| | ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ︵2021 ᠣᠨ ᠤ 3 ᠰᠠᠷ᠎ᠠ︶ | | | ᠲᠥᠯᠥᠭᠡᠯᠡᠭᠴᠢᠳ ᠡ᠄ | ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠬᠤᠭᠤᠴᠠᠭᠠᠨ ᠳᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ︵ᠳᠣᠷᠣᠭᠰᠢ | ᠲᠥᠯᠥᠭᠡᠯᠡᠭᠴᠢ ᠶᠢᠨ ᠰᠠᠨᠠᠭᠤᠯᠭ᠎ᠠ ᠭᠡᠵᠦ ᠲᠣᠪᠴᠢᠯᠠᠨ᠎ᠠ︶ ᠢ ᠨᠡᠶᠢᠲᠡ 60 ᠬᠤᠪᠢ ᠭᠥᠯᠢᠶᠡᠨ ᠠᠪᠴᠦ᠂ ᠡᠭᠦᠨ ᠳᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠯᠡᠬᠦ ᠬᠡᠪᠴᠢᠶᠡᠨ ᠳᠤ ᠬᠠᠷᠢᠶᠠᠯᠠᠭᠳᠠᠬᠤ 54 ᠬᠤᠪᠢ | ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠤᠯᠪᠣᠭᠳᠠᠯ ᠪᠦᠬᠦᠢ ᠭᠠᠵᠠᠷ ᠣᠷᠣᠨ | ᠪᠣᠯᠤᠨ ᠰᠠᠯᠠᠭ᠎ᠠ ᠮᠥᠴᠢᠷ ᠲᠤ ᠳᠠᠮᠵᠢᠭᠤᠯᠤᠨ ᠲᠤᠰᠢᠶᠠᠵᠤ ᠰᠢᠢᠳᠪᠦᠷᠢᠯᠡᠭᠦᠯᠪᠡ᠃ ᠡᠯ᠎ᠡ ᠳᠠᠭᠠᠭᠠᠨ ᠭᠦᠢᠴᠡᠳᠬᠡᠬᠦ | ᠬᠠᠪᠰᠤᠷᠤᠨ ᠭᠦᠢᠴᠡᠳᠬᠡᠬᠦ ᠨᠢᠭᠡᠴᠡ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠲᠥᠯᠥᠭᠡᠯᠡᠭᠴᠢᠳ ᠤᠨ ᠪᠤᠶ ᠪᠦᠬᠦᠢ ᠰᠠᠨᠠᠭᠤᠯᠭ᠎ᠠ ᠶᠢ | ᠲᠣᠭᠲᠠᠭᠰᠠᠨ ᠴᠠᠭ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠂ ᠰᠢᠢᠳᠪᠦᠷᠢᠯᠡᠵᠦ ᠳᠠᠭᠤᠰᠬᠠᠭᠰᠠᠨ ᠶᠡᠷᠦᠩᠬᠡᠶ | ᠨᠣᠷᠮ᠎ᠠ ᠨᠢ 100% ᠳᠤ ᠬᠦᠷᠪᠡ᠃ ᠤᠳᠤ ᠨᠢᠭᠡᠨᠲᠡ ︽ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ | ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ ᠰᠢᠭᠦᠮᠵᠢᠯᠡᠯ ᠬᠢᠭᠡᠳ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ | ᠲᠤᠬᠠᠶ ᠮᠡᠳᠡᠭᠦᠯᠦᠯᠲᠡ︾ ᠶᠢ ᠪᠦᠷᠢᠯᠳᠦᠭᠦᠯᠪᠡ᠃ ᠰᠢᠢᠳᠪᠦᠷᠢᠯᠡᠭᠰᠡᠨ ᠦᠷ᠎ᠡ ᠳ᠋ᠦᠩ ᠠᠴᠠ ᠦᠵᠡᠪᠡᠯ᠂ | ᠲᠥᠯᠥᠭᠡᠯᠡᠭᠴᠢᠳ ᠤᠨ ᠰᠠᠨᠠᠭᠤᠯᠭ᠎ᠠ ᠳᠤ ᠳᠤᠷᠠᠳᠤᠭᠰᠠᠨ ᠠᠰᠠᠭᠤᠳᠠᠯ ᠢ ᠨᠢᠭᠡᠨᠲᠡ ᠰᠢᠢᠳᠪᠦᠷᠢᠯᠡᠭᠰᠡᠨ ᠪᠤᠶᠤ | ᠦᠨᠲᠦᠰᠦᠨ ᠳᠡᠭᠡᠨ ᠰᠢᠢᠳᠪᠦᠷᠢᠯᠡᠭᠰᠡᠨ ᠨᠢ 40 ᠵᠤᠶᠢᠯ ︵A ᠲᠦᠷᠦᠯ︶ ᠪᠠᠶᠢᠵᠤ᠂ ᠰᠠᠨᠠᠭᠤᠯᠭ᠎ᠠ ᠶᠢᠨ ᠶᠡᠷᠦᠩᠬᠡᠶ | ᠲᠣᠭᠠᠨ ᠤ 74% ᠶᠢ ᠡᠵᠡᠯᠡᠨ᠎ᠡ︔ ᠲᠥᠯᠥᠭᠡᠯᠡᠭᠴᠢᠳ ᠤᠨ ᠰᠠᠨᠠᠭᠤᠯᠭ᠎ᠠ ᠳᠤ ᠳᠤᠷᠠᠳᠤᠭᠰᠠᠨ ᠠᠰᠠᠭᠤᠳᠠᠯ ᠢ ᠶᠠᠭ | ᠰᠢᠢᠳᠪᠦᠷᠢᠯᠡᠵᠦ ᠪᠠᠶᠢᠭ᠎ᠠ ᠪᠤᠶᠤ ᠨᠢᠭᠡᠨᠳᠡ ᠰᠢᠢᠳᠪᠦᠷᠢᠯᠡᠬᠦ ᠪᠠᠷ ᠲᠥᠯᠥᠪᠯᠡᠵᠦ ᠪᠠᠶᠢᠭ᠎ᠠ ᠨᠢ 9 ᠵᠦᠢᠯ ︵B ᠲᠥᠷᠥᠯ︶ | ᠪᠠᠶᠢᠵᠦ᠂ ᠰᠠᠨᠠᠭᠤᠯᠭ᠎ᠠ ᠶᠢᠨ ᠶᠡᠷᠦᠩᠬᠡᠶ ᠲᠣᠭᠠᠨ ᠤ 17% ᠶᠢ ᠡᠵᠡᠯᠡᠨ᠎ᠡ︔ ᠳᠤᠷᠠᠳᠤᠭᠰᠠᠨ ᠠᠰᠠᠭᠤᠳᠠᠯ ᠨᠢ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠢ ᠪᠤᠶᠤ ᠮᠠᠨ ᠤ ᠬᠤᠰᠢᠭᠤᠨ ᠤ ᠪᠣᠳᠠᠲᠤ ᠪᠠᠶᠢᠳᠠᠯ ᠢ | ᠦᠨᠳᠦᠰᠦᠯᠡᠨ ᠲᠦᠷ ᠴᠠᠭ ᠰᠢᠢᠳᠪᠦᠷᠢᠯᠡᠬᠦ ᠳᠤ ᠬᠦᠴᠢᠷ᠂ ᠬᠤᠶᠢᠰᠢᠳᠠ ᠠᠯᠬᠤᠮ ᠠᠯᠬᠤᠮ ᠢᠶᠠᠷ ᠰᠢᠢᠳᠪᠦᠷᠢᠯᠡᠬᠦ | ᠪᠤᠶᠤ ᠲᠥᠯᠥᠭᠡᠯᠡᠭᠴᠢᠳ ᠲᠤ ᠲᠠᠶᠢᠯᠪᠤᠷᠢᠯᠠᠬᠤ ᠴᠢᠬᠤᠯᠠᠲᠠᠶ 5 ᠵᠤᠶᠢᠯ ︵C ᠲᠦᠷᠦᠯ︶ ᠪᠠᠶᠢᠵᠦ᠂ | ᠰᠠᠨᠠᠭᠤᠯᠭ᠎ᠠ ᠶᠢᠨ ᠶᠡᠷᠦᠩᠬᠡᠶ ᠲᠣᠭᠠᠨ ᠤ 9% ᠶᠢ ᠡᠵᠡᠯᠡᠨ᠎ᠡ᠃ ᠡᠳᠦᠭᠡ ᠬᠤᠯᠪᠣᠭᠳᠠᠯ ᠪᠦᠬᠦᠢ ᠪᠠᠶᠢᠳᠠᠯ ᠤᠨ ᠲᠤᠬᠠᠢ | ᠳᠣᠤᠷᠠᠬᠢ ᠮᠡᠲᠦ ᠬᠠᠷᠢᠭᠤ ᠮᠡᠳᠡᠭᠦᠯᠦᠶ᠎ᠡ᠄ | ᠳᠤᠷᠠᠳᠤᠭᠰᠠᠨ ᠠᠰᠠᠭᠤᠳᠠᠯ ᠪᠠ ᠰᠠᠨᠠᠭᠤᠯᠭ᠎ᠠ ᠶᠢ ᠨᠢᠭᠡᠨᠲᠡ ᠰᠢᠢᠳᠪᠦᠷᠢᠯᠡᠭᠰᠡᠨ ᠪᠤᠶᠤ ᠦᠨᠳᠦᠰᠦᠨ ᠳᠡᠭᠡᠨ | ᠰᠢᠢᠳᠪᠦᠷᠢᠯᠡᠭᠰᠡᠨ ᠨᠢ 40 ᠵᠤᠶᠢᠯ ︵ᠡᠭᠦᠨ ᠤ ᠳᠣᠲᠣᠷᠠᠬᠢ 8 ᠵᠤᠶᠢᠯ ᠢ ᠨᠡᠶᠢᠯᠡᠭᠦᠯᠦᠨ ᠬᠠᠷᠢᠭᠤᠯᠲᠠ ᠦᠭᠪᠡ︶ | ᠪᠠᠶᠢᠵᠦ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ ᠶᠡᠷᠦᠩᠬᠡᠶ ᠲᠣᠭᠠᠨ ᠤ 74% ︵A ᠲᠦᠷᠦᠯ︶ ᠶᠢ ᠡᠵᠡᠯᠡᠨ᠎ᠡ᠃ | | ︵ᠨᠢᠭᠡ︶ ᠪᠢᠷᠠᠭᠤ ᠪᠠᠯᠭᠠᠰᠤᠨ ᠤ ᠰᠢᠶᠠᠩ ᠤᠨ ᠱᠠᠲᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠤᠬᠠᠶ | ᠰᠠᠨᠠᠭᠤᠯᠭ᠎ᠠ᠃ ᠪᠢᠷᠠᠭᠤ ᠪᠠᠯᠭᠠᠰᠤᠨ ᠤ ᠳ᠋ᠦᠩ ᠯᠢ ᠬᠤᠸᠠ᠂ ᠵᠢᠶᠠᠩ ᠳ᠋ᠠ ᠮᠢᠨ᠂ ᠵᠠᠩ ᠭᠦᠸᠧ ᠸᠧᠨ | ᠲᠥᠯᠥᠭᠡᠯᠡᠭᠴᠢ ᠠᠴᠠ G303 — ᠰᠢᠨ᠎ᠡ ᠰᠦᠮ᠎ᠡ — ᠭᠠᠯᠳᠠᠰᠦᠲᠠᠢ ᠷᠠᠰᠢᠶᠠᠨ ᠬᠦᠷᠬᠦ ᠬᠡᠰᠡᠭ ᠤᠨ ᠵᠠᠰᠠᠮᠠᠯ | ᠵᠠᠮ ᠤᠨ ᠡᠪᠳᠡᠭᠳᠡᠭᠰᠡᠨ ᠵᠠᠮ ᠤᠨ ᠭᠠᠳᠠᠷᠭᠤ ᠶᠢ ᠠᠷᠠᠴᠢᠯᠠᠨ ᠬᠠᠮᠠᠭᠠᠯᠠᠬᠤ ᠰᠠᠨᠠᠭᠤᠯᠭ᠎ᠠ ᠲᠤᠷᠠᠳᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠳᠤᠭᠤᠯᠤᠨ᠂ ᠬᠤᠰᠢᠭᠤᠨ ᠤ ᠵᠠᠮ | ᠬᠠᠷᠢᠯᠴᠠᠭᠠᠨ ᠤ ᠲᠣᠪᠴᠢᠶ᠎ᠠ ᠨᠢᠭᠡᠨᠲᠡ ᠲᠣᠰ ᠵᠠᠮ ᠤᠨ ᠬᠡᠰᠡᠭ ᠢ ᠰᠡᠯᠪᠢᠨ ᠵᠠᠰᠠᠬᠤ ᠢᠨᠵᠧᠨᠧᠷᠢᠩ ᠢ ᠮᠠᠨ ᠤ | ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ | ᠲᠦᠯᠦᠪᠵᠢᠭᠦᠯᠭᠡ ᠳᠤ ᠣᠷᠣᠭᠤᠯᠵᠤ᠂ 2021 ᠣᠨ ᠳᠤ ᠲᠥᠯᠥᠪᠯᠡᠭᠡ ᠶᠣᠰᠣᠭᠠᠷ ᠬᠡᠷᠡᠭᠵᠢᠭᠦᠯᠦᠨ᠎ᠡ᠃ G303 | — ᠰᠢᠨ᠎ᠡ ᠰᠦᠮ᠎ᠡ — ᠭᠠᠯᠳᠠᠰᠦᠲᠠᠢ ᠷᠠᠰᠢᠶᠠᠨ ᠬᠦᠷᠬᠦ ᠬᠡᠰᠡᠭ ᠤᠨ ᠵᠠᠰᠠᠮᠠᠯ ᠵᠠᠮ ᠨᠢ ᠰᠢᠶᠠᠩ ᠤᠨ ᠵᠠᠮ ᠤᠨ | 205 ᠱᠤᠭᠤᠮ ᠤᠨ ᠢᠦᠶ ᠵᠧᠤ ᠳ᠋ᠢ ᠪᠠᠯᠭᠠᠰᠤ — ᠪᠢᠷᠠᠭᠤ ᠪᠠᠯᠭᠠᠰᠤᠨ ᠤ ᠰᠢᠨ᠎ᠡ ᠰᠦᠮ᠎ᠡ ᠬᠦᠷᠬᠦ ᠵᠠᠮ ᠤᠨ | ᠨᠢᠭᠡ ᠬᠡᠰᠡᠭ ᠪᠣᠯᠤᠨ᠎ᠠ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠢ ᠬᠤᠶᠠᠷ ᠰᠢᠶᠠᠩ ᠪᠠᠯᠭᠠᠰᠤ ᠠᠴᠠ | ᠬᠠᠷᠢᠶ᠎ᠠ ᠣᠷᠣᠨ ᠤ ᠶᠤᠰᠤᠭᠠᠷ ᠲᠣᠰ ᠲᠣᠰ ᠥᠷᠨᠢᠭᠦᠯᠦᠨ᠎ᠡ᠃ | ︵ᠬᠤᠶᠠᠷ︶ ᠪᠢᠷᠠᠭᠤ ᠪᠠᠯᠭᠠᠰᠤᠨ ᠤ ᠭᠤᠸᠠᠩ ᠮᠢᠩ ᠰᠢᠭᠤᠳ ᠬᠠᠷᠢᠶ᠎ᠠ ᠨᠡᠶᠢᠭᠡᠮ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠭᠤᠯᠭ᠎ᠠ᠃ ᠪᠢᠷᠠᠭᠤ ᠪᠠᠯᠭᠠᠰᠤᠨ ᠤ ᠯᠢ ᠰᠢᠶᠠᠩ ᠹᠸᠢ ᠲᠥᠯᠥᠭᠡᠯᠡᠭᠴᠢ | ᠠᠴᠠ ᠪᠢᠷᠠᠭᠤ ᠪᠠᠯᠭᠠᠰᠤᠨ ᠤ ᠭᠤᠸᠠᠩ ᠮᠢᠩ ᠰᠢᠭᠤᠳ ᠬᠠᠷᠢᠶ᠎ᠠ ᠨᠡᠶᠢᠭᠡᠮ ᠲᠣᠭᠤᠷᠢᠭ ᠤᠨ ᠵᠠᠰᠠᠯᠳᠠ ᠬᠠᠮᠢᠶᠠᠷᠦᠯᠳᠠ | ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠳᠤᠭᠤᠯᠤᠨ᠂ ᠬᠤᠰᠢᠭᠤᠨ ᠤ ᠠᠷᠠᠳ ᠤᠨ | ᠶᠠᠪᠤᠳᠠᠯ ᠤᠨ ᠲᠤᠪᠴᠢᠶ᠎ᠠ ᠠᠴᠠ ᠳᠡᠭᠡᠲᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠢᠳᠡᠪᠬᠢᠲᠡᠢ | ᠵᠣᠬᠢᠴᠠᠭᠤᠯᠵᠤ᠂ 2020 ᠣᠨ ᠤ 7 ᠰᠠᠷ᠎ᠠ ᠶᠢᠨ 3 ᠤ ᠡᠳᠦᠷ᠂ ᠭᠤᠸᠠᠩ ᠮᠢᠩ ᠰᠢᠭᠤᠳ ᠬᠠᠷᠢᠶ᠎ᠠ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠨᠢᠭᠡᠨᠲᠡ ᠪᠥᠬᠦ ᠤᠯᠤᠰ ᠤᠨ ᠦᠨᠳᠦᠰᠦᠨ ᠱᠠᠲᠤᠨ ᠤ | ᠵᠠᠰᠠᠭ ᠤᠨ ᠡᠷᠬᠡ ᠶᠢᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠬᠠᠮᠢᠶᠠᠷᠤᠯᠲᠠ ᠶᠢᠨ ᠰᠢᠰᠲ᠋ᠧᠮ ᠠᠴᠠ | ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ | ᠣᠨᠴᠠᠭᠠᠶ ᠬᠠᠤᠯᠢ ᠶᠢᠨ ᠡᠷᠭᠡᠳᠡᠨ ᠤ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠤᠯᠭᠤᠬᠤ ᠶᠢᠨ | ᠬᠠᠮᠲᠦ ᠭᠤᠷᠪᠠᠳᠤᠭᠠᠷ ᠤᠯᠠᠷᠢᠯ ᠳᠤ ᠤᠯᠤᠰ ᠤᠨ ᠠᠷᠠᠳ ᠤᠨ ᠶᠠᠪᠤᠳᠠᠯ ᠤᠨ ᠶᠠᠮᠤᠨ ᠳᠤ ᠮᠡᠳᠡᠭᠦᠯᠵᠦ ᠳᠠᠩᠰᠠᠯᠠᠭᠤᠯᠪᠠ | ᠃ ᠰᠠᠭᠤᠭᠠᠯᠢ ᠠᠷᠠᠳ ᠤᠨ ᠳᠤᠭᠤᠶᠢᠯᠠᠩ ᠤᠨ ᠳᠠᠷᠤᠭ᠎ᠠ ᠶᠢᠨ ᠴᠠᠯᠢᠩ ᠣᠯᠭᠤᠮᠵᠢ ᠵᠡᠷᠭᠡ ᠬᠠᠮᠢᠶ᠎ᠠ ᠪᠦᠬᠦᠢ | ᠠᠰᠠᠭᠤᠳᠠᠯ ᠳᠤ ᠬᠠᠨᠲᠤᠭᠤᠯᠤᠨ᠂ ᠬᠢᠨᠠᠨ ᠬᠠᠷᠭᠤᠭᠤᠯᠤᠭᠠᠳ᠂ ᠣᠳᠣᠬᠢ ᠱᠠᠲᠤᠨ ᠳᠤ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠳᠤ ᠨᠡᠶᠢᠴᠡᠬᠦ ᠬᠥᠮᠦᠰ ᠲᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ | ᠨᠥᠬᠦᠪᠥᠷᠢ ᠣᠯᠭᠤᠵᠤ ᠪᠣᠯᠬᠤ ᠶᠢ ᠭᠠᠷᠭᠠᠪᠠᠯ᠂ ᠲᠦᠯᠦᠭᠡᠯᠡᠭᠴᠢᠳ ᠤᠨ ᠳᠤᠷᠠᠳᠤᠭᠰᠠᠨ ᠪᠤᠰᠤᠳ ᠵᠤᠶᠢᠯ ᠤᠨ | ᠨᠥᠬᠦᠪᠥᠷᠢ ᠶᠢ ᠴᠥᠮ ᠨᠢᠭᠡᠨᠲᠡ ᠬᠦᠴᠦᠨ ᠦᠭᠡᠢ ᠪᠤᠯᠭᠠᠭᠰᠠᠨ ᠪᠤᠶᠤ ᠡᠯ᠎ᠡ ᠨᠡᠶᠢᠭᠡᠮ ᠲᠣᠭᠤᠷᠢᠭ ᠠᠴᠠ ᠦᠪᠡᠷᠳᠡᠭᠡᠨ | ᠡᠭᠦᠷᠭᠡᠯᠡᠨ᠎ᠡ᠃ | ︵ᠭᠤᠷᠪᠠ︶ ᠨᠡᠶᠢᠭᠡᠮ ᠤᠨ ᠳᠠᠭᠠᠳᠬᠠᠯ ᠤᠨ ᠺᠠᠷᠲ ᠢ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠳᠤ | ᠳᠠᠩᠰᠠ ᠨᠡᠭᠡᠭᠡᠬᠦ ᠲᠤᠬᠠᠶ ᠰᠠᠨᠠᠭᠤᠯᠭ᠎ᠠ᠃ ᠸᠠᠨ ᠾᠧ ᠶᠦᠩ ᠪᠠᠯᠭᠠᠰᠤᠨ ᠤ ᠯᠢ ᠱᠦ ᠶᠠᠨ ᠲᠦᠯᠦᠭᠡᠯᠡᠭᠴᠢ | ᠨᠡᠶᠢᠭᠡᠮ ᠤᠨ ᠳᠠᠭᠠᠳᠬᠠᠯ ᠤᠨ ᠺᠠᠷᠲ ᠤᠨ ᠳᠠᠩᠰᠠ ᠨᠡᠭᠡᠭᠡᠬᠦ ᠪᠠᠩᠭᠢ ᠶᠢ ᠨᠡᠮᠡᠭᠳᠡᠭᠦᠯᠵᠦ᠂ ᠮᠠᠯᠴᠢᠨ ᠲᠠᠷᠢᠶᠠᠴᠢᠨ ᠤ | ᠵᠣᠭᠤᠰ ᠭᠠᠷᠭᠠᠨ ᠠᠪᠬᠤ ᠳᠤ ᠳᠥᠭᠦᠮ ᠦᠵᠡᠭᠦᠯᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠰᠢᠭᠤᠨ ᠤ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠬᠥᠳᠡᠭᠡ ᠲᠤᠰᠬᠤᠨ ᠤ ᠬᠤᠳᠠᠯᠳᠤᠭᠠᠨ ᠤ ᠪᠠᠩᠬᠢ ᠶᠢᠨ ᠨᠡᠶᠢᠭᠡᠮ ᠤᠨ | ᠳᠠᠭᠠᠳᠬᠠᠯ ᠤᠨ ᠺᠠᠷᠲ ᠤᠶᠢᠯᠡᠳᠴᠦ ᠲᠠᠷᠬᠠᠭᠠᠬᠤ ᠲᠤᠬᠠᠶᠢᠯᠠᠭᠰᠠᠨ ᠠᠵᠢᠯ ᠭᠤᠶᠤᠴᠢᠯᠠᠬᠤ ᠶᠢ ᠢᠳᠡᠪᠭᠢᠲᠠᠢ | ᠵᠣᠬᠢᠴᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ | ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽ᠤᠶᠢᠯᠡᠳᠴᠦ ᠲᠠᠷᠬᠠᠭᠠᠬᠤ ᠦᠶᠡᠯᠡᠯ ᠤᠨ ᠬᠤᠭᠤᠴᠠᠭ᠎ᠠ ᠶᠢ | ᠪᠠᠭᠠᠰᠬᠠᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠠᠮᠢᠶᠠᠷᠤᠯᠲᠠ ᠤᠶᠢᠯᠡᠴᠢᠯᠡᠭᠡ ᠶᠢ ᠰᠢᠯᠢᠳᠡᠭᠵᠢᠭᠦᠯᠬᠦ ᠲᠤᠬᠠᠶ | ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ ﹇2019﹈ 182 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ︽ᠨᠡᠶᠢᠭᠡᠮ ᠤᠨ ᠳᠠᠭᠠᠳᠬᠠᠯ ᠤᠨ ᠺᠠᠷᠲ ᠤᠨ ᠬᠤᠷᠰᠢᠭᠰᠠᠨ | ᠪᠠᠩᠬᠢ ᠶᠢᠨ ᠭᠠᠵᠠᠷ ᠣᠷᠣᠨ ᠤ ᠬᠢᠵᠠᠭᠠᠷᠯᠠᠯ ᠢ ᠬᠦᠴᠦᠨ ᠦᠭᠡᠢ ᠪᠤᠯᠭᠠᠵᠦ︾᠂ ᠰᠢᠨ᠎ᠡ ᠬᠤᠷᠰᠢᠭᠰᠠᠨ ᠪᠠᠩᠬᠢ ᠨᠢ | ᠪᠦᠬᠦ ᠣᠷᠣᠨ ᠤ ᠨᠢᠭᠡᠳᠦᠯᠲᠡᠶ ᠨᠡᠶᠢᠭᠡᠮ ᠤᠨ ᠳᠠᠭᠠᠳᠬᠠᠯ ᠤᠨ ᠺᠠᠷᠲ ᠲᠠᠷᠬᠠᠭᠠᠬᠤ ᠨᠥᠬᠦᠴᠡᠯ ᠢ ᠬᠠᠩᠭᠠᠵᠤ᠂ | ᠪᠠᠩᠬᠢ ᠠᠴᠠ ᠭᠤᠶᠤᠴᠢᠯᠠᠯ ᠭᠠᠷᠭᠠᠵᠤ᠂ ᠠᠶᠢᠮᠠᠭ ᠬᠤᠲᠠ ᠪᠠᠷ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ | ᠣᠷᠣᠨ ᠳᠤ ᠳᠠᠩᠰᠠᠯᠠᠭᠤᠯᠤᠭᠰᠠᠨ ᠤ ᠳᠠᠷᠠᠭ᠎ᠠ᠂ ᠬᠠᠷᠠᠭᠠᠯᠵᠠᠭᠰᠠᠨ ᠭᠠᠵᠠᠷ ᠣᠷᠣᠨ ᠳᠤ ᠨᠡᠶᠢᠭᠡᠮ ᠤᠨ ᠳᠠᠭᠠᠳᠬᠠᠯ ᠤᠨ | ᠺᠠᠷᠲ ᠲᠠᠷᠬᠠᠭᠠᠬᠤ ᠠᠵᠢᠯ ᠢ ᠥᠷᠨᠢᠭᠦᠯᠵᠦ ᠪᠤᠯᠤᠨ᠎ᠠ᠃ ᠣᠳᠣᠬᠢ ᠱᠠᠲᠤᠨ ᠤ ᠲᠤᠬᠠᠶᠢᠯᠠᠭᠰᠠᠨ ᠠᠵᠢᠯ ᠤᠨ ᠬᠡᠮᠵᠢᠶ᠎ᠡ᠂ | ᠥᠪᠡᠷ ᠤᠨ ᠥᠷᠲᠡᠭ ᠵᠢᠴᠢ ᠪᠤᠰᠤᠳ ᠲᠤᠬᠠᠶᠢᠯᠠᠭᠰᠠᠨ ᠠᠵᠢᠯ ᠤᠨ ᠪᠠᠶᠢᠳᠠᠯ ᠳᠤ ᠰᠠᠭᠤᠷᠢᠯᠠᠨ᠂ ᠬᠤᠰᠢᠭᠤᠨ ᠤ | ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠲᠣᠰ ᠲᠥᠷᠥᠯ ᠤᠨ ᠲᠤᠬᠠᠶᠢᠯᠠᠭᠰᠠᠨ ᠠᠵᠢᠯ ᠭᠤᠶᠤᠴᠢᠯᠠᠬᠤ ᠶᠢ | ᠲᠦᠷ ᠪᠣᠳᠣᠯᠬᠢᠯᠠᠬᠤ ᠥᠬᠡᠶ᠃ 6 ᠰᠠᠷ᠎ᠠ ᠶᠢᠨ ᠡᠴᠦᠰ ᠪᠣᠯᠲᠠᠯ᠎ᠠ᠂ ᠪᠦᠬᠦ ᠬᠤᠰᠢᠭᠤᠨ ᠤ ᠨᠡᠶᠢᠭᠡᠮ ᠤᠨ | ᠳᠠᠭᠠᠳᠬᠠᠯ ᠤᠨ ᠺᠠᠷᠲ ᠠᠪᠤᠭᠰᠠᠨ ᠬᠥᠮᠦᠨ ᠤ ᠲᠤᠭ᠎ᠠ 209099 ᠬᠦᠮᠦᠨ᠂ ᠺᠠᠷᠲ ᠤᠶᠢᠯᠡᠲᠦᠭᠡᠲᠦᠢ 29275 | ᠬᠥᠮᠦᠨ᠂ ᠺᠠᠷᠲ ᠤᠶᠢᠯᠡᠲᠦᠭᠡᠳ ᠠᠪᠤᠭᠠᠲᠤᠢ 313 ᠬᠥᠮᠦᠨ ᠪᠤᠢ᠂ ᠣᠳᠣᠬᠢ ᠱᠠᠲᠤᠨ ᠳᠤ᠂ ᠮᠠᠨ ᠤ ᠬᠤᠰᠢᠭᠤᠨ | ᠤ ᠪᠦᠲᠦᠭᠡᠨ ᠪᠠᠶᠢᠭᠤᠯᠤᠯᠲᠠ ᠶᠢᠨ ᠪᠠᠩᠬᠢ ᠪᠣᠯᠤᠨ ᠤᠶᠢᠯᠡᠳᠪᠦᠷᠢ ᠬᠤᠳᠠᠯᠳᠤᠭᠠᠨ ᠤ ᠪᠠᠩᠬᠢ ᠶᠢᠨ ᠰᠦᠯᠵᠢᠶᠡᠨ | ᠴᠢᠭ ᠨᠢ ᠨᠡᠶᠢᠭᠡᠮ ᠤᠨ ᠳᠠᠭᠠᠳᠬᠠᠯ ᠤᠨ ᠺᠠᠷᠲ ᠤᠨ ᠺᠠᠷᠲ ᠤᠶᠢᠯᠡᠳᠴᠦ ᠲᠠᠷᠬᠠᠭᠠᠬᠤ ᠠᠵᠢᠯ ᠢ ᠭᠦᠢᠴᠡᠳᠬᠡᠵᠦ | ᠪᠤᠯᠤᠨ᠎ᠠ᠂ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠠᠩᠬᠢ 2020 ᠣᠨ ᠤ ᠳᠣᠤᠷ᠎ᠠ ᠬᠠᠭᠠᠰ ᠵᠢᠯ ᠠᠴᠠ | ᠡᠭᠢᠯᠡᠨ ᠪᠦᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠳᠤ ︽ᠢᠦᠶ ᠨᠦᠩ ᠲᠦᠩ︾ ᠪᠠᠶᠢᠭᠤᠯᠵᠦ᠂ ︽ | ᠪᠠᠩᠬᠢ ᠶᠢᠨ ᠤᠶᠢᠯᠡᠴᠢᠯᠡᠭᠡ ᠶᠢ ᠲᠣᠰᠬᠤᠨ ᠳᠤ ᠬᠦᠨᠵᠡᠭᠡᠶᠢᠷᠡᠭᠦᠯᠬᠦ︾ ᠶᠢ ᠪᠡᠶᠡᠯᠡᠭᠦᠯᠵᠦ᠂ ᠺᠠᠷᠲ ᠡᠵᠡᠮᠰᠢᠭᠴᠢ ᠶᠢᠨ | ᠵᠣᠭᠤᠰ ᠬᠠᠳᠠᠭᠠᠯᠠᠵᠤ ᠭᠠᠷᠭᠠᠬᠤ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ | ᠬᠠᠩᠭᠠᠬᠤ ᠪᠤᠯᠤᠨ᠎ᠠ᠃ | ︵ᠲᠦᠷᠪᠡ︶ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠪᠠᠶᠢᠴᠠᠭᠠᠨ ᠰᠤᠲᠤᠯᠬᠤ | ᠪᠠ ᠬᠢᠨᠠᠨ ᠬᠠᠮᠢᠶᠠᠷᠬᠤ ᠡᠷᠴᠢᠮ ᠢ ᠴᠢᠩᠭᠠᠳᠬᠠᠵᠦ᠂ ᠭᠠᠵᠠᠷ ᠰᠢᠷᠣᠶ ᠶᠢᠨ ᠤᠶᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠬᠦ ᠲᠤᠬᠠᠶ ᠰᠠᠨᠠᠭᠤᠯᠭ᠎ᠠ᠃ ᠸᠠᠨ ᠾᠧ ᠶᠦᠩ ᠪᠠᠯᠭᠠᠰᠤᠨ ᠤ ᠵᠤᠤ ᠰᠢᠤᠸᠠᠢ ᠴᠢᠤᠸᠠᠨ ᠲᠥᠯᠥᠭᠡᠯᠡᠭᠴᠢ | ᠠᠴᠠ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠵᠦ᠂ ᠲᠠᠷᠢᠶᠠᠨ ᠭᠠᠵᠠᠷ ᠢ ᠬᠠᠮᠠᠭᠠᠯᠠᠬᠤ ᠡᠷᠴᠢᠮ ᠢ | ᠴᠢᠩᠭᠠᠳᠬᠠᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠮᠠᠯ ᠠᠵᠤ ᠠᠬᠤᠢ | ᠲᠠᠷᠢᠶᠠᠯᠠᠩ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠪᠤᠯᠪᠠᠰᠦᠷᠠᠯ ᠢ ᠴᠢᠩᠭᠠᠳᠬᠠᠵᠤ᠂ | ᠲᠠᠷᠢᠶᠠᠯᠠᠬᠤ ᠡᠷᠦᠬᠡ ᠶᠢᠨ ᠲᠠᠷᠢᠶᠠᠨ ᠭᠠᠵᠠᠷ ᠢ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠬᠦ ᠶᠢᠨ ᠬᠠᠮᠲᠤ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠮᠠᠨ ᠤ ᠬᠤᠰᠢᠭᠤᠨ ᠤ ᠲᠠᠷᠢᠶᠠᠨ ᠭᠠᠵᠠᠷ ᠢ ᠬᠠᠮᠠᠭᠠᠯᠠᠬᠤ | ᠬᠦᠴᠦᠯᠡᠴᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠭᠠᠵᠠᠷ ᠰᠢᠷᠣᠢ ᠶᠢᠨ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠪᠡ᠃ | ᠨᠢᠭᠡ ᠳᠤ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠬᠤ ᠪᠠ ᠲᠠᠷᠢᠶᠠᠨ ᠡᠮ ᠤᠨ ᠬᠡᠮᠵᠢᠶ᠎ᠡ ᠶᠢ | ᠬᠠᠰᠦᠬᠤ ᠶᠢ ᠯᠠᠪᠳᠠᠭᠤᠨ ᠪᠠᠲᠤᠲᠠᠶ ᠲᠦᠯᠬᠢᠨ ᠠᠭᠢᠭᠤᠯᠪᠠ᠃ ᠠᠵᠤ ᠠᠬᠤᠶᠢᠯᠠᠯ ᠨᠢ ᠲᠤᠬᠠᠶ ᠶᠢᠨ ᠭᠠᠵᠠᠷ ᠤᠨ | ᠬᠥᠷᠥᠰᠥ ᠰᠢᠷᠣᠶ ᠶᠢᠨ ᠨᠥᠬᠦᠴᠡᠯ ᠳᠤ ᠨᠡᠶᠢᠴᠡᠭᠰᠡᠨ ᠨᠠᠶᠢᠷᠠᠯᠭ᠎ᠠ ᠲᠠᠢ ᠪᠣᠷᠳᠣᠭᠤᠷ ᠤᠶᠢᠯᠡᠳᠪᠦᠷᠢᠯᠡᠬᠦ ᠶᠢ ᠠᠬᠢᠭᠤᠯᠵᠦ᠂ | ᠳᠠᠪᠠᠭᠤᠯᠢᠭ ᠪᠤᠰᠤ ᠣᠷᠣᠨ ᠤ ᠡᠷᠳᠡᠨᠢ ᠰᠢᠰᠢ ᠲᠠᠷᠢᠬᠤ ᠲᠠᠯᠠᠪᠠᠶ ᠶᠢ ᠪᠠᠭᠠᠰᠬᠠᠵᠤ᠂ ᠰᠢᠷ᠎ᠠ ᠪᠤᠷᠴᠠᠭ ᠵᠡᠷᠭᠡ | ᠬᠦᠷᠦᠰᠦᠨ ᠲᠡᠵᠢᠭᠡᠯᠲᠦ ᠲᠠᠷᠢᠮᠠᠯ ᠢ ᠥᠷᠭᠡᠳᠬᠡᠨ ᠲᠠᠷᠢᠵᠦ᠂ ᠪᠣᠬᠢᠷᠲᠤᠯ ᠦᠭᠡᠢ ᠣᠷᠭᠠᠨᠢᠭ ᠣᠨᠴᠠᠯᠢᠭᠲᠤ ᠲᠠᠷᠢᠮᠠᠯ ᠢ | ᠬᠥᠭᠵᠢᠭᠦᠯᠵᠦ᠂ ᠡᠰᠢ ᠰᠦᠷᠡᠯ ᠢ ᠲᠠᠷᠢᠶᠠᠨ ᠳᠤ ᠪᠤᠴᠠᠭᠠᠬᠤ᠂ ᠣᠷᠭᠠᠨᠢᠭ ᠪᠤᠷᠳᠤᠭᠤᠷ ᠨᠡᠮᠡᠵᠦ ᠣᠷᠣᠭᠤᠯᠬᠤ᠂ | ᠨᠣᠭᠤᠭᠠᠨ ᠪᠤᠷᠳᠤᠭᠤᠷ ᠲᠠᠷᠢᠬᠤ᠂ ᠭᠦᠨ ᠬᠠᠭᠠᠯᠪᠤᠷᠢᠯᠠᠬᠤ᠂ ᠡᠭᠡᠯᠵᠢᠯᠡᠨ ᠲᠠᠷᠢᠬᠤ ᠵᠡᠷᠭᠡ ᠮᠡᠷᠭᠡᠵᠢᠯ ᠢ ᠳᠡᠯᠭᠡᠷᠡᠭᠦᠯᠵᠦ | ᠂ ᠬᠥᠷᠥᠰᠥ ᠰᠢᠷᠣᠶ ᠶᠢ ᠬᠡᠮᠵᠢᠵᠦ ᠨᠠᠶᠢᠷᠠᠯᠭ᠎ᠠ ᠲᠠᠢ ᠪᠤᠷᠳᠤᠭᠤᠷ ᠣᠷᠣᠭᠤᠯᠬᠤ᠂ ᠤᠰᠤᠨ ᠪᠤᠷᠲᠤᠭᠤᠷ ᠢ ᠨᠢᠭᠡ | ᠴᠤᠭᠴᠠᠵᠢᠭᠤᠯᠬᠤ᠂ ᠮᠧᠬᠠᠨᠢᠭ ᠢᠶᠠᠷ ᠭᠦᠨ ᠳᠠᠪᠬᠤᠷᠭ᠎ᠠ ᠳᠤ ᠪᠤᠷᠳᠤᠭᠤᠷ ᠣᠷᠣᠭᠤᠯᠬᠤ᠂ ᠰᠢᠨ᠎ᠡ ᠬᠡᠯᠪᠡᠷᠢ ᠶᠢᠨ | ᠠᠯᠭᠤᠷ ᠰᠢᠩᠭᠡᠭᠡᠯᠳᠡ ᠶᠢ ᠡᠵᠡᠮᠳᠡᠭᠴᠢ ᠪᠤᠷᠳᠤᠭᠤᠷ ᠪᠠ ᠤᠰᠤᠨ ᠳᠤ ᠠᠭᠤᠰᠬᠤ ᠴᠢᠨᠠᠷᠲᠠᠶ ᠪᠤᠷᠳᠤᠭᠤᠷ ᠵᠡᠷᠭᠡ ᠶᠢ | ᠳᠡᠯᠭᠡᠷᠡᠭᠦᠯᠵᠦ᠂ ᠪᠦᠲᠦᠴᠡ ᠶᠢ ᠲᠤᠭᠢᠷᠠᠭᠤᠯᠬᠤ᠂ ᠭᠠᠵᠠᠷ ᠤᠨ ᠦᠩ ᠰᠢᠮ᠎ᠡ ᠶᠢ ᠳᠡᠭᠡᠭᠰᠢᠯᠡᠭᠦᠯᠬᠦ᠂ ᠨᠠᠷᠢᠯᠢᠭ | ᠣᠨᠣᠴᠠᠲᠠᠶ ᠪᠠᠷ ᠪᠣᠷᠳᠣᠭᠤᠷ ᠣᠷᠣᠭᠤᠯᠬᠤ ᠵᠡᠷᠭᠡ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠢᠮᠢ ᠶᠢᠨ ᠪᠣᠷᠳᠣᠭᠤᠷ | ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ 2020 ᠣᠨ ᠳᠤ ᠪᠥᠬᠦ ᠬᠤᠰᠢᠭᠤᠨ ᠤ ᠬᠢᠮᠢ ᠶᠢᠨ ᠪᠣᠷᠲᠣᠭᠤᠷ ᠬᠡᠷᠡᠭᠯᠡᠬᠦ | ᠬᠡᠮᠵᠢᠶ᠎ᠡ 0.94 ᠲᠦᠮᠡᠨ ᠲᠣᠨ ᠪᠠᠶᠢᠵᠤ᠂ ᠪᠥᠬᠦ ᠬᠤᠰᠢᠭᠤᠨ ᠤ ᠬᠥᠷᠥᠰᠥ ᠶᠢ ᠬᠡᠮᠵᠢᠵᠦ ᠨᠠᠶᠢᠷᠠᠯᠭ᠎ᠠ ᠲᠠᠢ | ᠪᠣᠷᠲᠣᠭᠤᠷ ᠣᠷᠣᠭᠤᠯᠬᠤ ᠪᠦᠷᠬᠦᠴᠡ ᠶᠢᠨ ᠨᠣᠷᠮ᠎ᠠ ᠶᠢ 90% ᠳᠤ ᠬᠦᠷᠭᠡᠪᠡ︔ ᠲᠤᠰᠬᠠᠶᠢᠵᠢᠭᠰᠠᠨ ᠵᠣᠬᠢᠶᠠᠨ | ᠪᠠᠶᠢᠭᠤᠯᠤᠯᠲᠠ ᠶᠢᠨ ᠰᠡᠷᠭᠡᠶᠢᠯᠡᠨ ᠡᠵᠡᠮᠳᠡᠬᠦ᠂ ᠨᠢᠭᠡᠳᠦᠯᠲᠡᠶ ᠡᠮ ᠬᠡᠷᠡᠭᠯᠡᠬᠦ᠂ ᠲᠥᠪᠯᠡᠷᠡᠭᠦᠯᠦᠨ ᠰᠡᠷᠭᠡᠶᠢᠯᠡᠨ ᠡᠵᠡᠮᠳᠡᠬᠦ᠂ | ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯᠯᠠᠭ᠎ᠠ ᠶᠢ ᠥᠷᠨᠢᠭᠦᠯᠵᠦ᠂ ᠴᠠᠭᠠᠨ ᠬᠥᠰᠢᠭᠦᠨ ᠪᠠᠺᠲ᠋ᠧᠷᠢ ᠶᠢ | ᠭᠠᠵᠠᠷ ᠳᠡᠪᠢᠰᠬᠦ᠂ ᠪᠠᠶᠢᠭᠠᠯᠢ ᠶᠢᠨ ᠳᠠᠶᠢᠰᠤᠨ ᠢ ᠬᠡᠷᠡᠭᠯᠡᠵᠦ ᠤᠰᠠᠳᠬᠠᠬᠤ᠂ ᠠᠮᠢᠳᠤ ᠪᠣᠳᠠᠰ ᠤᠨ ᠲᠠᠷᠢᠶᠠᠨ ᠡᠮ᠂ | ᠥᠳᠥᠭᠡᠨ ᠪᠠᠷᠢᠵᠤ ᠠᠯᠠᠵᠤ ᠤᠰᠠᠳᠬᠠᠬᠤ᠂ ᠡᠭᠡᠯᠵᠢᠯᠡᠨ ᠲᠠᠷᠢᠬᠤ᠂ ᠬᠤᠭᠤᠴᠠᠭ᠎ᠠ ᠠᠯᠤᠰᠯᠠᠨ ᠲᠠᠷᠢᠬᠤ᠂ | ᠮᠧᠬᠠᠨᠢᠭ ᠢᠶᠠᠷ ᠡᠪᠡᠰᠦ ᠠᠷᠢᠯᠭᠠᠬᠤ᠂ ᠴᠠᠭ ᠲᠤᠨᠢ ᠲᠤᠬᠢᠷᠠᠭᠤᠯᠤᠨ ᠰᠡᠷᠭᠡᠶᠢᠯᠡᠨ ᠵᠠᠰᠠᠬᠤ ᠶᠢ ᠦᠷᠨᠢᠭᠦᠯᠬᠦ᠂ | ᠡᠪᠡᠳᠴᠢᠨ ᠳᠤᠨᠢ ᠲᠠᠭᠠᠷᠠᠭᠤᠯᠤᠨ ᠡᠮ ᠬᠡᠷᠡᠭᠯᠡᠬᠦ᠂ ᠠᠶᠤᠯ ᠲᠦᠭᠰᠢᠭᠦᠷᠢ ᠪᠠᠭ᠎ᠠ ᠲᠠᠷᠢᠶᠠᠨ ᠡᠮ᠂ ᠲᠣᠮᠣ ᠬᠡᠯᠪᠡᠷᠢ ᠶᠢᠨ | ᠥᠨᠳᠥᠷ ᠦᠷ᠎ᠡ ᠠᠰᠢᠭᠲᠤ ᠡᠮ ᠤᠨ ᠪᠠᠭᠠᠵᠢ ᠬᠡᠷᠡᠭᠰᠡᠯ᠂ ᠲᠤᠰᠠᠯᠠᠬᠤ ᠡᠮ ᠨᠡᠮᠡᠬᠦ᠂ ᠲᠤᠰᠬᠠᠢ ᠰᠦᠷᠴᠢᠭᠦᠷ ᠢ | ᠰᠣᠯᠢᠬᠤ ᠵᠡᠷᠭᠡ ᠶᠢ ᠬᠡᠷᠡᠭᠵᠢᠭᠦᠯᠵᠦ᠂ ᠨᠢᠭᠡᠳᠦᠯᠲᠡᠶ ᠰᠡᠷᠭᠡᠶᠢᠯᠡᠵᠦ ᠨᠢᠭᠡᠲᠦᠯᠲᠠᠢ ᠵᠠᠰᠠᠬᠤ᠂ ᠪᠣᠬᠢᠷᠲᠤᠯ ᠦᠭᠡᠶ | ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ | ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠪᠠᠭᠠᠰᠬᠠᠭᠰᠠᠨ ᠠᠴᠠ 2020 ᠣᠨ ᠳᠤ ᠪᠦᠬᠦ ᠬᠤᠰᠢᠭᠤᠨ ᠤ ᠲᠠᠷᠢᠶᠠᠨ | ᠡᠮ ᠤᠨ ᠬᠡᠷᠡᠭᠯᠡᠯᠲᠡ ᠶᠢᠨ ᠬᠡᠮᠵᠢᠶ᠎ᠡ ᠪᠠᠭᠤᠷᠠᠭᠠᠳ 95.9 ᠲᠣᠨ ᠪᠣᠯᠪᠠ᠃ | ᠬᠤᠶᠠᠷ ᠲᠤ ᠪᠦᠷᠭᠦᠭᠦᠯ ᠦᠭᠡᠢ ᠭᠦᠢᠬᠡᠨ ᠪᠤᠯᠠᠵᠤ ᠳᠤᠰᠤᠯᠭᠠᠨ ᠤᠰᠤᠯᠠᠬᠤ ᠤᠰᠦᠨ ᠪᠣᠷᠳᠣᠭᠤᠷ ᠢ ᠨᠢᠭᠡ | ᠴᠣᠭᠴᠠᠵᠢᠭᠤᠯᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠤᠰᠦᠯᠠᠯᠳᠠ ᠶᠢᠨ ᠲᠠᠷᠢᠶᠠᠨ ᠳᠡᠭᠡᠷ᠎ᠡ ᠰᠦᠯᠢᠶᠣᠣ | ᠪᠦᠷᠬᠦᠪᠴᠢ ᠬᠡᠷᠡᠭᠯᠡᠬᠦ ᠦᠬᠡᠢ ᠪᠠᠶᠢᠬᠤ ᠶᠢ ᠪᠡᠶᠡᠯᠡᠭᠦᠯᠬᠦ ᠶᠢᠨ ᠬᠠᠮᠲᠤ ᠳᠤᠰᠤᠯᠭᠠᠨ ᠤᠰᠤᠯᠠᠬᠤ ᠤᠰᠤᠨ ᠪᠣᠷᠳᠣᠭᠤᠷ ᠢ | ᠨᠢᠭᠡ ᠴᠣᠭᠴᠠᠵᠢᠭᠤᠯᠬᠤ ᠨᠢ ᠤᠰᠤᠨ ᠪᠣᠷᠳᠣᠭᠤᠷ ᠤᠨ ᠠᠰᠢᠭᠯᠠᠮᠵᠢ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ | ᠤᠰᠦᠨ ᠪᠣᠷᠳᠣᠭᠤᠷ ᠤᠨ ᠡᠬᠢ ᠪᠠᠶᠠᠯᠢᠭ ᠤᠨ ᠪᠦᠷᠢᠯᠭᠡᠯᠲᠡ ᠶᠢ ᠪᠦᠲᠦᠮᠵᠢᠲᠡᠢ ᠪᠠᠭᠠᠰᠬᠠᠵᠤ᠂ 2020 ᠣᠨ ᠳᠤ | ᠲᠥᠮᠥᠰᠥ ᠶᠢᠨ ᠪᠦᠷᠭᠦᠪᠴᠢ ᠶᠢ ᠪᠠᠭᠠᠰᠬᠠᠬᠤ ᠪᠠ ᠥᠨᠳᠥᠷ ᠦᠷ᠎ᠡ ᠠᠰᠢᠭᠲᠤ ᠤᠰᠤ ᠠᠷᠪᠢᠯᠠᠬᠤ ᠥᠨᠳᠥᠷ | ᠤᠨᠠᠯᠲᠠ ᠲᠠᠢ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 1.25 ᠲᠦᠮᠡᠨ ᠮᠦ ᠪᠠᠶᠢᠭᠤᠯᠪᠠ᠃ ᠲᠥᠷᠥ ᠶᠢᠨ | ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠴᠢᠩᠭᠠᠳᠬᠠᠬᠤ ᠪᠠᠷ ᠳᠠᠮᠵᠢᠭᠤᠯᠤᠨ᠂ ᠦᠯᠡᠳᠡᠭᠳᠡᠯ ᠪᠦᠷᠬᠦᠪᠴᠢ᠂ | ᠬᠠᠶᠠᠭᠳᠠᠮᠠᠯ ᠬᠠᠭᠤᠴᠢᠨ ᠤᠰᠤᠯᠠᠯᠲᠠ ᠶᠢᠨ ᠪᠦᠰᠡ ᠵᠡᠷᠭᠡ ᠬᠠᠶᠠᠭᠳᠠᠮᠠᠯ ᠲᠠᠷᠢᠶᠠᠯᠠᠩ ᠤᠨ ᠣᠷᠣᠭᠤᠯᠤᠯᠲᠠ ᠶᠢᠨ ᠡᠳ᠋ ᠢ | ᠡᠭᠡᠭᠦᠯᠦᠨ ᠬᠤᠷᠢᠶᠠᠬᠤ ᠠᠵᠤ ᠠᠬᠤᠶᠢᠯᠠᠯ ᠢ ᠲᠡᠳᠡᠨ ᠣᠷᠣᠭᠤᠯᠵᠤ᠂ ᠠᠵᠤ ᠠᠬᠤᠶᠢᠯᠠᠯ ᠤᠨ ᠬᠠᠶᠠᠭᠳᠠᠮᠠᠯ | ᠲᠠᠷᠢᠶᠠᠯᠠᠩ ᠤᠨ ᠣᠷᠣᠭᠤᠯᠤᠯᠲᠠ ᠶᠢᠨ ᠡᠳ᠋ ᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠶᠢ ᠵᠤᠷᠢᠭᠵᠢᠭᠤᠯᠵᠦ᠂ | 2019 ᠣᠨ ᠳᠤ᠂ ᠪᠥᠬᠦ ᠬᠤᠰᠢᠭᠤᠨ ᠤ ᠲᠠᠷᠢᠶᠠᠯᠠᠩ ᠤᠨ ᠪᠦᠷᠭᠦᠪᠴᠢ ᠶᠢ ᠪᠤᠴᠠᠭᠠᠨ ᠬᠤᠷᠢᠶᠠᠬᠤ ᠨᠣᠷᠮ᠎ᠠ | ᠨᠢᠭᠡᠨᠲᠡ 85% ᠳᠤ ᠬᠥᠷᠪᠡ᠃ | ᠭᠤᠷᠪᠠ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠳᠬᠠᠵᠦ᠂ ︽ᠲᠠᠷᠢᠶᠠᠨ ᠭᠠᠵᠠᠷ᠂ ᠬᠥᠷᠥᠰᠥ ᠰᠢᠷᠣᠶ᠂ ᠤᠰᠤ᠂ ᠵᠠᠮ᠂ ᠣᠶ ᠰᠢᠭᠤᠶ᠂ ᠴᠠᠬᠢᠯᠭᠠᠨ᠂ ᠮᠡᠷᠭᠡᠵᠢᠯ | ᠂ ᠬᠤᠭᠤᠯᠠᠶ︾ ᠶᠢ ᠬᠠᠷᠢᠯᠴᠠᠨ ᠢᠵᠢ ᠪᠥᠷᠢᠳᠦᠭᠦᠯᠬᠦ ᠶᠢ ᠪᠡᠶᠡᠯᠡᠭᠦᠯᠵᠦ᠂ ᠲᠠᠷᠢᠶᠠᠨ ᠭᠠᠵᠠᠷ ᠢ ᠭᠠᠵᠠᠷ ᠰᠢᠷᠣᠶ ᠲᠡᠭᠰᠢ᠂ | ᠲᠦᠪᠯᠡᠷᠡᠭᠦᠯᠦᠨ ᠵᠠᠯᠭᠠᠯᠳᠤᠭᠰᠠᠨ᠂ ᠪᠡᠯᠡᠳᠬᠡᠮᠵᠢ ᠪᠦᠷᠢᠨ ᠲᠡᠭᠦᠯᠳᠡᠷ᠂ ᠲᠠᠷᠢᠶᠠᠯᠠᠩ ᠤᠨ ᠴᠠᠬᠢᠯᠭᠠᠨ ᠬᠦᠴᠦᠨ ᠢᠵᠢ | ᠪᠥᠷᠢᠳᠦᠭᠰᠡᠨ᠂ ᠬᠥᠷᠥᠰᠥ ᠰᠢᠷᠣᠶ ᠥᠩ ᠰᠢᠮᠡᠯᠢᠭ᠂ ᠠᠮᠢ ᠠᠬᠤᠶ ᠰᠠᠶᠢᠨ ᠰᠠᠶᠢᠬᠠᠨ᠂ ᠭᠠᠮᠰᠢᠭ ᠲᠠᠢ ᠲᠡᠮᠡᠴᠡᠬᠦ | ᠴᠢᠳᠠᠪᠤᠷᠢ ᠪᠠᠷ ᠴᠢᠩᠭ᠎ᠠ ᠪᠤᠯᠭᠠᠵᠦ᠂ ᠣᠳᠣ ᠦᠶ᠎ᠡ ᠶᠢᠨ ᠲᠠᠷᠢᠶᠠᠯᠠᠩ ᠤᠨ ᠤᠶᠢᠯᠡᠳᠪᠦᠷᠢᠯᠡᠯ ᠪᠣᠯᠤᠨ ᠡᠵᠡᠩᠨᠡᠯᠲᠡ ᠶᠢᠨ | ᠠᠷᠭ᠎ᠠ ᠮᠠᠶ᠋ᠢᠭ ᠯᠤᠭ᠎ᠠ ᠵᠤᠬᠢᠴᠠᠭᠰᠠᠨ ᠭᠠᠩᠳᠠᠵᠤ ᠤᠰᠦᠲᠤᠭᠰᠠᠨ ᠴᠦ ᠬᠤᠷᠢᠶᠠᠯᠳᠠ ᠨᠢ ᠪᠠᠲᠤᠯᠠᠭ᠎ᠠ ᠲᠠᠢ᠂ ᠥᠨᠳᠥᠷ | ᠲᠣᠭᠲᠠᠭᠤᠨ ᠤᠨᠠᠯᠲᠠ ᠲᠠᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠤᠯᠭᠠᠪᠠ᠃ 2020 ᠣᠨ ᠳᠤ᠂ 2019 | ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 1.5 ᠲᠦᠮᠡᠨ ᠮᠥ ᠦᠷᠭᠦᠯᠵᠢᠯᠡᠨ ᠪᠠᠶᠢᠭᠤᠯᠵᠦ᠂ ᠨᠢᠭᠡᠨᠲᠡ | ᠪᠦᠬᠦᠨ ᠢ ᠠᠵᠢᠯ ᠡᠬᠢᠯᠡᠭᠦᠯᠵᠦ᠂ ᠵᠢᠱᠢᠯᠲᠡ ᠪᠠᠷ ᠵᠢᠯ ᠤᠨ ᠡᠴᠦᠰ ᠲᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ | ᠃ | ᠳᠥᠷᠪᠡ ᠳᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ — ᠬᠠᠭᠠᠯᠪᠤᠷᠢᠯᠠᠬᠤ ᠥᠬᠡᠶ ᠪᠠᠷ ᠳᠠᠷᠢᠬᠤ | ᠮᠡᠷᠭᠡᠵᠢᠯ ᠢ ᠶᠡᠬᠡᠪᠡᠷ ᠳᠡᠯᠭᠡᠷᠡᠭᠦᠯᠪᠡ᠃ 2020 ᠣᠨ ᠳᠤ ᠬᠡᠰᠢᠭᠲᠡᠨ ᠬᠤᠰᠢᠭᠤ ᠬᠠᠮᠠᠭᠠᠯᠠᠯᠲᠠ ᠶᠢᠨ ᠴᠢᠨᠠᠷᠲᠠᠶ | ᠲᠠᠷᠢᠶᠠᠯᠠᠬᠤ ᠲᠤᠷᠰᠢᠯᠲᠠ ᠶᠢᠨ ᠬᠤᠰᠢᠭᠤ ᠰᠢᠶᠠᠨ ᠪᠣᠯᠤᠭᠰᠠᠨ ᠤ ᠬᠤᠪᠢ ᠳᠤ ᠪᠤᠭᠤᠳᠠᠶ ᠶᠢᠨ ᠲᠠᠷᠢᠮᠠᠯ ᠢᠶᠠᠷ ᠭᠤᠤᠯ | ᠪᠣᠯᠭᠠᠨ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠮᠡᠷᠭᠡᠵᠢᠯ ᠢ 16 ᠲᠦᠮᠡᠨ ᠮᠦ ᠳᠡᠯᠭᠡᠷᠡᠭᠦᠯᠵᠦ᠂ | ᠥᠩᠭᠡᠷᠡᠭᠰᠡᠨ ᠤ ᠡᠩ ᠤᠨ ᠲᠠᠷᠢᠶᠠᠯᠠᠭ᠎ᠠ ᠶᠢᠨ ᠭᠠᠵᠠᠷ ᠲᠠᠢ ᠲᠤᠷᠰᠢᠯᠲᠠ ᠬᠢᠬᠦ ᠪᠠᠷ ᠳᠠᠮᠵᠢᠨ ᠲᠠᠷᠢᠶᠠᠯᠠᠬᠤ ᠦᠭᠡᠶ ᠪᠠᠷ | ᠡᠰᠢ ᠰᠦᠷᠡᠯ ᠢ ᠪᠦᠷᠭᠦᠵᠦ᠂ ᠡᠪᠡᠳᠴᠢᠨ ᠬᠤᠷᠣᠬᠠᠶ ᠡᠪᠡᠰᠦᠨ ᠤ ᠬᠥᠨᠥᠭᠡᠯ ᠢ ᠪᠣᠬᠢᠷᠲᠤᠯ ᠦᠭᠡᠢ ᠰᠡᠷᠭᠡᠶᠢᠯᠡᠨ | ᠡᠵᠡᠮᠳᠡᠬᠦ᠂ ᠤᠰᠦᠨ ᠪᠣᠷᠳᠣᠭᠤᠷ ᠢ ᠥᠨᠳᠥᠷ ᠪᠦᠲᠦᠮᠵᠢᠲᠡᠶ ᠠᠰᠢᠭᠯᠠᠬᠤ ᠪᠠᠷ ᠮᠡᠷᠭᠡᠵᠢᠯ ᠤᠨ ᠠᠷᠭ᠎ᠠ ᠵᠠᠮ ᠪᠣᠯᠭᠠᠵᠤ᠂ | ᠬᠥᠷᠥᠰᠥ ᠰᠢᠷᠣᠶ ᠶᠢᠨ ᠢᠳᠡᠭᠳᠡᠯ ᠢ ᠶᠡᠬᠡᠪᠡᠷ ᠪᠠᠭᠠᠰᠬᠠᠵᠤ᠂ ᠭᠠᠵᠠᠷ ᠤᠨ ᠬᠦᠴᠦ ᠶᠢ ᠨᠡᠮᠡᠭᠳᠡᠭᠦᠯᠦᠨ᠂ ᠥᠪᠡᠷ ᠤᠨ | ᠥᠷᠲᠡᠭ ᠢ ᠨᠢ ᠠᠷᠪᠢᠯᠠᠨ ᠦᠷ᠎ᠡ ᠠᠰᠢᠭ ᠢ ᠨᠢ ᠨᠡᠮᠡᠭᠳᠡᠭᠦᠯᠬᠦ ᠵᠣᠷᠢᠯᠭ᠎ᠠ ᠳᠠᠭᠠᠨ ᠬᠦᠷᠴᠦ ᠴᠢᠳᠠᠪᠠ᠃ | ︵ᠲᠠᠪᠤ︶ ᠠᠮᠢᠳᠤᠷᠠᠯ ᠤᠨ ᠬᠤᠭ ᠨᠣᠪᠰᠢ ᠶᠢ ᠵᠣᠬᠢᠰᠲᠠᠶ ᠰᠢᠢᠳᠪᠦᠷᠢᠯᠡᠬᠦ ᠲᠤᠬᠠᠶ ᠰᠠᠨᠠᠭᠤᠯᠭ᠎ᠠ᠃ | ᠪᠠᠶᠠᠨᠴᠠᠭᠠᠨ ᠰᠤᠮᠤ ᠶᠢᠨ ᠰᠢᠨᠡᠪᠢᠯᠢᠭ ᠲᠥᠯᠥᠭᠡᠯᠡᠭᠴᠢ ᠪᠠᠶᠠᠨᠴᠠᠭᠠᠨ ᠰᠤᠮᠤᠨ ᠳᠤ ᠬᠤᠭ ᠨᠣᠪᠰᠢ ᠰᠢᠢᠳᠪᠦᠷᠢᠯᠡᠬᠦ | ᠲᠥᠬᠦᠭᠡᠷᠦᠮᠵᠢ ᠪᠠᠶᠢᠭᠤᠯᠬᠤ ᠲᠤᠬᠠᠢ ᠰᠠᠨᠠᠭᠤᠯᠭ᠎ᠠ ᠲᠤᠷᠠᠳᠪᠠ᠃ | ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠪᠠᠶᠠᠨᠴᠠᠭᠠᠨ | ᠰᠤᠮᠤᠨ ᠤ ᠠᠷᠠᠳ ᠤᠨ ᠵᠠᠰᠠᠭ ᠤᠨ ᠣᠷᠳᠣᠨ ᠨᠢᠭᠡ ᠬᠤᠭ ᠨᠣᠪᠰᠢ ᠳᠠᠮᠵᠢᠭᠤᠯᠬᠤ ᠥᠷᠲᠡᠭᠡ᠂ ᠨᠢᠭᠡ ᠠᠮᠢᠳᠤᠷᠠᠯ ᠤᠨ | ᠬᠤᠭ ᠨᠣᠪᠰᠢ ᠪᠤᠯᠠᠬᠤ ᠲᠠᠯᠠᠪᠠᠶ ᠶᠢ ᠪᠥᠬᠦ ᠬᠤᠰᠢᠭᠤᠨ ᠤ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ | ᠰᠢᠢᠳᠪᠦᠷᠢᠯᠡᠬᠦ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠵᠤ᠂ | ᠵᠢᠱᠢᠯᠲᠡ ᠪᠠᠷ 2021 ᠣᠨ ᠳᠤ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠤᠨ ᠳᠠᠭᠤᠰᠬᠠᠵᠦ᠂ ᠪᠠᠶᠢᠭᠤᠯᠵᠤ | ᠳᠠᠭᠤᠰᠤᠭᠰᠠᠨ ᠤ ᠳᠠᠷᠠᠭ᠎ᠠ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠤᠶᠢᠯᠡᠳᠪᠦᠷᠢᠯᠡᠯ ᠠᠮᠢᠲᠦᠷᠠᠯ ᠤᠨ | ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠬᠤ ᠪᠣᠯᠤᠨ᠎ᠠ᠃ | ︵ᠵᠢᠷᠭᠤᠭ᠎ᠠ︶ ᠭᠠᠴᠠᠭ᠎ᠠ ᠲᠣᠰᠬᠤᠨ ᠤ ᠬᠠᠳᠤᠯᠠᠩ ᠪᠡᠯᠴᠢᠭᠡᠷ ᠤᠨ ᠬᠤᠭᠤᠷᠣᠨᠳᠣᠬᠢ ᠵᠠᠮ ᠢ ᠴᠡᠭᠴᠡᠯᠡᠬᠦ | ᠲᠤᠬᠠᠶ ᠰᠠᠨᠠᠭᠤᠯᠭ᠎ᠠ᠃ ᠪᠠᠶᠠᠠᠴᠠᠭᠠᠨ ᠰᠤᠮᠤᠨ ᠤ ᠰᠢᠨᠡᠪᠢᠯᠢᠭ᠂ ᠨᠠᠷᠠᠨᠴᠣᠭᠲᠤ ᠲᠥᠯᠥᠭᠡᠯᠡᠭᠴᠢ ᠠᠴᠠ ᠪᠠᠶᠠᠠᠴᠠᠭᠠᠨ | ᠰᠤᠮᠤᠨ ᠤ ᠡᠯ᠎ᠡ ᠭᠠᠴᠠᠭ᠎ᠠ ᠲᠣᠰᠬᠤᠨ ᠤ ᠬᠠᠳᠤᠯᠠᠩ ᠪᠡᠯᠴᠢᠭᠡᠷ ᠤᠨ ᠬᠤᠭᠤᠷᠣᠨᠳᠣᠬᠢ ᠵᠠᠮ ᠢ ᠨᠢᠭᠡᠲᠦᠯᠲᠠᠢ | ᠲᠥᠯᠥᠪᠯᠡᠨ ᠴᠡᠭᠴᠡᠯᠡᠬᠦ ᠠᠷᠭ᠎ᠠ ᠬᠡᠮᠵᠢᠶ᠎ᠡ ᠠᠪᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠪᠠᠶᠠᠨᠴᠠᠭᠠᠨ ᠰᠤᠮᠤ ︽ᠭᠠᠴᠠᠭ᠎ᠠ | ᠲᠣᠰᠬᠤᠨ ᠤ ᠬᠠᠳᠤᠯᠠᠩ ᠪᠡᠯᠴᠢᠭᠡᠷ ᠤᠨ ᠬᠤᠭᠤᠷᠣᠨᠳᠣᠬᠢ ᠵᠠᠮ ᠢ ᠴᠡᠭᠴᠡᠯᠡᠬᠦ︾ ᠠᠵᠢᠯ ᠢ 2021 ᠣᠨ ᠤ | ᠠᠵᠢᠯ ᠤᠨ ᠲᠥᠯᠥᠪᠯᠡᠭᠡ ᠳᠤ ᠣᠷᠣᠭᠤᠯᠵᠤ᠂ ᠡᠯ᠎ᠡ ᠭᠠᠴᠠᠭᠠᠨ ᠤ ᠨᠤᠲᠤᠭ ᠪᠡᠯᠴᠢᠭᠡᠷ ᠤᠨ ᠡᠷᠬᠡ ᠶᠢ ᠨᠤᠲᠠᠯᠠᠬᠤ | ᠠᠵᠢᠯ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ︽ᠨᠢᠭᠡ ᠶᠠᠪᠤᠳᠠᠯ ᠢ ᠨᠢᠭᠡ ᠵᠥᠪᠯᠡᠬᠦ︾ ᠲᠥᠷᠥᠯ ᠵᠦᠢᠯ ᠢᠶᠠᠷ | ᠳᠠᠮᠵᠢᠨ ᠡᠯ᠎ᠡ ᠭᠠᠴᠠᠭᠠᠨ ᠤ ᠨᠤᠲᠤᠭ ᠪᠡᠯᠴᠢᠭᠡᠷ ᠤᠨ ᠬᠤᠭᠤᠷᠤᠨᠲᠤᠬᠢ ᠵᠠᠮ ᠢ ᠵᠦᠢ ᠵᠣᠬᠢᠰᠲᠠᠢ ᠲᠦᠯᠦᠪᠵᠢᠭᠦᠯᠵᠦ᠂ | ᠲᠣᠣᠷ ᠤᠨ ᠬᠤᠭᠤᠷᠣᠨᠳᠣᠬᠢ ᠵᠠᠮ ᠢ ᠵᠠᠰᠠᠨ ᠪᠠᠶᠢᠭᠤᠯᠵᠤ᠂ ᠮᠠᠯᠴᠢᠳ ᠤᠨ ᠶᠠᠪᠤᠵᠦ ᠰᠠᠭᠤᠬᠤ ᠳᠤ ᠤᠯᠠᠮ ᠨᠢᠭᠡ | ᠠᠯᠬᠤᠮ ᠳᠥᠭᠦᠮ ᠦᠵᠡᠭᠦᠯᠦᠨ᠎ᠡ᠃ | | |