| ︵ᠳᠣᠯᠤᠭ᠎ᠠ︶ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠰᠠᠨᠠᠭᠤᠯᠭ᠎ᠠ᠃ ᠪᠠᠶᠠᠨᠴᠠᠭᠠᠨ ᠰᠤᠮᠤᠨ ᠤ ᠰᠢᠨᠡᠪᠢᠯᠢᠭ ᠲᠥᠯᠥᠭᠡᠯᠡᠭᠴᠢ᠂ ᠳᠠᠯᠠᠶᠢᠨᠠᠭᠤᠷ | ᠪᠠᠯᠭᠠᠰᠤᠨ ᠤ ᠭᠠᠯᠪᠠ ᠲᠥᠯᠥᠭᠡᠯᠡᠭᠴᠢ᠂ ᠢᠦᠢ ᠵᠧᠦ ᠳ᠋ᠢ ᠪᠠᠯᠭᠠᠰᠤᠨ ᠤ ᠵᠧᠩ ᠵᠢᠶᠠᠨ ᠬᠤᠸᠠ᠂ ᠵᠠᠩ ᠴᠤᠸᠠᠨ ᠯᠢᠩ | ᠂ ᠬᠠᠨ ᠱᠦ ᠴᠦᠨ ᠲᠥᠯᠥᠭᠡᠯᠡᠭᠴᠢ ᠠᠴᠠ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠬᠤ | ᠪᠠ ᠬᠠᠰᠢᠶᠠᠯᠠᠨ ᠲᠡᠵᠢᠭᠡᠬᠦ ᠠᠴᠠ ᠪᠤᠯᠤᠭᠰᠠᠨ ᠬᠠᠰᠢᠶ᠎ᠠ ᠰᠠᠷᠠᠪᠴᠢ ᠵᠡᠷᠭᠡ ᠮᠠᠯ ᠠᠵᠤ ᠠᠬᠤᠢ ᠶᠢᠨ ᠰᠠᠭᠤᠷᠢ | ᠲᠥᠬᠦᠭᠡᠷᠦᠮᠵᠢ ᠶᠢ ᠲᠡᠳᠬᠦᠨ ᠳᠡᠮᠵᠢᠬᠦ ᠰᠠᠨᠠᠭᠤᠯᠭ᠎ᠠ ᠲᠤᠷᠠᠳᠪᠠ᠃ ︵12 ᠳ᠋ᠤᠭᠠᠷ᠂ 20 ᠳ᠋ᠤᠭᠠᠷ᠂ 39 ᠳ᠋ᠤᠭᠡᠷ | ᠲᠤᠭᠠᠲᠦ ᠰᠠᠨᠠᠭᠤᠯᠭ᠎ᠠ ᠶᠢ ᠨᠡᠶᠢᠯᠡᠭᠦᠯᠦᠨ ᠬᠠᠷᠢᠭᠤᠯᠲᠠ ᠦᠭᠪᠡ︶ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠮᠠᠯᠵᠢᠬᠤ ᠡᠷᠦᠬᠡ ᠶᠢᠨ | ᠬᠠᠰᠢᠶᠠᠯᠠᠨ ᠲᠡᠵᠢᠭᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 2020 ᠣᠨ ᠳᠤ᠂ | ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠤᠲᠤᠭ ᠪᠡᠯᠴᠢᠭᠡᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠳᠠ ᠶᠢᠨ ᠪᠡᠯᠡ ᠮᠥᠩᠭᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ | ᠢᠨᠵᠧᠨᠧᠷᠢᠩ ᠤᠨ ᠪᠡᠯᠡ ᠮᠥᠩᠭᠦ ᠵᠡᠷᠭᠡ ᠶᠢ ᠠᠰᠢᠭᠯᠠᠨ ᠨᠤᠲᠤᠭ ᠪᠡᠯᠴᠢᠭᠡᠷ ᠤᠨ ᠬᠦᠷᠢᠶ᠎ᠡ ᠬᠠᠰᠢᠶ᠎ᠠ᠂ ᠳᠤᠯᠠᠭᠠᠨ | ᠰᠠᠷᠠᠪᠴᠢ᠂ ᠨᠤᠭᠤᠭᠠᠨ ᠪᠤᠷᠲᠤᠭ᠎ᠠ ᠳᠠᠷᠤᠰᠢᠭᠤᠯᠬᠤ ᠵᠣᠭᠤᠷᠢ᠂ ᠡᠪᠡᠰᠦ ᠬᠠᠳᠠᠭᠠᠯᠠᠬᠤ ᠰᠠᠷᠠᠪᠴᠢ᠂ ᠲᠡᠵᠢᠭᠡᠯ | ᠡᠪᠡᠰᠦᠨ ᠤ ᠰᠠᠭᠤᠷᠢᠨ ᠭᠠᠵᠠᠷ ᠵᠡᠷᠭᠡ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠳᠤ | ᠵᠣᠬᠢᠬᠤ ᠬᠡᠪᠴᠢᠶᠡᠨ ᠤ ᠪᠡᠯᠡ ᠣᠷᠣᠭᠤᠯᠤᠯᠲᠠ ᠬᠢᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠰᠠᠭᠤᠷᠢ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠦ᠂ ᠣᠳᠣ ᠪᠣᠯᠲᠠᠯ᠎ᠠ᠂ ᠪᠦᠬᠦ | ᠬᠤᠰᠢᠭᠤᠨ ᠤ ᠳᠤᠯᠠᠭᠠᠨ ᠰᠠᠷᠠᠪᠴᠢ 52.66 ᠲᠦᠮᠡᠨ ᠲᠡᠭᠰᠢ ᠳᠥᠷᠪᠡᠯᠵᠢᠨ ᠮᠧᠲᠷ᠂ ᠨᠤᠭᠤᠭᠠᠨ ᠪᠤᠷᠲᠤᠭ᠎ᠠ | ᠳᠠᠷᠤᠰᠢᠭᠤᠯᠬᠤ ᠵᠣᠭᠤᠷᠢ 3.4 ᠲᠦᠮᠡᠨ ᠪᠣᠰᠤᠭ᠎ᠠ ᠳᠥᠷᠪᠡᠯᠵᠢᠨ ᠮᠧᠲᠷ᠂ ᠡᠪᠡᠰᠦ ᠬᠠᠳᠠᠭᠠᠯᠠᠬᠤ ᠰᠠᠷᠠᠪᠴᠢ 13. | 82 ᠲᠡᠭᠰᠢ ᠳᠥᠷᠪᠡᠯᠵᠢᠨ ᠮᠧᠲᠷ᠂ ᠬᠠᠰᠢᠶᠠᠯᠠᠨ ᠪᠤᠶᠢᠵᠢᠭᠤᠯᠬᠤ 411.165 ᠲᠦᠮᠡᠨ ᠮᠦ᠂ ᠲᠠᠷᠢᠮᠠᠯ ᠡᠪᠡᠰᠦ | ᠪᠣᠷᠳᠤᠭ᠎ᠠ ᠶᠢᠨ ᠰᠠᠭᠤᠷᠢᠨ ᠭᠠᠵᠠᠷ 12.833 ᠲᠦᠮᠡᠨ ᠮᠦ᠂ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ | ᠤᠰᠤᠯᠠᠯᠲᠠ ᠶᠢᠨ ᠲᠠᠷᠢᠮᠠᠯ ᠡᠪᠡᠰᠦᠲᠦ ᠭᠠᠵᠠᠷ 9.76 ᠲᠦᠮᠡᠨ ᠮᠦ᠂ ᠲᠡᠵᠢᠭᠡᠯ ᠳᠤ ᠬᠡᠷᠡᠭᠯᠡᠬᠦ ᠪᠣᠳᠠ ᠰᠥᠭᠡᠭ 5. | 35 ᠲᠦᠮᠡᠨ ᠮᠦ ᠶᠢ ᠨᠢᠭᠡᠨᠳᠡ ᠪᠦᠲᠦᠭᠡᠨ ᠪᠠᠶᠢᠭᠤᠯᠤᠨ ᠪᠡᠶᠡᠯᠡᠭᠦᠯᠵᠦ᠂ ᠪᠤᠰᠤᠳ ᠬᠠᠮᠢᠶ᠎ᠠ ᠪᠦᠬᠦᠢ ᠰᠠᠯᠠᠭ᠎ᠠ | ᠲᠤᠪᠴᠢᠶ᠎ᠠ ᠴᠦ ᠵᠣᠬᠢᠬᠤ ᠬᠡᠮᠵᠢᠶᠡᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠪᠡ᠃ ᠡᠭᠦᠨ ᠠᠴᠠ | ᠭᠠᠳᠠᠨ᠎ᠠ᠂ 2017 ᠣᠨ ᠠᠴᠠ ᠡᠬᠢᠯᠡᠨ᠂ ᠮᠠᠨ ᠤ ᠬᠤᠰᠢᠭᠤ ᠭᠤᠤᠯᠳᠠᠯᠭ᠎ᠠ ᠲᠠᠢ ᠰᠤᠮᠤ ᠰᠢᠶᠠᠩ ᠪᠠᠯᠭᠠᠰᠤ ᠳᠤ | ᠬᠠᠰᠢᠶᠠᠯᠠᠨ ᠳᠡᠵᠢᠭᠡᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠤᠶᠢᠯ ᠤᠨ ᠲᠣᠭᠤᠷᠢᠭ ᠤᠨ ᠠᠩᠬ᠎ᠠ | ᠠᠯᠬᠤᠮ ᠤᠨ ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠲᠥᠷᠥᠯ | ᠵᠤᠶᠢᠯ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠲᠤᠷᠰᠢᠯᠲᠠ ᠶᠢᠨ ᠴᠢᠭ᠋ ᠤᠨ ᠲᠥᠷᠥᠯ | ᠵᠦᠢᠯ ᠤᠨ ᠢᠨᠵᠧᠨᠧᠷᠢᠩ ᠢ ᠪᠠᠶᠢᠭᠤᠯᠵᠤ᠂ ᠪᠦᠬᠦ ᠬᠤᠰᠢᠭᠤᠨ ᠤ ᠬᠠᠰᠢᠶᠠᠯᠠᠨ ᠲᠡᠵᠢᠭᠡᠬᠦ ᠠᠵᠢᠯ ᠢ ᠥᠷᠨᠢᠭᠦᠯᠬᠦ ᠳᠤ | ᠵᠢᠱᠢᠶ᠎ᠡ ᠦᠵᠡᠭᠦᠯᠬᠦ ᠦᠢᠯᠡᠳᠦᠯ ᠦᠵᠡᠭᠦᠯᠵᠦ᠂ ᠲᠠᠷᠠᠭᠠᠴᠢ ᠶᠢᠨ ᠠᠯᠬᠤᠮ ᠳᠤ ᠲᠤᠷᠰᠢᠯᠲᠠ ᠶᠢᠨ ᠴᠢᠭ᠋ ᠤᠨ | ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠮᠠᠯ ᠠᠵᠤ ᠠᠬᠤᠢ ᠲᠠᠷᠢᠶᠠᠯᠠᠩ ᠤᠨ ᠤᠲᠤᠭᠢᠴᠢᠯᠠᠭᠰᠠᠨ | ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠠᠯᠬᠤᠮ ᠠᠯᠬᠤᠮ ᠢᠶᠠᠷ ᠳᠡᠯᠭᠡᠷᠡᠭᠦᠯᠦᠨ ᠦᠷᠭᠡᠳᠭᠡᠬᠦ ᠪᠤᠯᠤᠨ᠎ᠠ᠃ | ᠣᠯᠠᠨ ᠵᠢᠯ ᠤᠨ ᠲᠤᠷᠰᠢ ᠲᠠᠯ᠎ᠠ ᠨᠤᠲᠤᠭ ᠤᠨ ᠮᠠᠯ ᠠᠵᠤ ᠠᠬᠤᠢ ᠶᠢᠨ ᠢᠵᠢ ᠪᠦᠷᠢᠳᠦᠭᠰᠡᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠪᠠᠷ ᠳᠠᠮᠵᠢᠨ᠂ ᠬᠠᠰᠢᠶᠠᠯᠠᠨ | ᠲᠡᠵᠢᠭᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠳᠤ ᠬᠦᠴᠦᠲᠡᠶ ᠡᠳ᠋ ᠪᠣᠳᠠᠰ ᠤᠨ ᠪᠠᠲᠤᠯᠠᠭ᠎ᠠ ᠬᠠᠩᠭᠠᠵᠦ᠂ ᠪᠠᠰᠠ | ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠳᠤ ᠨᠠᠶᠢᠳᠠᠪᠤᠷᠢᠲᠠᠶ ᠲᠤᠯᠭᠠᠭᠤᠷᠢᠯᠠᠯ ᠬᠠᠩᠭᠠᠪᠠ᠃ ᠡᠭᠦᠨ ᠤ | ᠬᠠᠮᠲᠤ᠂ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢᠭᠡᠨᠲᠡ ᠬᠠᠭᠠᠯᠪᠤᠷᠢᠯᠠᠭᠰᠠᠨ ᠨᠤᠲᠤᠭ | ᠪᠡᠯᠴᠢᠭᠡᠷ ᠢ ᠵᠠᠰᠠᠬᠤ ᠢᠨᠵᠧᠨᠧᠷᠢᠩ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠲᠥᠷᠥᠯ ᠵᠤᠶᠢᠯ ᠢ | ᠠᠰᠢᠭᠯᠠᠨ ᠵᠢᠯ ᠪᠦᠷᠢ 10 ᠲᠦᠮᠡᠨ ᠮᠦ ᠶᠢᠨ ᠢᠨᠵᠧᠨᠧᠷᠢᠩ ᠤᠨ ᠬᠡᠮᠵᠢᠶ᠎ᠡ ᠪᠠᠷ ᠨᠤᠲᠤᠭ ᠪᠡᠯᠴᠢᠭᠡᠷ ᠤᠨ ᠠᠮᠢ | ᠠᠬᠤᠶ ᠶᠢ ᠰᠡᠷᠭᠦᠭᠡᠵᠦ᠂ ᠣᠳᠣᠬᠠᠨ ᠳᠤ ᠨᠢᠭᠡᠨᠲᠡ 40.58 ᠲᠦᠮᠡᠨ ᠮᠦ ᠲᠠᠯᠠᠪᠠᠢ ᠶᠢ ᠵᠠᠰᠠᠵᠤ ᠳᠠᠭᠤᠰᠬᠠᠪᠠ᠃ | ᠦᠷ᠎ᠡ ᠶᠢᠨ ᠮᠠᠯ ᠵᠢᠴᠢ ᠰᠠᠭᠤᠷᠢ ᠡᠬᠡ ᠮᠠᠯ ᠤᠨ ᠨᠥᠬᠦᠪᠥᠷᠢ ᠶᠢᠨ ᠲᠠᠯ᠎ᠠ ᠪᠠᠷ᠂ ᠮᠠᠨ ᠤ ᠬᠤᠰᠢᠭᠤᠨ ᠤ | ᠲᠣᠭᠲᠠᠭᠠᠭᠰᠠᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠲᠤᠯᠭ᠎ᠠ ᠶᠢ ᠬᠡᠷᠡᠭᠵᠢᠭᠦᠯᠵᠦ | ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ | ᠲᠦᠰᠦᠪ ︵2019 — 2020 ᠣᠨ︶︾ ᠢ ᠦᠨᠳᠦᠰᠦᠯᠡᠨ᠂ 6 ᠲᠦᠮᠡᠨ ᠰᠠᠭᠤᠷᠢ ᠦᠨᠢᠶ᠎ᠡ ︵ᠦᠨᠢᠶ᠎ᠡ | ᠪᠦᠷᠢ 100 ᠲᠥᠭᠦᠷᠢᠭ︶᠂ 10 ᠲᠦᠮᠡᠨ ᠰᠠᠭᠤᠷᠢ ᠡᠮ᠎ᠡ ᠬᠤᠨᠢ ︵ᠬᠤᠨᠢ ᠪᠦᠷᠢ 30 ᠲᠥᠭᠦᠷᠢᠭ︶᠂ ᠪᠣᠳᠠ | ᠮᠠᠯ ᠤᠨ ᠬᠦᠪᠦᠷᠡᠯ ᠰᠢᠯᠵᠢᠭᠦᠯᠬᠦ 1000 ᠰᠠᠭᠤᠷᠢ ᠦᠨᠢᠶ᠎ᠡ ︵ᠦᠨᠢᠶ᠎ᠡ ᠪᠦᠷᠢ 1000 ᠲᠦᠭᠦᠷᠢᠭ︶ ᠶᠢᠨ | ᠨᠦᠬᠦᠪᠦᠷᠢ ᠦᠭᠴᠦ᠂ ᠭᠡᠷ ᠤᠨ ᠲᠡᠵᠢᠭᠡᠪᠦᠷᠢ ᠶᠢᠨ ᠡᠭᠦᠯᠳᠡᠷ ᠰᠠᠶᠢᠵᠢᠷᠠᠭᠤᠯᠬᠤ ᠳᠠᠳᠤᠯᠭ᠎ᠠ ᠪᠣᠯᠪᠠᠰᠤᠷᠠᠯ ᠤᠨ | ᠰᠠᠭᠤᠷᠢᠨ ᠭᠠᠵᠠᠷ ᠢ 3 ᠪᠠᠶᠢᠭᠤᠯᠬᠤ ᠶᠢᠨ ᠬᠠᠮᠲᠤ᠂ ᠨᠤᠲᠤᠭ ᠤᠨ ᠦᠬᠡᠷ ᠢ ᠡᠭᠦᠯᠳᠡᠷ ᠰᠠᠶᠢᠵᠢᠷᠠᠭᠤᠯᠬᠤ ᠠᠵᠢᠯ ᠤᠨ | ᠠᠮᠵᠢᠯᠲᠠ ᠪᠠᠷ ᠢᠯᠡᠳᠲᠡ ᠰᠤᠮᠤ ᠰᠢᠶᠠᠩ ᠪᠠᠯᠭᠠᠰᠦ ᠶᠢ ᠱᠠᠩᠨᠠᠨ ᠵᠤᠷᠢᠭᠵᠢᠭᠤᠯᠪᠠ᠃ ᠡᠭᠦᠨ ᠤ ᠬᠠᠮᠲᠤ᠂ 1500 | ᠢᠵᠢ ᠮᠠᠯ ᠤᠨ ᠡᠭᠦᠯᠳᠡᠷ ᠰᠠᠶᠢᠵᠢᠷᠠᠭᠤᠯᠬᠤ ᠪᠠᠭᠠᠵᠢ ᠬᠡᠷᠡᠭᠰᠡᠯ᠂ 200 ᠮᠢᠺᠷᠣᠰᠺᠣᠫ ᠬᠤᠳᠠᠯᠳᠤᠨ ᠠᠪᠴᠤ᠂ 8.8 | ᠲᠦᠮᠡᠨ ᠦᠨᠢᠶ᠎ᠡ ᠳᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠵᠦ᠂ 42.6 ᠲᠦᠮᠡᠨ ᠬᠤᠨᠢᠨ ᠳᠤ ᠭᠠᠷ | ᠬᠡᠭᠡᠯᠲᠦᠭᠦᠯᠭᠡ ᠬᠢᠵᠦ ᠳᠠᠭᠤᠰᠬᠠᠪᠠ︔ ᠨᠢᠭᠡᠨᠲᠡ 10 ᠬᠤᠭᠤᠴᠠᠭᠠᠨ ᠤ ᠪᠤᠯᠪᠠᠰᠦᠷᠠᠯ ᠡᠷᠭᠢᠯᠡᠵᠦ᠂ 200 ᠬᠥᠮᠦᠨ | ᠤᠳᠠᠭ᠎ᠠ ᠪᠤᠯᠪᠠᠰᠦᠷᠠᠯ ᠳᠤ ᠤᠷᠤᠯᠴᠠᠵᠦ᠂ ᠡᠭᠦᠯᠳᠡᠷ ᠰᠠᠶᠢᠵᠢᠷᠠᠭᠤᠯᠬᠤ ᠠᠵᠢᠯ ᠤᠨ ᠨᠢᠭᠡᠳᠦᠭᠡᠷ ᠹᠷᠣᠨᠲ ᠲᠤ | ᠬᠦᠷᠲᠡᠯ᠎ᠡ ᠲᠡᠭᠦᠯᠳᠡᠷᠵᠢᠭᠦᠯᠵᠦ᠂ ᠮᠠᠯ ᠠᠵᠤ ᠠᠬᠤᠶ ᠶᠢᠨ ᠡᠭᠦᠯᠳᠡᠷ ᠰᠠᠶᠢᠵᠢᠷᠠᠭᠤᠯᠬᠤ ᠠᠵᠢᠯ ᠳᠤ ᠬᠦᠴᠦᠲᠡᠶ | ᠮᠡᠷᠭᠡᠵᠢᠯ ᠤᠨ ᠪᠠᠲᠤᠯᠠᠭ᠎ᠠ ᠬᠠᠩᠭᠠᠪᠠ᠃ ᠡᠭᠦᠨ ᠠᠴᠠ ᠭᠠᠳᠠᠨ᠎ᠠ᠂ ᠡᠭᠦᠯᠳᠡᠷ ᠤᠨ ᠬᠤᠨᠢᠨ ᠤ ᠲᠠᠯᠠᠪᠠᠢ ᠶᠢᠨ ᠡᠭᠦᠯᠳᠡᠷ | ᠤᠨ ᠡᠬᠢ ᠰᠤᠷᠪᠤᠯᠵᠢ ᠶᠢᠨ ᠳᠠᠪᠠᠭᠤᠯᠢᠭ ᠲᠠᠯ᠎ᠠ ᠪᠠᠨ ᠠᠰᠢᠭᠯᠠᠨ᠂ ᠭᠤᠤᠯᠯᠠᠬᠤ ᠮᠠᠯ ᠤᠨ ᠡᠭᠦᠯᠳᠡᠷ ᠢ ᠳᠡᠯᠭᠡᠷᠡᠭᠦᠯᠦᠨ | ᠬᠡᠷᠡᠭᠯᠡᠬᠦ ᠡᠷᠴᠢᠮ ᠢᠶᠠᠨ ᠴᠢᠩᠭᠠᠳᠬᠠᠬᠤ ᠪᠠᠷ ᠳᠠᠮᠵᠢᠭᠤᠯᠤᠨ᠂ ᠲᠥᠪᠯᠡᠷᠡᠭᠦᠯᠦᠨ ᠣᠷᠣᠭᠤᠯᠤᠯᠲᠠ ᠬᠢᠬᠦ᠂ | ᠭᠤᠤᠯᠳᠠᠯᠭ᠎ᠠ ᠶᠢ ᠪᠠᠲᠤᠯᠠᠬᠤ᠂ ᠪᠦᠬᠦ ᠲᠠᠯ᠎ᠠ ᠪᠠᠷ ᠠᠬᠢᠭᠤᠯᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ | ᠵᠠᠷᠴᠢᠮ ᠠᠪᠴᠦ᠂ ᠲᠡᠵᠢᠭᠡᠨ ᠦᠷᠡᠵᠢᠭᠦᠯᠬᠦ ᠲᠤᠰᠬᠠᠶ ᠠᠵᠢᠯ ᠤᠨ ᠬᠤᠷᠰᠢᠭᠰᠠᠨ ᠵᠣᠬᠢᠶᠠᠨ ᠪᠠᠶᠢᠭᠤᠯᠤᠯᠲᠠ᠂ | ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠪᠠ ᠲᠡᠵᠢᠭᠡᠨ ᠦᠷᠡᠵᠢᠭᠦᠯᠬᠦ ᠲᠣᠮᠣ ᠡᠷᠦᠬᠡ ᠪᠠᠷ ᠭᠤᠣᠯᠳᠠᠯᠭ᠎ᠠ | ᠪᠣᠯᠭᠠᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠮᠠᠯ ᠰᠦᠷᠦᠭ᠂ ᠮᠠᠯ ᠤᠨ ᠡᠭᠦᠯᠳᠡᠷ ᠤᠨ ᠪᠦᠲᠦᠴᠡ ᠳᠤ | ᠲᠣᠬᠢᠷᠠᠭᠤᠯᠤᠯᠲᠠ ᠬᠢᠬᠦ ᠶᠢ ᠠᠬᠢᠭᠤᠯᠵᠤ᠂ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠲᠡᠵᠢᠭᠡᠨ | ᠦᠷᠡᠵᠢᠭᠦᠯᠬᠦ ᠡᠭᠦᠯᠳᠡᠷ᠂ ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠪᠠ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠨᠢᠭᠡᠳᠦᠯ ᠢ ᠪᠡᠶᠡᠯᠡᠭᠦᠯᠵᠦ᠂ ᠬᠡᠪᠴᠢᠶᠡᠵᠢᠭᠰᠡᠨ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠠᠬᠢᠴᠠ ᠶᠢ | ᠲᠦᠷᠭᠡᠳᠭᠡᠪᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠡᠰ ᠤᠨ ᠠᠯᠠᠰᠢᠨ ᠬᠤᠨᠢᠨ ᠤ ᠰᠠᠶᠢᠨ | ᠡᠭᠦᠯᠳᠡᠷ ᠤᠨ ᠨᠦᠭᠦᠪᠦᠷᠢ ᠪᠡᠯᠡ ᠮᠥᠩᠭᠦ ᠪᠠ ᠦᠨᠢᠶᠡᠨ ᠤ ᠨᠥᠬᠦᠪᠥᠷᠢ ᠪᠡᠯᠡ ᠮᠥᠩᠭᠦ ᠶᠢ ᠦᠷᠭᠦᠯᠵᠢᠯᠡᠨ ᠢᠳᠡᠪᠬᠢᠲᠡᠢ | ᠡᠷᠡᠮᠡᠯᠵᠡᠨ ᠣᠯᠵᠤ᠂ ᠵᠢᠯ ᠪᠦᠷᠢ ᠳᠤᠮᠳᠠᠴᠢ ᠪᠠᠷ 4000 ᠰᠢᠯᠢᠳᠡᠭ ᠡᠭᠦᠯᠳᠡᠷ ᠤᠨ ᠬᠤᠴᠠ᠂ 14 ᠲᠦᠮᠡᠨ | ᠦᠨᠢᠶᠡᠨ ᠳᠤ ᠨᠦᠭᠦᠪᠦᠷᠢ ᠤᠯᠭᠤᠪᠠ᠃ | ᠳᠠᠷᠠᠭ᠎ᠠ ᠠᠯᠬᠤᠮ ᠳᠤ᠂ ᠮᠠᠨ ᠤ ᠬᠤᠰᠢᠭᠤ ᠨᠢᠭᠡ ᠲᠠᠯ᠎ᠠ ᠪᠠᠷ ᠣᠳᠣ ᠶᠢᠨ ᠠᠵᠢᠯ ᠤᠨ ᠦᠷ᠎ᠡ ᠪᠦᠲᠦᠮᠵᠢ ᠪᠠᠨ | ᠪᠠᠭᠢᠵᠢᠭᠦᠯᠵᠦ᠂ ᠨᠥᠭᠦᠭᠡ ᠲᠠᠯ᠎ᠠ ᠪᠠᠷ ᠬᠡᠰᠡᠭ ᠲᠠᠯ᠎ᠠ ᠨᠤᠲᠤᠭ ᠤᠨ ᠮᠠᠯ ᠠᠵᠤ ᠠᠬᠤᠶ ᠶᠢᠨ ᠰᠠᠭᠤᠷᠢ ᠲᠥᠬᠦᠭᠡᠷᠦᠮᠵᠢ | ᠬᠠᠭᠤᠴᠢᠷᠠᠵᠦ᠂ ᠰᠢᠨᠡᠳᠬᠡᠵᠦ ᠪᠦᠲᠦᠭᠡᠨ ᠪᠠᠶᠢᠭᠤᠯᠬᠤ ᠪᠠᠷ ᠬᠦᠷᠦᠯᠴᠡᠬᠦ ᠦᠭᠡᠶ ᠵᠢᠴᠢ ᠨᠤᠲᠤᠭ ᠪᠡᠯᠴᠢᠭᠡᠷ ᠤᠨ | ᠡᠯᠡᠰᠦᠷᠭᠡᠭᠵᠢᠵᠦ᠂ ᠮᠠᠭᠤᠵᠢᠷᠠᠭᠰᠠᠨ ᠢ ᠵᠠᠰᠠᠬᠤ ᠡᠭᠦᠷᠭᠡ ᠬᠠᠲᠠᠭᠤ ᠪᠡᠷᠬᠡ ᠵᠡᠷᠭᠡ ᠳᠣᠪᠤᠶᠢᠮ᠎ᠠ ᠠᠰᠠᠭᠤᠳᠠᠯ ᠳᠤ | ᠬᠠᠨᠲᠤᠭᠤᠯᠵᠦ᠂ ᠠᠵᠢᠯ ᠤᠨ ᠡᠷᠴᠢᠮ ᠢᠶᠠᠨ ᠨᠡᠮᠡᠭᠳᠡᠭᠦᠯᠬᠦ ᠪᠠᠷ ᠳᠠᠮᠵᠢᠨ ᠳᠡᠭᠡᠲᠦ ᠱᠠᠲᠤᠨ ᠤ ᠪᠡᠯᠡ ᠮᠥᠩᠭᠦ ᠪᠣᠯᠤᠨ | ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠡᠷᠭᠡ ᠠᠷᠭ᠎ᠠ ᠬᠡᠮᠵᠢᠶ᠎ᠡ ᠶᠢ ᠢᠳᠡᠪᠬᠢᠲᠡᠢ ᠣᠯᠵᠤ᠂ ᠠᠯᠬᠤᠮ ᠳᠠᠷᠠᠭᠠᠯᠠᠨ | ᠰᠢᠢᠳᠪᠦᠷᠢᠯᠡᠵᠦ᠂ ᠮᠠᠨ ᠤ ᠬᠤᠰᠢᠭᠤᠨ ᠤ ᠮᠠᠯ ᠠᠵᠤ ᠠᠬᠤᠢ ᠪᠠ ᠲᠠᠯ᠎ᠠ ᠨᠤᠲᠤᠭ ᠤᠨ ᠠᠮᠢ ᠠᠬᠤᠢ ᠶᠢᠨ | ᠬᠠᠮᠠᠭᠠᠯᠠᠯᠲᠠ ᠶᠢᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠪᠠᠲᠤᠯᠠᠬᠤ ᠪᠤᠯᠤᠨ᠎ᠠ᠃ | ︵ᠨᠠᠢᠮᠠ︶ ᠭᠤᠤᠯ ᠵᠠᠮ ᠤᠨ ᠠᠭᠤᠯᠵᠠᠷ ᠲᠤ ᠬᠢᠨᠠᠨ ᠡᠵᠡᠮᠳᠡᠬᠦ ᠳᠤᠷᠠᠨ ᠤᠭᠰᠠᠷᠠᠬᠤ ᠲᠤᠬᠠᠶ ᠰᠠᠨᠠᠭᠤᠯᠭ᠎ᠠ᠃ | ᠪᠠᠶᠠᠨᠴᠠᠭᠠᠨ ᠰᠤᠮᠤᠨ ᠤ ᠰᠢᠨᠡᠪᠢᠯᠢᠭ ᠲᠥᠯᠥᠭᠡᠯᠡᠭᠴᠢ ᠪᠠᠶᠠᠨᠴᠠᠭᠠᠨ ᠰᠤᠮᠤᠨ ᠤ ᠭᠤᠤᠯ ᠵᠠᠮ ᠤᠨ ᠠᠭᠤᠯᠵᠠᠷ ᠲᠤ | ᠬᠢᠨᠠᠨ ᠡᠵᠡᠮᠳᠡᠬᠦ ᠳᠤᠷᠠᠨ ᠤᠭᠰᠠᠷᠠᠵᠦ᠂ ᠮᠠᠯᠴᠢᠳ ᠤᠨ ᠮᠠᠯ ᠤᠨᠤᠭ᠎ᠠ ᠬᠤᠯᠠᠭᠠᠶᠢᠯᠠᠭᠳᠠᠬᠤ ᠪᠠᠶᠢᠳᠠᠯ ᠭᠠᠷᠬᠤ ᠶᠢ | ᠰᠡᠷᠭᠡᠶᠢᠯᠡᠬᠦ ᠰᠠᠨᠠᠭᠤᠯᠭ᠎ᠠ ᠲᠤᠷᠠᠳᠪᠠ᠃ | ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ ᠤ ᠡᠳ᠋ ᠤᠨ ᠵᠠᠰᠠᠭ ᠠᠴᠠ 5.31 ᠲᠦᠮᠡᠨ ᠲᠦᠭᠦᠷᠢᠭ ᠤᠨ | ᠲᠥᠷᠥᠯ ᠵᠤᠶᠢᠯ ᠤᠨ ᠪᠡᠯᠡ ᠮᠥᠩᠭᠦ ᠶᠢ ᠭᠤᠶᠤᠴᠢᠯᠠᠨ ᠪᠠᠶᠠᠨᠴᠠᠭᠠᠨ ᠰᠤᠮᠤ ᠶᠢᠨ ᠭᠤᠤᠯ ᠵᠠᠮ ᠤᠨ ᠠᠭᠤᠯᠵᠠᠷ ᠤᠨ | ᠠᠰᠬᠠᠲᠤ ᠶᠢᠨ ᠬᠥᠭᠦᠷᠭᠡ ᠶᠢᠨ ᠬᠡᠰᠡᠭ᠂ ᠪᠠᠷᠠᠭᠤᠨ ᠦᠵᠦᠮᠦᠴᠢᠨ ᠲᠠᠢ ᠬᠥᠷᠰᠢᠯᠡᠵᠦ ᠪᠠᠶᠢᠭ᠎ᠠ ᠳ᠋ᠠᠴᠢᠨᠪᠤᠯᠠᠭ ᠵᠠᠮ ᠤᠨ | ᠠᠭᠤᠯᠵᠠᠷ ᠲᠤ ᠬᠢᠨᠠᠨ ᠡᠵᠡᠮᠳᠡᠬᠦ ᠲᠤᠷᠠᠨ ᠤᠭᠰᠠᠷᠠᠵᠤ᠂ ᠮᠠᠯ ᠤᠨᠤᠭ᠎ᠠ ᠬᠤᠯᠠᠭᠠᠶᠢᠯᠠᠭᠳᠠᠬᠤ ᠠᠴᠠ ᠰᠡᠷᠭᠡᠶᠢᠯᠡᠵᠦ᠂ | ᠮᠠᠯᠴᠢᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠤᠯᠠᠮ ᠨᠢᠭᠡ ᠠᠯᠬᠤᠮ ᠬᠠᠮᠠᠭᠠᠯᠠᠪᠠ᠃ | ︵ᠶᠢᠰᠦ︶᠂ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ | ᠲᠤᠬᠠᠶ ᠰᠠᠨᠠᠭᠤᠯᠭ᠎ᠠ᠃ ᠪᠠᠶᠠᠨᠴᠠᠭᠠᠨ ᠰᠤᠮᠤᠨ ᠤ ᠬᠠᠰᠪᠠᠭᠠᠲᠤᠷ ᠲᠥᠯᠥᠭᠡᠯᠡᠭᠴᠢ ᠠᠴᠠ ᠪᠠᠶᠠᠨᠴᠠᠭᠠᠨ ᠨᠡᠶᠢᠭᠡᠮ | ᠲᠣᠭᠤᠷᠢᠭ ᠤᠨ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ᠂ ᠵᠠᠮ ᠵᠠᠰᠠᠬᠤ ᠪᠠ ᠵᠠᠮ ᠳᠠᠭᠠᠤ ᠭᠠᠵᠠᠷ | ᠳᠣᠣᠷᠠᠬᠢ ᠤᠰᠤᠨ ᠬᠤᠭᠤᠯᠠᠢ ᠤᠭᠰᠠᠷᠠᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠪᠠᠶᠠᠨᠴᠠᠭᠠᠨ | ᠰᠤᠮᠤᠨ ᠤ ᠵᠠᠰᠠᠭ ᠤᠨ ᠣᠷᠳᠣᠨ ᠨᠢᠭᠡᠨᠲᠡ ︽ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ ᠶᠢᠨ ᠤᠷᠴᠢᠨ | ᠲᠣᠭᠤᠷᠢᠨ ᠢ ᠰᠠᠶᠢᠵᠢᠷᠠᠭᠤᠯᠬᠤ︾ ᠠᠵᠢᠯ ᠢ 2021 ᠣᠨ ᠤ ᠠᠵᠢᠯ ᠤᠨ ᠲᠥᠯᠥᠪᠯᠡᠭᠡ ᠳᠤ ᠣᠷᠣᠭᠤᠯᠵᠤ᠂ | ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠴᠠᠭᠤᠯᠬᠤ ᠪᠠᠷ ᠳᠠᠮᠵᠢᠭᠤᠯᠤᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠵᠡᠭᠡᠯᠢ | ᠭᠤᠳᠤᠮᠵᠢ ᠵᠢᠴᠢ ᠬᠠᠮᠢᠶ᠎ᠠ ᠪᠥᠬᠦᠶ ᠰᠠᠭᠤᠷᠢ ᠲᠦᠭᠦᠭᠡᠷᠦᠮᠵᠢ ᠶᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠬᠦ | ᠪᠤᠯᠤᠨ᠎ᠠ᠃ | ︵ᠠᠷᠪᠠ︶ ᠭᠠᠴᠠᠭ᠎ᠠ ᠲᠣᠰᠬᠤᠨ ᠳᠤ ᠵᠠᠰᠠᠮᠠᠯ ᠵᠠᠮ ᠨᠡᠪᠲᠡᠷᠡᠭᠦᠯᠬᠦ ᠲᠤᠬᠠᠶ ᠰᠠᠨᠠᠭᠤᠯᠭ᠎ᠠ᠃ ᠪᠠᠶᠠᠨᠴᠠᠭᠠᠨ | ᠰᠤᠮᠤᠨ ᠤ ᠨᠠᠷᠠᠨᠴᠤᠭ᠂ ᠳᠠᠯᠠᠶᠢᠨᠠᠭᠤᠷ ᠪᠠᠯᠭᠠᠰᠤᠨ ᠤ ᠭᠠᠯᠪᠠ᠂ ᠳᠠᠷᠬᠠᠬᠠᠭᠤᠯᠠ ᠰᠤᠮᠤᠨ ᠤ ᠨᠠᠰᠤᠨᠪᠠᠭᠠᠲᠤᠷ ᠵᠡᠷᠭᠡ | 11 ᠲᠥᠯᠥᠭᠡᠯᠡᠭᠴᠢ᠂ ᠬᠤᠩ ᠱᠠᠨᠽᠢ ᠰᠢᠶᠠᠩ ᠤᠨ ᠯᠢᠦ ᠵᠢᠶ ᠡᠤ᠂ ᠸᠠᠩ ᠶᠠᠨ ᠵᠢᠶᠦ᠋ᠨ ᠵᠡᠷᠭᠡ ᠨᠡᠶᠢᠲᠡ 16 | ᠲᠥᠯᠥᠭᠡᠯᠡᠭᠴᠢ ᠠᠴᠠ ᠬᠡᠰᠡᠭ ᠭᠠᠴᠠᠭ᠎ᠠ ᠲᠣᠰᠬᠤᠨ ᠤ ᠲᠤᠭᠤᠶᠢᠯᠠᠩ ᠳᠤ ᠨᠡᠪᠲᠡᠷᠡᠬᠦ ᠵᠠᠰᠠᠮᠠᠯ ᠵᠠᠮ ᠤᠨ ᠠᠰᠠᠭᠤᠳᠠᠯ ᠢ | ᠰᠢᠢᠳᠪᠦᠷᠢᠯᠡᠬᠦ ᠰᠠᠨᠠᠭᠤᠯᠭ᠎ᠠ ᠲᠤᠷᠠᠳᠪᠠ᠃ ︵15 ᠳ᠋ᠤᠭᠠᠷ᠂ 17 ᠳ᠋ᠤᠭᠠᠷ᠂ 22 ᠳ᠋ᠤᠭᠠᠷ᠂ 31 ᠳ᠋ᠦ᠋ᠭᠡᠷ᠂ 32 | ᠳ᠋ᠤᠭᠠᠷ ᠲᠣᠭᠠᠲᠤ ᠲᠥᠯᠥᠭᠡᠯᠡᠭᠴᠢ ᠶᠢᠨ ᠰᠠᠨᠠᠭᠤᠯᠭ᠎ᠠ ᠶᠢ ᠨᠡᠶᠢᠯᠡᠭᠦᠯᠦᠨ ᠬᠠᠷᠢᠭᠤᠯᠳᠠ ᠦᠭᠪᠡ︶ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠵᠠᠮ | ᠬᠠᠷᠢᠯᠴᠠᠭᠠᠨ ᠤ ᠲᠣᠪᠴᠢᠶ᠎ᠠ ᠨᠢᠭᠡᠨᠲᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠤᠰᠬᠤᠨ ᠤ ᠵᠠᠰᠠᠮᠠᠯ | ᠵᠠᠮ ᠤᠨ ᠳᠤᠭᠤᠶᠢᠯᠠᠩ ᠳᠤ ᠨᠡᠪᠲᠡᠷᠡᠬᠦ ᠵᠠᠰᠠᠮᠠᠯ ᠵᠠᠮ ᠤᠨ ᠲᠥᠷᠥᠯ ᠵᠤᠶᠢᠯ ᠤᠨ ᠲᠥᠯᠥᠪᠯᠡᠭᠡ ᠶᠤᠰᠤᠭᠠᠷ᠂ | ᠪᠠᠶᠠᠨᠴᠠᠭᠠᠨ ᠰᠤᠮᠤᠨ ᠤ ᠪᠠᠶᠠᠨᠪᠤᠯᠠᠭ ᠭᠠᠴᠠᠭᠠᠨ ᠤ ᠬᠤᠶᠠᠳᠤᠭᠠᠷ ᠳᠤᠭᠤᠶᠢᠯᠠᠩ ᠠᠴᠠ ᠲᠠᠪᠤᠳᠤᠭᠠᠷ ᠲᠤᠭᠤᠶᠢᠯᠠᠩ᠂ | ᠳᠠᠯᠠᠶᠢᠨᠠᠭᠤᠷ ᠪᠠᠯᠭᠠᠰᠦᠨ ᠤ ᠳᠠᠷᠬᠠᠬᠠᠭᠤᠯᠠ ᠠᠴᠠ ᠳᠠᠭᠠᠴᠠ ᠬᠦᠷᠬᠦ ᠱᠤᠭᠤᠮ — ᠪᠠᠶᠠᠨᠵᠢᠷᠦᠬᠡ ᠭᠠᠴᠠᠭᠠᠨ ᠤ | ᠲᠠᠯᠠᠳᠦ᠋ᠷᠦᠬᠦᠦ ᠳᠤᠭᠤᠶᠢᠯᠠᠩ — ᠬᠠᠨᠳᠤᠬᠤ ᠭᠠᠴᠠᠭᠠᠨ ᠤ ᠭᠦᠩᠭᠡᠷ ᠳᠤᠭᠤᠶᠢᠯᠠᠩ — ᠭᠠᠩᠭᠠᠨ ᠭᠠᠴᠠᠭ᠎ᠠ | — ᠬᠠᠳ᠋ᠬᠠᠩᠭᠡᠷ — ᠬᠠᠷᠠᠬᠤᠰᠢᠭᠤ ᠭᠠᠴᠠᠭ᠎ᠠ — ᠪᠠᠯᠭᠠᠰᠦ ᠲᠤᠭᠤᠷᠢᠭ ᠬᠦᠷᠬᠦ 16.6 ᠺᠢᠯᠣᠮᠧᠲᠷ ᠤᠨ | ᠵᠠᠮ ᠪᠠ ᠤᠯᠤᠰ ᠤᠨ ᠵᠠᠮ ᠤᠨ 303 ᠱᠤᠭᠤᠮ — ᠬᠠᠨᠲᠤᠬᠤ ᠭᠠᠴᠠᠭᠠᠨ ᠤ ᠡᠯᠡᠰᠦ — ᠲᠣᠯᠢ ᠭᠠᠴᠠᠭ᠎ᠠ | ᠶᠢᠨ ᠲᠤᠯᠢ ᠰᠦᠮ᠎ᠡ ᠳᠤᠭᠤᠶᠢᠯᠠᠩ ᠬᠦᠷᠬᠦ 16 ᠺᠢᠯᠤᠮᠧᠲᠷ ᠤᠨ ᠵᠠᠮ᠂ ᠳᠠᠷᠬᠠᠬᠠᠭᠤᠯᠠ ᠰᠤᠮᠤᠨ ᠤ ᠨᠠᠷᠠᠰᠤ | ᠭᠠᠴᠠᠭ᠎ᠠ ᠶᠢᠨ ᠠᠶᠢᠯ ᠲᠣᠰᠬᠤᠨ ᠤ 223 ᠡᠷᠦᠬᠡ᠂ 651 ᠬᠦᠮᠦᠨ ᠳᠤ ᠬᠤᠯᠪᠤᠭᠳᠠᠬᠤ ᠬᠠᠳᠠᠭᠤᠷᠠᠭᠤᠯᠠᠭᠠᠲᠤᠢ | ᠲᠤᠭᠤᠶᠢᠯᠠᠩ ᠳᠤ ᠨᠡᠪᠲᠡᠷᠡᠬᠦ ᠵᠠᠰᠠᠮᠠᠯ ᠵᠠᠮ ᠢ ︽ᠠᠷᠪᠠᠨ ᠲᠦᠷᠪᠡᠲᠦᠭᠡᠷ ᠳᠠᠪᠤᠨ ᠵᠢᠯ︾ ᠤᠨ ᠲᠤᠭᠤᠶᠢᠯᠠᠩ ᠳᠤ | ᠨᠡᠪᠲᠡᠷᠡᠬᠦ ᠵᠠᠰᠠᠮᠠᠯ ᠵᠠᠮ ᠤᠨ ᠲᠦᠷᠦᠯ ᠵᠤᠶᠢᠯ ᠤᠨ ᠬᠡᠪᠴᠢᠶᠡᠨ ᠳᠤ ᠤᠷᠤᠭᠤᠯᠪᠠ᠃ ᠡᠭᠦᠨ ᠳᠤ ᠪᠠᠶᠠᠨᠴᠠᠭᠠᠨ | ᠰᠤᠮᠤᠨ ᠤ ᠪᠠᠶᠠᠨᠪᠤᠯᠠᠭ ᠭᠠᠴᠠᠭᠠᠨ ᠤ ᠬᠤᠶᠠᠳᠤᠭᠠᠷ ᠳᠤᠭᠤᠶᠢᠯᠠᠩ ᠠᠴᠠ ᠲᠠᠪᠤᠳᠤᠭᠠᠷ ᠲᠤᠭᠤᠶᠢᠯᠠᠩ ᠬᠦᠷᠬᠦ᠂ | ᠳᠠᠯᠠᠶᠢᠨᠠᠭᠤᠷ ᠪᠠᠯᠭᠠᠰᠤᠨ ᠤ ᠬᠠᠨᠲᠤᠬᠤ ᠭᠠᠴᠠᠭᠠᠨ ᠤ ᠭᠦᠩᠭᠡᠷ ᠳᠤᠭᠤᠶᠢᠯᠠᠩ᠂ ᠪᠠᠶᠠᠨᠵᠢᠷᠦᠬᠡ ᠭᠠᠴᠠᠭᠠᠨ ᠤ | ᠲᠠᠯᠠᠳᠦ᠋ᠷᠦᠭᠦᠦ ᠶᠢᠨ ᠵᠡᠭᠦᠨ᠂ ᠳᠤᠮᠳᠠ᠂ ᠪᠠᠷᠠᠭᠤᠨ ᠳᠤᠭᠤᠶᠢᠯᠠᠩ᠂ ᠲᠣᠯᠢ ᠭᠠᠴᠠᠭᠠᠨ ᠤ ᠲᠤᠯᠢ ᠰᠦᠮ᠎ᠡ | ᠳᠤᠭᠤᠶᠢᠯᠠᠩ᠂ ᠳᠠᠷᠬᠠᠬᠠᠭᠤᠯᠠ ᠰᠤᠮᠤᠨ ᠤ ᠨᠠᠷᠠᠰᠤ ᠭᠠᠴᠠᠭᠠᠨ ᠤ ᠬᠦᠷᠡᠭᠴᠢ ᠭᠡᠭᠦᠦᠲᠦ ᠳᠤᠭᠤᠶᠢᠯᠠᠩ᠂ ᠬᠤᠩ | ᠱᠠᠨᠽᠢ ᠰᠢᠶᠠᠩ ᠤᠨ ᠳ᠋ᠦᠩ ᠳ᠋ᠡ ᠲᠤ ᠳᠤᠭᠤᠶᠢᠯᠠᠩ᠂ ᠹᠦ᠋ ᠶᠢᠩᠽᠢ ᠳᠤᠭᠤᠶᠢᠯᠠᠩ᠂ ᠦᠪᠦᠩᠲᠦ ᠳᠤᠭᠤᠶᠢᠯᠠᠩ᠂ | ᠶᠦᠩ ᠾᠧ ᠲᠣᠰᠬᠤᠨ ᠤ ᠱᠠᠩ ᠳ᠋ᠢ ᠳᠤᠭᠤᠶᠢᠯᠠᠩ᠂ ᠰᠢᠶᠤᠤ ᠲᠢᠶᠧ ᠭᠸᠦ᠂ ᠳ᠋ᠦᠩ ᠭᠸᠦ ᠨᠤᠤ᠂ ᠱᠠᠩ ᠾᠥᠸᠧ | ᠹᠠᠩ᠂ ᠬᠤᠸᠠ ᠱᠣ᠋ ᠳᠤᠭᠤᠶᠢᠯᠠᠩ ᠤᠨ ᠳᠤᠭᠤᠶᠢᠯᠠᠩ ᠳᠤ ᠨᠡᠪᠲᠡᠷᠡᠬᠦ ᠵᠠᠰᠠᠮᠠᠯ ᠵᠠᠮ ᠢ ᠨᠢᠭᠡᠨᠲᠡ ᠮᠠᠨ ᠤ ᠬᠤᠰᠢᠭᠤᠨ ᠤ | 2021 ᠣᠨ ᠤ ᠠᠶᠢᠯ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠳᠤ | ᠣᠷᠣᠭᠤᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ | ᠳᠡᠪᠰᠢᠭᠦᠯᠦᠨ ᠬᠢᠨᠠᠨ ᠵᠦᠪᠰᠢᠶᠡᠷᠡᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠴᠤᠬᠤᠯᠠᠪᠤᠷᠢᠯᠠᠭᠰᠠᠨ ᠤ ᠳᠠᠷᠠᠭ᠎ᠠ᠂ | ᠴᠠᠭ ᠲᠤᠬᠠᠶ ᠳᠤᠨᠢ ᠲᠥᠯᠥᠪᠯᠡᠭᠡ ᠶᠤᠰᠤᠭᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠤᠯᠤᠨ᠎ᠠ᠃ | ᠳᠠᠷᠬᠠᠬᠠᠭᠤᠯᠠ ᠰᠤᠮᠤᠨ ᠤ ᠨᠠᠷᠠᠰᠤ ᠭᠠᠴᠠᠭ᠎ᠠ ᠶᠢᠨ ᠴᠠᠷᠳᠠᠮᠠᠯ ᠵᠠᠮ ᠨᠡᠪᠲᠡᠷᠡᠭᠡᠳᠦᠶ ᠪᠤᠰᠤᠳ ᠠᠶᠢᠯ ᠲᠤᠰᠬᠤᠨ | ᠳᠤᠭᠤᠶᠢᠯᠠᠩ ᠤᠨ ᠳᠤᠭᠤᠶᠢᠯᠠᠩ ᠳᠤ ᠨᠡᠪᠲᠡᠷᠡᠬᠦ ᠵᠠᠰᠠᠮᠠᠯ ᠵᠠᠮ ᠢ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠲᠣᠬᠢᠷᠠᠭᠤᠯᠤᠯᠲᠠ ᠶᠢ ᠦᠨᠳᠦᠰᠦᠯᠡᠨ ᠠᠯᠬᠤᠮ ᠠᠯᠬᠤᠮ ᠢᠶᠠᠷ ᠬᠡᠷᠡᠭᠵᠢᠭᠦᠯᠬᠦ ᠪᠤᠯᠤᠨ᠎ᠠ᠃ | ︵ᠠᠷᠪᠠᠨ ᠨᠢᠭᠡ︶ ᠤᠮᠳᠠ ᠶᠢᠨ ᠤᠰᠤᠨ ᠳᠤ ᠡᠳᠡᠭᠡᠳ ᠦᠨᠦᠷ ᠲᠠᠢ ᠪᠠᠶᠢᠭ᠎ᠠ ᠭᠠᠴᠠᠭᠠᠨ ᠤ ᠠᠷᠠᠳ ᠤᠨ | ᠳᠤᠭᠤᠶᠢᠯᠠᠩ ᠳᠤ ᠲᠦᠭᠡᠭᠡᠯ ᠤᠰᠤ ᠳᠠᠲᠠᠬᠤ ᠲᠤᠬᠠᠶ ᠰᠠᠨᠠᠭᠤᠯᠭ᠎ᠠ᠃ ᠳᠠᠯᠠᠶᠢᠨᠠᠭᠤᠷ ᠪᠠᠯᠭᠠᠰᠤᠨ ᠤ ᠭᠠᠯᠪᠠ | ᠲᠥᠯᠥᠭᠡᠯᠡᠭᠴᠢ ᠠᠴᠠ ᠳᠠᠯᠠᠶᠢᠨᠠᠭᠤᠷ ᠪᠠᠯᠭᠠᠰᠤᠨ ᠤ ᠭᠠᠴᠠᠭ᠎ᠠ ᠳᠤᠭᠤᠶᠢᠯᠠᠩ ᠤᠨ ᠮᠠᠯᠴᠢᠨ ᠡᠷᠦᠬᠡ ᠳᠤ ᠲᠦᠭᠡᠭᠡᠯ | ᠤᠰᠤ ᠲᠠᠲᠠᠵᠤ᠂ ᠴᠢᠨᠠᠷ ᠰᠠᠶᠢᠲᠠᠶ ᠤᠰᠤᠨ ᠤ ᠰᠤᠷᠪᠤᠯᠵᠢ ᠬᠡᠷᠡᠭᠯᠡᠬᠦ ᠰᠠᠨᠠᠭᠤᠯᠭ᠎ᠠ ᠲᠤᠷᠠᠳᠪᠠ᠃ | ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠰᠢᠭᠤᠨ ᠤ | ᠤᠰᠤᠨ ᠠᠰᠢᠭᠯᠠᠯᠳᠠ ᠶᠢᠨ ᠲᠣᠪᠴᠢᠶ᠎ᠠ ᠪᠠᠶᠢᠴᠠᠭᠠᠨ ᠰᠢᠯᠭᠠᠵᠤ᠂ ᠣᠳᠣ ᠶᠢᠨ ᠪᠠᠷᠢᠮᠵᠢᠶ᠎ᠠ ᠪᠠᠷ ᠳᠠᠯᠠᠶᠢᠨᠠᠭᠤᠷ | ᠪᠠᠯᠭᠠᠰᠤᠨ ᠤ ᠲᠣᠯᠢ ᠭᠠᠴᠠᠭ᠎ᠠ ᠶᠢᠨ ᠵᠠᠬ᠎ᠠ ᠲᠤᠭᠤᠶᠢᠯᠠᠩ᠂ ᠭᠦᠨᠬᠤᠳᠲᠤᠭ ᠳᠤᠭᠤᠶᠢᠯᠠᠩ᠂ ᠳᠠᠷᠬᠠᠠᠲᠠᠯᠠ | ᠳᠤᠭᠤᠶᠢᠯᠠᠩ ᠪᠣᠯᠤᠨ ᠬᠠᠨᠲᠤᠬᠤ ᠭᠠᠴᠠᠭ᠎ᠠ ᠶᠢᠨ ᠳ᠋ᠠᠮ ᠳᠤᠭᠤᠶᠢᠯᠠᠩ᠂ ᠪᠤᠷᠤᠬᠤᠰᠢᠭᠤ ᠳᠤᠭᠤᠶᠢᠯᠠᠩ᠂ | ᠴᠠᠭᠠᠠᠴᠢᠯᠠᠭᠤᠲᠦ ᠳᠤᠭᠤᠶᠢᠯᠠᠩ᠂ ᠭᠦᠩᠭᠡᠷ ᠳᠤᠭᠤᠶᠢᠯᠠᠩ ᠤᠨ ᠤᠰᠤᠨ ᠤ ᠴᠢᠨᠠᠷ ᠪᠦᠷ ᠪᠠᠷᠢᠮᠵᠢᠶᠠᠨ ᠳᠤ ᠬᠦᠷᠴᠦ᠂ | ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ | ᠲᠦᠯᠦᠭᠡ᠂ ᠬᠠᠨᠲᠤᠬᠤ ᠭᠠᠴᠠᠭ᠎ᠠ ᠶᠢᠨ ᠬᠦᠩᠭᠡᠷ ᠳᠤᠭᠤᠶᠢᠯᠠᠩ ᠤᠨ ᠤᠰᠤᠨ ᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠭᠰᠠᠨ ᠮᠠᠯᠵᠢᠬᠤ ᠣᠷᠣᠨ ᠤ ᠤᠰᠤ ᠬᠠᠩᠭᠠᠬᠤ | ᠪᠠᠲᠤᠯᠠᠭ᠎ᠠ ᠶᠢᠨ ᠶᠡᠷᠦᠩᠭᠡᠢ ᠬᠡᠷᠡᠭᠵᠢᠭᠦᠯᠬᠦ ᠲᠦᠰᠦᠪ ᠤᠨ ᠲᠥᠯᠥᠪᠵᠢᠭᠦᠯᠭᠡ ᠳᠤ ᠣᠷᠣᠭᠤᠯᠵᠤ᠂ ᠪᠤᠰᠤᠳ ᠭᠠᠵᠠᠷ | ᠣᠷᠣᠨ ᠤ ᠤᠤᠭᠤᠬᠤ ᠤᠰᠤ ᠶᠢ ᠳᠡᠭᠡᠭᠰᠢᠯᠡᠭᠦᠯᠬᠦ ᠢᠨᠵᠧᠨᠧᠷᠢᠩ ᠢ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠳᠤ ᠤᠷᠤᠭᠤᠯᠵᠦ᠂ ᠲᠠᠷᠠᠭᠠᠴᠢ ᠶᠢᠨ ᠠᠯᠬᠤᠮ ᠳᠤ ᠴᠥᠮ ᠲᠥᠯᠥᠪᠵᠢᠭᠦᠯᠭᠡ ᠶᠣᠰᠣᠭᠠᠷ ᠠᠯᠬᠤᠮ | ᠠᠯᠬᠤᠮ ᠢᠶᠠᠷ ᠬᠡᠷᠡᠭᠵᠢᠭᠦᠯᠵᠦ ᠰᠢᠢᠳᠪᠦᠷᠢᠯᠡᠨ᠎ᠡ᠃ | ︵ᠠᠷᠪᠠᠨ ᠬᠤᠶᠠᠷ︶ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠢ ᠴᠢᠩᠭᠠᠳᠬᠠᠬᠤ | ᠲᠤᠬᠠᠶ ᠰᠠᠨᠠᠭᠤᠯᠭ᠎ᠠ᠃ ᠳᠠᠯᠠᠶᠢᠨᠠᠭᠤᠷ ᠪᠠᠯᠭᠠᠰᠤᠨ ᠤ ᠭᠠᠯᠪᠠ ᠵᠡᠷᠭᠡ ᠲᠥᠯᠥᠭᠡᠯᠡᠭᠴᠢ ᠣᠷᠴᠢᠭᠤᠯᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠬᠤᠰᠢᠭᠤᠨ ᠤ ᠮᠣᠩᠭᠤᠯ ᠬᠢᠲᠠᠳ ᠬᠤᠤᠰ ᠬᠡᠯᠡ ᠶᠢ | ᠵᠡᠷᠭᠡ ᠪᠠᠷ ᠬᠡᠷᠡᠭᠯᠡᠬᠦ ᠠᠵᠢᠯ ᠢ ᠠᠬᠢᠭᠤᠯᠬᠤ ᠠᠷᠭ᠎ᠠ ᠬᠡᠮᠵᠢᠶ᠎ᠡ ᠠᠪᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ ᠲᠤᠰᠬᠠᠶᠢᠯᠠᠨ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠳᠠᠷᠬᠠᠬᠠᠭᠤᠯᠠ ᠰᠤᠮᠤ | ᠂ ᠳᠠᠯᠠᠶᠢᠨᠠᠭᠤᠷ ᠪᠠᠯᠭᠠᠰᠤ᠂ ᠪᠠᠶᠠᠨᠴᠠᠭᠠᠨ ᠰᠤᠮᠤ ᠵᠡᠷᠭᠡ ᠮᠣᠩᠭᠤᠯ ᠦᠨᠲᠦᠰᠦᠲᠡᠨ ᠲᠥᠪᠯᠡᠷᠡᠨ ᠰᠠᠭᠤᠷᠢᠰᠢᠭᠰᠠᠨ 3 | ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠨᠢᠭᠡᠴᠡ ᠶᠢᠨ ᠮᠣᠩᠭᠤᠯ ᠬᠢᠲᠠᠳ ᠬᠤᠤᠰ ᠬᠡᠯᠡ ᠶᠢ ᠵᠡᠷᠭᠡ ᠪᠠᠷ ᠬᠡᠷᠡᠭᠯᠡᠵᠦ | ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠤᠰᠢᠭᠤᠨ ᠤ ᠣᠷᠴᠢᠭᠤᠯᠭ᠎ᠠ ᠶᠢᠨ ᠲᠥᠪ ᠢ | ᠪᠠᠶᠢᠭᠤᠯᠬᠤ ᠠᠵᠢᠯ ᠢ ᠭᠠᠷᠳᠠᠨ ᠬᠢᠵᠦ ᠪᠤᠢ᠃ ᠣᠷᠴᠢᠭᠤᠯᠭ᠎ᠠ ᠶᠢᠨ ᠲᠥᠪ ᠪᠠᠶᠢᠭᠤᠯᠤᠭᠳᠠᠭᠰᠠᠨ ᠤ ᠳᠠᠷᠠᠭ᠎ᠠ᠂ | ᠮᠣᠩᠭᠤᠯ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠰᠤᠮᠤ ᠪᠠᠯᠭᠠᠰᠤ᠂ ᠴᠣᠩᠬᠤᠪᠴᠢ ᠨᠢᠭᠡᠴᠡ᠂ ᠵᠠᠬᠢᠳᠠᠯ | ᠰᠤᠷᠪᠤᠯᠵᠢᠯᠠᠭ᠎ᠠ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠰᠢᠭᠦᠬᠦ ᠪᠠᠶᠢᠴᠠᠭᠠᠬᠤ ᠬᠤᠶᠠᠷ ᠬᠤᠷᠢᠶ᠎ᠠ ᠳᠤ | ᠮᠣᠩᠭᠤᠯ ᠬᠢᠲᠠᠳ ᠬᠤᠤᠰ ᠬᠡᠯᠡᠨ ᠤ ᠠᠵᠢᠯᠲᠠᠨ ᠲᠣᠬᠢᠷᠠᠭᠤᠯᠵᠤ᠂ ᠮᠣᠩᠭᠤᠯ ᠬᠢᠲᠠᠳ ᠬᠤᠤᠰ ᠬᠡᠯᠡᠨ ᠤ | ᠪᠤᠯᠪᠠᠰᠦᠷᠠᠯ ᠤᠨ ᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ | ᠬᠤᠰᠢᠭᠤᠨ ᠤ ᠴᠢᠬᠤᠯᠠ ᠪᠢᠴᠢᠭ ᠮᠠᠲ᠋ᠧᠷᠢᠶᠠᠯ᠂ ᠮᠡᠳᠡᠭᠳᠡᠯ᠂ ᠠᠯᠪᠠᠨ ᠵᠠᠷ ᠵᠡᠷᠭᠡ ᠶᠢ ᠮᠣᠩᠭᠤᠯ ᠬᠢᠲᠠᠳ ᠬᠤᠶᠠᠷ | ᠵᠦᠢᠯ ᠤᠨ ᠦᠰᠦᠭ ᠪᠢᠴᠢᠭ ᠢᠶᠠᠷ ᠳᠠᠷᠤᠮᠠᠯᠯᠠᠨ ᠲᠠᠷᠬᠠᠭᠠᠬᠤ ᠶᠢ ᠠᠬᠢᠭᠤᠯᠵᠤ᠂ ᠬᠤᠣᠰ ᠬᠡᠯᠡᠨ ᠤ | ᠣᠷᠴᠢᠭᠤᠯᠭ᠎ᠠ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ | ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠤᠨ ᠪᠠᠷᠢᠮᠵᠢᠶᠠᠵᠢᠯᠲᠠ᠂ ᠳᠦᠷᠢᠮᠵᠢᠭᠦᠯᠦᠯᠲᠡ᠂ ᠮᠡᠳᠡᠭᠡ | ᠵᠠᠩᠭᠢᠵᠢᠯᠳᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠮᠠᠨ ᠤ ᠬᠤᠰᠢᠭᠤᠨ ᠤ ᠮᠣᠩᠭᠤᠯ ᠦᠨᠳᠦᠰᠦᠲᠡᠨ ᠤ | ᠣᠯᠠᠨ ᠲᠦᠮᠡᠨ ᠤ ᠤᠯᠤᠰ ᠲᠥᠷᠥ᠂ ᠠᠵᠤ ᠠᠬᠤᠢ ᠰᠣᠶᠣᠯ ᠪᠠ ᠨᠡᠶᠢᠭᠡᠮ ᠤᠨ ᠠᠵᠢᠯᠯᠠᠭ᠎ᠠ ᠳᠤ ᠣᠷᠣᠯᠴᠠᠬᠤ ᠳᠤ | ᠤᠯᠠᠮ ᠨᠢᠭᠡ ᠠᠯᠬᠤᠮ ᠳᠥᠭᠦᠮ ᠦᠵᠡᠭᠦᠯᠬᠦ ᠪᠤᠯᠤᠨ᠎ᠠ᠃ | ︵ᠠᠷᠪᠠᠨ ᠭᠤᠷᠪᠠ︶ ᠤᠰᠤᠨ ᠬᠠᠰᠢᠯᠭ᠎ᠠ ᠶᠢ ᠨᠡᠭᠡᠭᠡᠬᠦ ᠲᠤᠬᠠᠶ ᠰᠠᠨᠠᠭᠤᠯᠭ᠎ᠠ᠃ ᠳᠠᠷᠬᠠᠬᠠᠭᠤᠯᠠ ᠰᠤᠮᠤ ᠶᠢᠨ | ᠦᠨᠢᠷᠴᠡᠴᠡᠭ ᠵᠡᠷᠭᠡ 11 ᠲᠥᠯᠥᠭᠡᠯᠡᠭᠴᠢ ᠤᠰᠤᠨ ᠬᠠᠰᠢᠯᠭ᠎ᠠ ᠶᠢ ᠨᠡᠭᠡᠭᠡᠨ ᠤᠰᠤ ᠳᠠᠯᠪᠢᠵᠦ᠂ ᠱᠠᠷ ᠤᠨ ᠭᠤᠤᠯ ᠪᠠ | ᠭᠦᠩᠭᠡᠷ ᠤᠨ ᠭᠤᠤᠯ ᠵᠡᠷᠭᠡ ᠭᠤᠤᠯ ᠮᠥᠷᠡᠨ ᠤ ᠤᠷᠤᠰᠬᠠᠯ ᠢ ᠰᠡᠷᠭᠦᠭᠡᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠰᠢᠭᠤᠨ ᠤ | ᠤᠰᠤᠨ ᠠᠰᠢᠭᠯᠠᠯᠳᠠ ᠶᠢᠨ ᠲᠣᠪᠴᠢᠶ᠎ᠠ ᠪᠠᠶᠢᠴᠠᠭᠠᠨ ᠬᠠᠷᠭᠤᠭᠤᠯᠤᠭᠠᠳ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠳᠤ ᠵᠢᠭᠠᠵᠤ ᠪᠠᠶᠢᠭ᠎ᠠ ᠤᠰᠤᠨ ᠬᠠᠰᠢᠯᠭ᠎ᠠ ᠨᠡᠶᠢᠲᠡ 5 ᠪᠠᠶᠢᠨ᠎ᠠ᠂ | ᠭᠠᠩᠭᠠᠨ ᠨᠠᠭᠤᠷ ᠤᠨ ᠤᠰᠤᠨ ᠬᠠᠭᠠᠯᠲᠠ᠂ ᠦ᠋ ᠳ᠋ᠣᠣ ᠱᠢ ᠮᠧᠨ ᠤᠰᠤᠨ ᠴᠥᠭᠦᠷᠥᠮ᠂ ᠤᠪᠤᠭ᠎ᠠ ᠭᠤᠤᠯ ᠤᠨ 1 | ᠨᠣᠮᠧᠷᠲᠤ ᠬᠠᠰᠢᠯᠭ᠎ᠠ ︵ᠤᠪᠤᠭ᠎ᠠ ᠭᠤᠤᠯ ᠤᠨ 3 ᠰᠠᠭᠤᠷᠢ ᠤᠰᠤᠨ ᠬᠠᠰᠢᠯᠭ᠎ᠠ ᠬᠤᠯᠪᠤᠭᠳᠠᠵᠦ ᠪᠠᠶᠢᠬᠤ ᠳᠤᠯᠠ | ᠲᠣᠰ ᠤᠰᠤᠨ ᠬᠠᠰᠢᠯᠭ᠎ᠠ ᠶᠢ 1 ᠨᠣᠮᠧᠷᠲᠤ ᠬᠠᠰᠢᠯᠭ᠎ᠠ ᠭᠡᠵᠦ ᠲᠦᠷ ᠨᠡᠷᠡᠯᠡᠪᠡ᠂ ᠤᠪᠤᠭ᠎ᠠ ᠭᠤᠤᠯ ᠤᠨ ᠳᠡᠭᠡᠲᠦ | ᠤᠷᠤᠰᠬᠠᠯ᠂ ᠪᠠᠶ᠋ᠬᠠᠤᠪᠤᠭ᠎ᠠ ᠣᠢ ᠰᠢᠭᠤᠶ ᠶᠢᠨ ᠲᠠᠯᠠᠪᠠᠢ ᠶᠢᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠰᠢᠵᠤ᠂ | ᠪᠠᠶ᠋ᠬᠠᠤᠪᠤᠭ᠎ᠠ ᠣᠢ ᠰᠢᠭᠤᠶ ᠶᠢᠨ ᠲᠠᠯᠠᠪᠠᠢ ᠠᠴᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠦ ᠪᠤᠢ︶᠂ | ᠤᠪᠤᠭ᠎ᠠ ᠭᠤᠤᠯ ᠤᠨ 2 ᠨᠣᠮᠧᠷᠲᠤ ︵ᠪᠠᠶ᠋ᠬᠠᠤᠪᠤᠭ᠎ᠠ ᠣᠢ ᠰᠢᠭᠤᠶ ᠶᠢᠨ ᠲᠠᠯᠠᠪᠠᠢ ᠶᠢᠨ ᠮᠠᠰᠢᠨ ᠮᠧᠬᠠᠨᠢᠭ ᠭᠠᠯ | ᠰᠡᠷᠭᠡᠶᠢᠯᠡᠬᠦ ᠠᠯᠪᠠᠨ ᠭᠡᠷ ᠤᠨ ᠠᠰᠠᠷ ᠤᠨ ᠠᠷᠦ ᠳᠤ ᠪᠤᠢ᠂ ᠪᠠᠶ᠋ᠬᠠᠤᠪᠤᠭ᠎ᠠ ᠣᠢ ᠰᠢᠭᠤᠶ ᠶᠢᠨ ᠲᠠᠯᠠᠪᠠᠢ ᠠᠴᠠ ᠡᠳᠦᠷ | ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠦ ᠪᠤᠢ︶ ᠪᠠ ᠤᠪᠤᠭ᠎ᠠ ᠭᠤᠤᠯ ᠤᠨ 3 ᠨᠣᠮᠧᠷᠲᠤ ᠬᠠᠰᠢᠯᠭ᠎ᠠ ︵ | ᠪᠠᠶ᠋ᠬᠠᠤᠪᠤᠭ᠎ᠠ ᠣᠢ ᠰᠢᠭᠤᠶ ᠶᠢᠨ ᠲᠠᠯᠠᠪᠠᠢ ᠶᠢᠨ ᠠᠯᠪᠠᠨ ᠠᠰᠠᠷ ᠤᠨ ᠠᠷᠤ ᠳᠤ ᠪᠤᠢ᠂ ᠪᠠᠶ᠋ᠬᠠᠤᠪᠤᠭ᠎ᠠ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠠᠴᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠦ ᠪᠤᠢ︶᠃ | ᠨᠢᠭᠡ ᠳᠤ ᠭᠠᠩᠭᠠᠨ ᠨᠠᠭᠤᠷ ᠤᠨ ᠤᠰᠤᠨ ᠬᠠᠭᠠᠯᠲᠠ ᠶᠢᠨ ᠠᠰᠠᠭᠤᠳᠠᠯ ᠳᠤ ᠬᠠᠨᠲᠤᠭᠤᠯᠤᠨ᠂ ᠬᠤᠰᠢᠭᠤᠨ ᠤ | ᠤᠰᠤᠨ ᠠᠰᠢᠭᠯᠠᠯᠲᠠ ᠶᠢᠨ ᠲᠣᠪᠴᠢᠶ᠎ᠠ ᠤᠰᠤᠨ ᠬᠠᠭᠠᠯᠲᠠ ᠶᠢᠨ ᠬᠠᠮᠢᠶᠠᠷᠤᠯᠲᠠ ᠶᠢᠨ ᠡᠷᠬᠡ ᠶᠢ ᠬᠤᠷᠢᠶᠠᠨ ᠠᠪᠴᠦ᠂ | ᠬᠠᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠰᠢᠨ᠎ᠡ ᠬᠠᠭᠠᠯᠲᠠ ᠶᠢ ᠰᠣᠯᠢᠬᠤ ᠶᠢ ᠬᠠᠷᠢᠭᠤᠴᠠᠨ᠎ᠠ᠃ | ᠵᠢᠱᠢᠯᠲᠡ ᠪᠠᠷ 1 — 2 ᠵᠢᠯ ᠤᠨ ᠴᠠᠭ ᠢ ᠠᠰᠢᠭᠯᠠᠵᠤ᠂ ᠵᠦᠶ ᠵᠣᠬᠢᠰᠲᠠᠶ ᠳᠣᠷᠣᠭᠰᠢ ᠤᠷᠤᠰᠬᠠᠬᠤ | ᠤᠷᠤᠰᠬᠠᠯ ᠤᠨ ᠬᠡᠮᠵᠢᠶ᠎ᠡ ᠶᠢ ᠲᠥᠰᠦᠭᠡᠯᠡᠨ ᠪᠣᠳᠣᠵᠤ᠂ ᠶᠠᠪᠤᠭᠳᠠᠭᠤᠰᠢᠲᠠᠶ ᠬᠠᠮᠢᠶᠠᠷᠤᠯᠲᠠ ᠶᠢᠨ ᠳᠦᠷᠢᠮ ᠢ | ᠲᠤᠭᠲᠠᠭᠠᠨ᠎ᠠ᠃ | ᠬᠤᠶᠠᠷ ᠲᠤ᠂ ᠡᠤ ᠳ᠋ᠤᠤ ᠱᠢ ᠮᠧᠨ ᠤᠰᠤᠨ ᠴᠥᠭᠦᠷᠥᠮ ᠤᠨ ᠠᠰᠠᠭᠤᠳᠠᠯ ᠳᠤ ᠬᠠᠨᠲᠤᠭᠤᠯᠤᠨ᠂ ᠤᠰᠤᠨ | ᠴᠥᠭᠦᠷᠥᠮ ᠤᠨ ᠳᠣᠣᠷᠠᠳᠤ ᠤᠷᠤᠰᠬᠠᠯ ᠳᠤ ᠭᠠᠩ ᠬᠠᠭᠰᠠᠷᠠᠭᠠᠨ ᠭᠠᠷᠬᠤ ᠦᠶ᠎ᠡ ᠳᠤ ᠳᠠᠯᠠᠶᠢᠨᠠᠭᠤᠷ ᠪᠠᠯᠭᠠᠰᠤᠨ ᠤ | ᠵᠠᠰᠠᠭ ᠤᠨ ᠣᠷᠳᠣᠨ ᠠᠴᠠ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠪᠢᠴᠢᠭ ᠤᠨ ᠭᠤᠶᠤᠴᠢᠯᠠᠯ | ᠭᠠᠷᠭᠠᠵᠦ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠤᠰᠤᠨ ᠴᠥᠭᠦᠷᠥᠮ ᠤᠨ ᠬᠠᠭᠠᠯᠲᠠ ᠶᠢ | ᠨᠡᠭᠡᠭᠡᠵᠦ ᠤᠰᠤ ᠲᠠᠯᠪᠢᠬᠤ ᠪᠤᠲᠠᠲᠠᠢ ᠲᠣᠬᠢᠷᠠᠭᠤᠯᠬᠤ ᠠᠵᠢᠯ ᠢ ᠬᠠᠷᠢᠭᠤᠴᠠᠨ᠎ᠠ᠃ | ᠭᠤᠷᠪᠠ ᠳᠤ ᠤᠪᠤᠭ᠎ᠠ ᠭᠤᠤᠯ ᠤᠨ 1 ᠨᠣᠮᠧᠷᠲᠤ ᠬᠠᠰᠢᠯᠭ᠎ᠠ᠂ 2 ᠨᠣᠮᠧᠷᠲᠤ ᠬᠠᠰᠢᠯᠭ᠎ᠠ ᠪᠣᠯᠤᠨ 3 | ᠨᠣᠮᠧᠷᠲᠤ ᠬᠠᠰᠢᠯᠭ᠎ᠠ ᠶᠢᠨ ᠠᠰᠠᠭᠤᠳᠠᠯ ᠳᠤ ᠬᠠᠨᠲᠤᠭᠤᠯᠤᠨ᠂ 3 ᠬᠠᠰᠢᠯᠭ᠎ᠠ ᠳᠣᠲᠣᠷᠠᠬᠢ ᠤᠰᠤᠨ ᠤ ᠬᠡᠮᠵᠢᠶ᠎ᠡ ᠶᠢ | ᠲᠣᠭᠲᠠᠭᠠᠬᠤ ᠶᠢᠨ ᠠᠷᠭ᠎ᠠ ᠦᠭᠡᠢ ᠪᠣᠯᠬᠤᠷ ᠣᠶᠢᠷ᠎ᠠ ᠬᠠᠪᠢ ᠶᠢᠨ ᠤᠶᠢᠲᠦ ᠭᠠᠵᠠᠷ᠂ ᠭᠡᠷ ᠪᠠᠶᠢᠰᠢᠩ ᠵᠢᠴᠢ ᠳᠣᠤᠷᠠᠳᠤ | ᠤᠷᠤᠰᠬᠠᠯ ᠤᠨ ᠲᠦᠬᠦᠭᠡᠷᠦᠮᠵᠢ ᠶᠢ ᠠᠯᠪᠠᠳᠠᠯᠭ᠎ᠠ ᠪᠠᠷ ᠨᠤᠷᠠᠭᠠᠬᠤ ᠶᠢ ᠰᠡᠷᠭᠡᠶᠢᠯᠡᠬᠦ ᠶᠢᠨ ᠲᠤᠰᠠᠳᠠ᠂ ᠣᠳᠣ ᠪᠠᠶᠢᠭ᠎ᠠ | ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠪᠠᠲᠤᠯᠠᠬᠤ ᠶᠢ ᠰᠠᠨᠠᠭᠤᠯᠪᠠ᠃ ᠬᠤᠰᠢᠭᠤᠨ ᠤ ᠤᠰᠤᠨ ᠠᠰᠢᠭᠯᠠᠯᠲᠠ ᠶᠢᠨ | ᠲᠣᠪᠴᠢᠶ᠎ᠠ ᠪᠣᠯᠤᠨ ᠳᠠᠯᠠᠶᠢᠨᠠᠭᠤᠷ ᠪᠠᠯᠭᠠᠰᠤᠨ ᠤ ᠵᠠᠰᠠᠭ ᠤᠨ ᠣᠷᠳᠣᠨ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠳᠤᠷ᠎ᠠ ᠪᠠᠷ ᠢᠶᠠᠨ ᠬᠠᠰᠢᠵᠤ ᠤᠰᠦ ᠬᠠᠳᠠᠭᠠᠯᠠᠬᠤ | ᠦᠵᠡᠭᠳᠡᠯ ᠭᠠᠷᠬᠤ ᠶᠢ ᠬᠤᠷᠢᠭᠯᠠᠬᠤ ᠬᠡᠷᠡᠭᠲᠠᠢ᠃ ᠪᠠᠶ᠋ᠬᠠᠤᠪᠤᠭ᠎ᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠳᠠᠯᠠᠶᠢᠨᠠᠭᠤᠷ ᠪᠠᠯᠭᠠᠰᠤᠨ ᠤ ᠵᠠᠰᠠᠭ ᠤᠨ ᠣᠷᠳᠣᠨ᠂ | ᠪᠠᠶ᠋ᠬᠠᠤᠪᠤᠭ᠎ᠠ ᠣᠢ ᠰᠢᠭᠤᠶ ᠶᠢᠨ ᠲᠠᠯᠠᠪᠠᠢ ᠬᠠᠮᠲᠦᠪᠡᠷ ᠶᠠᠪᠤᠭᠳᠠᠭᠤᠰᠢᠲᠠᠶ ᠲᠦᠰᠦᠪ ᠢ ᠰᠤᠳᠤᠯᠤᠨ ᠲᠤᠭᠲᠠᠭᠠᠭᠰᠠᠨ ᠤ | ᠳᠠᠷᠠᠭ᠎ᠠ᠂ ᠨᠢᠭᠡᠳ ᠨᠢᠭᠡ ᠪᠠᠷ ᠰᠢᠢᠳᠪᠦᠷᠢᠯᠡᠬᠦ ᠪᠤᠯᠤᠨ᠎ᠠ᠃ | | | | | | |