2021 ᠣᠨ ᠤ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠭᠦᠭᠵᠢᠯᠳᠡ ᠶᠢᠨ ᠲᠥᠯᠥᠪᠯᠡᠭᠡ ᠶᠢᠨ ᠲᠦᠰᠦᠯ ᠤᠨ ᠲᠤᠬᠠᠢ ᠮᠡᠳᠡᠭᠦᠯᠦᠯᠳᠡ ︵ᠭᠤᠷᠪᠠ︶
ᠨᠡᠶᠢᠲᠡᠯᠡᠭᠰᠡᠨ ᠴᠠᠭ᠄
2021/4/27
     ᠬᠤᠶᠠᠷ᠂ 2021 ᠣᠨ ᠤ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠣᠬᠢᠷᠠᠭᠤᠯᠤᠯᠲᠠ      2021ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠃ ᠡᠨᠡ ᠵᠢᠯ  ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠦ᠂ ᠰᠢᠨ᠎ᠡ ᠬᠥᠭᠵᠢᠯᠲᠡ  ᠶᠢᠨ ᠪᠠᠶᠢᠷᠢᠰᠢᠯ ᠢ ᠪᠠᠶᠢᠭᠤᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠤᠯᠭᠠᠵᠦ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ  ᠢ ᠪᠠᠬᠢᠵᠢᠭᠦᠯᠦᠨ ᠦᠷᠭᠡᠳᠬᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠵᠤ ᠠᠬᠤᠢ ᠶᠢᠨ ᠡᠷᠭᠢᠯᠳᠡ ᠶᠢ ᠵᠦᠢ ᠵᠣᠬᠢᠰᠲᠠᠢ ᠭᠡᠪᠴᠢᠶᠡᠨ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠠᠲᠤᠯᠠᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ᠃      2021 ᠣᠨ ᠤ ᠪᠥᠬᠦ ᠬᠤᠰᠢᠭᠤᠨ ᠤ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠭᠤᠤᠯ ᠪᠤᠯᠬᠤ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 132 ᠳ᠋ᠦᠩᠰᠢᠭᠤᠷ ᠲᠦᠭᠦᠷᠢᠭ ᠲᠤ ᠭᠦᠷᠭᠡᠵᠦ᠂ 6% ᠣᠷᠴᠢᠮ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 6.64 ᠳ᠋ᠦᠩᠰᠢᠭᠤᠷ ᠲᠦᠭᠦᠷᠢᠭ ᠪᠡᠶᠡᠯᠡᠭᠦᠯᠵᠦ᠂ 5% ᠣᠷᠴᠢᠮ ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 44.6 ᠳ᠋ᠦᠩᠰᠢᠭᠤᠷ ᠲᠦᠭᠦᠷᠢᠭ ᠪᠡᠶᠡᠯᠡᠭᠦᠯᠵᠦ᠂ 15% ᠣᠷᠴᠢᠮ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠶᠯ  ᠢ ᠵᠢᠵᠢᠭᠯᠡᠨ ᠪᠤᠷᠤᠯᠠᠭᠤᠯᠬᠤ ᠶᠡᠷᠦᠩᠬᠡᠶ ᠬᠡᠮᠵᠢᠶ᠎ᠡ ᠶᠢ 21.3 ᠳ᠋ᠦᠩᠰᠢᠭᠤᠷ ᠲᠦᠭᠦᠷᠢᠭ ᠪᠡᠶᠡᠯᠡᠭᠦᠯᠵᠦ᠂ 6% ᠣᠷᠴᠢᠮ  ᠨᠡᠮᠡᠭᠳᠡᠭᠦᠯᠦᠨ᠎ᠡ᠃ ᠬᠤᠲᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠳᠤᠰᠪᠤᠷᠢ 33192 ᠲᠦᠭᠦᠷᠢᠭ ᠪᠠ 14714 ᠲᠦᠭᠦᠷᠢᠭ  ᠲᠤ ᠭᠦᠷᠭᠡᠵᠦ᠂ ᠳᠤᠰᠪᠤᠷᠢ 7% ᠪᠠ 8% ᠤᠷᠴᠢᠮ ᠨᠡᠮᠡᠭᠳᠡᠭᠦᠯᠦᠨ᠎ᠡ᠃ ᠡᠨᠧᠷᠬᠢ ᠤᠨ ᠬᠤᠷᠤᠭᠳᠠᠯ ᠤᠨ ︽ᠬᠤᠤᠰ ᠡᠵᠡᠮᠳᠡᠯ︾ ᠪᠠ ᠪᠤᠬᠢᠷᠲᠦᠯ ᠪᠤᠳᠠᠰ ᠭᠠᠳᠠᠭᠰᠢᠯᠠᠭᠤᠯᠬᠤ ᠭᠡᠮᠵᠢᠶ᠎ᠡ ᠶᠢ ᠪᠠᠭᠠᠰᠬᠠᠬᠤ ᠶᠢ ᠳᠡᠭᠡᠲᠦ ᠱᠠᠲᠦᠨ ᠤ ᠪᠠᠭᠤᠯᠭᠠᠭᠰᠠᠨ ᠬᠠᠷᠠᠯᠳᠠ ᠡᠭᠦᠷᠭᠡ ᠶᠢ ᠪᠡᠶᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠡᠷᠬᠡᠪᠰᠢ ᠬᠡᠳᠦᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠦᠨᠡᠨ ᠬᠦ ᠰᠠᠶᠢᠲᠤᠷ ᠠᠳᠬᠤᠨ᠎ᠠ᠄      ︵ᠨᠢᠭᠡ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠣᠪᠣᠶᠢᠯᠭᠠᠵᠤ᠂ ᠪᠡᠯᠡ ᠣᠷᠣᠭᠤᠯᠤᠯᠲᠠ  ᠶᠢᠨ ᠲᠣᠭᠲᠠᠭᠤᠨ ᠨᠡᠮᠡᠭᠳᠡᠯ ᠢ ᠬᠦᠴᠦᠯᠡᠨ ᠪᠡᠶᠡᠯᠡᠭᠦᠯᠦᠨ᠎ᠡ      ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠠᠬᠢᠭᠤᠯᠵᠦ᠂ ︽ᠣᠷᠴᠢᠨ ᠲᠣᠭᠤᠷᠢᠨ ᠢᠶᠠᠷ ᠦᠨᠳᠦᠰᠦ ᠪᠣᠯᠭᠠᠵᠤ᠂ ᠲᠥᠷᠥᠯ ᠵᠦᠶᠯ ᠢᠶᠠᠷ ᠭᠤᠤᠯ ᠪᠣᠯᠭᠠᠬᠤ︾ ᠤᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠲᠥᠷᠥᠯ ᠵᠦᠶᠯ ᠢᠶᠠᠷ ᠴᠢᠳᠠᠪᠤᠷᠢᠲᠠᠨ ᠢ ᠦᠨᠡᠯᠡᠵᠦ᠂ ᠠᠷᠠᠯᠵᠢᠶᠠᠴᠢᠨ ᠤᠷᠢᠬᠤ ᠪᠠᠷ ᠴᠢᠳᠠᠪᠤᠷᠢ  ᠪᠠᠨ ᠠᠳᠠᠯᠢᠳᠬᠠᠵᠦ᠂ ︽ᠪᠦᠬᠦᠳᠡ ᠪᠠᠷ ᠠᠷᠠᠯᠵᠢᠶᠠᠴᠢᠨ ᠤᠷᠢᠬᠤ︾᠂ ︽ᠰᠢᠨ᠎ᠡ ᠶᠢ ᠡᠭᠦᠳᠦᠨ ᠠᠷᠠᠯᠵᠢᠶᠠᠴᠢᠨ ᠤᠷᠢᠬᠤ︾᠂ ︽ᠣᠨᠣᠪᠴᠢᠲᠠᠶ ᠪᠠᠷ ᠠᠷᠠᠯᠵᠢᠶᠠᠴᠢᠨ ᠤᠷᠢᠬᠤ︾᠂ ︽ᠭᠠᠵᠠᠷ ᠣᠷᠣᠨ ᠠᠯᠤᠰᠯᠠᠨ ᠠᠷᠠᠯᠵᠢᠶᠠᠴᠢᠨ ᠤᠷᠢᠬᠤ︾᠂ ︽ᠬᠦᠷᠢᠶᠡᠯᠡᠩ ᠲᠣᠭᠤᠷᠢᠭ ᠲᠤ ᠠᠷᠠᠯᠵᠢᠶᠠᠴᠢᠨ ᠤᠷᠢᠬᠤ︾ ᠠᠵᠢᠯ ᠤᠨ ᠰᠡᠳᠬᠢᠮᠵᠢ ᠶᠣᠰᠣᠭᠠᠷ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ︽ᠠᠰᠠᠷᠠᠭᠴᠢ ᠮᠠᠶ᠋ᠢᠭ︾ ᠤᠨ ᠦᠶᠯᠡᠴᠢᠯᠡᠭᠡ ᠶᠢ ᠴᠢᠩᠭᠠᠳᠬᠠᠵᠦ᠂ ᠪᠠᠶᠢᠩᠭᠤ ᠶᠢᠨ ᠴᠢᠨᠠᠷᠲᠠᠢ ᠮᠥᠷᠳᠡᠨ ᠵᠣᠯᠭᠠᠭᠤᠯᠵᠤ᠂ ᠠᠷᠠᠯᠵᠢᠶᠠᠴᠢᠨ ᠤᠷᠢᠬᠤ ᠰᠦᠪᠡᠭᠴᠢ ᠶᠢᠨ ᠲᠥᠷᠥᠯ ᠵᠦᠶᠯ ᠪᠠ ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠶᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ᠃ 2021 ᠣᠨ ᠳᠤ 1000 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠶᠯ ᠢ 30᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠢ 6᠂ ︽ᠤᠷᠤᠨ ᠠᠯᠤᠰᠯᠠᠭᠰᠠᠨ ᠠᠵᠤ ᠠᠬᠤᠶ︾  ᠶᠢᠨ ᠲᠥᠷᠥᠯ ᠵᠦᠶᠯ ᠢ 3 ᠶᠢ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠲᠥᠷᠥᠯ ᠵᠦᠶᠯ ᠢ ᠲᠥᠯᠥᠪᠵᠢᠭᠦᠯᠬᠦ ᠪᠠ ᠪᠠᠯᠠ ᠮᠥᠩᠭᠦ ᠲᠡᠮᠡᠴᠡᠨ ᠤᠯᠬᠤ ᠶᠢ ᠴᠢᠩᠭ᠎ᠠ ᠠᠳᠬᠤᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠥᠭᠵᠢᠯᠲᠡ ᠶᠢᠨ ᠴᠢᠭᠯᠡᠯ ᠪᠠ ᠮᠠᠨ ᠤ ᠬᠤᠰᠢᠭᠤᠨ ᠤ ᠠᠵᠤ ᠦᠶᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠭᠤᠤᠯᠳᠠᠯᠭ᠎ᠠ ᠲᠠᠢ ᠲᠥᠷᠥᠯ ᠵᠦᠶᠯ ᠢ ᠲᠥᠯᠥᠪᠵᠢᠭᠦᠯᠬᠦ ᠶᠢ ᠲᠦᠷᠭᠡᠳᠬᠡᠵᠦ᠂ 5 G ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ᠂ ᠰᠢᠨ᠎ᠡ ᠡᠨᠧᠷᠭᠢ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ᠂ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠤ ᠴᠢᠭᠯᠡᠭᠦᠯᠦᠨ᠂ ᠨᠢᠭᠡ ᠪᠦᠯᠦᠭ ᠲᠣᠮᠣ ᠲᠥᠷᠥᠯ ᠵᠦᠶᠯ᠂ ᠰᠠᠶᠢᠨ ᠲᠥᠷᠥᠯ ᠵᠦᠶᠯ ᠢ ᠴᠢᠷᠮᠠᠶᠢᠨ ᠲᠥᠯᠥᠪᠵᠢᠭᠦᠯᠵᠦ ᠨᠥᠭᠡᠴᠡᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠳᠡᠵᠦ᠂ ᠲᠥᠷᠥᠯ ᠵᠦᠶᠯ ᠤᠨ ᠪᠠᠯᠠ ᠮᠥᠩᠭᠦ ᠲᠡᠮᠡᠴᠡᠨ ᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠶᠯ ᠢ ᠲᠥᠪ ᠤᠨ ᠲᠥᠰᠦᠪ ᠤᠨ ᠳᠣᠲᠣᠷᠠᠬᠢ᠂ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ᠂ ᠵᠢᠭᠡᠯᠡᠯᠭᠡ ᠶᠢᠨ ᠬᠦᠦ ᠮᠥᠩᠭᠦ ᠶᠢᠨ ᠨᠥᠬᠦᠪᠥᠷᠢ ᠵᠡᠷᠭᠡ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠲᠠᠢ ᠢᠳᠡᠪᠬᠢᠲᠡᠶ ᠵᠣᠯᠭᠠᠭᠤᠯᠵᠤ᠂ ᠭᠤᠶᠤᠴᠢᠯᠠᠨ ᠮᠡᠳᠡᠭᠦᠯᠬᠦ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠶᠴᠡᠳᠬᠡᠬᠦ ᠶᠢ ᠠᠬᠢᠭᠤᠯᠵᠤ᠂ ᠲᠥᠷᠥᠯ ᠵᠦᠶᠯ ᠤᠨ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠳᠤ ᠨᠡᠶᠢᠴᠡᠬᠦ ᠶᠢ ᠪᠠᠲᠤᠯᠠᠨ᠎ᠠ᠃ ᠲᠥᠷᠥᠯ ᠵᠦᠢᠯ ᠤᠨ ᠰᠢᠪᠲᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠦ᠂ ᠪᠥᠬᠦ ᠵᠢᠯ ᠤᠨ ᠠᠵᠢᠯ ᠤᠨ ᠬᠠᠷᠠᠯᠲᠠ ᠶᠢᠨ ᠱᠠᠭᠠᠷᠳᠠᠯᠭ᠎ᠠ  ᠶᠢ ᠴᠢᠩᠭ᠎ᠠ ᠵᠢᠷᠤᠮᠯᠠᠨ᠂ ᠡᠭᠦᠷᠭᠡ ᠶᠢᠨ ᠨᠠᠷᠢᠨ ᠬᠠᠭᠤᠳᠠᠰᠤ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠶᠢ ᠪᠠᠬᠢᠵᠢᠭᠦᠯᠦᠨ᠂ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ︽ᠭᠠᠷᠠᠭ ᠢᠶᠠᠷ ᠲᠣᠬᠢᠷᠠᠭᠤᠯᠤᠯᠲᠠ ᠬᠢᠵᠦ᠂ ᠰᠠᠷ᠎ᠠ ᠪᠠᠷ ᠵᠠᠳᠠᠯᠤᠯᠲᠠ ᠬᠢᠬᠦ︾ ᠠᠵᠢᠯ ᠤᠨ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ ᠲᠥᠷᠥᠯ ᠵᠦᠶᠯ ᠢ ᠬᠥᠳᠡᠯᠦᠩᠭᠦᠶ  ᠪᠠᠷ ᠮᠥᠷᠳᠡᠨ ᠬᠠᠮᠢᠶᠠᠷᠬᠤ ᠦᠶᠯᠡᠴᠢᠯᠡᠭᠡ ᠶᠢ ᠪᠠᠷᠢᠮᠲᠠᠯᠠᠨ᠂ 2021 ᠣᠨ ᠤ ᠪᠥᠬᠦ ᠬᠤᠰᠢᠭᠤᠨ ᠤ 5000 ᠲᠦᠮᠡᠨ ᠲᠥᠭᠦᠷᠢᠭ ᠠᠴᠠ ᠳᠡᠭᠡᠭᠰᠢᠬᠢ ︵ᠨᠡᠶᠢᠭᠡᠮ ᠤᠨ ᠠᠵᠢᠯ ᠦᠶᠯᠡᠰ ᠤᠨ 1000 ᠲᠦᠮᠡᠨ ᠲᠥᠭᠦᠷᠢᠭ ᠠᠴᠠ ᠳᠡᠭᠡᠭᠰᠢᠬᠢ︶ ᠭᠤᠤᠯᠳᠠᠯᠭ᠎ᠠ ᠲᠠᠢ ᠲᠥᠷᠥᠯ ᠵᠦᠶᠯ ᠤᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠢᠯ  ᠤᠨ ᠪᠠᠯᠠ ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃      ︵ᠬᠤᠶᠠᠷ︶ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠣᠪᠣᠶᠢᠯᠭᠠᠨ᠂ ᠣᠳᠣ ᠦᠶ᠎ᠡ ᠶᠢᠨ ᠠᠵᠤ ᠦᠢᠯᠡᠰ ᠤᠨ ᠲᠤᠭᠳᠠᠯᠴᠠᠭ᠎ᠠ ᠶᠢ ᠬᠦᠴᠦᠯᠡᠨ ᠴᠣᠭᠴᠠᠯᠠᠨ ᠪᠠᠶᠢᠭᠤᠯᠤᠨ᠎ᠠ      ᠰᠢᠨ᠎ᠡ ᠬᠡᠯᠪᠡᠷᠢ ᠶᠢᠨ ᠠᠵᠤ ᠤᠶᠢᠯᠡᠳᠪᠦᠷᠢᠵᠢᠯᠳᠡ ᠶᠢ ᠲᠦᠷᠭᠡᠨ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠳᠡᠰ ᠳᠡᠪᠰᠢᠭᠦᠯᠦᠨ ᠥᠭᠡᠷᠡᠴᠢᠯᠡᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ︽ᠬᠤᠣᠰ ᠬᠦᠷᠲᠦᠲᠦ ᠬᠥᠳᠡᠯᠭᠡᠭᠦᠷ︾ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠪᠠᠷᠢᠮᠲᠠᠯᠠᠨ᠎ᠠ᠃ ︽ᠠᠭᠤᠷᠬᠠᠶ ᠶᠢᠨ ᠦᠶᠯᠡᠰ  ᠤᠨ ᠠᠵᠤ ᠠᠬᠤᠶ ᠶᠢ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠭᠤᠷᠬᠠᠶ ᠶᠢᠨ ᠦᠶᠯᠡᠰ ᠤᠨ ︽ᠳᠥᠷᠪᠡᠨ ᠨᠢᠭᠡ ᠪᠦᠯᠦᠭ︾ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠳ᠋ᠦᠩ ᠱᠧᠩ ᠠᠭᠤᠷᠬᠠᠶ ᠶᠢᠨ ᠦᠶᠯᠡᠰ᠂ ᠸᠧᠨ ᠦ᠋ ᠠᠭᠤᠷᠬᠠᠶ ᠶᠢᠨ ᠦᠶᠯᠡᠰ᠂ ᠰᠢᠨ ᠲᠠᠢ ᠠᠭᠤᠷᠬᠠᠶ ᠶᠢᠨ ᠦᠶᠯᠡᠰ᠂ ᠲᠦᠩ ᠰᠢᠩ ᠤᠨ ᠬᠠᠶᠢᠯᠤᠭᠤᠷ ᠵᠣᠩᠰᠢ ᠶᠢᠨ ᠠᠭᠤᠷᠬᠠᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ ᠡᠬᠢᠯᠡᠭᠦᠯᠵᠦ᠂ ᠠᠭᠤᠷᠬᠠᠶ ᠶᠢᠨ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠤᠨ᠎ᠠ᠃ ᠭᠡᠷᠡᠯ ᠴᠡᠨᠡᠭ᠂ ᠰᠠᠯᠬᠢᠨ ᠴᠠᠬᠢᠯᠭᠠᠨ ᠤ ᠰᠢᠨ᠎ᠡ ᠡᠨᠧᠷᠭᠢ  ᠶᠢ ᠶᠡᠬᠡᠪᠡᠷ ᠬᠥᠭᠵᠢᠭᠦᠯᠵᠦ᠂ ᠤᠯᠠᠭᠠᠨᠬᠠᠳᠠ ᠶᠢᠨ ᠬᠡᠰᠢᠭᠲᠡᠨ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ 10 ᠲᠦᠮᠡᠨ ᠺᠢᠯᠣᠸᠠᠲ ᠤᠨ ᠭᠡᠷᠡᠯ ᠴᠡᠨᠡᠭ ᠤᠨ ᠥᠷᠢᠰᠥᠯᠳᠦᠭᠡᠨ ᠤ ᠦᠨ᠎ᠡ ᠶᠢᠨ ᠲᠥᠷᠦᠯ ᠵᠦᠢᠯ ᠢ ᠪᠦᠬᠦᠨ ᠢ ᠴᠠᠬᠢᠯᠭᠠᠨ ᠭᠠᠷᠭᠠᠨ ᠲᠣᠣᠷ ᠲᠤ ᠣᠷᠣᠭᠤᠯᠬᠤ ᠶᠢ ᠪᠠᠲᠤᠯᠠᠨ᠎ᠠ᠃ ᠥᠪᠥᠷ ᠮᠣᠩᠭᠤᠯ ᠤᠨ ᡁᠢ ᠿᠦᠢ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠦ᠂ ᠳᠡᠭᠡᠳᠦ ᠳᠣᠤᠷᠠᠳᠤ ᠬᠥᠮᠥᠷᠭᠡ᠂ ᠭᠤᠣᠯ ᠦᠢᠯᠡᠳᠪᠦᠷᠢ ᠶᠢᠨ ᠭᠡᠷ ᠪᠠᠶᠢᠰᠢᠩ ᠵᠡᠷᠭᠡ ᠭᠤᠣᠯ ᠴᠣᠭᠴᠠ ᠶᠢᠨ ᠪᠠᠷᠢᠯᠭ᠎ᠠ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠨᠡᠭᠦᠷᠡᠰᠦ ᠶᠢ ᠬᠡᠶᠢᠵᠢᠭᠦᠯᠬᠦ ᠳᠣᠤᠷᠠᠳᠤ ᠤᠷᠤᠰᠬᠠᠯ ᠤᠨ ᠪᠦᠲᠦᠭᠡᠭᠳᠡᠭᠦᠨ ᠢ ᠨᠡᠭᠡᠭᠡᠨ ᠬᠥᠭᠵᠢᠭᠦᠯᠬᠦ᠂ ᠲᠤᠰᠠᠯᠠᠬᠤ ᠦᠶᠯᠡᠳᠬᠦᠨ ᠢ ᠨᠠᠷᠢᠯᠢᠭ ᠪᠤᠯᠪᠠᠰᠦᠷᠠᠭᠤᠯᠬᠤ ᠪᠠ ᠭᠤᠷᠪᠠᠨ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠢ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠳ᠋ᠠ ᠲᠠᠩ ᠤᠨ ᠨᠡᠭᠦᠷᠡᠰᠦ ᠶᠢ ᠬᠡᠶᠢᠵᠢᠭᠦᠯᠬᠦ II ᠰᠢᠷᠢᠰ ᠤᠨ ᠢᠵᠢ ᠲᠥᠬᠦᠷᠵᠢᠭᠰᠡᠨ ᠲᠥᠷᠥᠯ ᠵᠦᠶᠯ ᠢ ᠪᠥᠲᠥᠭᠡᠨ ᠪᠠᠶᠢᠭᠤᠯᠵᠤ ᠳᠠᠭᠤᠰᠬᠠᠨ᠂ ᠪᠥᠸᠧ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠤᠨ 15 ᠲᠦᠮᠡᠨ ᠲᠣᠨ ᠤ ᠨᠡᠭᠦᠷᠡᠰᠦᠨ ᠬᠡᠤᠳᠡᠰᠦᠨ ᠳᠤ ᠤᠰᠤᠲᠥ᠋ᠷᠥᠭᠴᠢ ᠨᠡᠮᠡᠬᠦ᠂ ᠵᠢᠯ ᠤᠨ 6 ᠲᠦᠮᠡᠨ ᠲᠣᠨ ᠤ ᠬᠥᠩᠭᠡᠨ ᠲᠣᠰᠣᠨ ᠳᠤ ᠤᠰᠤᠲᠥ᠋ᠷᠥᠭᠴᠢ ᠨᠡᠮᠡᠬᠦ ᠪᠠ ᠪᠦᠬᠦᠯᠢ ᠨᠠᠷᠠᠳᠠᠰᠤ ᠳᠤ ᠤᠰᠤᠲᠥ᠋ᠷᠥᠭᠴᠢ ᠨᠡᠮᠡᠬᠦ ᠨᠡᠭᠦᠷᠡᠰᠦ ᠶᠢ ᠬᠡᠶᠢᠵᠢᠭᠦᠯᠬᠦ ᠳᠣᠤᠷᠠᠳᠤ ᠤᠷᠤᠰᠬᠠᠯ ᠤᠨ 3 ᠲᠥᠷᠥᠯ ᠵᠦᠶᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠤᠨ᠎ᠠ᠃ ᠰᠢᠨ᠎ᠡ ᠮᠠᠲ᠋ᠧᠷᠢᠶᠠᠯ᠂ ᠳᠡᠭᠡᠳᠦ ᠲᠡᠰ  ᠤᠨ ᠪᠠᠷᠢᠯᠭ᠎ᠠ ᠶᠢᠨ ᠮᠠᠲ᠋ᠧᠷᠢᠶᠠᠯ᠂ ᠡᠯᠧᠺᠲᠷᠣᠨ ᠮᠡᠳᠡᠭᠡ ᠵᠠᠩᠭᠢ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠡᠷᠭᠡ ᠰᠢᠨ᠎ᠡ ᠪᠠᠷ ᠮᠠᠨᠲᠤᠭᠰᠠᠨ ᠠᠵᠤ ᠦᠢᠯᠡᠰ ᠤᠨ ᠲᠦᠷᠦᠯ ᠵᠤᠶᠢᠯ ᠢ ᠲᠥᠰᠦᠪᠯᠡᠨ ᠨᠥᠭᠡᠴᠡᠯᠡᠬᠦ ᠪᠠ ᠣᠷᠣᠭᠤᠯᠤᠨ ᠠᠪᠴᠢᠷᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ  ᠢ ᠴᠢᠷᠮᠠᠶᠢᠨ ᠪᠤᠢ ᠪᠣᠯᠭᠠᠨ᠎ᠠ᠃ ᠬᠦᠷᠢᠶᠡᠯᠡᠩ ᠲᠣᠭᠤᠷᠢᠭ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠠᠭ᠎ᠠ ᠵᠢᠵᠢᠭ ᠢᠳᠡᠭᠡᠨ ᠪᠤᠯᠪᠠᠰᠦᠷᠠᠭᠤᠯᠬᠤ ᠬᠦᠷᠢᠶᠡᠯᠡᠩ ᠲᠣᠭᠤᠷᠢᠭ ᠤᠨ ᠰᠠᠭᠤᠷᠢ ᠲᠦᠭᠦᠭᠡᠷᠦᠮᠵᠢ᠂ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ᠂ ᠳᠤᠮᠳᠠ ᠪᠠᠭ᠎ᠠ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠤᠨ ᠰᠠᠭᠤᠷᠢ ᠲᠦᠭᠦᠭᠡᠷᠦᠮᠵᠢ ︵ᠨᠢᠭᠡᠳᠦᠭᠡᠷ ᠬᠤᠭᠤᠴᠠᠭ᠎ᠠ︶ ᠪᠠ ᠪᠠᠭ᠎ᠠ ᠵᠢᠵᠢᠭ ᠢᠳᠡᠭᠡᠨ ᠪᠤᠯᠪᠠᠰᠦᠷᠠᠭᠤᠯᠬᠤ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠵᠡᠷᠭᠡ ᠲᠥᠷᠥᠯ ᠵᠦᠢᠯ ᠢ ᠪᠠᠶᠢᠭᠤᠯᠵᠦ ᠳᠠᠭᠤᠰᠬᠠᠨ᠎ᠠ᠃ ᠪᠠᠭ᠎ᠠ ᠵᠢᠵᠢᠭ ᠢᠳᠡᠭᠡᠨ ᠪᠤᠯᠪᠠᠰᠦᠷᠠᠭᠤᠯᠬᠤ ᠬᠦᠷᠢᠶᠡᠯᠡᠩ ᠲᠣᠭᠤᠷᠢᠭ ︵ᠬᠤᠶᠠᠳᠤᠭᠠᠷ ᠬᠤᠭᠤᠴᠠᠭ᠎ᠠ︶ ᠪᠠ ᠳᠤᠮᠳᠠ ᠪᠠᠭ᠎ᠠ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ︵ᠬᠤᠶᠠᠳᠤᠭᠠᠷ ᠬᠤᠭᠤᠴᠠᠭ᠎ᠠ︶ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠡᠷᠴᠢᠮᠵᠢᠭᠰᠡᠨ᠂ ᠲᠥᠪᠯᠡᠷᠡᠭᠰᠡᠨ᠂ ᠴᠤᠭᠯᠠᠷᠠᠭᠰᠠᠨ ᠬᠥᠭᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠣᠳᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠢ ᠲᠦᠷᠭᠡᠳᠬᠡᠨ ᠬᠥᠭᠵᠢᠭᠦᠯᠵᠦ᠂ ᠮᠠᠯ ᠠᠵᠤ ᠠᠬᠤᠶ ᠲᠠᠷᠢᠶᠠᠯᠠᠩ ᠤᠨ ᠰᠠᠭᠤᠷᠢ ᠪᠣᠯᠬᠤ ᠪᠠᠶᠢᠷᠢ ᠰᠠᠭᠤᠷᠢ ᠶᠢ ᠪᠠᠬᠢᠵᠢᠭᠦᠯᠬᠦ ᠪᠠ ᠣᠳᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠢ ᠶᠡᠬᠡᠪᠡᠷ ᠬᠥᠭᠵᠢᠭᠦᠯᠬᠦ ︽ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ︾ ᠶᠢ ᠪᠠᠷᠢᠮᠲᠠᠯᠠᠨ᠎ᠠ᠃ ᠠᠮᠤ ᠪᠤᠳᠠᠭᠠᠨ ᠤ ᠦᠶᠯᠡᠳᠪᠦᠷᠢᠯᠡᠯ ᠢ ᠲᠣᠭᠲᠠᠭᠤᠨ ᠪᠠᠶᠢᠯᠭᠠᠵᠤ᠂ ᠠᠮᠤ ᠪᠤᠳᠠᠭᠠᠨ ᠤ ᠤᠨᠠᠯᠲᠠ ᠶᠢ 6 ᠳ᠋ᠦᠩᠰᠢᠭᠤᠷ ᠵᠢᠩ  ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠵᠤ᠂ ᠡᠷᠳᠡᠨᠢ ᠰᠢᠰᠢ ᠳᠠᠷᠢᠬᠤ ᠲᠠᠯᠠᠪᠠᠶ ᠶᠢ ᠦᠷᠭᠦᠯᠵᠢᠯᠡᠨ ᠪᠠᠭᠠᠰᠬᠠᠵᠤ᠂ ᠠᠵᠤ ᠠᠬᠤᠶ ᠶᠢᠨ ᠲᠠᠷᠢᠮᠠᠯ ᠤᠨ ᠳᠠᠷᠢᠬᠤ ᠬᠡᠪᠴᠢᠶ᠎ᠡ ᠶᠢ ᠥᠷᠭᠡᠳᠬᠡᠨ᠂ ᠠᠮᠤ ᠪᠤᠳᠠᠭ᠎ᠠ ᠠᠵᠤ ᠠᠬᠤᠶ  ᠶᠢᠨ ᠲᠠᠷᠢᠮᠠᠯ ᠪᠣᠷᠳᠤᠭ᠎ᠠ ᠶᠢᠨ ᠬᠠᠷᠢᠴᠠᠯ ᠢ 60᠄ 22᠄ 18 ᠪᠣᠯᠭᠠᠨ ᠳᠣᠭᠢᠷᠠᠭᠤᠯᠤᠨ᠎ᠠ᠃ ᠢᠳᠡᠰᠢᠨ ᠮᠦᠬᠦ᠂ ᠡᠪᠡᠰᠦᠨ ᠡᠮ᠂ ᠡᠪᠡᠰᠦᠨ ᠤ ᠠᠵᠤ ᠦᠢᠯᠡᠰ ᠵᠡᠷᠭᠡ ᠭᠤᠣᠯᠯᠠᠬᠤ ᠠᠵᠤ ᠦᠢᠯᠡᠰ ᠤᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠣᠶᠢᠲᠤ ᠭᠠᠵᠠᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠨ᠂ ᠣᠨᠴᠠᠯᠢᠭᠲᠤ ᠠᠵᠤ ᠠᠬᠤᠢ ᠶᠢᠨ ᠣᠢ᠂ ᠤᠢ ᠶᠢᠨ ᠳᠠᠭᠠᠯᠳᠠ ᠠᠵᠤ ᠠᠬᠤᠢ ᠵᠡᠷᠭᠡ ᠣᠨᠴᠠᠯᠢᠭᠲᠤ ᠠᠵᠤ ᠦᠢᠯᠡᠰ  ᠤᠨ ᠬᠥᠭᠵᠢᠯᠲᠡ ᠶᠢᠨ ᠠᠯᠬᠤᠴᠠ ᠶᠢ ᠲᠦᠷᠭᠡᠳᠬᠡᠵᠦ᠂ ᠵᠢᠯ ᠤᠨ ᠳᠣᠲᠣᠷ᠎ᠠ ᠢᠳᠡᠰᠢᠨ ᠮᠦᠬᠦ᠂ ᠡᠪᠡᠰᠦᠨ ᠡᠮ ᠲᠠᠷᠢᠬᠤ ᠲᠠᠯᠠᠪᠠᠢ ᠶᠢ ᠲᠤᠰ ᠲᠤᠰ 2200 ᠲᠦᠮᠡᠨ ᠬᠠᠪᠳᠠᠰᠦ ᠪᠠ 10 ᠲᠦᠮᠡᠨ ᠮᠦ ᠬᠦᠷᠲᠡᠯ᠎ᠡ ᠦᠷᠭᠡᠳᠬᠡᠵᠦ᠂ ᠤᠢ ᠶᠢᠨ ᠳᠠᠭᠠᠯᠳᠠ ᠠᠵᠦ ᠠᠬᠤᠢ ᠶᠢᠨ ᠲᠠᠷᠢᠮᠠᠯ ᠢ 1.5 ᠲᠦᠮᠡᠨ ᠮᠦ ᠳᠤ ᠬᠦᠷᠭᠡᠬᠦ ᠪᠠᠷ ᠴᠢᠷᠮᠠᠶᠢᠨ᠎ᠠ᠃ ᠮᠠᠯ ᠠᠵᠤ ᠠᠬᠤᠢ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠤᠯᠠᠭᠠᠨᠬᠠᠳᠠ ᠬᠤᠲᠠ ᠶᠢᠨ ᠮᠢᠬᠠᠨ ᠤ ᠦᠬᠡᠷ ᠤᠨ ᠠᠵᠤ ᠦᠢᠯᠡᠰ ᠤᠨ ᠰᠠᠭᠤᠷᠢ ᠮᠥᠩᠭᠦᠨ ᠤ ᠲᠥᠷᠦ ᠶᠢᠨ ᠪᠣᠳᠣᠯᠭ᠎ᠠ ᠶᠢ ᠭᠦᠢᠴᠡᠳ ᠠᠰᠢᠭᠯᠠᠨ᠂ ᠮᠢᠬᠠᠨ ᠤ ᠦᠬᠡᠷ ᠤᠨ ᠠᠵᠤ ᠦᠢᠯᠡᠰ ᠢ ᠳᠤᠪᠤᠶᠢᠮ᠎ᠠ ᠰᠠᠶᠢᠨ ᠠᠳᠬᠤᠵᠤ᠂ ᠮᠢᠬᠠᠨ ᠤ ᠦᠬᠡᠷ ᠤᠨ ᠲᠤᠭ᠎ᠠ ᠲᠣᠯᠣᠭᠠᠢ ᠶᠢ 40 ᠲᠦᠮᠡ ᠳᠤ ᠬᠦᠷᠭᠡᠨ᠎ᠡ᠃ ᠣᠬᠤᠷ ᠬᠤᠭᠤᠴᠠᠭᠠᠨ ᠳᠤ ᠪᠣᠷᠳᠣᠨ ᠲᠠᠷᠭᠤᠯᠠᠭᠤᠯᠬᠤ ᠪᠠ ᠬᠤᠷᠠᠭ᠎ᠠ ᠶᠢ ᠲᠣᠰ ᠵᠢᠯ ᠳᠤᠨᠢ ᠬᠤᠳᠠᠯᠲᠤᠬᠤ ᠪᠠᠷ ᠪᠤᠷᠲᠤᠨ ᠲᠡᠵᠢᠭᠡᠬᠦ ᠠᠷᠭ᠎ᠠ ᠮᠠᠶ᠋ᠢᠭ ᠢ ᠶᠡᠬᠡᠪᠡᠷ ᠳᠡᠯᠭᠡᠷᠡᠭᠦᠯᠵᠦ᠂ ᠮᠢᠬᠠᠨ ᠤ ᠬᠤᠨᠢ ᠶᠢ 185 ᠲᠦᠮᠡ ᠳᠤ ᠬᠦᠷᠭᠡᠨ᠎ᠡ᠃ ᠠᠮᠢᠲᠠᠨ ᠤ ᠬᠢᠵᠢᠭ ᠪᠠᠶᠢᠴᠠᠭᠠᠬᠤ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠭᠦᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠳᠡᠭᠡᠨ ᠤ ᠠᠶᠤᠯᠭᠦᠢ ᠶᠢ ᠦᠨᠡᠨᠬᠦ ᠪᠠᠲᠤᠯᠠᠨ᠎ᠠ᠃      ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠤᠯᠠᠮᠵᠢᠯᠠᠯᠲᠤ ᠠᠷᠠᠯᠵᠢᠶ᠎ᠠ ᠬᠤᠳᠠᠯᠲᠤᠭᠠᠨ ᠤ ᠦᠢᠯᠡᠰ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ︽ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ︾ ᠶᠢ ᠬᠦᠴᠦᠯᠡᠨ ᠬᠥᠭᠵᠢᠭᠦᠯᠬᠦ ᠶᠢ ᠪᠠᠷᠢᠮᠲᠠᠯᠠᠨ᠎ᠠ᠃ ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠣᠲᠣ ᠦᠶ᠎ᠡ  ᠶᠢᠨ ᠨᠠᠷᠠᠲᠤ ᠲᠡᠮᠳᠡᠭᠲᠦ ᠶᠢᠨ ᠳᠡᠯᠭᠡᠭᠦᠷ᠂ ᠰᠦᠯᠵᠢᠶᠡᠨ ᠤ ᠡᠯᠧᠺᠲᠷᠣᠨ ᠬᠤᠳᠠᠯᠳᠤᠭ᠎ᠠ ᠵᠡᠷᠭᠡ ᠠᠷᠠᠯᠵᠢᠶ᠎ᠠ ᠬᠤᠳᠠᠯᠳᠤᠭᠠᠨ ᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠠᠬᠢᠭᠤᠯᠤᠨ᠎ᠠ᠃ ᠪᠦᠬᠦ ᠬᠤᠰᠢᠭᠤᠨ ᠤ ᠪᠠᠷᠠᠭᠠᠨ ᠤ ᠭᠦᠢᠯᠭᠡᠭᠡᠨ ᠤ ᠲᠣᠣᠷ ᠴᠢᠭ᠋ ᠤᠨ ᠪᠦᠲᠦᠭᠡᠨ ᠪᠠᠶᠢᠭᠤᠯᠤᠯᠲᠠ ᠶᠢ ᠡᠮᠬᠢ ᠳᠢᠭᠯᠢᠮ  ᠲᠠᠢ ᠠᠬᠢᠭᠤᠯᠵᠤ᠂ ᠰᠤᠮᠤ ᠪᠠᠯᠭᠠᠰᠤᠨ ᠤ ᠬᠥᠳᠡᠭᠡ ᠲᠣᠰᠬᠤᠨ ᠤ ᠲᠦᠷᠭᠡᠨ ᠭᠤᠪᠢᠭᠤᠯᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠴᠢᠭ᠋ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ︽ᠥᠪᠥᠷ ᠮᠣᠩᠭᠤᠯ ᠤᠨ ᠵᠢᠭᠤᠯᠴᠢᠯᠠᠯ ᠤᠨ ᠨᠢᠭᠡᠳᠦᠭᠡᠷ ᠬᠤᠰᠢᠭᠤ︾  ᠶᠢ ᠴᠣᠭᠴᠠᠯᠠᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢᠨ ᠲᠣᠭᠤᠷᠢᠨ ᠳᠤ᠂ ᠵᠢᠭᠤᠯᠴᠢᠯᠠᠯ ᠤᠨ ᠰᠠᠭᠤᠷᠢ ᠲᠦᠭᠦᠭᠡᠷᠦᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠤᠮᠠᠷᠠᠲᠤ ᠬᠢᠯᠢ ᠶᠢᠨ ᠦᠵᠡᠮᠵᠢ ᠶᠢᠨ ᠳᠠᠷᠳᠠᠩ ᠵᠠᠮ ᠤᠨ ᠢᠨᠵᠧᠨᠧᠷᠢᠩ᠂ ᠬᠤᠰᠦᠲᠦ ᠬᠦᠷᠢᠶ᠎ᠡ ᠦᠵᠡᠮᠵᠢ ᠶᠢᠨ ᠣᠷᠣᠨ ᠤ ᠨᠡᠭᠡᠭᠡᠯᠳᠡ᠂ ᠠᠰᠠᠭᠲᠦ ᠶᠢᠨ ᠴᠢᠯᠠᠭᠤᠨ ᠰᠢᠭᠤᠢ ᠶᠢᠨ ᠦᠵᠡᠮᠵᠢ ᠶᠢᠨ ᠣᠷᠣᠨ ᠢ ᠰᠠᠶᠢᠵᠢᠷᠠᠭᠤᠯᠬᠤ᠂ ᠪᠦᠲᠦᠭᠦᠨ ᠠᠭᠤᠯᠠ ᠶᠢᠨ ᠵᠢᠭᠤᠯᠴᠢᠯᠠᠯ ᠵᠡᠷᠭᠡ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠣᠶᠤᠨᠴᠢ ᠵᠢᠭᠤᠯᠴᠢᠯᠠᠯ ᠤᠨ ᠪᠠᠢᠭᠤᠯᠤᠯᠲᠠ ᠶᠢ ᠴᠢᠩᠭᠠᠳᠬᠠᠵᠦ᠂ ᠬᠡᠰᠢᠭᠲᠡᠨ ᠬᠤᠰᠢᠭᠤᠨ ᠤ ᠵᠢᠭᠤᠯᠴᠢᠯᠠᠯ ᠤᠨ ᠲᠣᠮᠣ ᠳ᠋ᠠᠶᠢᠲ᠋ᠠ  ᠶᠢᠨ ᠲᠥᠪ ᠵᠢᠴᠢ ᠡᠯ᠎ᠡ ᠦᠵᠡᠮᠵᠢ ᠶᠢᠨ ᠣᠷᠣᠨ ᠤ ᠤᠶᠤᠨᠲᠤ ᠪᠦᠷᠢᠨ ᠤᠶᠢᠯᠡᠴᠢᠯᠡᠭᠡ ᠶᠢ ᠪᠠᠶᠢᠭᠤᠯᠤᠨ ᠪᠦᠲᠦᠭᠡᠬᠦ  ᠶᠢᠨ ᠬᠠᠮᠲᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠤᠯᠠᠭᠠᠨᠬᠠᠳᠠ ᠬᠤᠲᠠ ᠶᠢᠨ ᠭᠤᠷᠪᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠠᠵᠤ ᠦᠢᠯᠡᠰ ᠤᠨ ᠭᠦᠭᠵᠢᠭᠦᠯᠦᠯᠳᠡ ᠶᠢᠨ ᠶᠡᠭᠡ ᠬᠤᠷᠠᠯ ᠢ ᠥᠨᠳᠥᠷ ᠪᠠᠷᠢᠮᠵᠢᠶ᠎ᠠ ᠪᠠᠷ ᠳᠠᠭᠠᠭᠠᠨ ᠡᠷᠬᠢᠯᠡᠵᠦ᠂ ᠠᠳᠤᠭᠤᠨ ᠰᠣᠶᠣᠯ ᠤᠨ ᠨᠠᠶᠢᠷ᠂ ᠲᠠᠯ᠎ᠠ ᠨᠤᠲᠤᠭ ᠤᠨ ᠳᠠᠭᠤᠤ ᠬᠥᠭᠵᠢᠮ  ᠤᠨ ᠨᠠᠶᠢᠷ ᠪᠠ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠶᠢᠷ ᠵᠡᠷᠭᠡ ᠠᠵᠢᠯᠯᠠᠭᠠᠨ ᠢ ᠪᠡᠯᠡᠳᠬᠡᠨ ᠡᠷᠬᠢᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠰᠠᠳ ᠤᠨ ᠲᠤᠭ᠎ᠠ ᠬᠡᠮᠵᠢᠶ᠎ᠡ ᠪᠠ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ ᠨᠡᠮᠡᠭᠳᠡᠭᠦᠯᠬᠦ ᠪᠠᠶᠢᠳᠠᠯ ᠢ ᠪᠠᠲᠤᠯᠠᠬᠤ ᠪᠠᠷ ᠴᠢᠷᠮᠠᠶᠢᠨ᠎ᠠ᠃      ︵ᠭᠤᠷᠪᠠ︶ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠳᠣᠪᠣᠶᠢᠯᠭᠠᠵᠤ᠂ ᠠᠮᠢ ᠠᠬᠤᠢ ᠤᠷᠴᠢᠨ ᠲᠤᠭᠤᠷᠢᠨ ᠤ ᠶᠠᠰᠦ ᠴᠢᠨᠠᠷ ᠢ ᠴᠢᠷᠮᠡᠶᠢᠨ ᠳᠡᠭᠡᠭᠰᠢᠯᠡᠭᠦᠯᠦᠨ᠎ᠡ      ᠪᠤᠬᠢᠷᠲᠦᠯ ᠦᠬᠡᠢ ᠠᠭᠤᠯᠠ ᠤᠰᠤ ᠶᠠᠭᠤᠨ ᠠᠴᠠ ᠴᠦ ᠡᠷᠭᠢᠮ ᠨᠠᠨᠳᠢᠨ ᠬᠡᠭᠦ ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠪᠠ ᠬᠡᠷᠡᠭᠴᠡᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ᠂ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠵᠡᠷᠭᠡ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠤᠨ ᠵᠠᠭᠠᠭ ᠬᠢᠵᠠᠭᠠᠷ ᠢ ᠨᠠᠶᠢᠳᠠᠪᠤᠷᠢᠵᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠶᠠᠰᠤ ᠴᠢᠨᠠᠷ᠂ ᠣᠷᠴᠢᠨ ᠠᠬᠤᠶ ᠶᠢᠨ ᠬᠠᠮᠠᠭᠠᠯᠠᠯᠲᠠ᠂ ᠡᠨᠧᠷᠭᠢ ᠶᠢᠨ ᠬᠤᠷᠣᠭᠳᠠᠯ ᠵᠡᠷᠭᠡ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ 2021 ᠣᠨ ᠤ ᠡᠨᠧᠷᠭᠢ ᠶᠢᠨ ᠬᠤᠷᠣᠭᠳᠠᠯ ᠤᠨ ᠬᠦᠴᠦᠯᠡᠴᠡ  ᠶᠢ 3.2% ᠠᠴᠠ ᠳᠡᠭᠡᠭᠰᠢ ᠪᠠᠭᠤᠷᠠᠭᠤᠯᠵᠤ᠂ ᠡᠨᠧᠷᠭᠢ ᠶᠢᠨ ᠬᠤᠷᠣᠭᠳᠠᠯ ᠤᠨ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠬᠤ ᠬᠠᠷᠠᠯᠲᠠ ᠶᠢ 2.31 ᠲᠦᠮᠡᠨ ᠲᠣᠨ ᠤ ᠪᠠᠷᠢᠮᠵᠢᠶ᠎ᠠ ᠶᠢᠨ ᠳᠣᠲᠣᠷ᠎ᠠ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠤᠯᠤᠰ ᠤᠨ ᠨᠡᠭᠦᠷᠡᠰᠦᠲᠥ᠋ᠷᠥᠭᠴᠢ ᠶᠢᠨ ᠬᠠᠮᠤᠭ ᠦᠨᠲᠦᠷ ᠬᠢᠵᠠᠭᠠᠷ ᠬᠡᠮᠵᠢᠭᠳᠡᠯ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤ᠂ ᠬᠡᠶ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠲᠠᠶᠢᠯᠠᠯᠲᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠭᠢᠵᠢᠭᠦᠯᠵᠦ᠂ ᠲᠠᠷᠠᠬᠠᠶ ᠨᠡᠭᠦᠷᠡᠰᠦ ᠵᠢᠴᠢ ᠨᠡᠭᠦᠷᠡᠰᠦ ᠲᠦᠯᠡᠬᠦ ᠵᠤᠤᠬ᠎ᠠ ᠶᠢ ᠵᠠᠰᠠᠬᠤ᠂ ᠠᠵᠤ ᠦᠶᠯᠡᠳᠪᠦᠷᠢ ᠶᠢᠨ ᠪᠣᠬᠢᠷᠲᠤᠯ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠮᠠᠰᠢᠨ ᠲᠡᠷᠭᠡᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠠᠭᠠᠷ ᠮᠠᠨᠳᠠᠯ ᠤᠨ ᠣᠷᠴᠢᠨ ᠲᠣᠭᠤᠷᠢᠨ ᠢ ᠵᠠᠰᠠᠬᠤ ᠲᠥᠷᠥᠯ ᠵᠦᠶᠯ ᠢ ᠯᠠᠪᠳᠠᠭᠤᠨ ᠢᠶᠠᠷ ᠠᠬᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠳᠣᠲᠣᠷᠠᠬᠢ ᠭᠤᠣᠯ ᠤᠨ ᠵᠠᠮ ᠪᠠ ᠴᠢᠬᠤᠯᠠ ᠨᠠᠭᠤᠷ ᠴᠥᠭᠦᠷᠥᠮ ᠨᠤᠭᠤ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠪᠣᠬᠢᠷ ᠤᠰᠤ ᠭᠠᠳᠠᠭᠰᠢᠯᠠᠭᠤᠯᠬᠤ ᠶᠢ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ ᠪᠦᠬᠦ ᠬᠤᠰᠢᠭᠤᠨ ᠤ ᠬᠥᠷᠥᠰᠥ ᠰᠢᠷᠣᠢ ᠪᠣᠬᠢᠷᠲᠤᠭᠰᠠᠨ ᠭᠠᠵᠠᠷ ᠤᠨ ᠨᠠᠷᠢᠨ ᠳᠠᠩᠰᠠ ᠪᠠ ᠨᠡᠭᠡᠭᠡᠨ ᠠᠰᠢᠭᠯᠠᠯᠲᠠ ᠶᠢᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠬᠥᠷᠥᠰᠥ ᠰᠢᠷᠣᠢ ᠶᠢᠨ ᠪᠣᠬᠢᠷᠲᠤᠯ ᠢ ᠵᠠᠰᠠᠨ ᠰᠡᠷᠭᠦᠭᠡᠬᠦ ᠠᠵᠢᠯ ᠢ ᠲᠥᠯᠥᠪᠯᠡᠭᠡ ᠶᠣᠰᠣᠭᠠᠷ ᠥᠷᠨᠢᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ ᠡᠳ᠋ ᠤᠨ ᠬᠠᠮᠢᠶᠠᠷᠤᠯᠲᠠ ᠶᠢ ᠴᠢᠩᠳᠠᠯᠠᠵᠤ᠂ ᠠᠶᠤᠯᠲᠠᠶ ᠬᠠᠶᠠᠭᠳᠠᠮᠠᠯ ᠡᠳ᠋ ᠢ ᠪᠤᠢ ᠪᠤᠯᠭᠠᠬᠤ᠂ ᠬᠠᠳᠠᠭᠠᠯᠠᠬᠤ᠂ ᠰᠢᠯᠵᠢᠭᠦᠯᠬᠦ᠂ ᠰᠢᠶᠳᠪᠦᠷᠢᠯᠡᠵᠦ ᠠᠰᠢᠭᠯᠠᠬᠤ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠠᠶᠤᠯᠲᠠᠶ ᠬᠠᠶᠠᠭᠳᠠᠮᠠᠯ ᠡᠳ᠋ ᠤᠨ ᠣᠷᠴᠢᠨ ᠲᠣᠭᠤᠷᠢᠨ ᠢ ᠪᠣᠬᠢᠷᠲᠤᠭᠤᠯᠬᠤ ᠳᠠᠯᠳᠠ ᠭᠡᠮ ᠢ ᠴᠢᠩᠭ᠎ᠠ ᠬᠢᠵᠠᠭᠠᠷᠯᠠᠨ᠎ᠠ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠪᠡᠭᠡᠵᠢᠩ ᠲᠢᠶᠠᠨᠵᠢᠨ  ᠤ ᠰᠠᠯᠬᠢ ᠡᠯᠡᠰᠦᠨ ᠤ ᠡᠬᠢ ᠶᠢ ᠵᠠᠰᠠᠬᠤ᠂ ᠬᠡᠪᠴᠢᠶᠡᠵᠢᠭᠦᠯᠦᠭᠰᠡᠨ ᠣᠶ ᠰᠢᠭᠤᠶ ᠶᠢᠨ ᠲᠠᠯᠠᠪᠠᠶ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ᠂ ᠬᠥᠷᠥᠰᠥ ᠰᠢᠷᠣᠶ ᠶᠢᠨ ᠬᠠᠮᠠᠭᠠᠯᠠᠯᠲᠠ᠂ ᠪᠠᠭ᠎ᠠ ᠰᠠᠪᠠ ᠭᠠᠵᠠᠷ ᠤᠨ ᠵᠠᠰᠠᠯᠲᠠ ᠵᠡᠷᠭᠡ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ 2021 ᠣᠨ ᠳᠤ 27.6 ᠲᠦᠮᠡᠨ ᠮᠥ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠲᠠᠯ᠎ᠠ ᠨᠤᠲᠤᠭ ᠤᠨ ᠠᠮᠢ ᠠᠬᠤᠢ ᠶᠢᠨ ᠨᠥᠬᠦᠪᠥᠷᠢ ᠱᠠᠩᠨᠠᠯ᠂ ᠪᠡᠯᠴᠢᠭᠡᠷᠯᠡᠭᠦᠯᠬᠦ ᠶᠢ ᠴᠠᠭᠠᠵᠠᠯᠠᠵᠦ ᠰᠡᠯᠭᠦᠨ ᠪᠡᠯᠴᠢᠭᠡᠷᠯᠡᠭᠦᠯᠬᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠡᠷᠭᠡ ᠬᠠᠤᠯᠢ ᠲᠣᠭᠲᠠᠭᠠᠯ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠣᠢ ᠰᠢᠭᠤᠢ ᠨᠤᠲᠤᠭ ᠪᠡᠯᠴᠢᠭᠡᠷ ᠢ ᠡᠪᠳᠡᠭᠰᠡᠨ ᠡᠯ᠎ᠡ ᠲᠥᠷᠥᠯ ᠤᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠢ ᠲᠥᠷᠥᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠢᠯ ᠤᠨ ᠳᠣᠲᠣᠷ᠎ᠠ 2 ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号