2021 ᠣᠨ ᠤ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠭᠦᠭᠵᠢᠯᠳᠡ ᠶᠢᠨ ᠲᠥᠯᠥᠪᠯᠡᠭᠡ ᠶᠢᠨ ᠲᠦᠰᠦᠯ ᠤᠨ ᠲᠤᠬᠠᠢ ᠮᠡᠳᠡᠭᠦᠯᠦᠯᠳᠡ ︵ᠬᠤᠶᠠᠷ︶
ᠨᠡᠶᠢᠲᠡᠯᠡᠭᠰᠡᠨ ᠴᠠᠭ᠄
2021/4/27
     ︵ᠭᠤᠷᠪᠠ︶ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠦᠷᠢ ᠲᠥᠷᠬᠦ ᠶᠢ ᠢᠯᠡᠷᠬᠡᠢ ᠰᠠᠶᠢᠵᠢᠷᠠᠭᠤᠯᠪᠠ      ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠳᠡᠭᠦᠯᠳᠡᠷᠵᠢᠭᠦᠯᠪᠡ᠃ ᠪᠢᠷᠠᠭᠤ ᠠᠴᠠ ᠭᠦᠨᠴᠦᠭᠡᠨ ᠬᠦᠷᠬᠦ ᠬᠡᠰᠡᠭ ᠤᠨ ᠦᠨᠲᠦᠷ ᠬᠤᠷᠲᠤᠴᠠᠲᠦ ᠵᠠᠰᠠᠮᠠᠯ ᠵᠠᠮ᠂ ᠪᠢᠷᠠᠭᠤ ᠠᠴᠠ ᠴᠧᠩᠳᠧ ᠬᠦᠷᠭᠦ ᠦᠨᠲᠦᠷ ᠬᠤᠷᠲᠤᠴᠠᠲᠦ ᠵᠠᠰᠠᠮᠠᠯ ᠵᠠᠮ ᠤᠨ ᠪᠢᠷᠠᠭᠤ ᠠᠴᠠ ᠤᠯᠠᠭᠠᠨᠪᠤᠲᠤᠩ ᠬᠦᠷᠬᠦ ᠬᠡᠰᠡᠭ ᠤᠨ ᠦᠨᠲᠦᠷ ᠬᠤᠷᠲᠤᠴᠠᠲᠦ ᠵᠠᠰᠠᠮᠠᠯ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ ᠪᠤᠢ᠃ 202 ᠮᠤᠵᠢ ᠶᠢᠨ ᠵᠠᠮ ᠤᠨ ᠬᠠᠨᠲᠤᠬᠤ ᠠᠴᠠ ᠤᠯᠠᠭᠠᠨᠪᠤᠲᠤᠩ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ᠂ 303 ᠤᠯᠤᠰ ᠤᠨ ᠵᠠᠮ ᠎ ᠠᠴᠠ 105 ᠮᠤᠵᠢ ᠶᠢᠨ ᠵᠠᠮ ᠬᠦᠷᠬᠦ ᠬᠤᠯᠪᠣᠬᠤ ᠱᠤᠭᠤᠮ ᠤᠨ ᠵᠢᠭᠤᠯᠴᠢᠯᠠᠯ ᠤᠨ ᠵᠠᠰᠠᠮᠠᠯ ᠵᠠᠮ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠶᠠᠭ ᠰᠠᠶᠢᠬᠠᠨ ᠲᠦᠷᠭᠡᠳᠬᠡᠨ ᠭᠦᠢᠴᠡᠳᠬᠡᠵᠦ ᠪᠤᠶ᠃ ᠵᠢᠨᠢᠩ ᠎ ᠠᠴᠠ ᠲᠦᠩᠯᠢᠶᠣᠤ ᠬᠦᠷᠬᠦ ᠳᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠲᠥᠷᠥᠯ ᠵᠦᠢᠯ ᠪᠠ ᠤᠯᠠᠭᠠᠨᠪᠤᠲᠤᠩ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠡᠬᠢᠯᠡᠨ ᠪᠠᠶᠢᠭᠤᠯᠵᠤ᠂ ᠳᠠᠪᠦ‍ ᠨᠢᠭᠡ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠢᠵᠢ ᠪᠦᠷᠢᠳᠦᠭᠦᠯᠬᠦ ᠥᠭᠡᠷᠡᠴᠢᠯᠡᠯᠲᠡ᠂ ᠰᠢᠨ ᠺᠠᠢ ᠳ᠋ᠢ ᠶᠢᠨ ᠦᠶᠡᠷ ᠢ ᠰᠡᠷᠭᠡᠶᠢᠯᠡᠬᠦ ᠢᠨᠵᠧᠨᠧᠷᠢᠩ ᠢ ᠤᠷᠤᠭᠰᠢᠲᠠᠢ ᠪᠠᠶᠢᠭᠤᠯᠪᠠ᠃      ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠦᠪᠡᠷᠲᠡᠭᠡᠨ ᠵᠠᠰᠠᠬᠤ ᠤᠷᠤᠨ ᠤ ᠪᠤᠯᠪᠠᠰᠦᠨ ᠬᠤᠳᠠ ᠶᠢ ᠴᠤᠭᠴᠠᠯᠠᠨ ᠪᠠᠶᠢᠭᠤᠯᠬᠤ ᠠᠵᠢᠯ ᠢ ᠡᠮᠬᠢ ᠲᠢᠭᠯᠢᠮ ᠲᠠᠢ ᠠᠭᠢᠭᠤᠯᠪᠠ︔ ᠪᠢᠷᠠᠭᠤ ᠪᠠᠯᠭᠠᠰᠤᠨ ᠤ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠬᠦ ᠲᠦᠷᠦᠯ ᠵᠤᠶᠢᠯ ᠢ ᠠᠵᠢᠯ ᠳᠠᠭᠤᠰᠬᠠᠨ ᠰᠢᠯᠭᠠᠨ ᠬᠤᠷᠢᠶᠠᠪᠠ︔ 2019 ᠣᠨ ᠳᠤ ᠪᠠᠶᠢᠰᠢᠩ ᠭᠡᠷ ᠤᠨ ᠲᠣᠭᠤᠷᠢᠭ ᠤᠨ ᠦᠭᠡᠷᠡᠴᠢᠯᠡᠯᠳᠡ ᠶᠢᠨ ᠲᠥᠷᠥᠯ ᠵᠦᠶᠯ ᠤᠨ ᠭᠤᠤᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠪᠡ᠃ 48 ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢᠨ ᠲᠥᠷᠥᠯ ᠵᠦᠶᠯ᠂ ᠪᠠᠯᠭᠠᠰᠦ ᠲᠣᠭᠤᠷᠢᠭ ᠤᠨ 11 ᠲᠡᠷᠭᠡᠨ ᠵᠣᠭᠰᠣᠭᠠᠯ᠂ ᠪᠢᠷᠠᠭᠤ ᠪᠠᠯᠭᠠᠰᠤᠨ ᠤ ᠭᠤᠤᠯ ᠬᠤᠳᠠ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠭᠠᠬᠤ ᠢᠯᠴᠢ ᠶᠢᠨ ᠰᠤᠷᠪᠤᠯᠵᠢ ᠎ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠠᠬᠢᠴᠠ ᠤᠷᠤᠭᠰᠢᠲᠠᠶ ᠪᠠᠶᠢᠨ᠎ᠠ︔ ᠶᠢᠩᠴᠠᠩ ᠵᠠᠮ ᠤᠨ ᠬᠤᠳᠠ ᠶᠢᠨ  ᠨᠢᠭᠤᠷ ᠲᠠᠯ᠎ᠠ ᠶᠢᠨ ᠥᠭᠡᠷᠡᠴᠢᠯᠡᠯᠲᠡ ᠶᠢᠨ ᠲᠦᠷᠦᠯ ᠵᠦᠢᠯ ᠰᠠᠶᠢᠨ ᠦᠷ᠎ᠡ ᠪᠦᠲᠦᠮᠵᠢ ᠤᠯᠪᠠ᠃ ᠪᠠᠯᠭᠠᠰᠤ ᠲᠣᠭᠤᠷᠢᠭ ᠤᠨ ᠨᠣᠭᠤᠭᠠᠷᠠᠭᠤᠯᠤᠯᠲᠠ᠂ ᠭᠤᠶᠤᠵᠢᠭᠤᠯᠤᠯᠳᠠ᠂ ᠬᠡᠷᠡᠯᠲᠦᠭᠦᠯᠭᠡ ᠶᠢᠨ ᠠᠵᠢᠯ ᠢ ᠯᠠᠪᠳᠠᠭᠤᠨ ᠎ ᠢᠶᠠᠷ ᠠᠬᠢᠭᠤᠯᠪᠠ᠃ ᠪᠢᠷᠠᠭᠤ ᠪᠠᠯᠭᠠᠰᠤᠨ ᠤ ᠭᠤᠤᠯ ᠤᠨ ᠵᠡᠭᠦᠨᠳᠡᠬᠢ ᠲᠣᠭᠤᠷᠢᠭ ᠤᠨ ᠨᠣᠭᠤᠭᠠᠷᠠᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠢᠯ᠂ ᠪᠢᠷᠠᠭᠤ ᠶᠢᠨ ᠨᠦᠬᠡᠨ ᠵᠠᠮ ᠤᠨ  ᠭᠡᠷᠡᠯᠲᠦᠭᠦᠯᠭᠡ ᠴᠢᠮᠡᠭᠯᠡᠯ ᠤᠨ ᠢᠨᠵᠧᠨᠧᠷᠢᠩ ᠪᠦᠬᠦ ᠲᠠᠯ᠎ᠠ ᠪᠠᠷ ᠳᠠᠭᠤᠰᠪᠠ᠃ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠵᠦ᠂ ᠲᠣᠭᠲᠠᠭᠠᠯ ᠠᠴᠠ ᠵᠥᠷᠢᠴᠡᠵᠦ ᠪᠥᠲᠥᠭᠡᠨ ᠪᠠᠶᠢᠭᠤᠯᠤᠭᠰᠠᠨ ᠢ ᠲᠣᠷᠭᠠᠬᠤ ᠡᠷᠴᠢᠮ ᠲᠠᠰᠤᠷᠠᠯᠲᠠ ᠥᠬᠡᠶ ᠴᠢᠩᠭᠠᠷᠠᠵᠤ᠂  ᠪᠠᠯᠭᠠᠰᠦ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠦᠷᠭᠦᠯᠵᠢᠯᠡᠨ ᠰᠠᠶᠢᠵᠢᠷᠠᠵᠤ᠂ ᠪᠢᠷᠠᠭᠤ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠶᠳᠪᠦᠷᠢᠯᠡᠬᠦ ᠬᠤᠶᠠᠳᠤᠭᠠᠷ ᠦᠶᠯᠡᠳᠪᠦᠷᠢ ᠶᠢᠨ ᠲᠦᠷᠦᠯ ᠵᠤᠶᠢᠯ ᠤᠨ ᠪᠦᠲᠦᠭᠡᠨ ᠪᠠᠶᠢᠭᠤᠯᠤᠯᠳᠠ ᠶᠢ ᠵᠢᠩᠬᠢᠨᠢ ᠪᠠᠷ ᠡᠭᠢᠯᠡᠭᠦᠯᠵᠦ᠂ ᠬᠡᠰᠢᠭᠲᠡᠨ ᠬᠤᠰᠢᠭᠤᠨ ᠤ ᠬᠤᠭᠤᠯᠠᠨ ᠲᠢᠩᠬᠢᠮ ᠲᠣᠭᠤᠭᠠᠨ ᠬᠡᠷ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠤᠤᠷ ᠥᠬᠡᠶᠢᠳᠡᠭᠦᠯᠦᠨ ᠰᠢᠶᠳᠪᠦᠷᠢᠯᠡᠬᠦ ᠦᠶᠯᠡᠳᠪᠦᠷᠢ ᠶᠢᠨ ᠲᠥᠷᠥᠯ ᠵᠦᠶᠯ ᠡᠮᠦᠨᠡᠬᠢ ᠬᠤᠭᠤᠴᠠᠭᠠᠨ ᠤ ᠠᠵᠢᠯ ᠢᠶᠠᠨ ᠡᠬᠢᠯᠡᠭᠦᠯᠪᠡ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠡᠮᠬᠢ ᠵᠢᠷᠤᠮ ᠲᠠᠢ ᠬᠡᠷᠡᠭᠵᠢᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ᠪᠥᠬᠦ ᠵᠢᠯ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ 19 ᠭᠤᠤᠯᠳᠠᠯᠭ᠎ᠠ ᠲᠠᠢ ᠲᠥᠷᠥᠯ ᠵᠦᠶᠯ ᠢ ᠡᠬᠢᠯᠡᠭᠦᠯᠦᠨ ᠬᠡᠷᠡᠭᠵᠢᠭᠦᠯᠵᠦ᠂ ᠨᠡᠶᠢᠲᠡ 1.04 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠡᠬᠢ ᠪᠠᠶᠠᠯᠢᠭ ᠢ ᠬᠤᠪᠢ ᠤᠷᠤᠭᠤᠯᠤᠭᠰᠠᠨ ᠡᠷᠬᠡ ᠪᠤᠯᠭᠠᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠤᠯᠭᠠᠬᠤ᠂ ᠲᠠᠷᠢᠶᠠᠴᠢᠨ ᠢ ᠬᠤᠪᠢ ᠣᠷᠣᠭᠤᠯᠤᠭᠴᠢ ᠪᠣᠯᠭᠠᠬᠤ ᠥᠭᠡᠷᠡᠴᠢᠯᠡᠯᠲᠡ ᠶᠢᠨ ᠲᠤᠷᠰᠢᠯᠲᠠ ᠢᠯᠡᠳᠲᠡ ᠦᠷ᠎ᠡ ᠪᠦᠲᠦᠮᠵᠢ ᠣᠯᠵᠤ᠂ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠬᠦᠨᠵᠡᠭᠡᠶᠢᠷᠡᠭᠦᠯᠵᠦ᠂ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠥᠲᠥᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠵᠤ᠂ ︽ᠵᠣᠷᠯᠣᠩ ᠤᠨ ᠦᠭᠡᠷᠡᠴᠢᠯᠡᠯᠳᠡ︾᠎ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠂ ᠮᠠᠯ ᠵᠢᠭᠦᠷᠲᠡᠨ ᠤ ᠢᠯᠭᠠᠳᠠᠰᠤ ᠎ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠶᠯ ᠢ ᠲᠣᠭᠲᠠᠭᠤᠨ ᠢᠶᠠᠷ ᠬᠡᠷᠡᠭᠵᠢᠭᠦᠯᠵᠦ᠂ 2020 ᠣᠨ ᠳᠤ 1364 ᠵᠣᠷᠯᠣᠩ ᠢ ᠰᠢᠨ᠎ᠡ ᠪᠠᠷ ᠪᠠᠶᠢᠭᠤᠯᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠶᠯ ᠢ 61᠎ ᠶᠢ ᠪᠡᠶᠡᠯᠡᠭᠦᠯᠪᠡ᠃      ︵ᠲᠦᠷᠪᠡ︶ ᠥᠭᠡᠷᠡᠴᠢᠯᠡᠯᠲᠡ ᠨᠡᠭᠡᠭᠡᠯᠲᠡ ᠶᠢ ᠬᠦᠴᠦᠯᠡᠨ ᠠᠬᠢᠭᠤᠯᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠥᠬᠡᠶ ᠴᠢᠩᠭᠠᠷᠠᠪᠠ      ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠵᠡᠷᠭᠡ ᠠᠵᠢᠯ ᠢ ᠤᠷᠤᠭᠰᠢᠲᠠᠢ ᠠᠬᠢᠭᠤᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠳᠠ ᠦᠭᠡᠢ ᠰᠢᠯᠢᠳᠡᠭᠵᠢᠭᠦᠯᠪᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠦᠷᠭᠦᠯᠵᠢᠯᠡᠨ ᠪᠠᠭᠠᠰᠬᠠᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠦᠷᠭᠦᠯᠵᠢᠯᠡᠨ ᠲᠦᠷᠭᠡᠳᠬᠡᠵᠦ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠴᠠᠭ ᠬᠤᠭᠤᠴᠠᠭ᠎ᠠ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠳᠠ ᠶᠢᠨ ᠴᠠᠭ ᠢ ᠳᠤᠰᠪᠤᠷᠢ 3 ᠪᠠ 5 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠡᠵᠡᠩᠨᠡᠯᠲᠡ ᠶᠢᠨ ᠦᠨᠡᠮᠯᠡᠯ ᠭᠦᠶᠴᠡᠳᠬᠡᠬᠦ ᠶᠢ 1 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠪᠥᠬᠦ ᠵᠢᠯ ᠳᠤ ᠵᠠᠬ᠎ᠠ ᠳᠡᠯᠭᠡᠭᠦᠷ ᠤᠨ ᠭᠤᠤᠯ ᠴᠣᠭᠴᠠ 3471 ᠡᠷᠦᠬᠡ ᠰᠢᠨ᠎ᠡ ᠪᠠᠷ ᠨᠡᠮᠡᠭᠳᠡᠪᠡ᠃ ᠡᠩ ᠤᠨ ᠦᠶᠯᠡᠳᠪᠦᠷᠢ ᠬᠤᠳᠠᠯᠳᠤᠭᠠᠨ ᠤ ᠦᠶᠯᠡᠰ ᠤᠨ ᠴᠠᠬᠢᠯᠭᠠᠨ ᠤ ᠦᠨ᠎ᠡ ᠶᠢ ᠦᠷᠭᠦᠯᠵᠢᠯᠡᠨ ᠪᠠᠭᠤᠷᠠᠭᠤᠯᠵᠦ᠂ ᠪᠥᠬᠦ ᠵᠢᠯ ᠳᠤ ᠠᠵᠤ ᠠᠬᠤᠶᠢᠯᠠᠯ ᠳᠤ 1100 ᠭᠠᠷᠤᠶ ᠲᠦᠮᠡᠨ ᠲᠥᠭᠦᠷᠢᠭ ᠤᠨ ᠴᠠᠬᠢᠯᠭᠠᠨ ᠤ ᠰᠦᠶᠳᠬᠡᠯ ᠢ ᠬᠠᠰᠤᠵᠤ ᠬᠡᠯᠲᠦᠷᠢᠭᠦᠯᠵᠦ ᠦᠭᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠵᠢᠯ ᠳᠤ ᠠᠵᠤ ᠠᠬᠤᠶᠢᠯᠠᠯ ᠳᠤ 2.74 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠦᠩᠭᠡᠯᠡᠨ ᠦᠭᠴᠦ᠂ 8591 ᠲᠦᠮᠡᠨ ᠲᠥᠭᠦᠷᠢᠭ ᠤᠨ ᠰᠦᠢᠳᠬᠡᠯ ᠢ ᠬᠠᠰᠦᠵᠦ ᠦᠭᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ ︽ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠴᠢᠩᠭᠠᠳᠬᠠᠬᠤ ᠠᠵᠢᠯ ᠢ ᠠᠬᠢᠭᠤᠯᠬᠤ ᠬᠤᠷᠠᠯ︾᠂ ︽ᠬᠡᠰᠢᠭᠲᠡᠨ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠤᠷᠤᠯᠴᠠᠯᠭ᠎ᠠ ᠪᠠᠶᠢᠴᠠᠭᠠᠯᠲᠠ ᠰᠣᠯᠢᠯᠴᠠᠭᠠᠨ ᠤ ᠬᠤᠷᠠᠯ︾᠂ ︽ᠬᠡᠰᠢᠭᠲᠡᠨ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠥᠬᠦ ᠭᠡᠰᠢᠭᠦᠳ ᠤᠨ ᠪᠣᠯᠪᠠᠰᠤᠷᠠᠯ ᠎ ᠤᠨ ᠬᠤᠷᠠᠯ︾᠎ ᠢ ᠠᠮᠵᠢᠯᠲᠠ ᠲᠠᠢ ᠬᠤᠷᠠᠯᠲᠤᠭᠤᠯᠪᠠ︔ ︽ᠬᠡᠰᠢᠭᠲᠡᠨ ᠬᠤᠰᠢᠭᠤᠨ ᠤ ᠪᠠᠯᠠ ᠣᠷᠣᠭᠤᠯᠤᠯᠲᠠ ᠶᠢᠨ ᠵᠦᠭᠯᠡᠭᠦᠷ︾  ︽ᠬᠡᠰᠢᠭᠲᠡᠨ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠭᠠᠷ ᠳᠡᠪᠳᠡᠷ︾  ︽2021ᠣᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠎ ᠶᠢᠨ ᠬᠡᠷᠡᠭᠵᠢᠭᠦᠯᠬᠦ ᠲᠦᠰᠦᠪ︾᠎ ᠢ ᠵᠠᠯᠭᠠᠭ᠎ᠠ ᠪᠠᠷ ᠨᠡᠶᠢᠲᠡᠯᠡᠵᠦ᠂ ᠪᠥᠬᠦ ᠵᠢᠯ ᠳᠤ 10 ᠲᠦᠷᠦᠯ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠤᠨ ᠭᠡᠷ᠎ᠡ ᠲᠤᠭᠲᠠᠵᠦ᠂ ᠶᠡᠷᠦᠩᠬᠡᠢ ᠪᠡᠯᠡ ᠤᠷᠤᠭᠤᠯᠤᠯᠳᠠ ᠨᠢ 47.4 ᠳ᠋ᠦᠩᠰᠢᠭᠤᠷ ᠲᠥᠭᠦᠷᠢᠭ ᠪᠤᠯᠤᠨ᠎ᠠ᠃      ︵ᠲᠠᠪᠤ︶ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠵᠤ᠂ ᠨᠡᠶᠢᠭᠡᠮ ᠎ ᠤᠨ ᠠᠵᠢᠯ ᠤᠶᠢᠯᠡᠰ ᠪᠦᠬᠦ ᠲᠠᠯ᠎ᠠ ᠪᠠᠷ ᠬᠦᠭᠵᠢᠪᠡ      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ ᠂ ︽ᠵᠢᠷᠭᠤᠭᠠᠨ ᠨᠠᠷᠢᠯᠢᠭ ᠣᠨᠣᠪᠴᠢᠲᠠᠢ︾᠂ ︽ᠲᠠᠪᠤᠨ ᠨᠢᠭᠡ ᠪᠦᠯᠦᠭ︾᠂ ︽ᠳᠥᠷᠪᠡ ᠶᠢ ᠲᠠᠶᠠᠭᠳᠠᠬᠤ ᠥᠬᠡᠶ︾ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠬᠤᠰᠢᠭᠤᠨ ᠤ ᠦᠯᠡᠳᠡᠵᠦ ᠪᠠᠶᠢᠭ᠎ᠠ 140 ᠡᠷᠦᠬᠡ ᠶᠢᠨ 285 ᠶᠠᠳᠠᠭᠤ ᠬᠦᠴᠢᠷᠳᠡᠯᠲᠡᠢ ᠬᠥᠮᠦᠨ ᠠᠮᠠ ᠶᠢ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢ ᠠᠮᠵᠢᠯᠲᠠ ᠲᠠᠢ ᠥᠩᠭᠡᠷᠡᠭᠡᠪᠡ᠃ ᠨᠡᠶᠢᠭᠡᠮ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠦ᠂ ᠪᠥᠬᠦ ᠬᠤᠰᠢᠭᠤᠨ ᠤ ᠬᠤᠲᠠ ᠪᠠᠯᠭᠠᠰᠤᠨ ᠤ 1009 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠤ 40566 ᠬᠥᠮᠦᠨ ᠢ ᠰᠢᠯᠵᠢᠭᠦᠯᠦᠨ ᠠᠵᠢᠯ ᠣᠯᠭᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ 658 ᠨᠡᠭᠡᠭᠡᠨ ᠬᠥᠭᠵᠢᠭᠦᠯᠵᠦ᠂ 835 ᠲᠦᠮᠡᠨ ᠲᠥᠭᠦᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠣᠯᠭᠤᠵᠤ᠂ ᠠᠵᠢᠯ ᠲᠠᠢ ᠬᠥᠮᠦᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.3%᠎ ᠶᠢᠨ ᠳᠣᠲᠣᠷ᠎ᠠ ᠬᠢᠵᠠᠭᠠᠷᠯᠠᠪᠠ᠃ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠪᠠ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠣᠰ ᠲᠣᠰ 17.5 ᠲᠦᠮᠡᠨ ᠬᠥᠮᠦᠨ ᠪᠠ 20.7 ᠲᠦᠮᠡᠨ ᠬᠥᠮᠦᠨ ᠪᠣᠯᠤᠨ᠎ᠠ᠃ 32 ᠵᠦᠶᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠢ ᠮᠠᠭᠠᠳᠯᠠᠨ ᠲᠣᠭᠲᠠᠭᠠᠬᠤ ᠪᠠ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠤ ᠪᠠᠲᠤᠯᠠᠭ᠎ᠠ ᠶᠢᠨ ᠬᠡᠷᠡᠭᠯᠡᠭᠡᠨ ᠤ ᠡᠮ ᠢ ᠪᠥᠬᠦ ᠬᠤᠰᠢᠭᠤᠨ ᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠶᠯᠡᠴᠢᠯᠡᠭᠡᠨ ᠤ ᠬᠡᠯᠡᠯᠴᠡᠭᠡᠷ ᠲᠤ ᠤᠷᠤᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠵᠢᠯ ᠪᠦᠷᠢ 4860 ᠲᠥᠭᠦᠷᠢᠭ ᠪᠠᠶᠢᠭᠰᠠᠨ ᠠᠴᠠ 5160 ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ 700 ᠲᠥᠭᠦᠷᠢᠭ ᠪᠠᠶᠢᠭᠰᠠᠨ ᠎ ᠠᠴᠠ 728 ᠲᠥᠭᠦᠷᠢᠭ ᠪᠣᠯᠭᠠᠨ ᠳᠡᠭᠡᠭᠰᠢᠯᠡᠭᠦᠯᠪᠡ᠃ ᠰᠤᠷᠭᠠᠨ ᠬᠥᠮᠦᠵᠢᠯ ᠤᠨ ᠦᠢᠯᠡᠰ ᠯᠠᠪᠳᠠᠭᠤᠨ ᠢᠶᠠᠷ ᠬᠥᠭᠵᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠱᠠᠲᠦᠴᠢ ᠡᠭᠦᠷᠭᠡ ᠶᠢ ᠪᠡᠶᠡᠯᠡᠭᠦᠯᠪᠡ᠃ ᠪᠢᠷᠠᠭᠤ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠳᠠᠷᠬᠠᠬᠠᠭᠤᠯᠠ ᠪᠦᠷᠢᠨ ᠪᠠᠭ᠎ᠠ ᠰᠤᠷᠭᠠᠭᠤᠯᠢ ᠶᠢᠨ ᠬᠤᠭᠤᠯᠠᠨ ᠲᠢᠩᠬᠢᠮ ᠵᠡᠷᠭᠡ ᠨᠢᠭᠡ ᠪᠦᠯᠦᠭ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠪᠢᠷᠠᠭᠤ ᠭᠤᠷᠪᠠᠳᠤᠭᠠᠷ ᠪᠠᠭ᠎ᠠ ᠰᠤᠷᠭᠠᠭᠤᠯᠢ᠂ ᠪᠢᠷᠠᠭᠤ ᠭᠤᠷᠪᠠᠳᠤᠭᠠᠷ ᠬᠡᠦᠬᠡᠳ ᠎ ᠤᠨ ᠴᠡᠴᠡᠷᠯᠢᠭ᠂ ᠳᠥᠷᠪᠡᠳᠦᠭᠡᠷ ᠬᠡᠦᠬᠡᠳ ᠤᠨ ᠴᠡᠴᠡᠷᠯᠢᠭ᠂ ᡁᠢ ᠿᠦᠢ᠂ ᠲᠦᠩ ᠰᠢᠩ᠂ ᠢᠦᠢ ᠵᠧᠦ ᠳ᠋ᠢ ᠵᠡᠷᠭᠡ 3 ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠵᠡᠷᠭᠡ ᠲᠥᠷᠥᠯ ᠵᠦᠢᠯ ᠢ ᠤᠷᠤᠭᠰᠢᠲᠠᠢ ᠠᠭᠢᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠢ ᠳᠠᠰᠦᠷᠠᠯᠳᠠ ᠦᠬᠡᠢ ᠴᠢᠩᠭᠠᠳᠬᠠᠵᠦ᠂ ᠳᠠᠷᠬᠠᠬᠠᠭᠤᠯᠠ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠬᠡᠰᠢᠭᠲᠡᠨ ᠬᠤᠰᠢᠭᠤᠨ ᠤ ᠠᠷᠠᠳ ᠤᠨ ᠡᠮᠨᠡᠯᠭᠡ ᠎ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠠᠵᠢᠯ ᠡᠭᠢᠯᠡᠬᠦᠯᠬᠦ ᠨᠥᠬᠦᠴᠡᠯ ᠢ ᠪᠦᠷᠢᠯᠳᠦᠭᠦᠯᠪᠡ᠃ ᠡᠷᠡᠭᠦᠯ ᠮᠡᠨᠳᠦ ᠶᠢ ᠠᠬᠢᠭᠤᠯᠬᠤ ᠬᠤᠰᠢᠭᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠲᠠᠰᠤᠷᠠᠯᠲᠠ ᠥᠬᠡᠶ ᠴᠢᠩᠭᠠᠳᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ  ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠪᠠᠶᠢᠩᠭᠤᠵᠢᠭᠤᠯᠵᠤ᠂ 2020 ᠣᠨ ᠳᠤ ᠪᠥᠬᠦ ᠬᠤᠰᠢᠭᠤᠨ ᠳᠤ ᠳᠣᠲᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠵᠢᠴᠢ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠭᠠᠷᠤᠭᠰᠠᠨ ᠥᠬᠡᠶ᠃ ᠰᠣᠶᠣᠯ ᠲᠠᠮᠢᠷ ᠤᠨ ᠠᠵᠢᠯ ᠦᠢᠯᠡᠰ ᠲᠠᠰᠤᠷᠠᠯᠲᠠ ᠦᠭᠡᠢ ᠬᠥᠭᠵᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠶᠡᠭᠡ ᠪᠠᠶᠢᠴᠠᠭᠠᠯᠲᠠ ᠶᠢᠨ ᠲᠤᠰᠬᠠᠢ ᠠᠵᠢᠯᠯᠠᠭ᠎ᠠ ᠡᠮᠬᠢ ᠴᠡᠭᠴᠡ ᠲᠠᠢ ᠶᠠᠪᠤᠭᠳᠠᠵᠤ᠂ ᠪᠠᠷᠰ ᠬᠤᠳᠠ ᠶᠢᠨ ᠬᠠᠮᠠᠭᠠᠯᠠᠯᠲᠠ ᠶᠢᠨ ᠲᠥᠬᠦᠭᠡᠷᠦᠮᠵᠢ ᠪᠠ ᠮᠦᠽᠧᠢ ᠶᠢᠨ ᠳᠡᠯᠭᠡᠨ ᠦᠵᠡᠭᠦᠯᠦᠯᠭᠡ ᠶᠢ ᠳᠡᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠦᠨᠳᠦᠰᠦᠨ ᠳᠡᠭᠡᠨ ᠠᠵᠢᠯ ᠳᠠᠭᠤᠰᠴᠤ᠂ ᠠᠯᠳᠠᠨ ᠤᠯᠤᠰ ᠤᠨ ᠤᠳᠠᠰᠦᠨ ᠬᠡᠷᠡᠮ ᠤᠨ ᠤᠯᠢᠶᠠᠰᠦᠲᠠᠢ ᠶᠢᠨ ᠬᠡᠰᠡᠭ ᠢ ᠨᠢᠭᠡᠳᠦᠭᠡᠷ ᠪᠦᠯᠦᠭ ᠤᠯᠤᠰ ᠤᠨ ᠲᠡᠰ ᠤᠨ ᠤᠷᠲᠤ ᠴᠠᠭᠠᠨ ᠬᠡᠷᠡᠮ ᠤᠨ ᠴᠢᠬᠤᠯᠠ ᠬᠡᠰᠡᠭ ᠲᠤ ᠣᠷᠣᠭᠤᠯᠵᠤ᠂ ᠬᠡᠰᠢᠭᠲᠡᠨ ᠬᠤᠰᠢᠭᠤᠨ ᠤ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠎ ᠤᠨ ᠣᠷᠳᠣᠨ ᠤ ᠲᠥᠷᠥᠯ ᠵᠦᠢᠯ ᠡᠮᠦᠨᠡᠬᠢ ᠬᠤᠭᠤᠴᠠᠭᠠᠨ ᠤ ᠠᠵᠢᠯ ᠢᠶᠠᠨ ᠡᠬᠢᠯᠡᠭᠦᠯᠪᠡ᠃ ᠳᠣᠯᠣᠳᠤᠭᠠᠷ ᠤᠳᠠᠭᠠᠨ ᠎ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠪᠠ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠷᠤᠭᠰᠢᠲᠠᠶ ᠶᠠᠪᠤᠭᠳᠠᠵᠤ᠂ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠲᠣᠭᠲᠠᠭᠤᠨ ᠶᠠᠪᠤᠭᠳᠠᠵᠤ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠲᠠᠰᠤᠷᠠᠯᠲᠠ ᠥᠬᠡᠶ ᠴᠢᠩᠭᠠᠷᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ︽ᠳᠥᠷᠪᠡ ᠎ ᠶᠢ ᠪᠠᠭᠤᠷᠠᠭᠤᠯᠵᠤ ᠨᠢᠭᠡ ᠶᠢ ᠰᠠᠶᠢᠵᠢᠷᠠᠭᠤᠯᠬᠤ︾᠎ ᠶᠢ ᠪᠡᠶᠡᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢᠯᠡᠳᠲᠡ ᠦᠷ᠎ᠡ ᠪᠦᠲᠦᠮᠵᠢ ᠣᠯᠵᠤ᠂ ︽ᠳᠣᠯᠣᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠲᠡᠭᠦᠰ ᠠᠮᠵᠢᠯᠲᠠ ᠣᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠵᠤ᠂ ᠤᠯᠠᠭᠠᠨ ᠵᠠᠭᠠᠯᠮᠠᠶᠢᠲᠠᠨ᠂ ᠡᠮᠡᠭᠲᠡᠶᠢᠴᠦᠳ ᠬᠡᠦᠬᠡᠳ᠂ ᠵᠡᠮᠳᠡᠭᠴᠦᠳ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠡᠯ᠎ᠡ ᠵᠦᠶᠯ ᠤᠨ ᠠᠵᠢᠯ ᠦᠶᠯᠡᠰ ᠪᠥᠬᠦ ᠲᠠᠯ᠎ᠠ ᠪᠠᠷ ᠬᠥᠭᠵᠢᠪᠡ᠃      ᠶᠡᠷᠦᠩᠬᠡᠶᠢᠯᠡᠪᠡᠯ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠠ ᠡᠯ᠎ᠡ ᠦᠨᠳᠦᠰᠦᠲᠡᠨ ᠤ ᠣᠯᠠᠨ ᠲᠦᠮᠡᠨ ᠤ ᠰᠢᠨᠲᠠᠷᠠᠰᠢ ᠥᠬᠡᠶ ᠴᠢᠷᠮᠠᠶᠢᠯᠭ᠎ᠠ ᠪᠠᠷ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠵᠣᠬᠢᠬᠤ ᠠᠮᠵᠢᠯᠲᠠ ᠣᠯᠤᠭᠰᠠᠨ ᠪᠣᠯᠪᠠᠴᠤ ᠪᠠᠰᠠ ᠵᠠᠷᠢᠮ ᠬᠦᠴᠢᠷᠳᠡᠯ ᠪᠠ ᠠᠰᠠᠭᠤᠳᠠᠯ ᠤᠷᠤᠰᠢᠵᠦ ᠪᠤᠢ᠂ ᠨᠢᠭᠡ ᠳᠤ ᠠᠵᠤ ᠦᠶᠯᠡᠰ ᠤᠨ ᠪᠦᠲᠦᠴᠡ ᠵᠣᠬᠢᠰ ᠥᠬᠡᠶ᠂ ᠠᠵᠤ ᠦᠶᠯᠡᠰ ᠤᠨ ᠬᠡᠯᠬᠢᠶ᠎ᠡ ᠤᠬᠤᠷ ᠂ ᠠᠵᠤ ᠦᠶᠯᠡᠰ ᠤᠨ ᠲᠥᠪᠯᠡᠷᠡᠯ ᠤᠨ ᠬᠡᠮᠵᠢᠶ᠎ᠡ ᠳᠣᠤᠷ᠎ᠠ᠂ ᠰᠢᠨ᠎ᠡ ᠪᠠᠷ ᠮᠠᠨᠳᠤᠭᠰᠠᠨ ᠠᠵᠤ ᠦᠶᠯᠡᠰ ᠪᠠ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠬᠥᠭᠵᠢᠯᠲᠡ ᠬᠤᠴᠣᠷᠤᠩᠭᠤᠶ ᠪᠠᠶᠢᠨ᠎ᠠ᠃ ᠬᠤᠶᠠᠷ ᠲᠤ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠠᠲᠠᠭᠤ ᠪᠡᠷᠬᠡ᠂ ᠪᠣᠬᠢᠷ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠨᠦᠰᠡᠷ ᠬᠦᠨᠳᠦ᠂ ᠡᠨᠧᠷᠭᠢ ᠠᠷᠪᠢᠯᠠᠬᠤ ︽ᠬᠤᠤᠰ ᠡᠵᠡᠮᠳᠡᠯ︾᠎ ᠤᠨ ᠡᠭᠦᠷᠭᠡ ᠶᠢᠨ ᠳᠠᠷᠤᠯᠲᠠ ᠨᠡᠯᠢᠶᠡᠳ ᠶᠡᠭᠡ ᠪᠠᠶᠢᠨ᠎ᠠ᠃ ᠭᠤᠷᠪᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠰᠠᠭᠤᠷᠢ ᠲᠥᠬᠦᠭᠡᠷᠦᠮᠵᠢ ᠳᠤ ᠪᠠᠰᠠ ᠳᠤᠲᠠᠭᠤᠳᠠᠯ ᠣᠷᠣᠰᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠎ ᠤᠨ ᠠᠰᠠᠷᠠᠮᠵᠢ᠂ ᠰᠣᠶᠣᠯ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠪᠠᠰᠠ ᠭᠦᠢᠴᠡᠳ ᠪᠤᠰᠤ ᠪᠠᠶᠢᠨ᠎ᠠ᠃ ᠳᠡᠭᠡᠷᠡᠬᠢ ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ᠂ ᠪᠢᠳᠡ ᠡᠷᠬᠡᠪᠰᠢ ᠵᠥᠪ ᠣᠨᠣᠪᠴᠢᠲᠠᠢ ᠵᠠᠳᠠᠯᠤᠨ ᠰᠤᠳᠤᠯᠤᠨ ᠮᠠᠭᠠᠳᠯᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠦᠴᠢᠷ ᠪᠡᠷᠬᠡ ᠶᠢ ᠢᠯᠠᠨ ᠳᠠᠪᠠᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠨᠠᠶᠢᠳᠠᠪᠤᠷᠢᠲᠠᠢ ᠪᠠᠲᠤᠯᠠᠭ᠎ᠠ ᠬᠠᠩᠭᠠᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号