| | —— 2021 ᠣᠨ ᠤ 3 ᠰᠠᠷ᠎ᠠ ᠶᠢᠨ10 ᠤ ᠡᠳᠦᠷ ᠬᠡᠰᠢᠭᠲᠡᠨ ᠬᠤᠰᠢᠭᠤᠨ ᠤ ᠠᠷᠪᠠᠨ | ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ | ᠬᠤᠷᠠᠯᠳᠤᠭᠠᠨ ᠳᠡᠭᠡᠷ᠎ᠡ | | | ᠬᠡᠰᠢᠭᠲᠡᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢᠦ ᠵᠢᠩ ᠺᠦᠶ | | | ᠲᠥᠯᠥᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠰᠤᠯᠠ | ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠤᠭᠠᠷᠠᠢ᠃ | 2020 ᠣᠨ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ | ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠳᠥᠷᠪᠡᠳᠦᠭᠡᠷ ᠪᠥᠬᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ ᠵᠢᠴᠢ ᠲᠥᠪ ᠤᠨ ᠤᠯᠤᠰ ᠲᠥᠷᠥ ᠬᠠᠤᠯᠢ | ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ | ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠠᠷᠠᠳ ᠣᠯᠠᠨ ᠳᠤ ᠲᠥᠪ ᠭᠤᠤᠯᠴᠢ ᠰᠢᠳᠤᠷᠭᠤ ᠶᠣᠰᠣ ᠶᠢ | ᠮᠡᠳᠡᠷᠡᠭᠦᠯᠬᠦ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ | ᠲᠥᠪ ᠭᠤᠤᠯᠴᠢ ᠪᠠᠷ ᠬᠠᠤᠯᠢ ᠪᠠᠷᠢᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠨ᠂ ᠦᠨᠳᠦᠰᠦᠨ ᠬᠠᠤᠯᠢ | ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠶᠴᠡᠳᠬᠡᠵᠦ᠂ ᠡᠯ᠎ᠡ ᠵᠦᠶᠯ | ᠤᠨ ᠠᠵᠢᠯ ᠰᠢᠨ᠎ᠡ ᠠᠬᠢᠴᠠ ᠲᠠᠢ ᠪᠣᠯᠪᠠ᠃ ᠪᠦᠬᠦ ᠵᠢᠯ ᠳᠤ ᠡᠯ᠎ᠡ ᠲᠥᠷᠥᠯ ᠤᠨ ᠬᠡᠷᠡᠭ ᠢ 9833 ᠶᠢ ᠬᠦᠯᠢᠶᠡᠨ | ᠠᠪᠴᠤ᠂ 9095 ᠶᠢ ᠨᠢ ᠰᠢᠭᠦᠨ ᠲᠠᠰᠤᠯᠵᠤ ᠭᠦᠢᠴᠡᠳᠬᠡᠨ ᠳᠠᠭᠤᠰᠬᠠᠵᠤ᠂ ᠰᠢᠭᠦᠨ ᠳᠠᠭᠤᠰᠬᠠᠭᠰᠠᠨ ᠨᠣᠷᠮ᠎ᠠ 92. | 49% ᠬᠦᠷᠴᠡᠢ᠃ | ᠨᠢᠭᠡ᠂ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠠᠢ | ᠲᠣᠭᠲᠠᠭᠤᠨ ᠪᠠᠶᠢᠳᠠᠯ ᠢ ᠬᠠᠮᠠᠭᠠᠯᠠᠪᠠ | ᠡᠷᠡᠭᠦᠦ ᠶᠢᠨ ᠶᠠᠯᠠᠲᠤ ᠬᠡᠷᠡᠭ ᠲᠤ ᠴᠢᠩᠭ᠎ᠠ ᠴᠣᠬᠢᠯᠲᠠ ᠥᠭᠪᠡ᠃ ᠠᠭᠤᠴᠢᠯᠠᠬᠤ ᠪᠠ ᠴᠢᠩᠭ᠎ᠠ ᠰᠢᠢᠳᠬᠡᠬᠦ ᠶᠢ | ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠥᠷᠦ ᠶᠢᠨ ᠪᠣᠳᠣᠯᠭ᠎ᠠ ᠶᠢ ᠴᠢᠩᠭ᠎ᠠ ᠲᠤᠤᠱᠯᠠᠭᠤᠯᠵᠤ᠂ 173 ᠡᠷᠡᠭᠦᠦ | ᠶᠢᠨ ᠬᠡᠷᠡᠭ ᠢ ᠰᠢᠭᠦᠨ ᠳᠠᠭᠤᠰᠬᠠᠵᠤ᠂ 214 ᠵᠠᠭᠠᠯᠳᠤᠭᠳᠠᠭᠴᠢ ᠶᠢ ᠰᠢᠢᠳᠬᠡᠪᠡ᠃ ᠠᠷᠠᠳ ᠣᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠨᠥᠵᠢᠳᠯᠡᠭᠰᠡᠨ᠂ ᠳᠡᠭᠡᠷᠡᠮᠳᠡᠭᠰᠡᠨ᠂ ᠪᠤᠯᠢᠶᠠᠭᠰᠠᠨ᠂ ᠬᠤᠯᠠᠭᠠᠶᠢᠯᠠᠭᠰᠠᠨ ᠵᠡᠷᠭᠡ 23 ᠶᠠᠯᠠᠲᠤ | ᠬᠡᠷᠡᠭ ᠤᠨ 27 ᠬᠥᠮᠦᠨ ᠢ ᠰᠢᠭᠦᠵᠦ ᠳᠠᠭᠤᠰᠬᠠᠪᠠ᠃ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ | ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠯ ᠲᠠᠯᠪᠢᠭᠰᠠᠨ᠂ | ᠠᠶᠤᠯᠲᠠᠢ ᠪᠠᠶᠢᠳᠠᠯ ᠢᠶᠠᠷ ᠲᠡᠷᠭᠡ ᠵᠢᠯᠣᠭᠤᠳᠤᠭᠰᠠᠨ ᠵᠡᠷᠭᠡ ᠶᠠᠯᠠᠲᠤ ᠬᠡᠷᠡᠭ ᠢ 62 ᠬᠤᠪᠢ 65 ᠬᠥᠮᠦᠨ ᠢ ᠰᠢᠭᠦᠵᠦ | ᠳᠠᠭᠤᠰᠬᠠᠪᠠ᠃ ᠨᠡᠶᠢᠭᠡᠮ ᠤᠨ ᠬᠠᠮᠢᠶᠠᠷᠤᠯᠲᠠ ᠶᠢ ᠬᠠᠷᠰᠢᠯᠠᠭᠰᠠᠨ ᠪᠠ ᠵᠠᠬ᠎ᠠ ᠳᠡᠯᠭᠡᠭᠦᠷ ᠤᠨ ᠠᠵᠤ ᠠᠬᠤᠢ ᠶᠢᠨ | ᠡᠮᠬᠢ ᠵᠢᠷᠤᠮ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥ ᠡᠷᠢᠵᠦ ᠬᠡᠷᠡᠭ ᠡᠳᠦᠭᠰᠡᠨ᠂ | ᠮᠡᠬᠡᠯᠡᠭᠰᠡᠨ ᠵᠡᠷᠭᠡ 20 ᠶᠠᠯᠠᠲᠤ ᠬᠡᠷᠡᠭ ᠤᠨ 57 ᠬᠥᠮᠦᠨ ᠢ ᠰᠢᠭᠦᠵᠦ ᠳᠠᠭᠤᠰᠬᠠᠪᠠ᠃ ᠨᠡᠶᠢᠭᠡᠮ ᠤᠨ | ᠶᠡᠷᠦᠩᠬᠡᠶᠢᠯᠡᠭᠰᠡᠨ ᠵᠠᠰᠠᠯᠲᠠ ᠳᠤ ᠢᠳᠡᠪᠬᠢᠲᠡᠶ ᠣᠷᠣᠯᠴᠠᠵᠤ᠂ ᠵᠠᠯᠠᠭᠤᠴᠤᠳ ᠪᠠᠭᠠᠴᠤᠳ ᠤᠨ ᠶᠠᠯ᠎ᠠ ᠬᠢᠬᠦ ᠶᠢ | ᠰᠡᠷᠭᠡᠶᠢᠯᠡᠬᠦ᠂ ᠬᠠᠷᠢᠭᠤ ᠰᠤᠷᠪᠤᠯᠵᠢᠯᠠᠵᠤ ᠬᠠᠪᠰᠤᠷᠤᠨ ᠰᠤᠷᠭᠠᠬᠤ᠂ ᠨᠡᠶᠢᠭᠡᠮ ᠲᠣᠭᠤᠷᠢᠭ ᠠᠴᠠ ᠵᠠᠯᠠᠷᠠᠭᠤᠯᠬᠤ ᠵᠡᠷᠭᠡ | ᠠᠵᠢᠯ ᠢ ᠬᠢᠨᠠᠮᠠᠭᠠᠶ ᠰᠠᠶᠢᠲᠤᠷ ᠬᠢᠵᠦ᠂ ᠶᠠᠯ᠎ᠠ ᠬᠢᠬᠦ ᠶᠢ ᠰᠡᠷᠭᠡᠶᠢᠯᠡᠬᠦ ᠪᠠ ᠪᠠᠭᠠᠰᠬᠠᠪᠠ᠃ | ᠲᠤᠰᠬᠠᠢ ᠲᠡᠮᠡᠴᠡᠯ ᠢ ᠭᠦᠨᠵᠡᠭᠡᠢ ᠥᠷᠨᠢᠭᠦᠯᠪᠡ᠃ ᠪᠣᠳᠠᠲᠤ ᠬᠡᠷᠡᠭ ᠤᠨ ᠪᠣᠭᠤᠮᠲᠠ᠂ ᠭᠡᠷᠡᠴᠢ ᠪᠠᠷᠢᠮᠲᠠ ᠶᠢᠨ | ᠪᠣᠭᠤᠮᠲᠠ ᠪᠠ ᠬᠠᠤᠯᠢ ᠴᠠᠭᠠᠵᠠ ᠶᠢ ᠬᠡᠷᠡᠭᠯᠡᠬᠦ ᠪᠣᠭᠤᠮᠲᠠ ᠶᠢ ᠴᠢᠩᠭ᠎ᠠ ᠡᠵᠡᠮᠳᠡᠵᠦ᠂ ᠸᠠᠩ ᠬᠦᠢ ᠴᠢᠩ ᠵᠡᠷᠭᠡ 23 | ᠵᠠᠭᠠᠯᠳᠤᠭᠳᠠᠭᠴᠢ᠂ ᠼᠤᠤ ᠱᠠᠨ ᠵᠡᠷᠭᠡ 3 ᠵᠠᠭᠠᠯᠳᠤᠭᠳᠠᠭᠴᠢ ᠶᠢᠨ ᠬᠠᠷᠭᠢᠰ ᠬᠦᠴᠦᠨ ᠤ ᠶᠠᠯᠠᠲᠤ ᠬᠡᠷᠡᠭ ᠢ ᠬᠠᠤᠯᠢ | ᠶᠣᠰᠣᠭᠠᠷ ᠰᠢᠭᠦᠵᠦ ᠳᠠᠭᠤᠰᠬᠠᠨ᠂ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠪᠡ᠃ | ︽ᠡᠳ᠋ ᠮᠥᠩᠭᠦᠨ ᠤ ᠢᠷᠡᠯᠲᠡ ᠶᠢ ᠨᠢ ᠲᠠᠰᠤᠯᠬᠤ︾ ᠡᠷᠴᠢᠮ ᠢᠶᠠᠨ ᠴᠢᠩᠭᠠᠷᠠᠭᠤᠯᠵᠤ᠂ ᠨᠢᠭᠡᠳᠦᠭᠡᠷ ᠰᠢᠭᠦᠯᠲᠡ | ᠶᠢᠨ ᠲᠣᠷᠭᠠᠭᠤᠯᠢ ᠶᠢᠨ ᠮᠥᠩᠭᠦ 1542 ᠲᠦᠮᠡᠨ ᠲᠥᠭᠦᠷᠢᠭ᠂ ᠬᠠᠤᠯᠢ ᠪᠤᠰᠤ ᠣᠯᠵᠠᠪᠤᠷᠢ ᠶᠢ 125.72 | ᠲᠦᠮᠡᠨ ᠲᠥᠭᠦᠷᠢᠭ ᠨᠡᠬᠡᠮᠵᠢᠯᠡᠨ ᠲᠤᠰᠢᠶᠠᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠠᠵᠤ ᠠᠬᠤᠢ ᠶᠢᠨ | ᠰᠠᠭᠤᠷᠢ ᠶᠢ ᠡᠪᠳᠡᠪᠡ᠃ ︽ᠬᠤᠶᠠᠷ ᠡᠷᠬᠡᠪᠰᠢ︾᠂ ︽ᠨᠢᠭᠡ ᠬᠡᠷᠡᠭ ᠢ ᠭᠤᠷᠪᠠᠨ ᠲᠠᠯ᠎ᠠ ᠪᠠᠷ ᠪᠠᠶᠢᠴᠠᠭᠠᠬᠤ︾ | ᠲᠦᠷᠢᠮ ᠢ ᠭᠦᠨᠵᠡᠭᠡᠶ ᠲᠤᠤᠱᠯᠠᠭᠤᠯᠵᠤ᠂ ᠡᠷᠡᠭᠦᠦ ᠶᠢᠨ ᠬᠡᠷᠡᠭ ᠤᠨ ᠰᠦᠪᠡᠭᠴᠢ ᠶᠢ ᠢᠯᠡᠷᠡᠭᠦᠯᠬᠦ ᠪᠠ ᠰᠢᠯᠵᠢᠭᠦᠯᠦᠨ | ᠬᠦᠷᠭᠡᠬᠦ ᠲᠦᠷᠢᠮ ᠢ ᠲᠡᠭᠦᠯᠳᠡᠷᠵᠢᠭᠦᠯᠦᠨ᠂ ︽ᠬᠠᠮᠠᠭᠠᠯᠠᠭᠴᠢ︾᠂ ︽ᠬᠠᠷᠢᠴᠠᠭᠠᠨ ᠤ ᠲᠣᠤᠷ︾ ᠢ ᠭᠦᠨᠵᠡᠭᠡᠶ | ᠠᠭᠤᠳᠠᠯᠪᠠ᠃ | ᠵᠥᠷᠢᠴᠡᠯ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠪᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ | ᠶᠢᠨ ᠲᠤᠷᠰᠢᠯᠭ᠎ᠠ︾ ᠶᠢ ᠪᠠᠷᠢᠮᠲᠠᠯᠠᠨ ᠪᠠᠳᠠᠷᠠᠭᠤᠯᠵᠤ᠂ ᠵᠥᠷᠢᠴᠡᠯ ᠵᠢᠭᠤᠷᠠᠭᠠᠨ ᠢ ᠰᠢᠢᠳᠪᠦᠷᠢᠯᠡᠬᠦ ᠨᠢᠭᠡ | ᠥᠷᠳᠡᠭᠡᠴᠢᠯᠡᠭᠰᠡᠨ ᠬᠡᠯᠪᠡᠷᠢ ᠶᠢᠨ ᠣᠯᠠᠨ ᠡᠰᠢᠴᠢᠯᠡᠭᠰᠡᠨ ᠲᠣᠭᠲᠠᠴᠠ ᠶᠢ ᠪᠠᠶᠢᠭᠤᠯᠬᠤ ᠪᠠᠷ ᠭᠠᠷᠲᠠᠴᠠ ᠪᠣᠯᠭᠠᠨ᠂ | ᠳᠣᠲᠣᠭᠠᠳᠤ ᠳᠠᠭᠠᠨ ᠲᠣᠰ ᠪᠡᠶ᠎ᠡ ᠶᠢᠨ ᠵᠢᠭᠤᠷᠠᠭᠠᠨ ᠢ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂ ᠭᠠᠳᠠᠭᠰᠢ | ᠪᠠᠨ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠯᠤᠭ᠎ᠠ | ᠬᠤᠯᠪᠣᠭᠠᠯᠠᠨ᠂ ᠶᠡᠭᠡ ᠡᠶᠡᠳᠡᠭᠦᠯᠭᠡ ᠶᠢᠨ ᠪᠠᠶᠢᠷᠢᠰᠢᠯ ᠢ ᠪᠠᠶᠢᠭᠤᠯᠵᠤ᠂ ᠡᠶᠡᠳᠡᠭᠦᠯᠦᠭᠡᠳ ᠠᠮᠵᠢᠯᠲᠠ ᠣᠯᠤᠭᠰᠠᠨ | ᠪᠥᠭᠡᠳ ᠬᠡᠯᠡᠯᠴᠡᠭᠡᠷ ᠲᠣᠭᠲᠠᠭᠰᠠᠨ ᠢ ᠨᠢ ᠴᠠᠭ ᠲᠤᠬᠠᠢ ᠳᠤᠨᠢ ᠬᠢᠨᠠᠨ ᠪᠠᠶᠢᠴᠠᠭᠠᠵᠤ ᠨᠣᠳᠠᠯᠠᠨ᠂ ᠪᠦᠬᠦ ᠵᠢᠯ ᠤᠨ | ᠢᠷᠭᠡᠨ ᠤ ᠬᠡᠷᠡᠭ ᠤᠨ ᠡᠶᠡᠳᠡᠭᠦᠯᠭᠡ ᠶᠢᠨ ᠨᠣᠷᠮ᠎ᠠ 33.03% ᠳᠤ ᠬᠦᠷᠴᠦ᠂ ᠪᠦᠬᠦ ᠬᠤᠲᠠ ᠶᠢᠨ ᠢᠷᠭᠡᠨ ᠤ | ᠬᠡᠷᠡᠭ ᠤᠨ ᠡᠶᠡᠳᠡᠭᠦᠯᠭᠡ ᠶᠢᠨ ᠨᠣᠷᠮ᠎ᠠ 22.78% ᠠᠴᠠ 10.25 ᠵᠠᠭᠤᠨ ᠤ ᠬᠤᠪᠢ ᠥᠨᠳᠥᠷ ᠪᠣᠯᠵᠠᠢ᠃ | ᠬᠠᠤᠯᠢ ᠴᠠᠭᠠᠵᠠ ᠶᠢᠨ ᠬᠥᠮᠦᠵᠢᠭᠦᠯᠬᠦ᠂ ᠦᠨᠡᠯᠡᠬᠦ᠂ ᠵᠢᠯᠣᠭᠤᠳᠬᠤ᠂ ᠵᠢᠷᠤᠮᠵᠢᠭᠤᠯᠬᠤ ᠴᠢᠳᠠᠮᠵᠢ ᠶᠢ ᠭᠦᠢᠴᠡᠳ | ᠪᠠᠳᠠᠷᠠᠭᠤᠯᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠶᠢ ᠴᠢᠩᠭᠠᠳᠬᠠᠵᠤ᠂ ᠬᠠᠤᠯᠢ ᠶᠢ ᠬᠦᠨᠳᠦᠳᠬᠡᠬᠦ ᠬᠠᠤᠯᠢ | ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ | ᠪᠣᠯᠭᠠᠪᠠ᠃ | ᠬᠤᠶᠠᠷ᠂ ᠬᠠᠤᠯᠢ ᠴᠠᠭᠠᠵᠠ ᠶᠢᠨ ᠡᠭᠦᠷᠭᠡᠯᠡᠯ ᠢᠶᠠᠨ ᠴᠢᠩᠭᠠᠳᠬᠠᠵᠤ᠂ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠨᠡᠮᠡᠷᠢᠯᠡᠪᠡ | ᠭᠤᠷᠪᠠᠨ ᠶᠡᠭᠡ ᠪᠤᠭᠤᠮᠳᠠ ᠰᠢᠪᠲᠤᠯᠬᠤ ᠠᠵᠢᠯ ᠳᠤ ᠬᠠᠤᠯᠢ ᠶᠣᠰᠣᠭᠠᠷ ᠦᠢᠯᠡᠴᠢᠯᠡᠪᠡ᠃ ᠬᠦᠨᠳᠦ ᠶᠡᠭᠡ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠢᠳᠡᠪᠬᠢᠲᠡᠢ ᠣᠷᠣᠯᠴᠠᠵᠤ᠂ ᠲᠤᠰᠬᠠᠢ ᠵᠢᠭᠡᠯᠡᠯᠭᠡ ᠲᠠᠯᠪᠢᠭᠴᠢ ᠶᠢᠨ | ᠨᠡᠷᠡᠰ ᠤᠨ ᠵᠢᠭᠰᠠᠭᠠᠯᠲᠠ ᠶᠢᠨ ᠳᠦᠷᠢᠮ ᠢ ᠪᠠᠷᠢᠮᠲᠠᠯᠠᠨ᠂ ᠲᠤᠰᠬᠠᠢ ᠵᠢᠭᠡᠯᠡᠯᠭᠡ ᠲᠠᠯᠪᠢᠭᠴᠢ ᠶᠢᠨ ᠬᠡᠷᠡᠭ ᠢ ᠬᠢᠨᠠᠨ | ᠪᠠᠶᠢᠴᠠᠭᠠᠬᠤ ᠶᠢ ᠴᠢᠩᠭᠠᠳᠬᠠᠵᠤ᠂ ᠲᠤᠰᠬᠠᠢ ᠵᠢᠭᠡᠯᠡᠯᠭᠡ ᠳᠠᠯᠪᠢᠵᠤ ᠪᠠᠶᠢᠭ᠎ᠠ ᠪᠠᠷ ᠨᠣᠳᠠᠯᠠᠭᠰᠠᠨ ᠠᠷᠠᠳ ᠤᠨ | ᠬᠤᠭᠤᠷᠣᠨᠳᠣᠬᠢ ᠵᠢᠭᠡᠯᠡᠯᠭᠡ ᠶᠢᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠦᠴᠦᠨ ᠦᠭᠡᠢ ᠪᠠᠷ ᠮᠠᠭᠠᠳᠯᠠᠨ | ᠲᠣᠭᠳᠠᠭᠠᠪᠠ︔ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠭᠡᠷ᠎ᠡ ᠶᠢᠨ ᠬᠡᠷᠡᠭ ᠢ 228 ᠬᠤᠪᠢ ᠲᠣᠬᠢᠲᠠᠢ | ᠰᠢᠢᠳᠪᠦᠷᠢᠯᠡᠵᠦ᠂ ᠰᠠᠨᠠᠭᠠᠴᠢᠯᠠᠭ᠎ᠠ ᠠᠴᠠ ᠪᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠶᠠᠷᠢᠯᠴᠠᠬᠤ ᠬᠤᠷᠠᠯ | ᠬᠢᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠲᠠᠯᠳᠠ ᠭᠡᠮ ᠢ ᠭᠦᠨᠵᠡᠭᠡᠢ ᠪᠠᠶᠢᠴᠠᠭᠠᠨ | ᠣᠶᠢᠯᠠᠭᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠠᠬᠢᠭᠤᠯᠪᠠ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠵᠤ᠂ ᠠᠮᠢ ᠠᠬᠤᠢ ᠶᠢᠨ ᠣᠷᠴᠢᠨ ᠲᠣᠭᠤᠷᠢᠨ | ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠪᠤᠰᠤ ᠪᠠᠷ ᠠᠩ ᠠᠩᠨᠠᠭᠰᠠᠨ᠂ | ᠲᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠵᠡᠷᠭᠡ 11 ᠶᠠᠯᠠᠲᠤ ᠬᠡᠷᠡᠭ ᠤᠨ 14 ᠬᠥᠮᠦᠨ ᠢ | ᠰᠢᠭᠦᠨ ᠳᠠᠭᠤᠰᠬᠠᠵᠤ᠂ ᠠᠮᠢ ᠠᠬᠤᠶᠢᠴᠢ ᠬᠡᠰᠢᠭᠲᠡᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠬᠠᠮᠠᠭᠠᠯᠠᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠬᠤ ᠳᠤ ᠬᠤᠯᠪᠣᠭᠳᠠᠭᠰᠠᠨ ᠡᠯ᠎ᠡ ᠲᠦᠷᠦᠯ ᠤᠨ ᠬᠡᠷᠡᠭ ᠢ | ᠬᠢᠨᠠᠮᠠᠭᠠᠢ ᠰᠢᠭᠦᠨ ᠰᠢᠢᠳᠪᠦᠷᠢᠯᠡᠵᠦ᠂ ᠨᠠᠷᠢᠯᠢᠭ ᠣᠨᠣᠴᠠᠲᠠᠢ ᠪᠠᠷ ᠶᠠᠳᠠᠭᠤ ᠶᠢ ᠲᠡᠳᠬᠦᠬᠦ ᠠᠵᠢᠯ ᠳᠤ ᠬᠦᠴᠦᠨ | ᠨᠡᠮᠡᠷᠢᠯᠡᠪᠡ︔ ᠡᠭᠦᠨ ᠤ ᠬᠠᠮᠲᠤ᠂ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠵᠤ ᠬᠠᠪᠰᠤᠷᠤᠨ ᠲᠡᠳᠬᠦᠬᠦ ᠴᠢᠭ᠋ ᠲᠤ | ᠭᠦᠨᠵᠡᠭᠡᠶᠢᠷᠡᠨ᠂ ᠶᠠᠳᠠᠭᠤ ᠶᠢ ᠲᠡᠳᠬᠦᠬᠦ ᠠᠵᠤ ᠦᠶᠯᠡᠰ ᠢ ᠬᠥᠭᠵᠢᠭᠦᠯᠵᠦ᠂ ᠣᠨ ᠤ ᠠᠵᠢᠯ ᠲᠥᠷᠥᠯ ᠢᠶᠠᠷ ᠶᠠᠳᠠᠭᠤ | ᠶᠢ ᠲᠡᠳᠬᠦᠬᠦ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ | ᠠᠵᠤ ᠠᠬᠤᠢ ᠶᠢᠨ ᠬᠥᠭᠵᠢᠯᠲᠡ ᠶᠢ ᠪᠠᠲᠤᠯᠠᠬᠤ ᠳᠤ ᠬᠠᠤᠯᠢ ᠶᠣᠰᠣᠭᠠᠷ ᠦᠢᠯᠡᠴᠢᠯᠡᠪᠡ᠃ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠥᠬᠡᠶ ᠨᠥᠯᠥᠭᠡ ᠶᠢ ᠴᠢᠷᠮᠠᠶᠢᠨ ᠢᠯᠡᠨ | ᠳᠠᠪᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ | ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶ ᠶᠢᠨ ᠬᠥᠭᠵᠢᠯᠲᠡ | ᠲᠠᠢ ᠨᠢᠭᠲᠠ ᠬᠤᠯᠪᠣᠭ᠎ᠠ ᠲᠠᠢ ᠢᠷᠭᠡᠨ ᠤ ᠪᠠ ᠬᠤᠳᠠᠯᠳᠤᠭᠠᠨ ᠤ ᠬᠡᠷᠡᠭ ᠢ 5084 ᠬᠤᠪᠢ ᠰᠢᠭᠦᠨ ᠳᠠᠭᠤᠰᠬᠠᠵᠤ᠂ | ᠵᠠᠷᠭᠤ ᠶᠢᠨ ᠬᠠᠷᠠᠯᠲᠠ ᠶᠢᠨ ᠵᠣᠭᠤᠰ ᠤᠨ ᠲᠤᠭ᠎ᠠ 3.93 ᠳ᠋ᠦᠩᠰᠢᠭᠤᠷ ᠲᠥᠭᠦᠷᠢᠭ ᠲᠤ ᠬᠦᠷᠪᠡ᠃ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠬᠤᠳᠠᠯᠳᠤᠭᠠᠯᠠᠬᠤ ᠭᠡᠷ᠎ᠡ᠂ | ᠪᠣᠯᠪᠠᠰᠤᠷᠠᠭᠤᠯᠬᠤ ᠶᠢ ᠳᠠᠭᠠᠭᠠᠨ ᠠᠪᠬᠤ ᠭᠡᠷ᠎ᠡ᠂ ᠪᠠᠷᠢᠯᠭ᠎ᠠ ᠶᠢᠨ ᠠᠵᠢᠯ ᠤᠨ ᠭᠡᠷ᠎ᠡ ᠵᠡᠷᠭᠡ ᠵᠢᠭᠤᠷᠠᠯᠳᠤᠭᠠᠨ ᠤ | ᠬᠡᠷᠡᠭ ᠢ 617 ᠬᠤᠪᠢ ᠰᠢᠭᠦᠨ ᠳᠠᠭᠤᠰᠬᠠᠵᠤ᠂ ᠵᠠᠬ᠎ᠠ ᠳᠡᠯᠭᠡᠭᠦᠷ ᠤᠨ ᠬᠥᠳᠡᠯᠭᠡᠭᠴᠢ ᠬᠦᠴᠦᠨ ᠠᠮᠢᠵᠢᠷᠠᠯ ᠤᠨ | ᠬᠦᠴᠦᠨ ᠢ ᠴᠢᠩᠭᠠᠷᠠᠭᠤᠯᠪᠠ᠃ ᠪᠦᠬᠦ ᠲᠠᠯ᠎ᠠ ᠪᠠᠷ᠂ ᠬᠠᠤᠯᠢ ᠶᠣᠰᠣᠭᠠᠷ᠂ ᠡᠷᠬᠡ ᠲᠡᠭᠰᠢ ᠪᠠᠷ ᠬᠠᠮᠠᠭᠠᠯᠠᠬᠤ ᠬᠠᠤᠯᠢ | ᠴᠠᠭᠠᠵᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ | ᠬᠤᠯᠪᠣᠭᠳᠠᠭᠰᠠᠨ ᠵᠢᠭᠤᠷᠠᠯᠳᠤᠭᠠᠨ ᠤ ᠬᠡᠷᠡᠭ ᠢ 1382 ᠬᠤᠪᠢ ᠰᠢᠭᠦᠨ ᠳᠠᠭᠤᠰᠬᠠᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠬᠠᠮᠠᠭᠠᠯᠠᠯᠲᠠ ᠬᠠᠩᠭᠠᠪᠠ᠃ ᠨᠡᠶᠢᠭᠡᠮ ᠵᠢᠷᠤᠮᠲᠤ ᠰᠢᠨ᠎ᠡ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠦᠴᠦᠯᠡᠨ ᠪᠠᠲᠤᠯᠠᠵᠤ᠂ ᠭᠠᠵᠠᠷ ᠰᠢᠷᠣᠢ᠂ ᠬᠠᠳᠤᠯᠠᠩ | ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠵᠢᠭᠤᠷᠠᠯᠳᠤᠭᠠᠨ ᠤ ᠬᠡᠷᠡᠭ 56 ᠶᠢ ᠰᠢᠭᠦᠨ ᠳᠠᠭᠤᠰᠬᠠᠵᠤ᠂ | ᠮᠠᠯᠵᠢᠬᠤ ᠲᠠᠷᠢᠶᠠᠯᠠᠬᠤ ᠣᠷᠣᠨ ᠤ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠶᠢ ᠬᠠᠤᠯᠢ ᠶᠣᠰᠣᠭᠠᠷ | ᠳᠦᠷᠢᠮᠵᠢᠭᠦᠯᠪᠡ᠃ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠬᠦᠨᠳᠦ ᠶᠡᠭᠡ ᠬᠥᠨᠳᠡᠭᠦᠷ ᠲᠠᠢ | ᠬᠡᠷᠡᠭ ᠢ ᠪᠣᠯᠭᠤᠮᠵᠢᠲᠠᠢ ᠰᠢᠢᠳᠪᠦᠷᠢᠯᠡᠵᠦ᠂ ᠭᠡᠷ ᠪᠠᠶᠢᠰᠢᠩ ᠲᠦᠷᠢᠶᠡᠰᠦᠯᠡᠭᠦᠯᠦᠭᠴᠢ 103 ᠬᠥᠮᠦᠨ ᠤ ᠮᠧᠩ ᠾᠦᠢ | ᠺᠣᠮᠫᠠᠨᠢ ᠠᠴᠠ ᠲᠦᠷᠢᠶᠡᠰᠦᠨ ᠮᠥᠩᠭᠦ ᠨᠡᠬᠡᠨ ᠠᠪᠤᠭᠰᠠᠨ ᠬᠡᠷᠡᠭ ᠢ ᠬᠠᠤᠯᠢ ᠶᠣᠰᠣᠭᠠᠷ ᠰᠢᠭᠦᠨ ᠲᠠᠰᠤᠯᠵᠤ᠂ ᠪᠢᠨ | ᠶᠤᠸᠠᠢ ᠰᠢᠨ᠎ᠡ ᠬᠤᠲᠠ ᠰᠠᠭᠤᠭᠠᠯᠢ ᠲᠣᠭᠤᠷᠢᠭ ᠤᠨ 170 ᠭᠠᠷᠤᠢ ᠡᠷᠦᠬᠡ ᠰᠠᠭᠤᠭᠠᠯᠢ ᠠᠷᠠᠳ ᠤᠨ ᠤᠯᠠᠭᠠᠨᠬᠠᠳᠠ | ᠶᠢᠨ ᠲᠢᠶᠠᠨ ᠴᠧᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ | ᠠᠴᠠ ᠶᠡᠭᠡ ᠵᠠᠰᠠᠪᠤᠷᠢ ᠶᠢᠨ ᠰᠠᠭᠤᠷᠢ ᠮᠥᠩᠭᠦ᠂ ᠭᠡᠷ᠎ᠡ ᠶᠢᠨ ᠭᠠᠶᠢᠯᠢ ᠨᠡᠭᠡᠨ ᠠᠪᠤᠭᠰᠠᠨ ᠬᠡᠷᠡᠭ ᠢ ᠠᠮᠵᠢᠯᠲᠠ ᠲᠠᠢ | ᠡᠶᠡᠳᠡᠭᠦᠯᠵᠦ᠂ ᠲᠣᠭᠳᠠᠭᠤᠨ ᠪᠦᠭᠡᠳ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠴᠢᠷᠮᠠᠶᠢᠨ | ᠪᠣᠢ ᠪᠣᠯᠭᠠᠪᠠ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠤ ᠬᠠᠤᠯᠢ ᠶᠣᠰᠣᠭᠠᠷ ᠦᠢᠯᠡᠴᠢᠯᠡᠪᠡ᠃ | ᠵᠠᠰᠠᠭ ᠵᠠᠬᠢᠷᠭᠠᠨ ᠤ ᠬᠠᠷᠢᠴᠠᠩᠭᠤᠢ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠠᠰᠠᠭ | ᠵᠠᠬᠢᠷᠭᠠᠨ ᠤ ᠡᠷᠬᠡ ᠶᠢᠨ ᠠᠵᠢᠯᠯᠠᠭᠠᠨ ᠳᠤ ᠬᠢᠨᠠᠯᠲᠠ ᠳᠠᠯᠪᠢᠨ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ 62 | ᠬᠤᠪᠢ ᠰᠢᠭᠦᠨ ᠳᠠᠭᠤᠰᠬᠠᠪᠠ᠂ ᠡᠭᠦᠨ ᠳᠤ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠵᠠᠷᠭᠤ ᠢᠯᠠᠭᠳᠠᠭᠰᠠᠨ᠂ | ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠪᠠᠨ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠤᠭᠰᠠᠨ᠂ ᠲᠤᠬᠠᠢ ᠶᠢᠨ | ᠬᠥᠮᠦᠨ ᠡᠶᠡᠳᠡᠵᠦ ᠵᠠᠭᠠᠯᠳᠤᠯᠭ᠎ᠠ ᠪᠠᠨ ᠪᠤᠴᠠᠭᠠᠭᠰᠠᠨ ᠵᠡᠷᠭᠡ ᠠᠷᠭ᠎ᠠ ᠬᠡᠯᠪᠡᠷᠢ ᠪᠠᠷ 16 ᠬᠤᠪᠢ ᠬᠡᠷᠡᠭ ᠢ | ᠳᠠᠭᠤᠰᠬᠠᠪᠠ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠳᠠᠮᠵᠢᠵᠤ᠂ 37 ᠬᠤᠪᠢ ᠵᠠᠰᠠᠭ ᠵᠠᠬᠢᠷᠭᠠᠨ ᠤ ᠵᠠᠷᠭᠤ ᠶᠢᠨ ᠪᠤᠰᠤ ᠬᠡᠷᠡᠭ ᠢ ᠬᠢᠨᠠᠨ ᠪᠠᠶᠢᠴᠠᠭᠠᠵᠤ᠂ | 27 ᠬᠤᠪᠢ ᠭᠦᠢᠴᠡᠳᠬᠡᠬᠦ ᠶᠢ ᠵᠥᠪᠰᠢᠶᠡᠷᠡᠬᠦ ᠲᠣᠭᠲᠠᠭᠠᠯᠲᠠ ᠭᠠᠷᠭᠠᠪᠠ᠃ ᠵᠠᠰᠠᠭ ᠵᠠᠬᠢᠷᠭᠠᠨ ᠤ ᠰᠢᠭᠦᠨ ᠲᠠᠰᠤᠯᠬᠤ | ᠡᠷᠬᠡ ᠲᠤᠰᠢᠶᠠᠯ ᠢ ᠤᠷᠲᠤᠳᠬᠠᠵᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠬᠡᠷᠡᠭᠵᠢᠭᠦᠯᠬᠦ ᠶᠠᠪᠤᠴᠠ ᠳᠤ | ᠣᠷᠣᠰᠢᠵᠤ ᠪᠠᠶᠢᠭ᠎ᠠ ᠠᠰᠠᠭᠤᠳᠠᠯ ᠤᠨ ᠲᠠᠯ᠎ᠠ ᠪᠠᠷ ᠴᠠᠭ ᠲᠤᠬᠠᠢ ᠳᠤᠨᠢ 100 ᠭᠠᠷᠤᠢ ᠤᠳᠠᠭ᠎ᠠ ᠬᠠᠤᠯᠢ ᠴᠠᠭᠠᠵᠠ | ᠶᠢᠨ ᠵᠥᠪᠯᠡᠯᠭᠡ ᠬᠠᠩᠭᠠᠪᠠ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠳᠤ 2 ᠬᠤᠪᠢ ᠬᠠᠤᠯᠢ ᠴᠠᠭᠠᠵᠠ ᠶᠢᠨ | ᠰᠠᠨᠠᠭᠤᠯᠭ᠎ᠠ ᠭᠠᠷᠭᠠᠪᠠ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ | ᠣᠷᠣᠯᠴᠠᠵᠤ ᠵᠠᠷᠭᠤ ᠬᠦᠯᠢᠶᠡᠬᠦ ᠶᠢ ᠲᠦᠯᠬᠢᠨ ᠠᠬᠢᠭᠤᠯᠵᠤ᠂ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ | ᠮᠡᠳᠡᠭᠳᠡᠯ ᠤᠨ ᠪᠢᠴᠢᠭ ᠢ 26 ᠬᠤᠪᠢ ᠭᠠᠷᠭᠠᠪᠠ᠃ | | | | |