2021 ᠤᠨ ᠤ ᠠᠷᠠᠳ ᠤᠨ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵ᠬᠤᠶᠠᠷ︶
ᠨᠡᠶᠢᠲᠡᠯᠡᠭᠰᠡᠨ ᠴᠠᠭ᠄
2021/5/10
     ᠭᠤᠷᠪᠠ᠂ ᠠᠷᠠᠳ ᠤᠨ ᠲᠥᠯᠥᠭᠡ ᠭᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠬᠠᠤᠯᠢ ᠪᠠᠷᠢᠬᠤ ᠦᠢᠯᠡᠴᠢᠯᠡᠭᠡᠨ ᠤ ᠵᠣᠬᠢᠴᠠᠮᠵᠢ ᠳᠤ ᠰᠢᠨ᠎ᠡ ᠶᠢ ᠡᠭᠦᠳᠪᠡ      ᠵᠠᠷᠭᠤ ᠶᠢᠨ ᠦᠢᠯᠡᠴᠢᠯᠡᠭᠡ ᠶᠢ ᠪᠦᠬᠦ ᠲᠠᠯ᠎ᠠ ᠪᠠᠷ ᠰᠢᠯᠢᠳᠡᠭᠵᠢᠭᠦᠯᠪᠡ᠃ ᠵᠠᠷᠭᠤ ᠶᠢᠨ ᠦᠢᠯᠡᠴᠢᠯᠡᠭᠡᠨ ᠤ ᠲᠥᠪ ᠎ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠨᠢᠭᠡ ᠥᠷᠲᠡᠭᠡᠴᠢᠯᠡᠭᠰᠡᠨ ᠬᠡᠯᠪᠡᠷᠢ ︾᠎ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠬᠠᠷᠭᠤᠭᠤᠯᠵᠤ᠂ ᠣᠷᠣᠨ ᠪᠦᠰᠡ ᠠᠯᠤᠰᠯᠠᠨ ᠬᠡᠷᠡᠭ ᠪᠣᠯᠭᠠᠨ ᠳᠠᠩᠰᠠᠯᠠᠬᠤ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠯ᠎ᠡ ᠱᠠᠲᠤᠨ ᠤ ᠰᠢᠭᠦᠬᠦ ᠬᠤᠷᠢᠶ᠎ᠠ ᠶᠢᠨ ᠣᠷᠣᠨ ᠪᠦᠰᠡ ᠠᠯᠤᠰᠯᠠᠨ ᠬᠡᠷᠡᠭ ᠪᠣᠯᠭᠠᠨ ᠳᠠᠩᠰᠠᠯᠠᠬᠤ ᠰᠢᠰᠲ᠋ᠧᠮ ᠲᠠᠢ ᠠᠮᠵᠢᠯᠲᠠ ᠲᠠᠢ ᠵᠣᠯᠭᠠᠭᠤᠯᠪᠠ᠃ ᠲᠤᠬᠠᠢ ᠶᠢᠨ ᠬᠥᠮᠦᠨ ᠤ ᠵᠠᠷᠭᠤ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠵᠠᠷᠭᠤ ᠶᠢᠨ ᠲᠦᠭᠰᠢᠭᠦᠷᠢ ᠶᠢᠨ ᠰᠠᠨᠠᠭᠤᠯᠤᠮᠵᠢ ᠪᠠ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠵᠡᠷᠭᠡ ᠠᠵᠢᠯ ᠢ ᠰᠠᠶᠢᠲᠤᠷ ᠬᠢᠵᠦ᠂ ᠪᠦᠬᠦ ᠵᠢᠯ ᠳᠤ ᠲᠤᠬᠠᠢ ᠶᠢᠨ ᠬᠥᠮᠦᠨ ᠢ 13000 ᠭᠠᠷᠤᠢ ᠬᠥᠮᠦᠨ ᠤᠳᠠᠭ᠎ᠠ ᠬᠦᠯᠢᠶᠡᠨ ᠠᠪᠤᠪᠠ᠃ ᠬᠠᠤᠯᠢ ᠴᠠᠭᠠᠵᠠ ᠶᠢᠨ ᠰᠢᠭᠦᠨ ᠲᠠᠰᠤᠯᠤᠯᠲᠠ ᠳᠠᠬᠢ ᠮᠡᠳᠡᠭᠡ ᠵᠠᠩᠭᠢᠵᠢᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠯᠲᠡ ᠶᠢ ᠴᠢᠬᠤᠯᠠᠴᠢᠯᠠᠵᠤ᠂ ᠰᠦᠯᠵᠢᠶᠡᠨ ᠤ ᠠᠴᠢᠶᠠᠯᠠᠪᠤᠷᠢ ᠶᠢ ᠠᠰᠢᠭᠯᠠᠨ ᠲᠢᠩᠬᠢᠮ ᠨᠡᠭᠡᠭᠡᠬᠦ᠂ ᠡᠶᠡᠳᠡᠭᠦᠯᠬᠦ᠂ ᠬᠦᠷᠭᠡᠬᠦ ᠶᠢ ᠪᠡᠶᠡᠯᠡᠭᠦᠯᠵᠦ᠂ ᠪᠦᠬᠦ ᠵᠢᠯ ᠳᠤ 236 ᠬᠤᠪᠢ ᠬᠡᠷᠡᠭ ᠢ ᠰᠦᠯᠵᠢᠶ᠎ᠡ ᠪᠠᠷ ᠰᠢᠭᠦᠵᠦ᠂ 534 ᠤᠳᠠᠭ᠎ᠠ ᠰᠦᠯᠵᠢᠶ᠎ᠡ ᠪᠠᠷ ᠳᠠᠮᠵᠢᠭᠤᠯᠤᠨ ᠬᠦᠷᠭᠡᠵᠦ᠂ ᠲᠤᠬᠠᠢ ᠶᠢᠨ ᠬᠥᠮᠦᠨ ᠤ ᠵᠠᠷᠭᠤ ᠬᠢᠬᠦ ᠳᠤ ᠲᠦᠬᠦᠮ ᠦᠵᠡᠭᠦᠯᠪᠡ᠃      ᠠᠷᠠᠳ ᠤᠨ ᠠᠮᠢᠳᠤᠷᠠᠯ ᠢ ᠬᠠᠤᠯᠢ ᠴᠠᠭᠠᠵᠠ ᠪᠠᠷ ᠪᠠᠲᠤᠯᠠᠬᠤ ᠶᠢ ᠴᠢᠬᠤᠯᠠᠴᠢᠯᠠᠪᠠ᠃ ᠠᠷᠠᠳ ᠤᠯᠠᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠶᠢ ᠰᠢᠭᠦᠬᠦ ᠬᠤᠷᠢᠶ᠎ᠠ ᠶᠢᠨ ᠠᠵᠢᠯ ᠤᠨ ᠦᠨᠳᠦᠰᠦᠨ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠂ ᠬᠡᠷᠡᠭᠯᠡᠭᠡ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠭᠰᠠᠨ 626 ᠬᠡᠷᠡᠭ ᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠪᠡ᠃ ᠭᠡᠷ ᠤᠨ ᠶᠠᠪᠤᠳᠠᠯ ᠤᠨ ᠰᠢᠭᠦᠨ ᠲᠠᠰᠤᠯᠤᠯᠲᠠ ᠶᠢᠨ ᠮᠠᠭᠠᠳᠯᠠᠬᠤ᠂ ᠰᠡᠷᠭᠦᠭᠡᠬᠦ ᠪᠠ ᠵᠠᠰᠠᠬᠤ ᠴᠢᠳᠠᠮᠵᠢ ᠶᠢ ᠪᠠᠳᠠᠷᠠᠭᠤᠯᠵᠤ᠂ ᠤᠷᠤᠭ ᠭᠡᠷ ᠪᠦᠯᠢ ᠶᠢᠨ ᠬᠡᠷᠡᠭ ᠢ 439 ᠬᠤᠪᠢ ᠰᠢᠭᠦᠨ ᠳᠠᠭᠤᠰᠬᠠᠪᠠ᠃ ᠲᠣᠭᠤᠷᠢᠨ ᠰᠢᠭᠦᠨ ᠲᠠᠰᠤᠯᠬᠤ ᠠᠵᠢᠯ ᠤᠨ ᠰᠦᠯᠵᠢᠶ᠎ᠡ ᠶᠢ ᠲᠡᠭᠦᠯᠳᠡᠷᠵᠢᠭᠦᠯᠵᠦ᠂ ᠤᠯᠠᠭᠠᠨᠪᠤᠳᠤᠩ ᠤᠨ ᠭᠤᠣᠯ ᠰᠢᠭᠦᠬᠦ ᠲᠢᠩᠬᠢᠮ ᠳᠤ ᠲᠦᠰᠢᠭᠯᠡᠨ᠂ ᠵᠢᠭᠤᠯᠴᠢᠯᠠᠯ ᠤᠨ ᠬᠥᠭᠵᠢᠶᠡᠨ ᠲᠠᠢ ᠤᠯᠠᠷᠢᠯ ᠳᠤ ᠡᠯ᠎ᠡ ᠶᠡᠭᠡ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠲᠣᠭᠤᠷᠢᠨ ᠬᠡᠷᠡᠭ ᠰᠢᠢᠳᠪᠦᠷᠢᠯᠡᠵᠦ᠂ ᠵᠢᠭᠤᠯᠴᠢᠯᠠᠭᠴᠢᠳ ᠲᠤ ᠬᠠᠤᠯᠢ ᠴᠠᠭᠠᠵᠠ ᠶᠢᠨ ᠲᠥᠪ ᠭᠤᠣᠯᠴᠢ ᠪᠠ ᠳᠥᠭᠦᠮ ᠳᠥᠲᠡ ᠶᠢ ᠮᠡᠳᠡᠷᠡᠭᠦᠯᠪᠡ᠃ ᠠᠪᠤᠷᠠᠨ ᠲᠤᠰᠠᠯᠠᠬᠤ ᠪᠠᠷᠢᠮᠵᠢᠶ᠎ᠠ ᠪᠠ ᠨᠥᠬᠦᠴᠡᠯ ᠢ ᠴᠢᠩᠭ᠎ᠠ ᠡᠵᠡᠮᠳᠡᠵᠦ᠂ ᠪᠦᠬᠦ ᠵᠢᠯ ᠳᠤ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠬᠡᠷᠡᠭ ᠢ 8 ᠬᠤᠪᠢ ᠰᠢᠢᠳᠪᠦᠷᠢᠯᠡᠵᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠮᠥᠩᠭᠦ ᠶᠢ 35 ᠲᠦᠮᠡᠨ ᠲᠥᠭᠦᠷᠢᠭ ᠲᠠᠷᠬᠠᠭᠠᠪᠠ᠃ ᠵᠠᠷᠭᠤ ᠶᠢᠨ ᠵᠠᠷᠤᠳᠠᠯ ᠢ ᠪᠠᠭᠠᠰᠬᠠᠬᠤ᠂ ᠬᠤᠶᠢᠰᠢᠯᠠᠭᠤᠯᠬᠤ᠂ ᠬᠡᠯᠲᠦᠷᠢᠭᠦᠯᠬᠦ ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ ᠠᠵᠤ ᠠᠬᠤᠢ ᠶᠢᠨ ᠲᠠᠯ᠎ᠠ ᠪᠠᠷ ᠦᠨᠡᠬᠡᠷ ᠬᠦᠴᠢᠷᠳᠡᠯ ᠲᠠᠢ 67 ᠲᠤᠬᠠᠢ ᠎ ᠶᠢᠨ ᠬᠥᠮᠦᠨ ᠤ 25.84 ᠲᠦᠮᠡᠨ ᠲᠥᠭᠦᠷᠢᠭ ᠤᠨ ᠵᠠᠷᠭᠤ ᠶᠢᠨ ᠵᠠᠷᠤᠳᠠᠯ ᠢ ᠪᠠᠭᠠᠰᠬᠠᠨ᠂ ᠬᠤᠶᠢᠰᠢᠯᠠᠭᠤᠯᠤᠨ᠂ ᠬᠡᠯᠲᠦᠷᠢᠭᠦᠯᠪᠡ᠃      ᠭᠦᠢᠴᠡᠳᠬᠡᠬᠦ ᠳᠤ ᠬᠦᠴᠢᠷᠲᠡᠢ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ ᠭᠦᠢᠴᠡᠳᠬᠡᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠭᠤᠣᠯᠳᠠᠯᠭ᠎ᠠ ᠶᠢ ︽ᠭᠦᠢᠴᠡᠳᠬᠡᠬᠦ ᠳᠤ ᠬᠦᠴᠢᠷᠲᠡᠢ ᠠᠰᠠᠭᠤᠳᠠᠯ ᠢ ᠦᠨᠳᠦᠰᠦᠨ ᠎ ᠳᠡᠭᠡᠨ ᠰᠢᠢᠳᠪᠦᠷᠢᠯᠡᠬᠦ︾᠎ ᠠᠴᠠ ︽ᠭᠦᠢᠴᠡᠳᠬᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ︾ ᠲᠡᠶᠢᠰᠢ ᠬᠤᠪᠢᠷᠠᠭᠤᠯᠵᠤ᠂ ᠪᠦᠬᠦ ᠵᠢᠯ ᠳᠤ 3150 ᠬᠤᠪᠢ ᠬᠡᠷᠡᠭ ︵ᠭᠦᠢᠴᠡᠳᠬᠡᠬᠦ ᠶᠢ ᠵᠣᠭᠰᠣᠭᠠᠭᠰᠠᠨ ᠬᠡᠷᠡᠭ ᠢ ᠪᠠᠭᠲᠠᠭᠠᠨ᠎ᠠ︶᠎ ᠢ ᠭᠦᠢᠴᠡᠳᠬᠡᠨ ᠳᠠᠭᠤᠰᠬᠠᠵᠤ᠂ ᠭᠦᠢᠴᠡᠳᠬᠡᠭᠰᠡᠨ ᠵᠣᠭᠤᠰ ᠤᠨ ᠲᠤᠭ᠎ᠠ ᠎ ᠨᠢ 8100 ᠭᠠᠷᠤᠢ ᠲᠦᠮᠡᠨ ᠲᠥᠭᠦᠷᠢᠭ ᠲᠤ ᠬᠦᠷᠪᠡ᠃ ᠭᠦᠢᠴᠡᠳᠬᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠡᠯ᠎ᠡ ᠠᠵᠢᠯ ᠤᠨ ᠪᠠᠶᠢᠷᠢ ᠶᠢᠨ ᠠᠵᠢᠯᠲᠠᠳ ᠠᠵᠢᠯ ᠬᠤᠪᠢᠶᠠᠷᠢᠯᠠᠨ ᠬᠠᠷᠢᠭᠤᠴᠠᠵᠤ᠂ ᠬᠠᠷᠢᠯᠴᠠᠨ ᠬᠢᠨᠠᠯᠲᠠ ᠲᠠᠯᠪᠢᠨ ᠬᠢᠵᠠᠭᠠᠷᠯᠠᠵᠤ᠂ ᠬᠤᠷᠢᠶᠠᠨ ᠠᠪᠤᠭᠰᠠᠨ ᠡᠳ᠋ ᠪᠣᠳᠠᠰ ᠢ ᠦᠨᠡᠯᠡᠨ ᠵᠢᠱᠢᠭᠰᠡᠨ ᠤ ᠲᠠᠷᠠᠭ᠎ᠠ ᠲᠤᠤ ᠪᠣᠣ ᠰᠦᠯᠵᠢᠶᠡᠨ ᠳᠤ ᠢᠯᠡ ᠪᠠᠷ ᠦᠨ᠎ᠡ ᠬᠠᠶᠠᠯᠴᠠᠨ ᠬᠤᠳᠠᠯᠳᠤᠵᠤ᠂ ᠪᠦᠬᠦ ᠵᠢᠯ ᠳᠤ ᠭᠦᠢᠴᠡᠳᠬᠡᠬᠦ ᠡᠳ᠋ ᠬᠦᠷᠦᠩᠭᠡ ᠶᠢ 336 ᠤᠳᠠᠭ᠎ᠠ ᠦᠨ᠎ᠡ ᠬᠠᠶᠠᠯᠴᠠᠨ ᠬᠤᠳᠠᠯᠳᠤᠵᠤ᠂ ᠰᠣᠯᠢᠯᠴᠠᠭᠠᠨ ᠤ ᠦᠨ᠎ᠡ ᠬᠠᠩᠰᠢ ᠶᠢᠨ ᠵᠣᠭᠤᠰ ᠨᠢ 894.55 ᠲᠦᠮᠡᠨ ᠲᠥᠭᠦᠷᠢᠭ ᠲᠤ ᠬᠦᠷᠪᠡ᠃ ᠭᠦᠢᠴᠡᠳᠬᠡᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠭᠦᠢᠴᠡᠳᠬᠡᠬᠦ ᠶᠢ ᠵᠣᠭᠰᠣᠭᠠᠭᠰᠠᠨ ᠬᠡᠷᠡᠭ ᠤᠨ ᠪᠠᠷᠢᠮᠵᠢᠶ᠎ᠠ ᠶᠢ ᠴᠢᠩᠳᠠᠯᠠᠵᠤ᠂ ᠡᠳ᠋ ᠬᠦᠷᠦᠩᠭᠡ ᠶᠢ ᠪᠠᠶᠢᠴᠠᠭᠠᠨ ᠡᠵᠡᠮᠳᠡᠬᠦ᠂ ᠡᠳ᠋ ᠬᠦᠷᠦᠩᠭᠡ ᠶᠢ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠭᠤᠭᠴᠤᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠤᠢᠢᠷ᠎ᠠ ᠶᠢᠨ ᠭᠤᠷᠪᠠᠨ ᠵᠢᠯ ᠳᠤ 14478 ᠬᠡᠷᠡᠭ ᠤᠨ ᠭᠦᠢᠴᠡᠳᠬᠡᠯᠲᠡ ᠶᠢᠨ ᠵᠣᠭᠤᠰ ᠲᠤ ᠥᠪᠡᠷ ᠤᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠵᠢᠷᠤᠮᠵᠢᠯ ᠦᠭᠡᠢ ᠭᠦᠢᠴᠡᠳᠬᠡᠯᠲᠡ ᠶᠢᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠵᠤ᠂ ᠭᠦᠢᠴᠡᠳᠬᠡᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃      ᠳᠥᠷᠪᠡ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠲᠥᠪ ᠭᠤᠤᠯᠴᠢ ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠪᠠ      ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠰᠢᠭᠦᠭᠴᠢ ᠪᠠᠷ ᠲᠠᠰᠤᠯᠤᠨ ᠲᠣᠭᠲᠠᠭᠠᠯᠭᠠᠬᠤ ᠲᠠᠢ ᠤᠶᠠᠯᠳᠤᠭᠤᠯᠤᠨ᠂ ᠣᠷᠣᠨ ᠲᠣᠭᠠᠲᠤ ᠰᠢᠭᠦᠬᠦ ᠲᠤᠰᠢᠶᠠᠯᠲᠠᠨ᠂ ᠬᠠᠮᠲᠤᠷᠠᠨ ᠵᠥᠪᠯᠡᠬᠦ ᠲᠢᠩᠬᠢᠮ ᠤᠨ ᠬᠡᠷᠡᠭ ᠰᠢᠢᠳᠪᠦᠷᠢᠯᠡᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠷᠢᠶᠠᠨ ᠳᠠᠷᠤᠭ᠎ᠠ ᠲᠢᠩᠬᠢᠮ ᠤᠨ ᠳᠠᠷᠤᠭ᠎ᠠ ᠶᠢ ᠪᠠᠶᠢᠩᠭᠤᠵᠢᠭᠤᠯᠤᠨ ᠬᠡᠷᠡᠭ ᠰᠢᠢᠳᠪᠦᠷᠢᠯᠡᠭᠦᠯᠵᠦ᠂ ᠪᠦᠬᠦ ᠵᠢᠯ ᠳᠤ ᠬᠤᠷᠢᠶᠠᠨ ᠳᠠᠷᠤᠭ᠎ᠠ᠂ ᠳᠡᠳ᠋ ᠬᠤᠷᠢᠶᠠᠨ ᠳᠠᠷᠤᠭ᠎ᠠ 398 ᠬᠤᠪᠢ ᠬᠡᠷᠡᠭ ᠢ ᠳᠠᠭᠠᠭᠠᠨ ᠰᠢᠢᠳᠪᠦᠷᠢᠯᠡᠵᠦ᠂ ᠲᠢᠩᠬᠢᠮ ᠤᠨ ᠳᠠᠷᠤᠭ᠎ᠠ᠂ ᠳᠡᠳ᠋ ᠲᠢᠩᠬᠢᠮ ᠤᠨ ᠳᠠᠷᠤᠭ᠎ᠠ 5334 ᠬᠤᠪᠢ ᠬᠡᠷᠡᠭ ᠢ ᠳᠠᠭᠠᠭᠠᠨ ᠰᠢᠢᠳᠪᠦᠷᠢᠯᠡᠪᠡ᠃ ᠲᠠᠰᠤᠯᠤᠨ ᠲᠣᠭᠲᠠᠭᠠᠭᠴᠢ ᠬᠠᠷᠢᠭᠤᠴᠠᠵᠤ᠂ ᠰᠢᠭᠦᠨ ᠲᠠᠰᠤᠯᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠲᠠᠢ ᠤᠶᠠᠯᠳᠤᠭᠤᠯᠤᠨ᠂ ᠬᠡᠷᠡᠭ ᠢ ᠵᠠᠳᠠᠯᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠬᠤᠷᠠᠯᠳᠤᠭᠤᠯᠵᠤ᠂ ᠪᠦᠬᠦ ᠵᠢᠯ ᠳᠤ 130 ᠬᠡᠷᠡᠭ ᠲᠤ ᠵᠠᠳᠠᠯᠤᠯᠲᠠ ᠬᠢᠵᠦ᠂ ᠠᠳᠠᠯᠢ ᠪᠤᠰᠤ ᠠᠰᠠᠭᠤᠳᠠᠯ ᠣᠷᠣᠰᠢᠵᠤ ᠪᠦᠬᠦᠢ 26 ᠬᠡᠷᠡᠭ ᠤᠨ 14 ᠳᠠᠭᠠᠭᠠᠨ ᠰᠢᠢᠳᠬᠡᠭᠴᠢ ᠶᠢ ᠲᠣᠭᠲᠠᠭᠠᠯ ᠶᠣᠰᠣᠭᠠᠷ ᠰᠢᠢᠳᠪᠦᠷᠢᠯᠡᠪᠡ᠃ ᠰᠢᠭᠦᠨ ᠲᠠᠰᠤᠯᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠢᠷᠭᠡᠨ ᠤ ᠬᠡᠷᠡᠭ ᠤᠨ ᠰᠢᠭᠦᠨ ᠲᠠᠰᠤᠯᠬᠤ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠭᠦᠯᠲᠡ ᠠᠴᠠ ᠡᠮᠦᠨᠡᠬᠢ ᠬᠤᠷᠠᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠴᠢᠬᠤᠯᠠ ᠡᠯᠧᠮᠧᠨ᠋ᠲ ᠤᠨ ᠬᠡᠯᠪᠡᠷᠢ ᠶᠢᠨ ᠰᠢᠭᠦᠨ ᠲᠠᠰᠤᠯᠤᠯᠲᠠ ᠶᠢ ᠥᠷᠨᠢᠭᠦᠯᠵᠦ᠂ ᠰᠢᠭᠦᠨ ᠲᠠᠰᠤᠯᠤᠯᠲᠠ ᠶᠢᠨ ᠪᠢᠴᠢᠭ ᠬᠠᠷ᠎ᠠ ᠲᠤᠭᠤᠷᠪᠢᠬᠤ ᠠᠷᠭ᠎ᠠ ᠬᠡᠯᠪᠡᠷᠢ ᠶᠢ ᠳᠥᠭᠦᠮᠴᠢᠯᠡᠵᠦ᠂ ᠪᠦᠬᠦ ᠵᠢᠯ ᠳᠤ ᠬᠡᠷᠡᠭ ᠰᠢᠢᠳᠪᠦᠷᠢᠯᠡᠬᠦ ᠳᠤ ᠳᠤᠮᠳᠠᠴᠢ ᠪᠠᠷ 49.6 ᠡᠳᠦᠷ ᠬᠡᠷᠡᠭᠯᠡᠵᠦ᠂ ᠪᠦᠬᠦ ᠬᠤᠲᠠ ᠶᠢᠨ ᠰᠢᠭᠦᠬᠦ ᠬᠤᠷᠢᠶ᠎ᠠ ᠶᠢᠨ ᠳᠤᠮᠳᠠᠴᠢ ᠬᠡᠮᠵᠢᠭᠳᠡᠯ 55.6 ᠡᠳᠦᠷ ᠠᠴᠠ 6 ᠡᠳᠦᠷ ᠳᠤᠲᠠᠭᠤ ᠬᠡᠷᠡᠭᠯᠡᠵᠦ᠂ ᠪᠦᠬᠦ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠶᠢᠨ ᠳᠤᠮᠳᠠᠴᠢ ᠬᠡᠮᠵᠢᠭᠳᠡᠯ 76.2 ᠡᠳᠦᠷ ᠠᠴᠠ 26.6 ᠡᠳᠦᠷ ᠳᠤᠲᠠᠭᠤ ᠬᠡᠷᠡᠭᠯᠡᠪᠡ︔ ᠬᠥᠮᠦᠨ ᠪᠦᠷᠢ ᠳᠤᠮᠳᠠᠴᠢ ᠪᠠᠷ 267 ᠬᠡᠷᠡᠭ ᠰᠢᠢᠳᠪᠦᠷᠢᠯᠡᠵᠦ ᠂ ᠪᠦᠬᠦ ᠬᠤᠲᠠ ᠶᠢᠨ ᠬᠥᠮᠦᠨ ᠪᠦᠷᠢ ᠳᠤᠮᠳᠠᠴᠢ ᠪᠠᠷ 237 ᠬᠡᠷᠡᠭ ᠰᠢᠢᠳᠪᠦᠷᠢᠯᠡᠭᠰᠡᠨ ᠬᠡᠮᠵᠢᠶ᠎ᠡ ᠠᠴᠠ ᠢᠯᠡᠭᠦᠦ 30 ᠬᠡᠷᠡᠭ ᠰᠢᠢᠳᠪᠦᠷᠢᠯᠡᠪᠡ᠃      ᠭᠦᠢᠴᠡᠳᠬᠡᠬᠦ ᠠᠵᠢᠯ ᠤᠨ ᠵᠣᠬᠢᠴᠠᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠬᠡᠰᠡᠭ ᠬᠤᠪᠢᠶᠠᠨ ᠡᠷᠴᠢᠮᠵᠢᠭᠦᠯᠦᠨ ᠭᠦᠢᠴᠡᠳᠬᠡᠬᠦ ᠠᠵᠢᠯ ᠤᠨ ᠬᠡᠪ ᠵᠠᠭᠪᠤᠷ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠢᠨᠲ᠋ᠧᠷ ᠰᠦᠯᠵᠢᠶᠡᠨ ᠤ ᠰᠡᠳᠬᠢᠬᠦᠢ ᠪᠠᠷ ᠤᠯᠠᠮᠵᠢᠯᠠᠯᠲᠤ ᠰᠡᠳᠬᠢᠬᠦᠢ ᠶᠢᠨ ᠬᠡᠪ ᠵᠠᠭᠪᠤᠷ ᠪᠠ ᠦᠢᠯᠡ ᠠᠵᠢᠯᠯᠠᠭ᠎ᠠ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠭᠦᠢᠴᠡᠳᠬᠡᠬᠦ ᠶᠢ ᠵᠢᠯᠣᠭᠤᠳᠬᠤ ᠲᠥᠪ ᠤᠨ ᠪᠣᠳᠠᠲᠤ ᠴᠣᠭᠴᠠᠵᠢᠭᠤᠯᠬᠤ ᠠᠵᠢᠯᠯᠠᠭᠠᠨ ᠢ ᠠᠬᠢᠭᠤᠯᠵᠤ᠂ ᠬᠡᠷᠡᠭ ᠢ ᠨᠢᠭᠡᠳᠦᠯᠲᠡᠢ ᠨᠠᠶᠢᠳᠠᠨ᠂ ᠪᠠᠶᠢᠴᠠᠭᠠᠨ ᠡᠵᠡᠮᠳᠡᠨ᠂ ᠬᠦᠷᠭᠡᠵᠦ᠂ ᠭᠦᠢᠴᠡᠳᠬᠡᠬᠦ ᠳᠤ ᠳᠥᠭᠦᠮ ᠬᠡᠷᠡᠭ ᠢ ᠲᠦᠷᠭᠡᠨ ᠭᠦᠢᠴᠡᠳᠬᠡᠨ ᠳᠠᠭᠤᠰᠬᠠᠵᠤ᠂ ᠪᠦᠬᠦ ᠵᠢᠯ ᠤᠨ ᠭᠦᠢᠴᠡᠳᠬᠡᠬᠦ ᠶᠢ ᠵᠢᠯᠣᠭᠤᠳᠬᠤ ᠲᠥᠪ ᠠᠴᠠ ᠭᠦᠢᠴᠡᠳᠬᠡᠵᠦ ᠳᠠᠭᠤᠰᠬᠠᠭᠰᠠᠨ ᠬᠡᠷᠡᠭ ᠨᠢ 720 ᠬᠤᠪᠢ ᠪᠠᠶᠢᠵᠤ᠂ ᠪᠦᠬᠦ ᠵᠢᠯ ᠤᠨ ᠭᠦᠢᠴᠡᠳᠬᠡᠵᠦ ᠳᠠᠭᠤᠰᠬᠠᠭᠰᠠᠨ ᠬᠡᠷᠡᠭ ᠤᠨ ᠶᠡᠷᠦᠩᠬᠡᠢ ᠲᠣᠭᠠᠨ ᠤ 25.81%᠎ ᠶᠢ ᠡᠵᠡᠯᠡᠵᠦ᠂ ᠭᠦᠢᠴᠡᠳᠬᠡᠬᠦ ᠳᠤ ᠳᠤᠮᠳᠠᠴᠢ ᠪᠠᠷ 46 ᠡᠳᠦᠷ ᠬᠡᠷᠡᠭᠯᠡᠵᠦ᠂ ᠪᠦᠬᠦ ᠬᠤᠷᠢᠶ᠎ᠠ ᠶᠢᠨ ᠳᠤᠮᠳᠠᠴᠢ ᠬᠡᠮᠵᠢᠭᠳᠡᠯ 85 ᠡᠳᠦᠷ ᠠᠴᠠ 39 ᠡᠳᠦᠷ ᠳᠤᠲᠠᠭᠤ ᠬᠡᠷᠡᠭᠯᠡᠪᠡ᠃ ᠭᠦᠢᠴᠡᠳᠬᠡᠯᠲᠡ ᠳᠤ ᠪᠦᠯᠬᠦᠮᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠬᠠᠤᠯᠢ ᠶᠢᠨ ᠰᠢᠭᠦᠭᠴᠢ ᠪᠠᠷ ᠭᠤᠣᠯ ᠪᠣᠯᠭᠠᠭᠰᠠᠨ ᠭᠦᠢᠴᠡᠳᠬᠡᠬᠦ ᠪᠦᠯᠬᠦᠮ ᠢ ᠪᠠᠶᠢᠭᠤᠯᠵᠤ᠂ ᠣᠷᠣᠨ ᠲᠣᠭᠠᠲᠤ ᠰᠢᠭᠦᠭᠴᠢ ᠶᠢᠨ ᠵᠢᠯᠤᠭᠤᠳᠤᠯᠭ᠎ᠠ ᠳᠣᠣᠷ᠎ᠠ ᠠᠵᠢᠯ ᠢᠶᠠᠨ ᠥᠷᠨᠢᠭᠦᠯᠪᠡ᠃ ᠭᠦᠢᠴᠡᠳᠬᠡᠬᠦ ᠪᠠ ᠲᠠᠰᠤᠯᠤᠯᠲᠠ ᠬᠢᠬᠦ ᠶᠢ ᠰᠠᠯᠭᠠᠬᠤ ᠶᠢ ᠪᠠᠷᠢᠮᠲᠠᠯᠠᠵᠤ᠂ ᠲᠤᠬᠠᠢ ᠶᠢᠨ ᠬᠥᠮᠦᠨ ᠣᠨᠳᠣᠣ ᠰᠠᠨᠠᠯ ᠳᠤᠷᠠᠳᠤᠭᠰᠠᠨ ᠪᠥᠭᠡᠳ ᠵᠠᠭᠠᠯᠳᠤᠯᠭ᠎ᠠ ᠭᠠᠷᠭᠠᠭᠰᠠᠨ ᠪᠠᠶᠢᠪᠠᠯ᠂ ᠬᠡᠷᠡᠭ ᠪᠣᠯᠭᠠᠨ ᠳᠠᠩᠰᠠᠯᠠᠭᠰᠠᠨ ᠤ ᠳᠠᠷᠠᠭ᠎ᠠ ᠰᠢᠭᠦᠨ ᠲᠠᠰᠤᠯᠬᠤ ᠲᠢᠩᠬᠢᠮ ᠠᠴᠠ ᠰᠢᠭᠦᠵᠦ᠂ ᠪᠦᠬᠦ ᠵᠢᠯ ᠳᠤ ᠰᠢᠭᠦᠨ ᠲᠠᠰᠤᠯᠬᠤ ᠲᠢᠩᠬᠢᠮ ᠠᠴᠠ ᠭᠦᠢᠴᠡᠳᠬᠡᠬᠦ ᠲᠤᠬᠠᠢ ᠣᠨᠳᠣᠣ ᠰᠠᠨᠠᠯ ᠤᠨ 111 ᠬᠡᠷᠡᠭ ᠢ ᠬᠢᠨᠠᠨ ᠪᠠᠶᠢᠴᠠᠭᠠᠵᠤ᠂ ᠭᠦᠢᠴᠡᠳᠬᠡᠬᠦ ᠲᠤᠬᠠᠢ ᠣᠨᠳᠣᠣ ᠰᠠᠨᠠᠯ ᠤᠨ ᠵᠠᠷᠭᠤ ᠶᠢᠨ 34 ᠬᠡᠷᠡᠭ ᠢ ᠰᠢᠭᠦᠵᠦ᠂ ᠭᠦᠢᠴᠡᠳᠬᠡᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠪᠠ᠃      ᠬᠠᠤᠯᠢ ᠴᠠᠭᠠᠵᠠ ᠶᠢ ᠢᠯᠡ ᠪᠣᠯᠭᠠᠬᠤ ᠶᠢ ᠪᠠᠷᠢᠮᠲᠠᠯᠠᠵᠤ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠪᠡ ᠃ ᠲᠠᠰᠣᠯᠣᠨ ᠲᠣᠭᠲᠠᠭᠠᠯᠲᠠ ᠶᠢᠨ ᠪᠢᠴᠢᠭ ᠬᠠᠷ᠎ᠠ᠂ ᠰᠢᠭᠦᠨ ᠲᠠᠰᠤᠯᠬᠤ ᠶᠠᠪᠤᠴᠠ᠂ ᠭᠦᠢᠴᠡᠳᠬᠡᠬᠦ ᠮᠡᠳᠡᠭᠡ ᠵᠠᠩᠭᠢ ᠪᠠ ᠲᠢᠩᠬᠢᠮ ᠤᠨ ᠰᠢᠭᠦᠯᠲᠡ ᠶᠢ ᠰᠢᠭᠤᠳ ᠨᠡᠪᠲᠡᠷᠡᠭᠦᠯᠬᠦ ᠲᠥᠷᠪᠡᠨ ᠶᠡᠭᠡ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠪᠥᠬᠦ ᠵᠢᠯ ᠳᠤ ᠲᠠᠰᠣᠯᠣᠨ ᠲᠣᠭᠲᠠᠭᠠᠯᠲᠠ ᠶᠢᠨ ᠪᠢᠴᠢᠭ ᠬᠠᠷ᠎ᠠ ᠶᠢ 3198 ᠬᠤᠪᠢ ᠰᠦᠯᠵᠢᠶᠡᠨ ᠳᠡᠭᠡᠷ᠎ᠡ ᠨᠡᠶᠢᠲᠡᠯᠡᠵᠦ᠂ ᠲᠢᠩᠬᠢᠮ ᠤᠨ ᠰᠢᠭᠦᠯᠲᠡ ᠶᠢ 934 ᠤᠳᠠᠭ᠎ᠠ ᠰᠢᠭᠤᠳ ᠨᠡᠪᠲᠡᠷᠡᠭᠦᠯᠵᠦ ᠂ ᠳᠠᠷᠤᠮ ᠤᠨ ᠲᠤᠭ᠎ᠠ ᠨᠢ 10 ᠲᠦᠮᠡᠨ ᠬᠥᠮᠦᠨ ᠤᠳᠠᠭ᠎ᠠ ᠶᠢ ᠳᠠᠪᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠠᠨᠠᠭᠤᠯᠭ᠎ᠠ ᠶᠢ ᠬᠢᠨᠠᠮᠠᠭᠠᠢ ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠰᠠᠨᠠᠭᠠᠴᠢᠯᠠᠭ᠎ᠠ ᠠᠴᠠ ᠪᠠᠨ ᠤᠷᠢᠵᠤ ᠲᠢᠩᠬᠢᠮ ᠤᠨ ᠰᠢᠭᠦᠯᠲᠡ ᠶᠢ ᠲᠣᠭᠤᠷᠢᠨ ᠦᠵᠡᠭᠦᠯᠵᠦ᠂ ᠭᠦᠢᠴᠡᠳᠬᠡᠬᠦ ᠶᠢ ᠭᠡᠷᠡᠴᠢᠯᠡᠭᠦᠯᠪᠡ᠃ ᠪᠠᠶᠢᠴᠠᠭᠠᠬᠤ ᠪᠠᠶᠢᠭᠤᠯᠤᠯᠭ᠎ᠠ ᠶᠢᠨ ᠬᠢᠨᠠᠯᠲᠠ ᠲᠠᠯᠪᠢᠬᠤ ᠰᠠᠨᠠᠭᠤᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠴᠠᠭᠠᠬᠤ ᠳᠠᠷᠤᠭ᠎ᠠ ᠶᠢ ᠤᠷᠢᠵᠤ ᠰᠢᠭᠦᠨ ᠲᠠᠰᠤᠯᠬᠤ ᠺᠣᠮᠢᠰ ᠤᠨ ᠬᠤᠷᠠᠯ ᠳᠤ 4 ᠤᠳᠠᠭ᠎ᠠ ᠰᠤᠯᠠ ᠣᠷᠣᠯᠴᠠᠭᠤᠯᠪᠠ᠃ ᠠᠯᠪᠠᠨ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ᠂ ᠠᠯᠪᠠᠨ ᠪᠦᠷᠭᠡ ᠶᠢᠨ ᠡᠬᠡ ᠪᠢᠴᠢᠭ ᠢ ᠬᠢᠨᠠᠨ ᠬᠠᠷᠭᠤᠭᠤᠯᠬᠤ᠂ ᠨᠡᠶᠢᠲᠡᠯᠡᠬᠦ ᠵᠣᠬᠢᠴᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠬᠥᠳᠡᠯᠦᠩᠭᠦᠶ ᠪᠠᠶᠢᠳᠠᠯ᠂ ᠰᠢᠭᠦᠨ ᠲᠠᠰᠤᠯᠤᠯᠲᠠ ᠶᠢ ᠬᠡᠷᠡᠭᠵᠢᠭᠦᠯᠦᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠳᠤ ᠰᠠᠨᠠᠭᠠᠴᠢᠯᠠᠭ᠎ᠠ ᠎ ᠠᠴᠠ ᠪᠠᠨ ᠬᠠᠷᠢᠭᠤᠯᠲᠠ ᠥᠭᠪᠡ᠃      ᠲᠠᠪᠤ᠂ ᠰᠢᠭᠦᠬᠦ ᠬᠤᠷᠢᠶ᠎ᠠ ᠶᠢ ᠪᠦᠬᠦ ᠲᠠᠯ᠎ᠠ ᠪᠠᠷ ᠴᠢᠩᠭ᠎ᠠ ᠵᠠᠰᠠᠵᠤ᠂ ᠰᠢᠭᠦᠬᠦ ᠬᠤᠷᠢᠶ᠎ᠠ ᠶᠢᠨ ᠰᠢᠯᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠪᠠ      ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠪᠠ᠃ ᠢᠮᠠᠭᠲᠠ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠰᠢᠭᠦᠬᠦ ᠬᠤᠷᠢᠶ᠎ᠠ ᠶᠢᠨ ᠠᠵᠢᠯ ᠤᠨ ᠤᠯᠤᠰ ᠲᠦᠷᠦ ᠶᠢᠨ ᠵᠥᠪ ᠴᠢᠭᠯᠡᠯ ᠢ ᠦᠨᠡᠨ ᠬᠦ ᠪᠠᠲᠤᠯᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠤᠣᠯᠯᠠᠬᠤ ᠳᠤᠭᠤᠶᠢᠯᠠᠩ ᠤᠨ ᠰᠤᠷᠤᠯᠴᠠᠯᠭ᠎ᠠ ᠶᠢ 13 ᠤᠳᠠᠭ᠎ᠠ᠂ ᠪᠥᠬᠦ ᠬᠤᠷᠢᠶ᠎ᠠ ᠶᠢᠨ ᠺᠠᠳ᠋ᠷ ᠴᠠᠭᠳᠠᠭ᠎ᠠ ᠶᠢᠨ ᠲᠥᠪᠯᠡᠷᠡᠭᠦᠯᠦᠭᠰᠡᠨ ᠰᠤᠷᠤᠯᠴᠠᠯᠭ᠎ᠠ ᠶᠢ 12 ᠤᠳᠠᠭ᠎ᠠ ᠶᠠᠪᠤᠭᠳᠠᠭᠤᠯᠵᠤ᠂ ᠺᠠᠳ᠋ᠷ ᠴᠠᠭᠳᠠᠭ᠎ᠠ ᠶᠢᠨ ᠤᠯᠤᠰ ᠲᠥᠷᠥ ᠎ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠪᠠ᠃ ᠰᠢᠭᠦᠬᠦ ᠬᠤᠷᠢᠶ᠎ᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠎ ᠶᠢᠨ ᠠᠵᠢᠯ ᠢ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠳᠤ ᠣᠷᠣᠭᠤᠯᠵᠤ᠂ ᠲᠤᠬᠠᠶᠢᠯᠠᠭᠰᠠᠨ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ ᠪᠠᠶᠢᠴᠠᠭᠠᠵᠤ᠂ ᠬᠠᠮᠲᠤ ᠳᠤᠨᠢ ᠬᠢᠨᠠᠨ ᠰᠢᠯᠭᠠᠪᠠ᠃      ᠬᠠᠤᠯᠢ ᠴᠠᠭᠠᠵᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠬᠠᠤᠯᠢ ᠶᠢᠨ ᠲᠤᠰᠢᠶᠠᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠢᠷᠭᠡᠨ ᠤ ᠬᠠᠤᠯᠢ ᠶᠢᠨ ᠪᠢᠴᠢᠭ ᠤᠨ ᠰᠤᠷᠤᠯᠴᠠᠯᠭ᠎ᠠ ᠎ ᠶᠢ ᠭᠤᠣᠯᠳᠠᠯᠭ᠎ᠠ ᠲᠠᠢ ᠴᠢᠩᠭᠠᠳᠬᠠᠵᠤ᠂ ᠪᠦᠬᠦ ᠵᠢᠯ ᠳᠤ ᠡᠯ᠎ᠡ ᠱᠠᠲᠤᠨ ᠤ ᠵᠣᠬᠢᠶᠠᠨ ᠪᠠᠶᠢᠭᠤᠯᠤᠭᠰᠠᠨ ᠢᠷᠭᠡᠨ ᠤ ᠬᠠᠤᠯᠢ ᠶᠢᠨ ᠪᠢᠴᠢᠭ ᠤᠨ ᠪᠣᠯᠪᠠᠰᠤᠷᠠᠯ ᠳᠤ 280 ᠭᠠᠷᠤᠢ ᠬᠥᠮᠦᠨ ᠤᠳᠠᠭ᠎ᠠ ᠣᠷᠣᠯᠴᠠᠪᠠ᠃ ᠰᠢᠭᠦᠨ ᠲᠠᠰᠤᠯᠬᠤ ᠪᠠ ᠭᠦᠢᠴᠡᠳᠬᠡᠬᠦ ᠠᠵᠢᠯ ᠲᠠᠢ ᠨᠢᠭᠲᠠ ᠤᠶᠠᠯᠳᠤᠭᠤᠯᠤᠨ᠂ ᠣᠷᠣᠨ ᠲᠣᠭᠠᠲᠤ ᠰᠢᠭᠦᠭᠴᠢ ᠶᠢᠨ ᠲᠢᠩᠬᠢᠮ ᠤᠨ ᠰᠢᠭᠦᠯᠲᠡ ᠶᠢᠨ ᠳᠦᠷᠰᠦ ᠰᠢᠩᠭᠡᠭᠡᠯᠲᠡ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠲᠣᠬᠢᠶᠠᠯᠳᠤᠯ ᠢᠶᠠᠷ ᠰᠣᠩᠭᠤᠨ ᠠᠪᠴᠤ ᠲᠥᠪᠯᠡᠷᠡᠭᠦᠯᠦᠨ ᠦᠨᠡᠯᠡᠨ ᠪᠠᠶᠢᠴᠠᠭᠠᠵᠤ᠂ ᠪᠢᠴᠢᠭᠡᠴᠢ ᠶᠢᠨ ᠡᠪᠬᠡᠮᠡᠯ ᠢ ᠲᠣᠬᠢᠶᠠᠯᠳᠤᠯ ᠢᠶᠠᠷ ᠰᠣᠩᠭᠤᠨ ᠠᠪᠴᠤ ᠬᠠᠷᠢᠯᠴᠠᠨ ᠦᠨᠡᠯᠡᠵᠦ᠂ ᠪᠦᠬᠦ ᠵᠢᠯ ᠳᠤ 26 ᠬᠤᠪᠢ ᠲᠢᠩᠬᠢᠮ ᠤᠨ ᠰᠢᠭᠦᠯᠲᠡ᠂ 32 ᠬᠤᠪᠢ ᠰᠢᠯᠢᠳᠡᠭ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠦᠨᠡᠯᠡᠨ ᠪᠠᠶᠢᠴᠠᠭᠠᠪᠠ᠃ ᠠᠵᠢᠯ ᠤᠨ ᠪᠠᠶᠢᠷᠢ ᠶᠢᠨ ᠪᠣᠯᠪᠠᠰᠤᠷᠠᠯ ᠢ ᠴᠢᠩᠭᠠᠳᠬᠠᠵᠤ᠂ ᠪᠢᠴᠢᠭᠡᠴᠢ ᠶᠢᠨ ᠲᠡᠮᠳᠡᠭᠯᠡᠯ ᠬᠢᠬᠦ ᠤᠷᠤᠯᠳᠤᠭᠠᠨ᠂ ᠬᠠᠤᠯᠢ ᠶᠢᠨ ᠴᠠᠭᠳᠠᠭ᠎ᠠ ᠶᠢ ᠲᠥᠪᠯᠡᠷᠡᠭᠦᠯᠦᠨ ᠪᠣᠯᠪᠠᠰᠤᠷᠠᠭᠤᠯᠬᠤ ᠵᠡᠷᠭᠡ ᠠᠵᠢᠯᠯᠠᠭᠠᠨ ᠢ ᠵᠣᠬᠢᠶᠠᠨ ᠪᠠᠶᠢᠭᠤᠯᠵᠤ᠂ ᠺᠠᠳ᠋ᠷ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠪᠡ᠃       ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠪᠠ᠃ ᠲᠥᠪ ᠬᠤᠷᠢᠶ᠎ᠠ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠬᠠᠤᠯᠢ ᠴᠠᠭᠠᠵᠠ ᠶᠢᠨ ︽ᠭᠤᠷᠪᠠᠨ ᠲᠣᠭᠲᠠᠭᠠᠯ︾᠎ ᠳᠤ ᠭᠠᠷ ᠲᠦᠷᠦᠭᠦ ᠶᠢ ᠰᠡᠷᠭᠡᠶᠢᠯᠡᠬᠦ ᠶᠢ ᠴᠢᠩᠭ᠎ᠠ ᠬᠡᠷᠡᠭᠵᠢᠭᠦᠯᠦᠨ᠂ ᠲᠦᠷᠪᠡᠨ ᠱᠠᠲᠤᠨ ᠤ ᠰᠢᠭᠦᠬᠦ ᠬᠤᠷᠢᠶ᠎ᠠ ᠶᠢᠨ ︽ᠭᠤᠷᠪᠠᠨ ᠲᠣᠭᠲᠠᠭᠠᠯ︾᠎ ᠢ ᠲᠡᠮᠳᠡᠭᠯᠡᠬᠦ ᠮᠡᠳᠡᠭᠦᠯᠦᠯᠲᠡ ᠶᠢᠨ ᠲᠠᠪᠴᠠᠩ ᠯᠤᠭ᠎ᠠ ᠬᠤᠯᠪᠣᠭᠠᠯᠠᠵᠤ᠂ ᠰᠠᠷ᠎ᠠ ᠶᠢᠨ ᠮᠡᠳᠡᠭᠦᠯᠦᠯᠲᠡ ᠶᠢᠨ ᠲᠦᠷᠢᠮ ᠢ ᠬᠡᠷᠡᠭᠵᠢᠭᠦᠯᠵᠦ᠂ ᠨᠢᠭᠡ ᠱᠠᠲᠤᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠪᠠ ᠳᠡᠭᠡᠳᠦ ᠱᠠᠲᠤᠨ ᠤ ᠰᠢᠭᠦᠬᠦ ᠬᠤᠷᠢᠶ᠎ᠠ ᠳᠤ ᠲᠡᠮᠳᠡᠭᠯᠡᠭᠰᠡᠨ ᠪᠠᠶᠢᠳᠠᠯ ᠎ ᠢᠶᠠᠨ ᠴᠠᠭ ᠲᠤᠬᠠᠢ ᠳᠤᠨᠢ ᠮᠡᠳᠡᠭᠦᠯᠪᠡ᠃ ᠰᠢᠨ᠎ᠡ ᠴᠠᠭ ᠦᠶ᠎ᠡ ᠶᠢᠨ ᠰᠢᠭᠦᠬᠦ ᠬᠤᠷᠢᠶ᠎ᠠ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠠᠨᠠᠯ ᠢ ᠴᠢᠩᠭ᠎ᠠ ᠨᠠᠶᠢᠳᠠᠪᠤᠷᠢᠵᠢᠭᠤᠯᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠰᠢᠭᠦᠬᠦ ᠶᠠᠪᠤᠳᠠᠯ ᠤᠨ ᠱᠠᠭᠠᠷᠳᠠᠨ ᠪᠠᠶᠢᠴᠠᠭᠠᠬᠤ ᠲᠠᠢ ᠤᠶᠠᠯᠳᠤᠭᠤᠯᠵᠤ᠂ ᠰᠢᠭᠦᠬᠦ ᠶᠠᠪᠤᠳᠠᠯ ᠤᠨ ᠱᠠᠭᠠᠷᠳᠠᠨ ᠪᠠᠶᠢᠴᠠᠭᠠᠬᠤ ᠠᠵᠢᠯ ᠢ 23 ᠤᠳᠠᠭ᠎ᠠ ᠥᠷᠨᠢᠭᠦᠯᠪᠡ᠃ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ᠂ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠳᠤ ᠣᠷᠣᠯᠴᠠᠭᠤᠯᠬᠤ᠂ ︽ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ︾ ᠪᠣᠯᠤᠨ ︽ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾᠎ ᠢ ᠰᠤᠷᠤᠯᠴᠠᠭᠤᠯᠬᠤ᠂ ᠰᠠᠬᠢᠯᠭ᠎ᠠ ᠪᠠᠲᠤ ᠠᠴᠠ ᠵᠥᠷᠢᠴᠡᠭᠰᠡᠨ ᠬᠡᠷᠡᠭ ᠢ ᠨᠡᠪᠲᠡᠷᠡᠭᠦᠯᠬᠦ ᠵᠡᠷᠭᠡ ᠬᠡᠯᠪᠡᠷᠢ ᠎ ᠪᠠᠷ ᠳᠠᠮᠵᠢᠭᠤᠯᠤᠨ ᠠᠷᠢᠭᠤᠨ ᠴᠢᠬᠡᠴᠢ ᠶᠢᠨ ᠬᠥᠮᠦᠵᠢᠯ ᠢ ᠥᠷᠨᠢᠭᠦᠯᠪᠡ᠃ ᠶᠠᠷᠢᠯᠴᠠᠵᠤ ᠰᠠᠨᠠᠭᠤᠯᠬᠤ ᠳᠦᠷᠢᠮ ᠢ ᠨᠠᠶᠢᠳᠠᠪᠤᠷᠢᠵᠢᠭᠤᠯᠤᠨ᠂ ᠪᠦᠬᠦ ᠵᠢᠯ ᠳᠤ 158 ᠬᠥᠮᠦᠨ ᠤᠳᠠᠭ᠎ᠠ ᠰᠡᠳᠬᠢᠯ ᠢᠶᠠᠨ ᠳᠡᠯᠭᠡᠨ ᠶᠠᠷᠢᠯᠴᠠᠬᠤ ᠠᠵᠢᠯᠯᠠᠭ᠎ᠠ ᠥᠷᠨᠢᠭᠦᠯᠵᠦ᠂ ᠠᠷᠢᠭᠤᠨ ᠴᠢᠬᠡᠴᠢ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠪᠡ᠃      ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠥᠭᠡᠷᠡᠴᠢᠯᠡᠯᠲᠡ ᠪᠠ ᠥᠷᠢᠰᠥᠯᠳᠦᠭᠡᠨ ᠤ ᠳᠤᠮᠳᠠ ᠬᠠᠲᠠᠭᠤᠵᠢᠨ ᠤᠷᠤᠭᠰᠢᠯᠠᠵᠤ᠂ ᠬᠡᠷᠡᠭ ᠰᠢᠢᠳᠪᠦᠷᠢᠯᠡᠬᠦ ᠳᠠᠷᠤᠯᠲᠠ ᠡᠳᠦᠷ ᠢᠷᠡᠬᠦᠶ᠎ᠡ ᠨᠡᠮᠡᠭᠳᠡᠬᠦ ᠶᠢ ᠳᠠᠭᠠᠯᠳᠤᠨ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠠᠵᠢᠯ ᠤᠨ ᠵᠣᠬᠢᠮᠵᠢ ᠳᠤ ᠬᠠᠭᠤᠴᠢᠨ ᠢ ᠥᠭᠡᠷᠡᠴᠢᠯᠡᠨ ᠰᠢᠨ᠎ᠡ ᠶᠢ ᠡᠭᠦᠳᠴᠦ᠂ ᠡᠯ᠎ᠡ ᠲᠥᠷᠥᠯ ᠤᠨ ᠠᠵᠢᠯ ᠴᠥᠮ ᠰᠢᠨ᠎ᠡ ᠠᠬᠢᠴᠠ ᠲᠠᠢ ᠪᠣᠯᠪᠠ᠃ ᠣᠯᠤᠭᠰᠠᠨ ᠠᠮᠵᠢᠯᠲᠠ ᠨᠢ ᠬᠤᠰᠢᠭᠤᠨ ᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ ᠪᠠ ᠵᠠᠰᠠᠭ ᠤᠨ ᠣᠷᠳᠣᠨ᠂ ᠤᠯᠤᠰ ᠲᠥᠷᠦ ᠶᠢᠨ ᠵᠥᠪᠯᠡᠯᠭᠡᠨ᠂ ᠨᠡᠶᠢᠭᠡᠮ ᠤᠨ ᠡᠯ᠎ᠡ ᠡᠲᠡᠭᠡᠳ᠂ ᠠᠷᠠᠳ ᠣᠯᠠᠨ ᠤ ᠬᠠᠯᠠᠮᠵᠢᠯᠠᠯ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂ ᠠᠷᠠᠳ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠢᠲᠡᠭᠡᠯ᠂ ᠬᠠᠪᠰᠤᠷᠤᠯᠭ᠎ᠠ ᠎ ᠠᠴᠠ ᠰᠠᠯᠵᠤ ᠴᠢᠳᠠᠬᠤ ᠦᠭᠡᠢ ᠶᠤᠮ᠃ ᠠᠳᠡ ᠪᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢ ᠲᠥᠯᠥᠭᠡᠯᠡᠨ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ᠂ ᠬᠠᠤᠯᠢ ᠪᠠᠷ ᠬᠤᠰᠢᠭᠤ ᠪᠠᠨ ᠵᠠᠰᠠᠬᠤ ᠰᠢᠨ᠎ᠡ ᠱᠠᠭᠠᠷᠳᠠᠯᠭ᠎ᠠ᠂ ᠪᠦᠬᠦ ᠬᠤᠰᠢᠭᠤᠨ ᠤ ᠠᠷᠠᠳ ᠲᠦᠮᠡᠨ ᠤ ᠰᠢᠨ᠎ᠡ ᠬᠦᠰᠡᠯ ᠡᠷᠡᠮᠡᠯᠵᠡᠯ ᠤᠨ ᠡᠮᠦᠨ᠎ᠡ᠂ ᠰᠢᠭᠦᠬᠦ ᠬᠤᠷᠢᠶᠠᠨ ᠤ ᠠᠵᠢᠯ ᠳᠤ ᠪᠠᠰᠠ ᠵᠠᠷᠢᠮ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠄ ᠨᠢᠭᠡ ᠳᠤ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠬᠡᠷᠡᠭ ᠤᠨ ᠲᠤᠭ᠎ᠠ ᠲᠠᠰᠤᠷᠠᠯᠲᠠ ᠦᠭᠡᠢ ᠨᠡᠮᠡᠭᠳᠡᠵᠦ᠂ ᠠᠵᠢᠯᠲᠠᠨ ᠤ ᠣᠷᠣᠨ ᠲᠤᠭ᠎ᠠ ᠬᠢᠵᠠᠭᠠᠷ ᠲᠠᠢ ᠠᠴᠠ ᠪᠣᠯᠵᠤ᠂ ᠺᠠᠳ᠋ᠷ ᠴᠠᠭᠳᠠᠭ᠎ᠠ ᠶᠢᠨ ᠳᠠᠭᠠᠭᠠᠴᠠ ᠠᠴᠠ ᠬᠡᠲᠦᠷᠡᠭᠦᠯᠦᠨ ᠠᠵᠢᠯᠯᠠᠬᠤ ᠎ ᠨᠢ ᠨᠢᠭᠡᠨᠲᠡ ᠬᠡᠪ ᠤᠨ ᠪᠠᠶᠢᠳᠠᠯ ᠲᠠᠢ ᠪᠣᠯᠵᠤ᠂ ᠰᠢᠭᠦᠨ ᠲᠠᠰᠤᠯᠬᠤ ᠭᠦᠢᠴᠡᠳᠬᠡᠬᠦ ᠠᠵᠢᠯ ᠤᠨ ᠬᠡᠪ ᠢᠶᠠᠷ ᠶᠠᠪᠤᠭᠳᠠᠬᠤ ᠎ ᠶᠢ ᠬᠢᠵᠠᠭᠠᠷᠯᠠᠵᠤ ᠪᠠᠶᠢᠨ᠎ᠠ᠃ ᠬᠤᠶᠠᠷ ᠲᠤ ᠬᠡᠷᠡᠭ ᠤᠨ ᠲᠦᠷᠦᠯ ᠬᠡᠯᠪᠡᠷᠢ ᠨᠢ ᠪᠤᠳᠤᠯᠢᠶᠠᠨᠲᠠᠢ ᠪᠥᠭᠡᠳ ᠤᠯᠠᠨ ᠶᠠᠩᠵᠤ ᠶᠢᠨ ᠪᠠᠶᠢᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠨᠢ ᠡᠳᠦᠷ ᠢᠷᠡᠬᠦᠶ᠎ᠡ ᠤᠯᠠᠨ ᠡᠰᠢᠵᠢᠭᠰᠡᠨ᠂ ᠬᠠᠮᠲᠤᠯᠢᠭ ᠤᠨ ᠴᠢᠨᠠᠷᠲᠠᠢ ᠵᠠᠭᠤᠷᠠᠯᠳᠤᠭᠠᠨ ᠤ ᠨᠡᠮᠡᠭᠳᠡᠯ ᠢᠯᠡᠳᠲᠡ ᠪᠠᠶᠢᠬᠤ ᠪᠠᠶᠢᠳᠠᠯ ᠤᠨ ᠳᠣᠣᠷ᠎ᠠ᠂ ᠺᠠᠳ᠋ᠷ ᠴᠠᠭᠳᠠᠭ᠎ᠠ ᠶᠢᠨ ᠴᠢᠳᠠᠪᠤᠷᠢ᠂ ᠬᠡᠪ ᠴᠢᠨᠠᠷ ᠨᠢ ᠠᠷᠠᠳ ᠤᠯᠠᠨ ᠤ ᠬᠠᠤᠯᠢ ᠴᠠᠭᠠᠵᠠ ᠶᠢᠨ ᠰᠢᠨ᠎ᠡ ᠬᠡᠷᠡᠭᠴᠡᠭᠡ ᠶᠢ ᠪᠦᠷᠢᠮᠦᠰᠦᠨ ᠬᠠᠩᠭᠠᠵᠤ ᠴᠢᠳᠠᠬᠤ ᠦᠭᠡᠢ ᠪᠣᠯᠵᠤ᠂ ᠣᠨᠴᠠ ᠵᠠᠷᠢᠮ ᠬᠡᠷᠡᠭ ᠲᠤ ᠪᠠᠰᠠ ᠡᠶᠢᠮᠦ ᠲᠡᠶᠢᠮᠦ ᠠᠰᠠᠭᠤᠳᠠᠯ ᠣᠷᠣᠰᠢᠵᠤ ᠪᠠᠶᠢᠨ᠎ᠠ᠃ ᠭᠤᠷᠪᠠ ᠳᠤ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠳᠤ ᠳᠤᠲᠠᠭᠤᠳᠠᠯ ᠣᠷᠣᠰᠢᠵᠤ᠂ ᠣᠶᠤᠨᠴᠢ ᠰᠢᠭᠦᠬᠦ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠪᠠ ᠬᠡᠷᠡᠭᠯᠡᠭᠡᠨ ᠤ ᠴᠢᠳᠠᠪᠤᠷᠢ ᠬᠦᠷᠦᠯᠴᠡᠬᠦ ᠦᠭᠡᠢ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠳᠡᠭᠡᠷ᠎ᠡ ᠳᠤᠷᠠᠳᠤᠭᠰᠠᠨ ᠠᠰᠠᠭᠤᠳᠠᠯ ᠪᠠ ᠬᠦᠴᠢᠷᠳᠡᠯ ᠳᠤ ᠴᠢᠭᠯᠡᠭᠦᠯᠦᠨ᠂ ᠪᠢᠳᠡ ᠬᠦᠴᠦᠲᠡᠢ ᠠᠷᠭ᠎ᠠ ᠬᠡᠮᠵᠢᠶ᠎ᠡ ᠠᠪᠴᠤ ᠬᠢᠨᠠᠮᠠᠭᠠᠢ ᠰᠢᠢᠳᠪᠦᠷᠢᠯᠡᠬᠦ ᠪᠤᠯᠤᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号