| | ᠬᠤᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠡᠷᠭᠢᠴᠡᠭᠦᠯᠦᠯ ᠪᠠ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠪᠠᠷᠠᠯᠠᠯ | | ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠳᠤ ᠪᠥᠬᠦ ᠬᠤᠰᠢᠭᠤᠨ ᠤ ᠡᠯ᠎ᠡ ᠱᠠᠲᠤᠨ ᠤ ᠴᠥᠬᠦᠷᠡᠰᠢ | ᠥᠬᠡᠶ ᠴᠢᠷᠮᠠᠶᠢᠯᠭ᠎ᠠ ᠪᠠ ᠬᠠᠮᠲᠤ ᠶᠢᠨ ᠲᠡᠮᠡᠴᠡᠯ ᠵᠢᠳᠬᠦᠯ ᠢᠶᠠᠷ ᠪᠢᠳᠡ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠲᠣᠭᠤᠷᠢᠨ ᠪᠠᠶᠢᠴᠠᠭᠠᠯᠲᠠ ᠵᠡᠷᠭᠡ ᠤᠯᠤᠰ ᠲᠥᠷᠥ ᠶᠢᠨ ᠪᠠᠶᠢᠴᠠᠭᠠᠯᠲᠠ ᠳᠤ ᠠᠮᠵᠢᠯᠳᠠᠳᠠᠢ ᠬᠢᠷᠢ ᠲᠡᠩᠴᠡᠵᠦ᠂ | ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠂ | ᠪᠣᠬᠢᠷᠲᠤᠯ ᠢ ᠰᠡᠷᠭᠡᠶᠢᠯᠡᠨ ᠵᠠᠰᠠᠬᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠢᠯᠠᠩᠭᠤᠶ᠎ᠠ | ᠥᠷᠢ ᠥᠭᠴᠡᠭᠡ ᠶᠢ ᠠᠷᠢᠯᠭᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠠᠵᠤ ᠠᠬᠤᠶ ᠶᠢᠨ ᠬᠥᠭᠵᠢᠯᠲᠡ | ᠶᠢᠨ ᠦᠨᠳᠦᠰᠦᠨ ᠪᠠᠶᠢᠳᠠᠯ ᠢ ᠪᠠᠲᠤ ᠰᠠᠬᠢᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠰᠢᠨ᠎ᠡ ᠠᠶᠠᠨ ᠢ ᠡᠬᠢᠯᠡᠭᠦᠯᠪᠡ᠃ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ | ᠥᠷᠲᠡᠭ ᠵᠢᠯ ᠪᠦᠷᠢ ᠳᠤᠮᠳᠠᠴᠢ ᠪᠠᠷ 3.64% ᠪᠠᠷ ᠨᠡᠮᠡᠭᠳᠡᠨ᠂ ᠡᠳ᠋ ᠤᠨ ᠵᠠᠰᠠᠭ ᠤᠨ ᠣᠷᠣᠯᠭ᠎ᠠ᠂ ᠨᠡᠶᠢᠭᠡᠮ ᠤᠨ | ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠵᠢᠯ ᠪᠦᠷᠢ ᠳᠤᠮᠳᠠᠴᠢ ᠪᠠᠷ ᠲᠣᠰ ᠲᠣᠰ 5. | 08% ᠪᠠ 5.5% ᠪᠠᠷ ᠨᠡᠮᠡᠭᠳᠡᠵᠦ᠂ ᠪᠦᠬᠦ ᠬᠤᠳᠠ ᠶᠢᠨ ᠬᠢᠷᠢ ᠲᠦᠪᠰᠢᠨ ᠠᠴᠠ ᠲᠤᠰ ᠲᠤᠰ 3.13 ᠪᠠ 1.3 | ᠵᠠᠭᠤᠨ ᠤ ᠨᠢᠭᠡᠴᠢ ᠦᠨᠳᠦᠷ ᠪᠣᠯᠵᠤ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠪᠥᠬᠦ ᠬᠤᠲᠠ ᠶᠢᠨ ᠬᠢᠨ ᠲᠠᠢ ᠢᠵᠢᠯᠢ ᠠᠯᠬᠤᠮ ᠢᠶᠠᠨ ᠪᠠᠲᠤᠯᠠᠨ᠂ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠲᠠᠯ᠎ᠠ ᠪᠠᠷ ᠰᠢᠢᠳᠪᠦᠷᠢᠯᠡᠬᠦ ᠴᠢᠨᠠᠷᠲᠠᠶ ᠠᠮᠵᠢᠯᠲᠠ ᠣᠯᠵᠤ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠰᠢᠨ᠎ᠡ ᠬᠡᠰᠢᠭᠲᠡᠨ ᠬᠤᠰᠢᠭᠤ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ | ᠳᠤ ᠪᠠᠲᠤ ᠪᠠᠬᠢ ᠰᠠᠭᠤᠷᠢ ᠶᠢ ᠳᠠᠯᠪᠢᠪᠠ᠃ | ᠲᠠᠪᠤᠨ ᠵᠢᠯ ᠤᠨ ᠲᠤᠷᠰᠢ᠂ ᠪᠢᠳᠠ ᠰᠢᠨ᠎ᠡ ᠶᠢ ᠡᠭᠦᠳᠬᠦ ᠬᠥᠭᠵᠢᠯᠲᠡ ᠶᠢ ᠪᠠᠷᠢᠮᠲᠠᠯᠠᠵᠤ᠂ ᠶᠡᠷᠦᠩᠬᠡᠶᠢᠯᠡᠭᠰᠡᠨ | ᠠᠵᠤ ᠠᠬᠤᠢ ᠶᠢᠨ ᠪᠣᠳᠠᠲᠤ ᠬᠦᠴᠦᠨ ᠦᠷᠭᠦᠯᠵᠢᠯᠡᠨ ᠳᠡᠭᠡᠭᠰᠢᠯᠡᠪᠡ᠃ ᠨᠢᠭᠡᠳᠦᠭᠡᠷ ᠬᠤᠶᠠᠳᠤᠭᠠᠷ ᠭᠤᠷᠪᠠᠳᠤᠭᠠᠷ | ᠠᠵᠤ ᠦᠢᠯᠡᠰ ᠤᠨ ᠭᠤᠣᠯᠳᠠᠯᠭ᠎ᠠ ᠲᠠᠢ ᠲᠥᠷᠥᠯ ᠵᠦᠢᠯ ᠢ ᠨᠡᠶᠢᠲᠡ 634 ᠶᠢ ᠬᠡᠷᠡᠭᠵᠢᠭᠦᠯᠵᠦ᠂ 343.5 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠢᠯᠡᠳᠲᠡ ᠲᠦᠷᠭᠡᠳᠪᠡ᠃ ᠮᠠᠯ ᠠᠵᠤ ᠠᠬᠤᠢ ᠲᠠᠷᠢᠶᠠᠯᠠᠩ ᠲᠠᠪᠤᠨ | ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠢᠳᠡᠰᠢᠨ ᠮᠦᠬᠦ᠂ ᠡᠪᠡᠰᠦᠨ ᠡᠮ᠂ ᠤᠢ ᠶᠢᠨ ᠳᠠᠭᠠᠯᠲᠠ ᠠᠵᠤ | ᠠᠬᠤᠶ ᠵᠡᠷᠭᠡ ᠣᠨᠴᠠᠯᠢᠭᠲᠤ ᠠᠵᠤ ᠦᠶᠯᠡᠰ ᠲᠦᠷᠭᠡᠨ ᠬᠥᠭᠵᠢᠪᠡ᠃ ᠠᠭᠤᠷᠬᠠᠢ ᠶᠢᠨ ᠠᠵᠤ ᠠᠬᠤᠢ ᠶᠢᠨ ︽ | ᠳᠥᠷᠪᠡᠨ ᠨᠢᠭᠡ ᠪᠦᠯᠦᠭ︾ ᠢᠨᠵᠧᠨᠧᠷᠢᠩ ᠯᠠᠪᠳᠠᠭᠤᠨ ᠢᠶᠠᠷ ᠠᠬᠢᠵᠤ᠂ ᠡᠳᠦᠷ ᠲᠤ 3000 ᠲᠣᠨ ᠥᠩᠭᠡᠲᠦ | ᠲᠡᠮᠦᠷᠯᠢᠭ ᠤᠨ ᠬᠦᠳᠡᠷ ᠢ ᠰᠢᠢᠳᠪᠦᠷᠢᠯᠡᠬᠦ᠂ ᠵᠢᠯ ᠳᠤ 12 ᠲᠦᠮᠡᠨ ᠲᠣᠨ ᠬᠠᠷ᠎ᠠ ᠲᠤᠭᠤᠯᠭ᠎ᠠ ᠬᠠᠶᠢᠯᠤᠭᠤᠯᠬᠤ | ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠪᠡ︔ ᠳ᠋ᠠ ᠲᠠᠩ ᠤᠨ ᠨᠡᠭᠦᠷᠡᠰᠦ ᠶᠢ ᠬᠡᠶᠢᠵᠢᠭᠦᠯᠬᠦ ᠦᠢᠯᠡᠳᠪᠦᠷᠢ ᠶᠢᠨ | ᠬᠥᠳᠡᠯᠭᠡᠭᠦᠷ ᠤᠨ ᠳᠠᠶᠢᠴᠢᠯᠠᠬᠤ ᠦᠢᠯᠡᠳᠦᠯ ᠦᠷᠭᠦᠯᠵᠢᠯᠡᠨ ᠴᠢᠩᠭᠠᠷᠠᠵᠤ᠂ ᠳᠠᠭᠠᠯᠲᠠ ᠦᠢᠯᠡᠳᠬᠦᠨ ᠢ ᠨᠡᠭᠡᠭᠡᠨ | ᠬᠥᠭᠵᠢᠭᠦᠯᠬᠦ ᠲᠦᠷᠦᠯ ᠵᠦᠢᠯ ᠲᠣᠭᠲᠠᠭᠤᠨ ᠢᠶᠠᠷ ᠦᠢᠯᠡᠳᠪᠦᠷᠢᠯᠡᠯ ᠡᠬᠢᠯᠡᠪᠡ︔ ᡁᠢ ᠿᠦᠢ ᠶᠢᠨ ᠤᠰᠤ ᠲᠠᠲᠠᠵᠤ | ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠡᠬᠢᠯᠡᠵᠦ ᠪᠠᠶᠢᠭᠤᠯᠤᠨ ᠡᠨᠧᠷᠭᠢ ᠶᠢᠨ ᠦᠶᠯᠡᠰ ᠤᠨ ᠬᠥᠭᠵᠢᠯᠲᠡ | ᠶᠢᠨ ᠰᠢᠨ᠎ᠡ ᠥᠷᠨᠢᠯᠲᠡ ᠭᠠᠷᠭᠠᠵᠤ᠂ ᠰᠠᠯᠬᠢ᠂ ᠤᠰᠤ᠂ ᠬᠡᠷᠡᠯ ᠴᠠᠬᠢᠯᠭᠠᠨ ᠤ ᠶᠡᠷᠦᠩᠬᠡᠶ ᠬᠡᠪᠴᠢᠶ᠎ᠡ ᠶᠢ 187.6 | ᠲᠦᠮᠡᠨ ᠺᠢᠯᠣᠸᠠᠲ ᠰᠢᠨ᠎ᠡ ᠪᠠᠷ ᠬᠢᠨᠠᠨ ᠵᠥᠪᠰᠢᠶᠡᠷᠡᠬᠦ ᠪᠠ ᠳᠠᠩᠰᠠᠯᠠᠵᠤ᠂ ᠪᠥᠬᠦ ᠬᠤᠲᠠ ᠳᠤ ᠲᠡᠷᠢᠭᠦᠯᠡᠨ᠂ ᠪᠥᠬᠦ | ᠣᠷᠣᠨ ᠤ ᠡᠮᠦᠨ᠎ᠡ ᠡᠩᠨᠡᠭᠡᠨ ᠳᠤ ᠵᠢᠬᠰᠠᠭᠠᠭᠳᠠᠪᠠ︔ ᠣᠷᠴᠢᠯ ᠠᠵᠤ ᠠᠬᠤᠢ ᠶᠢᠨ ᠠᠵᠤ ᠦᠶᠯᠡᠳᠪᠦᠷᠢ ᠶᠢᠨ | ᠬᠦᠷᠢᠶᠡᠯᠡᠩ ᠲᠣᠭᠤᠷᠢᠭ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠦᠯᠦᠯᠲᠡ | ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠪᠠ᠃ ᠵᠢᠭᠤᠯᠴᠢᠯᠠᠯ ᠤᠨ ᠨᠡᠭᠡᠭᠡᠨ ᠠᠰᠢᠭᠯᠠᠯᠲᠠ | ᠶᠢᠨ ᠪᠦᠲᠦᠭᠡᠨ ᠪᠠᠶᠢᠭᠤᠯᠤᠯᠲᠠ ᠳᠤ ᠨᠡᠶᠢᠲᠡ 15.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠪᠠ ᠲᠡᠰ ᠳᠡᠪᠰᠢᠭᠦᠯᠬᠦ ᠲᠥᠷᠥᠯ ᠵᠦᠢᠯ ᠢ | 150 ᠶᠢ ᠬᠡᠷᠡᠭᠵᠢᠭᠦᠯᠵᠦ᠂ ᠬᠤᠰᠢᠭᠤᠨ ᠤ ᠰᠣᠶᠣᠯ ᠵᠢᠭᠤᠯᠴᠢᠯᠠᠯ ᠤᠨ ᠺᠣᠮᠫᠠᠨᠢ ᠶᠢ ᠪᠠᠶᠢᠭᠤᠯᠬᠤ ᠶᠢᠨ ᠬᠠᠮᠲᠤ 5 | ᠦᠵᠡᠮᠵᠢ ᠶᠢᠨ ᠣᠷᠣᠨ ᠢ ᠨᠢᠭᠡᠳᠬᠡᠨ ᠡᠵᠡᠩᠨᠡᠵᠦ᠂ ᠴᠢᠯᠠᠭᠤᠨ ᠰᠢᠭᠤᠢ ᠶᠢᠨ ᠦᠵᠡᠮᠵᠢ ᠶᠢᠨ ᠣᠷᠣᠨ ᠠᠮᠵᠢᠯᠲᠠ ᠲᠠᠢ | ᠪᠠᠷ ᠤᠯᠤᠰ ᠤᠨ 5 A ᠲᠡᠰ ᠤᠨ ᠦᠵᠡᠮᠵᠢ ᠶᠢᠨ ᠣᠷᠣᠨ ᠪᠣᠯᠵᠤ᠂ ᠵᠤᠭᠠᠴᠠᠭᠰᠠᠳ ᠤᠨ ᠲᠤᠭ᠎ᠠ ᠪᠠ ᠵᠢᠭᠤᠯᠴᠢᠯᠠᠯ | ᠤᠨ ᠣᠷᠣᠯᠭ᠎ᠠ ᠢᠮᠠᠭᠲᠠ ᠪᠦᠬᠦ ᠬᠤᠲᠠ ᠶᠢᠨ ᠲᠡᠷᠢᠭᠦᠨ ᠪᠠᠶᠢᠷᠢᠨ ᠳᠤ ᠪᠠᠶᠢᠨ᠎ᠠ᠃ | ᠲᠠᠪᠤᠨ ᠵᠢᠯ ᠤᠨ ᠲᠤᠷᠰᠢ᠂ ᠪᠢᠳᠠ ᠵᠣᠬᠢᠴᠠᠩᠭᠤᠢ ᠬᠥᠭᠵᠢᠯᠲᠡ ᠶᠢ ᠪᠠᠷᠢᠮᠲᠠᠯᠠᠵᠤ᠂ ᠬᠤᠲᠠ ᠬᠥᠳᠡᠭᠡ ᠶᠢ | ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠬᠤᠲᠠ ᠶᠢᠨ ᠪᠦᠲᠦᠭᠡᠨ | ᠪᠠᠶᠢᠭᠤᠯᠤᠯᠲᠠ ᠵᠢᠴᠢ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠬᠦ ᠳᠤ ᠨᠡᠶᠢᠲᠡ 26.7 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠭᠤᠣᠯ ᠬᠤᠲᠠ ᠲᠣᠭᠤᠷᠢᠭ ᠤᠨ ᠵᠠᠮ᠂ ᠬᠤᠭᠤᠯᠠᠢ ᠶᠢᠨ ᠲᠤᠤᠷᠵᠢᠯ᠂ | ᠨᠣᠭᠤᠭᠠᠷᠠᠭᠤᠯᠤᠯᠲᠠ᠂ ᠭᠡᠷᠡᠯᠳᠦᠭᠦᠯᠭᠡ ᠵᠡᠷᠭᠡ ᠬᠤᠲᠠ ᠶᠢᠨ ᠶᠠᠪᠤᠳᠠᠯ ᠤᠨ ᠲᠦᠬᠦᠭᠡᠷᠦᠮᠵᠢ ᠲᠠᠰᠤᠷᠠᠯᠲᠠ ᠦᠭᠡᠢ | ᠲᠡᠭᠦᠯᠳᠡᠷᠵᠢᠪᠡ᠃ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠵᠠᠬ᠎ᠠ ᠳᠡᠯᠭᠡᠭᠦᠷ ᠲᠣᠭᠲᠠᠭᠤᠨ ᠪᠠᠶᠢᠳᠠᠯ | ᠢᠶᠠᠨ ᠪᠠᠲᠤᠯᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠨᠡᠭᠡᠭᠡᠨ ᠬᠥᠭᠵᠢᠭᠦᠯᠬᠦ ᠬᠡᠰᠡᠭ ᠲᠦᠷᠦᠯ | ᠵᠦᠢᠯ ᠦᠨᠡᠮᠯᠡᠯ ᠠᠪᠤᠭᠰᠠᠨ ᠦᠭᠡᠢ ᠵᠡᠷᠭᠡ ᠲᠡᠦᠬᠡᠨ ᠦᠯᠡᠳᠡᠭᠳᠡᠯ ᠠᠰᠠᠭᠤᠳᠠᠯ ᠤᠳ ᠢ ᠪᠦᠲᠦᠮᠵᠢᠲᠡᠢ | ᠰᠢᠢᠳᠪᠦᠷᠢᠯᠡᠪᠡ᠃ ᠪᠠᠶᠢᠰᠢᠩ ᠭᠡᠷ ᠤᠨ ᠲᠣᠭᠤᠷᠢᠭ ᠤᠨ 4496 ᠡᠷᠦᠬᠡ᠂ ᠮᠠᠯᠵᠢᠬᠤ ᠲᠠᠷᠢᠶᠠᠯᠠᠬᠤ ᠣᠷᠣᠨ ᠤ | 8593 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠵᠠᠰᠠᠪᠠ᠃ ᠬᠤᠲᠠ ᠶᠢᠨ ᠬᠠᠮᠢᠶᠠᠷᠤᠯᠲᠠ | ᠶᠢᠨ ᠪᠠᠶᠢᠭᠤᠯᠤᠮᠵᠢ ᠶᠢᠨ ᠵᠣᠬᠢᠴᠠᠮᠵᠢ ᠶᠢ ᠡᠳᠦᠷ ᠢᠷᠡᠬᠦᠶ᠎ᠡ ᠲᠡᠭᠦᠯᠳᠡᠷᠵᠢᠭᠦᠯᠦᠨ᠂ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ | ᠢᠯᠡᠷᠬᠡᠶ ᠪᠠᠭᠠᠰᠬᠠᠨ᠂ ᠨᠡᠮᠡᠭᠳᠡᠬᠦ ᠶᠢ ᠪᠦᠲᠦᠮᠵᠢᠲᠡᠶ ᠬᠤᠷᠢᠭᠯᠠᠪᠠ᠃ ᠤᠯᠠᠭᠠᠨᠪᠤᠳᠤᠩ᠂ ᠪᠠᠶᠠᠨᠴᠠᠭᠠᠨ᠂ ᠳᠠᠯᠠᠶᠢᠨᠠᠭᠤᠷ᠂ | ᠲᠦᠩ ᠰᠢᠩ᠂ ᠭᠠᠯᠳᠠᠰᠤᠳᠠᠢ ᠷᠠᠰᠢᠶᠠᠨ ᠵᠡᠷᠭᠡ ᠵᠢᠭᠤᠯᠴᠢᠯᠠᠯ ᠤᠨ ᠵᠠᠰᠠᠮᠠᠯ ᠵᠠᠮ ᠳᠠᠭᠠᠤ ᠣᠨᠴᠠᠯᠢᠭᠲᠤ ᠬᠤᠲᠠ | ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠱᠠᠲᠤ ᠳᠠᠷᠠᠭᠠᠯᠠᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠱᠠᠲᠤᠴᠢ ᠴᠢᠨᠠᠷᠲᠠᠶ ᠦᠷ᠎ᠡ ᠪᠦᠲᠦᠭᠡᠯ ᠣᠯᠪᠠ᠃ ᠵᠠᠮ | ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠳᠤ 97.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | ᠵᠠᠰᠠᠮᠠᠯ ᠵᠠᠮ᠂ ᠲᠡᠮᠦᠷ ᠵᠠᠮ᠂ ᠨᠢᠰᠬᠡᠯ ᠤᠨ ᠪᠠᠭᠤᠳᠠᠯ ᠤᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠤᠷ | ᠰᠦᠯᠵᠢᠶ᠎ᠡ ᠶᠢ ᠠᠯᠬᠤᠮ ᠠᠯᠬᠤᠮ ᠢᠶᠠᠷ ᠪᠦᠷᠢᠯᠳᠦᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠤᠲᠤᠭ ᠤᠨ ᠰᠤᠷᠲᠠᠯ | ᠤᠨ ᠪᠣᠯᠪᠠᠰᠤᠨ ᠤ ᠪᠠᠶᠢᠭᠤᠯᠤᠯᠲᠠ ᠶᠢ ᠣᠯᠠᠮ ᠴᠢᠩᠭᠠᠷᠠᠭᠤᠯᠪᠠ᠃ | ᠲᠠᠪᠤᠨ ᠵᠢᠯ ᠤᠨ ᠲᠤᠷᠰᠢ᠂ ᠪᠢᠳᠠ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ | ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ ︽ᠭᠤᠷᠪᠠᠨ ᠣᠷᠣᠨ ᠭᠤᠷᠪᠠᠨ | ᠱᠤᠭᠤᠮ︾ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠬᠠᠮᠠᠭᠠᠯᠠᠵᠤ ᠨᠡᠭᠡᠭᠡᠨ ᠬᠥᠭᠵᠢᠭᠦᠯᠬᠦ ᠵᠠᠭᠠᠭ | ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶ ᠪᠣᠯᠭᠠᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠪᠡ᠃ ᠠᠮᠢ ᠠᠬᠤᠶ ᠶᠢᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ | ᠳᠤ ᠨᠡᠶᠢᠲᠡ 9.86 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠡᠪᠴᠢᠶᠡᠵᠢᠭᠰᠡᠨ ᠣᠶ ᠰᠢᠭᠤᠶ ᠶᠢᠨ | ᠲᠠᠯᠠᠪᠠᠶ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ | ᠪᠡᠯᠴᠢᠭᠡᠷ ᠢ ᠰᠡᠷᠭᠦᠭᠡᠬᠦ ᠵᠡᠷᠭᠡ ᠲᠥᠷᠥᠯ ᠵᠦᠶᠯ ᠢ ᠦᠷᠭᠦᠯᠵᠢᠯᠡᠨ ᠬᠡᠷᠡᠭᠵᠢᠭᠦᠯᠵᠦ᠂ ᠰᠢᠨ᠎ᠡ ᠪᠠᠷ ᠨᠡᠮᠡᠭᠳᠡᠭᠰᠡᠨ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ 57.8 ᠲᠦᠮᠡᠨ ᠮᠥ ᠳᠤ ᠬᠦᠷᠴᠦ᠂ ᠣᠶ ᠰᠢᠭᠤᠶ ᠶᠢᠨ | ᠪᠦᠷᠬᠦᠴᠡ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 2015 ᠣᠨ ᠤ ᠬᠢ ᠠᠴᠠ | ᠲᠣᠰ ᠲᠣᠰ 0.98 ᠪᠠ 7.2 ᠵᠠᠭᠤᠨ ᠤ ᠨᠢᠭᠡᠴᠢ ᠳᠡᠭᠡᠭᠰᠢᠯᠡᠪᠡ᠃ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠳᠦᠷᠢᠮ ᠢ ᠭᠦᠨᠵᠡᠭᠡᠢ ᠬᠡᠷᠡᠭᠵᠢᠭᠦᠯᠵᠦ᠂ ᠳᠠᠯᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢ | ᠴᠡᠭᠴᠡᠯᠡᠬᠦ ᠪᠠ ᠵᠠᠰᠠᠨ ᠰᠡᠷᠭᠦᠭᠡᠬᠦ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠪᠠ᠃ ᠠᠭᠠᠷ ᠮᠠᠨᠳᠠᠯ᠂ ᠤᠰᠤ᠂ | ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠠᠵᠢᠯᠯᠠᠭ᠎ᠠ ᠱᠠᠳᠤᠴᠢ ᠴᠢᠨᠠᠷᠲᠠᠢ ᠦᠷ᠎ᠡ | ᠪᠦᠲᠦᠭᠡᠯ ᠤᠯᠪᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠠᠬᠢᠭᠤᠯᠵᠤ᠂ ᠡᠵᠡᠭᠦᠶ ᠠᠭᠤᠷᠬᠠᠶ ᠶᠢ ᠰᠡᠷᠭᠦᠭᠡᠨ ᠵᠠᠰᠠᠬᠤ᠂ ᠲᠠᠯ᠎ᠠ ᠨᠤᠲᠤᠭ ᠤᠨ ᠵᠢᠭᠤᠯᠴᠢᠯᠠᠯ ᠤᠨ ᠲᠥᠷᠥᠯ ᠵᠦᠶᠯ | ᠢ ᠵᠢᠷᠤᠮᠵᠢᠭᠤᠯᠤᠨ ᠴᠡᠭᠴᠡᠯᠡᠨ ᠵᠠᠰᠠᠭᠰᠠᠨ ᠦᠷ᠎ᠡ ᠪᠦᠲᠦᠮᠵᠢ ᠢᠯᠡᠷᠬᠡᠢ᠂ ᠪᠥᠬᠦ ᠬᠤᠰᠢᠭᠤᠨ ᠤ ᠠᠮᠢ ᠠᠬᠤᠶ ᠶᠢᠨ | ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ | ᠲᠠᠪᠤᠨ ᠵᠢᠯ ᠤᠨ ᠲᠤᠷᠰᠢ᠂ ᠪᠢᠳᠠ ᠨᠡᠭᠡᠭᠡᠯᠲᠡᠲᠦ ᠬᠥᠭᠵᠢᠯᠲᠡ ᠶᠢ ᠪᠠᠷᠢᠮᠲᠠᠯᠠᠵᠤ᠂ ᠰᠢᠨ᠎ᠡ ᠬᠠᠭᠤᠴᠢᠨ | ᠬᠥᠳᠡᠯᠭᠡᠭᠴᠢ ᠡᠨᠧᠷᠭᠢ ᠶᠢᠨ ᠰᠣᠯᠢᠭᠳᠠᠯ ᠦᠷᠭᠦᠯᠵᠢᠯᠡᠨ ᠴᠢᠩᠭᠠᠷᠠᠪᠠ᠃ ᠠᠵᠤ ᠠᠬᠤᠶ᠂ ᠨᠡᠶᠢᠭᠡᠮ᠂ ᠠᠮᠢ ᠠᠬᠤᠶ | ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠵᠠᠰᠠᠭ ᠤᠨ | ᠣᠷᠳᠣᠨ ᠤ ᠪᠠᠶᠢᠭᠤᠯᠤᠮᠵᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠣᠶ | ᠰᠢᠭᠤᠶ ᠶᠢᠨ ᠲᠠᠯᠠᠪᠠᠶ ᠵᠡᠷᠭᠡ ᠶᠢᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠂ ᠮᠠᠯᠵᠢᠬᠤ | ᠲᠠᠷᠢᠶᠠᠯᠠᠬᠤ ᠣᠷᠣᠨ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠮᠵᠢ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠡᠷᠭᠡ ᠲᠤᠰᠬᠠᠶ ᠲᠦᠷᠦᠯ ᠤᠨ ᠥᠭᠡᠷᠡᠴᠢᠯᠡᠯᠲᠡ ᠶᠢ | ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠭᠦᠨᠵᠡᠭᠡᠢ ᠬᠡᠷᠡᠭᠵᠢᠭᠦᠯᠦᠨ | ᠂ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ ᠨᠡᠶᠢᠳᠡ 1.5 ᠲᠦᠮᠡ ᠬᠦᠷᠪᠡ᠃ ᠪᠥᠬᠦ ᠤᠯᠤᠰ | ᠤᠨ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠵᠤ ᠵᠢᠷᠤᠮᠵᠢᠭᠤᠯᠬᠤ | ᠲᠤᠷᠰᠢᠯᠲᠠ ᠶᠢᠨ ᠠᠵᠢᠯ ᠤᠯᠤᠰ ᠤᠨ ᠬᠢᠨᠠᠨ ᠰᠢᠯᠭᠠᠯᠲᠠ ᠳᠤ ᠠᠮᠵᠢᠯᠳᠠ ᠲᠠᠢ ᠬᠢᠷᠢ ᠲᠡᠩᠴᠡᠪᠡ᠃ ᠭᠤᠷᠪᠠᠨ ᠵᠢᠯ | ᠳᠠᠷᠠᠭᠠᠯᠠᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ︽ᠡᠪᠦᠯ ᠤᠨ ᠠᠵᠢᠯᠯᠠᠭ᠎ᠠ︾ ᠶᠢ ᠥᠷᠨᠢᠭᠦᠯᠦᠨ᠂ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠨᠠᠷᠢᠯᠢᠭ ᠣᠨᠣᠴᠠᠲᠠᠶ ᠪᠠᠷ | ᠠᠷᠠᠯᠵᠢᠶᠠᠴᠢᠨ ᠤᠷᠢᠬᠤ ᠠᠷᠭ᠎ᠠ ᠬᠡᠯᠪᠡᠷᠢ᠂ ᠱᠠᠩᠨᠠᠬᠤ ᠠᠷᠭ᠎ᠠ ᠵᠡᠷᠭᠡ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ | ᠶᠢ ᠡᠭᠦᠳᠦᠨ ᠲᠡᠭᠦᠯᠳᠡᠷᠵᠢᠭᠦᠯᠵᠦ᠂ ᠨᠡᠶᠢᠲᠡ 81 ᠲᠥᠷᠥᠯ ᠵᠦᠶᠯ ᠢ ᠭᠡᠷ᠎ᠡ ᠲᠣᠭᠳᠠᠵᠤ ᠨᠠᠶᠢᠳᠠᠪᠤᠷᠢᠵᠢᠭᠤᠯᠤᠨ᠂ | ᠶᠡᠷᠦᠩᠬᠡᠢ ᠪᠡᠯᠡ ᠣᠷᠣᠭᠤᠯᠤᠯᠲᠠ 221.05 ᠳ᠋ᠦᠩᠰᠢᠭᠤᠷ ᠲᠥᠭᠦᠷᠢᠭ ᠲᠤ ᠬᠦᠷᠪᠡ᠃ | ᠲᠠᠪᠤᠨ ᠵᠢᠯ ᠤᠨ ᠲᠤᠷᠰᠢ᠂ ᠪᠢᠳᠠ ᠬᠥᠭᠵᠢᠯᠲᠡ ᠶᠢ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠰᠠᠶᠢᠵᠢᠷᠠᠪᠠ᠃ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ | ᠵᠠᠷᠤᠯᠭ᠎ᠠ 116.3 ᠳ᠋ᠦᠩᠰᠢᠭᠤᠷ ᠲᠥᠭᠦᠷᠢᠭ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ | ᠬᠤᠭᠤᠴᠠᠭᠠᠨ ᠤ 1.3 ᠳᠠᠬᠢᠨ ᠪᠣᠯᠪᠠ᠃ ᠪᠥᠬᠦ ᠬᠤᠰᠢᠭᠤᠨ ᠤ 12395 ᠡᠷᠦᠬᠡ ᠶᠢᠨ 26952 ᠳᠠᠩᠰᠠ | ᠡᠪᠬᠡᠮᠡᠯ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ | ᠠᠩᠬᠢᠵᠢᠷᠠᠭᠤᠯᠤᠨ᠂ 67 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠬᠦᠴᠢᠷᠳᠡᠯᠳᠡᠢ | ᠨᠡᠷᠡᠰ ᠠᠴᠠ ᠭᠠᠷᠭᠠᠵᠤ᠂ ᠣᠷᠣᠨ ᠤ ᠲᠠᠰ ᠤᠨ ᠶᠠᠳᠠᠭᠤ ᠬᠦᠴᠢᠷᠳᠡᠯᠲᠡᠶ ᠬᠤᠰᠢᠭᠤ ᠶᠢ ᠶᠠᠳᠠᠭᠤ ᠠᠴᠠ | ᠠᠩᠬᠢᠵᠢᠷᠠᠭᠤᠯᠬᠤ ᠠᠵᠢᠯ ᠢ ᠲᠣᠭᠲᠠᠭᠠᠭᠰᠠᠨ ᠬᠤᠭᠤᠴᠠᠭᠠᠨ ᠠᠴᠠ ᠨᠢᠭᠡ ᠵᠢᠯ ᠤᠷᠢᠳᠴᠢᠯᠠᠨ ᠪᠡᠶᠡᠯᠡᠭᠦᠯᠪᠡ᠃ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ | ᠴᠢᠩᠭᠠᠳᠬᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠤᠯᠤᠰ ᠤᠨ | ᠦᠨᠡᠯᠡᠨ ᠵᠢᠱᠢᠵᠦ᠂ ᠬᠢᠨᠠᠨ ᠰᠢᠯᠭᠠᠬᠤ ᠠᠵᠢᠯ ᠳᠤ ᠬᠢᠷᠢ ᠲᠡᠩᠴᠡᠵᠦ᠂ ᠳᠤᠮᠳᠠᠳᠤ ᠰᠤᠷᠭᠠᠭᠤᠯᠢ ᠶᠢᠨ ᠲᠡᠭᠦᠰᠬᠦ | ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠲᠠᠪᠤᠨ ᠵᠢᠯ ᠳᠠᠷᠠᠭᠠᠯᠠᠨ ᠪᠦᠬᠦ ᠬᠤᠲᠠ ᠳᠤ ᠨᠢᠭᠡᠳᠦᠭᠡᠷ ᠲᠤ ᠣᠷᠣᠪᠠ᠃ | ᠡᠷᠡᠭᠦᠯ ᠮᠡᠨᠳᠦ ᠶᠢ ᠠᠬᠢᠭᠤᠯᠬᠤ ᠬᠤᠰᠢᠭᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠣᠯᠠᠨ ᠨᠡᠶᠢᠲᠡ ᠶᠢᠨ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ︽ | ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠨᠢᠭᠡᠴᠡ︾ ᠶᠢ | ᠳᠠᠬᠢᠨ ᠬᠢᠨᠠᠬᠤ ᠪᠠ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ | ᠶᠢ ᠦᠨᠡᠯᠡᠨ ᠰᠢᠯᠭᠠᠬᠤ ᠠᠵᠢᠯ ᠳᠤ ᠬᠢᠷᠢ ᠲᠡᠩᠴᠡᠪᠡ᠃ ᠤᠯᠠᠭᠠᠨᠮᠥ᠋ᠴᠢᠷ ᠤᠨ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠲᠣᠭᠯᠠᠯᠲᠠ ᠶᠢ ᠪᠠᠶᠢᠩᠭᠤᠵᠢᠭᠤᠯᠤᠨ ᠥᠷᠨᠢᠭᠦᠯᠪᠡ᠃ ᠳᠤᠮᠳᠠᠳᠤ ᠤᠯᠤᠰ ᠢ ᠲᠦᠷᠢᠮᠡᠬᠡᠶᠢᠯᠡᠭᠰᠡᠨ ᠶᠠᠫᠣᠨ | ᠴᠡᠷᠢᠭ ᠤᠨ ᠮᠤᠰᠢᠭᠠ ᠶᠢᠨ ᠪᠠᠷᠢᠯᠭ᠎ᠠ ᠶᠢᠨ ᠬᠠᠭᠤᠴᠢᠨ ᠪᠠᠭᠤᠷᠢ ᠨᠢ ᠨᠠᠶᠮᠠᠳᠤᠭᠠᠷ ᠪᠦᠯᠦᠭ ᠤᠨ ᠪᠥᠬᠦ ᠤᠯᠤᠰ ᠤᠨ | ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠡ ᠳᠤ ᠠᠮᠵᠢᠯᠲᠠ ᠲᠠᠢ | ᠰᠣᠩᠭᠤᠭᠳᠠᠪᠠ᠃ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠳᠥᠷᠪᠡᠨ ᠵᠢᠯ ᠳᠠᠷᠠᠭᠠᠯᠠᠨ ᠪᠦᠬᠦ | ᠬᠤᠲᠠ ᠳᠤ ᠨᠢᠭᠡᠳᠦᠭᠡᠷ ᠲᠤ ᠣᠷᠣᠪᠠ᠃ ᠵᠢᠷᠭᠤᠳᠤᠭᠠᠷ ᠪᠦᠯᠦᠭ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠨᠡᠷᠡᠰ ᠲᠤ ᠠᠮᠵᠢᠯᠲᠠ ᠲᠠᠢ ᠳᠡᠪᠰᠢᠪᠡ᠃ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠡᠯ᠎ᠡ ᠲᠦᠷᠦᠯ ᠤᠨ ᠦᠢᠯᠡᠰ ᠴᠥᠮ ᠰᠢᠨ᠎ᠡ ᠰᠢᠪᠲᠤᠯᠤᠯᠲᠠ ᠲᠠᠢ | ᠪᠣᠯᠪᠠ᠃ | ᠲᠠᠪᠤᠨ ᠵᠢᠯ ᠤᠨ ᠲᠤᠷᠰᠢ᠂ ᠪᠢᠳᠡ ᠠᠷᠠᠳ ᠤᠨ ᠲᠥᠯᠥᠭᠡ ᠵᠠᠰᠠᠭ ᠪᠠᠷᠢᠬᠤ ᠶᠢ ᠪᠠᠷᠢᠮᠲᠠᠯᠠᠨ᠂ ᠵᠠᠰᠠᠭ ᠤᠨ | ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠨᠠᠮ ᠤᠨ ᠤᠳᠤᠷᠢᠳᠤᠯᠭ᠎ᠠ ᠶᠢ | ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠶᠢ ᠢᠮᠠᠭᠳᠠ ᠪᠠᠷᠢᠮᠲᠠᠯᠠᠨ᠂ ᠳᠡᠭᠡᠳᠦ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ᠂ | ᠰᠠᠨᠠᠯ ᠢ 257 ᠬᠤᠪᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 183 | ᠬᠤᠪᠢ ᠭᠦᠢᠴᠡᠳᠬᠡᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠ ︽ᠭᠤᠷᠪᠠᠨ ᠴᠢᠬᠤᠯᠠ | ᠨᠢᠭᠡ ᠶᠡᠭᠡ︾ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠠ ᠬᠢᠨᠠᠨ | ᠪᠣᠳᠣᠯᠲᠠ ᠪᠠᠷ ᠬᠢᠨᠠᠬᠤ ᠶᠢ ᠲᠠᠰᠤᠷᠠᠯᠲᠠ ᠦᠭᠡᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠥᠩᠭᠦ ᠶᠢ 12.1 | ᠳ᠋ᠦᠩᠰᠢᠭᠤᠷ ᠲᠥᠭᠦᠷᠢᠭ ᠬᠢᠨᠠᠨ ᠬᠠᠰᠤᠭᠰᠠᠨ ᠪᠠ ᠠᠷᠪᠢᠯᠠᠵᠤ᠂ ᠭᠤᠷᠪᠠᠨ ᠠᠯᠪᠠᠨ ᠵᠠᠷᠤᠳᠠᠯ ᠤᠨ ᠵᠠᠷᠤᠯᠭ᠎ᠠ ᠵᠢᠯ | ᠳᠠᠷᠠᠭᠠᠯᠠᠨ ᠠᠬᠢᠨ ᠬᠠᠰᠤᠭᠳᠠᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ | ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠤᠷᠢᠨ ᠪᠠᠶᠢᠴᠠᠭᠠᠯᠲᠠ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ | ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠲᠤᠰᠬᠠᠶ ᠴᠡᠭᠴᠡᠯᠡᠨ | ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ | ᠪᠤᠳᠤᠯᠢᠶᠠᠨᠲᠠᠶ ᠪᠠᠶᠢᠳᠠᠯ ᠢ ᠠᠷᠭᠠᠴᠠᠭᠠᠬᠤ᠂ ᠪᠣᠳᠠᠲᠠᠶ ᠬᠦᠴᠢᠷᠳᠡᠯ ᠢ ᠰᠢᠶᠳᠪᠦᠷᠢᠯᠡᠬᠦ᠂ ᠨᠡᠶᠢᠭᠡᠮ ᠵᠢᠷᠤᠮᠲᠤ | ᠣᠳᠣᠬᠢᠴᠢᠯᠠᠯᠲᠠ ᠶᠢ ᠪᠥᠲᠥᠭᠡᠨ ᠪᠠᠶᠢᠭᠤᠯᠬᠤ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠪᠡ᠃ | ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠠᠵᠤ | ᠠᠬᠤᠶ ᠶᠢᠨ ᠪᠠᠶᠢᠳᠠᠯ ᠤᠨ ᠡᠮᠦᠨ᠎ᠡ᠂ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠵᠥᠷᠢᠶ᠎ᠡ ᠪᠠ ᠳᠤᠲᠠᠭᠤᠳᠠᠯ ᠤᠨ | ᠡᠮᠦᠨ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠰᠢᠯᠭᠠᠯᠲᠠ ᠶᠢᠨ ᠡᠮᠦᠨ᠎ᠡ᠂ ᠪᠢᠳᠡ | ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠡᠷᠡᠮᠡᠬᠡᠶᠢᠯᠡᠨ | ᠤᠷᠤᠭᠰᠢᠯᠠᠵᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠡᠷᠭᠡ ᠠᠯᠢ ᠣᠯᠠᠨ ᠪᠡᠷᠬᠡ ᠪᠣᠭᠤᠮᠲᠠ ᠶᠢ ᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ | ᠪᠣᠬᠢᠷᠲᠤᠯ ᠢ ᠰᠡᠷᠭᠡᠶᠢᠯᠡᠨ ᠵᠠᠰᠠᠬᠤ᠂ ᠵᠠᠰᠠᠭ ᠤᠨ ᠣᠷᠳᠤᠨ ᠤ ᠦᠷᠢ ᠥᠭᠴᠡᠭᠡ ᠶᠢ ᠠᠷᠢᠯᠭᠠᠬᠤ ᠵᠡᠷᠭᠡ ᠬᠠᠲᠠᠭᠤ | ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠰᠢᠨ᠎ᠡ ᠪᠠᠶᠢᠳᠠᠯ ᠢ ᠡᠭᠦᠳᠴᠦ᠂ ᠰᠢᠨ᠎ᠡ ᠳᠡᠭᠲᠡᠷ ᠲᠤ ᠭᠠᠷᠪᠠ᠃ ᠡᠳᠡᠭᠡᠷ ᠠᠮᠵᠢᠯᠲᠠ ᠶᠢ | ᠣᠯᠤᠭᠰᠠᠨ ᠨᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ | ᠰᠢᠢᠳᠪᠦᠷᠢᠲᠦ ᠪᠣᠳᠣᠯᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ᠂ ᠪᠦᠬᠦ | ᠬᠤᠰᠢᠭᠤᠨ ᠤ ᠠᠷᠠᠳ ᠲᠦᠮᠡᠨ ᠤ ᠪᠦᠯᠬᠦᠮᠳᠡᠯ ᠲᠡᠮᠡᠴᠡᠯ ᠪᠠ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ | ᠳᠡᠮᠵᠢᠯᠭᠡ ᠠᠴᠠ ᠪᠣᠯᠤᠭᠰᠠᠨ ᠶᠤᠮ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠵᠦ᠂ ᠪᠦᠬᠦ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠦ | ᠶᠢᠨ ᠵᠥᠪᠯᠡᠯᠭᠡᠨ ᠤ ᠭᠡᠰᠢᠭᠦᠨ᠂ ᠬᠡᠰᠢᠭᠲᠡᠨ ᠬᠤᠰᠢᠭᠤᠨ ᠤ ᠥᠭᠡᠷᠡᠴᠢᠯᠡᠯᠲᠡ᠂ ᠬᠥᠭᠵᠢᠯᠲᠡ᠂ ᠪᠦᠲᠦᠭᠡᠨ | ᠪᠠᠶᠢᠭᠤᠯᠤᠯᠲᠠ ᠶᠢ ᠬᠠᠯᠠᠮᠵᠢᠯᠠᠵᠤ᠂ ᠳᠠᠮᠵᠢᠵᠤ᠂ ᠣᠷᠣᠯᠴᠠᠭᠰᠠᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ | ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | | | | |