| | ︵ᠲᠦᠷᠪᠡ︶ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠣᠪᠣᠶᠢᠯᠭᠠᠵᠤ᠂ ᠬᠤᠲᠠ | ᠬᠥᠳᠡᠭᠡ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠤᠨ᠎ᠠ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠨ᠎ᠡ᠃ ᠪᠢᠷᠠᠭᠤ | ᠠᠴᠠ ᠴᠧᠩᠳᠧ ᠬᠦᠷᠬᠦ ᠦᠨᠲᠦᠷ ᠬᠤᠷᠲᠤᠴᠠᠲᠦ ᠵᠠᠰᠠᠮᠠᠯ ᠵᠠᠮ ᠤᠨ ᠪᠢᠷᠠᠭᠤ ᠠᠴᠠ ᠤᠯᠠᠭᠠᠨᠪᠤᠲᠤᠩ ᠬᠦᠷᠬᠦ ᠬᠡᠰᠡᠭ | ᠪᠣᠯᠤᠨ ᠪᠢᠷᠠᠭᠤ ᠠᠴᠠ ᠭᠦᠨᠴᠦᠭᠡᠨ ᠬᠦᠷᠬᠦ ᠬᠤᠶᠠᠷ ᠬᠡᠰᠡᠭ ᠦᠨᠲᠦᠷ ᠬᠤᠷᠲᠤᠴᠠᠲᠦ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ 220 ᠮᠤᠵᠢ ᠶᠢᠨ ᠲᠡᠰ ᠤᠨ ᠵᠠᠰᠠᠮᠠᠯ ᠵᠠᠮ ᠤᠨ ᠬᠠᠨᠳᠤᠬᠤ | ᠠᠴᠠ ᠤᠯᠠᠭᠠᠨᠪᠤᠲᠤᠩ ᠬᠦᠷᠬᠦ ᠬᠡᠰᠡᠭ ᠤᠨ ᠵᠠᠰᠠᠮᠠᠯ ᠵᠠᠮ ᠢ ᠡᠬᠢᠯᠡᠨ ᠪᠠᠶᠢᠭᠤᠯᠵᠤ᠂ ᠬᠥᠳᠡᠭᠡ ᠲᠣᠰᠬᠤᠨ ᠳᠤ | ᠨᠡᠪᠲᠡᠷᠡᠬᠦ ᠵᠠᠮ ᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠠᠭᠠᠨᠪᠤᠲᠤᠩ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ | ᠪᠠᠭᠤᠳᠠᠯ ᠢ ᠪᠠᠶᠢᠭᠤᠯᠤᠨ ᠳᠠᠭᠤᠰᠬᠠᠵᠤ᠂ ᠠᠰᠬᠠᠲᠦ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠵᠢᠨᠢᠩ | ᠠᠴᠠ ᠲᠦᠩᠯᠢᠶᠤᠤ ᠬᠦᠷᠬᠦ ᠲᠡᠮᠡᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠲᠥᠷᠦᠯ ᠵᠦᠢᠯ ︵ᠬᠡᠰᠢᠭᠲᠡᠨ | ᠬᠤᠰᠢᠭᠤᠨ ᠤ ᠬᠢᠯᠢ ᠳᠣᠲᠣᠷᠠᠬᠢ︶ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ ᠬᠤᠲᠠ ᠬᠥᠳᠡᠭᠡ ᠶᠢᠨ | ᠴᠠᠬᠢᠯᠭᠠᠨ ᠤ ᠲᠤᠤᠷᠵᠢᠯ ᠢ ᠥᠭᠡᠷᠡᠴᠢᠯᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠴᠠᠬᠢᠯᠭᠠᠨ ᠤ | ᠲᠤᠤᠷᠵᠢᠯ ᠤᠨ ᠴᠠᠬᠢᠯᠭᠠᠨ ᠬᠠᠩᠭᠠᠬᠤ ᠴᠢᠳᠠᠪᠤᠷᠢ ᠪᠣᠯᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠭᠠᠩ ᠬᠠᠭᠰᠠᠷᠠᠭᠠᠨ | ᠲᠠᠢ ᠲᠡᠮᠡᠴᠡᠬᠦ ᠤᠰᠤᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠠᠵᠠᠷ ᠤᠨ ᠭᠠᠳᠠᠷᠭᠤ | ᠶᠢᠨ ᠤᠰᠤᠨ ᠤ ᠤᠰᠤᠯᠠᠯᠲᠠ ᠶᠢᠨ ᠣᠷᠣᠨ ᠤ ᠢᠵᠢ ᠪᠦᠷᠢᠳᠦᠭᠦᠯᠬᠦ ᠬᠢᠭᠡᠳ ᠤᠰᠤ ᠠᠷᠪᠢᠯᠠᠬᠤ ᠥᠭᠡᠷᠡᠴᠢᠯᠡᠯᠲᠡ | ᠶᠢᠨ ᠢᠨᠵᠧᠨᠧᠷᠢᠩ ᠢ ᠬᠡᠷᠡᠭᠵᠢᠭᠦᠯᠦᠨ᠎ᠡ᠃ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ | ᠭᠤᠣᠯ ᠳᠠᠭᠠᠤ ᠵᠠᠮ ᠢ ᠥᠷᠭᠡᠳᠬᠡᠬᠦ ᠢᠨᠵᠧᠨᠧᠷᠢᠩ᠂ ᠪᠠᠯᠭᠠᠰᠤ ᠲᠣᠭᠤᠷᠢᠭ ᠤᠨ ᠲᠡᠷᠭᠡᠨ ᠵᠣᠭᠰᠣᠭᠠᠯ᠂ ᠪᠢᠷᠠᠭᠤ | ᠪᠠᠯᠭᠠᠰᠤᠨ ᠤ ᠭᠤᠤᠯ ᠤᠨ ᠵᠡᠭᠦᠨᠳᠡᠬᠢ ᠲᠣᠭᠤᠷᠢᠭ ᠤᠨ ᠨᠣᠭᠤᠭᠠᠷᠠᠭᠤᠯᠤᠯᠲᠠ ᠶᠢ ᠥᠭᠡᠷᠡᠴᠢᠯᠡᠨ ᠰᠠᠶᠢᠵᠢᠷᠠᠭᠤᠯᠬᠤ᠂ | ︽ᠬᠤᠶᠠᠷ ᠬᠥᠨᠳᠡᠯᠡᠨ ᠵᠠᠮ ᠠᠷᠪᠠᠨ ᠵᠡᠭᠡᠯᠢ︾ ᠶᠢᠨ ᠵᠠᠮ ᠤᠨ ᠳ᠋ᠧᠩ ᠵᠢᠴᠢ ᠳᠠᠭᠠᠯᠲᠠ ᠲᠥᠬᠦᠭᠡᠷᠦᠮᠵᠢ ᠶᠢ | ᠥᠭᠡᠷᠡᠴᠢᠯᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠨ ᠳᠠᠭᠤᠰᠬᠠᠨ᠎ᠠ᠃ | ᠪᠢᠷᠠᠭᠤ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠤᠷ ᠦᠭᠡᠶᠢᠳᠡᠭᠦᠯᠦᠨ ᠰᠢᠶᠳᠪᠦᠷᠢᠯᠡᠬᠦ ᠬᠤᠶᠠᠲᠤᠭᠠᠷ | ᠲᠠᠯᠠᠪᠤᠷ ᠤᠨ ᠲᠥᠷᠥᠯ ᠵᠦᠶᠯ ᠤᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠬᠠᠭᠤᠴᠢᠨ ᠰᠠᠭᠤᠭᠠᠯᠢ ᠲᠣᠭᠤᠷᠢᠭ | ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠤᠨ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠪᠠ ᠲᠥᠷᠥᠯ ᠵᠦᠶᠯ | ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠲᠠ ᠶᠢᠨ ᠳᠦᠷᠢ ᠲᠥᠷᠬᠦ ᠶᠢ | ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠶᠢᠩᠴᠠᠩ ᠵᠠᠮ ᠤᠨ ᠨᠢᠭᠤᠷ ᠲᠠᠯ᠎ᠠ ᠶᠢ ᠥᠭᠡᠷᠡᠴᠢᠯᠡᠨ ᠰᠢᠨᠡᠳᠬᠡᠬᠦ | ᠲᠥᠷᠥᠯ ᠵᠦᠶᠯ ᠢ ᠪᠡᠶᠡᠯᠡᠭᠦᠯᠵᠦ᠂ ᠴᠢᠯᠦᠭᠡᠯᠡᠬᠦ ᠵᠠᠮ ᠤᠨ ᠬᠤᠲᠠ ᠶᠢᠨ ᠨᠢᠭᠤᠷ ᠲᠠᠯ᠎ᠠ ᠶᠢ ᠥᠭᠡᠷᠡᠴᠢᠯᠡᠨ ᠰᠢᠨᠡᠳᠬᠡᠬᠦ | ᠢᠨᠵᠧᠨᠧᠷᠢᠩ ᠢ ᠴᠠᠭ ᠲᠤᠨᠢ ᠲᠣᠬᠢᠷᠠᠭᠤᠯᠤᠨ ᠡᠬᠢᠯᠡᠭᠦᠯᠦᠨ᠎ᠡ᠃ ᠬᠤᠲᠠ ᠶᠢᠨ ᠳᠦᠷᠢ ᠲᠥᠷᠬᠦ ᠶᠢᠨ ᠬᠠᠮᠢᠶᠠᠷᠤᠯᠲᠠ | ᠶᠢ ᠦᠷᠭᠦᠯᠵᠢᠯᠡᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠴᠡᠭᠴᠡᠯᠡᠨ | ᠵᠠᠰᠠᠬᠤ ᠶᠢ ᠴᠢᠩᠭᠠᠷᠠᠭᠤᠯᠤᠨ᠂ ᠬᠤᠲᠠ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ | ᠪᠠᠯᠭᠠᠰᠤ ᠶᠢᠨ ᠪᠣᠯᠪᠠᠰᠤᠨ ᠤ ᠬᠡᠮᠵᠢᠶ᠎ᠡ ᠪᠠ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠦᠵᠡᠯᠲᠡ᠂ ᠲᠥᠯᠥᠪᠵᠢᠭᠦᠯᠭᠡ᠂ | ᠲᠣᠭᠲᠠᠴᠠ᠂ ᠲᠦᠷᠦ ᠶᠢᠨ ᠪᠤᠳᠤᠯᠭ᠎ᠠ᠂ ᠪᠡᠯᠡ ᠣᠷᠣᠭᠤᠯᠤᠯᠲᠠ ᠶᠢ ᠵᠣᠯᠭᠠᠭᠤᠯᠬᠤ ᠠᠵᠢᠯ ᠢ ᠢᠳᠡᠪᠬᠢᠲᠡᠢ ᠰᠠᠶᠢᠲᠤᠷ | ᠬᠢᠨ᠎ᠡ᠃ ᠣᠳᠣ ᠶᠢᠨ ᠪᠠᠶᠢᠭ᠎ᠠ ᠠᠵᠤ ᠦᠢᠯᠡᠰ ᠤᠨ ᠳᠠᠪᠠᠭᠤᠯᠢᠭ ᠲᠠᠭᠠᠨ ᠰᠠᠭᠤᠷᠢᠯᠠᠨ᠂ ᠶᠠᠳᠠᠭᠤ ᠶᠢ ᠲᠡᠳᠬᠦᠬᠦ | ᠠᠵᠤ ᠦᠢᠯᠡᠰ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠪᠠᠷ ᠬᠥᠭᠵᠢᠬᠦ ᠶᠢ ᠠᠬᠢᠭᠤᠯᠵᠤ᠂ ᠲᠡᠵᠢᠭᠡᠨ | ᠦᠷᠡᠵᠢᠭᠦᠯᠬᠦ ᠬᠦᠷᠢᠶᠡᠯᠡᠩ ᠲᠣᠭᠤᠷᠢᠭ᠂ ᠲᠥᠬᠦᠭᠡᠷᠦᠮᠵᠢᠲᠦ ᠲᠠᠷᠢᠶᠠᠯᠠᠩ᠂ ᠶᠠᠳᠠᠭᠤ ᠶᠢ ᠲᠡᠳᠬᠦᠬᠦ ᠦᠶᠯᠡᠳᠪᠦᠷᠢ ᠶᠢᠨ | ᠲᠠᠰᠤᠭ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠡᠪᠡᠰᠦᠨ ᠤ ᠦᠢᠯᠡᠰ ᠢ | ᠶᠡᠷᠦᠩᠬᠡᠶᠢᠯᠡᠨ ᠨᠡᠭᠡᠭᠡᠨ ᠬᠥᠭᠵᠢᠭᠦᠯᠬᠦ᠂ ᠢᠳᠡᠰᠢᠨ ᠮᠦᠬᠦ ᠪᠤᠯᠪᠠᠰᠦᠷᠠᠭᠤᠯᠬᠤ ᠵᠡᠷᠭᠡ ᠲᠥᠷᠥᠯ ᠵᠦᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠡᠷᠡᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠬᠦᠷᠢᠶᠡᠯᠡᠩ ᠲᠣᠭᠤᠷᠢᠭ | ᠤᠨ ᠲᠤᠷᠰᠢᠯᠲᠠ ᠶᠢᠨ ᠴᠢᠭ᠋ ᠢ 1 ᠪᠠᠶᠢᠭᠤᠯᠤᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠠᠷᠢᠭᠤᠨ ᠴᠡᠪᠡᠷ ᠵᠣᠷᠯᠣᠩ ᠤᠨ ᠦᠭᠡᠷᠡᠴᠢᠯᠡᠯᠳᠡ᠂ | ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠪᠤᠭᠢᠷᠲᠦᠯ ᠵᠡᠷᠭᠡ | ᠳᠤᠪᠤᠶᠢᠮ᠎ᠠ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ 14 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠪᠡᠶᠡᠯᠡᠭᠦᠯᠵᠦ᠂ 4200 ᠵᠣᠷᠯᠣᠩ ᠢ ᠥᠭᠡᠷᠡᠴᠢᠯᠡᠨ ᠵᠠᠰᠠᠵᠤ᠂ ᠮᠠᠯ ᠵᠢᠭᠦᠷᠲᠡᠨ ᠤ ᠢᠯᠭᠠᠳᠠᠰᠤ ᠶᠢᠨ ᠡᠬᠢ ᠪᠠᠶᠠᠯᠢᠭ | ᠤᠨ ᠠᠰᠢᠭᠯᠠᠯᠲᠠ ᠶᠢᠨ ᠨᠣᠷᠮ᠎ᠠ ᠶᠢ 75% ᠠᠴᠠ ᠳᠡᠭᠡᠭᠰᠢ ᠳᠤ ᠬᠦᠷᠭᠡᠨ᠎ᠡ᠃ ︽ᠮᠠᠯᠵᠢᠬᠤ ᠣᠷᠣᠨ ᠤ | ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠦᠰᠦᠪ︾ ᠢ ᠭᠦᠨᠵᠡᠭᠡᠶ ᠬᠡᠷᠡᠭᠵᠢᠭᠦᠯᠵᠦ᠂ ᠳᠠᠯᠠᠶᠢᠨᠠᠭᠤᠷ | ᠪᠠᠯᠭᠠᠰᠤᠨ ᠤ ᠬᠠᠨᠲᠤᠬᠤ ᠭᠠᠴᠠᠭᠠᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ᠋ ᠤᠨ | ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠭᠡ ᠲᠣᠰᠬᠤᠨ ᠤ ᠬᠡᠪ | ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ | ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠶᠣᠰᠣ ᠰᠤᠷᠲᠠᠬᠤᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠬᠠᠤᠯᠢ ᠪᠠᠷ ᠵᠠᠰᠠᠬᠤ ᠶᠣᠰᠣ ᠰᠤᠷᠲᠠᠬᠤᠨ ᠢᠶᠠᠷ ᠵᠠᠰᠠᠬᠤ ᠶᠢ ᠣᠷᠭᠠᠨᠢᠭ | ᠢᠶᠠᠷ ᠤᠶᠠᠯᠳᠤᠭᠤᠯᠬᠤ ᠶᠢ ᠠᠬᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠢ ᠠᠮᠤᠷ ᠲᠠᠶᠢᠪᠤᠩ ᠠᠵᠤ ᠲᠦᠷᠦᠭᠦ | ᠂ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠢ ᠠᠮᠤᠷ ᠲᠣᠭᠲᠠᠭᠤᠨ ᠡᠮᠬᠢ ᠵᠢᠷᠤᠮ ᠲᠠᠢ ᠪᠣᠯᠭᠠᠨ᠎ᠠ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠳᠣᠪᠣᠶᠢᠯᠭᠠᠵᠤ᠂ ᠠᠵᠤ ᠠᠬᠤᠢ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠬᠦᠴᠦᠯᠡᠨ ᠨᠡᠮᠡᠭᠳᠡᠭᠦᠯᠦᠨ᠎ᠡ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠴᠢᠩᠭ᠎ᠠ ᠬᠡᠷᠡᠭᠵᠢᠭᠦᠯᠵᠦ᠂ ︽ᠨᠢᠭᠡ ᠴᠣᠩᠬᠤᠪᠴᠢ ᠪᠠᠷ | ᠬᠦᠯᠢᠶᠡᠨ ᠠᠪᠴᠤ ᠰᠢᠢᠳᠪᠦᠷᠢᠯᠡᠬᠦ︾᠂ ︽ᠨᠢᠭᠡᠯᠡ ᠤᠳᠠᠭ᠎ᠠ ᠳᠤ ᠮᠡᠳᠡᠭᠳᠡᠬᠦ︾᠂ ︽ᠣᠷᠣᠯᠠᠨ ᠭᠦᠢᠴᠡᠳᠬᠡᠵᠦ | ᠬᠠᠪᠰᠤᠷᠤᠨ ᠭᠦᠢᠴᠡᠳᠬᠡᠬᠦ︾᠂ ︽ᠳᠤᠲᠠᠭᠳᠠᠯ ᠢ ᠠᠭᠤᠴᠢᠯᠠᠨ ᠬᠦᠯᠢᠶᠡᠨ ᠠᠪᠴᠤ ᠰᠢᠢᠳᠪᠦᠷᠢᠯᠡᠬᠦ︾᠂ ︽ᠳᠠᠭᠠᠭᠠᠨ | ᠠᠪᠴᠤ ᠰᠢᠢᠳᠪᠦᠷᠢᠯᠡᠬᠦ ᠳᠦᠷᠢᠮ︾ ᠵᠡᠷᠭᠡ ᠦᠢᠯᠡᠴᠢᠯᠡᠭᠡᠨ ᠤ ᠠᠷᠭ᠎ᠠ ᠮᠠᠶ᠋ᠢᠭ ᠢ ᠶᠡᠬᠡᠪᠡᠷ ᠬᠡᠷᠡᠭᠵᠢᠭᠦᠯᠵᠦ᠂ ︽ | ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠤᠨ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ | ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠲᠦᠷᠢᠮᠵᠢᠭᠦᠯᠦᠨ᠎ᠡ᠃ ᠵᠦᠶ ᠵᠣᠬᠢᠰ ᠥᠬᠡᠶ ᠰᠦᠶᠳᠬᠡᠯ ᠬᠤᠷᠢᠶᠠᠬᠤ ᠪᠠ ᠭᠡᠷᠡᠴᠢᠯᠡᠬᠦ ᠵᠦᠶᠯᠡᠰ ᠢ ᠬᠦᠴᠦᠨ ᠥᠬᠡᠶ | ᠪᠣᠯᠭᠠᠵᠤ᠂ ᠵᠥᠪᠰᠢᠶᠡᠷᠡᠨ ᠣᠷᠣᠭᠤᠯᠬᠤ᠂ ᠥᠪᠡᠷ ᠤᠨ ᠥᠷᠲᠡᠭ᠂ ᠭᠠᠶᠢᠯᠢ ᠰᠦᠶᠳᠬᠡᠯ᠂ ᠪᠠᠯᠠ ᠲᠣᠬᠢᠷᠠᠭᠤᠯᠭ᠎ᠠ᠂ | ᠰᠠᠭᠤᠷᠢ ᠪᠥᠲᠥᠭᠡᠨ ᠪᠠᠶᠢᠭᠤᠯᠤᠯᠲᠠ᠂ ᠠᠵᠤ ᠦᠶᠯᠡᠰ ᠢ ᠢᠵᠢ ᠪᠥᠷᠢᠳᠦᠭᠦᠯᠬᠦ᠂ ᠬᠥᠮᠦᠨ ᠤ ᠬᠦᠴᠦᠨ ᠤ ᠡᠬᠢ | ᠪᠠᠶᠠᠯᠢᠭ᠂ ᠣᠯᠠᠨ ᠨᠡᠶᠢᠲᠡ ᠶᠢᠨ ᠦᠶᠯᠡᠴᠢᠯᠡᠭᠡ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ | ᠬᠡᠷᠡᠭᠵᠢᠭᠦᠯᠦᠨ᠎ᠡ᠃ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠵᠠᠰᠠᠭ ᠵᠠᠬᠢᠷᠭᠠᠨ | ᠤ ᠬᠠᠤᠯᠢ ᠬᠡᠷᠡᠭᠵᠢᠭᠦᠯᠬᠦ ︽ᠭᠤᠷᠪᠠᠨ ᠲᠦᠷᠢᠮ︾ ᠢ ᠴᠢᠩᠭ᠎ᠠ ᠬᠡᠷᠡᠭᠵᠢᠭᠦᠯᠵᠦ᠂ ᠬᠠᠤᠯᠢ ᠴᠠᠭᠠᠵᠠ ᠶᠢᠨ | ᠦᠢᠯᠡᠴᠢᠯᠡᠭᠡᠨ ᠤ ᠴᠢᠨᠠᠷ ᠰᠠᠶᠢᠲᠠᠢ ᠬᠠᠩᠭᠠᠯᠭ᠎ᠠ ᠶᠢᠨ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ᠃ ᠨᠡᠶᠢᠭᠡᠮ ᠤᠨ | ᠦᠨᠡᠨᠴᠢ ᠢᠲᠡᠭᠡᠮᠵᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠦᠨᠡᠨᠴᠢ ᠢᠲᠡᠭᠡᠮᠵᠢ ᠶᠢᠨ | ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ | ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ | ᠶᠢᠨ ᠣᠯᠠᠨ ᠨᠡᠶᠢᠲᠡ ᠶᠢᠨ ᠢᠲᠡᠭᠡᠮᠵᠢ ᠵᠡᠷᠭᠡ ᠲᠠᠯ᠎ᠠ ᠪᠠᠷ ᠢᠲᠡᠭᠡᠮᠵᠢ ᠶᠢᠨ ᠠᠮᠠᠯᠠᠯᠲᠠ᠂ ᠢᠲᠡᠭᠡᠮᠵᠢ ᠶᠢᠨ | ᠬᠠᠷᠭᠤᠭᠤᠯᠤᠨ ᠪᠠᠶᠢᠴᠠᠭᠠᠯᠲᠠ ᠪᠠ ᠢᠲᠡᠭᠡᠮᠵᠢ ᠶᠢᠨ ︽ᠤᠯᠠᠭᠠᠨ ᠬᠠᠷ᠎ᠠ ᠲᠠᠩᠰᠠ︾ ᠶᠢᠨ ᠲᠦᠷᠢᠮ ᠢ ᠪᠥᠬᠦ ᠲᠠᠯ᠎ᠠ | ᠪᠠᠷ ᠪᠠᠶᠢᠭᠤᠯᠵᠤ᠂ ᠢᠲᠡᠭᠡᠮᠵᠢ ᠲᠠᠢ ᠪᠠᠶᠢᠪᠠᠯ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠠᠯᠳᠠᠪᠠᠯ ᠬᠠᠮᠲᠤᠷᠠᠨ | ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ | ᠬᠦᠷᠦᠩᠭᠡ ᠶᠢᠨ ᠡᠵᠡᠩᠨᠡᠯᠲᠡ ᠶᠢᠨ ᠺᠣᠮᠫᠠᠨᠢ ᠶᠢ ᠵᠣᠬᠢᠶᠠᠨ ᠪᠠᠶᠢᠭᠤᠯᠵᠤ᠂ ᠤᠯᠤᠰ ᠤᠨ ᠥᠮᠴᠢᠯᠡᠯ ᠤᠨ ᠬᠦᠷᠦᠩᠭᠡ ᠪᠠ | ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ᠃ ᠠᠯᠪᠠᠨ ᠶᠠᠪᠤᠳᠠᠯ | ᠳᠤ ᠲᠡᠷᠭᠡ ᠬᠡᠷᠡᠭᠯᠡᠬᠦ ᠪᠠ ᠠᠯᠪᠠᠨ ᠶᠠᠪᠤᠳᠠᠯ ᠳᠤ ᠬᠦᠯᠢᠶᠡᠨ ᠠᠪᠬᠤ ᠳᠦᠷᠢᠮ ᠤᠨ ᠥᠭᠡᠷᠡᠴᠢᠯᠡᠯᠲᠡ ᠶᠢ ᠥᠷᠨᠢᠭᠦᠯᠵᠦ᠂ | ︽ᠨᠢᠭᠡ ᠠᠯᠪᠠᠨ ᠪᠢᠴᠢᠭ ᠭᠤᠷᠪᠠᠨ ᠵᠦᠪᠰᠢᠶᠡᠷᠡᠯ ᠤᠨ ᠬᠠᠭᠤᠳᠠᠰᠦ︾ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠎ᠡ᠃ | ᠭᠠᠶᠢᠯᠢ ᠶᠢ ᠶᠡᠷᠦᠩᠬᠡᠶᠢᠯᠡᠨ ᠵᠠᠰᠠᠬᠤ ᠥᠭᠡᠷᠡᠴᠢᠯᠡᠯᠲᠡ ᠶᠢ ᠬᠢᠨᠠᠮᠠᠭᠠᠢ ᠥᠷᠨᠢᠭᠦᠯᠵᠦ᠂ ᠤᠳᠤ ᠦᠶ᠎ᠡ ᠶᠢᠨ ᠡᠳ᠋ ᠤᠨ | ᠵᠠᠰᠠᠭ ᠭᠠᠶᠢᠯᠢ ᠶᠢᠨ ᠲᠦᠷᠢᠮ ᠤᠨ ᠲᠤᠭᠲᠠᠯᠴᠠᠭ᠎ᠠ ᠪᠠ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠶᠢᠯᠢ ᠲᠠᠲᠠᠪᠤᠷᠢ ᠶᠢᠨ ᠵᠠᠰᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠪᠠ | ᠠᠵᠢᠯ ᠦᠢᠯᠡᠰ ᠢ ᠰᠠᠯᠭᠠᠬᠤ᠂ ᠠᠵᠢᠯ ᠦᠢᠯᠡᠰ ᠪᠠ ᠠᠵᠤ ᠠᠬᠤᠶᠢᠯᠠᠯ ᠢ ᠰᠠᠯᠭᠠᠬᠤ᠂ ᠬᠠᠮᠢᠶᠠᠷᠬᠤ ᠪᠠ ᠡᠷᠬᠢᠯᠡᠬᠦ ᠶᠢ | ᠰᠠᠯᠭᠠᠬᠤ ᠶᠢ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠴᠢᠩᠭᠠᠳᠬᠠᠨ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠮᠠᠯᠵᠢᠬᠤ | ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠰᠤᠯᠠ ᠪᠠᠶᠢᠭ᠎ᠠ ᠭᠠᠵᠠᠷ ᠰᠢᠷᠣᠶ ᠶᠢᠨ ᠡᠬᠢ ᠪᠠᠶᠠᠯᠢᠭ ᠢ ᠢᠳᠡᠪᠬᠢᠲᠡᠶ ᠪᠠᠷ | ᠠᠮᠢᠲᠦᠯᠢᠭ᠌ᠵᠢᠭᠤᠯᠤᠨᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠦᠮᠴᠢᠯᠡᠯ ᠤᠨ ᠡᠷᠬᠡ ᠶᠢᠨ | ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠭᠡ | ᠶᠢ ᠲᠤᠭᠲᠠᠭᠠᠬᠤ ᠳᠠᠩᠰᠠᠯᠠᠯᠳᠠ ᠶᠢ ᠲᠦᠷᠭᠡᠳᠬᠡᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠳᠣᠪᠣᠶᠢᠯᠭᠠᠵᠤ᠂ ᠣᠯᠠᠨ ᠨᠡᠶᠢᠲᠡ | ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠭᠦᠶᠴᠡᠳᠬᠡᠯ ᠲᠤᠭ᠎ᠠ ᠶᠢᠨ ᠲᠤᠭᠲᠠᠯᠴᠠᠭ᠎ᠠ ᠪᠠᠷ | ᠪᠠᠷᠢᠮᠵᠢᠶᠠᠯᠠᠵᠤ᠂ ︽ᠳᠥᠷᠪᠡ ᠶᠢ ᠲᠠᠶᠠᠭᠳᠠᠬᠤ ᠥᠬᠡᠶ︾ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢ ᠦᠷᠭᠦᠯᠵᠢᠯᠡᠨ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠢᠯᠪᠠᠷ | ᠪᠤᠰᠤ ᠪᠠᠷ ᠣᠯᠤᠭᠰᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠦᠷ᠎ᠡ ᠪᠦᠲᠦᠭᠡᠯ ᠢ ᠦᠨᠡᠨ ᠬᠦ | ᠪᠠᠬᠢᠵᠢᠭᠦᠯᠵᠦ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠠᠵᠤ ᠦᠶᠯᠡᠰ ᠢ | ᠬᠦᠴᠦᠯᠡᠨ ᠬᠥᠭᠵᠢᠭᠦᠯᠵᠦ᠂ ᠦᠨᠡᠨ ᠬᠦ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠨ᠎ᠡ᠃ ᠠᠵᠢᠯ ᠣᠯᠭᠤᠯᠲᠠ | ᠶᠢ ᠲᠣᠭᠲᠠᠪᠤᠷᠢᠵᠢᠭᠤᠯᠬᠤ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠠᠵᠢᠯ ᠮᠡᠷᠭᠡᠵᠢᠯ ᠤᠨ ᠪᠣᠯᠪᠠᠰᠤᠷᠠᠯ ᠢ | ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠪᠠ ᠠᠵᠢᠯ ᠤᠨ ᠪᠠᠶᠢᠷᠢ ᠰᠢᠯᠵᠢᠵᠦ ᠠᠵᠢᠯ ᠰᠢᠯᠵᠢᠬᠦ ᠪᠣᠯᠪᠠᠰᠤᠷᠠᠯ ᠢ ᠲᠦᠷᠭᠡᠳᠬᠡᠨ ᠬᠡᠷᠡᠭᠵᠢᠭᠦᠯᠵᠦ᠂ | ᠬᠤᠲᠠ ᠪᠠᠯᠭᠠᠰᠤᠨ ᠤ ᠡᠯ᠎ᠡ ᠲᠥᠷᠥᠯ ᠤᠨ ᠬᠦᠴᠢᠷᠳᠡᠯᠲᠡᠶ ᠬᠥᠮᠦᠰ ᠲᠤ ᠠᠵᠢᠯ ᠣᠯᠭᠤᠵᠤ ᠬᠠᠪᠰᠤᠷᠤᠨ ᠲᠡᠳᠬᠦᠬᠦ | ᠪᠠ ᠦᠨᠳᠦᠰᠦᠨ ᠵᠦᠶᠯ ᠢ ᠪᠠᠲᠤᠯᠠᠵᠤ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ | ᠬᠢᠵᠠᠭᠠᠷ ᠱᠤᠭᠤᠮ ᠢ ᠪᠠᠲᠤ ᠰᠠᠬᠢᠨ᠎ᠠ᠃ 2021 ᠣᠨ ᠳᠤ ᠬᠤᠲᠠ ᠪᠠᠯᠭᠠᠰᠤᠨ ᠤ 1000 ᠬᠥᠮᠦᠨ ᠳᠤ ᠰᠢᠨ᠎ᠡ | ᠪᠠᠷ ᠠᠵᠢᠯ ᠣᠯᠭᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ 500 ᠨᠡᠭᠡᠭᠡᠨ᠎ᠡ᠃ | ᠮᠠᠯᠴᠢᠨ ᠲᠠᠷᠢᠶᠠᠴᠢᠨ ᠢ ᠰᠢᠯᠵᠢᠭᠦᠯᠦᠨ 4 ᠲᠦᠮᠡᠨ ᠬᠥᠮᠦᠨ ᠳᠤ ᠠᠵᠢᠯ ᠣᠯᠭᠤᠵᠤ᠂ ︽ᠠᠵᠢᠯ ᠲᠠᠢ ᠬᠥᠮᠦᠨ | ᠦᠭᠡᠢ ᠭᠡᠷ ᠪᠦᠯᠢ︾ ᠳᠤ ᠬᠥᠳᠡᠯᠦᠩᠭᠦᠢ ᠪᠠᠷ ᠠᠵᠢᠯ ᠤᠯᠭᠤᠨ᠎ᠠ᠃ ᠨᠡᠶᠢᠭᠡᠮ ᠤᠨ ᠪᠠᠲᠤᠯᠠᠭ᠎ᠠ ᠶᠢ ᠦᠷᠭᠦᠯᠵᠢᠯᠡᠨ | ᠴᠢᠩᠭᠠᠳᠬᠠᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠶ | ᠬᠠᠮᠢᠶᠠᠷᠤᠯᠲᠠ ᠶᠢ ᠴᠢᠩᠭᠠᠳᠬᠠᠵᠤ᠂ ᠲᠦᠷ ᠴᠠᠭ ᠠᠪᠤᠷᠠᠨ ᠲᠤᠰᠠᠯᠠᠬᠤ ᠲᠤᠭᠲᠠᠯᠴᠠᠭ᠎ᠠ ᠶᠢ ᠲᠡᠭᠦᠯᠳᠡᠷᠵᠢᠭᠦᠯᠦᠨ᠂ | ᠨᠡᠶᠢᠭᠡᠮ ᠤᠨ ᠠᠪᠤᠷᠠᠨ ᠳᠤᠰᠠᠯᠠᠮᠵᠢ ᠶᠢᠨ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠠᠯᠪᠠᠨ ᠠᠴᠠ ᠡᠷᠭᠢᠯᠡᠭᠰᠡᠨ | ᠨᠠᠰᠤᠵᠢᠯ ᠤᠨ ᠪᠠᠶᠢᠭᠤᠯᠤᠮᠵᠢ ᠶᠢᠨ ᠬᠡᠪᠴᠢᠶ᠎ᠡ ᠶᠢ ᠥᠷᠭᠡᠳᠬᠡᠨ᠂ ᠨᠡᠶᠢᠭᠡᠮ ᠤᠨ ᠬᠦᠴᠦᠨ ᠤ ᠨᠠᠰᠤᠵᠢᠯ ᠤᠨ | ᠦᠶᠯᠡᠴᠢᠯᠡᠭᠡᠨ ᠤ ᠪᠠᠶᠢᠭᠤᠯᠤᠮᠵᠢ ᠡᠷᠭᠢᠯᠡᠬᠦ ᠶᠢ ᠵᠣᠷᠢᠭᠵᠢᠭᠤᠯᠵᠤ᠂ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠷᠠᠳ ᠲᠦᠮᠡᠨ ᠳᠤ | ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠲᠦᠭᠡᠮᠡᠯ ᠬᠠᠷᠠᠭᠠᠯᠵᠠᠯᠲᠤ ᠭᠦᠭᠵᠢᠯᠳᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠶᠡᠬᠡᠪᠡᠷ ᠳᠥᠯᠭᠢᠨ ᠠᠬᠢᠭᠤᠯᠵᠤ᠂ ᠬᠡᠰᠢᠭᠲᠡᠨ ᠬᠤᠰᠢᠭᠤᠨ ᠤ ︽ᠭᠤᠷᠪᠠᠨ | ᠰᠢᠯᠢᠳᠡᠭ ᠨᠢᠭᠡ ᠲᠡᠩᠴᠡᠭᠦᠷᠢᠲᠠᠢ︾ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠨᠠᠷᠢᠯᠢᠭ ᠣᠨᠣᠪᠴᠢᠲᠠᠶ | ᠬᠠᠪᠰᠤᠷᠤᠨ ᠲᠡᠳᠬᠦᠬᠦ ᠲᠥᠷᠥᠯ ᠵᠦᠶᠯ ᠢ ᠭᠦᠨᠵᠡᠭᠡᠶ ᠳᠥᠯᠭᠢᠨ ᠠᠬᠢᠭᠤᠯᠵᠤ᠂ ᠪᠢᠷᠠᠭᠤ ᠬᠤᠶᠠᠳᠤᠭᠠᠷ ᠪᠠᠭ᠎ᠠ | ᠰᠤᠷᠭᠠᠭᠤᠯᠢ ᠶᠢ ᠣᠨᠳᠣᠤ ᠭᠠᠵᠠᠷ ᠲᠤ ᠰᠢᠨ᠎ᠡ ᠪᠠᠷ ᠪᠠᠶᠢᠭᠤᠯᠬᠤ ᠲᠥᠷᠥᠯ ᠵᠦᠶᠯ ᠢ ᠠᠵᠢᠯ ᠡᠬᠢᠯᠡᠭᠦᠯᠦᠨ ᠪᠥᠲᠥᠭᠡᠨ | ᠪᠠᠶᠢᠭᠤᠯᠵᠤ᠂ ᠪᠢᠷᠠᠭᠤ ᠪᠠᠯᠭᠠᠰᠤᠨ ᠤ ᠭᠤᠷᠪᠠᠲᠤᠭᠠᠷ ᠬᠡᠤᠭᠡᠳ ᠤᠨ ᠴᠡᠴᠷᠯᠢᠭ᠂ ᠲᠦᠷᠪᠡᠲᠦᠭᠡᠷ ᠬᠡᠤᠭᠡᠳ ᠤᠨ | ᠴᠡᠴᠡᠷᠯᠢᠭ᠂ ᠪᠢᠷᠠᠭᠤ ᠭᠤᠷᠪᠠᠳᠤᠭᠠᠷ ᠪᠠᠭ᠎ᠠ ᠰᠤᠷᠭᠠᠭᠤᠯᠢ ᠵᠢᠴᠢ ᠬᠡᠰᠢᠭᠲᠡᠨ ᠬᠤᠰᠢᠭᠤᠨ ᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ | ᠵᠦᠶᠯ ᠢ ᠪᠠᠶᠢᠭᠤᠯᠤᠨ ᠪᠡᠶᠡᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠬᠢᠷᠢ ᠲᠦᠪᠰᠢᠨ | ᠢ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ | ᠰᠠᠶᠢᠲᠤᠷ ᠠᠳᠬᠤᠵᠤ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ | ᠪᠣᠳᠠᠲᠠᠶ ᠨᠠᠷᠢᠯᠢᠭ ᠠᠳᠬᠤᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ | ᠠᠵᠢᠯ ᠢ ᠰᠠᠶᠢᠲᠤᠷ ᠬᠢᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠤᠨ ᠪᠠᠶᠢᠭᠤᠯᠤᠯᠲᠠ ᠶᠢ ᠭᠦᠨᠵᠡᠭᠡᠶ | ᠠᠬᠢᠭᠤᠯᠵᠤ᠂ ᠬᠤᠰᠢᠭᠤᠨ ᠤ ᠬᠡᠪᠴᠢᠶᠡᠨ ᠳᠤ ᠡᠪᠡᠳᠴᠢᠨ ᠦᠵᠡᠭᠦᠯᠬᠦ ᠨᠣᠷᠮ᠎ᠠ ᠶᠢ 80% ᠠᠴᠠ ᠳᠡᠭᠡᠭᠰᠢ | ᠪᠣᠯᠲᠠᠯ᠎ᠠ ᠳᠡᠭᠡᠭᠰᠢᠯᠡᠭᠦᠯᠵᠦ᠂ ᠬᠡᠰᠢᠭᠲᠡᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ | ᠣᠨᠳᠣᠤ ᠭᠠᠵᠠᠷ ᠲᠤ ᠰᠢᠨ᠎ᠡ ᠪᠠᠷ ᠪᠠᠶᠢᠭᠤᠯᠬᠤ ᠲᠥᠷᠥᠯ ᠵᠦᠶᠯ ᠢ ᠡᠬᠢᠯᠡᠭᠦᠯᠦᠨ ᠬᠡᠷᠡᠭᠵᠢᠭᠦᠯᠵᠦ᠂ ᠬᠡᠰᠢᠭᠲᠡᠨ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠪᠠ CT ᠲᠠᠰᠤᠭ᠂ ᠶᠡᠭᠡ ᠡᠭᠦᠳᠡ᠂ ᠬᠤᠯᠪᠤᠯᠲᠤᠭᠰᠠᠨ ᠭᠤᠲᠤᠮ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ | ᠦᠨᠡᠨ ᠬᠦ ᠪᠠᠲᠤᠯᠠᠨ᠎ᠠ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠲᠦᠯᠬᠢᠨ | ᠠᠬᠢᠭᠤᠯᠤᠨ᠎ᠠ᠃ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠰᠢᠷᠢᠰ ᠠᠵᠢᠯᠯᠠᠭ᠎ᠠ ᠶᠢ ᠰᠠᠶᠢᠲᠤᠷ ᠪᠡᠯᠡᠳᠬᠡᠨ | ᠡᠷᠭᠢᠯᠡᠵᠦ᠂ ︽ᠬᠤᠲᠠ ᠶᠢᠨ ᠠᠷᠠᠳ ᠤᠨ ᠠᠵᠢᠯᠯᠠᠭᠠᠨ ᠤ ᠲᠥᠪ︾ ᠢ ᠡᠭᠢᠯᠡᠨ ᠪᠥᠲᠥᠭᠡᠨ ᠪᠠᠶᠢᠭᠤᠯᠵᠤ᠂ ᠪᠢᠷᠠᠭᠤ | ᠪᠠᠯᠭᠠᠰᠤᠨ ᠤ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠣᠷᠳᠣᠨ ᠤ ᠲᠥᠷᠥᠯ ᠵᠦᠶᠯ ᠪᠠ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ︵ᠫᠢᠩᠫᠠᠩ ᠪᠥᠮᠪᠦᠭᠡ ᠥᠲᠥᠨ ᠪᠦᠮᠪᠦᠭᠡ ᠨᠠᠭᠠᠳᠬᠤ ᠭᠠᠵᠠᠷ︶ ᠤᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠰᠠᠭᠤᠷᠢᠨ ᠭᠠᠵᠠᠷ ᠢ ᠡᠭᠦᠳᠦᠨ | ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠬᠡᠰᠢᠭᠲᠡᠨ ᠬᠤᠰᠢᠭᠤᠨ ᠤ ᠬᠤᠶᠠᠳᠤᠭᠠᠷ ᠬᠤᠭᠤᠴᠠᠭᠠᠨ ᠤ | ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠤᠨ ᠦᠷ᠎ᠡ ᠪᠦᠲᠦᠭᠡᠯ ᠤᠨ ᠦᠵᠡᠰᠬᠦᠯᠡᠩ ᠢ ᠡᠷᠭᠢᠯᠡᠨ᠎ᠡ | ᠃ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ | ᠲᠦᠷᠭᠡᠳᠬᠡᠨ ᠪᠠᠶᠢᠭᠤᠯᠵᠤ᠂ ᠬᠠᠤᠯᠢ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠤᠯᠢ ᠶᠣᠰᠣᠭᠠᠷ | ᠵᠠᠰᠠᠭ ᠶᠠᠪᠤᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠠᠶᠤᠯ ᠲᠦᠭᠰᠢᠭᠦᠷᠢ ᠶᠢ | ᠰᠡᠷᠭᠡᠶᠢᠯᠡᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠵᠦ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠣᠶ | ᠪᠣᠯᠭᠠᠵᠤ᠂ ᠠᠶᠤᠯᠭᠦᠢ ᠦᠶᠯᠡᠳᠪᠦᠷᠢᠯᠡᠯ᠂ ᠢᠳᠡᠭᠡᠨ ᠪᠠ ᠡᠮ ᠤᠨ ᠵᠤᠶᠢᠯ ᠤᠨ ᠠᠮᠤᠷ ᠲᠦᠪᠰᠢᠨ ᠵᠡᠷᠭᠡ | ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ | ᠶᠠᠯᠠᠲᠦ ᠠᠵᠢᠯᠯᠠᠭ᠎ᠠ ᠳᠤ ᠴᠢᠩᠭ᠎ᠠ ᠴᠤᠭᠢᠯᠳᠠ ᠦᠭᠴᠦ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠯ᠎ᠡ ᠵᠦᠢᠯ ᠤᠨ ᠨᠡᠶᠢᠭᠡᠮ ᠤᠨ ᠠᠵᠢᠯ ᠦᠢᠯᠡᠰ ᠤᠨ ᠪᠦᠬᠦ ᠲᠠᠯ᠎ᠠ ᠶᠢᠨ | ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠨᠠᠷᠢᠨ | ᠬᠢᠨᠠᠮᠠᠭᠠᠢ ᠰᠠᠶᠢᠲᠤᠷ ᠬᠢᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ︾ ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠤᠯᠤᠰ ᠤᠨ ᠲᠡᠰ ᠤᠨ ᠦᠨᠳᠦᠰᠦᠲᠡᠨ | ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠳᠤ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠬᠦ ᠠᠵᠢᠯ ᠢ ᠢᠳᠡᠪᠬᠢᠲᠡᠢ ᠯᠠᠪᠳᠠᠭᠤᠨ ᠢᠶᠠᠷ ᠪᠡᠶᠡᠯᠡᠭᠦᠯᠵᠦ᠂ ᠦᠷᠡᠭᠳᠡᠭᠰᠡᠨ ᠪᠠᠭᠠᠲᠤᠷᠴᠤᠳ ᠢ | ᠳᠤᠷᠠᠰᠬᠠᠬᠤ ᠲᠥᠬᠦᠭᠡᠷᠦᠮᠵᠢ ᠪᠠ ᠡᠯ᠎ᠡ ᠲᠥᠷᠥᠯ ᠤᠨ ᠰᠣᠶᠣᠯ ᠲᠠᠮᠢᠷ ᠤᠨ ᠲᠥᠬᠦᠭᠡᠷᠦᠮᠵᠢ ᠶᠢ ᠰᠠᠶᠢᠲᠤᠷ ᠬᠠᠮᠢᠶᠠᠷᠤᠨ | ᠪᠠᠶᠢᠭᠤᠯᠵᠤ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠡᠮᠡᠭᠲᠡᠶᠢᠴᠦᠳ ᠬᠡᠦᠬᠡᠳ᠂ ᠵᠡᠮᠳᠡᠭᠴᠦᠳ᠂ ᠡᠪ ᠬᠠᠮᠲᠤ | ᠵᠠᠯᠠᠭᠤᠴᠤᠳ ᠤᠨ ᠡᠪᠯᠡᠯ ᠵᠡᠷᠭᠡ ᠡᠯ᠎ᠡ ᠲᠥᠷᠥᠯ ᠤᠨ ᠠᠵᠢᠯ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ | ᠯᠠᠪᠳᠠᠭᠤᠨ ᠢᠶᠠᠷ ᠠᠬᠢᠭᠤᠯᠤᠨ᠎ᠠ᠃ | ᠲᠥᠯᠥᠭᠡᠯᠡᠭᠴᠢᠳ ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠡᠬᠢᠯᠡᠯᠲᠡ ᠶᠢᠨ ᠬᠥᠰᠢᠭᠡ ᠨᠢᠭᠡᠨᠲᠡ ᠨᠡᠭᠡᠭᠡᠭᠳᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ | ᠶᠢ ᠰᠠᠶᠢᠲᠤᠷ ᠡᠬᠢᠯᠡᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠡᠭᠦᠷᠭᠡ ᠬᠠᠲᠠᠭᠤ ᠪᠡᠷᠬᠡ ᠶᠤᠮ᠃ | ᠪᠢᠳᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠡᠷᠡᠮᠡᠬᠡᠶᠢᠯᠡᠨ ᠤᠷᠤᠭᠰᠢᠯᠠᠵᠤ᠂ ᠰᠢᠷᠭᠠᠭᠤ | ᠬᠠᠲᠠᠭᠤᠵᠢᠯᠲᠠᠶ ᠠᠵᠢᠯᠯᠠᠨ᠂ 2021 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ | ᠠᠵᠢᠯ ᠢ ᠰᠠᠶᠢᠲᠤᠷ ᠬᠢᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ | ᠪᠡᠯᠭᠡᠯᠡᠶ᠎ᠡ︕ | | | | |