2021 ᠤᠨ ᠤ ᠠᠷᠠᠳ ᠤᠨ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵ᠨᠢᠭᠡ︶
ᠨᠡᠶᠢᠲᠡᠯᠡᠭᠰᠡᠨ ᠴᠠᠭ᠄
2021/5/10
     —— 2021 ᠣᠨ ᠤ 3 ᠰᠠᠷ᠎ᠠ ᠶᠢᠨ10 ᠤ ᠡᠳᠦᠷ ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ       ᠬᠡᠰᠢᠭᠲᠡᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ       ᠯᠢᠦ ᠵᠢᠩ ᠺᠦᠶᠲᠥᠯᠥᠭᠡᠯᠡᠭᠴᠢᠳ ᠡ᠄      ᠣᠳᠣ ᠪᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠤᠭᠠᠷᠠᠢ᠃      2020 ᠣᠨ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ  ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ ᠵᠢᠴᠢ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠠᠷᠠᠳ ᠣᠯᠠᠨ ᠳᠤ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠨ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠶᠴᠡᠳᠬᠡᠵᠦ᠂ ᠡᠯ᠎ᠡ ᠵᠦᠶᠯ  ᠤᠨ ᠠᠵᠢᠯ ᠰᠢᠨ᠎ᠡ ᠠᠬᠢᠴᠠ ᠲᠠᠢ ᠪᠣᠯᠪᠠ᠃ ᠪᠦᠬᠦ ᠵᠢᠯ ᠳᠤ ᠡᠯ᠎ᠡ ᠲᠥᠷᠥᠯ ᠤᠨ ᠬᠡᠷᠡᠭ ᠢ 9833 ᠶᠢ ᠬᠦᠯᠢᠶᠡᠨ ᠠᠪᠴᠤ᠂ 9095 ᠶᠢ ᠨᠢ ᠰᠢᠭᠦᠨ ᠲᠠᠰᠤᠯᠵᠤ ᠭᠦᠢᠴᠡᠳᠬᠡᠨ ᠳᠠᠭᠤᠰᠬᠠᠵᠤ᠂ ᠰᠢᠭᠦᠨ ᠳᠠᠭᠤᠰᠬᠠᠭᠰᠠᠨ ᠨᠣᠷᠮ᠎ᠠ 92.49% ᠬᠦᠷᠴᠡᠢ᠃      ᠨᠢᠭᠡ᠂ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠪᠠ      ᠡᠷᠡᠭᠦᠦ ᠶᠢᠨ ᠶᠠᠯᠠᠲᠤ ᠬᠡᠷᠡᠭ ᠲᠤ ᠴᠢᠩᠭ᠎ᠠ ᠴᠣᠬᠢᠯᠲᠠ ᠥᠭᠪᠡ᠃ ᠠᠭᠤᠴᠢᠯᠠᠬᠤ ᠪᠠ ᠴᠢᠩᠭ᠎ᠠ ᠰᠢᠢᠳᠬᠡᠬᠦ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠥᠷᠦ ᠶᠢᠨ ᠪᠣᠳᠣᠯᠭ᠎ᠠ ᠶᠢ ᠴᠢᠩᠭ᠎ᠠ ᠲᠤᠤᠱᠯᠠᠭᠤᠯᠵᠤ᠂ 173 ᠡᠷᠡᠭᠦᠦ  ᠶᠢᠨ ᠬᠡᠷᠡᠭ ᠢ ᠰᠢᠭᠦᠨ ᠳᠠᠭᠤᠰᠬᠠᠵᠤ᠂ 214 ᠵᠠᠭᠠᠯᠳᠤᠭᠳᠠᠭᠴᠢ ᠶᠢ ᠰᠢᠢᠳᠬᠡᠪᠡ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠥᠵᠢᠳᠯᠡᠭᠰᠡᠨ᠂ ᠳᠡᠭᠡᠷᠡᠮᠳᠡᠭᠰᠡᠨ᠂ ᠪᠤᠯᠢᠶᠠᠭᠰᠠᠨ᠂ ᠬᠤᠯᠠᠭᠠᠶᠢᠯᠠᠭᠰᠠᠨ ᠵᠡᠷᠭᠡ 23 ᠶᠠᠯᠠᠲᠤ ᠬᠡᠷᠡᠭ ᠤᠨ 27 ᠬᠥᠮᠦᠨ ᠢ ᠰᠢᠭᠦᠵᠦ ᠳᠠᠭᠤᠰᠬᠠᠪᠠ᠃ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠯ ᠲᠠᠯᠪᠢᠭᠰᠠᠨ᠂ ᠠᠶᠤᠯᠲᠠᠢ ᠪᠠᠶᠢᠳᠠᠯ ᠢᠶᠠᠷ ᠲᠡᠷᠭᠡ ᠵᠢᠯᠣᠭᠤᠳᠤᠭᠰᠠᠨ ᠵᠡᠷᠭᠡ ᠶᠠᠯᠠᠲᠤ ᠬᠡᠷᠡᠭ ᠢ 62 ᠬᠤᠪᠢ 65 ᠬᠥᠮᠦᠨ ᠢ ᠰᠢᠭᠦᠵᠦ ᠳᠠᠭᠤᠰᠬᠠᠪᠠ᠃ ᠨᠡᠶᠢᠭᠡᠮ ᠤᠨ ᠬᠠᠮᠢᠶᠠᠷᠤᠯᠲᠠ ᠶᠢ ᠬᠠᠷᠰᠢᠯᠠᠭᠰᠠᠨ ᠪᠠ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥ ᠡᠷᠢᠵᠦ ᠬᠡᠷᠡᠭ ᠡᠳᠦᠭᠰᠡᠨ᠂ ᠮᠡᠬᠡᠯᠡᠭᠰᠡᠨ ᠵᠡᠷᠭᠡ 20 ᠶᠠᠯᠠᠲᠤ ᠬᠡᠷᠡᠭ ᠤᠨ 57 ᠬᠥᠮᠦᠨ ᠢ ᠰᠢᠭᠦᠵᠦ ᠳᠠᠭᠤᠰᠬᠠᠪᠠ᠃ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠳᠤ ᠢᠳᠡᠪᠬᠢᠲᠡᠶ ᠣᠷᠣᠯᠴᠠᠵᠤ᠂ ᠵᠠᠯᠠᠭᠤᠴᠤᠳ ᠪᠠᠭᠠᠴᠤᠳ ᠤᠨ ᠶᠠᠯ᠎ᠠ ᠬᠢᠬᠦ ᠶᠢ ᠰᠡᠷᠭᠡᠶᠢᠯᠡᠬᠦ᠂ ᠬᠠᠷᠢᠭᠤ ᠰᠤᠷᠪᠤᠯᠵᠢᠯᠠᠵᠤ ᠬᠠᠪᠰᠤᠷᠤᠨ ᠰᠤᠷᠭᠠᠬᠤ᠂ ᠨᠡᠶᠢᠭᠡᠮ ᠲᠣᠭᠤᠷᠢᠭ ᠠᠴᠠ ᠵᠠᠯᠠᠷᠠᠭᠤᠯᠬᠤ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠶᠠᠯ᠎ᠠ ᠬᠢᠬᠦ ᠶᠢ ᠰᠡᠷᠭᠡᠶᠢᠯᠡᠬᠦ ᠪᠠ ᠪᠠᠭᠠᠰᠬᠠᠪᠠ᠃      ᠲᠤᠰᠬᠠᠢ ᠲᠡᠮᠡᠴᠡᠯ ᠢ ᠭᠦᠨᠵᠡᠭᠡᠢ ᠥᠷᠨᠢᠭᠦᠯᠪᠡ᠃ ᠪᠣᠳᠠᠲᠤ ᠬᠡᠷᠡᠭ ᠤᠨ ᠪᠣᠭᠤᠮᠲᠠ᠂ ᠭᠡᠷᠡᠴᠢ ᠪᠠᠷᠢᠮᠲᠠ ᠶᠢᠨ ᠪᠣᠭᠤᠮᠲᠠ ᠪᠠ ᠬᠠᠤᠯᠢ ᠴᠠᠭᠠᠵᠠ ᠶᠢ ᠬᠡᠷᠡᠭᠯᠡᠬᠦ ᠪᠣᠭᠤᠮᠲᠠ ᠶᠢ ᠴᠢᠩᠭ᠎ᠠ ᠡᠵᠡᠮᠳᠡᠵᠦ᠂ ᠸᠠᠩ ᠬᠦᠢ ᠴᠢᠩ ᠵᠡᠷᠭᠡ 23 ᠵᠠᠭᠠᠯᠳᠤᠭᠳᠠᠭᠴᠢ᠂ ᠼᠤᠤ ᠱᠠᠨ ᠵᠡᠷᠭᠡ 3 ᠵᠠᠭᠠᠯᠳᠤᠭᠳᠠᠭᠴᠢ ᠶᠢᠨ ᠬᠠᠷᠭᠢᠰ ᠬᠦᠴᠦᠨ ᠤ ᠶᠠᠯᠠᠲᠤ ᠬᠡᠷᠡᠭ ᠢ ᠬᠠᠤᠯᠢ ᠶᠣᠰᠣᠭᠠᠷ ᠰᠢᠭᠦᠵᠦ ᠳᠠᠭᠤᠰᠬᠠᠨ᠂ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠪᠡ᠃ ︽ᠡᠳ᠋ ᠮᠥᠩᠭᠦᠨ ᠤ ᠢᠷᠡᠯᠲᠡ ᠶᠢ ᠨᠢ ᠲᠠᠰᠤᠯᠬᠤ︾ ᠡᠷᠴᠢᠮ ᠢᠶᠠᠨ ᠴᠢᠩᠭᠠᠷᠠᠭᠤᠯᠵᠤ᠂ ᠨᠢᠭᠡᠳᠦᠭᠡᠷ ᠰᠢᠭᠦᠯᠲᠡ  ᠶᠢᠨ ᠲᠣᠷᠭᠠᠭᠤᠯᠢ ᠶᠢᠨ ᠮᠥᠩᠭᠦ 1542 ᠲᠦᠮᠡᠨ ᠲᠥᠭᠦᠷᠢᠭ᠂ ᠬᠠᠤᠯᠢ ᠪᠤᠰᠤ ᠣᠯᠵᠠᠪᠤᠷᠢ ᠶᠢ 125.72 ᠲᠦᠮᠡᠨ ᠲᠥᠭᠦᠷᠢᠭ ᠨᠡᠬᠡᠮᠵᠢᠯᠡᠨ ᠲᠤᠰᠢᠶᠠᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠠᠵᠤ ᠠᠬᠤᠢ ᠶᠢᠨ ᠰᠠᠭᠤᠷᠢ ᠶᠢ ᠡᠪᠳᠡᠪᠡ᠃ ︽ᠬᠤᠶᠠᠷ  ᠡᠷᠬᠡᠪᠰᠢ︾᠂ ︽ᠨᠢᠭᠡ ᠬᠡᠷᠡᠭ ᠢ ᠭᠤᠷᠪᠠᠨ ᠲᠠᠯ᠎ᠠ ᠪᠠᠷ ᠪᠠᠶᠢᠴᠠᠭᠠᠬᠤ︾ ᠲᠦᠷᠢᠮ ᠢ ᠭᠦᠨᠵᠡᠭᠡᠶ ᠲᠤᠤᠱᠯᠠᠭᠤᠯᠵᠤ᠂ ᠡᠷᠡᠭᠦᠦ ᠶᠢᠨ ᠬᠡᠷᠡᠭ ᠤᠨ ᠰᠦᠪᠡᠭᠴᠢ ᠶᠢ ᠢᠯᠡᠷᠡᠭᠦᠯᠬᠦ ᠪᠠ ᠰᠢᠯᠵᠢᠭᠦᠯᠦᠨ ᠬᠦᠷᠭᠡᠬᠦ ᠲᠦᠷᠢᠮ ᠢ ᠲᠡᠭᠦᠯᠳᠡᠷᠵᠢᠭᠦᠯᠦᠨ᠂ ︽ᠬᠠᠮᠠᠭᠠᠯᠠᠭᠴᠢ︾᠂ ︽ᠬᠠᠷᠢᠴᠠᠭᠠᠨ ᠤ ᠲᠣᠤᠷ︾ ᠢ ᠭᠦᠨᠵᠡᠭᠡᠶ ᠠᠭᠤᠳᠠᠯᠪᠠ᠃      ᠵᠥᠷᠢᠴᠡᠯ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠪᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ  ᠶᠢᠨ ᠲᠤᠷᠰᠢᠯᠭ᠎ᠠ︾ ᠶᠢ ᠪᠠᠷᠢᠮᠲᠠᠯᠠᠨ ᠪᠠᠳᠠᠷᠠᠭᠤᠯᠵᠤ᠂ ᠵᠥᠷᠢᠴᠡᠯ ᠵᠢᠭᠤᠷᠠᠭᠠᠨ ᠢ ᠰᠢᠢᠳᠪᠦᠷᠢᠯᠡᠬᠦ‍ ᠨᠢᠭᠡ ᠥᠷᠳᠡᠭᠡᠴᠢᠯᠡᠭᠰᠡᠨ ᠬᠡᠯᠪᠡᠷᠢ ᠶᠢᠨ ᠣᠯᠠᠨ ᠡᠰᠢᠴᠢᠯᠡᠭᠰᠡᠨ ᠲᠣᠭᠲᠠᠴᠠ ᠶᠢ ᠪᠠᠶᠢᠭᠤᠯᠬᠤ ᠪᠠᠷ ᠭᠠᠷᠲᠠᠴᠠ ᠪᠣᠯᠭᠠᠨ᠂ ᠳᠣᠲᠣᠭᠠᠳᠤ ᠳᠠᠭᠠᠨ ᠲᠣᠰ ᠪᠡᠶ᠎ᠡ ᠶᠢᠨ ᠵᠢᠭᠤᠷᠠᠭᠠᠨ ᠢ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂ ᠭᠠᠳᠠᠭᠰᠢ  