2021 ᠤᠨ ᠤ ᠵᠠᠰᠠᠭ ᠤᠨ ᠤᠷᠲᠦᠨ ᠤ ᠠᠵᠢᠯ ᠤᠨ ᠢᠯᠡᠳᠬᠡᠯ ︵ᠲᠦᠷᠪᠡ︶
ᠨᠡᠶᠢᠲᠡᠯᠡᠭᠰᠡᠨ ᠴᠠᠭ᠄
2021/4/25
     ᠭᠤᠷᠪᠠ᠂ 2021 ᠣᠨ ᠤ ᠭᠤᠤᠯᠳᠠᠯᠭ᠎ᠠ ᠲᠠᠢ ᠠᠵᠢᠯ      2021 ᠣᠨ ᠳᠤ᠂ ᠵᠠᠰᠠᠭ ᠤᠨ ᠣᠷᠳᠣᠨ ᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ  ᠪᠠᠷᠢᠮᠲᠠᠯᠠᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠎ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠯᠡᠵᠦ᠂ ︽ᠠᠮᠢ ᠠᠬᠤᠶ ᠶᠢ ᠣᠷᠢᠳ ᠢᠶᠠᠷ ᠪᠤᠳᠤᠯᠬᠢᠯᠠᠨ ᠪᠣᠬᠢᠷᠲᠤᠯ ᠦᠭᠡᠢ ᠬᠥᠭᠵᠢᠭᠦᠯᠬᠦ︾᠎ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠪᠴᠢᠯᠡᠨ  ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠎ ᠶᠢ ᠦᠷᠭᠦᠯᠵᠢᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠦᠷᠭᠡᠳᠬᠡᠵᠦ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠠᠶᠢᠨ ᠡᠬᠢᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠨ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ᠃     ᠭᠤᠣᠯ ᠪᠣᠯᠬᠤ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠎ ᠢ 6% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠎ ᠶᠢ 5% ᠣᠷᠴᠢᠮ ᠨᠡᠮᠡᠭᠳᠡᠭᠦᠯᠦᠨ᠂  ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠢ ᠵᠢᠵᠢᠭᠯᠡᠨ ᠪᠤᠷᠤᠯᠠᠭᠤᠯᠬᠤ ᠶᠡᠷᠦᠩᠬᠡᠶ ᠲᠤᠭ᠎ᠠ ᠶᠢ 6% ᠣᠷᠴᠢᠮ ᠨᠡᠮᠡᠭᠳᠡᠭᠦᠯᠦᠨ᠂ ᠬᠤᠲᠠ ᠪᠠᠯᠭᠠᠰᠤ ᠪᠣᠯᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7% ᠪᠣᠯᠤᠨ 8% ᠣᠷᠴᠢᠮ ᠢᠶᠠᠷ ᠨᠡᠮᠡᠭᠳᠡᠭᠦᠯᠦᠨ᠎ᠡ᠃ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠪᠠ ᠪᠣᠬᠢᠷᠲᠤᠯ ᠢ ᠪᠠᠭᠠᠰᠬᠠᠬᠤ ᠠᠵᠢᠯ ᠤᠨ ᠳᠡᠭᠡᠲᠦ ᠱᠠᠲᠤᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃      ︵ᠨᠢᠭᠡ︶ ᠣᠷᠴᠢᠨ ᠲᠣᠭᠤᠷᠢᠨ ᠢᠶᠠᠷ ᠦᠨᠳᠦᠰᠦ ᠪᠣᠯᠭᠠᠬᠤ᠂ ᠬᠥᠭᠵᠢᠯᠲᠡ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ ᠰᠤᠯᠢᠭᠳᠠᠯ ᠢ ᠬᠦᠴᠦᠯᠡᠨ ᠠᠬᠢᠭᠤᠯᠵᠤ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠵᠤ᠂ ᠪᠠᠯᠠ ᠣᠷᠣᠭᠤᠯᠤᠯᠲᠠ ᠪᠠᠷ ᠳᠠᠶᠢᠴᠢᠯᠠᠬᠤ᠂ ᠦᠶᠯᠡᠴᠢᠯᠡᠭᠡ ᠶᠢ ᠳᠡᠭᠡᠭᠰᠢᠯᠡᠭᠦᠯᠬᠦ ᠪᠠ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠦᠨᠳᠦᠰᠦᠨ ᠴᠢᠳᠠᠪᠤᠷᠢ ᠶᠢ ᠰᠠᠶᠢᠲᠤᠷ ᠪᠣᠯᠪᠠᠰᠤᠷᠠᠭᠤᠯᠵᠤ᠂ ᠴᠢᠨᠠᠷ ᠢ ᠰᠠᠶᠢᠵᠢᠷᠠᠭᠤᠯᠬᠤ ᠶᠢ ᠰᠦᠪᠡᠭᠴᠢᠯᠡᠨ᠂ ᠬᠥᠭᠵᠢᠯᠲᠡ ᠶᠢᠨ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠲᠦᠷᠭᠡᠨ ᠰᠣᠯᠢᠭᠳᠠᠯ ᠢ ᠪᠥᠬᠦ ᠬᠦᠴᠦᠨ ᠢᠶᠠᠷ ᠠᠬᠢᠭᠤᠯᠤᠨ᠎ᠠ᠃      ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠠᠷᠠᠯᠵᠢᠶᠠᠴᠢᠨ ᠤᠷᠢᠬᠤ ᠪᠠᠷ ᠬᠥᠲᠥᠯᠥᠨ ᠳᠠᠭᠠᠭᠤᠯᠬᠤ᠂ ᠪᠡᠯᠡ ᠣᠷᠣᠭᠤᠯᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠣᠷᠣᠨ ᠠᠯᠤᠰᠯᠠᠭᠰᠠᠨ ᠠᠵᠤ ᠠᠬᠤᠢ︾ ᠵᠡᠷᠭᠡ ᠡᠯ᠎ᠡ ᠵᠦᠢᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠦ ᠶᠢᠨ ᠪᠣᠳᠣᠯᠭ᠎ᠠ ᠶᠢ ᠣᠨᠣᠪᠴᠢᠲᠠᠢ ᠡᠵᠡᠮᠰᠢᠵᠦ ᠂ ᠭᠠᠵᠠᠷ ᠣᠷᠣᠨ ᠤ ᠨᠠᠷᠢᠯᠢᠭ ᠣᠨᠣᠪᠴᠢᠲᠠᠢ᠂ ᠠᠵᠤ ᠦᠢᠯᠡᠰ ᠤᠨ ᠨᠠᠷᠢᠯᠢᠭ ᠣᠨᠣᠪᠴᠢᠲᠠᠢ᠂ ᠠᠷᠭ᠎ᠠ ᠬᠡᠯᠪᠡᠷᠢ ᠶᠢᠨ ᠨᠠᠷᠢᠯᠢᠭ ᠣᠨᠣᠪᠴᠢᠲᠠᠢ ᠪᠠᠶᠢᠬᠤ ᠶᠢ ᠳᠣᠪᠣᠶᠢᠯᠭᠠᠵᠤ᠂ ᠠᠷᠠᠯᠵᠢᠶᠠᠴᠢᠨ ᠤᠷᠢᠬᠤ ᠡᠩᠨᠡᠭᠡ ᠶᠢ ᠰᠢᠯᠢᠳᠡᠭ ᠢ ᠨᠢ ᠰᠣᠩᠭᠤᠨ ᠲᠣᠬᠢᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠪᠦᠬᠦ ᠬᠤᠰᠢᠭᠤᠨ ᠤ ᠬᠦᠴᠦᠨ ᠢᠶᠠᠷ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠭᠤᠣᠯ ᠬᠥᠭ ᠠᠶᠠᠰ ᠢ ᠴᠢᠪᠬᠠᠳᠠᠵᠤ᠂ ᠵᠢᠯ ᠤᠨ ᠳᠣᠲᠣᠷ᠎ᠠ 1000 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 30᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 6᠂ ︽ᠣᠷᠣᠨ ᠠᠯᠤᠰᠯᠠᠭᠰᠠᠨ ᠠᠵᠤ ᠠᠬᠤᠢ︾᠎ ᠶᠢᠨ ᠲᠥᠷᠥᠯ ᠵᠦᠢᠯ 3᠎ ᠶᠢ ᠣᠷᠣᠭᠤᠯᠤᠨ ᠠᠪᠴᠢᠷᠠᠬᠤ ᠶᠢ ᠪᠠᠲᠤᠯᠠᠨ᠎ᠠ᠃ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠳᠤᠲᠠᠭᠤᠳᠠᠯ ᠢ ᠨᠥᠬᠦᠪᠥᠷᠢᠯᠡᠬᠦ᠂ ᠰᠠᠭᠤᠷᠢ ᠶᠢ ᠪᠠᠬᠢᠵᠢᠭᠦᠯᠬᠦ᠂ ᠴᠢᠳᠠᠮᠵᠢ ᠶᠢ ᠨᠡᠮᠡᠭᠳᠡᠭᠦᠯᠬᠦ᠂ ᠠᠯᠤᠰ ᠬᠡᠲᠦ ᠳᠤ ᠠᠰᠢᠭᠲᠠᠶ ᠪᠠᠶᠢᠬᠤ ᠳᠤ ᠰᠠᠭᠤᠷᠢᠯᠠᠨ᠂ ᠨᠢᠭᠡ ᠪᠦᠯᠦᠭ ᠠᠵᠤ ᠦᠶᠯᠡᠰ ᠤᠨ ᠲᠠᠰ ᠳᠡᠪᠰᠢᠭᠦᠯᠬᠦ᠂ ᠵᠠᠮ ᠬᠠᠷᠢᠯᠴᠠᠭ᠎ᠠ᠂ ᠣᠯᠠᠨ ᠨᠡᠶᠢᠲᠡ ᠶᠢᠨ ᠦᠶᠯᠡᠴᠢᠯᠡᠭᠡ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠶᠯ ᠢ ᠪᠥᠬᠦ ᠬᠦᠴᠦᠨ ᠢᠶᠠᠷ ᠢᠶᠠᠨ ᠴᠢᠷᠮᠠᠶᠢᠨ ᠪᠡᠶᠡᠯᠡᠭᠦᠯᠦᠨ᠎ᠡ᠃ ᠲᠥᠷᠥᠯ ᠵᠦᠢᠯ ᠤᠨ ᠬᠠᠮᠢᠶᠠᠷᠤᠭᠴᠢ ᠶᠢᠨ ᠳᠦᠷᠢᠮ ᠪᠠ ︽ᠭᠤᠷᠪᠠᠵᠢᠭᠤᠯᠬᠤ︾ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠵᠢᠯᠣᠭᠤᠳᠬᠤ ᠭᠠᠵᠠᠷ ᠪᠠ ᠭᠠᠵᠠᠷ ᠤᠨ ᠲᠡᠰ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠮᠥᠷᠳᠡᠨ ᠬᠡᠷᠡᠭᠵᠢᠭᠦᠯᠵᠦ᠂ ᠲᠤᠰᠬᠠᠢ ᠬᠥᠮᠦᠨ ᠲᠤᠰᠬᠠᠢ ᠠᠩᠭᠢ ᠲᠤᠰᠬᠠᠢ ᠮᠥᠷᠳᠡᠨ ᠦᠢᠯᠡᠴᠢᠯᠡᠵᠦ᠂ ᠰᠠᠷ᠎ᠠ ᠳᠠᠷᠠᠭᠠᠯᠠᠨ ᠤᠯᠠᠷᠢᠯ ᠳᠠᠷᠠᠭᠠᠯᠠᠨ ᠲᠤᠬᠢᠷᠠᠭᠤᠯᠤᠨ ᠠᠬᠢᠭᠤᠯᠵᠤ᠂ ᠵᠢᠯ ᠎ ᠤᠨ ᠳᠣᠲᠣᠷ᠎ᠠ 5000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 15%᠎ ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃      ᠣᠷᠴᠢᠨ ᠲᠣᠭᠤᠷᠢᠨ ᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠦᠬᠦ ᠬᠦᠴᠦᠨ ᠢᠶᠠᠷ ᠎ ᠢᠶᠠᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠰᠬᠠᠶ ᠲᠣᠭᠤᠷᠢᠨ ᠪᠠᠶᠢᠴᠠᠭᠠᠯᠲᠠ ᠬᠢᠵᠦ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠰᠠᠶᠢᠲᠤᠷ ᠪᠡᠶᠡᠯᠡᠭᠦᠯᠦᠨ᠎ᠡ᠃ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠎ ᠢ ᠰᠢᠯᠢᠳᠡᠭᠵᠢᠭᠦᠯᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ︾᠂ ︽ᠨᠢᠭᠡᠯᠡ ᠤᠳᠠᠭ᠎ᠠ ᠳᠤ ᠮᠡᠳᠡᠭᠳᠡᠬᠦ︾᠂ ︽ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ︾ ᠵᠡᠷᠭᠡ ᠦᠶᠯᠡᠴᠢᠯᠡᠭᠡᠨ ᠤ ᠵᠠᠭᠪᠤᠷ ᠪᠠ ᠨᠡᠶᠢᠯᠡᠭᠦᠯᠦᠨ ᠬᠢᠨᠠᠨ ᠵᠥᠪᠰᠢᠶᠡᠷᠡᠬᠦ᠂ ᠰᠠᠭᠠᠳ ᠥᠬᠡᠶ ᠨᠡᠪᠲᠡᠷᠡᠬᠦ ᠵᠠᠮ ᠤᠨ ᠵᠣᠬᠢᠴᠠᠮᠵᠢ ᠶᠢ ᠶᠡᠬᠡᠪᠡᠷ ᠬᠡᠷᠡᠭᠵᠢᠭᠦᠯᠦᠨ᠎ᠡ᠃ ᠵᠥᠪᠰᠢᠶᠡᠷᠡᠨ ᠣᠷᠣᠭᠤᠯᠬᠤ᠂ ᠥᠪᠡᠷ ᠤᠨ ᠥᠷᠲᠡᠭ᠂ ᠭᠠᠶᠢᠯᠢ ᠰᠦᠶᠳᠬᠡᠯ᠂ ᠪᠠᠯᠠ ᠲᠣᠬᠢᠷᠠᠭᠤᠯᠭ᠎ᠠ᠂ ᠰᠠᠭᠤᠷᠢ ᠲᠦᠭᠦᠭᠡᠷᠦᠮᠵᠢ ᠵᠡᠷᠭᠡ ᠳᠤ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ︽ᠬᠠᠮ ᠠᠷᠭ᠎ᠠ︾᠎ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠴᠢᠬᠤᠯᠠ ᠪᠤᠰᠤ ᠬᠢᠨᠠᠨ ᠵᠥᠪᠰᠢᠶᠡᠷᠡᠯ ᠢ ᠡᠷᠡᠰ ᠬᠠᠰᠤᠵᠤ᠂ ᠵᠦᠶ ᠵᠣᠬᠢᠰ ᠥᠬᠡᠶ ᠨᠥᠬᠦᠴᠡᠯ ᠱᠠᠭᠠᠷᠳᠠᠯᠭ᠎ᠠ ᠎ ᠶᠢ ᠦᠬᠡᠶᠢᠰᠭᠡᠵᠦ᠂ ᠪᠠᠶᠢᠨ ᠳᠠᠭᠢᠨ ᠬᠦᠶᠦᠯᠭᠡᠬᠦ ᠭᠠᠷᠳᠠᠮ ᠢ ᠳᠥᠭᠦᠮᠴᠢᠯᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ︽ᠳᠥᠷᠪᠡᠨ ᠱᠠᠲᠤ ᠶᠢ ᠨᠢᠭᠡ ᠴᠣᠭᠴᠠᠵᠢᠭᠤᠯᠬᠤ︾ ᠠᠬᠢᠴᠠ ᠶᠢ ᠪᠥᠬᠦ ᠬᠦᠴᠦᠨ ᠢᠶᠠᠷ ᠠᠬᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠤᠭ ᠶᠡᠭᠡ ᠬᠡᠮᠵᠢᠶ᠎ᠡ ᠪᠠᠷ ᠬᠠᠮᠲᠤ ᠳᠤ ᠪᠠᠨ ᠭᠥᠷᠳᠡᠵᠦ ᠬᠠᠮᠲᠤ ᠳᠤ ᠪᠠᠨ ᠬᠡᠷᠡᠭᠯᠡᠬᠦ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠎ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠣᠪᠣᠶᠢᠮ᠎ᠠ ᠰᠠᠶᠢᠲᠤᠷ ᠠᠳᠬᠤᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠺᠣᠮᠫᠠᠨᠢ ᠶᠢ ᠵᠣᠬᠢᠶᠠᠨ ᠪᠠᠶᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠎ᠠ᠃ ᠠᠵᠢᠯ ᠦᠢᠯᠡᠰ ᠤᠨ ᠨᠢᠭᠡᠴᠡ᠂ ᠭᠠᠶᠢᠯᠢ ᠶᠢ ᠶᠡᠷᠦᠩᠬᠡᠶᠢᠯᠡᠨ ᠵᠠᠰᠠᠬᠤ᠂ ᠬᠠᠤᠯᠢ ᠴᠠᠭᠠᠵᠠ ᠶᠢᠨ ᠪᠠᠶᠢᠭᠤᠯᠤᠯ᠂ ᠠᠯᠪᠠᠨ ᠶᠠᠪᠤᠳᠠᠯ ᠤᠨ ᠵᠣᠴᠢᠯᠠᠯᠭ᠎ᠠ ᠪᠠ ᠲᠤᠭ᠎ᠠ ᠪᠦᠷᠢᠳᠬᠡᠯ ᠤᠨ ᠣᠳᠣᠬᠢᠴᠢᠯᠠᠯᠲᠠ ᠵᠡᠷᠭᠡ ᠡᠯ᠎ᠡ ᠵᠦᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠭᠦᠯᠦᠨ᠎ᠡ᠃      ᠬᠦᠷᠢᠶᠡᠯᠡᠩ ᠲᠣᠭᠤᠷᠢᠭ ᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠪᠦᠬᠦ ᠬᠤᠲᠠ ᠶᠢᠨ ᠬᠦᠷᠢᠶᠡᠯᠡᠩ ᠲᠣᠭᠤᠷᠢᠭ ᠤᠨ ︽1536︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠲᠠᠢ ᠬᠠᠷᠢᠴᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠪᠠᠷᠢᠮᠵᠢᠶ᠎ᠠ ᠳᠤ ᠬᠦᠷᠬᠦ ᠦᠭᠡᠢ᠂ ᠰᠠᠭᠤᠷᠢ ᠲᠥᠬᠦᠭᠡᠷᠦᠮᠵᠢ ᠶᠢᠨ ᠲᠥᠬᠦᠷᠵᠢᠯᠲᠡ ᠬᠤᠴᠣᠷᠤᠩᠭᠤᠢ᠂ ᠦᠢᠯᠡᠴᠢᠯᠡᠭᠡᠨ ᠤ ᠴᠢᠳᠠᠪᠤᠷᠢ ᠪᠠᠭᠤᠷᠠᠢ ᠵᠡᠷᠭᠡ ᠳᠤᠲᠠᠭᠤᠳᠠᠯ ᠪᠠᠭᠤᠷᠠᠢ ᠲᠠᠯ᠎ᠠ ᠶᠢ ᠬᠦᠴᠦᠯᠡᠨ ᠨᠥᠬᠦᠪᠥᠷᠢᠯᠡᠨ᠎ᠡ᠃ ᠲᠥᠷᠥᠯ ᠵᠦᠶᠯ ᠢ ᠲᠥᠯᠥᠪᠯᠡᠬᠦ᠂ ᠪᠣᠭᠤᠳᠠᠯᠯᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠵᠡᠷᠭᠡ ᠳᠤᠨᠢ ᠡᠬᠢᠯᠡᠭᠦᠯᠵᠦ᠂ ᠳᠡᠭᠡᠳᠦ ᠱᠠᠲᠤᠨ ᠤ ᠲᠤᠰᠬᠠᠶ ᠲᠦᠷᠦᠯ ᠤᠨ ᠪᠠᠯᠠ ᠮᠥᠩᠭᠦ᠂ ᠤᠯᠤᠰ ᠤᠨ ᠵᠢᠭᠡᠯᠡᠯᠭᠡ ᠎ ᠶᠢᠨ ᠪᠠᠯᠠ ᠮᠥᠩᠭᠦ ᠪᠠ ᠬᠦᠷᠢᠶᠡᠯᠡᠩ ᠲᠣᠭᠤᠷᠢᠭ ᠢ ᠥᠭᠡᠷᠡᠴᠢᠯᠡᠬᠦ ᠪᠠᠯᠠ ᠮᠥᠩᠭᠦ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠨᠡᠶᠢᠭᠡᠮ ᠪᠠ ᠠᠷᠠᠳ ᠤᠨ ᠪᠠᠯᠠ ᠣᠷᠣᠭᠤᠯᠤᠯᠲᠠ ᠶᠢ ᠢᠳᠡᠪᠬᠢᠲᠡᠶ ᠣᠷᠣᠭᠤᠯᠤᠨ ᠠᠪᠴᠢᠷᠠᠵᠤ᠂ ᠣᠯᠠᠨ ᠵᠦᠶᠯ ᠤᠨ ᠪᠥᠲᠥᠭᠡᠨ ᠪᠠᠶᠢᠭᠤᠯᠬᠤ ᠪᠠ ᠬᠠᠮᠢᠶᠠᠷᠴᠤ ᠡᠵᠡᠩᠨᠡᠬᠦ ᠠᠷᠭ᠎ᠠ ᠮᠠᠶ᠋ᠢᠭ ᠢ ᠠᠪᠴᠤ᠂ ᠵᠢᠯ ᠤᠨ ᠳᠣᠲᠣᠷ᠎ᠠ ᠪᠦᠲᠦᠭᠡᠨ ᠪᠠᠶᠢᠭᠤᠯᠤᠭᠰᠠᠨ ᠪᠠ ᠠᠮᠢᠳᠤᠯᠢᠭ ᠪᠣᠯᠭᠠᠭᠰᠠᠨ ᠪᠠᠷᠢᠮᠵᠢᠶᠠᠵᠢᠭᠤᠯᠤᠭᠰᠠᠨ ᠦᠶᠯᠡᠳᠪᠦᠷᠢ ᠶᠢᠨ ᠬᠡᠷ ᠪᠠᠶᠢᠰᠢᠩ ᠤᠨ ᠲᠠᠯᠠᠪᠠᠶ ᠶᠢ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠯᠭᠠᠬᠤ ᠥᠬᠡᠶ᠂ ᠪᠠᠷᠢᠯᠭ᠎ᠠ ᠳᠠᠭᠤᠰᠤᠭᠰᠠᠨ ᠪᠠ ᠠᠮᠢᠳᠤᠯᠢᠭ ᠪᠣᠯᠭᠠᠭᠰᠠᠨ ᠲᠠᠯᠠᠪᠠᠶ ᠶᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠶᠢ ᠪᠠᠲᠤᠯᠠᠨ᠎ᠠ᠃ ᠪᠠᠭ᠎ᠠ ᠵᠢᠵᠢᠭ ᠢᠳᠡᠭᠡᠨ ᠪᠤᠯᠪᠠᠰᠦᠷᠠᠭᠤᠯᠬᠤ ᠬᠦᠷᠢᠶᠡᠯᠡᠩ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠰᠠᠭᠤᠷᠢ ᠲᠦᠭᠦᠭᠡᠷᠦᠮᠵᠢ᠂ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠪᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠳᠠᠯ ᠦᠶᠯᠡᠰ ᠴᠣᠭᠴᠠᠯᠠᠬᠤ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠶᠠᠳᠤᠭᠠᠷ ᠬᠤᠭᠤᠴᠠᠭᠠᠨ ᠤ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠲᠦᠷᠭᠡᠳᠬᠡᠨ ᠡᠬᠢᠯᠡᠭᠦᠯᠵᠦ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠶᠳᠪᠦᠷᠢᠯᠡᠬᠦ ᠶᠢ ᠪᠡᠶᠡᠯᠡᠭᠦᠯᠬᠦ ᠶᠢ ᠠᠬᠢᠭᠤᠯᠤᠨ᠂ ᠲᠥᠷᠥᠯ ᠵᠦᠶᠯ ᠢ ᠪᠣᠳᠠᠲᠠᠶᠢᠵᠢᠭᠤᠯᠬᠤ ᠳᠤ ᠰᠠᠶᠢᠨ ᠰᠠᠶᠢᠬᠠᠨ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠤᠨ᠎ᠠ᠃      ︵ᠬᠤᠶᠠᠷ︶ ᠠᠮᠢ ᠠᠬᠤᠢ ᠶᠢ ᠣᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠣᠳᠣ ᠦᠶ᠎ᠡ ᠶᠢᠨ ᠠᠵᠤ ᠠᠬᠤᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠪᠣᠬᠢᠷᠲᠤᠯ ᠥᠬᠡᠶ ᠪᠣᠯᠭᠠᠬᠤ᠂ ᠳᠡᠭᠡᠲᠦ ᠳᠡᠰ ᠤᠨ ᠪᠤᠯᠭᠠᠬᠤ᠂ ᠤᠶᠤᠨᠴᠢᠯᠠᠬᠤ ᠬᠥᠭᠵᠢᠯᠲᠡ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠰᠠᠭᠤᠷᠢᠨ ᠭᠠᠵᠠᠷ︾᠎ ᠤᠨ ᠪᠦᠲᠦᠭᠡᠨ ᠪᠠᠶᠢᠭᠤᠯᠤᠯᠲᠠ ᠶᠢ ᠳᠣᠪᠣᠶᠢᠯᠭᠠᠵᠤ᠂ ᠤᠯᠠᠮᠵᠢᠯᠠᠯᠲᠤ ᠠᠵᠤ ᠦᠶᠯᠡᠰ ᠢ ᠲᠦᠷᠭᠡᠳᠬᠡᠨ ᠥᠭᠡᠷᠡᠴᠢᠯᠡᠵᠦ᠂ ᠰᠢᠨ᠎ᠡ ᠪᠠᠷ ᠪᠤᠢ ᠪᠣᠯᠤᠭᠰᠠᠨ ᠠᠵᠤ ᠦᠶᠯᠡᠰ ᠢ ᠪᠣᠶᠢᠵᠢᠭᠤᠯᠤᠨ᠂ ᠣᠳᠣ ᠦᠶ᠎ᠡ ᠎ ᠶᠢᠨ ᠦᠶᠯᠡᠴᠢᠯᠡᠭᠡᠨ ᠤ ᠦᠶᠯᠡᠰ ᠢ ᠳᠡᠭᠡᠭᠰᠢᠯᠡᠭᠦᠯᠵᠦ᠂ ᠪᠣᠬᠢᠷᠲᠤᠯ ᠥᠬᠡᠶ ᠣᠨᠴᠠᠯᠢᠭᠲᠤ ᠳᠠᠪᠠᠭᠤᠯᠢᠭ ᠣᠳᠣ ᠦᠶ᠎ᠡ ᠎ ᠶᠢᠨ ᠠᠵᠤ ᠦᠢᠯᠡᠰ ᠤᠨ ᠲᠤᠭᠲᠠᠯᠴᠠᠭ᠎ᠠ ᠶᠢ ᠬᠦᠴᠦᠯᠡᠨ ᠪᠠᠶᠢᠭᠤᠯᠤᠨ᠎ᠠ᠃      ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠲᠦᠪᠯᠡᠷᠡᠭᠰᠡᠨ ᠴᠤᠭᠯᠠᠷᠠᠭᠰᠠᠨ ᠡᠷᠴᠢᠮᠵᠢᠭᠰᠡᠨ ᠭᠦᠭᠵᠢᠯᠳᠡ ᠶᠢ ᠪᠠᠷᠢᠮᠲᠠᠯᠠᠵᠤ᠂ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰᠵᠢᠯᠲᠡ ᠶᠢᠨ ᠵᠣᠬᠢᠶᠠᠨ ᠪᠠᠶᠢᠭᠤᠯᠤᠯᠲᠠ᠂ ᠠᠵᠤ ᠦᠢᠯᠡᠰ ᠤᠨ ᠬᠡᠯᠬᠢᠶ᠎ᠡ ᠎ ᠶᠢᠨ ᠤᠷᠲᠤᠳᠬᠠᠯ ᠵᠡᠷᠭᠡ ᠪᠦᠬᠦ ᠶᠠᠪᠤᠴᠠ ᠠᠴᠠ ᠭᠠᠷᠳᠠᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠡᠯᠪᠡᠷᠢ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠭᠢᠭᠤᠯᠤᠨ᠎ᠠ᠃ ᠣᠨᠴᠠᠯᠢᠭᠲᠤ ᠠᠵᠤ ᠦᠶᠯᠡᠰ ᠲᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠦᠶᠯᠡᠳᠦᠯ ᠢ ᠦᠷᠭᠦᠯᠵᠢᠯᠡᠨ ᠪᠠᠳᠠᠷᠠᠭᠤᠯᠵᠤ᠂ ᠢᠳᠡᠰᠢᠨ ᠮᠥᠭᠦ᠂ ᠡᠪᠡᠰᠦᠨ ᠡᠮ ᠪᠠ ᠤᠢ ᠶᠢᠨ ᠳᠠᠭᠠᠯᠳᠠ ᠠᠵᠤ ᠠᠬᠤᠶ ᠵᠡᠷᠭᠡ ᠣᠨᠴᠠᠯᠢᠭᠲᠤ ᠠᠵᠤ ᠦᠢᠯᠡᠰ ᠤᠨ ᠲᠠᠷᠢᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠵᠢᠯ ᠤᠨ ᠳᠣᠲᠣᠷ᠎ᠠ ᠲᠤᠰ ᠲᠤᠰ 2200 ᠲᠦᠮᠡᠨ ᠬᠠᠪᠳᠠᠰᠦ᠂ 10 ᠲᠦᠮᠡᠨ ᠮᠤ᠋ ᠪᠠ 1.5 ᠲᠦᠮᠡᠨ ᠮᠤ᠋ ᠳᠤ ᠬᠦᠷᠭᠡᠬᠦ ᠪᠠᠷ ᠴᠢᠷᠮᠠᠶᠢᠵᠤ᠂ 1.5 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠨ᠎ᠠ᠃ ᠲᠠᠷᠢᠮᠠᠯ ᠤᠨ ᠲᠠᠯᠠᠪᠠᠶ ᠪᠠ ᠠᠮᠤ ᠪᠤᠳᠠᠭ᠎ᠠ ᠪᠤᠷᠴᠠᠭ ᠤᠨ ᠤᠨᠠᠯᠲᠠ ᠶᠢ ᠦᠷᠭᠦᠯᠵᠢᠯᠡᠨ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠲᠠᠷᠢᠮᠠᠯ ᠢ ᠠᠵᠤ ᠠᠬᠤᠶ ᠶᠢᠨ ᠲᠠᠷᠢᠮᠠᠯ ᠪᠣᠯᠭᠠᠨ ᠥᠭᠡᠷᠡᠴᠢᠯᠡᠬᠦ᠂ ᠠᠮᠤ ᠪᠤᠳᠠᠭᠠᠨ ᠤ ᠲᠠᠷᠢᠮᠠᠯ ᠢ ᠪᠣᠷᠳᠣᠭᠠᠨ ᠲᠠᠷᠢᠮᠠᠯ ᠪᠣᠯᠭᠠᠨ ᠥᠭᠡᠷᠡᠴᠢᠯᠡᠬᠦ᠂ ᠠᠮᠤ ᠪᠤᠳᠠᠭᠠᠨ ᠤ ᠲᠠᠷᠢᠮᠠᠯ ᠢ ᠣᠨᠴᠠᠭᠠᠶ ᠲᠠᠷᠢᠮᠠᠯ ᠪᠣᠯᠭᠠᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠠᠮᠤ ᠪᠤᠳᠠᠭ᠎ᠠ ᠠᠵᠤ ᠠᠬᠤᠶ ᠶᠢᠨ ᠲᠠᠷᠢᠮᠠᠯ ᠲᠡᠵᠢᠭᠡᠯ ᠪᠣᠷᠳᠣᠭᠠᠨ ᠤ ᠭᠤᠷᠪᠠᠨ ᠡᠰᠢᠲᠦ ᠪᠦᠲᠦᠴᠡ ᠶᠢ ᠰᠢᠯᠢᠳᠡᠭᠵᠢᠭᠦᠯᠦᠨ 60᠄ 22᠄ 18 ᠪᠣᠯᠭᠠᠨ ᠲᠣᠬᠢᠷᠠᠭᠤᠯᠤᠨ᠎ᠠ᠃ ᠴᠥᠭᠡᠨ ᠮᠠᠯᠵᠢᠵᠤ ᠨᠠᠷᠢᠯᠢᠭ ᠠᠷᠠᠴᠢᠯᠠᠬᠤ᠂ ᠮᠠᠯ ᠠᠵᠤ ᠠᠬᠤᠶ ᠲᠠᠷᠢᠶᠠᠯᠠᠩ ᠢ ᠤᠶᠠᠯᠳᠤᠭᠤᠯᠬᠤ ᠎ ᠶᠢ ᠪᠠᠷᠢᠮᠲᠠᠯᠠᠵᠤ᠂ ᠣᠬᠤᠷ ᠬᠤᠭᠤᠴᠠᠭᠠᠨ ᠳᠤ ᠪᠣᠷᠳᠣᠵᠤ ᠲᠠᠷᠭᠤᠯᠠᠭᠤᠯᠬᠤ ᠪᠠ ᠬᠤᠷᠠᠭ᠎ᠠ ᠢᠰᠢᠭᠡ ᠶᠢ ᠲᠤᠬᠠᠶ ᠶᠢᠨ ᠵᠢᠯ ᠳᠤᠨᠢ ᠪᠣᠷᠣᠯᠠᠭᠤᠯᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠮᠢᠬᠠᠨ ᠤ ᠦᠬᠡᠷ᠂ ᠮᠢᠬᠠᠨ ᠤ ᠬᠤᠨᠢᠨ ᠤ ᠡᠭᠦᠯᠳᠡᠷ ᠰᠠᠶᠢᠵᠢᠷᠠᠭᠤᠯᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠭᠦᠶᠴᠡᠳ ᠰᠠᠶᠢᠲᠤᠷ ᠬᠡᠷᠡᠭᠯᠡᠵᠦ᠂ ᠵᠢᠯ ᠤᠨ ᠳᠣᠲᠣᠷ᠎ᠠ ᠡᠭᠦᠯᠳᠡᠷ ᠰᠠᠶᠢᠵᠢᠷᠠᠭᠤᠯᠬᠤ ᠨᠣᠷᠮ᠎ᠠ ᠶᠢ ᠲᠣᠰ ᠲᠣᠰ 97.5% ᠪᠠ 98% ᠎ ᠠᠴᠠ ᠳᠡᠭᠡᠭᠰᠢ ᠳᠤ ᠭᠦᠷᠭᠡᠬᠦ ᠶᠢ ᠦᠨᠡᠨ ᠬᠦ ᠪᠠᠲᠤᠯᠠᠨ᠎ᠠ᠃ ᠠᠷᠭ᠎ᠠ ᠪᠦᠬᠦᠨ ᠢ ᠰᠦᠪᠡᠭᠴᠢᠯᠡᠵᠦ ᠰᠢᠤᠸᠠᠢ ᠴᠤᠸᠠᠨ ᠤ ᠲᠥᠮᠥᠰᠥ᠂ ᠶᠢᠨ ᠮᠥ ᠯᠦᠨ ᠦᠵᠦᠮ ᠤᠨ ᠠᠷᠢᠬᠢ᠂ ᠫᠦ᠋ ᠴᠧᠩ ᠰᠠᠭᠠᠯᠢ ᠶᠢᠨ ᠦᠨᠢᠶ᠎ᠡ᠂ ᠿᠢ ᠯᠦ ᠨᠤᠤᠰᠦ ᠠᠷᠠᠰᠦᠨ ᠡᠳ᠋ᠯᠡᠯ ᠤᠨ ᠬᠤᠪᠢ ᠤᠷᠤᠭᠤᠯᠤᠭᠰᠠᠨ ᠬᠢᠵᠠᠭᠠᠷᠲᠦ ᠺᠤᠮᠫᠠᠨᠢ ᠶᠢᠨ ᠬᠤᠨᠢᠨ ᠨᠤᠤᠰᠦ ᠠᠷᠠᠰᠤ ᠡᠳ᠋ᠰᠢᠭᠦᠯᠬᠦ ᠪᠠ ᠦᠬᠡᠷ ᠬᠤᠨᠢᠨ ᠮᠢᠬ᠎ᠠ᠂ ᠴᠠᠭᠠᠨ ᠢᠳᠡᠭᠡ᠂ ᠣᠶ ᠲᠤᠲᠤᠷᠠᠬᠢ ᠢᠳᠡᠭᠡᠨ ᠮᠥᠭᠦ᠂ ᠡᠪᠡᠰᠦᠨ ᠡᠮ᠂ ᠲᠡᠵᠢᠭᠡᠯ ᠡᠪᠡᠰᠦ ᠶᠢ ᠨᠠᠷᠢᠯᠢᠭ ᠪᠤᠯᠪᠠᠰᠦᠷᠠᠭᠤᠯᠬᠤ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠪᠠ ᠠᠬᠢᠴᠠ ᠲᠠᠢ ᠪᠣᠯᠭᠠᠨ᠎ᠠ᠃ ᠲᠤᠭᠠᠴᠢᠯᠠᠯᠳᠠ᠂ ᠮᠡᠳᠡᠭᠡ ᠵᠠᠩᠭᠢᠴᠢᠯᠠᠯᠳᠠ᠂ ᠤᠶᠤᠨᠴᠢᠯᠠᠯᠳᠠ ᠵᠢᠴᠢ ᠮᠠᠯ ᠠᠵᠤ ᠠᠬᠤᠢ ᠲᠠᠷᠢᠶᠠᠯᠠᠩ ᠤᠨ ᠭᠦᠨ ᠠᠭᠤᠰᠤᠯᠴᠠᠯ ᠢ ᠰᠦᠪᠡᠭᠴᠢᠯᠡᠨ ᠠᠬᠢᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ᠂ ᠲᠤᠰᠬᠠᠶ ᠬᠤᠷᠰᠢᠶ᠎ᠠ ᠶᠢ ᠪᠣᠶᠢᠵᠢᠭᠤᠯᠬᠤ ᠪᠠ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾᠎ ᠤᠨ ᠬᠡᠷᠡᠴᠢᠯᠡᠯ᠂ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠡ᠃      ᠤᠳᠤ ᠦᠶ᠎ᠡ ᠶᠢᠨ ᠠᠵᠤ ᠦᠢᠯᠡᠳᠪᠦᠷᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠵᠢᠯ ᠤᠨ ᠳᠣᠲᠣᠷ᠎ᠠ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢ 23.9 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠵᠤ᠂ ᠨᠢᠳᠤᠨᠤᠨ ᠤ ᠬᠢ ᠠᠴᠠ ᠨᠢᠭᠡ ᠳᠠᠬᠢᠨ ᠨᠡᠮᠡᠭᠳᠡᠭᠦᠯᠦᠨ᠎ᠡ᠃ ︽ᠠᠭᠤᠷᠬᠠᠢ ᠶᠢᠨ ᠦᠢᠯᠡᠰ ᠤᠨ ᠠᠵᠤ ᠠᠬᠤᠢ ᠶᠢ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ︽ᠳᠥᠷᠪᠡᠨ ᠨᠢᠭᠡ ᠪᠦᠯᠦᠭ︾ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠦ᠂ ᠳ᠋ᠦᠩ ᠱᠧᠩ ᠠᠭᠤᠷᠬᠠᠶ ᠶᠢᠨ ᠦᠶᠯᠡᠰ ᠢ ᠲᠦᠷᠭᠡᠳᠬᠡᠨ ᠡᠭᠢᠯᠡᠭᠦᠯᠵᠦ᠂ ᠸᠧᠨ ᠦ᠋ ᠠᠭᠤᠷᠬᠠᠶ ᠶᠢᠨ ᠦᠶᠯᠡᠰ᠂ ᠰᠢᠨ ᠲᠠᠢ ᠠᠭᠤᠷᠬᠠᠶ ᠶᠢᠨ ᠦᠶᠯᠡᠰ᠂ ᠲᠦᠩ ᠰᠢᠩ ᠤᠨ ᠬᠠᠶᠢᠯᠤᠭᠤᠷ ᠵᠣᠩᠰᠢ ᠶᠢᠨ ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ᠂ ᠬᠢᠩᠭᠠᠨ ᠤ ᠮᠦᠩᠭᠦ ᠲᠤᠭᠤᠯᠭ᠎ᠠ ᠬᠠᠶᠢᠯᠤᠭᠤᠯᠤᠨ ᠪᠣᠯᠪᠠᠰᠤᠷᠠᠭᠤᠯᠬᠤ ᠦᠢᠯᠡᠳᠪᠦᠷᠢ ᠶᠢᠨ ᠬᠦᠴᠢᠯᠲᠥ᠋ᠷᠥᠭᠴᠢ ᠶᠢᠨ ᠥᠷᠲᠡᠭᠡ ᠶᠢ ᠥᠷᠭᠡᠳᠬᠡᠨ ᠪᠠᠶᠢᠭᠤᠯᠬᠤ ᠪᠠ ᠳ᠋ᠧ ᠹᠠ ᠠᠭᠤᠷᠬᠠᠢ ᠶᠢᠨ ᠦᠢᠯᠡᠰ ᠢ ᠠᠮᠢᠯᠠᠭᠤᠯᠵᠤ ᠳᠠᠬᠢᠨ ᠪᠠᠶᠢᠭᠤᠯᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠦ᠂ ᠶᠢᠨ ᠳ᠋ᠦ᠋ ᠪᠤᠯᠤᠨ ᠭᠤᠸᠠᠩ ᠳ᠋ᠠ ᠠᠭᠤᠷᠬᠠᠢ ᠶᠢᠨ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠦ᠂ ᠪᠡᠭᠡᠵᠢᠩ ᠤᠨ ᠠᠨ ᠰᠢᠨ ᠴᠠᠶᠢᠷ ᠬᠦᠶᠦᠯᠭᠡᠭᠰᠡᠨ ᠳᠥᠷᠪᠡᠯᠵᠢᠨ ᠪᠣᠯᠣᠳ ᠪᠣᠯᠪᠠᠰᠤᠷᠠᠭᠤᠯᠬᠤ᠂ ᠵᠢᠶᠠᠩᠰᠢ ᠶᠢᠨ ᠱᠧᠨ ᠶᠧ ᠴᠠᠶᠢᠷ ᠵᠢᠴᠢ ᠬᠦᠬᠦᠷ ᠬᠦᠴᠢᠯ ᠤᠨ ᠴᠠᠶᠢᠷ ᠎ ᠤᠨ ᠦᠶᠯᠡᠳᠪᠦᠷᠢᠯᠡᠯ᠂ ᠲᠢᠶᠠᠨᠵᠢᠨ ᠤ ᠵᠧᠨ ᠬᠤᠤ ᠠᠭᠠᠷ ᠤᠨ ᠢᠯᠭᠠᠨ ᠰᠠᠯᠭᠠᠬᠤ ᠵᠡᠷᠭᠡ ᠲᠥᠷᠥᠯ ᠵᠦᠶᠯ ᠢ ᠭᠡᠷ᠎ᠡ ᠲᠤᠭᠳᠠᠨ ᠰᠠᠭᠤᠷᠢᠰᠢᠭᠤᠯᠵᠦ᠂ ᠵᠢᠯ ᠤᠨ ᠲᠤᠲᠤᠷ᠎ᠠ ᠡᠳᠦᠷ ᠤᠨ ᠬᠦᠳᠡᠷ ᠰᠢᠢᠳᠪᠦᠷᠢᠯᠡᠬᠦ ᠴᠢᠳᠠᠪᠬᠢ ᠶᠢ 2800 ᠲᠣᠨ ᠰᠢᠨ᠎ᠡ ᠪᠠᠷ ᠨᠡᠮᠡᠭᠳᠡᠭᠦᠯᠵᠦ᠂ ᠬᠠᠷ᠎ᠠ ᠲᠤᠭᠤᠯᠭ᠎ᠠ ᠪᠣᠯᠪᠠᠰᠤᠷᠠᠭᠤᠯᠬᠤ ᠦᠶᠯᠡᠳᠪᠦᠷᠢᠯᠡᠯ ᠤᠨ ᠴᠢᠳᠠᠪᠤᠷᠢ ᠶᠢ ᠳᠠᠬᠢᠨ ᠢᠶᠠᠷ ᠨᠡᠮᠡᠭᠳᠡᠭᠦᠯᠦᠨ᠎ᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠢ ᠲᠦᠷᠦᠯ ᠤᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠭᠦᠢᠴᠡᠳ ᠠᠰᠢᠭᠯᠠᠨ ᠬᠤᠪᠢᠷᠠᠭᠤᠯᠵᠤ᠂ ᠳ᠋ᠠ ᠲᠠᠩ ᠨᠡᠭᠦᠷᠡᠰᠦ ᠶᠢ ᠭᠡᠶᠢᠵᠢᠭᠦᠯᠬᠦ ᠦᠢᠯᠡᠳᠪᠦᠷᠢ ᠶᠢᠨ II ᠰᠢᠷᠢᠰ ᠵᠢᠴᠢ ᠪᠣᠬᠢᠷ ᠤᠰᠤ ᠰᠢᠢᠳᠪᠦᠷᠢᠯᠡᠬᠦ᠂ ᠬᠥᠳᠡᠯᠭᠡᠬᠦ ᠬᠦᠴᠦᠨ ᠢ ᠥᠭᠡᠷᠡᠴᠢᠯᠡᠬᠦ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠲᠤ ᠣᠷᠣᠭᠤᠯᠤᠨ᠂ ᠪᠥᠸᠧ ᠶᠤᠸᠠᠨ ᠰᠢᠨᠵᠢᠯᠡᠭᠡ ᠮᠡᠷᠭᠡᠵᠢᠯ ᠤᠨ ᠪᠦᠬᠦᠯᠢ ᠨᠠᠷᠠᠳᠠᠰᠤ ᠪᠠ ᠵᠢᠯ ᠳᠤ 15 ᠲᠦᠮᠡᠨ ᠲᠣᠨ ᠤ ᠨᠡᠭᠦᠷᠡᠰᠦᠨ ᠬᠡᠤᠳᠡᠰᠦᠨ ᠳᠤ ᠤᠰᠤᠲᠥ᠋ᠷᠥᠭᠴᠢ ᠨᠡᠮᠡᠬᠦ ᠲᠦᠭᠦᠭᠡᠷᠦᠮᠵᠢ ᠶᠢ ᠥᠭᠡᠷᠡᠴᠢᠯᠡᠬᠦ᠂ 6 ᠲᠦᠮᠡᠨ ᠲᠣᠨ ᠤ ᠬᠥᠡᠭᠭᠡᠨ ᠲᠤᠰᠦᠨ ᠳᠤ ᠤᠰᠤᠲᠥ᠋ᠷᠥᠭᠴᠢ ᠨᠡᠮᠡᠬᠦ ᠵᠡᠷᠭᠡ ᠲᠥᠷᠥᠯ ᠵᠦᠢᠯ ᠢ ᠲᠦᠷᠭᠡᠳᠬᠡᠨ ᠪᠥᠳᠥᠭᠡᠨ ᠪᠠᠶᠢᠭᠤᠯᠬᠤ ᠶᠢ ᠬᠦᠴᠦᠯᠡᠨ ᠪᠠᠲᠤᠯᠠᠵᠤ ᠂ ᠮᠢᠨ ᠾᠧ ᠪᠠᠶᠢᠭᠠᠯᠢ ᠶᠢᠨ ᠰᠢᠲᠠᠮᠠᠬᠠᠢ ᠬᠡᠢ ᠶᠢᠨ ᠡᠳᠦᠷ ᠪᠦᠷᠢ 15 ᠲᠦᠮᠡᠨ ᠪᠠᠷᠢᠮᠵᠢᠶ᠎ᠠ ᠳᠥᠷᠪᠡᠯᠵᠢᠨ LNG ᠰᠢᠢᠳᠪᠦᠷᠢᠯᠡᠬᠦ᠂ ᠪᠡᠭᠡᠵᠢᠩ ᠤᠨ ᠬᠤᠪᠢ ᠤᠷᠤᠭᠤᠯᠤᠯᠳᠠ ᠶᠢ ᠡᠵᠡᠮᠰᠢᠬᠦ ᠭᠤᠸᠠᠩ ᠬᠠᠨ ᠺᠣᠮᠫᠠᠨᠢ ᠶᠢᠨ ᠵᠢᠯ ᠳᠤ 40 ᠲᠦᠮᠡᠨ ᠲᠣᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠨ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠥᠷᠥᠯ ᠵᠦᠢᠯ ᠢ ᠪᠥᠬᠦ ᠲᠠᠯ᠎ᠠ ᠪᠠᠷ ᠠᠵᠢᠯ ᠡᠬᠢᠯᠡᠭᠦᠯᠵᠦ᠂ ᡁᠢ ᠿᠦᠢ ᠶᠢᠨ 4 × 30 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠬᠡᠷᠡᠭᠵᠢᠭᠦᠯᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠪᠠᠶᠢᠭᠤᠯᠵᠤ ᠪᠠᠶᠢᠭ᠎ᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠵᠠᠯᠭᠠᠮᠵᠢ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠪᠥᠬᠦ ᠬᠦᠴᠦᠨ ᠢᠶᠠᠷ ᠠᠬᠢᠭᠤᠯᠵᠤ᠂ ᠴᠡᠪᠡᠷ ᠡᠨᠧᠷᠭᠢ ᠶᠢᠨ ᠪᠥᠬᠦ ᠬᠤᠲᠠ ᠶᠢᠨ ᠲᠦᠷᠦᠭᠦᠯᠡᠬᠦ ᠪᠠᠶᠢᠷᠢ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ᠎ᠡ᠃ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠡᠯᠧᠺᠲᠷᠤᠨ ᠮᠡᠳᠡᠭᠡ ᠵᠠᠩᠭᠢ᠂ ᠬᠠᠶᠠᠭᠳᠠᠮᠠᠯ ᠬᠠᠭᠤᠴᠢᠨ ᠡᠬᠢ ᠪᠠᠶᠠᠯᠢᠭ ᠢ ᠠᠰᠢᠭᠯᠠᠬᠤ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠤᠨ ᠲᠥᠷᠥᠯ ᠵᠦᠢᠯ ᠢ ᠰᠦᠪᠡᠭᠴᠢᠯᠡᠬᠦ᠂ ᠨᠥᠭᠡᠴᠡᠯᠡᠬᠦ ᠪᠠ ᠤᠷᠤᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠲᠤᠶᠢᠯ ᠢ ᠴᠢᠷᠮᠠᠶᠢᠨ ᠪᠣᠶᠢᠵᠢᠭᠤᠯᠬᠤ ᠪᠠ ᠪᠣᠶ ᠪᠤᠯᠭᠠᠨ᠎ᠠ᠃      ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠦᠢᠯᠡᠴᠢᠯᠡᠭᠡᠨ ᠤ ᠦᠢᠯᠡᠰ ᠢ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠪᠠᠶᠢᠯᠳᠤᠬᠤ ᠪᠤᠳᠤᠯᠭ᠎ᠠ ᠶᠢᠨ ᠲᠤᠯᠬᠤ ᠴᠡᠭ ᠪᠣᠯᠭᠠᠬᠤ ᠶᠢ ᠪᠠᠷᠢᠮᠲᠠᠯᠠᠨ᠎ᠠ᠃ ︽ᠥᠪᠥᠷ ᠮᠣᠩᠭᠤᠯ ᠤᠨ ᠵᠢᠭᠤᠯᠴᠢᠯᠠᠯ ᠤᠨ ᠨᠢᠭᠡᠳᠦᠭᠡᠷ ᠬᠤᠰᠢᠭᠤ︾᠎ ᠶᠢ ᠴᠣᠭᠴᠠᠯᠠᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠭᠤᠷᠪᠠᠳᠤᠭᠠᠷ ᠬᠤᠭᠤᠴᠠᠭᠠᠨ ᠤ ᠪᠥᠬᠦ ᠬᠤᠲᠠ ᠶᠢᠨ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠳᠠᠭᠠᠭᠠᠨ ᠡᠷᠭᠢᠯᠡᠬᠦ ᠪᠠᠷ ᠠᠵᠠ ᠲᠣᠬᠢᠶᠠᠯ ᠪᠠ ᠭᠠᠷᠳᠠᠬᠤ ᠴᠡᠭ ᠪᠤᠯᠭᠠᠵᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠡᠳ᠋ ᠬᠦᠷᠦᠩᠭᠡ ᠶᠢ ᠲᠡᠬᠢᠠ ᠪᠠᠶᠢᠭᠤᠯᠬᠤ᠂ ᠪᠡᠯᠡ ᠣᠷᠣᠭᠤᠯᠵᠤ ᠪᠡᠯᠡ ᠬᠤᠷᠠᠮᠳᠤᠭᠤᠯᠬᠤ᠂ ᠲᠥᠷᠥᠯ ᠵᠦᠢᠯ ᠣᠷᠣᠭᠤᠯᠤᠨ ᠠᠪᠴᠢᠷᠠᠬᠤ ᠪᠠ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠡᠷᠴᠢᠮ ᠢ ᠦᠷᠭᠦᠯᠵᠢᠯᠡᠨ ᠨᠡᠮᠡᠭᠳᠡᠭᠦᠯᠵᠦ᠂ ᠬᠤᠩᠭᠤ ᠶᠢᠨ ᠳᠠᠪᠠᠭ᠎ᠠ ᠦᠵᠡᠮᠵᠢ ᠶᠢᠨ ᠣᠷᠣᠨ ᠢ ᠳᠠᠬᠢᠨ ᠪᠠᠶᠢᠭᠤᠯᠵᠤ ᠥᠭᠡᠷᠡᠴᠢᠯᠡᠨ ᠪᠠᠶᠢᠭᠤᠯᠬᠤ᠂ ᠰᠢᠷᠠᠮᠥ᠋ᠷᠡᠨ ᠦᠵᠡᠮᠵᠢ ᠶᠢᠨ ᠣᠷᠣᠨ ᠢ ᠬᠤᠳᠠᠯᠳᠤᠨ ᠠᠪᠴᠤ ᠨᠡᠶᠢᠯᠡᠭᠦᠯᠦᠨ ᠠᠮᠢᠳᠤᠯᠢᠭ ᠪᠣᠯᠭᠠᠬᠤ ᠵᠡᠷᠭᠡ ᠠᠵᠢᠯ ᠢ ᠳᠤᠪᠤᠶᠢᠮ᠎ᠠ ᠰᠠᠶᠢᠲᠤᠷ ᠠᠳᠬᠤᠵᠦ᠂ ᠤᠮᠠᠷᠠᠲᠤ ᠬᠢᠯᠢ ᠶᠢᠨ ᠦᠵᠡᠮᠵᠢ ᠶᠢᠨ ᠳᠠᠷᠳᠠᠩ ᠵᠠᠮ ᠎ ᠢ ᠭᠤᠣᠯᠳᠠᠯᠭ᠎ᠠ ᠲᠠᠢ ᠲᠦᠯᠬᠢᠨ ᠠᠬᠢᠭᠤᠯᠵᠦ᠂ ᠤᠶᠤᠨᠲᠤ ᠵᠢᠭᠤᠯᠴᠢᠯᠠᠯ᠂ ᠠᠰᠠᠭᠲᠦ ᠶᠢᠨ ᠴᠢᠯᠠᠭᠤᠨ ᠣᠶ ᠶᠢᠨ ᠦᠵᠡᠮᠵᠢ ᠶᠢᠨ ᠣᠷᠣᠨ ᠤ ᠳᠡᠭᠡᠭᠰᠢᠯᠡᠯᠳᠡ᠂ ᠬᠤᠰᠦᠲᠦ ᠬᠦᠷᠢᠶ᠎ᠡ ᠦᠵᠡᠮᠵᠢ ᠶᠢᠨ ᠣᠷᠣᠨ ᠤ ᠨᠡᠭᠡᠭᠡᠯᠲᠡ᠂ ᠵᠢᠭᠤᠯᠴᠢᠯᠠᠭᠰᠠᠳ ᠢ ᠲᠥᠪᠯᠡᠷᠡᠭᠦᠯᠵᠦ ᠲᠠᠷᠬᠠᠭᠠᠬᠤ ᠲᠥᠪ᠂ ᠪᠦᠲᠦᠭᠦᠨ ᠠᠭᠤᠯᠠ ᠶᠢᠨ ᠵᠢᠭᠤᠯᠴᠢᠯᠠᠯ᠂ ᠭᠦᠩᠵᠦ ᠨᠠᠭᠤᠷ ᠤᠨ ᠦᠵᠡᠮᠵᠢ ᠶᠢᠨ ᠣᠷᠣᠨ᠂ ᠤᠯᠠᠭᠠᠨᠪᠤᠲᠤᠩ ᠵᠢᠭᠤᠯᠴᠢᠯᠠᠯ ᠤᠨ ᠵᠢᠵᠢᠭ ᠪᠠᠯᠭᠠᠰᠤ᠂ ᠰᠢᠷᠠᠮᠦ᠋ᠷᠡᠨ ᠤ ᠯᠥᠩ ᠫᠦ᠋ ᠳ᠋ᠦ᠋ ᠦᠵᠡᠮᠵᠢ ᠶᠢᠨ ᠣᠷᠣᠨ ᠵᠡᠷᠭᠡ ᠲᠥᠷᠥᠯ ᠵᠦᠢᠯ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠤᠯᠤᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠴᠢᠷᠮᠠᠶᠢᠨ ᠪᠠᠶᠢᠭᠤᠯᠤᠨ᠎ᠠ᠃ ᠬᠥᠳᠡᠭᠡ ᠲᠣᠰᠬᠤᠨ ᠤ ᠪᠡᠶ᠎ᠡ ᠰᠤᠪᠢᠯᠠᠯᠲᠠ ᠠᠮᠠᠷᠠᠯᠲᠠ᠂ ᠡᠷᠡᠭᠦᠯᠵᠢᠯ ᠤᠨ ᠬᠥᠳᠡᠯᠭᠡᠭᠡᠨ᠂ ᠠᠮᠢ ᠠᠬᠤᠶ ᠶᠢᠨ ᠰᠡᠯᠡᠭᠦᠴᠡᠯ᠂ ᠲᠠᠷᠢᠶᠠᠯᠠᠩ ᠤᠨ ᠲᠤᠬᠠᠢ ᠣᠶᠢᠯᠠᠭᠠᠯᠲᠠ᠂ ᠠᠷᠠᠳ ᠤᠨ ᠵᠠᠩ ᠦᠶᠯᠡ ᠪᠠᠶᠠᠷ ᠳᠤᠷᠠᠰᠬᠠᠯ ᠵᠡᠷᠭᠡ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠭᠦᠨᠵᠡᠭᠡᠶ ᠰᠦᠪᠡᠭᠴᠢᠯᠡᠨ ᠪᠠᠶᠠᠯᠢᠭᠵᠢᠭᠤᠯᠵᠤ᠂ ᠾᠧᠪᠧᠶ ᠶᠢᠨ ᠿᠦᠩ ᠶᠠᠩ ᠣᠶ ᠰᠢᠭᠤᠶ ᠶᠢᠨ ᠡᠷᠡᠭᠦᠯᠵᠢᠯ ᠰᠤᠪᠢᠯᠠᠯᠲᠠ᠂ ᠱᠠᠨᠳᠦ᠋ᠩ ᠤᠨ ᠱᠧᠩ ᠴᠢᠤᠸᠠᠨ ᠬᠠᠯᠠᠭᠤᠨ ᠷᠠᠰᠢᠶᠠᠨ ᠤ ᠡᠷᠡᠭᠦᠯᠵᠢᠯ ᠰᠤᠪᠢᠯᠠᠯᠲᠠ ᠵᠡᠷᠭᠡ ᠲᠥᠷᠥᠯ ᠵᠦᠶᠯ ᠤᠨ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠰᠣᠶᠣᠯ ᠵᠢᠭᠤᠯᠴᠢᠯᠠᠯ ᠤᠨ ᠣᠯᠠᠨ ᠡᠰᠢᠵᠢᠵᠦ ᠠᠭᠤᠰᠤᠯᠴᠠᠨ ᠬᠥᠭᠵᠢᠬᠦ ᠶᠢ ᠪᠦᠲᠦᠮᠵᠢᠲᠡᠶ ᠠᠬᠢᠭᠤᠯᠤᠨ᠎ᠠ᠃ ᠵᠢᠭᠤᠯᠴᠢᠯᠠᠯ ᠤᠨ ᠤᠬᠠᠭᠤᠯᠭ᠎ᠠ ᠪᠣᠷᠣᠯᠠᠭᠤᠯᠭ᠎ᠠ ᠪᠠ ᠵᠠᠬ᠎ᠠ ᠳᠡᠯᠭᠡᠭᠦᠷ ᠎ ᠤᠨ ᠡᠮᠬᠢ ᠳᠢᠭᠯᠢᠮ ᠤᠨ ᠴᠡᠭᠴᠡᠯᠡᠯᠲᠡ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠠᠳᠤᠭᠤᠨ ᠰᠣᠶᠣᠯ ᠤᠨ ᠨᠠᠶᠢᠷ᠂ ᠠᠭᠠᠷ ᠠᠶᠠᠯᠠᠯ ᠤᠨ ᠨᠠᠶᠢᠷ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠨᠠᠶᠢᠷ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠶᠢᠷ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠢᠳᠡᠪᠬᠢᠲᠡᠶ ᠪᠡᠯᠡᠳᠬᠡᠨ ᠰᠠᠶᠢᠲᠤᠷ ᠬᠢᠵᠦ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠵᠢᠭ ᠤᠨ ᠪᠠᠶᠢᠳᠠᠯ ᠠᠴᠠ ᠪᠣᠯᠤᠭᠰᠠᠨ ᠬᠦᠨᠳᠦ ᠨᠣᠴᠢᠲᠠᠶ ᠨᠥᠯᠥᠭᠡ ᠶᠢ ᠠᠷᠢᠯᠭᠠᠵᠤ᠂ ᠵᠢᠭᠤᠯᠴᠢᠯᠠᠭᠴᠢᠳ ᠤᠨ ᠲᠤᠭ᠎ᠠ ᠪᠠ ᠵᠢᠭᠤᠯᠴᠢᠯᠠᠯ ᠤᠨ ᠣᠷᠣᠯᠭ᠎ᠠ ᠶᠢ ᠵᠦᠶ ᠵᠣᠬᠢᠰᠲᠠᠶ ᠬᠡᠪᠴᠢᠶᠡᠨ ᠳᠤ ᠪᠠᠶᠢᠯᠭᠠᠬᠤ ᠪᠠᠷ ᠴᠢᠷᠮᠠᠶᠢᠨ᠎ᠠ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤᠨ ᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠭᠦᠶᠴᠡᠳ ᠰᠠᠶᠢᠲᠤᠷ ᠬᠡᠷᠡᠭᠯᠡᠵᠦ᠂ ᠦᠶᠯᠡᠳᠪᠦᠷᠢᠯᠡᠬᠦ ᠬᠠᠩᠭᠠᠨ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠨ ᠰᠤᠳᠤᠯᠵᠤ᠂ ᠲᠣᠭᠠᠴᠢᠯᠠᠭᠰᠠᠨ ᠠᠵᠤ ᠠᠬᠤᠶ ᠬᠢᠭᠡᠳ ᠪᠣᠳᠠᠲᠤ ᠴᠣᠭᠴᠠ ᠶᠢᠨ ᠠᠵᠤ ᠠᠬᠤᠶ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠡᠯ᠎ᠡ ᠲᠥᠷᠥᠯ ᠤᠨ ᠭᠠᠳᠠᠭᠠᠳᠤ ᠠᠷᠠᠯᠵᠢᠶ᠎ᠠ᠂ ᠦᠵᠡᠰᠬᠦᠯᠡᠩ ᠵᠡᠷᠭᠡ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠬᠤ ᠲᠤᠭ᠎ᠠ ᠬᠡᠮᠵᠢᠶ᠎ᠡ ᠶᠢ ᠦᠨᠡᠨ ᠬᠦ ᠨᠡᠮᠡᠭᠳᠡᠭᠦᠯᠵᠦ᠂ ᠬᠤᠣᠰ ᠡᠷᠭᠢᠯᠳᠡ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠴᠢᠷᠮᠠᠶᠢᠨ ᠠᠭᠤᠰᠤᠯᠴᠠᠨ᠎ᠠ
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号