2021 ᠣᠨ ᠤ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠭᠦᠭᠵᠢᠯᠳᠡ ᠶᠢᠨ ᠲᠥᠯᠥᠪᠯᠡᠭᠡ ᠶᠢᠨ ᠲᠦᠰᠦᠯ ᠤᠨ ᠲᠤᠬᠠᠢ ᠮᠡᠳᠡᠭᠦᠯᠦᠯᠳᠡ ︵ᠨᠢᠭᠡ︶
ᠨᠡᠶᠢᠲᠡᠯᠡᠭᠰᠡᠨ ᠴᠠᠭ᠄
2021/4/27
     ᠬᠡᠰᠢᠭᠲᠡᠨ ᠬᠤᠰᠢᠭᠤᠨ ᠤ 2020 ᠣᠨ ᠤ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2021 ᠣᠨ ᠤ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠭᠦᠭᠵᠢᠯᠳᠡ ᠶᠢᠨ ᠲᠥᠯᠥᠪᠯᠡᠭᠡ ᠶᠢᠨ ᠲᠦᠰᠦᠯ ᠤᠨ  ᠲᠤᠬᠠᠢ ᠮᠡᠳᠡᠭᠦᠯᠦᠯᠳᠡ      — — 2021 ᠣᠨ ᠤ 3 ᠰᠠᠷ᠎ᠠ ᠶᠢᠨ 9᠎ ᠤ ᠡᠳᠦᠷ  ᠬᠡᠰᠢᠭᠲᠡᠨ ᠬᠤᠰᠢᠭᠤᠨ ᠤ ᠠᠷᠪᠠᠨ ᠲᠤᠯᠤᠲᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠠᠪᠤᠲᠤᠭᠠᠷ ᠤᠳᠠᠭᠠᠨ ᠤ ᠬᠤᠷᠠᠯᠳᠤᠭᠠᠨ ᠳᠡᠭᠡᠷ᠎ᠡ             ᠬᠡᠰᠢᠭᠲᠡᠨ ᠬᠤᠰᠢᠭᠤᠨ ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯᠲᠥᠯᠥᠭᠡᠯᠡᠭᠴᠢᠳ ᠡ᠄      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠣᠲᠣ ᠬᠡᠰᠢᠭᠲᠡᠨ ᠬᠤᠰᠢᠭᠤᠨ ᠤ 2020 ᠣᠨ ᠤ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2021 ᠣᠨ ᠤ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠦᠰᠦᠯ ᠢ ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠦᠶ᠎ᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2020 ᠣᠨ ᠤ ᠤᠯᠤᠰ ᠠᠷᠠᠳ ᠤᠨ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ      2020 ᠣᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠲᠦᠨ ᠤ ᠪᠠᠲᠦ ᠴᠢᠩᠭ᠎ᠠ ᠤᠲᠤᠷᠢᠲᠤᠯᠭ᠎ᠠ ᠪᠠ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠳᠡᠮᠵᠢᠯᠭᠡ ᠲᠤᠤᠷ᠎ᠠ᠂ ᠪᠥᠬᠦ ᠬᠤᠰᠢᠭᠤ ᠪᠠᠷ ᠢᠶᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠲᠦᠭᠡᠷ ᠤᠳᠠᠭᠠᠨ ᠤ ᠬᠤᠷᠠᠯ ᠳᠡᠭᠡᠷ᠎ᠡ ᠬᠢᠨᠠᠨ ᠵᠥᠪᠯᠡᠵᠦ ᠵᠥᠪᠰᠢᠶᠡᠷᠡᠭᠰᠡᠨ 2020 ᠣᠨ ᠤ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠎ ᠤᠨ ᠬᠥᠭᠵᠢᠯᠲᠡ ᠶᠢᠨ ᠲᠥᠯᠥᠪᠯᠡᠭᠡ ᠶᠢ ᠨᠠᠷᠢᠨ ᠬᠢᠨᠠᠮᠠᠭᠠᠶ ᠬᠡᠷᠡᠭᠵᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠠᠯᠬᠤᠮ ᠠᠯᠬᠤᠮ ᠢᠶᠠᠷ ᠰᠡᠷᠭᠦᠨ ᠰᠠᠶᠢᠵᠢᠷᠠᠵᠤ᠂ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠵᠦᠶ ᠵᠣᠬᠢᠰᠲᠠᠶ ᠬᠡᠪᠴᠢᠶᠡᠨ ᠳᠤ ᠪᠠᠶᠢᠬᠤ ᠶᠢ ᠪᠠᠲᠤᠯᠠᠪᠠ᠃      2020 ᠣᠨ ᠳᠤ ᠪᠥᠬᠦ ᠬᠤᠰᠢᠭᠤᠨ ᠤ ᠣᠷᠣᠨ ᠨᠤᠲᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 124.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.7%᠎ ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 38.75 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.3%᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 20.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.3%᠎ ᠪᠠᠷ ᠪᠠᠭᠤᠷᠠᠪᠠ᠃ ᠡᠩ ᠤᠨ ᠣᠯᠠᠨ ᠨᠡᠶᠢᠲᠡ ᠶᠢᠨ ᠡᠳ᠋ ᠎ ᠤᠨ ᠵᠠᠰᠠᠭ ᠤᠨ ᠲᠥᠰᠦᠪ ᠤᠨ ᠣᠷᠣᠯᠭ᠎ᠠ ᠶᠢ 6.32 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.2%᠎ ᠢᠶᠠᠷ ᠨᠡᠮᠡᠭᠳᠡᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 31021 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠎ ᠠᠴᠠ 1.5%᠎ ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 13624 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2 %᠎ ᠢᠶᠠᠷ ᠨᠡᠮᠡᠭᠳᠡᠪᠡ᠃      ︵ᠨᠢᠭᠡ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠴᠢᠩᠭᠠᠳᠬᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ      ᠤᠲᠤ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠲᠣᠭᠲᠠᠭᠤᠨ ᠢᠶᠠᠷ ᠬᠥᠭᠵᠢᠪᠡ᠃ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ 22.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠎ ᠠᠴᠠ 3.2%᠎ ᠢᠶᠠᠷ ᠨᠡᠮᠡᠭᠳᠡᠪᠡ᠃ ᠪᠥᠬᠦ ᠬᠤᠰᠢᠭᠤᠨ ᠤ ᠲᠠᠷᠢᠮᠠᠯ ᠤᠨ ᠶᠡᠷᠦᠩᠬᠡᠶ ᠲᠠᠯᠠᠪᠠᠶ 150 ᠲᠦᠮᠡᠨ ᠮᠥ ᠪᠠᠶᠢᠵᠤ᠂ ᠠᠮᠤ ᠪᠤᠷᠴᠠᠭ ᠤᠨ ᠶᠡᠷᠦᠩᠬᠡᠶ ᠤᠨᠠᠯᠲᠠ ᠶᠢ 6 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠤ ᠪᠤᠳᠠᠭ᠎ᠠ ᠠᠵᠤ ᠠᠬᠤᠶ ᠶᠢᠨ ᠲᠠᠷᠢᠮᠠᠯ ᠪᠣᠷᠳᠤᠭ᠎ᠠ ᠶᠢᠨ ᠬᠠᠷᠢᠴᠠᠯ ᠢ 61᠄ 21᠄ 18 ᠪᠣᠯᠭᠠᠨ ᠲᠣᠬᠢᠷᠠᠭᠤᠯᠪᠠ᠃ ᠬᠥᠷᠥᠰᠥ ᠰᠢᠷᠣᠶ ᠶᠢ ᠰᠢᠨᠵᠢᠯᠡᠵᠦ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠮᠡᠷᠭᠡᠵᠢᠯ ᠤᠨ ᠪᠦᠷᠬᠦᠴᠡ ᠶᠢᠨ ᠨᠣᠷᠮ᠎ᠠ ᠶᠢ 90%᠎ ᠠᠴᠠ ᠳᠡᠭᠡᠭᠰᠢ ᠳᠤ ᠬᠦᠷᠭᠡᠪᠡ᠃ ᠢᠳᠡᠰᠢᠨ ᠮᠥᠭᠦ᠂ ᠡᠪᠡᠰᠦᠨ ᠡᠮ ᠲᠠᠷᠢᠬᠤ ᠬᠡᠪᠴᠢᠶ᠎ᠡ ᠶᠢ ᠲᠤᠰ ᠲᠤᠰ 2000 ᠲᠦᠮᠡᠨ ᠬᠠᠪᠳᠠᠰᠦ ᠪᠠ 8 ᠲᠦᠮᠡᠨ ᠮᠦ ᠳᠤ ᠬᠦᠷᠭᠡᠪᠡ᠃ ᠣᠶ ᠰᠢᠭᠤᠢ ᠶᠢᠨ ᠳᠠᠭᠠᠯᠳᠠ ᠠᠵᠤ ᠠᠬᠤᠶ 1 ᠲᠦᠮᠡᠨ ᠮᠥ ᠶᠢ ᠳᠠᠪᠠᠪᠠ᠃ ᠪᠥᠬᠦ ᠬᠤᠰᠢᠭᠤᠨ ᠤ ᠬᠡᠷ ᠤᠨ ᠲᠡᠵᠢᠭᠡᠪᠦᠷᠢ ᠎ ᠶᠢᠨ ᠲᠤᠭ᠎ᠠ 205 ᠲᠦᠮᠡ ᠳᠤ ᠲᠤᠭᠲᠠᠪᠤᠷᠢᠵᠢᠵᠦ᠂ ᠡᠭᠦᠨ ᠳᠤ ᠦᠬᠡᠷ 36 ᠲᠦᠮᠡᠨ ᠲᠣᠯᠣᠭᠠᠶ᠂ ᠬᠤᠨᠢ 163 ᠲᠦᠮᠡᠨ ᠲᠣᠯᠣᠭᠠᠶ ᠪᠠᠶᠢᠨ᠎ᠠ᠃ ᠪᠣᠬᠢᠷᠲᠤᠯ ᠥᠬᠡᠶ ᠲᠠᠷᠢᠶᠠᠯᠠᠩ ᠢ ᠲᠦᠷᠭᠡᠳᠬᠡᠨ ᠠᠬᠢᠭᠤᠯᠵᠤ᠂ ᠪᠥᠬᠦ ᠵᠢᠯ ᠳᠤ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾᠎ ᠤᠨ 6 ᠠᠵᠤ ᠠᠬᠤᠶᠢᠯᠠᠯ ᠢ ᠰᠢᠨ᠎ᠡ ᠪᠠᠷ ᠪᠣᠶᠢᠵᠢᠭᠤᠯᠵᠤ᠂ 13 ᠪᠦᠲᠦᠭᠡᠭᠳᠡᠭᠦᠨ ᠲᠠᠢ ᠬᠤᠯᠪᠣᠭᠳᠠᠨ᠂ ᠢᠦᠢ ᠵᠧᠦ ᠳ᠋ᠢ ᠪᠠᠯᠭᠠᠰᠤ ᠤᠯᠤᠰ ᠤᠨ ︽ᠨᠢᠭᠡ ᠲᠣᠰᠬᠤᠨ ᠨᠢᠭᠡ ᠳᠡᠮᠳᠡᠭᠲᠦ︾᠎ ᠶᠢᠨ ᠵᠢᠱᠢᠶ᠎ᠡ ᠦᠵᠡᠭᠦᠯᠬᠦ ᠪᠠᠯᠭᠠᠰᠤ ᠶᠢᠨ ᠨᠡᠷᠡᠰ ᠲᠤ ᠠᠮᠵᠢᠯᠲᠠ ᠲᠠᠢ ᠰᠣᠩᠭᠤᠭᠳᠠᠪᠠ᠃ ᠲᠠᠷᠢᠶᠠᠯᠠᠩ ᠤᠨ ᠠᠵᠤ ᠦᠢᠯᠡᠰᠵᠢᠯᠲᠡ ᠶᠢᠨ ᠠᠯᠬᠤᠴᠠ ᠲᠠᠰᠤᠷᠠᠯᠲᠠ ᠦᠭᠡᠢ ᠲᠦᠷᠭᠡᠳᠴᠦ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠦᠨ ᠬᠤᠪᠢᠷᠠᠭᠤᠯᠬᠤ ᠨᠣᠷᠮ᠎ᠠ 68%᠎ ᠳᠤ ᠬᠦᠷᠴᠦ ᠂ ᠲᠣᠭᠤᠷᠢᠭ᠂ ᠬᠤᠲᠠ᠂ ᠬᠤᠰᠢᠭᠤ ᠲᠡᠰ ᠤᠨ ᠭᠤᠣᠯᠳᠠᠯᠭ᠎ᠠ ᠲᠠᠢ ᠲᠣᠯᠣᠭᠠᠶᠢᠯᠠᠭᠴᠢ ᠠᠵᠤ ᠠᠬᠤᠶᠢᠯᠠᠯ ᠲᠣᠰ ᠲᠣᠰ 8᠂ 15 ᠪᠠ 39 ᠪᠤᠯᠪᠠ᠃      ᠠᠵᠤ ᠦᠶᠯᠡᠳᠪᠦᠷᠢ ᠶᠢᠨ ᠠᠵᠤ ᠠᠬᠤᠢ ᠲᠤᠭᠲᠠᠭᠤᠨ ᠢᠶᠠᠷ ᠨᠡᠮᠡᠭᠳᠡᠪᠡ᠃ ᠬᠤᠶᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 61.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠎ ᠪᠠᠷ ᠨᠡᠮᠡᠭᠳᠡᠪᠡ᠃ ᠪᠥᠬᠦ ᠬᠤᠰᠢᠭᠤᠨ ᠤ 32 ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠨᠡᠶᠢᠲᠡ 113.6 ᠳ᠋ᠦᠩᠰᠢᠭᠤᠷ ᠲᠥᠭᠦᠷᠢᠭ ᠤᠨ ᠶᠡᠷᠦᠩᠬᠡᠶ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.3%᠎ ᠪᠠᠷ ᠨᠡᠮᠡᠭᠳᠡᠵᠦ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠭᠠᠶᠢᠯᠢ ᠎ ᠶᠢᠨ ᠮᠥᠩᠭᠦ 10.39 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠵᠤ ᠦᠶᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 6.12 ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.47% ᠎ ᠪᠠᠷ ᠨᠡᠮᠡᠭᠳᠡᠪᠡ᠃ ᠳ᠋ᠠ ᠲᠠᠩ ᠤᠨ ᠨᠡᠭᠦᠷᠡᠰᠦ ᠶᠢ ᠭᠡᠶᠢᠵᠢᠭᠦᠯᠬᠦ᠂ ᠬᠤᠩᠭᠤ ᠶᠢᠨ ᠳᠠᠪᠠᠭ᠎ᠠ ᠠᠭᠤᠷᠬᠠᠶ ᠶᠢᠨ ᠦᠶᠯᠡᠰ᠂ ᠬᠢᠩᠭᠠᠨ ᠤ ᠮᠥᠩᠭᠦ ᠲᠤᠭᠤᠯᠭ᠎ᠠ ᠪᠤᠯᠪᠠᠰᠦᠷᠠᠭᠤᠯᠬᠤ᠂ ᠪᠥᠸᠧ ᠶᠤᠸᠠᠨ ᠰᠢᠨᠵᠢᠯᠡᠬᠦ ᠤᠬᠠᠭᠠᠨ ᠮᠡᠷᠭᠡᠵᠢᠯ᠂ ᠰᠠᠯᠬᠢᠨ ᠬᠦᠴᠦᠨ ᠤ ᠴᠠᠬᠢᠯᠭᠠᠨ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠲᠣᠭᠲᠠᠭᠤᠨ ᠢᠶᠠᠷ ᠦᠶᠯᠡᠳᠪᠦᠷᠢᠯᠡᠬᠦ ᠶᠢ ᠪᠡᠶᠡᠯᠡᠭᠦᠯᠵᠦ᠂ ᠥᠩᠭᠡᠲᠦ ᠲᠡᠮᠦᠷᠯᠢᠭ᠂ ᠰᠠᠯᠭᠢᠨ ᠴᠠᠭᠢᠯᠭᠠᠨ ᠤ ᠴᠠᠭᠢᠯᠭᠠᠨ ᠭᠠᠷᠭᠠᠬᠤ ᠬᠡᠮᠵᠢᠶ᠎ᠡ ᠵᠡᠷᠭᠡ ᠠᠵᠤ ᠦᠶᠯᠡᠳᠪᠦᠷᠢ ᠶᠢᠨ ᠦᠶᠯᠡᠳᠬᠦᠨ ᠤ ᠭᠠᠷᠤᠯᠲᠠ ᠨᠡᠮᠡᠭᠳᠡᠯ ᠢᠶᠠᠨ ᠪᠠᠲᠤᠯᠠᠪᠠ᠃ ᠠᠵᠤ ᠦᠶᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠯᠠᠪᠳᠠᠭᠤᠨ ᠪᠠᠲᠤᠲᠠᠢ ᠠᠬᠢᠵᠤ᠂ ᠬᠢᠩᠭᠠᠨ ᠤ ᠮᠦᠩᠭᠦ ᠲᠤᠭᠤᠯᠭ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠡᠰ ᠳᠡᠪᠰᠢᠬᠦ ᠲᠥᠷᠥᠯ ᠵᠦᠢᠯ ᠠᠰᠢᠭᠯᠠᠯᠲᠠ ᠳᠤ ᠤᠷᠤᠵᠦ᠂ ᠳ᠋ᠧ ᠹᠠ ᠠᠭᠤᠷᠬᠠᠢ ᠎ ᠶᠢᠨ ᠦᠢᠯᠡᠰ ᠤᠨ ᠳᠠᠬᠢᠨ ᠪᠠᠶᠢᠭᠤᠯᠬᠤ ᠲᠥᠷᠥᠯ ᠵᠦᠢᠯ ᠤᠨ ᠦᠢᠯᠡᠳᠪᠦᠷᠢ ᠰᠣᠩᠭᠤᠬᠤ ᠥᠭᠡᠷᠡᠴᠢᠯᠡᠯᠲᠡ ᠶᠢᠨ ᠢᠨᠵᠧᠨᠧᠷᠢᠩ ᠢ ᠦᠨᠳᠦᠰᠦᠨ ᠳᠡᠭᠡᠨ ᠪᠡᠶᠡᠯᠡᠭᠦᠯᠵᠦ᠂ ᠰᠢᠨ ᠲᠠᠢ᠂ ᠳ᠋ᠦᠩ ᠱᠧᠩ ᠵᠡᠷᠭᠡ ᠠᠵᠤ ᠠᠬᠤᠶᠢᠯᠠᠯ ᠤᠨ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠦ᠂ ᠤᠯᠠᠭᠠᠨᠬᠠᠳᠠ ᠶᠢᠨ ᠬᠡᠰᠢᠭᠲᠡᠨ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ 10 ᠲᠦᠮᠡᠨ ᠺᠢᠯᠣᠸᠠᠲ ᠤᠨ ᠭᠡᠷᠡᠯ ᠴᠡᠨᠡᠭ ᠎ ᠤᠨ ᠦᠨ᠎ᠡ ᠬᠠᠶᠠᠯᠴᠠᠬᠤ ᠲᠥᠷᠥᠯ ᠵᠦᠢᠯ ᠪᠠᠷᠢᠯᠭ᠎ᠠ ᠡᠭᠢᠯᠡᠨ ᠪᠦᠲᠦᠭᠡᠨ ᠪᠠᠶᠢᠭᠤᠯᠵᠦ᠂ ᠬᠡᠰᠢᠭᠲᠡᠨ ᠬᠤᠰᠢᠭᠤᠨ ᠤ ᠳ᠋ᠠ ᠳᠠᠩ ᠤᠨ ᠨᠡᠭᠦᠷᠡᠰᠦ ᠶᠢ ᠭᠡᠶᠢᠵᠢᠭᠦᠯᠬᠦ ᠬᠤᠶᠠᠳᠤᠭᠠᠷ ᠰᠢᠷᠢᠰ ᠤᠨ ᠲᠥᠷᠦᠯ ᠵᠦᠢᠯ ᠢ ᠲᠡᠭᠦᠯᠳᠡᠷᠵᠢᠭᠦᠯᠬᠦ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠦᠯ ᠵᠦᠢᠯ ᠤᠨ ᠠᠬᠢᠴᠠ ᠤᠷᠤᠭᠰᠢᠲᠠᠢ ᠪᠠᠶᠢᠨ᠎ᠠ︔ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠷᠢᠮᠵᠢᠶᠠᠵᠢᠭᠰᠠᠨ ᠦᠶᠯᠡᠳᠪᠦᠷᠢ ᠶᠢᠨ ᠭᠡᠷ ᠪᠠᠶᠢᠰᠢᠩ᠂ ᠶᠠᠳᠠᠭᠤ ᠶᠢ ᠲᠡᠳᠬᠦᠬᠦ ᠠᠵᠤ ᠦᠢᠯᠡᠰ ᠤᠨ ᠰᠠᠭᠤᠷᠢᠨ ᠭᠠᠵᠠᠷ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠪᠴᠠᠩ ᠵᠡᠷᠭᠡ ᠲᠥᠷᠥᠯ ᠵᠦᠶᠯ ᠨᠢ ᠤᠯᠤᠰ ᠤᠨ ᠵᠢᠭᠡᠯᠡᠯᠭᠡ ᠶᠢᠨ ᠲᠡᠮᠳᠡᠭᠲᠦ ᠎ ᠶᠢᠨ ᠪᠠᠯᠠ ᠮᠥᠩᠭᠦ ᠶᠢᠨ ᠳᠡᠮᠵᠢᠯᠭᠡ ᠶᠢ ᠣᠯᠵᠤ᠂ ᠪᠠᠭ᠎ᠠ ᠵᠢᠵᠢᠭ ᠢᠳᠡᠭᠡᠨ ᠪᠤᠯᠪᠠᠰᠦᠷᠠᠭᠤᠯᠬᠤ ᠬᠦᠷᠢᠶᠡᠯᠡᠩ ᠲᠣᠭᠤᠷᠢᠭ ᠪᠣᠯᠤᠨ ᠳᠤᠮᠳᠠ ᠪᠠᠭ᠎ᠠ ᠠᠵᠤ ᠠᠬᠤᠶᠢᠯᠠᠯ ᠤᠨ ᠠᠳᠠᠯ ᠦᠶᠯᠡᠰ ᠴᠣᠭᠴᠠᠯᠠᠬᠤ ᠬᠦᠷᠢᠶᠡᠯᠡᠩ ᠲᠣᠭᠤᠷᠢᠭ ︵ᠨᠢᠭᠡᠳᠦᠭᠡᠷ ᠬᠤᠭᠤᠴᠠᠭ᠎ᠠ︶᠎ ᠤᠨ ᠰᠠᠭᠤᠷᠢ ᠲᠦᠭᠦᠭᠡᠷᠦᠮᠵᠢ ᠵᠡᠷᠭᠡ ᠲᠥᠷᠥᠯ ᠵᠦᠶᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃      ᠭᠤᠷᠪᠠᠳᠤᠭᠠᠷ ᠠᠵᠤ ᠦᠢᠯᠡᠰ ᠦᠷᠭᠦᠯᠵᠢᠯᠡᠨ ᠳᠡᠭᠡᠭᠰᠢᠯᠡᠪᠡ᠃ ᠭᠤᠷᠪᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ ᠢ 39.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.7%᠎ ᠪᠠᠷ ᠪᠠᠭᠤᠷᠠᠵᠤ᠂ ᠳᠡᠭᠡᠷ᠎ᠡ ᠬᠠᠭᠠᠰ ᠵᠢᠯ ᠤᠨ ᠬᠢ ᠠᠴᠠ 4.4 ᠵᠠᠭᠤᠨ ᠤ ᠬᠤᠪᠢ ᠶᠢᠨ ᠴᠡᠭ ᠪᠠᠭᠠᠰᠪᠠ᠃ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠠᠵᠢᠯ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠵᠣ᠂ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠬᠤ ᠠᠵᠢᠯ ᠨᠢ ᠰᠢᠯᠭᠠᠯᠲᠠ ᠳᠤ ᠪᠡᠯᠡᠳᠬᠡᠬᠦ ᠱᠠᠲᠤᠨ ᠳᠤ ᠣᠷᠣᠵᠤ᠂ ︽ᠬᠡᠰᠢᠭᠲᠡᠨ ᠬᠤᠰᠢᠭᠤᠨ ᠤ ᠵᠢᠭᠤᠯᠴᠢᠯᠠᠯ ᠤᠨ ᠭᠦᠭᠵᠢᠭᠦᠯᠦᠯᠳᠡ ᠶᠢᠨ ᠶᠡᠷᠦᠩᠬᠡᠶ ᠲᠥᠯᠥᠪᠵᠢᠭᠦᠯᠭᠡ︾᠎ ᠶᠢ ᠬᠢᠨᠠᠨ ᠲᠣᠭᠲᠠᠭᠠᠪᠠ᠃ ᠵᠢᠭᠤᠯᠴᠢᠯᠠᠯ ᠤᠨ ᠰᠠᠭᠤᠷᠢ ᠲᠦᠭᠦᠭᠡᠷᠦᠮᠵᠢ ᠲᠠᠰᠤᠷᠠᠯᠲᠠ ᠥᠬᠡᠶ ᠲᠡᠭᠦᠯᠳᠡᠷᠵᠢᠵᠦ᠂ ᠤᠮᠠᠷᠠᠲᠤ ᠬᠢᠯᠢ ᠶᠢᠨ ᠦᠵᠡᠮᠵᠢ ᠶᠢᠨ ᠳᠠᠷᠳᠠᠩ ᠵᠠᠮ᠂ ᠪᠦᠲᠦᠭᠦᠨ ᠠᠭᠤᠯᠠ ᠶᠢᠨ ᠵᠢᠭᠤᠯᠴᠢᠯᠠᠯ᠂ ᠲᠣᠮᠣ ᠳ᠋ᠠᠶᠢᠲ᠋ᠠ ᠶᠢᠨ ᠲᠥᠪ ᠵᠡᠷᠭᠡ ᠭᠤᠤᠯᠳᠠᠯᠭ᠎ᠠ ᠲᠠᠢ ᠲᠥᠷᠥᠯ ᠵᠦᠶᠯ ᠯᠠᠪᠳᠠᠭᠤᠨ ᠢᠶᠠᠷ ᠠᠭᠢᠵᠤ᠂ ᠪᠥᠬᠦ ᠵᠢᠯ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠢ ᠨᠡᠶᠢᠲᠡ 390 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 46.8 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠤᠯᠠᠮᠵᠢᠯᠠᠯᠲᠤ ᠦᠶᠯᠡᠴᠢᠯᠡᠭᠡᠨ ᠤ ᠦᠶᠯᠡᠰ ᠢ ᠲᠠᠰ ᠳᠡᠪᠰᠢᠭᠦᠯᠵᠦ ᠂ ᠸᠢᠺᠲ᠋ᠣᠷᠢ ᠬᠤᠳᠠᠯᠳᠤᠭᠠᠨ ᠤ ᠲᠠᠯᠠᠪᠠᠶ᠂ ᠬᠤᠸᠠ ᠮᠧᠶ ᠠᠷᠠᠯᠵᠢᠶ᠎ᠠ ᠬᠤᠳᠠᠯᠳᠤᠭᠠᠨ ᠤ ᠬᠤᠲᠠ᠂ ᠰᠢᠨᠬᠤᠸᠠ ᠬᠤᠳᠠᠯᠳᠤᠭᠠᠨ ᠤ ᠲᠠᠯᠠᠪᠠᠶ᠂ ᠰᠢᠨ᠎ᠡ ᠬᠥᠳᠡᠭᠡ ᠲᠣᠰᠬᠤᠨ ᠤ ᠬᠠᠮᠲᠤᠷᠠᠭᠰᠠᠨ ᠳᠡᠯᠭᠡᠭᠦᠷ ᠵᠡᠷᠭᠡ ᠠᠵᠤ ᠠᠬᠤᠶᠢᠯᠠᠯ ᠢ ᠪᠥᠬᠦ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠱᠠᠭᠠᠷᠳᠠᠯᠭ᠎ᠠ ᠳᠤ ᠬᠦᠷᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠦᠳᠲᠡᠷ ᠲᠦᠷᠭᠡᠨ ᠥᠷᠭᠡᠵᠢᠵᠦ᠂ ᠪᠥᠬᠦ ᠵᠢᠯ ᠳᠤ ᠡᠯ᠎ᠡ ᠲᠥᠷᠥᠯ ᠤᠨ ᠰᠦᠯᠵᠢᠶᠡᠨ ᠳᠡᠯᠭᠡᠭᠦᠷ ᠢ 200 ᠭᠠᠷᠤᠶ ᠰᠢᠨ᠎ᠡ ᠪᠠᠷ ᠨᠡᠮᠡᠭᠳᠡᠭᠦᠯᠵᠦ᠂ ᠰᠦᠯᠵᠢᠶᠡᠨ ᠬᠤᠳᠠᠯᠳᠤᠭᠠᠴᠢᠨ ᠤ ᠲᠤᠭ᠎ᠠ 1901 ᠪᠣᠯᠵᠣ᠂ ᠠᠳᠠᠯᠢ ᠬᠤᠭᠤᠴᠠᠭᠠᠨ ᠤ ᠬᠢ ᠠᠴᠠ 10.6%᠎ ᠪᠠᠷ ᠨᠡᠮᠡᠭᠳᠡᠪᠡ᠃ ᠪᠦᠬᠦ ᠬᠤᠰᠢᠭᠤᠨ ᠤ ᠡᠯᠧᠺᠲᠷᠣᠨ ᠠᠷᠠᠯᠵᠢᠶᠠᠨ ᠤ ᠬᠡᠮᠵᠢᠶ᠎ᠡ 7.03 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.3%᠎ ᠪᠠᠷ ᠨᠡᠮᠡᠭᠳᠡᠪᠡ᠃      ︵ᠬᠤᠶᠠᠷ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ      ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠯᠠᠪᠳᠠᠭᠤᠨ ᠪᠠᠲᠤᠲᠠᠢ ᠠᠬᠢᠪᠠ᠃ ︽ᠤᠯᠠᠭᠠᠨᠬᠠᠳᠠ ᠬᠤᠲᠠ ᠶᠢᠨ ᠲᠣᠭᠤᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠎ ᠢ ᠭᠦᠨᠵᠡᠭᠡᠢ ᠬᠡᠷᠡᠭᠵᠢᠭᠦᠯᠵᠦ᠂ ᠪᠦᠬᠦ ᠬᠤᠰᠢᠭᠤᠨ ᠤ ᠡᠯ᠎ᠡ ᠲᠥᠷᠥᠯ ᠤᠨ ᠠᠵᠤ ᠠᠬᠤᠶᠢᠯᠠᠯ ᠤᠨ ᠨᠦᠬᠡᠨ ᠵᠤᠤᠬ᠎ᠠ ᠶᠢ ᠪᠦᠬᠦᠨ ᠢ ᠪᠢᠲᠡᠭᠦᠮᠵᠢᠯᠡᠨ ᠰᠢᠢᠳᠪᠦᠷᠢᠯᠡᠵᠦ᠂ ︽ᠬᠡᠰᠢᠭᠲᠡᠨ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠎ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠦᠰᠦᠪ︾᠎ ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ ᠪᠦᠬᠦ ᠬᠤᠰᠢᠭᠤᠨ ᠤ ᠠᠭᠠᠷ ᠤᠨ ᠴᠢᠨᠠᠷ ᠴᠢᠨᠰᠠᠭ᠎ᠠ ᠶᠢ ᠤᠯᠤᠰ ᠤᠨ ᠪᠠᠷᠢᠮᠵᠢᠶ᠎ᠠ ᠳᠤ ᠬᠦᠷᠭᠡᠪᠡ᠃ ᠭᠤᠤᠯᠳᠠᠯᠭ᠎ᠠ ᠲᠠᠢ ᠭᠤᠤᠯ ᠮᠥᠷᠡᠨ ᠤ ᠪᠣᠬᠢᠷᠲᠤᠯ ᠭᠠᠳᠠᠭᠰᠢᠯᠠᠭᠤᠯᠬᠤ ᠶᠢ ᠴᠡᠭᠴᠡᠯᠡᠨ ᠵᠠᠰᠠᠬᠤ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠭᠦᠨᠵᠡᠭᠡᠶ ᠬᠡᠷᠡᠭᠵᠢᠭᠦᠯᠵᠦ ᠂ ᠪᠢᠷᠠᠭᠤ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠪᠠ ᠪᠣᠬᠢᠷ ᠰᠢᠪᠠᠷ ᠢ ᠭᠦᠨ ᠤᠰᠤ ᠥᠬᠡᠶᠢᠳᠡᠭᠦᠯᠬᠦ ᠢᠨᠵᠧᠨᠧᠷᠢᠩ ᠢ ᠨᠢᠭᠡᠨᠲᠡ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠯᠤᠸᠠᠨ ᠾᠧ ᠭᠤᠤᠯ ᠤᠨ ᠰᠠᠪᠠ ᠭᠠᠵᠠᠷ ᠤᠨ ᠤᠰᠤᠨ ᠤ ᠴᠢᠨᠠᠷ ᠢ III ᠲᠥᠷᠥᠯ ᠎ ᠤᠨ ᠬᠢᠷᠢ ᠲᠦᠪᠰᠢᠨ ᠳᠤ ᠲᠣᠭᠲᠠᠭᠤᠨ ᠪᠠᠶᠢᠯᠭᠠᠵᠤ᠂ ᠬᠠᠷᠢᠶ᠎ᠠ ᠣᠷᠣᠨ ᠤ ᠳᠣᠲᠣᠷ᠎ᠠ ᠪᠣᠬᠢᠷ ᠦᠮᠡᠬᠡᠶ ᠤᠰᠤ ᠪᠠᠶᠢᠬᠤ ᠥᠬᠡᠶ ᠪᠣᠯᠭᠠᠪᠠ᠃ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠶᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ 16.6 ᠲᠦᠮᠡᠨ ᠮᠥ ᠠᠮᠢ ᠠᠬᠤᠶ ᠶᠢᠨ ᠵᠠᠰᠠᠯᠲᠠ ᠶᠢᠨ ᠲᠠᠯᠠᠪᠠᠶ ᠶᠢ ᠪᠡᠶᠡᠯᠡᠭᠦᠯᠪᠡ᠃ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠭᠤᠷᠬᠠᠢ ᠶᠢᠨ ᠠᠵᠤ ᠠᠬᠤᠶᠢᠯᠠᠯ ᠤᠨ ᠦᠯᠡᠳᠡᠭᠳᠡᠯ ᠬᠦᠳᠡᠷ ᠤᠨ ᠬᠥᠮᠥᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠰᠦᠪ ᠢ ᠪᠦᠬᠦᠨ ᠢ ᠳᠠᠩᠰᠠᠯᠠᠭᠤᠯᠵᠦ᠂ ᠥᠪᠥᠷ ᠮᠣᠩᠭᠤᠯ ᠤᠨ ᠲᠡᠯᠡᠶ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠎ ᠶᠢᠨ ᠣᠷᠣᠨ ᠤ ᠨᠤᠭᠤ ᠭᠠᠵᠠᠷ ᠢ ᠬᠠᠮᠠᠭᠠᠯᠠᠬᠤ ᠪᠠ ᠰᠡᠷᠭᠦᠭᠡᠨ ᠵᠠᠰᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠤᠯᠤᠰ ᠤᠨ ᠪᠠᠯᠠ ᠮᠥᠩᠭᠦ ᠶᠢᠨ ᠳᠡᠮᠵᠢᠯᠭᠡ ᠶᠢ ᠤᠯᠪᠠ᠃ ᠣᠶ ᠰᠢᠭᠤᠶ ᠨᠤᠲᠤᠭ ᠪᠡᠯᠴᠢᠭᠡᠷ ᠢ ᠬᠠᠮᠠᠭᠠᠯᠠᠬᠤ ᠡᠷᠴᠢᠮ ᠢ ᠦᠷᠭᠦᠯᠵᠢᠯᠡᠨ ᠴᠢᠩᠭᠠᠳᠬᠠᠵᠦ᠂ ᠤᠯᠠᠭᠠᠨᠪᠤᠳᠤᠩ ᠰᠤᠮᠤ ᠪᠥᠬᠦ ᠵᠢᠯ ᠢᠶᠠᠷ ᠪᠡᠯᠴᠢᠭᠡᠷᠯᠡᠭᠦᠯᠬᠦ ᠎ ᠶᠢ ᠴᠠᠭᠠᠵᠠᠯᠠᠭᠰᠠᠨ ᠦᠷ᠎ᠡ ᠪᠦᠲᠦᠭᠡᠯ ᠰᠠᠶᠢᠨ ᠪᠠᠶᠢᠵᠦ᠂ ᠨᠢᠭᠤᠴᠠ ᠪᠠᠷ ᠮᠠᠯᠵᠢᠬᠤ᠂ ᠳᠤᠷ᠎ᠠ ᠪᠠᠷ ᠢᠶᠠᠨ ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠬᠠᠮᠢᠶᠠᠷᠴᠦ ᠬᠠᠮᠠᠭᠠᠯᠠᠬᠤ ᠪᠠ ᠭᠠᠳᠠᠨ᠎ᠠ ᠠᠴᠠ ᠮᠠᠯ ᠤᠷᠤᠭᠤᠯᠬᠤ ᠶᠢ ᠴᠡᠪᠡᠷᠯᠡᠨ ᠴᠡᠭᠴᠡᠯᠡᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠦ᠂ ᠪᠥᠬᠦ ᠵᠢᠯ ᠳᠤ ᠪᠢᠲᠡᠭᠦᠮᠵᠢᠯᠡᠨ ᠤᠶᠢᠵᠢᠭᠤᠯᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠶᠢ ᠵᠦᠷᠢᠴᠡᠭᠰᠡᠨ ᠬᠡᠷᠡᠭ ᠢ 3263 ᠬᠤᠪᠢ ᠪᠠᠶᠢᠴᠠᠭᠠᠨ ᠰᠢᠶᠳᠪᠦᠷᠢᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠦᠷᠭᠦᠯᠵᠢᠯᠡᠨ ᠰᠠᠶᠢᠵᠢᠷᠠᠪᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号