| | ︵ᠲᠤᠯᠤᠭ᠎ᠠ︶ ᠠᠮᠤᠷ ᠲᠦᠪᠰᠢᠨ ᠢᠶᠠᠷ ᠬᠥᠭᠵᠢᠭᠦᠯᠬᠦ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠶᠢ | ᠪᠠᠷᠢᠮᠲᠠᠯᠠᠵᠤ᠂ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠠᠬᠢᠭᠤᠯᠵᠤ ᠰᠢᠨ᠎ᠡ ᠰᠢᠪᠲᠤᠯᠤᠯᠲᠠ ᠶᠢ | ᠪᠡᠶᠡᠯᠡᠭᠦᠯᠦᠨ᠎ᠡ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠮᠤᠷ ᠲᠦᠪᠰᠢᠨ ᠤ | ᠬᠤᠷᠢᠭ᠎ᠠ ᠱᠤᠭᠤᠮ ᠢ ᠪᠠᠲᠤ ᠰᠠᠬᠢᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ | ᠴᠢᠬᠤᠯᠠᠴᠢᠯᠠᠵᠤ᠂ ᠠᠷᠠᠳ ᠲᠦᠮᠡᠨ ᠠᠮᠤᠷ ᠲᠠᠶᠢᠪᠤᠩ᠂ ᠨᠡᠶᠢᠭᠡᠮ ᠲᠣᠭᠲᠠᠭᠤᠨ ᠡᠮᠬᠢ ᠳᠢᠭᠯᠢᠮ ᠲᠠᠢ᠂ ᠬᠢᠯᠢ ᠬᠢᠵᠠᠭᠠᠷ | ᠠᠮᠤᠷ ᠲᠣᠭᠲᠠᠭᠤᠨ ᠪᠠᠶᠢᠬᠤ ᠶᠢ ᠪᠠᠲᠤᠯᠠᠵᠤ᠂ ᠡᠭᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠥᠬᠦᠷᠡᠰᠢ ᠦᠭᠡᠢ ᠰᠠᠶᠢᠲᠤᠷ ᠠᠳᠬᠤᠨ᠎ᠠ᠃ | ᠪᠠᠶᠢᠩᠭᠤᠵᠢᠬᠰᠠᠨ ᠣᠨᠣᠪᠴᠢᠲᠠᠢ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ | ᠶᠢ ᠴᠢᠩᠭᠠᠳᠬᠠᠨ ᠪᠣᠳᠠᠲᠠᠶᠢᠵᠢᠭᠤᠯᠵᠤ᠂ ︽ᠲᠦᠷᠪᠡᠨ ᠡᠷᠲᠡ︾ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠣᠳᠠᠲᠠᠢ ᠶᠢ ᠡᠷᠬᠢᠮᠯᠡᠨ ᠪᠦᠲᠦᠮᠵᠢᠲᠡᠢ ᠠᠷᠭ᠎ᠠ ᠬᠡᠮᠵᠢᠶ᠎ᠡ ᠪᠠᠷ ᠲᠣᠭᠲᠠᠭᠤᠨ ᠪᠤᠰᠤ ᠡᠯᠧᠮᠧᠨ᠋ᠲ | ᠢ ᠠᠷᠭᠠᠴᠠᠭᠠᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ | ᠳᠠᠬᠢᠨ ᠡᠭᠦᠰᠬᠦ ᠶᠢ ᠰᠡᠷᠭᠡᠶᠢᠯᠡᠬᠦ︾ ︽ᠬᠥᠮᠥᠨ ᠪᠠ ᠪᠣᠳᠠᠰ ᠢ ᠬᠠᠮᠲᠤ ᠳᠤ ᠨᠢ ᠰᠡᠷᠭᠡᠶᠢᠯᠡᠬᠦ︾ ᠵᠡᠷᠭᠡ ᠰᠡᠷᠭᠡᠶᠢᠯᠡᠨ | ᠡᠵᠡᠮᠳᠡᠬᠦ ᠠᠷᠭ᠎ᠠ ᠪᠣᠳᠣᠯᠭ᠎ᠠ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ | ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ ᠪᠠ ᠬᠠᠯᠠᠭᠤᠷᠠᠬᠤ ᠶᠢ ᠡᠮᠴᠢᠯᠡᠬᠦ ᠡᠭᠦᠳᠡᠨ ᠡᠮᠨᠡᠯᠭᠡ ᠶᠢᠨ | ᠬᠠᠮᠢᠶᠠᠷᠤᠯᠲᠠ ᠶᠢᠨ ᠡᠯ᠎ᠡ ᠵᠦᠶᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠡᠮᠨᠡᠯᠭᠡ ᠶᠢᠨ ᠬᠤᠷᠢᠶᠠᠨ ᠳᠤ | ᠬᠠᠯᠳᠠᠪᠤᠷᠢᠯᠠᠯ ᠡᠭᠦᠰᠬᠦ ᠶᠢ ᠡᠷᠡᠰ ᠬᠤᠷᠢᠭᠯᠠᠨ᠎ᠠ᠃ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ | ᠪᠠᠶᠢᠴᠠᠭᠠᠯᠲᠠ ᠶᠢᠨ ︽ᠪᠠᠶᠢᠴᠠᠭᠠᠪᠠᠰᠤ ᠵᠣᠬᠢᠬᠤ ᠶᠢ ᠪᠦᠬᠦᠨ ᠢ ᠪᠠᠶᠢᠴᠠᠭᠠᠬᠤ︾ ᠵᠠᠷᠴᠢᠮ ᠢ ᠪᠥᠬᠦ ᠲᠠᠯ᠎ᠠ ᠪᠠᠷ | ᠪᠠᠷᠢᠮᠲᠠᠯᠠᠨ ᠨᠠᠶᠢᠳᠠᠪᠤᠷᠢᠵᠢᠭᠤᠯᠵᠤ᠂ ᠸᠠᠺᠼᠢᠨ ᠲᠠᠷᠢᠬᠤ ᠠᠵᠢᠯ ᠢ ᠡᠮᠬᠢ ᠳᠠᠷᠠᠭ᠎ᠠ ᠲᠠᠢ ᠰᠠᠶᠢᠲᠤᠷ ᠪᠡᠶᠡᠯᠡᠭᠦᠯᠦᠨ᠂ | ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ | ᠪᠥᠬᠦ ᠬᠤᠰᠢᠭᠤᠨ ᠤ ᠬᠦᠴᠦᠨ ᠢ ᠳᠠᠶᠢᠴᠢᠯᠠᠨ ᠰᠡᠷᠭᠡᠶᠢᠯᠡᠨ ᠡᠵᠡᠮᠳᠡᠬᠦ ᠠᠵᠢᠯ ᠤᠨ ᠬᠢᠯᠪᠠᠷ ᠪᠤᠰᠤ ᠪᠠᠷ ᠣᠯᠣᠭᠰᠠᠨ | ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠦᠨ᠎ᠡ᠃ | ᠠᠶᠤᠯᠭᠦᠶ ᠬᠥᠭᠵᠢᠯᠲᠡ ᠶᠢᠨ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠨ᠎ᠠ᠃ ᠠᠶᠤᠯᠭᠦᠢ | ᠦᠢᠯᠡᠳᠪᠦᠷᠢᠯᠡᠯ ᠤᠨ ︽ᠬᠤᠶᠠᠷ ᠦᠨᠳᠦᠰᠦᠨ︾ ᠤ ᠪᠠᠶᠢᠭᠤᠯᠤᠯᠲᠠ ᠶᠢᠨ ᠣᠨ ᠤ ᠠᠵᠢᠯᠯᠠᠭᠠᠨ ᠢ ᠪᠦᠬᠦ ᠲᠠᠯ᠎ᠠ ᠪᠠᠷ | ᠡᠬᠢᠯᠡᠭᠦᠯᠵᠦ᠂ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠪᠣᠯᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ | ᠦᠷᠭᠦᠯᠵᠢᠯᠡᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠶ ᠲᠥᠷᠥᠯ ᠢᠶᠠᠷ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠨ ᠥᠷᠨᠢᠭᠦᠯᠬᠦ ᠶᠢ ᠲᠠᠰᠤᠷᠠᠯᠲᠠ ᠤᠢᠭᠡᠢ ᠠᠬᠢᠭᠤᠯᠵᠤ᠂ | ᠦᠢᠯᠡᠳᠪᠦᠷᠢᠯᠡᠯ ᠤᠨ ᠠᠶᠤᠯᠭᠦᠢ ᠶᠢᠨ ᠬᠦᠨᠳᠦ ᠣᠨᠴᠠ ᠶᠡᠭᠡ ᠠᠳᠡᠯ ᠡᠭᠦᠰᠬᠦ ᠶᠢ ᠪᠦᠬᠦ ᠬᠦᠴᠦᠨ ᠢᠶᠠᠷ ᠰᠡᠷᠭᠡᠶᠢᠯᠡᠨ | ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠦᠨ᠎ᠡ᠃ ᠢᠳᠡᠭᠡᠨ᠂ ᠡᠮ ᠤᠨ ᠵᠦᠢᠯᠡᠰ ᠪᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠣᠶᠤᠨᠴᠢ ᠬᠢᠨᠠᠯᠲᠠ | ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠢᠳᠡᠭᠡᠨ | ᠤᠮᠳᠠᠭᠠᠨ ᠪᠠ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠬᠦᠨᠳᠦ ᠶᠡᠭᠡ ᠮᠥᠩᠭᠦᠨ ᠭᠦᠢᠯᠭᠡᠭᠡᠨ | ᠤ ᠠᠶᠤᠯ ᠲᠦᠭᠰᠢᠭᠦᠷᠢ ᠶᠢ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠵᠣᠬᠢᠴᠠᠮᠵᠢ ᠶᠢ ᠪᠠᠶᠢᠭᠤᠯᠤᠨ | ᠪᠦᠷᠢᠨᠰᠢᠭᠦᠯᠵᠦ᠂ ᠥᠷᠢ ᠥᠭᠴᠡᠭᠡ ᠶᠢ ᠠᠷᠢᠯᠭᠠᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠣᠨ ᠤ ᠥᠷᠢ | ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠨ᠎ᠠ᠃ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠰᠢᠨᠲᠠᠷᠠᠰᠢ | ᠦᠭᠡᠢ ᠰᠠᠶᠢᠲᠤᠷ ᠠᠳᠬᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠲᠦᠷᠢᠮ ᠤᠨ ᠦᠵᠡᠯ ᠤᠬᠠᠮᠰᠠᠷ ᠢ ᠦᠨᠡᠨ ᠬᠦ ᠴᠢᠩᠭᠠᠳᠬᠠᠨ᠂ | ᠡᠭᠦᠷᠭᠡ ᠬᠠᠷᠢᠭᠤᠴᠠᠯᠭ᠎ᠠ ᠲᠣᠳᠣᠷᠬᠠᠶ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ | ᠶᠢᠨ ᠲᠣᠭᠲᠠᠯᠴᠠᠭ᠎ᠠ ᠶᠢ ᠪᠥᠬᠦ ᠬᠦᠴᠦᠨ ᠢᠶᠠᠷ ᠴᠣᠭᠴᠠᠯᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠵᠣᠬᠢᠴᠠᠮᠵᠢ ᠶᠢ | ᠲᠡᠭᠦᠯᠳᠡᠷᠵᠢᠭᠦᠯᠦᠨ᠂ ︽ᠶᠡᠬᠡᠪᠡᠷ ᠱᠠᠭᠠᠷᠳᠠᠨ ᠪᠠᠶᠢᠴᠠᠭᠠᠬᠤ᠂ ᠶᠡᠬᠡᠪᠡᠷ ᠪᠠᠶᠢᠴᠠᠭᠠᠨ ᠰᠤᠳᠤᠯᠬᠤ᠂ ᠵᠠᠬᠢᠳᠠᠯ | ᠰᠤᠷᠪᠤᠯᠵᠢᠯᠠᠭ᠎ᠠ ᠶᠢ ᠶᠡᠬᠡᠪᠡᠷ ᠭᠥᠯᠢᠶᠡᠨ ᠠᠪᠬᠤ︾ ᠪᠠ ᠳᠠᠬᠢᠨ ᠳᠠᠪᠲᠠᠨ ᠵᠠᠬᠢᠳᠠᠯ ᠰᠤᠷᠪᠤᠯᠵᠢᠯᠠᠭ᠎ᠠ ᠬᠢᠬᠦ ᠶᠢ | ᠴᠡᠭᠴᠡᠯᠡᠬᠦ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠶ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠨᠡᠶᠢᠭᠡᠮ ᠤᠨ ᠵᠥᠷᠢᠴᠡᠯ ᠵᠢᠭᠤᠷᠠᠭᠠᠨ ᠢ ᠪᠦᠲᠦᠮᠵᠢᠲᠡᠶ ᠨᠠᠮᠳᠠᠭᠤᠯᠵᠤ᠂ ᠣᠯᠠᠨ ᠲᠦᠮᠡᠨ ᠤ ᠵᠦᠶ | ᠵᠣᠬᠢᠰᠲᠠᠶ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠴᠢᠷᠮᠠᠶᠢᠨ ᠰᠢᠶᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠬᠡᠷᠡᠭᠯᠡᠭᠡᠨ ᠤ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠵᠤ᠂ | ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠤᠷ | ᠲᠣᠭᠲᠠᠭᠤᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠰᠠᠶᠢᠲᠤᠷ ᠬᠠᠮᠠᠭᠠᠯᠠᠨ᠎ᠠ | ᠃ | ᠲᠥᠯᠥᠭᠡᠯᠡᠭᠴᠢᠳ ᠡ᠂ ᠬᠤᠷᠴᠠ ᠰᠢᠷᠦᠭᠦᠨ ᠥᠷᠢᠰᠦᠯᠳᠦᠭᠡᠨ ᠤ ᠳᠤᠮᠳᠠ ᠴᠥᠬᠦᠷᠡᠰᠢ ᠦᠭᠡᠢ ᠡᠷᠡᠯᠬᠡᠭᠯᠡᠨ | ᠤᠷᠤᠭᠰᠢᠯᠠᠭᠰᠠᠳ ᠢᠯᠠᠨ᠎ᠠ᠃ ᠰᠢᠨ᠎ᠡ ᠨᠢᠭᠡᠨ ᠵᠢᠯ ᠳᠤ᠂ ᠪᠢᠳᠡ ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠳᠥᠷᠪᠡᠨ ᠤᠬᠠᠮᠰᠠᠷ︾ ᠢᠶᠠᠨ ᠦᠨᠡᠨ ᠬᠦ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠥᠷᠥ ᠶᠢᠨ | ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠳᠡᠭᠡᠳᠦ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠲᠥᠷᠥᠯ ᠤᠨ ᠰᠢᠶᠳᠪᠦᠷᠢᠲᠦ ᠪᠣᠳᠣᠯᠭ᠎ᠠ | ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ | ᠠᠬᠢᠭᠤᠯᠤᠨ᠎ᠠ᠃ ᠬᠠᠤᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠶᠢ ᠴᠢᠬᠤᠯᠠᠴᠢᠯᠠᠨ᠂ | ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠵᠦ᠂ ᠬᠠᠤᠯᠢ ᠪᠠᠷ ᠵᠠᠰᠠᠬᠤ ᠪᠠᠷ ᠵᠠᠰᠠᠭ ᠵᠠᠬᠢᠷᠭᠠᠨ ᠤ ᠡᠷᠬᠡ ᠳᠤ ᠶᠣᠰᠣ | ᠲᠦᠷᠢᠮ᠂ ᠵᠠᠭᠠᠭ ᠬᠢᠵᠠᠭᠠᠷ ᠲᠣᠭᠲᠠᠭᠠᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠢᠮᠠᠭᠲᠠ ᠬᠠᠤᠯᠢ | ᠪᠠᠷ ᠵᠠᠰᠠᠬᠤ ᠵᠠᠮ ᠢᠶᠠᠷ ᠶᠠᠪᠤᠭᠳᠠᠭᠤᠯᠬᠤ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ | ᠲᠣᠭᠲᠠᠭᠠᠬᠤ ᠳᠡᠰ ᠳᠠᠷᠠᠭᠠᠯᠠᠯ ᠢ ᠲᠠᠰᠤᠷᠠᠯᠲᠠ ᠤᠢᠭᠡᠢ ᠲᠡᠭᠦᠯᠳᠡᠷᠵᠢᠭᠦᠯᠦᠨ᠂ ︽ᠭᠤᠷᠪᠠᠨ ᠴᠢᠬᠤᠯᠠ ᠨᠢᠭᠡ ᠶᠡᠭᠡ︾ | ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ | ᠤᠬᠠᠭᠠᠨᠴᠢᠯᠠᠯᠲᠠ᠂ ᠠᠷᠠᠳᠴᠢᠯᠠᠯᠲᠠ ᠪᠠ ᠬᠠᠤᠯᠢᠵᠢᠭᠤᠯᠤᠯᠲᠠ ᠶᠢ ᠦᠨᠡᠨ ᠬᠦ ᠪᠠᠲᠤᠯᠠᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ | ᠲᠥᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠦᠨ᠎ᠡ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ | ᠪᠠᠨ ᠬᠦᠯᠢᠶᠡᠨ᠎ᠡ᠃ ᠬᠠᠷᠢᠭᠤᠴᠠᠯᠭ᠎ᠠ ᠡᠭᠦᠷᠭᠡᠯᠡᠨ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠ ᠦᠷ᠎ᠡ ᠪᠦᠲᠦᠮᠵᠢ ᠶᠢ ᠬᠢᠨᠠᠨ ᠬᠠᠮᠢᠶᠠᠷᠬᠤ ᠶᠢ | ᠲᠠᠰᠤᠷᠠᠯᠲᠠ ᠦᠭᠡᠢ ᠴᠢᠩᠭᠠᠳᠬᠠᠵᠤ᠂ ᠠᠯᠵᠠᠭᠤ ᠬᠤᠶᠢᠷᠭᠤ ᠰᠤᠯᠠ ᠵᠠᠳᠠᠭᠠᠢ᠂ ᠠᠵᠢᠯ ᠬᠢᠬᠦ ᠦᠭᠡᠢ᠂ ᠬᠠᠤᠯᠢ | ᠲᠣᠭᠲᠠᠭᠠᠯ ᠠᠴᠠ ᠵᠥᠷᠢᠴᠡᠨ ᠳᠤᠷ᠎ᠠ ᠪᠠᠷ ᠢᠶᠠᠨ ᠠᠵᠢᠯ ᠶᠠᠪᠤᠭᠳᠠᠭᠤᠯᠬᠤ ᠵᠡᠷᠭᠡ ᠦᠵᠡᠭᠳᠡᠯ ᠢ ᠡᠷᠡᠰ ᠴᠡᠭᠴᠡᠯᠡᠨ | ᠵᠠᠰᠠᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠡᠭᠦᠷᠭᠡᠯᠡᠬᠦ᠂ ᠰᠠᠨᠠᠭᠠᠴᠢᠯᠠᠭ᠎ᠠ ᠠᠴᠠ ᠪᠠᠨ | ᠠᠵᠢᠯ ᠬᠢᠬᠦ᠂ ᠠᠵᠢᠯ ᠤᠨ ᠦᠷ᠎ᠡ ᠪᠦᠲᠦᠮᠵᠢ ᠭᠠᠷᠭᠠᠬᠤ ᠶᠢ ᠵᠣᠷᠢᠭᠵᠢᠭᠤᠯᠤᠨ᠎ᠠ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠴᠦ᠂ | ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠥᠭᠵᠢᠯᠲᠡ ᠶᠢᠨ ᠬᠢᠵᠠᠭᠠᠷᠯᠠᠯ ᠪᠣᠯᠤᠨ ᠣᠯᠠᠨ ᠲᠦᠮᠡᠨ ᠤ | ᠲᠤᠰᠬᠠᠭᠰᠠᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠴᠢᠨᠠᠷ ᠰᠠᠶᠢᠲᠠᠶ | ᠬᠥᠭᠵᠢᠯᠲᠡ ᠶᠢᠨ ᠦᠶᠯᠡᠳᠦᠯᠭᠡ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠠᠷᠢᠭᠤᠨ ᠴᠢᠬᠡᠴᠢ | ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ | ᠶᠢᠨ ᠬᠠᠷᠢᠭᠤᠴᠠᠯᠭ᠎ᠠ ᠪᠣᠯᠤᠨ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ | ᠭᠦᠢᠴᠡᠳᠬᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠲᠦᠷᠪᠡᠨ | ᠰᠤᠷᠲᠠᠯ︾ ᠤᠨ ᠠᠰᠠᠭᠤᠳᠠᠯ ᠢ ᠴᠥᠬᠦᠷᠡᠰᠢ ᠦᠭᠡᠢ ᠵᠠᠯᠠᠷᠠᠭᠤᠯᠤᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢᠨ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ᠂ ᠤᠯᠠᠨ ᠨᠡᠶᠢᠲᠡ ᠶᠢᠨ ᠪᠡᠯᠡ | ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠪᠣᠯᠣᠨ ᠤᠳᠤᠷᠢᠳᠬᠤ ᠺᠠᠳ᠋ᠷᠴᠤᠳ ᠤᠨ ᠠᠵᠤ ᠠᠬᠤᠢ ᠶᠢᠨ | ᠬᠠᠷᠢᠭᠤᠴᠠᠯᠭ᠎ᠠ ᠶᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠨᠡᠶᠢᠳᠡᠮ ᠬᠡᠷᠡᠭᠵᠢᠭᠦᠯᠬᠦ ᠶᠢ ᠠᠬᠢᠭᠤᠯᠤᠨ᠎ᠠ᠃ ᠢᠯᠵᠠᠷᠠᠯ | ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠢᠯᠵᠠᠷᠠᠨ ᠳᠣᠷᠣᠶᠢᠲᠠᠬᠤ ᠵᠣᠷᠢᠭ ᠦᠭᠡᠢ᠂ ᠢᠯᠵᠠᠷᠠᠨ | ᠳᠣᠷᠣᠶᠢᠲᠠᠵᠤ ᠴᠢᠳᠠᠬᠤ ᠦᠭᠡᠢ᠂ ᠢᠯᠵᠠᠷᠠᠨ ᠳᠣᠷᠣᠶᠢᠲᠠᠬᠤ ᠶᠢ ᠪᠤᠳᠤᠬᠤ ᠦᠭᠡᠢ ᠪᠠᠶᠢᠬᠤ ᠰᠠᠶᠢᠨ ᠰᠠᠶᠢᠬᠠᠨ ᠤᠯᠤᠰ | ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠨ᠎ᠠ᠃ | ᠲᠥᠯᠥᠭᠡᠯᠡᠭᠴᠢᠳ ᠡ᠂ ᠴᠢᠷᠮᠠᠶᠢᠯᠭ᠎ᠠ ᠬᠥᠮᠦᠨ ᠢ ᠭᠤᠮᠣᠳᠠᠭᠠᠬᠤ ᠥᠬᠡᠶ ᠶᠤᠮ᠃ ᠤᠷᠲᠤ ᠤᠳᠠᠭᠠᠨ ᠠᠶᠠᠨ | ᠵᠠᠮ ᠳᠤ ᠴᠢᠷᠮᠠᠶᠢᠯᠭ᠎ᠠ ᠲᠡᠮᠡᠴᠡᠯ ᠬᠠᠮᠤᠭ ᠤᠨ ᠴᠢᠬᠤᠯᠠ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠤᠯ | ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ | ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠤᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠲᠠᠢ ᠪᠦᠯᠬᠦᠮᠳᠡᠵᠦ᠂ ᠣᠭ | ᠰᠠᠨᠠᠭ᠎ᠠ ᠪᠠᠨ ᠡᠭᠦᠷᠢᠳᠡ ᠪᠠᠷᠢᠮᠲᠠᠯᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠷᠢᠳᠤᠬᠢ ᠶᠢ | ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠵᠦ᠂ ᠦᠷᠭᠦᠯᠵᠢᠯᠡᠨ ᠲᠡᠮᠡᠴᠡᠵᠦ᠂ ᠬᠡᠰᠢᠭᠲᠡᠨ ᠬᠤᠰᠢᠭᠤᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠦᠨ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ | ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ︕ | | | | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠡᠷᠡᠰ ᠤᠨ ᠲᠠᠶᠢᠯᠪᠤᠷᠢ | | | ᠵᠢᠷᠭᠤᠭ᠎ᠠ ᠶᠢ ᠲᠣᠭᠲᠠᠪᠤᠷᠢᠵᠢᠭᠤᠯᠬᠤ᠄᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ | ᠭᠦᠶᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠠᠯᠠ ᠶᠢ | ᠲᠣᠭᠲᠠᠪᠤᠷᠢᠵᠢᠭᠤᠯᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ᠃ | | ᠵᠢᠷᠭᠤᠭ᠎ᠠ ᠶᠢ ᠪᠠᠲᠤᠯᠠᠬᠤ᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ | ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠪᠠ | ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠶᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠢ ᠪᠠᠲᠤᠯᠠᠬᠤ᠂ ᠦᠨᠳᠦᠰᠦᠨ ᠱᠠᠲᠤᠨ ᠤ ᠡᠷᠭᠢᠯᠲᠡ ᠶᠢ ᠪᠠᠲᠤᠯᠠᠬᠤ᠃ | ᠬᠤᠶᠠᠷ ︽ᠬᠠᠯᠬᠠᠪᠴᠢ︾᠂ ᠬᠤᠶᠠᠷ ︽ᠰᠠᠭᠤᠷᠢᠨ ᠭᠠᠵᠠᠷ︾ ᠪᠠ ᠨᠢᠭᠡ ︽ᠬᠥᠭᠦᠷᠭᠡᠨ ᠪᠠᠬᠢᠯᠡᠯᠲᠡ︾᠄ | ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠲᠤᠬᠠᠶ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠮᠠᠨ ᠤ ᠤᠯᠤᠰ ᠤᠨ ᠤᠮᠠᠷᠠᠲᠤ ᠬᠢᠯᠢ ᠶᠢᠨ | ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ | ᠤ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ | ᠬᠢᠬᠦ ᠴᠢᠬᠤᠯᠠ ᠪᠠᠬᠢᠯᠡᠯᠲᠡ ᠶᠢ ᠴᠣᠭᠴᠠᠯᠠᠨ᠎ᠠ᠃ | ᠳᠥᠷᠪᠡ ᠶᠢ ᠥᠯᠥ ᠣᠷᠬᠢᠬᠤ : ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠥᠯᠥ ᠣᠷᠬᠢᠬᠤ | ᠂ ᠲᠦᠷᠦ ᠶᠢᠨ ᠪᠤᠳᠤᠯᠭ᠎ᠠ ᠪᠠᠨ ᠥᠯᠥ ᠣᠷᠬᠢᠬᠤ᠂ ᠬᠠᠪᠰᠤᠷᠤᠨ ᠲᠡᠳᠬᠦᠬᠦ ᠪᠠᠨ ᠥᠯᠥ ᠣᠷᠬᠢᠬᠤ᠂ ᠬᠢᠨᠠᠯᠲᠠ | ᠬᠠᠮᠢᠶᠠᠷᠤᠯᠲᠠ ᠪᠠᠨ ᠥᠯᠥ ᠣᠷᠬᠢᠬᠤ᠃ | ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠡᠬᠢ ᠪᠠᠶᠠᠯᠢᠭ ᠢ ᠬᠤᠪᠢ | ᠣᠷᠣᠭᠤᠯᠤᠭᠰᠠᠨ ᠡᠷᠬᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ | ᠬᠤᠪᠢᠷᠠᠭᠤᠯᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ᠃ | ᠳᠥᠷᠪᠡ ᠶᠢ ᠪᠠᠭᠤᠷᠠᠭᠤᠯᠵᠤ ᠨᠢᠭᠡ ᠶᠢ ᠰᠠᠶᠢᠵᠢᠷᠠᠭᠤᠯᠬᠤ᠄ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶ ᠬᠡᠮᠵᠢᠶ᠎ᠡ᠂ | ᠣᠯᠠᠭᠤᠯᠠ ᠵᠠᠬᠢᠳᠠᠯ ᠰᠤᠷᠪᠤᠯᠵᠢᠯᠠᠭ᠎ᠠ ᠬᠢᠬᠦ᠂ ᠳᠠᠬᠢᠨ ᠳᠠᠪᠲᠠᠨ ᠵᠠᠬᠢᠳᠠᠯ ᠰᠤᠷᠪᠤᠯᠵᠢᠯᠠᠭ᠎ᠠ ᠬᠢᠬᠦ᠂ ᠣᠯᠠᠨ ᠬᠥᠮᠥᠨ ᠤ | ᠴᠢᠨᠠᠷᠲᠠᠢ ᠬᠡᠷᠡᠭ ᠤᠨ ᠲᠤᠭ᠎ᠠ ᠬᠡᠮᠵᠢᠶ᠎ᠡ ᠶᠢ ᠪᠠᠭᠤᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ | ᠢᠯᠡᠳᠲᠡ ᠰᠠᠶᠢᠵᠢᠷᠠᠭᠤᠯᠤᠨ᠎ᠠ᠃ | ︽ᠨᠢᠭᠡ ᠭᠤᠣᠯᠳᠠᠯᠭ᠎ᠠ ᠲᠠᠪᠤᠨ ᠳᠠᠭᠠᠯᠲᠠ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠳᠦᠷᠢᠮ᠄ ᠬᠡᠰᠢᠭᠲᠡᠨ ᠬᠤᠰᠢᠭᠤᠨ ᠤ 2021 ᠣᠨ ᠤ ᠠᠷᠠᠯᠵᠢᠶᠠᠴᠢᠨ ᠤᠷᠢᠵᠤ ᠪᠠᠯᠠ | ᠣᠷᠣᠭᠤᠯᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ᠂ ᠬᠡᠰᠢᠭᠲᠡᠨ | ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠢᠨᠠᠨ ᠰᠢᠯᠭᠠᠬᠤ ᠠᠷᠭ᠎ᠠ᠂ ᠠᠷᠠᠯᠵᠢᠶᠠᠴᠢᠨ | ᠤᠷᠢᠵᠤ ᠪᠠᠯᠠ ᠣᠷᠣᠭᠤᠯᠬᠤ ᠲᠤᠰᠬᠠᠶ ᠠᠵᠢᠯ ᠤᠨ ᠵᠠᠷᠤᠳᠠᠯ ᠤᠨ ᠬᠡᠷᠡᠭᠯᠡᠭᠡ ᠬᠠᠮᠢᠶᠠᠷᠤᠯᠲᠠ ᠶᠢᠨ ᠠᠷᠭ᠎ᠠ᠂ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶ | ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠺᠠᠳ᠋ᠷ ᠤᠨ ᠡᠩᠨᠡᠭᠡᠨ ᠳᠤ ᠰᠢᠯᠢᠳᠡᠭ ᠢ ᠰᠣᠩᠭᠤᠨ ᠬᠦᠴᠦᠷᠬᠡᠭ ᠢ | ᠲᠣᠬᠢᠷᠠᠭᠤᠯᠵᠤ ᠂ ᠵᠣᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠭᠦᠯᠬᠦ᠂ ᠠᠵᠢᠯ ᠥᠷᠨᠢᠭᠦᠯᠬᠦ ᠶᠢ ᠵᠣᠷᠢᠭᠵᠢᠭᠤᠯᠬᠤ | ᠭᠤᠷᠪᠠᠨ ᠲᠥᠷᠥᠯ ᠤᠨ ᠠᠷᠭ᠎ᠠ ᠬᠡᠮᠵᠢᠶ᠎ᠡ᠃ | ᠭᠤᠷᠪᠠᠨ ᠣᠷᠣᠨ ᠭᠤᠷᠪᠠᠨ ᠱᠤᠭᠤᠮ᠄ ᠭᠤᠷᠪᠠᠨ ᠣᠷᠣᠨ ᠭᠡᠳᠡᠭ ᠨᠢ ᠬᠤᠲᠠ ᠪᠠᠯᠭᠠᠰᠤᠨ ᠤ ᠣᠷᠣᠨ ᠵᠠᠶ᠂ | ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠲᠥᠷᠥᠯ ᠤᠨ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢ ᠵᠢᠭᠠᠵᠤ ᠪᠠᠶᠢᠨ᠎ᠠ︔ ᠭᠤᠷᠪᠠᠨ ᠱᠤᠭᠤᠮ ᠭᠡᠳᠡᠭ ᠨᠢ ᠬᠤᠲᠠ ᠪᠠᠯᠭᠠᠰᠤ ᠶᠢᠨ ᠨᠡᠭᠡᠭᠡᠨ | ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ | ᠶᠢᠨ ᠬᠤᠷᠢᠭ᠎ᠠ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠵᠢᠭᠠᠵᠤ ᠪᠠᠶᠢᠨ᠎ᠠ᠃ | ᠣᠷᠣᠨ ᠠᠯᠤᠰᠯᠠᠭᠰᠠᠨ ᠠᠵᠤ ᠠᠬᠤᠶ᠄ ᠤᠤᠯ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ | ᠬᠢᠵᠠᠭᠠᠷᠯᠠᠯ ᠢ ᠳᠠᠪᠠᠵᠤ᠂ ᠨᠢᠭᠡ ᠭᠠᠵᠠᠷ ᠣᠷᠣᠨ ᠤ ᠪᠠᠯᠠ ᠮᠥᠩᠭᠦ ᠪᠠ ᠲᠥᠷᠥᠯ ᠵᠦᠶᠯ ᠢ ᠨᠥᠭᠦᠭᠡ ᠭᠠᠵᠠᠷ ᠣᠷᠣᠨ | ᠳᠤ ᠣᠷᠣᠭᠤᠯᠤᠨ ᠪᠦᠲᠦᠭᠡᠨ ᠪᠠᠶᠢᠭᠤᠯᠵᠤ᠂ ᠲᠥᠯᠥᠪᠵᠢᠭᠦᠯᠬᠦ᠂ ᠪᠥᠲᠥᠭᠡᠨ ᠪᠠᠶᠢᠭᠤᠯᠬᠤ᠂ ᠬᠠᠮᠢᠶᠠᠷᠬᠤ ᠪᠠ ᠭᠠᠶᠢᠯᠢ | ᠲᠠᠲᠠᠪᠤᠷᠢ ᠶᠢᠨ ᠬᠤᠪᠢᠶᠠᠷᠢᠯᠠᠯᠲᠠ ᠵᠡᠷᠭᠡ ᠬᠠᠮᠲᠤᠷᠠᠯᠴᠠᠭᠠᠨ ᠤ ᠵᠣᠬᠢᠴᠠᠮᠵᠢ ᠪᠠᠷ ᠳᠠᠮᠵᠢᠭᠤᠯᠤᠨ᠂ ᠬᠤᠶᠠᠷ ᠭᠠᠵᠠᠷ ᠤᠨ | ᠡᠬᠢ ᠪᠠᠶᠠᠯᠢᠭ ᠤᠨ ᠬᠠᠷᠢᠯᠴᠠᠨ ᠨᠥᠬᠦᠪᠥᠷᠢᠯᠡᠬᠦ᠂ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠨᠢᠭᠡ ᠵᠦᠶᠯ ᠤᠨ | ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠵᠠᠭᠪᠤᠷ ᠢ ᠵᠢᠭᠠᠵᠤ ᠪᠤᠢ᠃ | ︽1536︾ ᠢᠨᠵᠧᠨᠧᠷᠢᠩ᠄ ᠪᠦᠬᠦ ᠬᠤᠲᠠ ᠶᠢᠨ ᠬᠦᠴᠦᠨ ᠢᠶᠠᠷ ᠤᠯᠠᠭᠠᠨᠬᠠᠳᠠ ᠶᠢᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠪᠠᠶᠢᠭᠤᠯᠤᠨ᠎ᠠ︔ ᠤᠯᠠᠭᠠᠨᠬᠠᠳᠠ ᠶᠢᠨ ᠢᠦᠢ | ᠯᠥᠩ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠬᠠᠷᠠᠴᠢᠨ ᠬᠤᠰᠢᠭᠤᠨ ᠤ ᠰᠢᠨ᠎ᠡ ᠮᠠᠲ᠋ᠧᠷᠢᠶᠠᠯ ᠤᠨ | ᠠᠵᠤ ᠦᠢᠯᠡᠰ ᠤᠨ ᠬᠦᠷᠢᠶᠡᠯᠡᠩ᠂ ᠶᠤᠸᠠᠨ ᠪᠣᠣ ᠱᠠᠨ ᠤ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ | ᠲᠣᠭᠤᠷᠢᠭ᠂ ᠨᠢᠩᠴᠧᠩ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠠᠤᠬᠠᠨ ᠬᠤᠰᠢᠭᠤᠨ ᠤ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ 5 ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠦᠲᠦᠭᠡᠨ ᠪᠠᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ︔ ᠬᠤᠩᠱᠠᠨ᠂ ᠰᠦᠩᠱᠠᠨ᠂ ᠬᠠᠷᠠᠴᠢᠨ 3 ᠠᠵᠤ | ᠦᠶᠯᠡᠰ ᠪᠠ ᠬᠤᠲᠠ ᠶᠢ ᠠᠭᠤᠰᠤᠯᠴᠠᠭᠤᠯᠬᠤ ᠬᠤᠰᠢᠭᠤᠴᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠨ | ᠠᠬᠢᠭᠤᠯᠤᠨ᠎ᠠ︔ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ | ᠯᠢᠨᠰᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠤᠨ ᠬᠡᠰᠢᠭᠲᠡᠨ ᠤ ᠣᠷᠴᠢᠯ ᠠᠵᠤ ᠠᠬᠤᠶ ᠶᠢᠨ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠩᠱᠠᠨ ᠤ ᠪᠣᠬᠢᠷᠲᠤᠯ ᠦᠭᠡᠶ ᠢᠳᠡᠭᠡᠨ ᠤ ᠠᠵᠤ ᠦᠢᠯᠡᠰ | ᠤᠨ ᠬᠦᠷᠢᠶᠡᠯᠡᠩ ᠲᠣᠭᠤᠷᠢᠭ ᠵᠡᠷᠭᠡ 6 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠤᠨ᠎ᠠ᠃ | ︽ᠭᠤᠷᠪᠠᠵᠢᠭᠤᠯᠬᠤ︾ ᠳᠦᠷᠢᠮ᠄ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ︽ | ᠲᠥᠷᠦᠯ ᠵᠦᠢᠯ ᠢ ᠠᠬᠢᠭᠤᠯᠬᠤ ᠲᠠᠯ᠎ᠠ ᠪᠠᠷ ᠲᠥᠷᠦᠯ ᠵᠦᠢᠯ ᠤᠨ ᠨᠠᠷᠢᠨ ᠳᠠᠩᠰᠠ᠂ ᠨᠠᠷᠢᠨ ᠳᠠᠩᠰᠠ ᠶᠢᠨ | ᠬᠠᠷᠢᠭᠤᠴᠠᠯᠭ᠎ᠠ᠂ ᠬᠠᠷᠢᠭᠤᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠬᠡᠷᠡᠭᠵᠢᠭᠦᠯᠦᠨ᠎ᠡ︾ ᠭᠡᠵᠦ ᠳᠤᠷᠠᠳᠪᠠ᠃ | ᠭᠤᠷᠪᠠᠨ ᠪᠦᠲᠦᠭᠡᠭᠳᠡᠬᠦᠨ ᠨᠢᠭᠡ ᠲᠡᠮᠳᠡᠭ᠄ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ᠂ | ᠪᠣᠬᠢᠷᠲᠤᠯ ᠥᠬᠡᠶ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ | ᠭᠠᠵᠠᠷ ᠵᠦᠶ ᠶᠢᠨ ᠲᠡᠮᠳᠡᠭ᠃ | ᠠᠭᠤᠷᠬᠠᠶ ᠶᠢᠨ ᠦᠶᠯᠡᠰ ᠤᠨ ᠠᠵᠤ ᠠᠬᠤᠶ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ᠄ ᠪᠥᠬᠦ ᠬᠤᠲᠠ ᠶᠢᠨ | ︽ᠠᠵᠤ ᠦᠶᠯᠡᠳᠪᠦᠷᠢ ᠶᠢ ᠳᠠᠬᠢᠨ ᠢᠶᠠᠷ ᠨᠡᠮᠡᠭᠳᠡᠭᠦᠯᠬᠦ︾ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ | ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠰᠢᠭᠤ ᠨᠢ ᠪᠦᠲᠦᠭᠡᠨ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠨᠢᠭᠡ ᠪᠦᠯᠦᠭ᠂ ᠮᠡᠷᠭᠡᠵᠢᠯ ᠤᠨ ᠥᠭᠡᠷᠡᠴᠢᠯᠡᠯᠲᠡ ᠬᠢᠵᠦ ᠴᠢᠳᠠᠮᠵᠢ ᠶᠢ ᠥᠷᠭᠡᠳᠬᠡᠬᠦ ᠨᠢᠭᠡ ᠪᠦᠯᠦᠭ᠂ | ᠡᠮᠬᠢᠯᠡᠨ ᠨᠡᠶᠢᠯᠡᠭᠦᠯᠵᠦ ᠳᠠᠬᠢᠨ ᠪᠠᠶᠢᠭᠤᠯᠬᠤ ᠨᠢᠭᠡ ᠪᠦᠯᠦᠭ ᠪᠠ ᠪᠣᠬᠢᠷᠲᠤᠯ ᠥᠬᠡᠶ ᠬᠥᠭᠵᠢᠭᠦᠯᠬᠦ ᠨᠢᠭᠡ ᠪᠦᠯᠦᠭ ︽ | ᠳᠥᠷᠪᠡᠨ ᠨᠢᠭᠡ ᠪᠦᠯᠦᠭ︾ ᠢᠨᠵᠧᠨᠧᠷᠢᠩ ᠢ ᠳᠤᠷᠠᠳᠤᠨ ᠭᠠᠷᠭᠠᠵᠤ᠂ 3—5 ᠵᠢᠯ ᠤᠨ ᠬᠤᠭᠤᠴᠠᠭᠠᠨ ᠳᠤ᠂ ᠪᠥᠬᠦ | ᠬᠤᠰᠢᠭᠤᠨ ᠤ ᠥᠩᠭᠡᠲᠦ ᠲᠡᠮᠦᠷᠯᠢᠭ ᠤᠨ ᠠᠭᠤᠷᠬᠠᠶ ᠶᠢᠨ ᠡᠳᠦᠷ ᠪᠦᠷᠢ ᠶᠢᠨ ᠰᠢᠶᠳᠪᠦᠷᠢᠯᠡᠬᠦ ᠴᠢᠳᠠᠪᠤᠷᠢ ᠶᠢ ᠳᠠᠬᠢᠨ | ᠢᠶᠠᠷ 3 ᠲᠦᠮᠡᠨ ᠲᠣᠨ ᠪᠣᠯᠭᠠᠨ ᠨᠡᠮᠡᠭᠳᠡᠭᠦᠯᠵᠦ᠂ ᠪᠦᠬᠦᠨ ᠢ ᠪᠣᠬᠢᠷᠲᠤᠯ ᠥᠬᠡᠶ ᠠᠭᠤᠷᠬᠠᠶ ᠪᠣᠯᠭᠠᠨ ᠪᠠᠶᠢᠭᠤᠯᠤᠨ᠎ᠠ᠃ | | ᠮᠢᠩᠭᠠᠨ ᠲᠣᠨ ᠲᠦᠮᠡᠨ ᠬᠥᠮᠦᠨ᠄ ᠡᠳᠦᠷ ᠲᠤ 1000 ᠲᠣᠨ ᠤᠰᠤ ᠬᠠᠩᠭᠠᠬᠤ ᠪᠤᠶᠤ 1 ᠲᠦᠮᠡ ᠠᠴᠠ | ᠳᠡᠭᠡᠭᠰᠢᠬᠢ ᠬᠥᠮᠥᠨ ᠠᠮᠠ ᠳᠤ ᠤᠰᠤ ᠬᠠᠩᠭᠠᠬᠤ᠃ | ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠶᠠᠷ ᠢ ᠬᠢᠵᠠᠭᠠᠷᠯᠠᠬᠤ︾᠄ ᠡᠨᠧᠷᠭᠢ ᠶᠢᠨ ᠬᠤᠷᠣᠭᠳᠠᠭᠤᠯᠭ᠎ᠠ | ᠶᠢᠨ ᠬᠦᠴᠦᠯᠡᠴᠡ ᠶᠢ ᠪᠠᠭᠤᠷᠠᠭᠤᠯᠬᠤ ᠪᠠ ᠡᠨᠧᠷᠭᠢ ᠶᠢᠨ ᠬᠤᠷᠣᠭᠳᠠᠭᠤᠯᠭ᠎ᠠ ᠶᠢᠨ ᠨᠡᠮᠡᠭᠳᠡᠯ ᠢ ᠬᠢᠵᠠᠭᠠᠷᠯᠠᠬᠤ | ᠬᠠᠷᠠᠯᠲᠠ᠃ | ᠬᠤᠶᠠᠷ ᠠᠭᠤᠯᠠ ᠬᠤᠶᠠᠷ ᠤᠰᠤ᠄ ᠣᠪᠣᠭ᠎ᠠ ᠠᠭᠤᠯᠠ᠂ ᠦᠰᠦᠭᠲᠦ ᠠᠭᠤᠯᠠ ᠪᠠ ᠳᠣᠯᠣᠨᠨᠠᠭᠤᠷ ᠭᠤᠣᠯ᠂ | ᠪᠢᠷᠠᠭᠤ ᠭᠤᠣᠯ᠃ | ᠲᠠᠪᠤᠨ ᠶᠡᠭᠡ ᠲᠥᠪ᠄ ᠴᠡᠭᠡᠵᠢ ᠡᠪᠡᠳᠬᠦ ᠶᠢ ᠡᠮᠨᠡᠬᠦ ᠲᠥᠪ᠂ ᠰᠠ ᠡᠪᠡᠳᠴᠢᠨ ᠢ ᠡᠮᠨᠡᠬᠦ ᠲᠥᠪ᠂ ᠬᠦᠨᠳᠦ | ᠲᠦᠭᠰᠢᠭᠦᠷᠢᠲᠡᠶ ᠵᠢᠷᠮᠦᠰᠦᠨ ᠪᠦᠰᠡᠭᠦᠶ ᠶᠢ ᠡᠮᠨᠡᠨ ᠵᠠᠰᠠᠬᠤ ᠲᠥᠪ᠂ ᠬᠦᠨᠳᠦ ᠲᠦᠭᠰᠢᠭᠦᠷᠢᠲᠡᠶ ᠬᠡᠦᠬᠡᠳ ᠪᠠ ᠨᠢᠯᠬ᠎ᠠ | ᠬᠡᠦᠬᠡᠳ ᠢ ᠡᠮᠨᠡᠨ ᠵᠠᠰᠠᠬᠤ ᠲᠥᠪ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠥᠷᠪᠡᠨ ᠲᠠᠯ᠎ᠠ ᠶᠢᠨ ᠬᠠᠷᠢᠭᠤᠴᠠᠯᠭ᠎ᠠ᠄ ᠬᠠᠷᠢᠶ᠎ᠠ ᠣᠷᠣᠨ᠂ | ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ ᠳᠥᠷᠪᠡᠨ ᠲᠠᠯ᠎ᠠ ᠶᠢᠨ ᠬᠠᠷᠢᠭᠤᠴᠠᠯᠭ᠎ᠠ᠃ | ︽ᠳᠥᠷᠪᠡᠨ ᠡᠷᠲᠡ︾ ᠶᠢᠨ ᠱᠠᠭᠠᠷᠳᠠᠯᠭ᠎ᠠ᠄ ᠡᠷᠲᠡ ᠢᠯᠡᠷᠡᠭᠦᠯᠬᠦ᠂ ᠡᠷᠲᠡ ᠲᠤᠰᠠᠭᠠᠷᠯᠠᠬᠤ᠂ ᠡᠷᠲᠡ | ᠮᠡᠳᠡᠭᠦᠯᠬᠦ᠂ ᠡᠷᠲᠡ ᠡᠮᠨᠡᠨ ᠵᠠᠰᠠᠬᠤ᠃ | | | | |