ᠪᠠᠨ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠯᠤᠭ᠎ᠠ ᠬᠤᠯᠪᠣᠭᠠᠯᠠᠨ᠂ ᠶᠡᠭᠡ ᠡᠶᠡᠳᠡᠭᠦᠯᠭᠡ ᠶᠢᠨ ᠪᠠᠶᠢᠷᠢᠰᠢᠯ ᠢ ᠪᠠᠶᠢᠭᠤᠯᠵᠤ᠂ ᠡᠶᠡᠳᠡᠭᠦᠯᠦᠭᠡᠳ ᠠᠮᠵᠢᠯᠲᠠ ᠣᠯᠤᠭᠰᠠᠨ ᠪᠥᠭᠡᠳ ᠬᠡᠯᠡᠯᠴᠡᠭᠡᠷ ᠲᠣᠭᠲᠠᠭᠰᠠᠨ ᠢ ᠨᠢ ᠴᠠᠭ ᠲᠤᠬᠠᠢ ᠳᠤᠨᠢ ᠬᠢᠨᠠᠨ ᠪᠠᠶᠢᠴᠠᠭᠠᠵᠤ ᠨᠣᠳᠠᠯᠠᠨ᠂ ᠪᠦᠬᠦ ᠵᠢᠯ ᠤᠨ ᠢᠷᠭᠡᠨ ᠤ ᠬᠡᠷᠡᠭ ᠤᠨ ᠡᠶᠡᠳᠡᠭᠦᠯᠭᠡ ᠶᠢᠨ ᠨᠣᠷᠮ᠎ᠠ 33.03% ᠳᠤ ᠬᠦᠷᠴᠦ᠂ ᠪᠦᠬᠦ ᠬᠤᠲᠠ ᠶᠢᠨ ᠢᠷᠭᠡᠨ ᠤ ᠬᠡᠷᠡᠭ ᠤᠨ ᠡᠶᠡᠳᠡᠭᠦᠯᠭᠡ ᠶᠢᠨ ᠨᠣᠷᠮ᠎ᠠ 22.78% ᠠᠴᠠ 10.25 ᠵᠠᠭᠤᠨ ᠤ ᠬᠤᠪᠢ ᠥᠨᠳᠥᠷ ᠪᠣᠯᠵᠠᠢ᠃ ᠬᠠᠤᠯᠢ ᠴᠠᠭᠠᠵᠠ ᠶᠢᠨ ᠬᠥᠮᠦᠵᠢᠭᠦᠯᠬᠦ᠂ ᠦᠨᠡᠯᠡᠬᠦ᠂ ᠵᠢᠯᠣᠭᠤᠳᠬᠤ᠂ ᠵᠢᠷᠤᠮᠵᠢᠭᠤᠯᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠶᠢ ᠴᠢᠩᠭᠠᠳᠬᠠᠵᠤ᠂ ᠬᠠᠤᠯᠢ ᠶᠢ ᠬᠦᠨᠳᠦᠳᠬᠡᠬᠦ ᠬᠠᠤᠯᠢ  ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠪᠠ᠃      ᠬᠤᠶᠠᠷ᠂ ᠬᠠᠤᠯᠢ ᠴᠠᠭᠠᠵᠠ ᠶᠢᠨ ᠡᠭᠦᠷᠭᠡᠯᠡᠯ ᠢᠶᠠᠨ ᠴᠢᠩᠭᠠᠳᠬᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ      ᠭᠤᠷᠪᠠᠨ ᠶᠡᠭᠡ ᠪᠤᠭᠤᠮᠳᠠ ᠰᠢᠪᠲᠤᠯᠬᠤ ᠠᠵᠢᠯ ᠳᠤ ᠬᠠᠤᠯᠢ ᠶᠣᠰᠣᠭᠠᠷ ᠦᠢᠯᠡᠴᠢᠯᠡᠪᠡ᠃ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠢᠳᠡᠪᠬᠢᠲᠡᠢ ᠣᠷᠣᠯᠴᠠᠵᠤ᠂ ᠲᠤᠰᠬᠠᠢ ᠵᠢᠭᠡᠯᠡᠯᠭᠡ ᠲᠠᠯᠪᠢᠭᠴᠢ ᠶᠢᠨ ᠨᠡᠷᠡᠰ ᠤᠨ ᠵᠢᠭᠰᠠᠭᠠᠯᠲᠠ ᠶᠢᠨ ᠳᠦᠷᠢᠮ ᠢ ᠪᠠᠷᠢᠮᠲᠠᠯᠠᠨ᠂ ᠲᠤᠰᠬᠠᠢ ᠵᠢᠭᠡᠯᠡᠯᠭᠡ ᠲᠠᠯᠪᠢᠭᠴᠢ ᠶᠢᠨ ᠬᠡᠷᠡᠭ ᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠲᠤᠰᠬᠠᠢ ᠵᠢᠭᠡᠯᠡᠯᠭᠡ ᠳᠠᠯᠪᠢᠵᠤ ᠪᠠᠶᠢᠭ᠎ᠠ ᠪᠠᠷ ᠨᠣᠳᠠᠯᠠᠭᠰᠠᠨ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠦᠴᠦᠨ ᠦᠭᠡᠢ ᠪᠠᠷ ᠮᠠᠭᠠᠳᠯᠠᠨ ᠲᠣᠭᠳᠠᠭᠠᠪᠠ︔ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠭᠡᠷ᠎ᠡ ᠶᠢᠨ ᠬᠡᠷᠡᠭ ᠢ 228 ᠬᠤᠪᠢ ᠲᠣᠬᠢᠲᠠᠢ ᠰᠢᠢᠳᠪᠦᠷᠢᠯᠡᠵᠦ᠂ ᠰᠠᠨᠠᠭᠠᠴᠢᠯᠠᠭ᠎ᠠ ᠠᠴᠠ ᠪᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠶᠠᠷᠢᠯᠴᠠᠬᠤ ᠬᠤᠷᠠᠯ ᠬᠢᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠲᠠᠯᠳᠠ ᠭᠡᠮ ᠢ ᠭᠦᠨᠵᠡᠭᠡᠢ ᠪᠠᠶᠢᠴᠠᠭᠠᠨ ᠣᠶᠢᠯᠠᠭᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠠᠬᠢᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠵᠤ᠂ ᠠᠮᠢ ᠠᠬᠤᠢ ᠶᠢᠨ ᠣᠷᠴᠢᠨ ᠲᠣᠭᠤᠷᠢᠨ  ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠪᠤᠰᠤ ᠪᠠᠷ ᠠᠩ ᠠᠩᠨᠠᠭᠰᠠᠨ᠂ ᠲᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠵᠡᠷᠭᠡ 11 ᠶᠠᠯᠠᠲᠤ ᠬᠡᠷᠡᠭ ᠤᠨ 14 ᠬᠥᠮᠦᠨ ᠢ ᠰᠢᠭᠦᠨ ᠳᠠᠭᠤᠰᠬᠠᠵᠤ᠂ ᠠᠮᠢ ᠠᠬᠤᠶᠢᠴᠢ ᠬᠡᠰᠢᠭᠲᠡᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠬᠠᠮᠠᠭᠠᠯᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠬᠤ ᠳᠤ ᠬᠤᠯᠪᠣᠭᠳᠠᠭᠰᠠᠨ ᠡᠯ᠎ᠡ ᠲᠦᠷᠦᠯ ᠤᠨ ᠬᠡᠷᠡᠭ ᠢ ᠬᠢᠨᠠᠮᠠᠭᠠᠢ ᠰᠢᠭᠦᠨ ᠰᠢᠢᠳᠪᠦᠷᠢᠯᠡᠵᠦ᠂ ᠨᠠᠷᠢᠯᠢᠭ ᠣᠨᠣᠴᠠᠲᠠᠢ ᠪᠠᠷ ᠶᠠᠳᠠᠭᠤ ᠶᠢ ᠲᠡᠳᠬᠦᠬᠦ ᠠᠵᠢᠯ ᠳᠤ ᠬᠦᠴᠦᠨ ᠨᠡᠮᠡᠷᠢᠯᠡᠪᠡ︔ ᠡᠭᠦᠨ ᠤ ᠬᠠᠮᠲᠤ᠂ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠵᠤ ᠬᠠᠪᠰᠤᠷᠤᠨ ᠲᠡᠳᠬᠦᠬᠦ ᠴᠢᠭ᠋ ᠲᠤ ᠭᠦᠨᠵᠡᠭᠡᠶᠢᠷᠡᠨ᠂ ᠶᠠᠳᠠᠭᠤ ᠶᠢ ᠲᠡᠳᠬᠦᠬᠦ ᠠᠵᠤ ᠦᠶᠯᠡᠰ ᠢ ᠬᠥᠭᠵᠢᠭᠦᠯᠵᠦ᠂ ᠣᠨ ᠤ ᠠᠵᠢᠯ ᠲᠥᠷᠥᠯ ᠢᠶᠠᠷ ᠶᠠᠳᠠᠭᠤ  ᠶᠢ ᠲᠡᠳᠬᠦᠬᠦ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃      ᠠᠵᠤ ᠠᠬᠤᠢ ᠶᠢᠨ ᠬᠥᠭᠵᠢᠯᠲᠡ ᠶᠢ ᠪᠠᠲᠤᠯᠠᠬᠤ ᠳᠤ ᠬᠠᠤᠯᠢ ᠶᠣᠰᠣᠭᠠᠷ ᠦᠢᠯᠡᠴᠢᠯᠡᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠥᠬᠡᠶ ᠨᠥᠯᠥᠭᠡ ᠶᠢ ᠴᠢᠷᠮᠠᠶᠢᠨ ᠢᠯᠡᠨ ᠳᠠᠪᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶ ᠶᠢᠨ ᠬᠥᠭᠵᠢᠯᠲᠡ  ᠲᠠᠢ ᠨᠢᠭᠲᠠ ᠬᠤᠯᠪᠣᠭ᠎ᠠ ᠲᠠᠢ ᠢᠷᠭᠡᠨ ᠤ ᠪᠠ ᠬᠤᠳᠠᠯᠳᠤᠭᠠᠨ ᠤ ᠬᠡᠷᠡᠭ ᠢ 5084 ᠬᠤᠪᠢ ᠰᠢᠭᠦᠨ ᠳᠠᠭᠤᠰᠬᠠᠵᠤ᠂ ᠵᠠᠷᠭᠤ ᠶᠢᠨ ᠬᠠᠷᠠᠯᠲᠠ ᠶᠢᠨ ᠵᠣᠭᠤᠰ ᠤᠨ ᠲᠤᠭ᠎ᠠ 3.93 ᠳ᠋ᠦᠩᠰᠢᠭᠤᠷ ᠲᠥᠭᠦᠷᠢᠭ ᠲᠤ ᠬᠦᠷᠪᠡ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠬᠤᠳᠠᠯᠳᠤᠭᠠᠯᠠᠬᠤ ᠭᠡᠷ᠎ᠡ᠂ ᠪᠣᠯᠪᠠᠰᠤᠷᠠᠭᠤᠯᠬᠤ ᠶᠢ ᠳᠠᠭᠠᠭᠠᠨ ᠠᠪᠬᠤ ᠭᠡᠷ᠎ᠡ᠂ ᠪᠠᠷᠢᠯᠭ᠎ᠠ ᠶᠢᠨ ᠠᠵᠢᠯ ᠤᠨ ᠭᠡᠷ᠎ᠡ ᠵᠡᠷᠭᠡ ᠵᠢᠭᠤᠷᠠᠯᠳᠤᠭᠠᠨ ᠤ ᠬᠡᠷᠡᠭ ᠢ 617 ᠬᠤᠪᠢ ᠰᠢᠭᠦᠨ ᠳᠠᠭᠤᠰᠬᠠᠵᠤ᠂ ᠵᠠᠬ᠎ᠠ ᠳᠡᠯᠭᠡᠭᠦᠷ ᠤᠨ ᠬᠥᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠢ ᠴᠢᠩᠭᠠᠷᠠᠭᠤᠯᠪᠠ᠃ ᠪᠦᠬᠦ ᠲᠠᠯ᠎ᠠ ᠪᠠᠷ᠂ ᠬᠠᠤᠯᠢ ᠶᠣᠰᠣᠭᠠᠷ᠂ ᠡᠷᠬᠡ ᠲᠡᠭᠰᠢ ᠪᠠᠷ ᠬᠠᠮᠠᠭᠠᠯᠠᠬᠤ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠤᠯᠪᠣᠭᠳᠠᠭᠰᠠᠨ ᠵᠢᠭᠤᠷᠠᠯᠳᠤᠭᠠᠨ ᠤ ᠬᠡᠷᠡᠭ ᠢ 1382 ᠬᠤᠪᠢ ᠰᠢᠭᠦᠨ ᠳᠠᠭᠤᠰᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠬᠠᠮᠠᠭᠠᠯᠠᠯᠲᠠ ᠬᠠᠩᠭᠠᠪᠠ᠃ ᠨᠡᠶᠢᠭᠡᠮ ᠵᠢᠷᠤᠮᠲᠤ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠦᠴᠦᠯᠡᠨ ᠪᠠᠲᠤᠯᠠᠵᠤ᠂ ᠭᠠᠵᠠᠷ ᠰᠢᠷᠣᠢ᠂ ᠬᠠᠳᠤᠯᠠᠩ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠵᠢᠭᠤᠷᠠᠯᠳᠤᠭᠠᠨ ᠤ ᠬᠡᠷᠡᠭ 56 ᠶᠢ ᠰᠢᠭᠦᠨ ᠳᠠᠭᠤᠰᠬᠠᠵᠤ᠂ ᠮᠠᠯᠵᠢᠬᠤ ᠲᠠᠷᠢᠶᠠᠯᠠᠬᠤ ᠣᠷᠣᠨ ᠤ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠶᠢ ᠬᠠᠤᠯᠢ ᠶᠣᠰᠣᠭᠠᠷ ᠳᠦᠷᠢᠮᠵᠢᠭᠦᠯᠪᠡ᠃ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠬᠦᠨᠳᠦ ᠶᠡᠭᠡ ᠬᠥᠨᠳᠡᠭᠦᠷ ᠲᠠᠢ ᠬᠡᠷᠡᠭ ᠢ ᠪᠣᠯᠭᠤᠮᠵᠢᠲᠠᠢ ᠰᠢᠢᠳᠪᠦᠷᠢᠯᠡᠵᠦ᠂ ᠭᠡᠷ ᠪᠠᠶᠢᠰᠢᠩ ᠲᠦᠷᠢᠶᠡᠰᠦᠯᠡᠭᠦᠯᠦᠭᠴᠢ 103 ᠬᠥᠮᠦᠨ ᠤ ᠮᠧᠩ ᠾᠦᠢ ᠺᠣᠮᠫᠠᠨᠢ ᠠᠴᠠ ᠲᠦᠷᠢᠶᠡᠰᠦᠨ ᠮᠥᠩᠭᠦ ᠨᠡᠬᠡᠨ ᠠᠪᠤᠭᠰᠠᠨ ᠬᠡᠷᠡᠭ ᠢ ᠬᠠᠤᠯᠢ ᠶᠣᠰᠣᠭᠠᠷ ᠰᠢᠭᠦᠨ ᠲᠠᠰᠤᠯᠵᠤ᠂ ᠪᠢᠨ ᠶᠤᠸᠠᠢ ᠰᠢᠨ᠎ᠡ ᠬᠤᠲᠠ ᠰᠠᠭᠤᠭᠠᠯᠢ ᠲᠣᠭᠤᠷᠢᠭ ᠤᠨ 170 ᠭᠠᠷᠤᠢ ᠡᠷᠦᠬᠡ ᠰᠠᠭᠤᠭᠠᠯᠢ ᠠᠷᠠᠳ ᠤᠨ ᠤᠯᠠᠭᠠᠨᠬᠠᠳᠠ  ᠶᠢᠨ ᠲᠢᠶᠠᠨ ᠴᠧᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ  ᠠᠴᠠ ᠶᠡᠭᠡ ᠵᠠᠰᠠᠪᠤᠷᠢ ᠶᠢᠨ ᠰᠠᠭᠤᠷᠢ ᠮᠥᠩᠭᠦ᠂ ᠭᠡᠷ᠎ᠡ ᠶᠢᠨ ᠭᠠᠶᠢᠯᠢ ᠨᠡᠭᠡᠨ ᠠᠪᠤᠭᠰᠠᠨ ᠬᠡᠷᠡᠭ ᠢ ᠠᠮᠵᠢᠯᠲᠠ ᠲᠠᠢ ᠡᠶᠡᠳᠡᠭᠦᠯᠵᠦ᠂ ᠲᠣᠭᠳᠠᠭᠤᠨ ᠪᠦᠭᠡᠳ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠴᠢᠷᠮᠠᠶᠢᠨ ᠪᠣᠢ ᠪᠣᠯᠭᠠᠪᠠ᠃      ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠤ ᠬᠠᠤᠯᠢ ᠶᠣᠰᠣᠭᠠᠷ ᠦᠢᠯᠡᠴᠢᠯᠡᠪᠡ᠃ ᠵᠠᠰᠠᠭ ᠵᠠᠬᠢᠷᠭᠠᠨ ᠤ ᠬᠠᠷᠢᠴᠠᠩᠭᠤᠢ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠳᠤ ᠬᠢᠨᠠᠯᠲᠠ ᠳᠠᠯᠪᠢᠨ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ 62 ᠬᠤᠪᠢ ᠰᠢᠭᠦᠨ ᠳᠠᠭᠤᠰᠬᠠᠪᠠ᠂ ᠡᠭᠦᠨ ᠳᠤ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠵᠠᠷᠭᠤ ᠢᠯᠠᠭᠳᠠᠭᠰᠠᠨ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠪᠠᠨ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠤᠭᠰᠠᠨ᠂ ᠲᠤᠬᠠᠢ ᠶᠢᠨ ᠬᠥᠮᠦᠨ ᠡᠶᠡᠳᠡᠵᠦ ᠵᠠᠭᠠᠯᠳᠤᠯᠭ᠎ᠠ ᠪᠠᠨ ᠪᠤᠴᠠᠭᠠᠭᠰᠠᠨ ᠵᠡᠷᠭᠡ ᠠᠷᠭ᠎ᠠ ᠬᠡᠯᠪᠡᠷᠢ ᠪᠠᠷ 16 ᠬᠤᠪᠢ ᠬᠡᠷᠡᠭ ᠢ ᠳᠠᠭᠤᠰᠬᠠᠪᠠ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠠᠮᠵᠢᠵᠤ᠂ 37 ᠬᠤᠪᠢ ᠵᠠᠰᠠᠭ ᠵᠠᠬᠢᠷᠭᠠᠨ ᠤ ᠵᠠᠷᠭᠤ ᠶᠢᠨ ᠪᠤᠰᠤ ᠬᠡᠷᠡᠭ ᠢ ᠬᠢᠨᠠᠨ ᠪᠠᠶᠢᠴᠠᠭᠠᠵᠤ᠂ 27 ᠬᠤᠪᠢ ᠭᠦᠢᠴᠡᠳᠬᠡᠬᠦ ᠶᠢ ᠵᠥᠪᠰᠢᠶᠡᠷᠡᠬᠦ ᠲᠣᠭᠲᠠᠭᠠᠯᠲᠠ ᠭᠠᠷᠭᠠᠪᠠ᠃ ᠵᠠᠰᠠᠭ ᠵᠠᠬᠢᠷᠭᠠᠨ ᠤ ᠰᠢᠭᠦᠨ ᠲᠠᠰᠤᠯᠬᠤ ᠡᠷᠬᠡ ᠲᠤᠰᠢᠶᠠᠯ ᠢ ᠤᠷᠲᠤᠳᠬᠠᠵᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠠᠯ᠎ᠠ ᠪᠠᠷ ᠴᠠᠭ ᠲᠤᠬᠠᠢ ᠳᠤᠨᠢ 100 ᠭᠠᠷᠤᠢ ᠤᠳᠠᠭ᠎ᠠ ᠬᠠᠤᠯᠢ ᠴᠠᠭᠠᠵᠠ  ᠶᠢᠨ ᠵᠥᠪᠯᠡᠯᠭᠡ ᠬᠠᠩᠭᠠᠪᠠ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠳᠤ 2 ᠬᠤᠪᠢ ᠬᠠᠤᠯᠢ ᠴᠠᠭᠠᠵᠠ ᠶᠢᠨ ᠰᠠᠨᠠᠭᠤᠯᠭ᠎ᠠ ᠭᠠᠷᠭᠠᠪᠠ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠶᠢ ᠲᠦᠯᠬᠢᠨ ᠠᠬᠢᠭᠤᠯᠵᠤ᠂ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠮᠡᠳᠡᠭᠳᠡᠯ ᠤᠨ ᠪᠢᠴᠢᠭ ᠢ 26 ᠬᠤᠪᠢ ᠭᠠᠷᠭᠠᠪᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号