| | ᠠᠶᠤᠯ ᠲᠦᠭᠰᠢᠭᠦᠷᠢ ᠶᠢ ᠤᠷᠢᠳᠠᠪᠡᠷ ᠪᠣᠳᠣᠯᠬᠢᠯᠠᠪᠠᠯ ᠰᠠᠶ᠋ᠢ ᠠᠮᠤᠷ ᠲᠦᠪᠰᠢᠨ ᠠᠮᠢᠳᠤᠷᠠᠵᠤ᠂ ᠵᠤᠪᠠᠨᠢᠨ | ᠰᠠᠨᠠᠭᠠᠰᠢᠷᠠᠬᠤ ᠶᠢ ᠮᠡᠳᠡᠪᠡᠯ ᠰᠠᠶ᠋ᠢ ᠬᠦᠴᠢᠷ ᠪᠡᠷᠬᠡᠰᠢᠶᠡᠯ ᠢ ᠢᠯᠠᠨ ᠳᠠᠪᠠᠵᠤ ᠴᠢᠳᠠᠨ᠎ᠠ᠃ ᠬᠥᠭᠵᠢᠯᠲᠡ ᠶᠢᠨ ᠳᠤᠮᠳᠠ | ᠪᠠᠰᠠ ᠵᠠᠷᠢᠮ ᠣᠮᠲᠣᠭᠠᠶᠢᠯᠠᠵᠤ ᠪᠣᠯᠤᠰᠢ ᠦᠭᠡᠢ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠪᠢᠳᠡ | ᠰᠡᠷᠭᠡᠭ ᠢᠶᠠᠷ ᠲᠠᠨᠢᠵᠤ ᠤᠯᠪᠠ᠃ ᠨᠢᠭᠡ ᠳᠤ ᠭᠤᠤᠯᠯᠠᠬᠤ ᠠᠵᠤ ᠦᠶᠯᠡᠰ ᠤᠨ ᠲᠥᠪᠯᠡᠷᠡᠯ ᠤᠨ ᠬᠡᠮᠵᠢᠶ᠎ᠡ ᠳᠣᠤᠷ᠎ᠠ᠂ | ᠠᠵᠤ ᠦᠶᠯᠡᠰ ᠤᠨ ᠬᠡᠯᠬᠢᠶ᠎ᠡ ᠣᠬᠤᠷ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠴᠢᠩᠭ᠎ᠠ ᠪᠢᠰᠢ᠂ ᠢᠯᠠᠩᠭᠤᠶ᠎ᠠ | ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠬᠡᠰᠡᠭ ᠠᠵᠤ ᠠᠬᠤᠶᠢᠯᠠᠯ ᠬᠤᠪᠢᠷᠠᠭᠤᠯᠬᠤ ᠪᠠ ᠳᠠᠪᠰᠢᠬᠤ ᠶᠢ | ᠵᠡᠷᠭᠡ ᠪᠠᠷ ᠴᠢᠬᠤᠯᠠᠴᠢᠯᠠᠬᠤ᠂ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ ︽ᠬᠤᠤᠰ︾ ᠡᠭᠦᠷᠭᠡ | ᠡᠭᠦᠷᠭᠡᠯᠡᠵᠦ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠤᠷᠤᠭᠤᠳᠠᠯ ᠢ ᠬᠤᠷᠢᠭᠯᠠᠬᠤ᠂ ᠨᠡᠮᠡᠭᠳᠡᠯ ᠢ | ᠲᠣᠭᠳᠠᠪᠤᠷᠢᠵᠢᠭᠤᠯᠬᠤ ︽ᠬᠤᠤᠰ︾ ᠳᠠᠷᠤᠯᠲᠠ ᠳᠤ ᠲᠤᠯᠭᠠᠷᠠᠵᠤ ᠪᠠᠶᠢᠨ᠎ᠠ᠃ ᠬᠤᠶᠠᠷ ᠲᠤ ᠡᠯ᠎ᠡ ᠲᠥᠷᠥᠯ ᠤᠨ | ᠵᠥᠷᠢᠴᠡᠯ ᠰᠣᠯᠪᠢᠴᠠᠨ ᠳᠠᠪᠬᠤᠴᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠬᠦ | ᠲᠣᠪᠣᠶᠢᠮ᠎ᠠ ᠪᠠᠶᠢᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠡᠷᠭᠡ ᠠᠵᠢᠯ ᠨᠠᠩ ᠶᠡᠭᠡ ᠳᠠᠷᠤᠯᠲᠠ ᠳᠤ ᠲᠤᠯᠭᠠᠷᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ᠃ ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠬᠦᠷᠦᠯᠴᠡᠬᠦ ᠦᠭᠡᠢ᠂ ᠡᠯ᠎ᠡ ᠬᠦᠷᠢᠶᠡᠨ ᠤ | ᠴᠢᠳᠠᠪᠤᠷᠢᠲᠠᠨ ᠤ ᠳᠤᠲᠠᠭᠤᠳᠠᠯ ᠨᠡᠯᠢᠶᠡᠳ ᠶᠡᠭᠡ᠂ ᠳᠡᠭᠡᠳᠦ ᠲᠡᠰ ᠤᠨ ᠴᠢᠳᠠᠪᠤᠷᠢᠲᠠᠨ ᠡᠯᠰᠡᠬᠦ ᠳᠤ ᠬᠦᠴᠢᠷ᠂ | ᠬᠥᠮᠦᠵᠢᠭᠦᠯᠬᠦ ᠳᠤ ᠬᠦᠴᠢᠷ᠂ ᠦᠯᠡᠳᠡᠭᠡᠬᠦ ᠳᠤ ᠬᠦᠴᠢᠷ ᠠᠰᠠᠭᠤᠳᠠᠯ ᠲᠤᠪᠤᠶᠢᠮ᠎ᠠ ᠪᠠᠶᠢᠵᠤ᠂ ᠳᠣᠲᠣᠭᠠᠳᠤ ᠳᠠᠭᠠᠨ | ᠲᠠᠯᠳᠡ ᠬᠦᠴᠦᠨ ᠢ ᠠᠭᠤᠳᠠᠯᠬᠤ᠂ ᠭᠠᠳᠠᠭᠰᠢ ᠪᠠᠨ ᠡᠬᠢ ᠰᠤᠷᠪᠤᠯᠵᠢ ᠶᠢ ᠥᠷᠭᠡᠳᠬᠡᠬᠦ ᠳᠤ ᠪᠠᠰᠠ ᠵᠡᠷᠭᠡᠪᠡᠷ | ᠬᠦᠴᠦᠯᠡᠬᠦ ᠴᠢᠬᠤᠯᠠᠲᠠᠢ ᠪᠠᠶᠢᠨ᠎ᠠ᠃ ᠲᠦᠷᠪᠡ ᠳᠤ ᠵᠠᠰᠠᠭ ᠤᠨ ᠣᠷᠳᠣᠨ ᠤ ᠡᠷᠬᠡ ᠲᠤᠰᠢᠶᠠᠯ ᠤᠨ ᠬᠤᠪᠢᠷᠠᠭᠤᠯᠤᠯᠲᠠ | ᠶᠢᠨ ᠴᠠᠭ ᠦᠶ᠎ᠡ ᠯᠦᠭᠡ ᠵᠡᠷᠭᠡ ᠪᠠᠷ ᠤᠷᠤᠭᠰᠢᠯᠠᠬᠤ ᠲᠠᠯ᠎ᠠ ᠪᠠᠷ ᠪᠠᠰᠠ ᠬᠦᠷᠦᠯᠴᠡᠬᠦ ᠦᠭᠡᠢ ᠪᠠᠶᠢᠵᠤ᠂ ᠣᠨᠴᠠ ᠵᠠᠷᠢᠮ | ᠭᠠᠵᠠᠷ ᠣᠷᠣᠨ ᠪᠠ ᠰᠠᠯᠠᠭ᠎ᠠ ᠮᠥᠴᠢᠷ ᠤᠨ ᠰᠢᠨ᠎ᠡ ᠶᠢ ᠡᠭᠦᠳᠬᠦ ᠤᠬᠠᠮᠰᠠᠷ᠂ ᠡᠭᠦᠷᠭᠡᠯᠡᠬᠦ ᠤᠬᠠᠮᠰᠠᠷ ᠴᠢᠩᠭ᠎ᠠ ᠪᠢᠰᠢ᠂ | ᠠᠵᠢᠯ ᠬᠢᠵᠦ ᠦᠢᠯᠡᠰ ᠴᠣᠭᠴᠠᠯᠠᠬᠤ ᠠᠭᠤᠷ ᠠᠮᠢᠰᠬᠤᠯ ᠥᠷᠨᠢᠭᠦᠨ ᠪᠢᠰᠢ᠂ ᠠᠵᠢᠯ ᠶᠠᠪᠤᠳᠠᠯ ᠪᠦᠲᠦᠭᠡᠬᠦ ᠦᠷ᠎ᠡ | ᠪᠦᠲᠦᠮᠵᠢ ᠪᠠ ᠬᠤᠳᠠᠯᠳᠤᠭ᠎ᠠ ᠡᠵᠡᠩᠨᠡᠬᠦ ᠦᠢᠯᠡᠴᠢᠯᠡᠭᠡ ᠭᠦᠢᠴᠡᠳ ᠪᠢᠰᠢ᠂ ᠬᠥᠭᠵᠢᠯᠲᠡ ᠶᠢ ᠲᠦᠯᠬᠢᠨ ᠠᠬᠢᠭᠤᠯᠬᠤ | ᠦᠵᠦ ᠲᠥᠯᠥᠪᠯᠡᠭᠡ᠂ ᠰᠢᠰᠲ᠋ᠧᠮ ᠲᠠᠢ ᠰᠦᠪᠡᠭᠴᠢᠯᠡᠯ ᠪᠠ ᠪᠡᠷᠬᠡ ᠰᠡᠳᠦᠪ ᠢ ᠰᠢᠢᠳᠪᠦᠷᠢᠯᠡᠬᠦ ᠴᠢᠳᠠᠪᠤᠷᠢ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠭᠦᠨ ᠳᠤ᠂ ᠪᠢᠳᠠ ᠵᠥᠷᠢᠴᠡᠯ ᠠᠰᠠᠭᠤᠳᠠᠯ ᠳᠤ ᠰᠢᠭᠤᠳ | ᠨᠢᠭᠤᠷᠳᠠᠨ᠂ ᠵᠠᠩᠭᠢᠯᠠᠭ᠎ᠠ ᠶᠢ ᠨᠢ ᠣᠨᠣᠪᠴᠢᠲᠠᠢ ᠣᠯᠵᠤ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠂ | ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠬᠡᠮᠵᠢᠶ᠎ᠡ ᠠᠪᠴᠤ᠂ ᠨᠡᠩ ᠡᠷᠡᠰ ᠪᠠᠲᠤ ᠣᠪᠣᠷ ᠪᠠ ᠨᠡᠩ ᠬᠦᠴᠦᠲᠡᠢ | ᠠᠷᠭ᠎ᠠ ᠬᠡᠮᠵᠢᠶ᠎ᠡ ᠪᠠᠷ ᠪᠦᠬᠦ ᠲᠠᠯ᠎ᠠ ᠪᠠᠷ ᠰᠢᠢᠳᠪᠦᠷᠢᠯᠡᠬᠦ ᠪᠤᠯᠤᠨ᠎ᠠ᠃ | ᠲᠥᠯᠥᠭᠡᠯᠡᠭᠴᠢᠳ ᠡ᠂ ︽ᠠᠷᠪᠠᠨ ᠭᠤᠷᠪᠠᠳᠤᠭᠠᠷ ᠲᠠᠪᠤᠨ ᠵᠢᠯ︾ ᠲᠡᠭᠦᠰ ᠠᠮᠵᠢᠯᠲᠠ ᠲᠠᠢ ᠦᠨᠳᠦᠷᠯᠡᠵᠦ᠂ | ᠥᠨᠥᠳᠦᠷ ᠤᠨ ᠬᠡᠰᠢᠭᠲᠡᠨ ᠬᠤᠰᠢᠭᠤ ᠨᠢᠭᠡᠨᠲᠡ ᠲᠡᠦᠬᠡ ᠶᠢᠨ ᠰᠢᠨ᠎ᠡ ᠭᠠᠷᠤᠭᠠᠨ ᠳᠡᠭᠡᠷ᠎ᠡ ᠵᠣᠭᠰᠣᠯ᠎ᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠮᠥᠨ ᠴᠦ ᠬᠡᠰᠢᠭᠲᠡᠨ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠪᠣᠬᠢᠷᠲᠤᠯ ᠥᠬᠡᠶ | ᠳᠠᠪᠠᠯᠲᠠ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ︽ᠤᠯᠤᠰ ᠠᠷᠠᠳ ᠤᠨ ᠠᠵᠤ | ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ | 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠡᠰᠢᠭᠲᠡᠨ ᠬᠤᠰᠢᠭᠤᠨ ᠤ ᠬᠤᠷᠢᠶ᠎ᠠ ᠶᠢᠨ ᠰᠠᠨᠠᠭᠤᠯᠭ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠢᠳᠡ ︽ | ᠬᠡᠰᠢᠭᠲᠡᠨ ᠤ ᠲᠦᠷᠪᠡᠨ︾ ᠭᠤᠤᠯᠳᠠᠯᠭ᠎ᠠ ᠲᠠᠢ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠨ᠎ᠡ᠂ | ᠳᠠᠷᠤᠶ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠦᠵᠡᠰᠬᠦᠯᠡᠩᠲᠦ ᠰᠠᠶᠢᠬᠠᠨ | ᠬᠡᠰᠢᠭᠲᠡᠨ ᠢ ᠪᠥᠲᠥᠭᠡᠨ ᠪᠠᠶᠢᠭᠤᠯᠤᠨ᠎ᠠ︔ ᠨᠡᠷᠡᠲᠦ ᠲᠡᠮᠳᠡᠭ ᠢ ᠳᠡᠭᠡᠭᠰᠢᠯᠡᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ | ᠴᠢᠨᠠᠷ ᠴᠢᠨᠰᠠᠭ᠎ᠠ ᠲᠠᠢ ᠬᠡᠰᠢᠭᠲᠡᠨ ᠢ ᠪᠦᠲᠦᠭᠡᠨ ᠪᠠᠶᠢᠭᠤᠯᠤᠨ᠎ᠠ︔ ᠰᠣᠶᠣᠯ ᠢᠶᠠᠷ ᠬᠤᠰᠢᠭᠤ ᠪᠠᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠳᠣᠪᠣᠶᠢᠯᠭᠠᠵᠤ᠂ ᠨᠡᠷᠡᠲᠦ ᠬᠡᠰᠢᠭᠲᠡᠨ ᠢ ᠪᠦᠲᠦᠭᠡᠨ ᠪᠠᠶᠢᠭᠤᠯᠤᠨ᠎ᠠ︔ ᠠᠷᠠᠳ ᠲᠦᠮᠡᠨ ᠤ | ᠠᠵᠠ ᠵᠢᠷᠭᠠᠯ ᠢ ᠨᠡᠮᠡᠭᠳᠡᠭᠦᠯᠬᠦ ᠵᠠᠩᠭᠢᠯᠠᠭ᠎ᠠ ᠶᠢ ᠡᠵᠡᠮᠳᠡᠵᠦ᠂ ᠵᠣᠯ ᠵᠢᠷᠭᠠᠯᠲᠤ ᠬᠡᠰᠢᠭᠲᠡᠨ ᠢ ᠪᠦᠲᠦᠭᠡᠨ ᠪᠠᠶᠢᠭᠤᠯᠤᠨ᠎ᠠ᠃ | ᠳᠣᠣᠷᠠᠬᠢ ᠶᠢᠰᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ | ︵ᠨᠢᠭᠡ︶ ᠠᠮᠢ ᠠᠬᠤᠢ ᠶᠢ ᠤᠷᠢᠳ ᠢᠶᠠᠷ ᠬᠥᠭᠵᠢᠭᠦᠯᠬᠦ ᠲᠣᠭᠲᠠᠯ ᠬᠦᠴᠦᠨ ᠢ ᠪᠠᠲᠤᠯᠠᠵᠤ᠂ ᠪᠣᠬᠢᠷᠲᠤᠯ | ᠦᠭᠡᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠪᠣᠬᠢᠷᠲᠤᠯ ᠦᠭᠡᠢ ᠠᠮᠢ ᠠᠬᠤᠢ ᠪᠤᠯ ᠬᠠᠮᠤᠭ ᠤᠨ ᠡᠷᠭᠢᠮ ᠨᠠᠨᠳᠢᠨ ᠵᠤᠶᠢᠯ ᠮᠦᠨ | ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ | ᠬᠠᠮᠠᠭᠠᠯᠠᠵᠤ ᠨᠡᠭᠡᠭᠡᠨ ᠬᠥᠭᠵᠢᠭᠦᠯᠬᠦ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠠᠭᠤᠯᠠ ᠤᠰᠤ ᠣᠶ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ ᠤᠰᠤᠨ ᠤ ᠡᠬᠢ ᠪᠠᠶᠠᠯᠢᠭ ᠤᠨ ᠬᠠᠮᠤᠭ ᠤᠨ | ᠴᠢᠩᠭ᠎ᠠ ᠬᠠᠮᠢᠶᠠᠷᠤᠯᠲᠠ ᠶᠢᠨ ᠲᠦᠷᠢᠮ ᠢ ᠡᠷᠡᠰ ᠬᠡᠷᠡᠭᠵᠢᠭᠦᠯᠦᠨ᠂ ᠠᠮᠢ ᠠᠬᠤᠶ ᠣᠷᠴᠢᠨ ᠲᠣᠭᠤᠷᠢᠨ ᠢ ᠡᠪᠳᠡᠬᠦ | ᠡᠯ᠎ᠡ ᠲᠥᠷᠥᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠥᠮᠦᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠩᠭᠤᠶ ᠪᠠᠷ ᠬᠠᠮᠲᠤ ᠣᠷᠣᠰᠢᠬᠤ ᠠᠮᠢ ᠠᠬᠤᠶ ᠶᠢᠨ ᠪᠣᠯᠪᠠᠰᠤᠨ ᠤ ᠰᠢᠰᠲ᠋ᠧᠮ ᠢ ᠬᠦᠴᠦᠯᠡᠨ ᠪᠠᠶᠢᠭᠤᠯᠵᠤ᠂ | ᠬᠡᠰᠢᠭᠲᠡᠨ ᠬᠤᠰᠢᠭᠤ ᠶᠢ ᠲᠩᠷᠢ ᠨᠢ ᠨᠠᠩ ᠴᠡᠯᠮᠡᠭ᠂ ᠠᠭᠤᠯᠠ ᠨᠢ ᠨᠠᠩ ᠨᠣᠭᠤᠭᠠᠨ᠂ ᠤᠰᠤ ᠨᠢ ᠨᠠᠩ ᠲᠤᠩᠭᠠᠯᠠᠭ᠂ | ᠣᠷᠴᠢᠨ ᠲᠣᠭᠤᠷᠢᠨ ᠨᠢ ᠨᠠᠩ ᠦᠵᠡᠰᠬᠦᠯᠡᠩᠲᠦ ᠰᠠᠶᠢᠬᠠᠨ ᠪᠣᠯᠭᠠᠨ᠎ᠠ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ | ᠠᠬᠢᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠲᠤᠭᠲᠠᠯᠴᠠᠭ᠎ᠠ ᠶᠢ ᠬᠦᠴᠦᠯᠡᠨ ᠪᠠᠶᠢᠭᠤᠯᠤᠨ᠎ᠠ᠃ ︽ᠠᠮᠢ | ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠪᠣᠬᠢᠷᠲᠤᠯ ᠥᠬᠡᠶ ᠤᠨᠴᠠᠯᠢᠬᠳᠤ ᠲᠥᠷᠥᠯ | ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ︽ᠪᠣᠬᠢᠷᠲᠤᠯ ᠥᠬᠡᠶ᠂ ᠨᠠᠷᠢᠯᠢᠭ᠂ | ᠤᠨᠴᠠᠯᠢᠭᠲᠣ᠂ ᠰᠢᠨ᠎ᠡ︾ ᠰᠢᠨ᠎ᠡ ᠳᠠᠪᠠᠭᠤᠯᠢᠭ ᠢ ᠡᠭᠦᠳᠬᠦ ᠲᠣᠭᠤᠷᠢᠨ ᠳᠤ᠂ ᠣᠲᠣ ᠦᠶ᠎ᠡ ᠶᠢᠨ ᠮᠠᠯ ᠠᠵᠤ ᠠᠬᠤᠶ | ᠲᠠᠷᠢᠶᠠᠯᠠᠩ ᠤᠨ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠠᠵᠤ ᠦᠢᠯᠡᠳᠪᠦᠷᠢ ᠶᠢ ᠰᠢᠯᠢᠳᠡᠭᠵᠢᠭᠦᠯᠦᠨ | ᠳᠡᠰ ᠳᠡᠪᠰᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠲᠡᠮᠦᠷᠯᠢᠭ ᠪᠣᠯᠪᠠᠰᠤᠷᠠᠭᠤᠯᠬᠤ ᠠᠵᠤ | ᠦᠢᠯᠡᠳᠪᠦᠷᠢ ᠶᠢ ᠰᠢᠯᠢᠳᠡᠭᠵᠢᠭᠦᠯᠬᠦ᠂ ᠡᠨᠧᠷᠭᠢ ᠶᠢᠨ ᠠᠵᠤ ᠦᠢᠯᠡᠳᠪᠦᠷᠢ ᠶᠢ ᠬᠦᠴᠦᠷᠬᠡᠭᠵᠢᠭᠦᠯᠬᠦ᠂ ᠬᠢᠮᠢ ᠶᠢᠨ ᠠᠵᠤ | ᠦᠢᠯᠡᠳᠪᠦᠷᠢ ᠶᠢ ᠨᠠᠷᠢᠯᠢᠭᠵᠢᠭᠤᠯᠬᠤ᠂ ᠪᠣᠬᠢᠷᠲᠤᠯ ᠦᠭᠡᠶ ᠢᠳᠡᠭᠡᠨ ᠪᠤᠯᠪᠠᠰᠦᠷᠠᠭᠤᠯᠬᠤ ᠦᠢᠯᠡᠰ ᠢ | ᠠᠮᠢᠳᠤᠯᠢᠭᠵᠢᠭᠤᠯᠬᠤ ᠲᠣᠭᠤᠷᠢᠨ ᠳᠤ ᠣᠳᠣ ᠦᠶ᠎ᠡ ᠶᠢᠨ ᠠᠵᠤ ᠦᠢᠯᠡᠳᠪᠦᠷᠢ ᠶᠢᠨ ᠲᠤᠭᠲᠠᠯᠴᠠᠭ᠎ᠠ ᠶᠢ | ᠲᠦᠷᠭᠡᠳᠬᠡᠨ ᠪᠠᠶᠢᠭᠤᠯᠤᠨ᠎ᠠ᠃ ᠵᠢᠭᠤᠯᠴᠢᠯᠠᠯ ᠤᠨ ᠦᠢᠯᠡᠰ ᠢᠶᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠵᠦ᠂ ᠠᠮᠢ ᠠᠬᠤᠢ ᠶᠢᠨ ᠵᠢᠭᠤᠯᠴᠢᠯᠠᠯ᠂ ᠰᠣᠶᠣᠯ ᠤᠨ ᠵᠢᠭᠤᠯᠴᠢᠯᠠᠯ᠂ ᠰᠡᠯᠡᠭᠦᠴᠡᠯ ᠠᠮᠠᠷᠠᠯᠲᠠ | ᠶᠢᠨ ᠵᠢᠭᠤᠯᠴᠢᠯᠠᠯ ᠤᠨ ᠲᠣᠭᠤᠷᠢᠨ ᠳᠤ ᠵᠢᠭᠤᠯᠴᠢᠯᠠᠯ ᠤᠨ ᠪᠦᠲᠦᠭᠡᠭᠳᠡᠭᠦᠨ ᠢ ᠭᠦᠨᠵᠡᠭᠡᠢ ᠨᠡᠭᠡᠭᠡᠨ ᠬᠥᠭᠵᠢᠭᠦᠯᠵᠦ᠂ | ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ ᠵᠢᠭᠤᠯᠴᠢᠯᠠᠯ ᠤᠨ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ ᠤᠨ ᠣᠯᠠᠨ ᠡᠰᠢᠲᠦ ᠠᠭᠤᠰᠤᠯᠳᠤᠨ ᠬᠥᠭᠵᠢᠬᠦ | ᠰᠢᠨ᠎ᠡ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠲᠣᠭᠠᠴᠢᠯᠠᠭᠰᠠᠨ ᠬᠡᠰᠢᠭᠲᠡᠨ ᠬᠤᠰᠢᠭᠤ ᠶᠢ ᠪᠦᠲᠦᠭᠡᠨ | ᠪᠠᠶᠢᠭᠤᠯᠬᠤ ᠶᠢ ᠭᠦᠨᠵᠡᠭᠡᠢ ᠬᠡᠷᠡᠭᠵᠢᠭᠦᠯᠵᠦ᠂ ᠲᠣᠭᠠᠴᠢᠯᠠᠭᠰᠠᠨ ᠠᠵᠤ ᠦᠢᠯᠡᠰᠵᠢᠯᠲᠡ᠂ ᠠᠵᠤ ᠦᠢᠯᠡᠰ ᠤᠨ | ᠲᠣᠭᠠᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ︽ | ᠠᠵᠤ ᠦᠶᠯᠡᠰ ᠬᠥᠭᠵᠢᠭᠰᠡᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ | ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠴᠢᠨᠡᠭᠡᠯᠢᠭᠵᠢᠭᠰᠡᠨ︾ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ | ᠳᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠬᠢᠭᠡᠳ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠵᠤᠬᠢᠴᠠᠮᠵᠢ᠂ ᠦᠵᠡᠯᠲᠡ᠂ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ | ᠣᠷᠣᠭᠤᠯᠤᠯᠲᠠ ᠵᠡᠷᠭᠡ ᠲᠠᠯ᠎ᠠ ᠪᠠᠷ ᠪᠦᠲᠦᠮᠵᠢᠲᠡᠶ ᠵᠣᠯᠭᠠᠭᠤᠯᠬᠤ ᠶᠢ ᠲᠦᠷᠭᠡᠳᠬᠡᠨ ᠠᠬᠢᠭᠤᠯᠵᠤ᠂ ᠬᠥᠳᠡᠭᠡ | ᠲᠣᠰᠬᠤᠨ ᠤ ᠠᠵᠤ ᠦᠶᠯᠡᠰ᠂ ᠴᠢᠳᠠᠪᠤᠷᠢᠲᠠᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠵᠡᠷᠭᠡ ᠶᠢᠨ | ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠠᠯ ᠠᠵᠤ ᠠᠬᠤᠶ ᠲᠠᠷᠢᠶᠠᠯᠠᠩ ᠤᠨ ᠪᠥᠬᠦ | ᠲᠠᠯ᠎ᠠ ᠪᠠᠷ ᠲᠠᠰ ᠳᠡᠪᠰᠢᠬᠦ᠂ ᠮᠠᠯᠵᠢᠬᠤ ᠲᠠᠷᠢᠶᠠᠯᠠᠬᠤ ᠣᠷᠣᠨ ᠪᠥᠬᠦ ᠲᠠᠯ᠎ᠠ ᠪᠠᠷ ᠳᠠᠪᠰᠢᠬᠤ᠂ ᠮᠠᠯᠴᠢᠨ ᠲᠠᠷᠢᠶᠠᠴᠢᠨ | ᠪᠥᠬᠦ ᠲᠠᠯ᠎ᠠ ᠪᠠᠷ ᠬᠥᠭᠵᠢᠬᠦ ᠶᠢ ᠴᠢᠷᠮᠠᠶᠢᠨ ᠠᠬᠢᠭᠤᠯᠤᠨ᠎ᠠ᠃ | ︵ᠳᠥᠷᠪᠡ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠥᠬᠡᠶ | ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ᠂ ᠴᠢᠳᠠᠪᠤᠷᠢᠲᠠᠨ | ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ | ᠰᠢᠨ᠎ᠡ ᠶᠢ ᠡᠭᠦᠳᠬᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠮᠡᠷᠭᠡᠵᠢᠯ᠂ ᠰᠢᠨ᠎ᠡ | ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠥᠷᠨᠢᠨ ᠬᠥᠭᠵᠢᠬᠦ ᠶᠢ ᠠᠬᠢᠭᠤᠯᠤᠨ᠎ᠠ᠃ ᠴᠢᠳᠠᠪᠤᠷᠢᠲᠠᠨ ᠤ | ᠡᠩᠨᠡᠭᠡ᠂ ᠴᠢᠳᠠᠪᠤᠷᠢᠲᠠᠨ ᠤ ᠣᠶᠤᠨ ᠤ ᠬᠥᠮᠥᠷᠭᠡ ᠪᠠ ᠴᠢᠳᠠᠪᠤᠷᠢᠲᠠᠨ ᠤ ᠠᠴᠢᠶᠠᠯᠠᠪᠤᠷᠢ ᠶᠢᠨ ᠪᠠᠶᠢᠭᠤᠯᠤᠯᠲᠠ ᠶᠢ | ᠦᠨᠡᠨ ᠬᠦ ᠴᠢᠩᠭᠠᠳᠬᠠᠵᠤ᠂ ︽ᠤᠶᠠᠨ ᠴᠢᠨᠠᠷᠲᠠᠶ ᠪᠠᠷ ᠴᠢᠳᠠᠪᠤᠷᠢᠲᠠᠨ ᠤᠷᠢᠬᠤ︾ ᠡᠷᠴᠢᠮ ᠢ ᠲᠠᠰᠤᠷᠠᠯᠲᠠ ᠥᠬᠡᠶ | ᠴᠢᠩᠭᠠᠷᠠᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠬᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠪᠠ ᠴᠢᠳᠠᠪᠤᠷᠢᠲᠠᠨ ᠤ ᠲᠤᠯᠭᠠᠭᠤᠷᠢᠯᠠᠬᠤ ᠦᠶᠯᠡᠳᠦᠯ ᠢ ᠪᠦᠲᠦᠮᠵᠢᠲᠡᠶ ᠴᠢᠩᠭᠠᠷᠠᠭᠤᠯᠤᠨ᠎ᠠ᠃ | ︵ᠲᠠᠪᠤ︶ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ | ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠬᠡᠰᠡᠭ ᠵᠦᠶᠯᠡᠰ | ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠶᠴᠡᠳᠬᠡᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠭᠤᠣᠯ | ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ᠂ ᠡᠷᠦᠬᠡ ᠠᠮᠠ ᠶᠢᠨ ᠬᠠᠷᠢᠶ᠎ᠠ ᠶᠢᠨ ᠳᠦᠷᠢᠮ᠂ ᠡᠳ᠋ ᠤᠨ | ᠵᠠᠰᠠᠭ ᠤᠨ ᠪᠠᠶᠢᠭᠤᠯᠤᠯ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠰᠢᠰᠲ᠋ᠧᠮ᠂ | ᠴᠠᠬᠢᠯᠭᠠᠨ ᠬᠦᠴᠦᠨ ᠤ ᠪᠠᠶᠢᠭᠤᠯᠤᠯ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠥᠭᠵᠢᠯᠲᠡ ᠶᠢ ᠬᠢᠵᠠᠭᠠᠷᠯᠠᠬᠤ ᠬᠦᠴᠦᠨ ᠵᠦᠢᠯ ᠢ ᠪᠦᠬᠦ ᠬᠦᠴᠦᠨ ᠢᠶᠠᠷ ᠢᠶᠠᠨ ᠠᠷᠢᠯᠭᠠᠨ᠎ᠠ᠃ | ᠨᠡᠶᠢᠭᠡᠮ ᠤᠨ ᠢᠲᠡᠭᠡᠮᠵᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ | ᠣᠷᠴᠢᠨ ᠨᠥᠬᠦᠴᠡᠯ᠂ ᠬᠠᠤᠯᠢ ᠪᠠᠷ ᠵᠠᠰᠠᠬᠤ ᠣᠷᠴᠢᠨ ᠨᠥᠬᠦᠴᠡᠯ ᠪᠠ ᠨᠡᠶᠢᠭᠡᠮ ᠤᠨ ᠦᠨᠡᠨᠴᠢ ᠢᠲᠡᠭᠡᠮᠵᠢ ᠶᠢᠨ | ᠣᠷᠴᠢᠨ ᠨᠥᠬᠦᠴᠡᠯ ᠢ ᠲᠠᠰᠤᠷᠠᠯᠳᠠ ᠦᠭᠡᠢ ᠰᠢᠯᠢᠳᠡᠭᠵᠢᠭᠦᠯᠦᠨ᠎ᠡ᠃ | ︵ᠵᠢᠷᠭᠤᠭ᠎ᠠ︶ ᠬᠤᠲᠠ ᠬᠥᠳᠡᠭᠡ ᠶᠢᠨ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠵᠦ᠂ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠴᠢᠷᠮᠠᠶᠢᠨ ᠪᠠᠬᠢᠵᠢᠭᠦᠯᠦᠨ᠎ᠡ᠃ ᠬᠥᠮᠦᠨ | ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠪᠠᠷᠢᠮᠲᠠᠯᠠᠵᠤ᠂ ᠭᠤᠤᠯ ᠬᠤᠲᠠ | ᠲᠣᠭᠤᠷᠢᠭ ᠪᠠ ᠰᠤᠮᠤ ᠰᠢᠶᠠᠩ ᠪᠠᠯᠭᠠᠰᠤ ᠶᠢᠨ ᠰᠠᠭᠤᠭ᠎ᠠ ᠭᠠᠵᠠᠷ ᠤᠨ ᠰᠠᠭᠤᠷᠢ ᠲᠦᠬᠦᠭᠡᠷᠦᠮᠵᠢ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠮᠠᠰᠢᠨ ᠲᠡᠷᠭᠡ ᠰᠡᠯᠪᠢᠨ ᠵᠠᠰᠠᠬᠤ᠂ ᠪᠠᠷᠢᠯᠭ᠎ᠠ ᠶᠢᠨ ᠮᠠᠲ᠋ᠧᠷᠢᠶᠠᠯ᠂ ᠢᠳᠡᠭᠡᠨ ᠪᠤᠯᠪᠠᠰᠦᠷᠠᠭᠤᠯᠬᠤ | ᠵᠡᠷᠭᠡ ᠠᠵᠤ ᠠᠬᠤᠶᠢᠯᠠᠯ ᠤᠨ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠶᠢ ᠡᠮᠬᠢ ᠵᠢᠷᠤᠮ ᠲᠠᠢ ᠪᠠᠷ | ᠠᠬᠢᠭᠤᠯᠵᠤ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠴᠢᠮᠡᠭᠡ ᠬᠤᠯᠪᠣᠭ᠎ᠠ᠂ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠵᠡᠷᠭᠡ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠨᠢᠭᠡ | ᠴᠣᠭᠴᠠᠵᠢᠨ ᠬᠥᠭᠵᠢᠬᠦ ᠶᠢ ᠬᠦᠴᠦᠯᠡᠨ ᠠᠬᠢᠭᠤᠯᠤᠨ᠎ᠠ᠃ | ︵ᠳᠣᠯᠤᠭ᠎ᠠ︶ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃ ︽ᠠᠷᠠᠯᠵᠢᠶᠠᠴᠢᠨ ᠤᠷᠢᠵᠤ ᠬᠦᠳᠦᠯᠦᠨ | ᠳᠠᠭᠠᠭᠤᠯᠬᠤ᠂ ᠣᠷᠴᠢᠨ ᠲᠣᠭᠤᠷᠢᠨ ᠢᠶᠠᠷ ᠦᠨᠳᠦᠰᠦ ᠪᠣᠯᠭᠠᠬᠤ᠂ ᠲᠦᠷᠦᠯ ᠵᠦᠢᠯ ᠢᠶᠠᠷ ᠭᠤᠣᠯ ᠪᠣᠯᠭᠠᠬᠤ᠂ | ᠬᠥᠭᠵᠢᠯᠲᠡ ᠪᠠᠷ ᠭᠤᠤᠯᠳᠠᠯᠭ᠎ᠠ ᠪᠣᠯᠭᠠᠬᠤ︾ ᠤᠢᠢᠯᠠᠭᠠᠭᠳᠠᠬᠤᠨ ᠢ ᠪᠠᠲᠤ ᠪᠠᠭᠢ ᠪᠤᠢ ᠪᠣᠯᠭᠠᠵᠤ᠂ ᠪᠡᠭᠡᠵᠢᠩ | ᠲᠢᠶᠠᠨᠵᠢᠨ ᠾᠧᠪᠸᠢ ᠳᠤ ᠭᠦᠨᠵᠡᠭᠡᠢ ᠠᠭᠤᠰᠤᠯᠴᠠᠨ᠂ ᠪᠦᠸᠧᠬᠠᠢ ᠲᠠᠩᠭᠢᠰ ᠳᠠᠭᠠᠤ ᠣᠷᠣᠨ ᠲᠠᠢ ᠢᠳᠡᠪᠬᠢᠲᠡᠢ | ᠵᠣᠯᠭᠠᠭᠤᠯᠵᠤ᠂ ᠶᠡᠭᠡ ᠣᠷᠴᠢᠯ ᠳᠤ ᠪᠦᠬᠦ ᠲᠠᠯ᠎ᠠ ᠪᠠᠷ ᠣᠷᠣᠯᠴᠠᠨ᠂ ᠭᠤᠣᠯᠯᠠᠬᠤ ᠠᠵᠤ ᠦᠢᠯᠡᠰ ᠤᠨ ᠲᠣᠭᠤᠷᠢᠨ | ᠳᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠶᠢ ᠲᠣᠪᠣᠶᠢᠯᠭᠠᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠭᠵᠢᠭᠰᠡᠨ ᠭᠠᠵᠠᠷ | ᠣᠷᠣᠨ ᠤ ᠠᠵᠤ ᠦᠢᠯᠡᠰ ᠤᠨ ᠰᠢᠯᠵᠢᠯᠲᠡ ᠲᠠᠢ ᠪᠦᠬᠦ ᠲᠠᠯ᠎ᠠ ᠪᠠᠷ ᠵᠣᠯᠭᠠᠭᠤᠯᠤᠨ᠂ ᠰᠠᠭᠤᠷᠢ ᠴᠢᠨᠠᠷᠲᠠᠢ᠂ | ᠵᠠᠩᠭᠢᠯᠠᠭ᠎ᠠ ᠶᠢᠨ ᠴᠢᠨᠠᠷᠲᠠᠢ᠂ ᠬᠦᠳᠦᠯᠦᠨ ᠳᠠᠭᠠᠭᠤᠯᠬᠤ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠨᠢᠭᠡ | ᠪᠦᠯᠦᠭ ᠴᠢᠬᠤᠯᠠ ᠶᠡᠭᠡ ᠢᠨᠵᠧᠨᠧᠷᠢᠩ ᠢ ᠤᠷᠤᠭᠤᠯᠬᠤ ᠪᠠ ᠲᠥᠪᠯᠡᠷᠡᠭᠦᠯᠦᠨ ᠡᠬᠢᠯᠡᠭᠦᠯᠬᠦ ᠪᠠᠷ ᠴᠢᠷᠮᠠᠶᠢᠵᠤ᠂ ᠪᠦᠬᠦ | ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠡᠨᠧᠷᠭᠢ | ᠶᠢ ᠪᠣᠶᠢᠵᠢᠭᠤᠯᠤᠨ᠎ᠠ᠃ | ︵ᠨᠠᠶᠮᠠ︶ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠢ | ᠲᠠᠰᠤᠷᠠᠯᠲᠠ ᠥᠬᠡᠶ ᠬᠠᠩᠭᠠᠨ᠎ᠠ᠃ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ᠂ ᠦᠨᠳᠦᠰᠦᠨ ᠵᠦᠶᠯ ᠢ | ᠪᠠᠲᠤᠯᠠᠬᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ ᠲᠣᠭᠤᠷᠢᠨ ᠳᠤ᠂ ᠰᠤᠷᠭᠠᠨ | ᠬᠥᠮᠦᠵᠢᠯ ᠤᠨ ᠦᠶᠯᠡᠰ ᠢ ᠤᠷᠢᠳ ᠢᠶᠠᠷ ᠬᠥᠭᠵᠢᠭᠦᠯᠦᠨ᠂ ᠡᠷᠡᠭᠦᠯ ᠡᠩᠬᠡ ᠬᠡᠰᠢᠭᠲᠡᠨ ᠬᠤᠰᠢᠭᠤ ᠶᠢ ᠪᠠᠶᠢᠭᠤᠯᠬᠤ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠣᠶᠣᠯ ᠪᠡᠶ᠎ᠡ ᠶᠢᠨ ᠲᠠᠮᠢᠷ ᠤᠨ ᠦᠶᠯᠡᠰ ᠢ ᠪᠥᠬᠦ ᠲᠠᠯ᠎ᠠ ᠪᠠᠷ | ᠬᠥᠭᠵᠢᠭᠦᠯᠦᠨ᠂ ᠬᠤᠲᠠ ᠬᠥᠳᠡᠭᠡ ᠶᠢᠨ ᠨᠠᠩ ᠲᠡᠭᠦᠯᠳᠡᠷᠵᠢᠭᠰᠡᠨ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ᠂ | ᠨᠡᠶᠢᠭᠡᠮ ᠤᠨ ᠠᠪᠤᠷᠠᠨ ᠲᠤᠰᠠᠯᠠᠯᠲᠠ ᠪᠠ ᠨᠡᠶᠢᠭᠡᠮ ᠤᠨ ᠠᠰᠠᠷᠠᠮᠵᠢ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ | ᠠᠷᠠᠳ ᠲᠦᠮᠡᠨ ᠤ ᠣᠷᠣᠯᠭ᠎ᠠ ᠶᠢᠨ ᠲᠦᠪᠰᠢᠨ ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ | ︵ᠶᠢᠰᠦ︶ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠠᠷᠠᠳ ᠲᠦᠮᠡᠨ ᠬᠠᠮᠲᠤ | ᠪᠠᠷ ᠡᠳ᠋ᠯᠡᠬᠦ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠤᠯᠤᠰ ᠲᠥᠷᠥ | ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠠᠵᠤ ᠠᠬᠤᠶ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ | ᠪᠠᠲᠤᠯᠠᠵᠤ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠢ ᠪᠥᠬᠦ ᠲᠠᠯ᠎ᠠ ᠪᠠᠷ ᠬᠠᠮᠠᠭᠠᠯᠠᠵᠤ᠂ ᠠᠮᠤᠷ ᠲᠠᠶᠢᠪᠤᠩ | ᠬᠡᠰᠢᠭᠲᠡᠨ ᠬᠤᠰᠢᠭᠤ ᠶᠢ ᠴᠢᠷᠮᠠᠶᠢᠨ ᠪᠥᠲᠥᠭᠡᠨ ᠪᠠᠶᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠬᠥᠭᠵᠢᠯᠲᠡ ᠶᠢᠨ | ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠦᠷᠭᠦᠯᠵᠢᠯᠡᠨ ᠴᠢᠩᠭᠠᠳᠬᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ | ᠪᠠᠷ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠰᠢᠭᠤ ᠶᠢ ᠴᠢᠷᠮᠠᠶᠢᠨ ᠡᠭᠦᠳᠦᠨ ᠪᠠᠶᠢᠭᠤᠯᠵᠤ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ | ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠬᠦ ᠶᠢ ᠠᠬᠢᠭᠤᠯᠤᠨ᠎ᠠ᠃ | | | | |