| | ︵ᠭᠤᠷᠪᠠ︶ ᠰᠡᠷᠭᠡᠶᠢᠯᠡᠬᠦ ᠪᠠ ᠵᠠᠰᠠᠬᠤ ᠶᠢ ᠵᠡᠷᠭᠡ ᠪᠠᠷ ᠠᠳᠬᠤᠬᠤ᠂ ᠪᠠᠶᠢᠭᠤᠯᠬᠤ ᠪᠠ ᠬᠠᠮᠢᠶᠠᠷᠬᠤ ᠶᠢ ᠵᠡᠷᠭᠡ | ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ | ᠶᠢ ᠬᠦᠴᠦᠯᠡᠨ ᠠᠬᠢᠭᠤᠯᠵᠤ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ᠠᠮᠢ ᠠᠬᠤᠢ ᠣᠷᠴᠢᠨ | ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠮᠠᠨ ᠤ ᠤᠯᠤᠰ ᠤᠨ ᠤᠮᠠᠷᠠᠲᠤ ᠬᠢᠯᠢ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ᠎ᠡ᠃ ᠰᠢᠨ᠎ᠡ ᠨᠢᠭᠡ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ | ᠶᠢᠨ ᠱᠠᠭᠠᠷᠳᠠᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠡᠮ ᠰᠣᠭᠤᠭ ᠢ ᠵᠢᠭᠰᠠᠭᠠᠨ | ᠪᠠᠶᠢᠴᠠᠭᠠᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠱᠠᠭᠠᠷᠳᠠᠯᠭ᠎ᠠ ᠶᠣᠰᠣᠭᠠᠷ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠤ᠂ ᠡᠷᠡᠰ ᠰᠡᠷᠭᠡᠶᠢᠯᠡᠨ ᠬᠤᠷᠢᠭᠯᠠᠵᠤ | ᠳᠠᠬᠢᠨ ᠡᠭᠦᠰᠬᠦ ᠠᠴᠠ ᠵᠠᠶᠢᠯᠠᠰᠬᠢᠨ᠎ᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠬᠤᠲᠠ ᠶᠢᠨ | ᠳᠡᠭᠳᠡᠮᠡᠯ ᠲᠣᠭᠤᠰᠣ ᠶᠢ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠡᠬᠢᠲᠦ ᠪᠣᠬᠢᠷᠲᠤᠯ᠂ ᠤᠰᠤᠨ | ᠰᠤᠷᠪᠤᠯᠵᠢ ᠶᠢᠨ ᠣᠷᠣᠨ ᠢ ᠬᠠᠮᠠᠭᠠᠯᠠᠬᠤ᠂ ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ ᠶᠢ ᠴᠡᠭᠴᠡᠯᠡᠨ ᠵᠠᠰᠠᠬᠤ᠂ | ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ᠂ ᠤᠯᠤᠰ ᠤᠨ | ᠭᠠᠵᠠᠷ ᠤᠨ ᠭᠠᠳᠠᠷᠭᠤ ᠶᠢᠨ ᠤᠰᠤ ᠶᠢ ᠬᠢᠨᠠᠨ ᠰᠢᠯᠭᠠᠬᠤ ᠪᠠᠷᠢᠮᠵᠢᠶ᠎ᠠ ᠳᠤ ᠬᠦᠷᠦᠭᠦᠯᠬᠦ ᠵᠡᠷᠭᠡ ᠠᠵᠢᠯ ᠢ ᠲᠣᠪᠣᠶᠢᠮ᠎ᠠ | ᠰᠠᠶᠢᠲᠤᠷ ᠠᠳᠬᠤᠵᠤ᠂ ᠭᠠᠯᠳᠠᠰᠤᠲᠠᠢ ᠷᠠᠰᠢᠶᠠᠨ ᠤ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠵᠡᠷᠭᠡ ᠲᠥᠷᠥᠯ | ᠵᠦᠶᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠭᠦᠨᠵᠡᠭᠡᠢ ᠠᠬᠢᠭᠤᠯᠤᠨ᠎ᠠ᠃ | ᠤᠮᠳᠠ ᠶᠢᠨ ᠤᠰᠤᠨ ᠤ ᠰᠤᠷᠪᠤᠯᠵᠢ ᠶᠢᠨ ᠭᠠᠵᠠᠷ ᠢ ᠪᠠᠷᠢᠮᠵᠢᠶ᠎ᠠ ᠳᠤ ᠬᠦᠷᠦᠭᠦᠯᠦᠨ ᠴᠡᠭᠴᠡᠯᠡᠨ ᠰᠠᠶᠢᠵᠢᠷᠠᠭᠤᠯᠬᠤ ᠪᠠ | ᠵᠢᠷᠤᠮᠵᠢᠭᠤᠯᠤᠨ ᠪᠥᠲᠥᠭᠡᠨ ᠪᠠᠶᠢᠭᠤᠯᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ︽ᠮᠢᠩᠭᠠᠨ ᠲᠣᠨ ᠲᠦᠮᠡᠨ | ᠬᠥᠮᠦᠨ︾ ᠤ ᠭᠠᠵᠠᠷ ᠳᠣᠤᠷᠠᠬᠢ ᠤᠰᠤᠨ ᠤ ᠤᠮᠳᠠ ᠶᠢᠨ ᠤᠰᠤᠨ ᠤ ᠰᠤᠷᠪᠤᠯᠵᠢ ᠶᠢ ᠪᠠᠶᠢᠴᠠᠭᠠᠵᠤ ᠦᠨᠡᠯᠡᠨ ᠵᠢᠱᠢᠬᠦ | ᠪᠠ ᠬᠠᠮᠠᠭᠠᠯᠠᠯᠲᠠ ᠶᠢᠨ ᠣᠷᠣᠨ ᠢ ᠬᠤᠪᠢᠶᠠᠷᠢᠯᠠᠨ ᠲᠣᠭᠲᠠᠭᠠᠬᠤ ᠠᠵᠢᠯ ᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠶᠠᠷ ᠢ ᠬᠢᠵᠠᠭᠠᠷᠯᠠᠬᠤ︾ ᠬᠠᠮᠢᠶᠠᠷᠤᠯᠲᠠ ᠶᠢ ᠪᠦᠬᠦ ᠲᠠᠯ᠎ᠠ ᠪᠠᠷ | ᠴᠢᠩᠭᠠᠳᠬᠠᠨ᠂ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠶᠢ 3.2% ᠢᠶᠠᠷ ᠲᠣᠷᠤᠭᠰᠢᠯᠠᠭᠤᠯᠤᠨ᠂ | ᠡᠨᠧᠷᠭᠢ ᠶᠢᠨ ᠬᠤᠷᠣᠭᠳᠠᠭᠤᠯᠭ᠎ᠠ ᠶᠢᠨ ᠨᠡᠮᠡᠭᠳᠡᠯ ᠢ 2.31 ᠲᠦᠮᠡᠨ ᠲᠣᠨ ᠪᠠᠷᠢᠮᠵᠢᠶ᠎ᠠ ᠨᠡᠭᠦᠷᠡᠰᠦ ᠶᠢᠨ ᠬᠡᠪᠴᠢᠶᠡᠨ | ᠳᠤ ᠬᠢᠵᠠᠭᠠᠷᠯᠠᠬᠤ ᠶᠢ ᠦᠨᠡᠨ ᠬᠦ ᠪᠠᠲᠤᠯᠠᠨ᠎ᠠ᠃ | ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ | ᠭᠤᠣᠯᠳᠠᠯᠭ᠎ᠠ ᠲᠠᠢ ᠣᠷᠣᠨ ᠪᠦᠰᠡ ᠶᠢᠨ ᠠᠭᠤᠯᠠ ᠤᠰᠤ᠂ ᠣᠢ ᠰᠢᠭᠤᠢ᠂ ᠲᠠᠷᠢᠶᠠᠨ ᠭᠠᠵᠠᠷ᠂ ᠨᠠᠭᠤᠷ ᠴᠥᠭᠦᠷᠥᠮ᠂ | ᠨᠤᠲᠤᠭ ᠪᠡᠯᠴᠢᠭᠡᠷ᠂ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ | ᠬᠡᠪᠴᠢᠶᠡᠵᠢᠭᠰᠡᠨ ᠣᠢ ᠰᠢᠭᠤᠢ ᠶᠢᠨ ᠲᠠᠯᠠᠪᠠᠢ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ | ᠳᠠᠯᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠪᠠ ᠵᠠᠰᠠᠨ ᠰᠡᠷᠭᠦᠭᠡᠬᠦ | ᠂ ᠪᠠᠶᠢᠭᠠᠯᠢᠯᠢᠭ ᠣᠢ ᠰᠢᠭᠤᠢ ᠶᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ ᠪᠡᠯᠴᠢᠭᠡᠷ ᠢ | ᠰᠡᠷᠭᠦᠭᠡᠬᠦ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠪᠠᠭ᠎ᠠ ᠰᠠᠪᠠ ᠭᠠᠵᠠᠷ ᠤᠨ | ᠶᠡᠷᠦᠩᠬᠡᠶᠢᠯᠡᠭᠰᠡᠨ ᠵᠠᠰᠠᠯᠲᠠ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠵᠡᠷᠭᠡ ᠭᠤᠣᠯᠳᠠᠯᠭ᠎ᠠ | ᠲᠠᠢ ᠠᠮᠢ ᠠᠬᠤᠢ ᠶᠢᠨ ᠢᠨᠵᠧᠨᠧᠷᠢᠩ ᠢ ᠲᠣᠪᠣᠶᠢᠮ᠎ᠠ ᠰᠠᠶᠢᠲᠤᠷ ᠠᠳᠬᠤᠵᠤ᠂ ᠲᠤᠰ ᠵᠢᠯ ᠳᠤ 27.6 ᠲᠦᠮᠡᠨ ᠮᠦ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠪᠠᠲᠤᠯᠠᠨ᠎ᠠ᠃ ᠥᠪᠥᠷ ᠮᠣᠩᠭᠤᠯ ᠤᠨ ᠣᠶ ᠰᠢᠭᠤᠶ | ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ᠂ ᠰᠢᠨ ᠰᠧ ᠯᠦ | ᠡᠯᠡᠰᠦ ᠮᠠᠩᠬ᠎ᠠ ᠶᠢ ᠵᠠᠰᠠᠬᠤ ᠺᠣᠮᠫᠠᠨᠢ ᠵᠡᠷᠭᠡ ᠠᠵᠤ ᠠᠬᠤᠶᠢᠯᠠᠯ ᠯᠤᠭ᠎ᠠ ᠶᠢᠨ ᠭᠦᠨᠵᠡᠭᠡᠶ ᠬᠠᠮᠲᠤᠷᠠᠯᠴᠠᠭ᠎ᠠ ᠶᠢ ᠦᠨᠡᠨ | ᠬᠦ ᠴᠢᠩᠭᠠᠳᠬᠠᠵᠤ᠂ ᠣᠶ ᠰᠢᠭᠤᠶ ᠶᠢ ᠡᠵᠡᠩᠨᠡᠨ ᠣᠶᠢᠵᠢᠭᠤᠯᠬᠤ᠂ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠵᠠᠰᠠᠬᠤ | ᠂ ᠣᠶ ᠰᠢᠭᠤᠶ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠠᠯ᠎ᠠ ᠪᠠᠷ ᠢᠳᠡᠪᠬᠢᠲᠡᠶ ᠦᠷ᠎ᠡ ᠪᠦᠲᠦᠭᠡᠯ | ᠤᠯᠬᠤ ᠪᠠᠷ ᠴᠢᠷᠮᠠᠶᠢᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠥᠭᠴᠦ ᠱᠠᠩᠨᠠᠯ ᠣᠯᠭᠤᠬᠤ᠂ | ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠡᠷᠭᠡ | ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠨᠠᠩ ᠡᠷᠡᠰ | ᠴᠢᠩᠭ᠎ᠠ ᠣᠪᠣᠷ ᠪᠠ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠡᠯ᠎ᠡ | ᠲᠥᠷᠥᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠮᠢ ᠠᠬᠤᠢ | ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠤᠨ ᠵᠠᠭᠠᠭ ᠢ ᠬᠠᠶᠢᠨ ᠪᠠᠶᠢᠴᠠᠭᠠᠵᠤ ᠪᠠᠷᠢᠮᠵᠢᠶ᠎ᠠ ᠲᠣᠭᠲᠠᠭᠠᠬᠤ᠂ ᠬᠤᠲᠠ | ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠲᠣᠬᠢᠷᠠᠭᠤᠯᠬᠤ ᠪᠠ ᠭᠤᠣᠯ ᠴᠣᠭᠴᠠ ᠶᠢᠨ ᠴᠢᠳᠠᠮᠵᠢᠲᠤ | ᠣᠷᠣᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ | ᠪᠣᠬᠢᠷᠲᠤᠯ ᠦᠭᠡᠢ ᠠᠭᠤᠷᠬᠠᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠳᠠᠷᠢ ᠶᠢᠨ ᠳᠠᠪᠠᠭ᠎ᠠ— ᠤᠯᠢᠶᠠᠰᠤᠲᠠᠢ ᠠᠭᠤᠷᠬᠠᠢ ᠶᠢᠨ ᠲᠣᠭᠤᠷᠢᠭ ᠪᠠ ᠬᠤᠩᠭᠤ ᠶᠢᠨ ᠠᠭᠤᠷᠬᠠᠢ | ᠶᠢᠨ ᠲᠣᠭᠤᠷᠢᠭ ᠤᠨ ᠪᠣᠬᠢᠷᠲᠤᠯ ᠦᠭᠡᠢ ᠠᠭᠤᠷᠬᠠᠢ ᠶᠢᠨ ᠲᠣᠭᠤᠷᠢᠭ ᠤᠨ ᠵᠢᠱᠢᠶ᠎ᠡ ᠦᠵᠡᠭᠦᠯᠬᠦ ᠣᠷᠣᠨ ᠪᠦᠰᠡ ᠶᠢᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠤᠰ ᠵᠢᠯ ᠳᠤ ᠪᠣᠬᠢᠷᠲᠤᠯ ᠦᠭᠡᠢ ᠠᠭᠤᠷᠬᠠᠢ ᠶᠢ | 2 ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ︵ᠳᠦᠷᠪᠡ︶ ᠪᠦᠲᠦᠮᠵᠢᠲᠡᠢ ᠵᠣᠯᠭᠠᠭᠤᠯᠬᠤ᠂ ᠳᠤᠳᠠᠭᠤᠳᠠᠯ ᠢᠶᠠᠨ ᠨᠥᠬᠦᠪᠦᠷᠢᠯᠡᠬᠦ ᠶᠢ ᠪᠠᠷᠢᠮᠲᠠᠯᠠᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠬᠦᠴᠦᠯᠡᠨ ᠠᠬᠢᠭᠤᠯᠵᠤ | ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ | ᠮᠠᠯᠴᠢᠨ ᠲᠠᠷᠢᠶᠠᠴᠢᠨ︾ ᠤ ᠲᠣᠪᠣᠶᠢᠮ᠎ᠠ ᠠᠰᠠᠭᠤᠳᠠᠯ ᠢ ᠰᠠᠶᠢᠲᠤᠷ ᠰᠢᠶᠳᠪᠦᠷᠢᠯᠡᠬᠦ ᠪᠠᠷ ᠭᠠᠷᠳᠠᠴᠠ ᠪᠣᠯᠭᠠᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠵᠦ᠂ ᠮᠠᠯ ᠠᠵᠤ ᠠᠬᠤᠶ ᠲᠠᠷᠢᠶᠠᠯᠠᠩ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠪᠠᠶᠠᠨ ᠴᠢᠨᠡᠭᠡᠯᠢᠭ ᠪᠠᠶᠢᠬᠤ | ᠶᠢ ᠴᠢᠷᠮᠠᠶᠢᠨ ᠠᠬᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠭᠦᠨᠵᠡᠭᠡᠶ ᠠᠬᠢᠭᠤᠯᠤᠨ᠎ᠠ᠃ ︽ᠳᠥᠷᠪᠡ ᠶᠢ ᠥᠯᠥ ᠣᠷᠬᠢᠬᠤ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠲᠣ ᠶᠢᠨ ᠪᠠᠶᠢᠭ᠎ᠠ ᠲᠠᠩᠰᠠ ᠡᠪᠬᠡᠮᠡᠯ ᠺᠠᠷᠲ ᠪᠠᠶᠢᠭᠤᠯᠤᠭᠰᠠᠨ | ᠶᠠᠳᠠᠭᠤ ᠬᠦᠴᠢᠷᠲᠡᠢ ᠬᠥᠮᠦᠨ ᠠᠮᠠ ᠳᠤ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠳᠠᠬᠢᠨ | ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠶ ᠬᠢᠨᠠᠯᠲᠠ ᠪᠠ ᠬᠠᠪᠰᠤᠷᠤᠨ ᠲᠡᠳᠬᠦᠬᠦ ᠵᠣᠬᠢᠴᠠᠮᠵᠢ ᠶᠢ ᠪᠣᠳᠠᠲᠠᠶ | ᠨᠠᠷᠢᠯᠢᠭ ᠨᠠᠶᠢᠳᠠᠪᠤᠷᠢᠵᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠷᠭ᠎ᠠ ᠬᠡᠯᠪᠡᠷᠢ ᠪᠠ ᠠᠷᠭ᠎ᠠ ᠵᠠᠮ ᠢ | ᠢᠳᠡᠪᠬᠢᠲᠡᠶ ᠰᠦᠪᠡᠭᠴᠢᠯᠡᠵᠦ᠂ ᠶᠠᠳᠠᠭᠤ ᠶᠢ ᠲᠡᠳᠬᠦᠬᠦ ᠠᠵᠤ ᠦᠶᠯᠡᠰ ᠤᠨ ᠰᠠᠭᠤᠷᠢᠨ ᠭᠠᠵᠠᠷ ᠤᠨ ᠶᠡᠷᠦᠩᠬᠡᠶᠢᠯᠡᠭᠰᠡᠨ | ᠦᠶᠯᠡᠴᠢᠯᠡᠭᠡᠨ ᠤ ᠲᠠᠪᠴᠠᠩ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ | ᠂ ᠶᠡᠷᠦᠩᠬᠡᠶ ᠪᠠᠯᠠ ᠣᠷᠣᠭᠤᠯᠤᠯᠲᠠ ᠨᠢ 2.05 ᠳ᠋ᠦᠩᠰᠢᠭᠤᠷ ᠲᠥᠭᠦᠷᠢᠭ ᠣᠷᠴᠢᠮ᠂ 59 ᠠᠵᠤ ᠦᠶᠯᠡᠰ ᠤᠨ | ᠬᠥᠭᠵᠢᠯᠲᠡ ᠶᠢᠨ ᠲᠥᠷᠥᠯ ᠤᠨ ᠲᠥᠷᠥᠯ ᠵᠦᠶᠯ ᠢ ᠲᠡᠮᠡᠴᠡᠨ ᠣᠯᠬᠤ ᠪᠠ ᠪᠦᠲᠦᠭᠡᠨ ᠪᠠᠶᠢᠭᠤᠯᠬᠤ ᠵᠡᠷᠭᠡ ᠠᠵᠢᠯ ᠢ | ᠵᠡᠷᠭᠡᠪᠡᠷ ᠰᠠᠶᠢᠲᠤᠷ ᠬᠢᠵᠦ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠂ ᠲᠦᠬᠦᠭᠡᠷᠦᠮᠵᠢᠲᠦ ᠲᠠᠷᠢᠶᠠᠯᠠᠩ᠂ | ᠶᠠᠳᠠᠭᠤ ᠶᠢ ᠲᠡᠳᠬᠦᠬᠦ ᠦᠶᠯᠡᠳᠪᠦᠷᠢ ᠶᠢᠨ ᠲᠠᠰᠤᠭ᠂ ᠡᠪᠡᠰᠦᠨ ᠤ ᠦᠶᠯᠡᠰ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ | ᠂ ᠤᠯᠠᠮᠵᠢᠯᠠᠯᠲᠤ ᠴᠠᠭᠠᠨ ᠢᠳᠡᠭᠡᠨ ᠪᠠ ᠢᠳᠡᠰᠢᠨ ᠮᠥᠭᠦ ᠡᠳ᠋ᠰᠢᠭᠦᠯᠬᠦ ᠵᠡᠷᠭᠡ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠶᠠᠳᠠᠭᠤ ᠶᠢ ᠲᠡᠳᠬᠦᠬᠦ ᠠᠵᠤ ᠦᠶᠯᠡᠰ ᠤᠨ ᠬᠡᠪᠴᠢᠶ᠎ᠡ ᠶᠢ | ᠥᠷᠭᠡᠳᠬᠡᠨ ᠦᠷ᠎ᠡ ᠠᠰᠢᠭ ᠢ ᠨᠡᠮᠡᠭᠳᠡᠭᠦᠯᠦᠨ᠂ ᠲᠠᠰ ᠳᠡᠪᠰᠢᠭᠦᠯᠬᠦ ᠶᠢ ᠴᠢᠷᠮᠠᠶᠢᠨ ᠠᠬᠢᠭᠤᠯᠤᠨ᠎ᠠ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠶᠡᠷᠦᠩᠬᠡᠶᠢᠯᠡᠨ ᠴᠡᠭᠴᠡᠯᠡᠨ | ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠰᠠᠶᠢᠲᠤᠷ ᠪᠠᠬᠢᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠵᠠᠰᠠᠬᠤ ᠲᠥᠷᠥᠯ ᠵᠦᠶᠯ ᠢ ᠲᠦᠷᠭᠡᠳᠬᠡᠨ ᠡᠬᠢᠯᠡᠭᠦᠯᠵᠦ᠂ ᠪᠠᠶᠢᠩᠭᠤᠵᠢᠭᠰᠠᠨ | ᠴᠡᠭᠴᠡᠯᠡᠨ ᠵᠠᠰᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠭᠠᠴᠠᠭ᠎ᠠ ᠲᠣᠰᠬᠤᠨ ᠤ ᠪᠠᠭ᠎ᠠ ᠬᠡᠯᠪᠡᠷᠢ ᠶᠢᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠶᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠶᠢᠨ ᠲᠥᠷᠥᠯ ᠵᠦᠶᠯ ᠤᠨ | ᠪᠠᠯᠠ ᠮᠥᠩᠭᠦ ᠤᠯᠬᠤ ᠪᠠ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠢᠳᠡᠪᠬᠢᠲᠡᠶ ᠰᠠᠶᠢᠲᠤᠷ ᠬᠢᠵᠦ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠵᠣᠷᠯᠣᠩ ᠤᠨ ᠥᠭᠡᠷᠡᠴᠢᠯᠡᠯᠲᠡ︾᠂ ᠳᠠᠷᠢᠵᠤ ᠲᠡᠵᠢᠭᠡᠵᠦ | ᠦᠷᠡᠵᠢᠭᠦᠯᠬᠦ ᠦᠢᠯᠡᠰ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠥᠷᠥᠯ ᠵᠦᠶᠯ ᠢ | ᠬᠡᠷᠡᠭᠵᠢᠭᠦᠯᠵᠦ᠂ 14 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ | ᠲᠣᠰᠬᠤᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠤᠰ ᠵᠢᠯ ᠳᠤ 4200 ᠵᠣᠷᠯᠣᠩ ᠢ | ᠥᠭᠡᠷᠡᠴᠢᠯᠡᠨ ᠰᠢᠨᠡᠳᠬᠡᠵᠦ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ | 75.6% ᠳᠤ ᠬᠦᠷᠭᠡᠨ᠎ᠡ᠃ ︽ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ | ᠲᠦᠰᠦᠪ︾ ᠢ ᠭᠦᠨᠵᠡᠭᠡᠢ ᠬᠡᠷᠡᠭᠵᠢᠭᠦᠯᠵᠦ᠂ ᠳᠠᠯᠠᠶᠢᠨᠠᠭᠤᠷ ᠪᠠᠯᠭᠠᠰᠤ ᠶᠢᠨ ᠬᠠᠨᠳᠤᠬᠤ ᠭᠠᠴᠠᠭᠠᠨ ᠤ ᠮᠠᠯᠵᠢᠬᠤ ᠣᠷᠣᠨ | ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ᠋ ᠤᠨ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ | ᠪᠡᠶᠡᠯᠡᠭᠦᠯᠦᠨ᠂ ᠤᠳᠤ ᠦᠶ᠎ᠡ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ 1 ᠲᠤᠷᠰᠢᠯᠲᠠ | ᠶᠢᠨ ᠴᠢᠭ᠋ ᠢ ᠴᠢᠷᠮᠠᠶᠢᠨ ᠴᠣᠭᠴᠠᠯᠠᠨ᠎ᠠ᠃ ᠲᠣᠭᠤᠷᠢᠭ ᠬᠤᠪᠢᠶᠠᠨ ᠰᠡᠯᠭᠦᠨ ᠮᠠᠯᠵᠢᠬᠤ᠂ ᠪᠡᠯᠴᠢᠭᠡᠷ ᠢᠶᠠᠨ ᠬᠡᠰᠡᠭᠯᠡᠬᠦ | ᠵᠡᠷᠭᠡ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠲᠦᠪᠯᠡᠷᠡᠭᠰᠡᠨ ᠴᠣᠭᠯᠠᠷᠠᠭᠰᠠᠨ | ᠡᠷᠴᠢᠮᠵᠢᠭᠦᠯᠦᠭᠰᠡᠨ ᠬᠥᠭᠵᠢᠯᠲᠡ ᠶᠢᠨ ᠬᠢᠵᠠᠭᠠᠷᠯᠠᠯ ᠢ ᠪᠦᠲᠦᠮᠵᠢᠲᠡᠢ ᠰᠢᠢᠳᠪᠦᠷᠢᠯᠡᠨ᠎ᠡ᠃ ᠮᠠᠯᠵᠢᠬᠤ ᠲᠠᠷᠢᠶᠠᠯᠠᠬᠤ | ᠣᠷᠣᠨ ᠤ ᠨᠤᠲᠤᠭ ᠤᠨ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠳᠡᠭᠡ | ᠲᠣᠰᠬᠤᠨ ᠤ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ ᠪᠠ ᠶᠣᠰᠣ ᠰᠤᠷᠲᠠᠬᠤᠨ ᠢᠶᠠᠷ ᠵᠠᠰᠠᠬᠤ ᠲᠦᠪᠰᠢᠨ ᠢ | ᠪᠦᠲᠦᠮᠵᠢᠲᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠴᠢᠷᠮᠠᠶᠢᠨ ᠪᠡᠶᠡᠯᠡᠭᠦᠯᠦᠨ᠎ᠡ᠃ | ︵ᠲᠠᠪᠤ︶ ᠰᠠᠭᠤᠷᠢ ᠪᠠᠨ ᠲᠡᠭᠦᠯᠳᠡᠷᠵᠢᠭᠦᠯᠵᠦ᠂ ᠴᠢᠳᠠᠮᠵᠢ ᠪᠠᠨ ᠳᠡᠭᠡᠭᠰᠢᠯᠡᠭᠦᠯᠬᠦ ᠶᠢ ᠪᠠᠷᠢᠮᠲᠠᠯᠠᠨ᠂ ᠬᠤᠲᠠ | ᠶᠢᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠪᠠ ᠬᠤᠳᠠ ᠬᠥᠳᠡᠭᠡ ᠶᠢᠨ ᠰᠠᠭᠤᠷᠢ ᠲᠦᠬᠦᠭᠡᠷᠦᠮᠵᠢ ᠪᠦᠲᠦᠭᠡᠨ | ᠪᠠᠶᠢᠭᠤᠯᠤᠯᠲᠠ ᠶᠢ ᠬᠦᠴᠦᠯᠡᠨ ᠠᠬᠢᠭᠤᠯᠵᠤ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠬᠥᠮᠦᠨ ᠢᠶᠠᠷ ᠭᠤᠣᠯ | ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠴᠢᠯᠠᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ | ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠬᠤᠲᠠ ᠬᠥᠳᠡᠭᠡ | ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠣᠷᠣᠨ ᠪᠦᠰᠡ | ᠶᠢ ᠬᠤᠯᠪᠣᠨ ᠨᠡᠪᠲᠡᠷᠡᠭᠦᠯᠬᠦ᠂ ᠬᠤᠲᠠ ᠬᠥᠳᠡᠭᠡ ᠶᠢ ᠠᠭᠤᠰᠤᠯᠴᠠᠭᠤᠯᠤᠨ ᠨᠡᠪᠲᠡᠷᠡᠭᠦᠯᠬᠦ᠂ ᠲᠤᠳᠤᠨ᠎ᠠ ᠭᠠᠳᠠᠨᠠᠬᠢ ᠶᠢ | ᠰᠠᠭᠠᠳ ᠦᠭᠡᠶ ᠨᠡᠪᠲᠡᠷᠡᠭᠦᠯᠬᠦ ᠶᠢ ᠴᠢᠷᠮᠠᠶᠢᠨ ᠠᠬᠢᠭᠤᠯᠤᠨ᠎ᠠ᠃ | ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠪᠢᠷᠠᠭᠤ ᠪᠠᠯᠭᠠᠰᠤ ᠶᠢᠨ ᠭᠤᠣᠯ ᠤᠨ ᠵᠡᠭᠦᠨᠲᠡᠬᠢ ᠲᠣᠭᠤᠷᠢᠭ ᠤᠨ ᠨᠣᠭᠤᠭᠠᠷᠠᠭᠤᠯᠵᠤ | ᠥᠭᠡᠷᠡᠴᠢᠯᠡᠨ ᠰᠠᠶᠢᠵᠢᠷᠠᠭᠤᠯᠬᠤ᠂ ᠭᠤᠣᠯ ᠳᠠᠭᠠᠤ ᠵᠠᠮ ᠢ ᠥᠷᠭᠡᠳᠬᠡᠬᠦ ᠵᠡᠷᠭᠡ ᠲᠥᠷᠦᠯ ᠵᠦᠢᠯ ᠤᠨ ᠪᠦᠲᠦᠭᠡᠨ | ᠪᠠᠢᠭᠤᠯᠤᠯᠲᠠ ᠶᠢ ᠪᠡᠶᠡᠯᠡᠭᠦᠯᠬᠦ ᠶᠢ ᠪᠠᠲᠤᠯᠠᠵᠤ᠂ ᠪᠢᠷᠠᠭᠤ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠬᠤᠣᠷ | ᠦᠭᠡᠶᠢᠳᠡᠭᠦᠯᠦᠨ ᠰᠢᠢᠳᠪᠦᠷᠢᠯᠡᠬᠦ ᠬᠤᠶᠠᠳᠤᠭᠠᠷ ᠦᠢᠯᠡᠳᠪᠦᠷᠢ᠂ ︽ᠬᠤᠶᠠᠷ ᠭᠤᠯᠳᠤ ᠠᠷᠪᠠᠨ ᠬᠥᠨᠳᠡᠯᠡᠨ︾ ᠵᠠᠮ ᠤᠨ | ᠳ᠋ᠧᠩ ᠵᠢᠴᠢ ᠳᠠᠭᠠᠯᠲᠠ ᠲᠥᠬᠦᠭᠡᠷᠦᠮᠵᠢ ᠶᠢᠨ ᠥᠭᠡᠷᠡᠴᠢᠯᠡᠯᠲᠡ᠂ ᠲᠡᠷᠭᠡᠨ ᠵᠣᠭᠰᠣᠭᠠᠯ᠂ ᠦᠶᠡᠷ ᠢ ᠰᠡᠷᠭᠡᠶᠢᠯᠡᠵᠦ | ᠤᠰᠤᠲᠤᠯ ᠢ ᠵᠠᠯᠠᠬᠤ ᠵᠡᠷᠭᠡ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ | ᠬᠠᠭᠤᠴᠢᠨ ᠰᠠᠭᠤᠭᠠᠯᠢ ᠲᠣᠭᠤᠷᠢᠭ ᠬᠢᠭᠡᠳ ᠶᠢᠩᠴᠠᠩ ᠵᠠᠮ ᠤᠨ ᠨᠢᠭᠤᠷ ᠲᠠᠯ᠎ᠠ ᠶᠢᠨ ᠥᠭᠡᠷᠡᠴᠢᠯᠡᠯᠲᠡ ᠶᠢᠨ ᠡᠭᠦᠷᠭᠡ | ᠶᠢ ᠦᠷᠭᠦᠯᠵᠢᠯᠡᠨ ᠪᠡᠶᠡᠯᠡᠭᠦᠯᠦᠨ᠎ᠡ᠃ ᠪᠢᠷᠠᠭᠤ ᠪᠠᠯᠭᠠᠰᠤ ᠶᠢᠨ ᠬᠤᠲᠠ ᠶᠢᠨ ᠶᠡᠷᠦᠩᠬᠡᠶᠢᠯᠡᠭᠰᠡᠨ ᠴᠣᠭᠴᠠ᠂ | ᠲᠣᠭᠠᠴᠢᠯᠠᠭᠰᠠᠨ ᠤᠰᠤ ᠬᠠᠩᠭᠠᠬᠤ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ᠂ ᠤᠶᠤᠨᠴᠢ ᠤᠰᠤᠨ ᠤ ᠶᠠᠪᠤᠳᠠᠯ | ᠤᠨ ᠲᠤᠭ᠎ᠠ ᠪᠠᠷᠢᠮᠲᠠ ᠶᠢᠨ ᠲᠥᠪ ᠤᠨ ᠬᠠᠮᠢᠶᠠᠷᠤᠯᠲᠠ ᠶᠢᠨ ᠲᠠᠪᠴᠠᠩ ᠪᠠ ᠠᠮᠢᠳᠤᠷᠠᠯ ᠤᠨ ᠤᠰᠤ ᠤᠮᠳᠠ ᠶᠢᠨ | ᠬᠤᠶᠠᠳᠤᠭᠠᠷ ᠦᠶᠯᠡᠳᠪᠦᠷᠢ ᠵᠡᠷᠭᠡ ᠲᠥᠷᠥᠯ ᠵᠦᠶᠯ ᠢ ᠡᠬᠢᠯᠡᠨ ᠪᠠᠶᠢᠭᠤᠯᠵᠤ᠂ ᠪᠢᠷᠠᠭᠤ ᠪᠠᠯᠭᠠᠰᠤ ᠶᠢᠨ ᠡᠷᠬᠢᠨ | ᠲᠣᠭᠤᠷᠢᠨ ᠤ ︽ᠬᠤᠶᠠᠷ ᠠᠭᠤᠯᠠ ᠬᠤᠶᠠᠷ ᠤᠰᠤ︾ ᠶᠢᠨ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠴᠢᠯᠦᠭᠡᠯᠡᠬᠦ | ᠵᠠᠮ ᠤᠨ ᠨᠢᠭᠤᠷ ᠲᠠᠯ᠎ᠠ ᠶᠢᠨ ᠥᠭᠡᠷᠡᠴᠢᠯᠡᠯᠲᠡ᠂ ᠪᠢᠷᠠᠭᠤ ᠶᠢᠰᠦᠳᠦᠭᠡᠷ᠂ ᠠᠷᠪᠠᠨ ᠨᠢᠭᠡᠳᠦᠭᠡᠷ ᠵᠡᠭᠡᠯᠢ ᠶᠢᠨ ᠵᠠᠮ ᠢ | ᠵᠡᠭᠦᠨᠰᠢ ᠤᠷᠳᠤᠳᠬᠠᠬᠤ ᠪᠠ ᠪᠢᠷᠠᠭᠤ ᠠᠷᠪᠠᠨ ᠭᠤᠷᠪᠠᠳᠤᠭᠠᠷ ᠵᠡᠭᠡᠯᠢ ᠶᠢᠨ ᠵᠠᠮ ᠢ ᠵᠠᠰᠠᠨ ᠪᠠᠶᠢᠭᠤᠯᠬᠤ ᠵᠡᠷᠭᠡ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠴᠠᠭ ᠲᠤ ᠨᠢ ᠲᠣᠬᠢᠷᠠᠭᠤᠯᠤᠨ ᠡᠬᠢᠯᠡᠭᠦᠯᠵᠦ᠂ ᠬᠤᠲᠠ ᠶᠢᠨ | ᠶᠡᠷᠦᠩᠬᠡᠶᠢᠯᠡᠭᠰᠡᠨ ᠳᠠᠭᠠᠭᠠᠴᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ | ᠲᠤᠤᠷᠵᠢᠭᠤᠯᠤᠭᠰᠠᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠣᠶᠣᠨᠴᠢ | ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠤᠲᠠ ᠶᠢᠨ ᠳᠦᠷᠰᠦ ᠪᠠᠶᠢᠳᠠᠯ ᠢ | ᠵᠠᠰᠠᠬᠤ ᠪᠠ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠡᠮᠬᠢ ᠳᠢᠭᠯᠢᠮ ᠢ ᠵᠢᠷᠤᠮᠵᠢᠭᠤᠯᠬᠤ ᠠᠵᠢᠯ ᠢ | ᠪᠠᠶᠢᠩᠭᠤᠵᠢᠭᠤᠯᠤᠨ ᠰᠠᠶᠢᠲᠤᠷ ᠠᠳᠬᠤᠵᠤ᠂ ᠣᠯᠠᠨ ᠲᠦᠮᠡᠨ ᠤ ᠪᠣᠯᠪᠠᠰᠤᠨ ᠤ ᠬᠡᠪ ᠴᠢᠨᠠᠷ ᠪᠠ ᠬᠤᠲᠠ ᠶᠢᠨ | ᠪᠣᠯᠪᠠᠰᠤᠨ ᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ | ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ | ᠴᠢᠩᠭᠠᠳᠬᠠᠨ᠎ᠠ᠃ ᠵᠠᠮ᠂ ᠴᠠᠬᠢᠯᠭᠠᠨ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠲᠠ ᠬᠥᠳᠡᠭᠡ ᠶᠢᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠨᠢᠭᠡ ᠴᠣᠭᠴᠠᠵᠢᠭᠰᠠᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ | ᠃ ᠪᠢᠷᠠᠭᠤ ᠠᠴᠠ ᠤᠯᠠᠭᠠᠨᠪᠤᠲᠤᠩ ᠬᠦᠷᠬᠦ᠂ ᠪᠢᠷᠠᠭᠤ ᠠᠴᠠ ᠭᠦᠨᠴᠦᠬᠡᠨ ᠬᠦᠷᠬᠦ ᠥᠨᠳᠥᠷ ᠬᠤᠷᠳᠤᠴᠠᠲᠤ ᠵᠠᠰᠠᠮᠠᠯ | ᠵᠠᠮ᠂ 220 ᠮᠤᠵᠢ ᠶᠢᠨ ᠵᠠᠮ᠂ 303 ᠤᠯᠤᠰ ᠤᠨ ᠵᠠᠮ ᠠᠴᠠ 105 ᠮᠤᠵᠢ ᠶᠢᠨ ᠵᠠᠮ ᠬᠦᠷᠬᠦ ᠬᠤᠯᠪᠣᠬᠤ | ᠱᠤᠭᠤᠮ ᠵᠡᠷᠭᠡ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ | ᠂ 303 ᠤᠯᠤᠰ ᠤᠨ ᠵᠠᠮ ᠤᠨ ᠪᠢᠷᠠᠭᠤ ᠶᠢᠨ ᠵᠡᠭᠦᠨ ᠠᠭᠤᠯᠠ ᠶᠢᠨ ᠬᠡᠰᠡᠭ᠂ 233 ᠤᠯᠤᠰ ᠤᠨ ᠵᠠᠮ ᠤᠨ ᠪᠢᠷᠠᠭᠤ | ᠠᠴᠠ ᠬᠤᠰᠤᠲᠤ ᠬᠦᠷᠢᠶ᠎ᠡ ︵ᠥᠪᠥᠷ ᠮᠣᠩᠭᠤᠯ ᠾᠧᠪᠧᠢ ᠶᠢᠨ ᠵᠠᠭᠠᠭ︶ ᠬᠦᠷᠬᠦ ᠵᠡᠷᠭᠡ ᠵᠠᠰᠠᠮᠠᠯ ᠵᠠᠮ ᠤᠨ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ︔ ᠵᠢᠨᠢᠩ ᠠᠴᠠ | ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ︔ ᠤᠯᠠᠭᠠᠨᠪᠤᠲᠤᠩ ᠤᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ | ᠪᠠᠭᠤᠳᠠᠯ ᠤᠨ ᠲᠥᠷᠥᠯ ᠵᠦᠶᠯ ᠤᠨ ᠪᠠᠷᠢᠯᠭ᠎ᠠ ᠶᠢ ᠳᠠᠭᠤᠰᠬᠠᠨ ᠰᠢᠯᠭᠠᠨ ᠠᠪᠬᠤ ᠶᠢ ᠪᠠᠲᠤᠯᠠᠵᠤ᠂ ᠠᠰᠬᠠᠲᠤ ᠶᠢᠨ | ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠬᠤ᠂ | ᠪᠢᠷᠠᠭᠤ ᠶᠢᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ | ᠠᠬᠢᠭᠤᠯᠤᠨ᠎ᠠ᠃ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠬᠦ᠂ ᠤᠰᠤᠨ ᠠᠰᠢᠭᠯᠠᠯᠲᠠ ᠶᠢᠨ | ᠪᠦᠲᠦᠭᠡᠨ ᠪᠠᠶᠢᠭᠤᠯᠤᠯᠲᠠ ᠪᠠ ᠴᠢᠮᠡᠭᠡ ᠬᠤᠯᠪᠣᠭ᠎ᠠ ᠶᠢᠨ ᠪᠠᠲᠤᠯᠠᠭ᠎ᠠ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ | ᠬᠢᠨ᠎ᠡ᠃ | ︵ᠵᠢᠷᠭᠤᠭ᠎ᠠ︶ ᠠᠷᠠᠳ ᠲᠦᠮᠡᠨ ᠢ ᠳᠡᠭᠡᠳᠦᠯᠡᠨ᠂ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ | ᠪᠠᠷᠢᠮᠲᠠᠯᠠᠵᠤ᠂ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠵᠤ ᠰᠢᠨ᠎ᠡ ᠰᠢᠪᠲᠤᠯᠤᠯᠲᠠ | ᠶᠢ ᠪᠡᠶᠡᠯᠡᠭᠦᠯᠦᠨ᠎ᠡ᠃ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ | ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠠᠪᠤᠳᠠᠯ ᠢ ᠦᠨᠡᠨ ᠬᠦ ᠬᠥᠭᠵᠢᠯᠲᠡ ᠶᠢᠨ | ᠡᠭᠦᠰᠦᠴᠨ ᠪᠠ ᠵᠣᠭᠰᠣᠯᠲᠠ ᠪᠣᠯᠭᠠᠵᠤ᠂ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ᠂ ᠬᠦᠴᠢᠷ ᠠᠰᠠᠭᠤᠳᠠᠯ ᠳᠤ | ᠰᠢᠭᠤᠳ ᠬᠠᠨᠳᠤᠵᠤ᠂ ᠪᠣᠳᠠᠲᠠᠢ ᠠᠵᠢᠯ ᠢ ᠰᠠᠶᠢᠲᠤᠷ ᠬᠢᠵᠦ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ | ᠪᠠ ᠨᠡᠶᠢᠭᠡᠮ ᠤᠨ ᠦᠢᠯᠡᠰ ᠤᠨ ᠳᠤᠲᠠᠭᠤᠳᠠᠯ ᠢ ᠴᠢᠷᠮᠠᠶᠢᠨ ᠨᠥᠬᠦᠪᠥᠷᠢᠯᠡᠨ᠎ᠡ᠃ | ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠤᠨ᠎ᠠ᠃ ᠠᠷᠭ᠎ᠠ ᠪᠦᠬᠦᠨ ᠢ | ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠵᠦ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠨ ᠣᠶᠣᠳᠠᠳ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ᠂ ᠴᠡᠷᠢᠭ ᠠᠴᠠ | ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠭᠤᠤᠯᠳᠠᠯᠭ᠎ᠠ ᠲᠠᠢ ᠰᠠᠶᠢᠲᠤᠷ | ᠠᠳᠬᠤᠨ᠎ᠠ᠃ ᠠᠵᠤ ᠠᠬᠤᠶᠢᠯᠠᠯ ᠢ ᠳᠠᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠣᠷᠢᠭᠵᠢᠭᠤᠯᠤᠯ ᠤᠨ | ᠲᠥᠷᠦ ᠶᠢᠨ ᠪᠣᠳᠣᠯᠭ᠎ᠠ ᠪᠠ ᠠᠵᠤ ᠠᠬᠤᠶᠢᠯᠠᠯ ᠤᠨ ᠠᠳᠠᠯ ᠦᠢᠯᠡᠰ ᠪᠣᠰᠬᠠᠬᠤ ᠰᠠᠭᠤᠷᠢᠨ ᠭᠠᠵᠠᠷ ᠲᠤ ᠣᠷᠣᠬᠤ | ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ | ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ | ᠤᠨ ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠲᠤᠰ ᠵᠢᠯ ᠳᠤ ᠬᠤᠲᠠ ᠪᠠᠯᠭᠠᠰᠤ ᠶᠢᠨ | 1000 ᠬᠥᠮᠦᠨ ᠳᠤ ᠰᠢᠨ᠎ᠡ ᠪᠠᠷ ᠠᠵᠢᠯ ᠣᠯᠭᠤᠵᠤ᠂ 4 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ | ᠣᠯᠭᠤᠵᠤ᠂ ︽ᠠᠵᠢᠯ ᠲᠠᠢ ᠬᠥᠮᠦᠨ ᠦᠭᠡᠢ︾ ᠭᠡᠷ ᠪᠦᠯᠢ ᠳᠤ ᠬᠥᠳᠡᠯᠦᠩᠭᠦᠢ ᠪᠠᠷ ᠠᠵᠢᠯ ᠣᠯᠭᠤᠬᠤ ᠶᠢ | ᠪᠠᠲᠤᠯᠠᠨ᠎ᠠ᠃ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠲᠥᠯᠥᠪᠯᠡᠭᠡ ᠶᠢ ᠭᠦᠨᠵᠡᠭᠡᠶ | ᠬᠡᠷᠡᠭᠵᠢᠭᠦᠯᠵᠦ᠂ ᠨᠠᠰᠤᠵᠢᠯ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ ᠪᠠ | ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠡᠮᠴᠢᠯᠡᠭᠡᠨ ᠤ | ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠢ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠡᠷᠡᠭᠦᠯ ᠮᠡᠨᠳᠦ | ᠶᠢᠨ ᠬᠥᠮᠦᠵᠢᠯ ᠳᠤ ᠣᠷᠣᠯᠴᠠᠬᠤ ᠯᠤᠭ᠎ᠠ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠪᠢᠷᠠᠭᠤ ᠪᠠᠯᠭᠠᠰᠤ ᠶᠢᠨ ᠨᠠᠰᠤᠲᠠᠨ ᠢ ᠠᠰᠠᠷᠠᠬᠤ ᠭᠤᠣᠯ ᠬᠦᠷᠢᠶᠡᠯᠡᠩ ᠤᠨ ᠲᠥᠷᠥᠯ ᠵᠦᠶᠯ | ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠡᠬᠢᠯᠡᠭᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠭᠥᠷᠳᠡᠭᠰᠡᠳ᠂ ᠣᠨᠴᠠ ᠬᠦᠴᠢᠷᠲᠡᠢ ᠠᠰᠠᠷᠠᠨ ᠲᠡᠵᠢᠭᠡᠬᠦ ᠡᠲᠡᠭᠡᠳ᠂ ᠬᠡᠷ ᠲᠡᠭᠡᠨ ᠬᠤᠴᠣᠷᠤᠭᠰᠠᠨ ᠬᠡᠦᠬᠡᠳ ᠵᠡᠷᠭᠡ | ᠪᠠᠭᠤᠷᠠᠶᠢᠴᠤᠤᠯ ᠤᠨ ᠦᠨᠳᠦᠰᠦᠨ ᠠᠮᠢᠳᠤᠷᠠᠯ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠣᠷᠣᠰᠢᠭᠤᠯᠭ᠎ᠠ ᠶᠢᠨ | ᠭᠠᠵᠠᠷ᠂ ᠴᠢᠨᠳᠠᠷ ᠤᠨ ᠲᠠᠩᠬᠢᠮ ᠢ ᠭᠠᠵᠠᠷ ᠰᠢᠯᠵᠢᠭᠦᠯᠦᠨ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠪᠡᠶᠡᠯᠡᠭᠦᠯᠬᠦ ᠶᠢ | ᠪᠠᠲᠤᠯᠠᠨ᠎ᠠ᠃ ︽ᠬᠥᠯᠥᠰᠦᠨ ᠠᠵᠢᠯᠴᠢᠳ ᠤᠨ ᠴᠠᠯᠢᠩ ᠢ ᠪᠠᠲᠤᠯᠠᠬᠤ ᠳᠦᠷᠢᠮ︾ ᠢ ᠴᠢᠩᠭ᠎ᠠ ᠬᠡᠷᠡᠭᠵᠢᠭᠦᠯᠵᠦ᠂ | ᠬᠥᠯᠥᠰᠦᠨ ᠠᠵᠢᠯᠴᠢᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠪᠦᠲᠦᠮᠵᠢᠲᠡᠶ ᠦᠨᠳᠦᠰᠦᠨ ᠠᠴᠠ ᠨᠢ | ᠴᠡᠭᠴᠡᠯᠡᠨ ᠵᠠᠰᠠᠨ᠎ᠠ᠃ | ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ ᠠᠷᠠᠳ ᠲᠦᠮᠡᠨ ᠰᠡᠳᠬᠢᠯ ᠬᠠᠨᠤᠮᠵᠢᠲᠠᠢ | ᠪᠠᠶᠢᠬᠤ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠲᠣᠭᠤᠷᠢᠨ ᠳᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠲᠦᠭᠡᠮᠡᠯ ᠠᠰᠢᠭ ᠬᠦᠷᠲᠡᠭᠡᠬᠦ ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ | ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠶᠡᠬᠡᠪᠡᠷ ᠠᠬᠢᠭᠤᠯᠵᠤ᠂ ︽ᠭᠤᠷᠪᠠᠨ ᠰᠢᠯᠢᠳᠡᠭ ᠨᠢᠭᠡ | ᠲᠡᠩᠴᠡᠭᠦᠷᠢᠲᠡᠢ︾ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠨᠠᠷᠢᠯᠢᠭ ᠣᠨᠣᠪᠴᠢᠲᠠᠢ ᠬᠠᠪᠰᠤᠷᠤᠨ | ᠲᠡᠳᠬᠦᠬᠦ ᠪᠠ ᠪᠢᠷᠠᠭᠤ ᠳᠠᠬᠢ ᠬᠤᠶᠠᠳᠤᠭᠠᠷ ᠪᠠᠭ᠎ᠠ ᠰᠤᠷᠭᠠᠭᠤᠯᠢ ᠶᠢ ᠣᠨᠳᠣᠣ ᠭᠠᠵᠠᠷ ᠲᠤ ᠰᠢᠨ᠎ᠡ ᠪᠠᠷ ᠪᠠᠶᠢᠭᠤᠯᠬᠤ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠪᠢᠷᠠᠭᠤ ᠳᠠᠬᠢ | ᠭᠤᠷᠪᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠪᠠ ᠳᠥᠷᠪᠡᠳᠦᠭᠡᠷ ᠬᠡᠦᠬᠡᠳ ᠤᠨ ᠴᠡᠴᠡᠷᠯᠢᠭ᠂ ᠠᠯᠪᠠᠨ ᠵᠢᠷᠤᠮ | ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ | ᠲᠥᠷᠥᠯ ᠵᠦᠢᠯ ᠢ ᠪᠦᠲᠦᠭᠡᠨ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ ᠤᠯᠤᠰ | ᠤᠨ ᠲᠠᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ | ᠰᠠᠶᠢᠲᠤᠷ ᠠᠳᠬᠤᠵᠤ᠂ ︽ᠮᠣᠩᠭᠤᠯ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ | ᠶᠡᠬᠡᠪᠡᠷ ᠬᠡᠷᠡᠭᠵᠢᠭᠦᠯᠵᠦ᠂ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠬᠢᠭᠡᠳ ᠰᠠᠨ ᠶᠢ ᠡᠷᠡᠭᠦᠯ | ᠬᠠᠮᠠᠭᠠᠯᠠᠯ ᠤᠨ ᠬᠤᠷᠢᠶ᠎ᠠ ᠶᠢᠨ ᠨᠢᠭᠲᠠᠷᠬᠠᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠪᠠ ︽ᠲᠠᠪᠤᠨ | ᠶᠡᠭᠡ ᠲᠥᠪ︾ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ᠂ CT ᠲᠠᠰᠤᠭ ᠢ ᠪᠠᠶᠢᠭᠤᠯᠤᠨ | ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠬᠤᠲᠠ ᠶᠢᠨ ᠠᠷᠠᠳ ᠤᠨ ᠠᠵᠢᠯᠯᠠᠭᠠᠨ ᠤ | ᠲᠥᠪ︾ ᠤᠨ ᠪᠦᠲᠦᠭᠡᠨ ᠪᠠᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ᠂ ᠣᠯᠠᠨ ᠨᠡᠢᠲᠡ ᠶᠢᠨ ᠰᠣᠶᠣᠯ ᠤᠨ ᠦᠢᠯᠡᠴᠢᠯᠡᠭᠡᠨ ᠤ ᠲᠥᠪ ᠪᠠ ᠲᠠᠮᠢᠷ ᠤᠨ ᠣᠷᠳᠣᠨ | ᠵᠡᠷᠭᠡ ᠲᠥᠷᠦᠯ ᠵᠦᠢᠯ ᠢ ᠪᠦᠲᠦᠭᠡᠨ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢᠨ ᠰᠢᠷᠢᠰ ᠠᠵᠢᠯᠯᠠᠭ᠎ᠠ ᠵᠢᠴᠢ ᠠᠷᠠᠳ ᠲᠤ ᠠᠰᠢᠭ ᠬᠦᠷᠲᠡᠭᠡᠬᠦ | ᠲᠣᠭᠯᠠᠯᠲᠠ ᠶᠢ ᠢᠳᠡᠪᠬᠢᠲᠡᠢ ᠰᠠᠶᠢᠲᠤᠷ ᠡᠷᠬᠢᠯᠡᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ | ᠬᠠᠮᠠᠭᠠᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠰᠤᠷᠤᠯᠴᠠᠬᠤ ᠰᠠᠭᠤᠷᠢᠨ ᠭᠠᠵᠠᠷ ᠢ ᠡᠭᠦᠳᠦᠨ | ᠪᠠᠶᠢᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠠᠯᠲᠠᠨ ᠤᠯᠤᠰ ᠤᠨ ᠤᠲᠠᠰᠤᠨ ᠬᠡᠷᠡᠮ ᠤᠨ ᠰᠣᠶᠣᠯ ᠤᠨ | ᠪᠠᠭᠤᠷᠢ ᠶᠢᠨ ᠴᠡᠴᠡᠷᠯᠢᠭ ᠪᠠ ᠮᠤᠰᠢᠭᠠ ᠶᠢᠨ ᠪᠠᠬᠢᠯᠡᠯᠲᠡ ᠶᠢᠨ ᠬᠠᠭᠤᠴᠢᠨ ᠪᠠᠭᠤᠷᠢ ᠶᠢᠨ ᠵᠤᠭᠠᠴᠠᠭᠰᠠᠳ ᠢ | ᠲᠥᠪᠯᠡᠷᠡᠭᠦᠯᠦᠨ ᠲᠠᠷᠬᠠᠭᠠᠬᠤ ᠲᠥᠪ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ | ᠬᠡᠷᠡᠭᠵᠢᠭᠦᠯᠵᠦ᠂ ᠴᠠᠭ ᠲᠤᠨᠢ ᠲᠣᠬᠢᠷᠠᠭᠤᠯᠤᠨ ᠪᠥᠬᠦ ᠬᠤᠰᠢᠭᠤᠨ ᠤ ᠬᠤᠶᠠᠳᠤᠭᠠᠷ ᠬᠤᠭᠤᠴᠠᠭᠠᠨ ᠤ ᠪᠣᠳᠠᠰ ᠤᠨ | ᠪᠤᠰᠤ ᠰᠣᠶᠣᠯ ᠤᠨ ᠥᠪ ᠤᠨ ᠲᠥᠷᠥᠯ ᠵᠦᠶᠯ ᠤᠨ ᠦᠷ᠎ᠡ ᠪᠦᠲᠦᠭᠡᠯ ᠤᠨ ᠦᠵᠡᠭᠦᠯᠦᠯᠭᠡ ᠶᠢ ᠡᠷᠭᠢᠯᠡᠨ᠎ᠡ᠃ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠲᠤᠰᠬᠠᠢ | ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠵᠤ | ᠤᠬᠠᠭᠤᠯᠤᠨ ᠲᠤᠤᠱᠯᠠᠭᠤᠯᠵᠤ᠂ ᠤᠯᠤᠰ ᠤᠨ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠡᠭᠦᠷᠭᠡ ᠶᠢ | ᠢᠳᠡᠪᠬᠢᠲᠡᠢ ᠯᠠᠪᠳᠠᠭᠤᠨ ᠢᠶᠠᠷ ᠪᠡᠶᠡᠯᠡᠭᠦᠯᠦᠨ᠎ᠡ᠃ | ᠲᠥᠯᠥᠭᠡᠯᠡᠭᠴᠢᠳ ᠡ᠂ ︽ᠣᠯᠠᠨ ᠲᠦᠮᠡᠨ ᠳᠤᠷᠠᠳᠤᠨ᠂ ᠣᠯᠠᠨ ᠢᠶᠠᠷ ᠢᠶᠠᠨ ᠲᠣᠭᠲᠠᠭᠠᠨ᠂ ᠵᠠᠰᠠᠭ ᠤᠨ | ᠣᠷᠳᠣᠨ ᠭᠦᠶᠴᠡᠳᠬᠡᠬᠦ︾ ᠣᠶᠢᠯᠠᠭᠠᠭᠳᠠᠬᠤᠨ ᠶᠣᠰᠣᠭᠠᠷ᠂ ᠥᠷᠭᠡᠨ ᠢᠶᠠᠷ ᠬᠤᠷᠢᠶᠠᠨ ᠴᠤᠭᠯᠠᠭᠤᠯᠬᠤ ᠪᠠᠷ ᠳᠠᠮᠵᠢᠵᠤ | ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 10 | ᠵᠢᠱᠢᠭᠳᠡᠭᠰᠡᠨ ᠲᠥᠷᠥᠯ ᠵᠦᠶᠯ ᠢ ᠰᠣᠩᠭᠤᠨ ᠭᠠᠷᠭᠠᠵᠤ᠂ ᠶᠡᠭᠡ ᠬᠤᠷᠠᠯ ᠳᠤ ᠳᠡᠪᠰᠢᠭᠦᠯᠵᠦ ᠪᠢᠯᠧᠲ ᠢᠶᠠᠷ | ᠪᠠᠲᠤᠯᠠᠭᠤᠯᠬᠤ ᠪᠣᠯᠣᠨ᠎ᠠ᠃ ᠪᠠᠲᠤᠯᠠᠵᠤ ᠭᠠᠷᠭᠠᠭᠰᠠᠨ ᠲᠦᠷᠦᠯ ᠵᠦᠢᠯ ᠢ ᠪᠢᠳᠡ ᠨᠠᠷᠢᠨ ᠬᠢᠨᠠᠮᠠᠭᠠᠢ ᠬᠤᠪᠢᠶᠠᠷᠢᠯᠠᠨ | ᠨᠠᠶᠢᠳᠠᠪᠤᠷᠢᠵᠢᠭᠤᠯᠵᠤ᠂ ᠴᠢᠩᠭ᠎ᠠ ᠱᠠᠭᠠᠷᠳᠠᠨ ᠪᠠᠶᠢᠴᠠᠭᠠᠵᠤ ᠰᠢᠯᠭᠠᠨ ᠦᠨᠡᠯᠡᠵᠦ᠂ ᠨᠡᠶᠢᠭᠡᠮ ᠤᠨ ᠡᠯ᠎ᠡ ᠡᠲᠡᠭᠡᠳ ᠤᠨ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠪᠣᠳᠠᠲᠠᠢ ᠰᠠᠶᠢᠲᠤᠷ ᠬᠢᠵᠦ ᠦᠷ᠎ᠡ ᠪᠦᠲᠦᠮᠵᠢ ᠭᠠᠷᠭᠠᠬᠤ ᠶᠢ | ᠪᠠᠲᠤᠯᠠᠨ᠎ᠠ᠃ | | | | |