2021 ᠤᠨ ᠤ ᠵᠠᠰᠠᠭ ᠤᠨ ᠤᠷᠲᠦᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2021/4/23
     —— 2021 ᠣᠨ ᠤ 3 ᠰᠠᠷ᠎ᠠ ᠶᠢᠨ 9᠎ ᠤ ᠡᠳᠦᠷ ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ        ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠳᠠᠷᠤᠭ᠎ᠠ    ᠫᠠᠨ ᠼᠦᠨ ᠭᠦᠸᠧᠲᠥᠯᠥᠭᠡᠯᠡᠭᠴᠢᠳ ᠡ᠄      ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠎ ᠤᠨ ᠢᠯᠡᠳᠬᠡᠯ ᠬᠢᠶ᠎ᠡ᠂ ᠲᠥᠯᠥᠭᠡᠯᠡᠭᠴᠢᠳ ︽ᠬᠡᠰᠢᠭᠲᠡᠨ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ︾ ᠎ ᠯᠦᠭᠡ ᠬᠠᠮᠲᠤ ᠳᠤᠨᠢ ᠬᠢᠨᠠᠨ ᠵᠥᠪᠯᠡᠬᠦ ᠪᠣᠯᠪᠠᠤ᠂ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠤᠭᠠᠷᠠᠢ᠃      ᠨᠢᠭᠡ᠂ 2020 ᠣᠨ ᠤ ᠠᠵᠢᠯ ᠤᠨ ᠡᠷᠭᠢᠴᠡᠭᠦᠯᠦᠯ      ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠡᠭᠦᠷᠭᠡ ᠪᠣᠯᠤᠨ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠎ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠎ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠪᠡᠶᠡᠯᠡᠭᠦᠯᠦᠨ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠲᠣᠭᠲᠠᠭᠤᠨ ᠢᠶᠠᠷ ᠳᠡᠭᠡᠭᠰᠢᠯᠡᠬᠦ᠂ ᠰᠠᠶᠢᠵᠢᠷᠠᠬᠤ ᠶᠢ ᠦᠨᠡᠨ ᠬᠦ ᠪᠠᠲᠤᠯᠠᠪᠠ᠃      ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 124.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.7%᠎ ᠪᠠᠷ ᠨᠡᠮᠡᠭᠳᠡᠪᠡ᠃ ᠡᠩ ᠎ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 6.32 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.2%᠎ ᠢᠶᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 38.75 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.3%᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 20.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 7.3%᠎ ᠪᠠᠷ ᠪᠠᠭᠤᠷᠠᠪᠠ᠃ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 31021 ᠲᠥᠭᠦᠷᠢᠭ ᠪᠠ 13624 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 1.5% ᠪᠠ 9.2%᠎ ᠢᠶᠠᠷ ᠨᠡᠮᠡᠭᠳᠡᠪᠡ᠃      ︵ᠨᠢᠭᠡ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠲᠦ ᠴᠢᠨᠠᠷᠲᠠᠢ ᠠᠮᠵᠢᠯᠲᠠ ᠤᠯᠪᠠ᠃      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠰᠢᠢᠳᠪᠦᠷᠢᠲᠦ ᠢᠯᠠᠯᠲᠠ ᠣᠯᠪᠠ᠃ ︽ᠳᠥᠷᠪᠡ ᠶᠢ ᠥᠯᠥ ᠣᠷᠬᠢᠬᠤ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠬᠥᠳᠡᠯᠦᠩᠭᠦᠶ ᠪᠠᠷ ᠬᠠᠪᠰᠤᠷᠤᠨ ᠲᠡᠳᠬᠦᠬᠦ ᠲᠣᠭᠲᠠᠴᠠ ᠶᠢ ᠴᠢᠩᠭ᠎ᠠ ᠬᠡᠷᠡᠭᠵᠢᠭᠦᠯᠪᠡ᠃ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠵᠡᠷᠭᠡ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃ 2.12 