ ᠪᠠᠶᠢᠭᠤᠯᠵᠤ᠂ ᠪᠣᠬᠢᠷᠲᠤᠯ ᠥᠬᠡᠶ ᠢᠷᠡᠭᠡᠳᠦᠶ ᠶᠢ ᠬᠠᠮᠲᠤ ᠪᠠᠷ ᠡᠳ᠋ᠯᠡᠬᠦ︾ ᠵᠡᠷᠭᠡ ᠭᠤᠤᠯ ᠰᠡᠳᠦᠪᠲᠦ ᠨᠠᠮ ᠤᠨ ᠠᠵᠢᠯᠯᠠᠭᠠᠨ ᠤ ᠡᠳᠦᠷ ᠢ ᠵᠣᠬᠢᠶᠠᠨ ᠪᠠᠶᠢᠭᠤᠯᠤᠨ ᠥᠷᠨᠢᠭᠦᠯᠵᠦ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠪᠠᠨ ᠨᠢᠭᠡᠳᠬᠡᠨ᠂ ᠴᠢᠭᠯᠡᠯ ᠢᠶᠠᠨ ᠲᠣᠳᠣᠷᠬᠠᠶᠢᠯᠠᠵᠤ᠂ ᠨᠠᠮᠴᠢ ᠴᠢᠨᠠᠷ ᠤᠨ ᠪᠣᠯᠪᠠᠰᠤᠷᠠᠯ ᠪᠠ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠬᠤ ᠶᠢ ᠬᠥᠲᠥᠯᠥᠨ ᠵᠢᠯᠣᠭᠤᠳᠪᠠ᠃ ︽ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠭᠡᠷ︾ ᠢ ᠪᠦᠳᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠦᠢᠯᠡᠴᠢᠯᠡᠭᠡᠨ ᠤ ᠤᠬᠠᠮᠰᠠᠷ ᠢᠶᠠᠨ ᠲᠠᠰᠤᠷᠠᠯᠳᠠ ᠦᠭᠡᠢ ᠴᠢᠩᠭᠠᠳᠬᠠᠨ᠂ ᠠᠵᠢᠯ ᠤᠨ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠦᠨ᠂ ᠺᠠᠳ᠋ᠷ ᠠᠵᠢᠯᠳᠠᠨ ᠠᠵᠢᠯᠴᠢᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠪᠠ᠃ ︽ᠲᠠᠪᠤᠨ ᠬᠡᠯᠪᠡᠷᠢ ᠶᠢᠨ ᠪᠠᠶᠢᠭᠤᠯᠤᠯᠭ᠎ᠠ︾ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯᠭ᠎ᠠ ᠶᠢᠨ ᠨᠢᠭᠲᠠᠷᠠᠯ ᠤᠨ ᠬᠦᠴᠦᠨ᠂ ᠭᠦᠢᠴᠡᠳᠬᠡᠬᠦ ᠬᠦᠴᠦᠨ᠂ ᠲᠠᠶᠢᠴᠢᠨ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠲᠦᠷᠦᠭᠦᠯᠡᠨ ᠴᠢᠷᠮᠠᠶᠢᠨ ᠡᠭᠦᠷᠭᠡᠯᠡᠬᠦ᠂ ᠥᠨᠳᠥᠷ ᠪᠦᠲᠦᠮᠵᠢᠲᠡᠢ ᠠᠵᠢᠯᠴᠢ ᠬᠢᠴᠢᠶᠡᠩᠭᠦᠢ ᠪᠠᠶᠢᠬᠤ᠂ ᠪᠦᠯᠬᠦᠮᠳᠡᠯ ᠲᠠᠢ ᠡᠶ᠎ᠡ ᠵᠣᠬᠢᠴᠠᠯ ᠲᠠᠢ ᠪᠠᠶᠢᠬᠤ ᠪᠠᠶᠢᠭᠤᠯᠤᠯᠭ᠎ᠠ ᠶᠢᠨ ᠬᠡᠪ ᠰᠤᠷᠲᠠᠯ ᠢ ᠪᠤᠢ ᠪᠣᠯᠭᠠᠵᠤ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠢ ᠥᠷᠨᠢᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠪᠠ᠃        ᠭᠡᠰᠢᠭᠦᠳ ᠡ᠂ ᠥᠩᠭᠡᠷᠡᠭᠰᠡᠨ ᠨᠢᠭᠡ ᠵᠢᠯ ᠳᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠣᠯᠤᠭᠰᠠᠨ ᠠᠮᠵᠢᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠭᠰᠠᠨ ᠤ ᠦᠷ᠎ᠡ ᠳ᠋ᠦᠩ ᠮᠥᠨ᠂ ᠬᠤᠰᠢᠭᠤᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ ᠪᠠ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠶ ᠳᠡᠮᠵᠢᠭᠰᠡᠨ ᠤ ᠦᠷ᠎ᠡ ᠳ᠋ᠦᠩ ᠮᠥᠨ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ  ᠤ ᠭᠡᠰᠢᠭᠦᠨ ᠪᠠ ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠡ ᠶᠢᠨ ᠰᠡᠳᠬᠢᠯ ᠨᠢᠭᠡᠳᠦᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ  ᠶᠢᠨ ᠬᠤᠷᠢᠶ᠎ᠠ ᠶᠢ ᠲᠥᠯᠥᠭᠡᠯᠡᠵᠦ᠂  ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠬᠠᠯᠠᠮᠵᠢᠯᠠᠨ ᠳᠡᠮᠵᠢᠭᠰᠡᠨ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕      ᠨᠢᠭᠡ ᠵᠢᠯ ᠤᠨ ᠲᠤᠷᠰᠢᠬᠢ ᠠᠵᠢᠯ ᠢᠶᠠᠨ ᠡᠷᠭᠢᠴᠡᠭᠦᠯᠪᠡᠯ᠂ ᠰᠢᠨ᠎ᠡ ᠴᠠᠭ ᠦᠶ᠎ᠡ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠪᠠ ᠠᠷᠠᠳ ᠤᠯᠠᠨ ᠤ ᠬᠦᠰᠡᠯ ᠡᠷᠡᠮᠡᠯᠵᠡᠯ ᠲᠠᠢ ᠬᠠᠷᠢᠴᠠᠭᠤᠯᠪᠠᠯ᠂ ᠪᠠᠶᠢᠩᠭᠤ ᠶᠢᠨ ᠬᠤᠷᠢᠶᠠᠨ ᠤ ᠠᠵᠢᠯ  ᠳᠤ ᠪᠠᠰᠠ ᠡᠳᠦᠢ ᠲᠡᠳᠦᠢ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠦ ᠣᠯᠬᠤ ᠪᠣᠯᠣᠨ᠎ᠠ᠂ ᠭᠤᠣᠯᠳᠠᠭᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠷᠭ᠎ᠠ ᠬᠡᠯᠪᠡᠷᠢ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠴᠢᠬᠤᠯᠠᠲᠠᠢ᠂ ᠵᠥᠪᠯᠡᠭᠰᠡᠨ ᠦᠷ᠎ᠡ ᠪᠦᠲᠦᠭᠡᠯ ᠢ ᠬᠤᠪᠢᠷᠠᠭᠤᠯᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ᠂ ᠤᠯᠤᠰ ᠲᠦᠷᠦ  ᠶᠢᠨ ᠵᠥᠪᠯᠡᠯᠭᠡᠨ ᠤ ᠭᠡᠰᠢᠭᠦᠳ ᠤᠨ ᠡᠲᠡᠭᠡᠳ ᠢᠯᠭᠠᠯ ᠤᠨ ᠳᠠᠪᠠᠭᠤᠯᠢᠭ ᠪᠠ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠴᠢᠬᠤᠯᠠᠲᠠᠢ ᠵᠡᠷᠭᠡ ᠬᠡᠳᠦᠨ ᠲᠠᠯ᠎ᠠ ᠪᠣᠢ᠃ ᠡᠳᠡᠭᠡᠷ ᠠᠰᠠᠭᠤᠳᠠᠯ ᠢ ᠪᠢᠳᠡ ᠲᠠᠷᠠᠭᠠᠴᠢ ᠶᠢᠨ ᠠᠯᠬᠤᠮ  ᠤᠨ ᠠᠵᠢᠯ ᠤᠨ ᠳᠤᠮᠳᠠ ᠪᠠᠨ ᠬᠢᠨᠠᠮᠠᠭᠠᠢ ᠪᠣᠳᠣᠯᠬᠢᠯᠠᠨ ᠰᠤᠳᠤᠯᠵᠤ᠂ ᠬᠦᠴᠦᠯᠡᠨ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号