2021 ᠤᠨ ᠤ ᠠᠷᠠᠳ ᠤᠨ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵ᠭᠤᠷᠪᠠ︶
ᠨᠡᠶᠢᠲᠡᠯᠡᠭᠰᠡᠨ ᠴᠠᠭ᠄
2021/5/10
     2021 ᠣᠨ ᠳᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠪᠦᠬᠦᠯᠢ ᠴᠣᠭᠴᠠ ᠶᠢᠨ ᠠᠵᠢᠯ ᠤᠨ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠰᠢᠭᠦᠬᠦ ᠬᠤᠷᠢᠶᠠᠨ ᠤ ᠠᠵᠢᠯ ᠳᠠᠬᠢ ᠬᠠᠷᠢᠴᠠᠯᠠᠰᠢᠭᠦᠶ ᠤᠳᠤᠷᠢᠳᠤᠯᠭ᠎ᠠ ᠶᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶ᠎ᠠ ᠪᠠ ᠳᠡᠭᠡᠳᠦ ᠱᠠᠲᠤᠨ ᠤ ᠰᠢᠭᠦᠬᠦ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠤᠶᠤᠨᠲᠤ ᠰᠢᠭᠦᠬᠦ ᠬᠤᠷᠢᠶᠠᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠭᠦᠨ ᠲᠠᠰᠤᠯᠬᠤ ᠭᠦᠶᠴᠡᠳᠬᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ  ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠩᠨᠡᠭᠡᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠡᠰᠢᠭᠲᠡᠨ ᠬᠤᠰᠢᠭᠤᠨ ᠤ ᠰᠢᠭᠦᠬᠦ ᠬᠤᠷᠢᠶᠠᠨ ᠤ ᠪᠦᠬᠦᠯᠢ ᠴᠣᠭᠴᠠ ᠶᠢᠨ ᠠᠵᠢᠯ ᠢ ᠤᠯᠠᠭᠠᠨᠬᠠᠳᠠ ᠬᠤᠲᠠ ᠶᠢᠨ ᠰᠢᠭᠦᠬᠦ ᠬᠤᠷᠢᠶᠠᠨ ᠤ ᠰᠢᠰᠲ᠋ᠧᠮ ᠤᠨ ᠡᠮᠦᠨ᠎ᠡ ᠡᠩᠨᠡᠭᠡᠨ ᠳᠤ ᠣᠷᠣᠬᠤ ᠶᠢ ᠤᠯᠠᠮ ᠨᠢᠭᠡ ᠠᠯᠬᠤᠮ ᠠᠬᠢᠭᠤᠯᠵᠤ᠂ ᠮᠠᠨ ᠤ ᠬᠤᠰᠢᠭᠤᠨ ᠤ ᠨᠡᠶᠢᠭᠡᠮ ᠤᠨ ᠲᠣᠭᠲᠠᠭᠤᠨ ᠪᠠ ᠠᠵᠤ ᠠᠬᠤᠶ ᠶᠢᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃ ᠡᠭᠦᠨ ᠤ ᠲᠤᠯᠠ ᠳᠣᠤᠷᠠᠬᠢ ᠬᠡᠳᠦᠨ ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠬᠢᠨ᠎ᠠ᠄      ᠨᠢᠭᠡ ᠳᠤ ᠰᠢᠨ᠎ᠡ ᠤᠨᠤᠯ ᠢᠶᠠᠷ ᠵᠡᠪᠰᠡᠭᠯᠡᠬᠦ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠡᠷᠡᠰ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ ᠢᠮᠠᠭᠲᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠢᠭᠦᠬᠦ ᠬᠤᠷᠢᠶᠠᠨ ᠤ ᠠᠵᠢᠯ ᠤᠨ ᠰᠢᠨ᠎ᠡ ᠬᠥᠭᠵᠢᠯᠲᠡ ᠶᠢ ᠪᠡᠶᠡᠯᠡᠭᠦᠯᠬᠦ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠴᠤᠭᠴᠠᠯᠠᠨ᠎ᠠ᠃ ᠢᠮᠠᠭᠲᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠥᠷᠭᠡᠨ ᠣᠯᠠᠨ ᠺᠠᠳ᠋ᠷ ᠴᠠᠭᠳᠠᠭ᠎ᠠ ᠶᠢᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠬᠠᠮᠰᠠᠷᠲᠤ ᠴᠢᠨᠠᠷ᠂ ᠡᠷᠡᠰ ᠪᠠᠲᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠲᠥᠪ ᠬᠤᠷᠢᠶᠠᠨ ᠤ ᠰᠠᠨᠠᠯ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ  ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠦ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠥᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠠ ᠰᠢᠭᠦᠨ ᠲᠠᠰᠤᠯᠬᠤ ᠡᠷᠬᠡ ᠶᠢ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠬᠡᠷᠡᠭᠵᠢᠭᠦᠯᠬᠦ ᠶᠢᠨ ᠬᠠᠷᠢᠴᠠᠭ᠎ᠠ ᠶᠢ ᠵᠥᠪ  ᠢᠶᠠᠷ ᠰᠠᠶᠢᠲᠤᠷ ᠰᠢᠢᠳᠪᠦᠷᠢᠯᠡᠵᠦ᠂ ᠴᠢᠬᠤᠯᠠ ᠶᠡᠭᠡ ᠬᠡᠷᠡᠭ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠥᠷᠢᠮ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠥᠷᠢᠮ ᠢ ᠴᠢᠩᠭ᠎ᠠ ᠵᠢᠷᠤᠮᠯᠠᠵᠤ᠂ ᠲᠥᠪ ᠬᠤᠷᠢᠶᠠᠨ ᠤ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠳᠡᠭᠡᠳᠦ ᠱᠠᠲᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠭᠦᠬᠦ ᠬᠤᠷᠢᠶᠠᠨ ᠳᠤ ᠲᠡᠷᠡ ᠶᠣᠰᠣᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃      ᠬᠤᠶᠠᠷ ᠲᠤ ᠰᠢᠨ᠎ᠡ ᠦᠵᠡᠯ ᠰᠠᠨᠠᠭ᠎ᠠ ᠪᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠪᠦᠬᠦ ᠬᠦᠴᠦᠨ ᠢᠶᠠᠷ ᠢᠶᠠᠨ ᠤᠶᠢᠯᠡᠴᠢᠯᠡᠨ᠎ᠡ᠃ ᠡᠯ᠎ᠡ ᠲᠥᠷᠥᠯ ᠤᠨ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠶᠳᠬᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠳᠠᠬᠢ ᠬᠠᠤᠯᠢ ᠴᠠᠭᠠᠵᠠ ᠶᠢᠨ ᠠᠷᠭᠠᠴᠠᠭᠠᠯᠲᠠ ᠶᠢ ᠴᠢᠩᠭᠠᠳᠬᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠬᠦ ᠳᠤ ᠬᠦᠴᠦᠨ ᠨᠡᠮᠡᠷᠢᠯᠡᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠥᠬᠡᠶ ᠲᠤᠤᠱᠯᠠᠭᠤᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠳᠤ ᠦᠶᠯᠡᠴᠢᠯᠡᠵᠦ᠂ ᠨᠠᠩ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠬᠠᠤᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ᠠᠷᠠᠳ ᠤᠨ ᠰᠢᠭᠦᠬᠦ ᠲᠢᠩᠬᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠰᠢᠭᠦᠬᠦ ᠲᠢᠩᠬᠢᠮ ᠤᠨ ᠬᠠᠤᠯᠢ ᠪᠠᠷᠢᠬᠤ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠦᠢᠯᠡᠴᠢᠯᠡᠨ᠎ᠡ᠃ ᠬᠢᠨᠠᠯᠲᠠ ᠲᠠᠯᠪᠢᠬᠤ ᠪᠠ ᠬᠠᠮᠠᠭᠠᠯᠠᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠨ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠢ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠤ ᠤᠶᠢᠯᠡᠴᠢᠯᠡᠨ᠎ᠡ᠃      ᠭᠤᠷᠪᠠ ᠳᠤ ᠨᠠᠷᠢᠯᠢᠭ ᠣᠨᠣᠴᠠᠲᠠᠶ ᠦᠶᠯᠡᠴᠢᠯᠡᠭᠡ ᠬᠠᠩᠭᠠᠬᠤ ᠶᠢ ᠪᠠᠷᠢᠮᠲᠠᠯᠠᠵᠤ᠂ ᠠᠷᠠᠳ ᠣᠯᠠᠨ ᠤ ᠬᠠᠤᠯᠢ ᠴᠠᠭᠠᠵᠠ ᠶᠢᠨ ᠤᠯᠤᠯᠲᠠᠲᠦ ᠲᠥᠷᠥᠭᠳᠡᠯ ᠢ ᠨᠡᠮᠡᠭᠳᠡᠭᠦᠯᠦᠨ᠎ᠡ᠃ ᠢᠷᠭᠡᠨ ᠤ ᠬᠠᠤᠯᠢ ᠶᠢᠨ ᠪᠢᠴᠢᠭ ᠢ ᠦᠨᠡᠨ ᠬᠦ ᠲᠤᠤᠱᠯᠠᠭᠤᠯᠤᠨ ᠬᠡᠷᠡᠭᠵᠢᠭᠦᠯᠵᠦ᠂ ᠢᠷᠭᠡᠨ ᠤ ᠬᠠᠤᠯᠢ ᠶᠢᠨ ᠪᠢᠴᠢᠭ ᠤᠨ ᠭᠤᠣᠯ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠢᠷᠭᠡᠨ ᠤ ᠬᠡᠷᠡᠭ ᠤᠨ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠦᠪᠰᠢᠨ  ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠤᠨ ᠬᠠᠤᠯᠢ ᠴᠠᠭᠠᠵᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠬᠡᠷᠡᠭ ᠢ ᠰᠢᠭᠦᠨ ᠲᠠᠰᠤᠯᠬᠤ ᠭᠦᠢᠴᠡᠳᠬᠡᠬᠦ ᠠᠵᠢᠯ  ᠢ ᠰᠠᠶᠢᠲᠤᠷ ᠬᠢᠵᠦ᠂ ᠭᠡᠷ ᠪᠦᠯᠢ ᠶᠢᠨ ᠶᠠᠪᠤᠳᠠᠯ ᠤᠨ ᠰᠢᠭᠦᠨ ᠲᠠᠰᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠭᠡᠷ ᠪᠦᠯᠢ ᠶᠢᠨ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠨ᠎ᠡ᠃ ᠵᠢᠭᠤᠷᠠᠯᠳᠤᠭᠠᠨ ᠢ ᠰᠢᠢᠳᠪᠦᠷᠢᠯᠡᠬᠦ ᠪᠠ ᠵᠠᠷᠭᠤ ᠶᠢᠨ ᠦᠢᠯᠡᠴᠢᠯᠡᠭᠡᠨ ᠤ ᠨᠢᠭᠡ ᠦᠷᠳᠡᠭᠡᠴᠢᠯᠡᠭᠰᠡᠨ ᠬᠡᠯᠪᠡᠷᠢ ᠶᠢᠨ ᠤᠯᠠᠨ ᠡᠰᠢᠴᠢᠯᠡᠭᠰᠡᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠷᠠᠳ ᠤᠯᠠᠨ ᠳᠤ ᠬᠠᠤᠯᠢ ᠴᠠᠭᠠᠵᠠ ᠶᠢᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠦᠨ᠎ᠡ᠃ ᠭᠦᠢᠴᠡᠳᠬᠡᠬᠦ ᠠᠵᠢᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠶᠡᠷᠦᠩᠬᠡᠶᠢᠯᠡᠨ ᠵᠠᠰᠠᠬᠤ ᠠᠵᠢᠯ ᠤᠨ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠭᠦᠢᠴᠡᠳᠬᠡᠬᠦ ᠠᠵᠢᠯ  ᠤᠨ ᠤᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ  ᠢ ᠴᠢᠩᠭᠠᠳᠬᠠᠵᠤ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠢᠯᠤᠭᠤᠳᠬᠠᠨ ᠲᠦᠷᠢᠮᠵᠢᠭᠦᠯᠦᠨ᠎ᠡ᠃      ᠲᠦᠷᠪᠡ ᠳᠤ ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢ ᠪᠠᠷᠢᠮᠲᠠᠯᠠᠵᠤ᠂ ᠨᠡᠩ ᠥᠨᠳᠥᠷ ᠲᠦᠪᠰᠢᠨ ᠪᠦᠬᠦᠢ ᠲᠥᠪ ᠭᠤᠣᠯᠴᠢ ᠰᠢᠳᠤᠷᠭᠤ ᠶᠣᠰᠣ ᠶᠢ ᠴᠢᠷᠮᠠᠶᠢᠨ ᠪᠡᠶᠡᠯᠡᠭᠦᠯᠦᠨ᠎ᠡ᠃ ᠬᠠᠤᠯᠢ ᠴᠠᠭᠠᠵᠠ ᠶᠢ ᠨᠢᠭᠡᠳᠦᠯᠲᠡᠢ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠲᠦᠷᠦᠯ ᠵᠤᠶᠢᠯ ᠤᠨ ᠬᠡᠷᠡᠭ ᠢ ᠪᠠᠶᠢᠴᠠᠭᠠᠨ ᠡᠷᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠴᠠᠭᠠᠵᠠ ᠶᠢ ᠨᠢᠭᠡᠳᠦᠯᠲᠡᠢ ᠬᠡᠷᠡᠭᠯᠡᠬᠦ ᠶᠢ ᠠᠬᠢᠭᠤᠯᠤᠨ᠎ᠠ᠃ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠤᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠡᠷᠡᠭ ᠪᠣᠯᠭᠠᠨ ᠳᠠᠩᠰᠠᠯᠠᠬᠤ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠠᠵᠢᠯᠲᠠᠨ ᠤ ᠣᠷᠣᠨ ᠲᠤᠭ᠎ᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠬᠥᠳᠡᠯᠦᠩᠭᠦᠶ ᠪᠠᠷ ᠲᠣᠬᠢᠷᠠᠭᠤᠯᠬᠤ᠂ ᠳᠠᠷᠠᠭᠠᠯᠠᠨ ᠨᠥᠬᠦᠪᠥᠷᠢᠯᠡᠬᠦ ᠪᠠ ᠪᠤᠴᠠᠭᠠᠨ ᠭᠠᠷᠭᠠᠬᠤ ᠠᠵᠢᠯ ᠢ ᠪᠠᠶᠢᠩᠭᠤ ᠥᠷᠨᠢᠭᠦᠯᠦᠨ᠎ᠡ᠃ ᠤᠶᠤᠨᠲᠤ ᠰᠢᠭᠦᠬᠦ ᠬᠤᠷᠢᠶᠠᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠷᠠᠳ ᠤᠨ ᠰᠢᠭᠦᠬᠦ ᠬᠤᠷᠢᠶᠠᠨ ᠤ ᠮᠡᠳᠡᠭᠡ ᠵᠠᠩᠭᠢᠵᠢᠯᠲᠠ  ᠶᠢᠨ 4.0 ᠬᠡᠪᠯᠡᠯ ᠤᠨ ᠪᠠᠶᠢᠭᠤᠯᠤᠯᠲᠠ ᠶᠢ ᠠᠬᠢᠭᠤᠯᠵᠤ᠂ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠳᠦᠷᠪᠡᠨ ᠶᠡᠭᠡ ᠢᠯᠡ ᠪᠣᠯᠭᠠᠬᠤ ᠲᠠᠪᠴᠠᠩ ᠢ ᠲᠡᠭᠦᠯᠳᠡᠷᠵᠢᠭᠦᠯᠵᠦ᠂ ᠲᠤᠭᠠᠴᠢᠯᠠᠭᠰᠠᠨ ᠰᠢᠳᠤᠷᠭᠤ ᠶᠣᠰᠣ ᠪᠠᠷ ᠨᠡᠩ ᠥᠨᠳᠥᠷ ᠲᠦᠪᠰᠢᠨ ᠪᠦᠬᠦᠢ ᠲᠥᠪ ᠭᠤᠣᠯᠴᠢ ᠰᠢᠳᠤᠷᠭᠤ ᠶᠣᠰᠣ ᠶᠢ ᠪᠡᠶᠡᠯᠡᠭᠦᠯᠬᠦ ᠶᠢ ᠠᠬᠢᠭᠤᠯᠤᠨ᠎ᠠ᠃ ᠲᠤᠬᠠᠢ ᠶᠢᠨ ᠬᠥᠮᠦᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ  ᠶᠢᠨ ᠬᠤᠷᠢᠶ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠢᠶᠠᠨ ᠮᠡᠳᠡᠭᠦᠯᠵᠦ᠂ ᠨᠡᠭᠡᠭᠡᠯᠲᠡᠲᠡᠢ᠂ ᠬᠥᠳᠡᠯᠦᠩᠭᠦᠢ᠂ ᠢᠯᠡ ᠲᠣᠳᠣ᠂ ᠠᠷᠠᠳ ᠲᠤ ᠲᠦᠭᠦᠮ ᠦᠵᠡᠭᠦᠯᠦᠭᠰᠡᠨ ᠬᠠᠤᠯᠢ ᠴᠠᠭᠠᠵᠠ ᠶᠢᠨ ᠢᠯᠡ ᠲᠣᠭᠲᠠᠴᠠ ᠶᠢ ᠬᠦᠴᠦᠯᠡᠨ ᠪᠠᠶᠢᠭᠤᠯᠤᠨ᠎ᠠ᠃      ᠲᠠᠪᠤ ᠳᠤ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠶᠢ ᠪᠠᠷᠢᠮᠲᠠᠯᠠᠵᠤ᠂ ᠰᠢᠭᠦᠬᠦ ᠬᠤᠷᠢᠶᠠᠨ ᠤ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠤᠶᠠᠯᠳᠤᠭᠤᠯᠤᠨ ᠨᠠᠮ  ᠤᠨ ᠪᠠᠶᠢᠭᠤᠯᠤᠯᠲᠠ ᠶᠢ ᠠᠳᠬᠤᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠨ ᠰᠢᠭᠦᠨ ᠲᠠᠰᠤᠯᠤᠯᠲᠠ ᠶᠢ ᠠᠬᠢᠭᠤᠯᠵᠤ᠂ ᠺᠠᠳ᠋ᠷ ᠴᠠᠭᠳᠠᠭ᠎ᠠ ᠶᠢᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠨ᠎ᠡ ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠰᠢᠭᠦᠬᠦ ᠬᠤᠷᠢᠶ᠎ᠠ ᠶᠢ ᠴᠢᠩᠭ᠎ᠠ ᠵᠠᠰᠠᠬᠤ᠂ ᠴᠢᠩᠭ᠎ᠠ ᠬᠠᠮᠢᠶᠠᠷᠬᠤ ᠶᠢ ᠪᠠᠷᠢᠮᠲᠠᠯᠠᠵᠤ᠂ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠬᠠᠤᠯᠢ ᠴᠠᠭᠠᠵᠠ  ᠶᠢᠨ ︽ᠭᠤᠷᠪᠠᠨ ᠲᠣᠭᠲᠠᠭᠠᠯ︾ ᠳᠤ ᠭᠠᠷ ᠲᠦᠷᠦᠭᠦ ᠶᠢ ᠰᠡᠷᠭᠡᠶᠢᠯᠡᠬᠦ ᠵᠡᠷᠭᠡ ᠬᠠᠲᠠᠭᠤ ᠲᠣᠭᠲᠠᠭᠠᠯ ᠴᠠᠭᠠᠵᠠ ᠵᠠᠷᠯᠢᠭ  ᠢ ᠬᠢᠨᠠᠮᠠᠭᠠᠢ ᠵᠢᠷᠤᠮᠯᠠᠨ ᠰᠠᠬᠢᠵᠤ᠂ ᠬᠠᠤᠯᠢ ᠴᠠᠭᠠᠵᠠ ᠶᠢᠨ ᠢᠯᠵᠠᠷᠠᠯ ᠢ ᠥᠴᠦᠬᠡᠨ ᠴᠦ ᠦᠯᠦ ᠬᠦᠯᠢᠴᠡᠬᠦ ᠣᠪᠣᠷ  ᠢᠶᠠᠷ ᠴᠢᠩᠭ᠎ᠠ ᠰᠢᠢᠳᠬᠡᠨ᠎ᠡ᠃ ᠡᠩᠨᠡᠭᠡᠨ ᠤ ᠬᠥᠮᠦᠵᠢᠯ ᠴᠡᠭᠴᠡᠯᠡᠯᠲᠡ ᠶᠢ ᠪᠦᠬᠦ ᠲᠠᠯ᠎ᠠ ᠪᠠᠷ ᠥᠷᠨᠢᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠠᠬᠢᠭᠤᠯᠵᠤ᠂ ᠡᠨᠡ ᠬᠦ ᠲᠤᠲᠤᠭᠠᠲᠦ ᠦᠭᠡᠷᠡᠴᠢᠯᠡᠯᠳᠡ ᠶᠢ ᠴᠢᠩᠭᠠᠳᠬᠠᠨ᠂ ᠰᠤᠷᠲᠠᠯ  ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠤᠨ᠎ᠠ᠃ ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠰᠤᠷᠤᠯᠴᠠᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠥᠷᠭᠡᠨ ᠣᠯᠠᠨ ᠺᠠᠳ᠋ᠷ ᠴᠠᠭᠳᠠᠭ᠎ᠠ ᠶᠢᠨ ᠺᠣᠮᠫᠠᠨᠢ ᠶᠢᠨ ᠬᠠᠤᠯᠢ ᠶᠢ ᠬᠢᠴᠢᠶᠡᠩᠭᠦᠶᠢᠯᠡᠨ ᠵᠢᠷᠤᠮᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠤᠨ᠎ᠠ᠃      ᠲᠥᠯᠥᠭᠡᠯᠡᠭᠴᠢᠳ ᠡ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠪᠣᠯ ᠪᠢᠳᠡᠨ ᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ︔ ᠣᠷᠣᠨ ᠨᠤᠲᠤᠭ ᠤᠨ ᠬᠥᠭᠵᠢᠯᠲᠡ ᠶᠢ ᠪᠠᠲᠤᠯᠠᠬᠤ ᠳᠤ ᠦᠢᠯᠡᠴᠢᠯᠡᠬᠦ ᠪᠣᠯ ᠪᠢᠳᠡᠨ ᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ᠃ ᠰᠢᠨ᠎ᠡ ᠨᠢᠭᠡᠨ ᠵᠢᠯ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠬᠤᠰᠢᠭᠤᠨ ᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ ᠪᠠ ᠲᠣᠰ ᠤᠳᠠᠭᠠᠨ ᠤ ᠶᠡᠭᠡ ᠬᠤᠷᠠᠯ ᠤᠨ ᠰᠢᠶᠳᠪᠦᠷᠢ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠷᠢᠭᠲᠠᠶ ᠪᠠᠷ ᠲᠦᠷᠦᠭᠦᠯᠡᠬᠦ ᠵᠣᠷᠢᠭ ᠰᠠᠨᠠᠭᠠᠨ ᠤ ᠪᠠᠶᠢᠳᠠᠯ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ᠂ ᠵᠣᠷᠢᠭᠲᠠᠶ ᠪᠠᠷ ᠡᠭᠦᠷᠭᠡᠯᠡᠬᠦ ᠬᠠᠷᠢᠭᠤᠴᠠᠯᠭᠠᠲᠤ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠶᠴᠡᠳᠬᠡᠵᠦ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠬᠦᠴᠦᠲᠡᠶ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠪᠠᠷ ᠴᠢᠷᠮᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号