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠣᠷᠣᠭᠤᠯᠵᠤ᠂ 1.08 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠵᠢᠭᠡᠯᠡᠯᠭᠡ ᠲᠠᠷᠬᠠᠭᠠᠨ᠂ ︽ᠬᠤᠶᠠᠷ ᠲᠤ ᠰᠠᠨᠠᠭ᠎ᠠ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠵᠦ᠂ ᠦᠯᠡᠳᠡᠭᠰᠡᠨ 140 ᠡᠷᠦᠬᠡ ᠶᠢᠨ 285 ᠶᠠᠳᠠᠭᠤ ᠬᠦᠴᠢᠷᠳᠡᠯᠲᠡᠢ ᠬᠥᠮᠦᠨ ᠠᠮᠠ ᠶᠢ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠪᠠ᠃      ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠵᠢᠴᠢ ︽ᠳᠠᠬᠢᠨ ᠪᠠᠶᠢᠴᠠᠭᠠᠬᠤ︾ ᠶᠠᠪᠤᠴᠠ ᠳᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠰᠠᠶᠢᠨ ᠦᠷ᠎ᠡ ᠪᠦᠲᠦᠮᠵᠢ ᠣᠯᠵᠤ᠂ ᠰᠢᠯᠢᠳᠡᠭ ᠰᠠᠶᠢᠨ ᠡᠳᠦᠷ ᠤᠨ ᠲᠤᠭ᠎ᠠ 2019 ᠣᠨ ᠤ ᠬᠢ ᠠᠴᠠ ᠵᠠᠭᠤᠨ ᠤ ᠬᠠᠷᠢᠴᠠᠯ ᠢᠶᠠᠷ 1.99 ᠬᠤᠪᠢ ᠳᠡᠭᠡᠭᠰᠢᠯᠡᠪᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠢ ᠵᠠᠰᠠᠵᠤ ᠬᠠᠮᠠᠭᠠᠯᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠪᠡ︔ ᠪᠢᠷᠠᠭᠤ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠶᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ᠂ ᠪᠣᠬᠢᠷ ᠰᠢᠪᠠᠷ ᠢ ᠭᠦᠨ ᠤᠰᠤ ᠦᠭᠡᠶᠢᠳᠡᠭᠦᠯᠬᠦ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠤᠨ ᠨᠠᠷᠢᠨ ᠪᠠᠶᠢᠴᠠᠭᠠᠯᠲᠠ ᠪᠠ ᠠᠭᠤᠷᠬᠠᠶ ᠶᠢᠨ ᠠᠵᠤ ᠠᠬᠤᠶᠢᠯᠠᠯ ᠤᠨ ᠦᠯᠡᠳᠡᠭᠳᠡᠯ ᠬᠦᠳᠡᠷ ᠤᠨ ᠬᠥᠮᠥᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠰᠦᠯ ᠢ ᠪᠦᠬᠦᠨ ᠢ ᠳᠠᠩᠰᠠᠯᠠᠭᠤᠯᠪᠠ᠃      ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠠᠷᠢᠯᠭᠠᠪᠠ᠃ ᠪᠦᠬᠦ ᠵᠢᠯ ᠳᠤ ᠳᠠᠯᠳᠠ ᠥᠷᠢ ᠥᠭᠴᠡᠭᠡ ᠶᠢᠨ ᠡᠬᠡ ᠮᠥᠩᠭᠦ ᠶᠢ 2.08 ᠳ᠋ᠦᠩᠰᠢᠭᠤᠷ ᠲᠥᠭᠦᠷᠢᠭ ᠠᠷᠢᠯᠭᠠᠵᠤ᠂ ᠳᠠᠬᠢᠨ ᠪᠡᠯᠡ ᠲᠣᠬᠢᠷᠠᠭᠤᠯᠭ᠎ᠠ ᠎ ᠶᠢᠨ ᠵᠢᠭᠡᠯᠡᠯᠭᠡ ᠶᠢᠨ ᠲᠡᠮᠳᠡᠭᠲᠦ ᠶᠢ 5.28 ᠳ᠋ᠦᠩᠰᠢᠭᠤᠷ ᠲᠥᠭᠦᠷᠢᠭ ᠲᠡᠮᠡᠴᠡᠨ ᠣᠯᠪᠠ᠃ ᠠᠷᠠᠳ ᠤᠨ ᠬᠤᠭᠤᠷᠣᠨᠳᠣᠬᠢ ᠵᠢᠭᠡᠯᠡᠯᠭᠡ ᠶᠢ ᠦᠷᠭᠦᠯᠵᠢᠯᠡᠨ ᠵᠢᠷᠤᠮᠵᠢᠭᠤᠯᠤᠨ ᠴᠡᠭᠴᠡᠯᠡᠵᠦ᠂ 2205.07 ᠲᠦᠮᠡᠨ ᠲᠥᠭᠦᠷᠢᠭ ᠡᠶᠡᠳᠡᠭᠦᠯᠵᠦ᠂ 671.08 ᠲᠦᠮᠡᠨ ᠲᠥᠭᠦᠷᠢᠭ ᠤᠨ ᠬᠦᠦ ᠮᠥᠩᠭᠦ ᠶᠢ ᠬᠠᠰᠤᠵᠤ ᠬᠡᠯᠲᠦᠷᠢᠭᠦᠯᠪᠡ᠃      ︵ᠬᠤᠶᠠᠷ︶ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃      ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢᠨ ᠠᠯᠬᠤᠴᠠ ᠲᠦᠷᠭᠡᠳᠪᠡ᠃ ᠪᠥᠬᠦ ᠬᠤᠰᠢᠭᠤᠨ ᠎ ᠤ ᠲᠠᠷᠢᠮᠠᠯ ᠤᠨ ᠶᠡᠷᠦᠩᠬᠡᠶ ᠲᠠᠯᠠᠪᠠᠶ 150 ᠲᠦᠮᠡᠨ ᠮᠥ᠂ ᠠᠮᠤ ᠪᠤᠷᠴᠠᠭ ᠤᠨ ᠶᠡᠷᠦᠩᠬᠡᠶ ᠤᠨᠠᠯᠲᠠ ᠶᠢ 6 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠤ ᠪᠤᠳᠠᠭ᠎ᠠ ᠠᠵᠤ ᠠᠬᠤᠶ ᠶᠢᠨ ᠲᠠᠷᠢᠮᠠᠯ ᠪᠣᠷᠳᠤᠭ᠎ᠠ ᠶᠢᠨ ᠬᠠᠷᠢᠴᠠᠯ ᠢ 2019 ᠣᠨ ᠤ 63᠄ 20᠄ 17 ᠪᠠᠶᠢᠭᠰᠠᠨ ᠠᠴᠠ 61᠄ 21᠄ 18 ᠪᠣᠯᠭᠠᠨ ᠲᠣᠬᠢᠷᠠᠭᠤᠯᠪᠠ᠃ ᠬᠤᠰᠢᠭᠤᠨ ᠤ ᠲᠣᠰ ᠱᠠᠲᠤᠨ ᠠᠴᠠ 2900 ᠲᠦᠮᠡᠨ ᠲᠥᠭᠦᠷᠢᠭ ᠤᠨ ᠨᠥᠬᠦᠪᠥᠷᠢ ᠮᠥᠩᠭᠦ ᠪᠠᠭᠤᠯᠭᠠᠵᠤ᠂ ᠢᠳᠡᠰᠢᠨ ᠮᠥᠭᠦ᠂ ᠡᠪᠡᠰᠦᠨ ᠡᠮ ᠳᠠᠷᠢᠬᠤ ᠬᠡᠪᠴᠢᠶ᠎ᠡ ᠶᠢ ᠲᠣᠰ ᠲᠣᠰ 2000 ᠲᠦᠮᠡᠨ ᠬᠠᠪᠳᠠᠰᠤ ᠪᠠ 8 ᠲᠦᠮᠡᠨ ᠮᠥ ᠳᠤ ᠬᠦᠷᠭᠡᠪᠡ᠃ ᠤᠢ ᠶᠢᠨ ᠳᠠᠭᠠᠯᠲᠠ ᠠᠵᠤ ᠠᠬᠤᠶ 1 ᠲᠦᠮᠡᠨ ᠮᠦ ᠶᠢ ᠳᠠᠪᠠᠪᠠ᠃ ᠢᠦᠢ ᠵᠧᠦ ᠳ᠋ᠢ ᠪᠠᠯᠭᠠᠰᠤ ᠠᠷᠪᠠᠳᠤᠭᠠᠷ ᠪᠦᠯᠦᠭ ᠪᠥᠬᠦ ᠤᠯᠤᠰ ᠤᠨ ︽ᠨᠢᠭᠡ ᠲᠣᠰᠬᠤᠨ ᠨᠢᠭᠡ ᠲᠡᠮᠳᠡᠭᠲᠦ︾᠎ ᠶᠢᠨ ᠵᠢᠱᠢᠶ᠎ᠡ ᠦᠵᠡᠭᠦᠯᠬᠦ ᠪᠠᠯᠭᠠᠰᠤ ᠪᠠᠷ ᠦᠨᠡᠯᠡᠭᠳᠡᠪᠡ᠃ ᠪᠦᠬᠦ ᠬᠤᠰᠢᠭᠤᠨ ᠤ ᠭᠡᠷ ᠤᠨ ᠲᠡᠵᠢᠭᠡᠪᠦᠷᠢ ᠶᠢᠨ ᠲᠤᠭ᠎ᠠ 205 ᠲᠦᠮᠡ ᠎ ᠳᠤ ᠬᠦᠷᠴᠦ᠂ ᠦᠬᠡᠷ ᠬᠤᠨᠢᠨ ᠤ ᠭᠠᠷᠭᠠᠯᠲᠠ ᠲᠣᠭᠲᠠᠭᠤᠨ ᠪᠠᠶᠢᠳᠠᠯ ᠢᠶᠠᠨ ᠪᠠᠲᠤᠯᠠᠪᠠ᠃ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 68%᠎ ᠳᠤ ᠬᠦᠷᠦᠭᠦᠯᠵᠦ᠂ ᠵᠠᠭᠤᠨ ᠲᠦᠮᠡᠨ ᠲᠥᠭᠦᠷᠢᠭ ᠠᠴᠠ ᠳᠡᠭᠡᠭᠰᠢᠬᠢ ᠳᠠᠭᠠᠭᠤᠯᠤᠭᠴᠢ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 13.5 ᠳ᠋ᠦᠩᠰᠢᠭᠤᠷ ᠲᠥᠭᠦᠷᠢᠭ ᠪᠡᠶᠡᠯᠡᠭᠦᠯᠪᠡ᠃      ᠠᠵᠤ ᠦᠶᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠬᠥᠭᠵᠢᠪᠡ᠃ 32 ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ 113.6 ᠳ᠋ᠦᠩᠰᠢᠭᠤᠷ ᠲᠥᠭᠦᠷᠢᠭ ᠤᠨ ᠦᠶᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.32%᠎ ᠢᠶᠠᠷ ᠨᠡᠮᠡᠭᠳᠡᠪᠡ᠃ ᠠᠵᠤ ᠦᠶᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠳᠤ 11.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 5%᠎ ᠪᠠᠷ ᠨᠡᠮᠡᠭᠳᠡᠪᠡ᠃ ᠬᠢᠩᠭᠠᠨ ᠤ ᠮᠥᠩᠭᠦ ᠲᠤᠭᠤᠯᠭ᠎ᠠ ᠬᠠᠶᠢᠯᠤᠭᠤᠯᠤᠨ ᠪᠣᠯᠪᠠᠰᠤᠷᠠᠭᠤᠯᠬᠤ ᠦᠢᠯᠡᠳᠪᠦᠷᠢ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠳᠡᠰ ᠳᠡᠪᠰᠢᠭᠦᠯᠬᠦ ᠥᠭᠡᠷᠡᠴᠢᠯᠡᠯᠲᠡ ᠪᠠ ᠳ᠋ᠧ ᠹᠠ ᠠᠭᠤᠷᠬᠠᠢ ᠶᠢᠨ ᠦᠢᠯᠡᠰ ᠤᠨ ᠳᠠᠬᠢᠨ ᠪᠠᠶᠢᠭᠤᠯᠵᠤ ᠡᠷᠬᠢᠯᠳᠡ ᠳᠤ ᠣᠷᠣᠭᠤᠯᠬᠤ ᠲᠦᠷᠦᠯ ᠵᠦᠢᠯ ᠤᠨ ᠠᠬᠢᠴᠠ ᠤᠷᠤᠭᠰᠢᠲᠠᠢ ᠪᠠᠶᠢᠨ᠎ᠠ᠃ ᠳ᠋ᠠ ᠲᠠᠩ ᠤᠨ ᠨᠡᠭᠦᠷᠡᠰᠦ ᠶᠢ ᠬᠡᠶᠢᠵᠢᠭᠦᠯᠬᠦ ᠦᠢᠯᠡᠳᠪᠦᠷᠢ ᠎ ᠶᠢᠨ Ⅱᠰᠢᠷᠢᠰ ᠲᠥᠷᠥᠯ ᠵᠦᠶᠯ ᠢ ᠦᠨᠳᠦᠰᠦᠨ ᠳᠡᠭᠡᠨ ᠪᠡᠶᠡᠯᠡᠭᠦᠯᠪᠡ᠃ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠠ ᡁᠢ ᠿᠦᠢ ᠶᠢᠨ 4× 30 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠶᠯ ᠢ ᠲᠣᠭᠲᠠᠭᠤᠨ ᠢᠶᠠᠷ ᠬᠡᠷᠡᠭᠵᠢᠭᠦᠯᠪᠡ᠃ ᠪᠠᠭ᠎ᠠ ᠵᠢᠵᠢᠭ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠪᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠤᠨⅠᠬᠤᠭᠤᠴᠠᠭᠠᠨ ᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠪᠠ᠃ ᠣᠷᠴᠢᠯ ᠠᠵᠤ ᠠᠬᠤᠶ ᠶᠢᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠷᠣᠯᠠᠭᠤᠯᠤᠯᠲᠠ ᠶᠢᠨ ᠣᠷᠣᠯᠭ᠎ᠠ ᠶᠢ 68.8 ᠳ᠋ᠦᠩᠰᠢᠭᠤᠷ ᠲᠥᠭᠦᠷᠢᠭ ᠪᠡᠶᠡᠯᠡᠭᠦᠯᠪᠡ᠃      ᠵᠢᠭᠤᠯᠴᠢᠯᠠᠯ ᠤᠨ ᠦᠶᠯᠡᠴᠢᠯᠡᠭᠡᠨ ᠤ ᠦᠶᠯᠡᠰ ᠬᠠᠳᠠᠭᠤ ᠪᠡᠷᠬᠡ ᠶᠢ ᠳᠠᠪᠠᠨ ᠤᠷᠤᠭᠰᠢᠯᠠᠪᠠ᠃ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠥᠪᠡᠷᠲᠡᠭᠡᠨ ᠵᠠᠰᠠᠬᠤ ᠣᠷᠣᠨ ᠤ ᠠᠩᠬᠠᠨ ᠤ ᠬᠢᠨᠠᠨ ᠰᠢᠯᠭᠠᠯᠲᠠ ᠳᠤ ᠬᠢᠷᠢ ᠲᠡᠩᠴᠡᠪᠡ᠃ ᠪᠦᠳᠦᠭᠦᠨ ᠠᠭᠤᠯᠠ ᠶᠢᠨ ᠵᠢᠭᠤᠯᠴᠢᠯᠠᠯ᠂ ᠲᠣᠮᠣ ᠳ᠋ᠠᠶᠢᠲ᠋ᠠ ᠶᠢᠨ ᠲᠥᠪ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠣᠶᠤᠨᠴᠢ ᠵᠢᠭᠤᠯᠴᠢᠯᠠᠯ᠂ ᠤᠮᠠᠷᠠᠲᠤ ᠬᠢᠯᠢ ᠶᠢᠨ ᠦᠵᠡᠮᠵᠢ ᠶᠢᠨ ᠳᠠᠷᠳᠠᠩ ᠵᠠᠮ᠂ ᠰᠢᠷᠠᠮᠥ᠋ᠷᠡᠨ ᠤ ᠯᠦᠩ ᠫᠦ᠋ ᠳ᠋ᠦ᠋ ᠦᠵᠡᠮᠵᠢ ᠶᠢᠨ ᠣᠷᠣᠨ᠂ ᠬᠤᠰᠤᠳᠤ ᠬᠦᠷᠢᠶ᠎ᠡ ᠦᠵᠡᠮᠵᠢ ᠶᠢᠨ ᠣᠷᠣᠨ᠂ ᠰᠠᠷᠬᠢ ᠶᠢᠨ ᠭᠤᠤᠯ ᠤᠨ ᠲᠠᠯ᠎ᠠ ᠨᠤᠲᠤᠭ ᠎ ᠤᠨ ᠰᠣᠶᠣᠯ ᠰᠡᠯᠡᠭᠦᠴᠡᠯ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠵᠡᠷᠭᠡ ᠲᠥᠷᠥᠯ ᠵᠦᠶᠯ ᠢ ᠬᠤᠭᠤᠴᠠᠭ᠎ᠠ ᠶᠣᠰᠣᠭᠠᠷ ᠠᠬᠢᠭᠤᠯᠵᠤ᠂ ᠬᠤᠩᠭᠤ ᠶᠢᠨ ᠳᠠᠪᠠᠭ᠎ᠠ᠂ ᠰᠢᠷᠠᠮᠥ᠋ᠷᠡᠨ ᠤ ᠶᠡᠭᠡ ᠬᠠᠪᠴᠢᠯ᠂ ᠭᠠᠯᠳᠠᠰᠤᠳᠠᠢ ᠷᠠᠰᠢᠶᠠᠨ ᠤ ᠭᠤᠣᠯ ᠤᠨ ᠡᠮᠦᠨ᠎ᠡ ᠡᠷᠭᠢ ᠵᠡᠷᠭᠡ ᠦᠵᠡᠮᠵᠢ ᠶᠢᠨ ᠣᠷᠣᠨ ᠢ ᠳᠠᠬᠢᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠵᠢᠭᠤᠯᠴᠢᠯᠠᠯ ᠤᠨ ᠤᠬᠠᠭᠤᠯᠭ᠎ᠠ ᠡᠵᠡᠩᠨᠡᠯᠲᠡ ᠪᠠ ᠡᠮᠬᠢ ᠳᠢᠭᠯᠢᠮ ᠢ ᠵᠢᠷᠤᠮᠵᠢᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠠᠴᠠ ᠪᠣᠯᠤᠭᠰᠠᠨ ᠬᠦᠨᠳᠦ ᠨᠣᠴᠢᠲᠠᠶ ᠨᠥᠯᠥᠭᠡ ᠶᠢ ᠠᠷᠢᠯᠭᠠᠨ᠂ ᠪᠥᠬᠦ ᠬᠤᠰᠢᠭᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠣᠭᠰᠣᠩᠬᠢᠷᠠᠭᠰᠠᠨ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠪᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ᠂ ᠰᠦᠯᠵᠢᠶᠡᠨ ᠤ ᠵᠢᠵᠢᠭᠯᠡᠨ ᠬᠤᠳᠠᠯᠳᠤᠭᠰᠠᠨ ᠲᠤᠭ᠎ᠠ ᠲᠣᠰ ᠲᠣᠰ 7.03 ᠳ᠋ᠦᠩᠰᠢᠭᠤᠷ ᠲᠥᠭᠦᠷᠢᠭ ᠪᠠ 4.67 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 23.3% ᠪᠠ 14.97%᠎ ᠪᠠᠷ ᠨᠡᠮᠡᠭᠳᠡᠪᠡ᠃ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠥᠷᠲᠡᠭᠡ ᠭᠤᠷᠪᠠᠳᠠᠬᠢ ᠡᠲᠡᠭᠡᠳ ᠤᠨ ᠬᠢᠨᠠᠨ ᠰᠢᠯᠭᠠᠯᠲᠠ ᠳᠤ ᠬᠢᠷᠢ ᠲᠡᠩᠴᠡᠪᠡ᠃ ᠪᠠᠷᠠᠭᠠᠨ ᠤ ᠭᠦᠶᠯᠭᠡᠭᠡᠨ ᠤ ᠳᠣᠭᠢᠷᠠᠭᠤᠯᠤᠨ ᠬᠦᠷᠭᠡᠬᠦ ᠵᠠᠷᠤᠳᠠᠯ ᠢ 5%᠎ ᠪᠠᠷ ᠪᠠᠭᠤᠷᠠᠭᠤᠯᠪᠠ᠃      ︵ᠭᠤᠷᠪᠠ︶ ᠬᠤᠳᠠ ᠬᠥᠳᠡᠭᠡ ᠶᠢᠨ ᠳᠦᠷᠰᠦ ᠪᠠᠶᠢᠳᠠᠯ ᠶᠡᠭᠡ ᠪᠠᠷ ᠰᠠᠶᠢᠵᠢᠷᠠᠪᠠ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ 14 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠭᠤᠷᠪᠠ ᠎ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠢᠯᠡᠳᠲᠡ ᠦᠷ᠎ᠡ ᠪᠦᠲᠦᠮᠵᠢ ᠤᠯᠪᠠ᠃ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠡᠮᠬᠢ ᠵᠢᠷᠤᠮ ᠲᠠᠢ ᠠᠬᠢᠵᠤ᠂ ︽ᠵᠣᠷᠯᠣᠩ ᠤᠨ ᠦᠭᠡᠷᠡᠴᠢᠯᠡᠯᠲᠡ︾᠎ ᠶᠢᠨ 1364 ᠡᠷᠦᠬᠡ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃ ᠮᠠᠯ ᠵᠢᠭᠦᠷᠲᠡᠨ ᠎ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠤᠨ ᠢᠯᠭᠠᠳᠠᠰᠤ ᠶᠢ ᠰᠢᠢᠳᠪᠦᠷᠢᠯᠡᠬᠦ ᠢᠵᠢ ᠪᠦᠷᠢᠳᠦᠭᠰᠡᠨ ᠲᠥᠬᠦᠭᠡᠷᠦᠮᠵᠢ ᠪᠦᠬᠦᠨ ᠢᠶᠠᠷ ᠢᠶᠠᠨ ᠬᠢᠨᠠᠨ ᠰᠢᠯᠭᠠᠯᠲᠠ ᠳᠤ ᠬᠢᠷᠢ ᠲᠡᠩᠴᠡᠪᠡ᠃ ᠠᠮᠢᠳᠤᠷᠠᠯ ᠤᠨ ᠬᠤᠭ ᠨᠣᠪᠰᠢ ᠣᠪᠣᠭᠠᠯᠠᠬᠤ ᠪᠠᠶᠢᠩᠭᠤ ᠶᠢᠨ ᠪᠤᠰᠤ ᠴᠡᠭ ᠢ ᠴᠡᠭᠴᠡᠯᠡᠨ ᠵᠠᠰᠠᠬᠤ ᠠᠵᠢᠯ ᠢ ᠤᠷᠤᠭᠰᠢᠲᠠᠶ ᠪᠡᠶᠡᠯᠡᠭᠦᠯᠵᠦ ᠂ ᠭᠤᠷᠪᠠᠨ ᠲᠥᠷᠥᠯ ᠤᠨ ᠬᠤᠰᠢᠭᠤ ᠰᠢᠶᠠᠨ ᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠦᠨᠳᠦᠰᠦᠨ ᠳᠡᠭᠡᠨ ᠨᠡᠶᠢᠴᠡᠪᠡ᠃      ᠬᠤᠲᠠ ᠶᠢᠨ ᠴᠢᠨᠠᠷ ᠳᠡᠰ ᠦᠷᠭᠦᠯᠵᠢᠯᠡᠨ ᠳᠡᠭᠡᠭᠰᠢᠯᠡᠪᠡ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ᠃ ᠬᠤᠲᠠ ᠶᠢᠨ ᠶᠠᠪᠤᠳᠠᠯ ᠤᠨ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠣᠨ ᠤ ᠲᠦᠯᠦᠪᠯᠡᠭᠡ ᠳᠠᠬᠢ ᠥᠭᠡᠷᠡᠴᠢᠯᠡᠯᠲᠡ ᠶᠢᠨ ᠠᠵᠢᠯ ᠪᠦᠬᠦᠨ ᠢᠶᠠᠷ ᠢᠶᠠᠨ ᠪᠠᠷᠢᠯᠭ᠎ᠠ ᠳᠠᠭᠤᠰᠪᠠ᠃ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠱᠠᠲᠤ ᠳᠠᠷᠠᠭᠠᠯᠠᠨ ᠠᠬᠢᠭᠤᠯᠪᠠ᠃ ᠪᠠᠴᠢᠮ ᠪᠠᠶᠢᠳᠠᠯ ᠢ ᠠᠷᠭᠠᠴᠠᠭᠠᠬᠤ ᠢᠯᠴᠢ ᠶᠢᠨ ᠰᠣᠷᠪᠤᠯᠵᠢ ᠪᠠ ᠭᠠᠵᠠᠷ ᠳᠣᠤᠷᠠᠬᠢ ᠬᠤᠭᠤᠯᠠᠶ ᠶᠢᠨ ᠲᠤᠤᠷᠵᠢᠯ ᠤᠨ ᠪᠣᠷᠣᠭᠠᠨ ᠤ ᠤᠰᠤ ᠪᠠ ᠪᠣᠬᠢᠷᠲᠤᠯ ᠢ ᠰᠠᠯᠭᠠᠨ ᠤᠷᠤᠰᠤᠭᠤᠯᠬᠤ ᠲᠥᠷᠥᠯ ᠵᠦᠶᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠪᠢᠷᠠᠭᠤ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠶᠳᠪᠦᠷᠢᠯᠡᠬᠦ ᠬᠤᠶᠠᠳᠤᠭᠠᠷ ᠦᠶᠯᠡᠳᠪᠦᠷᠢ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠢᠩᠬᠢᠨᠢ ᠪᠠᠷ ᠡᠬᠢᠯᠡᠪᠡ᠃ ᠶᠢᠩᠴᠠᠩ ᠵᠠᠮ ᠤᠨ ᠬᠤᠲᠠ ᠶᠢᠨ ᠨᠢᠭᠤᠷ ᠲᠠᠯ᠎ᠠ ᠶᠢᠨ ᠥᠭᠡᠷᠡᠴᠢᠯᠡᠯᠲᠡ ᠶᠢ ᠦᠨᠳᠦᠰᠦᠨ ᠎ ᠳᠡᠭᠡᠨ ᠳᠠᠭᠤᠰᠬᠠᠪᠠ᠃ ᠬᠤᠲᠠ ᠶᠢᠨ ᠳᠦᠷᠢ ᠲᠥᠷᠬᠦ ᠶᠢ ᠲᠦᠷᠢᠮᠵᠢᠭᠦᠯᠬᠦ ᠴᠡᠭᠴᠡᠯᠡᠯᠲᠡ ᠢᠯᠡᠳᠲᠡ ᠦᠷ᠎ᠡ ᠪᠦᠲᠦᠮᠵᠢ ᠣᠯᠪᠠ᠃ ᠭᠤᠣᠯ ᠬᠤᠲᠠ ᠲᠣᠭᠤᠷᠢᠭ ᠤᠨ ᠨᠣᠭᠤᠭᠠᠷᠠᠭᠤᠯᠤᠯᠲᠠ᠂ ᠭᠤᠶᠤᠵᠢᠭᠤᠯᠤᠯᠲᠠ᠂ ᠭᠡᠷᠡᠯᠲᠦᠭᠦᠯᠭᠡ ᠎ ᠶᠢᠨ ᠠᠵᠢᠯ ᠦᠷᠭᠦᠯᠵᠢᠯᠡᠨ ᠴᠢᠩᠭᠠᠷᠠᠪᠠ᠃      ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠪᠡ᠃ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ 19.37 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠪᠢᠷᠠᠭᠤ ᠠᠴᠠ ᠤᠯᠠᠭᠠᠨᠪᠤᠳᠤᠩ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ᠂ ᠪᠢᠷᠠᠭᠤ ᠠᠴᠠ ᠭᠦᠨᠴᠦᠬᠡᠨ ᠬᠥᠷᠬᠦ ᠦᠨᠳᠦᠷ ᠬᠤᠷᠳᠤᠴᠠᠳᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠵᠤ᠂ 303 ᠤᠯᠤᠰ ᠤᠨ ᠵᠠᠮ᠂ 233 ᠤᠯᠤᠰ ᠤᠨ ᠵᠠᠮ᠂ 303 ᠤᠯᠤᠰ ᠤᠨ ᠵᠠᠮ ᠠᠴᠠ 105 ᠮᠤᠵᠢ ᠶᠢᠨ ᠵᠠᠮ ᠬᠦᠷᠬᠦ ᠬᠤᠯᠪᠣᠬᠤ ᠱᠤᠭᠤᠮ᠂ 219 ᠮᠤᠵᠢ ᠶᠢᠨ ᠵᠠᠮ᠂ 220 ᠮᠤᠵᠢ ᠶᠢᠨ ᠵᠠᠮ᠂ 206 ᠮᠤᠵᠢ ᠶᠢᠨ ᠵᠠᠮ ᠤᠨ ᠯᠦᠩ ᠳᠧᠦ ᠱᠠᠨ ᠠᠴᠠ ᠡᠦ ᠎ ᠲᠠᠢ ᠱᠠᠨ ᠬᠥᠷᠬᠦ ᠵᠡᠷᠭᠡ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠯᠠᠪᠳᠠᠭᠤᠨ ᠪᠠᠲᠤᠲᠠᠶ ᠠᠭᠢᠵᠤ᠂ ᡁᠢ ᠿᠦᠢ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠠᠴᠠ ᠭᠠᠳᠠᠭᠰᠢ ᠨᠡᠪᠲᠡᠷᠡᠬᠦ ᠵᠠᠰᠠᠮᠠᠯ ᠵᠠᠮ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ︽ᠳᠥᠷᠪᠡᠨ ᠰᠠᠶᠢᠨ ᠲᠠᠢ ᠬᠥᠳᠡᠭᠡ ᠲᠣᠰᠬᠤᠨ ᠤ ᠵᠠᠮ︾ ᠎ ᠤᠨ ᠪᠥᠲᠥᠭᠡᠨ ᠪᠠᠶᠢᠭᠤᠯᠤᠯᠲᠠ ᠢᠳᠡᠪᠬᠢᠲᠡᠶ ᠠᠬᠢᠴᠠ ᠲᠠᠢ ᠪᠣᠯᠪᠠ᠃ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠎ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠪᠠ ᠤᠯᠠᠭᠠᠨᠪᠤᠲᠤᠩ ᠤᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠥᠬᠦ ᠲᠠᠯ᠎ᠠ ᠪᠠᠷ ᠡᠬᠢᠯᠡᠪᠡ᠃ ᠤᠰᠤᠨ ᠠᠰᠢᠭᠯᠠᠯᠲᠠ ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠨᠠᠩ ᠲᠡᠭᠦᠯᠳᠡᠷᠵᠢᠪᠡ᠃      ︵ᠳᠦᠷᠪᠡ︶ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃      ᠭᠤᠤᠯᠳᠠᠯᠭ᠎ᠠ ᠲᠠᠢ ᠣᠷᠣᠨ ᠪᠦᠰᠡ ᠶᠢᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ 16.6 ᠲᠦᠮᠡᠨ ᠮᠥ ᠠᠮᠢ ᠠᠬᠤᠶ ᠶᠢᠨ ᠵᠠᠰᠠᠯᠲᠠ ᠶᠢᠨ ᠲᠠᠯᠠᠪᠠᠶ ᠶᠢ ᠪᠡᠶᠡᠯᠡᠭᠦᠯᠵᠦ᠂ ᠣᠶ ᠰᠢᠭᠤᠶ ᠎ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠲᠣᠰ ᠲᠣᠰ 36.2% ᠪᠠ 58.33%᠎ ᠳᠤ ᠬᠥᠷᠪᠡ᠃ ᠳᠠᠯᠠᠢ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠰᠡᠷᠭᠦᠭᠡᠬᠦ ᠠᠵᠢᠯ ᠳᠤ ᠲᠤᠰ ᠵᠢᠯ ᠳᠤ 2200 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠪᠠ᠃ ᠰᠢᠨ᠎ᠡ ᠨᠢᠭᠡᠨ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠎ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠠᠭᠠᠨᠪᠤᠲᠤᠩ ᠤᠨ ᠪᠦᠬᠦ ᠵᠢᠯ ᠢᠶᠠᠷ ᠮᠠᠯᠵᠢᠬᠤ ᠶᠢ ᠴᠠᠭᠠᠵᠠᠯᠠᠬᠤ ᠠᠵᠢᠯ ᠰᠠᠶᠢᠨ ᠦᠷ᠎ᠡ ᠪᠦᠲᠦᠮᠵᠢ ᠣᠯᠪᠠ᠃ ᠨᠢᠭᠤᠴᠠ ᠪᠠᠷ ᠮᠠᠯᠵᠢᠬᠤ᠂ ᠳᠤᠷ᠎ᠠ ᠪᠠᠷ ᠢᠶᠠᠨ ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠬᠠᠮᠢᠶᠠᠷᠤᠨ ᠬᠠᠮᠠᠭᠠᠯᠠᠬᠤ ᠪᠠ ᠭᠠᠳᠠᠨ᠎ᠠ ᠠᠴᠠ ᠮᠠᠯ ᠣᠷᠣᠭᠤᠯᠬᠤ ᠶᠢ ᠴᠡᠪᠡᠷᠯᠡᠨ ᠴᠡᠭᠴᠡᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠵᠦ ᠨᠠᠶᠢᠷᠠᠭᠤᠯᠤᠨ ᠳᠠᠭᠤᠰᠬᠠᠪᠠ᠃ ᠠᠮᠢ ᠠᠬᠤᠶ ᠶᠢᠨ ᠬᠤᠷᠢᠭ᠎ᠠ ᠱᠤᠭᠤᠮ ᠢ ᠰᠢᠯᠢᠳᠡᠭᠵᠢᠭᠦᠯᠦᠨ ᠲᠣᠬᠢᠷᠠᠭᠤᠯᠬᠤ ᠠᠵᠢᠯ ᠬᠢᠨᠠᠨ ᠬᠠᠷᠭᠤᠭᠤᠯᠬᠤ ᠱᠠᠲᠤᠨ ᠳᠤ ᠣᠷᠣᠪᠠ᠃ ᠪᠠᠶᠢᠭᠠᠯᠢ ᠎ ᠶᠢᠨ ᠬᠠᠮᠠᠭᠠᠯᠠᠯᠲᠠ ᠶᠢᠨ ᠭᠠᠵᠠᠷ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠠᠮᠠᠭᠠᠯᠠᠯᠲᠠ ᠶᠢᠨ ᠣᠷᠣᠨ ᠤ ᠬᠤᠭᠤᠷᠣᠨᠳᠣ ᠵᠠᠭᠠᠭ ᠬᠢᠵᠠᠭᠠᠷ ᠳᠠᠪᠬᠤᠴᠠᠵᠤ᠂ ᠪᠠᠶᠢᠭᠤᠯᠤᠯᠳᠤ ᠪᠠᠯᠭᠠᠰᠤ᠂ ᠠᠭᠤᠷᠬᠠᠶ ᠶᠢᠨ ᠦᠶᠯᠡᠰ ᠯᠦᠭᠡ ᠦᠮᠴᠢᠯᠡᠯ ᠤᠨ ᠡᠷᠬᠡ ᠵᠡᠷᠭᠡ ᠪᠠᠷ ᠣᠷᠣᠰᠢᠵᠤ ᠪᠠᠶᠢᠭ᠎ᠠ ᠵᠡᠷᠭᠡ ᠲᠡᠦᠬᠡᠨ ᠦᠯᠡᠳᠡᠭᠳᠡᠯ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃      ︵ᠲᠠᠪᠤ︶ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠬᠥᠭᠵᠢᠪᠡ᠃      ᠠᠷᠠᠳ ᠤᠨ ᠠᠮᠢᠳᠤᠷᠠᠯ ᠤᠨ ᠪᠠᠲᠤᠯᠠᠭ᠎ᠠ ᠲᠠᠰᠤᠷᠠᠯᠲᠠ ᠦᠭᠡᠢ ᠳᠡᠭᠡᠭᠰᠢᠯᠡᠪᠡ᠃ ᠪᠦᠬᠦ ᠬᠤᠰᠢᠭᠤᠨ ᠤ ᠠᠷᠠᠳ ᠎ ᠤᠨ ᠠᠮᠢᠳᠤᠷᠠᠯ ᠤᠨ ᠵᠠᠷᠤᠯᠭ᠎ᠠ 26.84 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 74.3%᠎ ᠶᠢ ᠡᠵᠡᠯᠡᠪᠡ᠃ ᠬᠤᠲᠠ ᠪᠠᠯᠭᠠᠰᠤᠨ ᠤ 1009 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠤ 40566 ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠪᠠ᠃ 7779 ᠲᠦᠮᠡᠨ ᠲᠥᠭᠦᠷᠢᠭ ᠤᠨ ᠦᠶᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ᠂ 835 ᠲᠦᠮᠡᠨ ᠲᠥᠭᠦᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠪᠠᠭᠤᠯᠭᠠᠪᠠ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.3%᠎ ᠶᠢᠨ ᠳᠣᠲᠣᠷ᠎ᠠ ᠬᠢᠵᠠᠭᠠᠷᠯᠠᠪᠠ᠃ ᠠᠵᠢᠯ ᠲᠠᠢ ᠬᠥᠮᠦᠨ ᠦᠭᠡᠢ ᠭᠡᠷ ᠪᠦᠯᠢ ᠳᠤ ᠬᠥᠳᠡᠯᠦᠩᠭᠦᠢ ᠪᠠᠷ ᠠᠵᠢᠯ ᠣᠯᠭᠤᠪᠠ᠃ ᠡᠮᠴᠢᠯᠡᠭᠡ᠂ ᠨᠠᠰᠤᠵᠢᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ ᠲᠣᠭᠳᠠᠭᠤᠨ ᠪᠠᠶᠢᠯᠭᠠᠬᠤ ᠶᠢ ᠪᠠᠲᠤᠯᠠᠪᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠎ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠠᠵᠢᠯ ᠢ ᠡᠮᠬᠢ ᠵᠢᠷᠤᠮ ᠲᠠᠢ ᠪᠠᠷ ᠠᠬᠢᠭᠤᠯᠪᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠢ 4422 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ ᠴᠡᠷᠢᠭ ᠠᠷᠠᠳ ᠤᠨ ᠬᠥᠭᠵᠢᠯᠲᠡ ᠶᠢ ᠭᠦᠨ ᠠᠭᠤᠰᠤᠯᠴᠠᠭᠤᠯᠵᠤ᠂ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾᠎ ᠪᠠᠷ ᠭᠤᠷᠪᠠᠨᠲᠠ ᠮᠠᠩᠯᠠᠶᠢᠯᠠᠪᠠ᠃      ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠴᠢᠩᠭᠠᠷᠠᠪᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠎ ᠤᠨ ᠠᠵᠤ ᠠᠬᠤᠶᠢᠯᠠᠯ ᠪᠠ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠢ ᠲᠣᠰ ᠲᠣᠰ 3᠎ ᠶᠢ ᠰᠢᠨ᠎ᠡ ᠪᠠᠷ ᠮᠠᠭᠠᠳᠯᠠᠨ ᠲᠣᠭᠲᠠᠭᠠᠪᠠ᠃ ᠰᠤᠷᠭᠠᠨ ᠬᠥᠮᠦᠵᠢᠯ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ 1.98 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠪᠢᠷᠠᠭᠤ ᠭᠤᠷᠪᠠᠳᠤᠭᠠᠷ ᠪᠠᠭ᠎ᠠ ᠰᠤᠷᠭᠠᠭᠤᠯᠢ ᠪᠣᠯᠤᠨ ᠭᠤᠷᠪᠠᠳᠤᠭᠠᠷ᠂ ᠳᠥᠷᠪᠡᠳᠦᠭᠡᠷ ᠬᠡᠦᠬᠡᠳ ᠤᠨ ᠴᠡᠴᠡᠷᠯᠢᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠬᠡᠷᠡᠭᠵᠢᠭᠦᠯᠪᠡ᠃ ︽ᠭᠤᠷᠪᠠᠨ ᠰᠢᠯᠢᠳᠡᠭ ᠨᠢᠭᠡ ᠲᠡᠩᠴᠡᠭᠦᠷᠢᠳᠡᠢ︾ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠲᠥᠷᠥᠯ ᠵᠦᠶᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠪᠠ᠃ ︽ᠨᠢᠭᠡ ᠴᠣᠭᠴᠠ ᠬᠤᠶᠠᠷ ᠵᠢᠭᠦᠷ ᠭᠤᠷᠪᠠᠨ ᠰᠠᠭᠤᠷᠢᠨ︾᠎ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠠᠩᠬ᠎ᠠ ᠠᠯᠬᠤᠮ ᠪᠠᠶᠢᠭᠤᠯᠪᠠ᠃ ᠡᠷᠡᠭᠦᠯ ᠮᠡᠨᠳᠦ ᠶᠢ ᠠᠬᠢᠭᠤᠯᠬᠤ ᠬᠤᠰᠢᠭᠤ᠂ ᠬᠤᠰᠢᠭᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ᠂ ᠬᠢᠲᠠᠳ ᠮᠣᠩᠭᠤᠯ ᠡᠮᠨᠡᠯᠭᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠯᠠᠪᠳᠠᠭᠤᠨ ᠢᠶᠠᠷ ᠠᠬᠢᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠠᠰᠠᠷ᠂ ᠳᠠᠷᠬᠠᠬᠠᠭᠤᠯᠠ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠱᠠᠳᠤᠴᠢ ᠴᠢᠨᠠᠷᠲᠠᠢ ᠦᠷ᠎ᠡ ᠪᠦᠲᠦᠭᠡᠯ ᠤᠯᠪᠠ᠃ ᠶᠢᠩᠴᠠᠩ ᠵᠠᠮ ᠤᠨ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠮᠦᠽᠧᠢ ᠶᠢᠨ ᠳᠡᠯᠭᠡᠨ ᠦᠵᠡᠭᠦᠯᠦᠯᠭᠡ ᠶᠢᠨ ᠳᠡᠰ ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠢ ᠦᠨᠳᠦᠰᠦᠨ ᠳᠡᠭᠡᠨ ᠳᠠᠭᠤᠰᠬᠠᠪᠠ᠃ ᠤᠲᠠᠰᠤᠨ ᠬᠡᠷᠡᠮ ᠤᠨ ᠤᠯᠢᠶᠠᠰᠤᠳᠠᠢ ᠳᠠᠬᠢ ᠬᠡᠰᠡᠭ ᠢ ᠨᠢᠭᠡᠳᠦᠭᠡᠷ ᠪᠦᠯᠦᠭ ᠤᠨ ᠤᠯᠤᠰ ᠤᠨ ᠲᠠᠰ ᠤᠨ ᠣᠷᠳᠣ ᠬᠡᠷᠡᠮ ᠤᠨ ᠴᠢᠬᠤᠯᠠ ᠬᠡᠰᠡᠭ ᠪᠣᠯᠭᠠᠪᠠ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠤᠷᠤᠭᠰᠢᠲᠠᠢ ᠶᠠᠪᠤᠭᠳᠠᠭᠤᠯᠪᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠱᠠᠲᠤᠴᠢ ᠴᠢᠨᠠᠷᠳᠠᠢ ᠡᠭᠦᠷᠭᠡ ᠶᠢ ᠪᠡᠶᠡᠯᠡᠭᠦᠯᠪᠡ᠃      ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠠᠲᠤᠯᠠᠪᠠ᠃ ᠠᠶᠤᠯᠭᠦᠶ ᠦᠶᠯᠡᠳᠪᠦᠷᠢᠯᠡᠯ ᠎ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠦᠭᠡᠳ ᠡᠵᠡᠮᠳᠡᠵᠦ ᠳᠡᠶᠢᠯᠬᠦ ᠬᠡᠪᠴᠢᠶᠡᠨ ᠳᠤ ᠪᠠᠶᠢᠨ᠎ᠠ᠃ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠲᠤᠰᠬᠠᠢ ᠲᠥᠷᠥᠯ ᠤᠨ ᠴᠡᠭᠴᠡᠯᠡᠨ ᠵᠠᠰᠠᠯᠲᠠ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠪᠠ ᠴᠢᠬᠤᠯᠠ ᠠᠵᠤ ᠦᠶᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠡᠷᠴᠢᠮ ᠲᠠᠰᠤᠷᠠᠯᠲᠠ ᠦᠭᠡᠢ ᠴᠢᠩᠭᠠᠷᠠᠵᠤ᠂ ᠪᠦᠬᠦ ᠬᠤᠰᠢᠭᠤᠨ ᠤ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠪᠠᠶᠢᠳᠠᠯ ᠦᠷᠭᠦᠯᠵᠢᠯᠡᠨ ᠰᠠᠶᠢᠵᠢᠷᠠᠪᠠ᠃ ᠬᠦᠯᠦᠰᠦᠨ ᠠᠵᠢᠯᠴᠢᠳ ᠤᠨ ᠴᠠᠯᠢᠩ ᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠶ ᠠᠵᠢᠯᠯᠠᠭ᠎ᠠ ᠰᠠᠶᠢᠨ ᠦᠷ᠎ᠡ ᠪᠦᠲᠦᠮᠵᠢ ᠤᠯᠪᠠ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠶᠳᠪᠦᠷᠢᠯᠡᠬᠦ ᠣᠨ︾᠎ ᠤ ᠲᠤᠰᠬᠠᠶ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ︽ᠳᠥᠷᠪᠡ ᠶᠢ ᠪᠠᠭᠤᠷᠠᠭᠤᠯᠵᠤ ᠨᠢᠭᠡ ᠶᠢ ᠰᠠᠶᠢᠵᠢᠷᠠᠭᠤᠯᠬᠤ︾᠎ ᠶᠢ ᠪᠡᠶᠡᠯᠡᠭᠦᠯᠪᠡ᠃ ︽ᠳᠣᠯᠣᠳᠤᠭᠠᠷ ᠲᠠᠪᠤᠨ ᠵᠢᠯ︾᠎ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠤᠷᠤᠭᠰᠢᠲᠠᠢ ᠪᠡᠶᠡᠯᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠲᠡᠭᠦᠰ ᠠᠮᠵᠢᠯᠲᠠ ᠲᠠᠢ ᠰᠡᠭᠦᠯ ᠬᠤᠷᠢᠶᠠᠵᠤ᠂ ᠨᠡᠶᠢᠭᠡᠮ ᠤᠨ ᠶᠡᠭᠡ ᠲᠠᠯ᠎ᠠ ᠨᠠᠩ ᠡᠶ᠎ᠡ ᠵᠣᠬᠢᠴᠠᠯ ᠲᠠᠢ ᠲᠣᠭᠲᠠᠭᠤᠨ ᠪᠣᠯᠪᠠ᠃      ︵ᠵᠢᠷᠭᠤᠭ᠎ᠠ︶ ᠬᠥᠭᠵᠢᠯᠲᠡ ᠶᠢᠨ ᠳᠠᠯᠳᠠ ᠬᠦᠴᠦᠨ ᠠᠮᠢᠵᠢᠷᠠᠯ ᠤᠨ ᠬᠦᠴᠦᠨ ᠢ ᠪᠦᠲᠦᠮᠵᠢᠲᠡᠢ ᠳᠡᠭᠡᠭᠰᠢᠯᠡᠭᠦᠯᠪᠡ᠃ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 6612 ᠵᠠᠰᠠᠭ ᠵᠠᠬᠢᠷᠭᠠᠨ ᠤ ᠡᠷᠬᠡ ᠶᠢᠨ ᠵᠦᠶᠯᠡᠰ᠂ 579 ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠢ ᠡᠮᠬᠢᠯᠡᠨ ᠨᠤᠲᠠᠯᠠᠵᠤ᠂ ᠭᠠᠵᠠᠷ ᠣᠷᠣᠨ ᠳᠤ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠎ ᠢ 95᠎ ᠶᠢ ᠣᠯᠭᠤᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ᠨᠢᠭᠡ ᠭᠤᠤᠯᠳᠠᠯᠭ᠎ᠠ ᠲᠠᠪᠤᠨ ᠳᠠᠭᠠᠯᠲᠠ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ ᠢ ᠲᠣᠭᠲᠠᠭᠠᠨ ᠨᠡᠶᠢᠲᠡᠯᠡᠵᠦ᠂ ᠠᠵᠤ ᠠᠬᠤᠶᠢᠯᠠᠯ ᠡᠷᠭᠢᠯᠡᠬᠦ᠂ ᠡᠵᠡᠩᠨᠡᠯᠲᠡ ᠶᠢᠨ ᠦᠨᠡᠮᠯᠡᠯ ᠭᠦᠶᠴᠡᠳᠬᠡᠬᠦ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠦᠨᠡᠮᠯᠡᠯ ᠭᠦᠶᠴᠡᠳᠬᠡᠬᠦ ᠴᠠᠭ ᠤᠨ ᠬᠢᠵᠠᠭᠠᠷ ᠢ ᠲᠣᠰ ᠲᠣᠰ 3᠂ 1 ᠪᠠ 5 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠬᠦ ᠪᠠᠷ ᠪᠤᠭᠤᠨᠢᠰᠬᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 3471 ᠡᠷᠦᠬᠡ ᠰᠢᠨ᠎ᠡ ᠪᠠᠷ ᠨᠡᠮᠡᠭᠳᠡᠭᠦᠯᠪᠡ᠃ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠰᠦᠢᠳᠬᠡᠯ ᠢ ᠬᠠᠰᠤᠵᠤ ᠭᠠᠶᠢᠯᠢ ᠶᠢ ᠪᠠᠭᠠᠰᠬᠠᠭᠰᠠᠨ ᠪᠡᠯᠡ ᠮᠥᠩᠭᠦ 3.6 ᠳ᠋ᠦᠩᠰᠢᠭᠤᠷ ᠲᠥᠭᠦᠷᠢᠭ ᠬᠦᠷᠪᠡ᠃ ᠪᠦᠬᠦ ᠵᠢᠯ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ 10 ᠲᠥᠷᠥᠯ ᠵᠦᠢᠯ ᠳᠤ ᠭᠡᠷ᠎ᠡ ᠲᠣᠭᠲᠠᠵᠤ᠂ ᠶᠡᠷᠦᠩᠬᠡᠢ ᠪᠡᠯᠡ ᠣᠷᠣᠭᠤᠯᠤᠯᠲᠠ 47.4 ᠳ᠋ᠦᠩᠰᠢᠭᠤᠷ ᠲᠥᠭᠦᠷᠢᠭ ᠲᠤ ᠬᠦᠷᠪᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号