| | ︵ᠠᠷᠪᠠᠨ ᠳᠥᠷᠪᠡ︶ ᠡᠭᠦᠯᠳᠡᠷ ᠰᠠᠶᠢᠵᠢᠷᠠᠭᠤᠯᠬᠤ ᠬᠦᠪᠦᠷᠡᠯ ᠰᠢᠯᠵᠢᠭᠦᠯᠬᠦ ᠮᠡᠷᠭᠡᠵᠢᠯ ᠳᠡᠯᠭᠡᠷᠡᠭᠦᠯᠬᠦ | ᠲᠤᠷᠰᠢᠯᠳᠠ ᠶᠢᠨ ᠴᠢᠭ᠋ ᠪᠠᠶᠢᠭᠤᠯᠬᠤ ᠲᠤᠬᠠᠶ ᠰᠠᠨᠠᠭᠤᠯᠭ᠎ᠠ᠃ ᠳᠠᠷᠬᠠᠬᠠᠭᠤᠯᠠ ᠰᠤᠮᠤᠨ ᠤ ᠲᠤᠶᠠᠭᠠᠲᠦ ᠵᠡᠷᠭᠡ 10 | ᠲᠥᠯᠥᠭᠡᠯᠡᠭᠴᠢ ᠠᠴᠠ ᠮᠠᠯᠵᠢᠯ ᠤᠨ ᠲᠠᠯᠠᠪᠠᠢ᠂ ᠬᠤᠷᠰᠢᠶᠠᠵᠢᠯ ᠪᠤᠶᠤ ᠮᠠᠯᠵᠢᠬᠤ ᠡᠷᠦᠬᠡ ᠪᠠᠷ ᠭᠤᠣᠯ ᠴᠣᠭᠴᠠ | ᠪᠣᠯᠭᠠᠭᠰᠠᠨ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠬᠦᠪᠦᠷᠡᠯ ᠰᠢᠯᠵᠢᠬᠦᠯᠬᠦ ᠲᠤᠰᠬᠠᠢ ᠲᠤᠷᠰᠢᠯᠲᠠ ᠶᠢᠨ ᠴᠢᠭ᠋ | ᠪᠠᠶᠢᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠮᠠᠯ ᠠᠵᠤ ᠠᠬᠤᠶ | ᠲᠠᠷᠢᠶᠠᠯᠠᠩ ᠤᠨ ᠲᠣᠪᠴᠢᠶ᠎ᠠ ᠮᠠᠨ ᠤ ᠬᠤᠰᠢᠭᠤᠨ ᠤ ᠲᠣᠭᠲᠠᠭᠠᠭᠰᠠᠨ ︽ᠬᠥᠳᠡᠭᠡ ᠲᠤᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠦᠰᠦᠪ ︵2019 — 2020 ᠣᠨ︶︾ ᠳᠠᠬᠢ | ︽ᠲᠦᠪᠯᠡᠷᠡᠩᠭᠦᠢ ᠪᠤᠯᠪᠠᠰᠦᠷᠠᠯ᠂ ᠲᠡᠵᠢᠭᠡᠯ ᠪᠣᠷᠳᠤᠭ᠎ᠠ ᠶᠢ ᠠᠳᠠᠯᠢᠳᠬᠠᠨ ᠲᠣᠬᠢᠷᠠᠭᠤᠯᠬᠤ ᠲᠤᠷᠰᠢᠯᠲᠠ᠂ | ᠡᠷᠯᠢᠰᠡᠵᠢᠭᠦᠯᠦᠭᠰᠡᠨ ᠬᠠᠮ ᠲᠤᠷᠰᠢᠯᠲᠠ᠂ ᠬᠦᠪᠦᠷᠡᠯ ᠰᠢᠯᠵᠢᠭᠦᠯᠬᠦ ᠲᠤᠷᠰᠢᠯᠲᠠ᠂ ᠠᠳᠠᠯᠢ ᠬᠤᠭᠤᠴᠠᠭᠠᠨ ᠳᠤ | ᠣᠷᠤᠭ᠎ᠠ ᠣᠷᠣᠭᠤᠯᠬᠤ ᠲᠤᠷᠰᠢᠯᠲᠠ ᠶᠢ ᠨᠢᠭᠡ ᠴᠣᠭᠴᠠᠵᠢᠭᠤᠯᠤᠭᠰᠠᠨ ᠪᠣᠳᠠᠲᠠᠶ ᠪᠣᠯᠪᠠᠰᠤᠷᠠᠯ ᠤᠨ ᠰᠠᠭᠤᠷᠢᠨ ᠭᠠᠵᠠᠷ | 3 ᠶᠢ ᠪᠠᠶᠢᠭᠤᠯᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠬᠦᠪᠦᠷᠡᠯ ᠰᠢᠯᠵᠢᠭᠦᠯᠬᠦ ᠮᠡᠷᠭᠡᠵᠢᠯ ᠤᠨ | ᠤᠶᠢᠯᠡᠴᠢᠯᠡᠭᠡᠨ ᠤ ᠺᠣᠮᠫᠠᠨᠢ ᠶᠢ ᠤᠷᠢᠵᠤ ᠳᠠᠷᠬᠠᠬᠠᠭᠤᠯᠠ ᠰᠤᠮᠤ᠂ ᠢᠦᠢ ᠵᠧᠦ ᠳ᠋ᠢ ᠪᠠᠯᠭᠠᠰᠤ᠂ ᠳᠠᠯᠠᠶᠢᠨᠠᠭᠤᠷ | ᠪᠠᠯᠭᠠᠰᠤᠨ ᠳᠤ ᠦᠨᠢᠶᠡᠨ ᠳᠤ ᠬᠦᠪᠦᠷᠡᠯ ᠰᠢᠯᠵᠢᠭᠦᠯᠬᠦ ᠲᠤᠷᠰᠢᠯᠲᠠ ᠪᠠ ᠪᠣᠯᠪᠠᠰᠤᠷᠠᠯ ᠤᠨ ᠠᠵᠢᠯ ᠢ ᠦᠷᠨᠢᠭᠦᠯᠵᠦ᠂ | ᠵᠢᠯ ᠳᠤ 500 ᠬᠥᠮᠦᠨ ᠤᠳᠠᠭ᠎ᠠ ᠪᠣᠯᠪᠠᠰᠤᠷᠠᠭᠤᠯᠵᠤ᠂ ᠪᠦᠬᠦ ᠬᠤᠰᠢᠭᠤᠨ ᠤ ᠡᠭᠦᠯᠳᠡᠷ ᠰᠠᠶᠢᠵᠢᠷᠠᠭᠤᠯᠬᠤ | ᠮᠡᠷᠭᠡᠵᠢᠯᠲᠡᠨ ᠤ ᠡᠩᠨᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠪᠠᠷ ᠳᠠᠮᠵᠢᠨ᠂ ᠬᠦᠪᠦᠷᠡᠯ ᠰᠢᠯᠵᠢᠭᠦᠯᠬᠦ᠂ | ᠠᠳᠠᠯᠢ ᠬᠤᠭᠤᠴᠠᠭᠠᠨ ᠳᠤ ᠣᠷᠤᠭ᠎ᠠ ᠤᠷᠤᠭᠤᠯᠬᠤ ᠵᠡᠷᠭᠡ ᠳᠡᠭᠡᠲᠦ ᠰᠢᠨ᠎ᠡ ᠮᠡᠷᠭᠡᠵᠢᠯ ᠤᠨ ᠴᠢᠳᠠᠪᠤᠷᠢᠲᠠᠨ ᠢ | ᠬᠦᠮᠦᠵᠢᠭᠦᠯᠪᠡ᠃ ᠡᠭᠦᠨ ᠤ ᠬᠠᠮᠲᠤ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ᠂ | ᠠᠳᠠᠯᠢ ᠪᠤᠰᠤ ᠲᠡᠵᠢᠭᠡᠯ ᠪᠤᠷᠲᠤᠭ᠎ᠠ ᠶᠢᠨ ᠬᠠᠷᠢᠴᠠᠯ ᠢ ᠲᠣᠬᠢᠷᠠᠭᠤᠯᠬᠤ ᠵᠢᠴᠢ ᠲᠡᠵᠢᠭᠡᠬᠦ᠂ ᠠᠳᠠᠯᠢ ᠪᠤᠰᠤ ᠡᠭᠦᠯᠳᠡᠷ ᠢ | ᠡᠷᠯᠢᠰᠡᠵᠢᠭᠦᠯᠦᠨ ᠨᠡᠶᠢᠯᠡᠭᠦᠯᠬᠦ ᠵᠡᠷᠭᠡ ᠲᠤᠷᠰᠢᠯᠲᠠ ᠬᠢᠬᠦ ᠪᠠᠷ ᠳᠠᠮᠵᠢᠨ᠂ ᠭᠡᠷ ᠤᠨ ᠲᠡᠵᠢᠭᠡᠪᠦᠷᠢ ᠶᠢᠨ ᠪᠣᠳᠠᠭᠠᠯᠢ | ᠪᠡᠶ᠎ᠡ ᠶᠢᠨ ᠤᠶᠢᠯᠡᠳᠪᠦᠷᠢᠯᠡᠯ ᠤᠨ ᠴᠢᠨᠠᠷ ᠴᠢᠨᠰᠠᠭ᠎ᠠ ᠪᠠ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠡᠭᠦᠨ ᠤ | ᠤᠯᠠᠮ ᠢᠶᠠᠷ ᠮᠠᠯ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠮᠠᠯ ᠠᠵᠤ | ᠠᠬᠤᠢ ᠶᠢ ᠴᠢᠨᠠᠷ ᠰᠠᠶᠢᠲᠠᠢ᠂ ᠥᠨᠳᠥᠷ ᠤᠨᠠᠯᠲᠠ ᠲᠠᠢ᠂ ᠥᠨᠳᠥᠷ ᠦᠷ᠎ᠡ ᠠᠰᠢᠭ ᠲᠠᠢ ᠬᠥᠭᠵᠢᠯᠲᠡ ᠶᠢᠨ ᠵᠠᠮ ᠳᠤ | ᠤᠷᠤᠭᠤᠯᠬᠤ ᠶᠢ ᠠᠬᠢᠭᠤᠯᠤᠨ᠎ᠠ᠃ | ︵ᠠᠷᠪᠠᠨ ᠲᠠᠪᠤ︶ 306 ᠤᠯᠤᠰ ᠤᠨ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ | ᠨᠢ ᠡᠷᠬᠢᠨ ᠲᠣᠭᠤᠷᠢᠨ ᠤ ᠲᠠᠷᠢᠶᠠᠨ ᠭᠠᠵᠠᠷ ᠢ ᠨᠦᠯᠦᠭᠡᠯᠡᠵᠦ ᠪᠠᠶᠢᠬᠤ ᠲᠤᠬᠠᠶ ᠰᠠᠨᠠᠭᠤᠯᠭ᠎ᠠ᠃ ᠲᠤ ᠴᠧᠩᠽᠢ | ᠪᠠᠯᠭᠠᠰᠤᠨ ᠤ ᠯᠧᠦ ᠨᠠᠢ ᠴᠠᠩ᠂ ᠳ᠋ᠦᠩ ᠯᠢᠶᠠᠨ ᠡᠾᠦ᠋ᠢ ᠲᠥᠯᠥᠭᠡᠯᠡᠭᠴᠢ ᠲᠤ ᠴᠧᠩᠽᠢ ᠪᠠᠯᠭᠠᠰᠤᠨ ᠤ ᠡᠦ ᠹᠧᠨ ᠳ᠋ᠢ | ᠲᠣᠰᠬᠤᠨ᠂ ᠱᠢ ᠯᠢ ᠫᠦ᠋ ᠲᠣᠰᠬᠤᠨ ᠵᠡᠷᠭᠡ 306 ᠤᠯᠤᠰ ᠤᠨ ᠵᠠᠮ ᠤᠨ ᠬᠤᠶᠠᠷ ᠬᠠᠵᠠᠭᠤ ᠶᠢᠨ | ᠨᠤᠭᠤᠭᠠᠷᠠᠭᠤᠯᠤᠯᠳᠠ ᠶᠢᠨ ᠪᠦᠰᠡ ᠶᠢ ᠰᠢᠨᠡᠴᠢᠯᠡᠨ ᠬᠠᠮᠠᠭᠠᠯᠠᠵᠦ᠂ ᠲᠤᠬᠠᠶ ᠶᠢᠨ ᠭᠠᠵᠠᠷ ᠤᠨ ᠲᠠᠷᠢᠶᠠᠴᠢᠳ ᠤᠨ | ᠲᠠᠷᠢᠶᠠᠨ ᠭᠠᠵᠠᠷ ᠲᠤ ᠦᠵᠡᠭᠦᠯᠬᠦ ᠨᠥᠯᠥᠭᠡ ᠶᠢ ᠪᠠᠭᠠᠰᠬᠠᠬᠤ ᠰᠠᠨᠠᠭᠤᠯᠭ᠎ᠠ ᠲᠤᠷᠠᠳᠪᠠ᠃ | ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠰᠢᠭᠤᠨ ᠤ ᠵᠠᠮ | ᠬᠠᠷᠢᠯᠴᠠᠭ᠎ᠠ ᠶᠢᠨ ᠲᠣᠪᠴᠢᠶ᠎ᠠ ᠪᠠᠶᠢᠴᠠᠭᠠᠨ ᠬᠠᠷᠭᠤᠭᠤᠯᠵᠤ᠂ ᠲᠤ ᠴᠧᠩᠽᠢ ᠪᠠᠯᠭᠠᠰᠤᠨ ᠤ ᠡᠤ ᠹᠧᠨ ᠳ᠋ᠢ ᠲᠣᠰᠬᠤᠨ᠂ | ᠱᠢ ᠯᠢ ᠫᠦ᠋ ᠲᠣᠰᠬᠤᠨ᠂ ᠲᠢᠶᠠᠨ ᠪᠦᠦ ᠲᠦᠩ ᠲᠣᠰᠬᠤᠨ᠂ ᠲᠤ ᠴᠧᠩᠽᠢ ᠲᠣᠰᠬᠤᠨ ᠤ ᠵᠠᠮ ᠤᠨ ᠬᠤᠶᠠᠷ | ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ ᠨᠢ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠤ | ᠪᠠᠭᠲᠠᠵᠦ᠂ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠠᠴᠠ ᠲᠡᠭᠦᠨ ᠢ ᠬᠠᠤᠯᠢ ᠶᠣᠰᠣᠭᠠᠷ ᠠᠷᠠᠴᠢᠯᠠᠨ | ᠬᠠᠮᠠᠭᠠᠯᠠᠵᠤ ᠬᠠᠮᠢᠶᠠᠷᠴᠦ ᠪᠤᠢ᠂ ᠳᠠᠷᠠᠭ᠎ᠠ ᠠᠯᠬᠤᠮ ᠳᠤ᠂ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠠᠴᠠ | ᠲᠤᠰᠬᠠᠶ ᠬᠥᠮᠦᠰ ᠢ ᠵᠣᠬᠢᠶᠠᠨ ᠪᠠᠶᠢᠭᠤᠯᠵᠤ᠂ ᠳᠡᠭᠡᠷ᠎ᠡ ᠲᠤᠷᠠᠲᠤᠭᠰᠠᠨ ᠵᠠᠮ ᠤᠨ ᠬᠡᠰᠡᠭ ᠤᠨ ᠮᠣᠳᠣ ᠶᠢ ᠬᠢᠷᠭᠠᠨ | ᠵᠠᠰᠠᠵᠤ᠂ ᠵᠠᠮ ᠤᠨ ᠬᠤᠶᠠᠷ ᠬᠠᠵᠠᠭᠤ ᠶᠢᠨ ᠲᠠᠷᠢᠶᠠᠨ ᠭᠠᠵᠠᠷ ᠲᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ | ᠪᠠᠭᠠᠰᠬᠠᠨ᠎ᠠ᠃ | ︵ᠠᠷᠪᠠᠨ ᠵᠢᠷᠭᠤᠭ᠎ᠠ︶ ᠱᠢ ᠵᠢᠶᠠᠩ ᠭᠸᠦ ᠯᠢᠶᠠᠩ ᠵᠠᠮ ᠤᠨ ᠬᠡᠰᠡᠭ ᠤᠨ ᠵᠠᠮ ᠤᠨ ᠭᠠᠳᠠᠷᠭᠤ ᠶᠢ | ᠬᠠᠲᠠᠭᠤᠷᠠᠭᠤᠯᠬᠤ ᠲᠤᠬᠠᠢ ᠰᠠᠨᠠᠭᠤᠯᠭ᠎ᠠ᠃ ᠰᠢᠨ ᠺᠠᠶ ᠳ᠋ᠢ ᠰᠢᠶᠠᠩ ᠤᠨ ᠮᠧᠦ ᠶᠦᠩ ᠭᠦᠸᠧ ᠵᠡᠷᠭᠡ 8 | ᠲᠥᠯᠥᠭᠡᠯᠡᠭᠴᠢ ᠱᠢ ᠵᠢᠶᠠᠩ ᠭᠸᠦ ᠯᠢᠶᠠᠩ ᠵᠠᠮ ᠤᠨ ᠬᠡᠰᠡᠭ ᠤᠨ ᠵᠠᠮ ᠤᠨ ᠭᠠᠳᠠᠷᠭᠤ ᠶᠢ ᠬᠠᠳᠠᠭᠤᠷᠠᠭᠤᠯᠵᠦ᠂ ᠰᠢᠶᠠᠩ | ᠪᠠᠯᠭᠠᠰᠤᠨ ᠤ ᠠᠷᠠᠴᠢᠯᠠᠨ ᠬᠠᠮᠠᠭᠠᠯᠠᠬᠤ ᠵᠠᠷᠤᠳᠠᠯ ᠢ ᠪᠠᠭᠠᠰᠬᠠᠵᠦ᠂ ᠨᠠᠰᠢ ᠴᠠᠰᠢ ᠶᠠᠪᠤᠬᠤ ᠲᠡᠷᠭᠡ ᠤᠨᠤᠭ᠎ᠠ ᠪᠠ ᠣᠯᠠᠨ | ᠲᠦᠮᠡᠨ ᠤ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠶᠢ ᠰᠠᠨᠠᠭᠤᠯᠪᠠ᠃ | ᠱᠢ ᠵᠢᠶᠠᠩ ᠭᠸᠦ ᠯᠢᠶᠠᠩ ᠵᠠᠮ ᠤᠨ ᠬᠡᠰᠡᠭ ᠨᠢ ᠰᠢᠶᠠᠨ ᠤ ᠵᠠᠮ ᠤᠨ 209 ᠱᠤᠭᠤᠮ ᠤᠨ ᠨᠠᠨ ᠳ᠋ᠢᠶᠠᠨ ᠠᠴᠠ | ᠠᠰᠠᠭᠲᠦ ᠬᠦᠷᠬᠦ ᠵᠠᠰᠠᠮᠠᠯ ᠵᠠᠮ ᠤᠨ ᠨᠢᠭᠡ ᠬᠡᠰᠡᠭ ᠪᠠᠶᠢᠵᠦ᠂ ᠲᠣᠰ ᠵᠠᠮ ᠤᠨ ᠨᠠᠯᠠᠤ ᠶᠢᠨ ᠬᠡᠮᠵᠢᠶ᠎ᠡ ᠨᠢ ᠨᠡᠯᠢᠶᠡᠳ | ᠶᠡᠭᠡ ᠪᠣᠯᠬᠤᠷ᠂ ᠳᠡᠷᠭᠡ ᠤᠨᠤᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠠᠩᠬ᠎ᠠ ᠠᠯᠬᠤᠮ ᠬᠠᠶᠢᠷ | ᠴᠢᠯᠠᠭᠤᠨ ᠵᠠᠮ ᠢᠶᠠᠷ ᠲᠥᠯᠥᠪᠯᠡᠪᠡ᠃ ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢᠨ | ᠲᠥᠯᠥᠭᠡ᠂ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠨᠢᠭᠡᠨᠲᠡ ᠲᠣᠰ ᠵᠠᠮ ᠤᠨ ᠬᠡᠰᠡᠭ ᠢ ᠳᠠᠬᠢᠨ ᠰᠢᠨ᠎ᠡ ᠪᠠᠷ | ᠵᠢᠷᠤᠭ ᠲᠦᠯᠦᠪᠯᠡᠭᠡ ᠶᠢᠨ ᠨᠢᠭᠡᠴᠡ ᠳᠤ ᠳᠡᠪᠰᠢᠭᠦᠯᠦᠨ ᠰᠤᠳᠤᠯᠤᠭᠤᠯᠵᠤ᠂ ᠵᠢᠷᠤᠭ ᠲᠥᠯᠥᠪᠯᠡᠭᠡ ᠶᠢᠨ ᠲᠦᠰᠦᠪ ᠢ | ᠰᠢᠯᠢᠳᠡᠭᠵᠢᠭᠦᠯᠬᠦ ᠶᠢᠨ ᠬᠠᠮᠲᠤ ᠵᠢᠷᠤᠭ ᠲᠥᠯᠥᠪᠯᠡᠭᠡ ᠶᠢᠨ ᠨᠢᠭᠡᠴᠡ ᠶᠢᠨ ᠰᠠᠨᠠᠯ ᠢ ᠦᠨᠳᠦᠰᠦᠯᠡᠨ᠂ ᠵᠠᠮ ᠤᠨ ᠬᠡᠰᠡᠭ ᠢ | ᠦᠭᠡᠷᠡᠴᠢᠯᠡᠬᠦ ᠢᠨᠵᠧᠨᠧᠷᠢᠩ ᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠪᠣᠷᠣᠭᠠᠨ ᠤ ᠤᠰᠦᠨ ᠳᠤ | ᠤᠷᠤᠰᠤᠭᠰᠠᠨ ᠠᠴᠠ ᠵᠠᠮ ᠤᠨ ᠭᠠᠳᠠᠷᠭᠤ ᠲᠡᠭᠰᠢ ᠪᠤᠰᠤ ᠪᠣᠯᠤᠭᠰᠠᠨ ᠠᠰᠠᠭᠤᠳᠠᠯ ᠳᠤ ᠬᠠᠨᠲᠤᠭᠤᠯᠤᠨ᠂ | ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠴᠠᠭ ᠲᠤᠬᠠᠶ ᠳᠤᠨᠢ ᠬᠥᠮᠦᠰ ᠢ ᠵᠣᠬᠢᠶᠠᠨ ᠪᠠᠶᠢᠭᠤᠯᠵᠤ ᠵᠠᠮ ᠤᠨ | ᠬᠠᠮᠠᠭᠠᠯᠠᠯᠳᠠ ᠬᠢᠬᠦ ᠪᠣᠯᠤᠨ᠎ᠠ᠃ | ︵ᠠᠷᠪᠠᠨ ᠳᠣᠯᠤᠭ᠎ᠠ︶ ᠬᠤᠶᠠᠳᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠤᠤᠯ ᠤᠨ ᠵᠠᠮ ᠱᠤᠭᠤᠮ ᠢ | ᠲᠤᠭᠢᠷᠠᠭᠤᠯᠬᠤ ᠪᠠᠷ ᠭᠤᠶᠤᠴᠢᠯᠠᠭᠰᠠᠨ ᠰᠠᠨᠠᠭᠤᠯᠭ᠎ᠠ᠃ ᠶᠢᠩᠴᠠᠩ ᠵᠡᠭᠡᠯᠢ ᠭᠤᠳᠤᠮᠵᠢ ᠶᠢᠨ ᠭᠤᠤ ᠱᠦ ᠬᠤᠩ ᠵᠡᠷᠭᠡ | 4 ᠲᠥᠯᠥᠭᠡᠯᠡᠭᠴᠢ ᠠᠴᠠ ᠬᠤᠶᠠᠳᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠳᠤ | ᠲᠣᠬᠢᠷᠠᠭᠤᠯᠤᠯᠲᠠ ᠬᠢᠵᠦ᠂ ᠭᠤᠤᠯ ᠤᠨ ᠪᠠᠷᠠᠭᠤᠨᠳᠡᠬᠢ ᠬᠦᠬᠦᠷᠭᠡᠨ ᠤ ᠦᠵᠦᠭᠦᠷ ᠠᠴᠠ ᠮᠣᠩᠭᠤᠯ ᠭᠢᠳᠠᠳ | ᠡᠮᠨᠡᠯᠭᠡ ᠶᠢᠨ ᠬᠤᠷᠢᠶ᠎ᠠ ᠬᠥᠷᠬᠦ ᠵᠠᠮ ᠢ ᠵᠠᠰᠠᠵᠦ᠂ ᠼᠦᠢ ᠶᠢᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ | ᠲᠥᠬᠦᠮ ᠦᠵᠡᠭᠦᠯᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠵᠠᠮ | ᠬᠠᠷᠢᠯᠴᠠᠭᠠᠨ ᠤ ᠲᠤᠪᠴᠢᠶ᠎ᠠ ᠠᠴᠠ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠭᠤᠤᠯ ᠳᠠᠭᠠᠤ | ᠵᠠᠮ ᠤᠨ ᠲᠡᠷᠭᠡᠨ ᠤ ᠤᠷᠤᠰᠬᠠᠯ ᠶᠡᠭᠡ ᠪᠠᠶᠢᠵᠦ᠂ ᠤᠨᠴᠠᠭᠠᠶᠢᠯᠠᠨ ᠬᠦᠨᠳᠦ ᠬᠡᠯᠪᠡᠷᠢ ᠶᠢᠨ ᠪᠠᠷᠠᠭᠠᠨ ᠤ ᠲᠡᠷᠭᠡ ᠤᠯᠠᠨ | ᠦᠩᠭᠡᠷᠡᠵᠦ᠂ ᠵᠠᠮ ᠤᠨ ᠠᠭᠤᠯᠵᠠᠷ ᠲᠤ ᠲᠤᠭᠢᠶᠠᠨ ᠳ᠋ᠧᠩ ᠪᠠᠶᠢᠬᠤ ᠦᠭᠡᠢ᠂ ᠵᠠᠮ ᠪᠦᠭᠯᠡᠷᠡᠳᠡᠭ ᠲᠤᠯᠠ ᠨᠡᠶᠢᠲᠡ ᠶᠢᠨ | ᠮᠠᠰᠢᠨ ᠲᠡᠷᠭᠡᠨ ᠤ ᠳᠣᠤᠷ᠎ᠠ ᠬᠤᠷᠳᠤᠴᠠ ᠪᠠᠷ ᠠᠶᠠᠯᠠᠬᠤ ᠳᠤ ᠨᠡᠯᠢᠶᠡᠳ ᠶᠡᠭᠡ ᠠᠮᠤᠷ ᠲᠦᠪᠰᠢᠨ ᠤ ᠬᠡᠮ ᠰᠣᠭᠤᠭ | ᠤᠷᠤᠰᠢᠬᠤ ᠶᠢᠨ ᠬᠠᠮᠲᠤ ᠭᠤᠤᠯ ᠤᠨ ᠪᠠᠷᠠᠭᠤᠨᠳᠡᠬᠢ ᠲᠣᠭᠤᠷᠢᠭ ᠤᠨ ᠪᠦᠬᠦᠯᠢ ᠴᠣᠭᠴᠠ ᠶᠢᠨ ᠪᠦᠲᠦᠭᠡᠨ | ᠪᠠᠶᠢᠭᠤᠯᠤᠯᠲᠠ ᠬᠤᠴᠣᠷᠴᠤ᠂ ᠬᠠᠭᠤᠴᠢᠨ ᠮᠦᠽᠧᠶ ᠠᠴᠠ ᠳᠠᠪᠤᠰᠤᠨ ᠤ ᠦᠢᠯᠡᠰ ᠤᠨ ᠺᠣᠮᠫᠠᠨᠢ ᠬᠦᠷᠬᠦ ᠳᠠᠪᠤᠰᠤᠨ ᠤ | ᠦᠢᠯᠡᠰ ᠤᠨ ᠺᠣᠮᠫᠠᠨᠢ ᠠᠴᠠ ᠼᠦᠢ ᠶᠢᠩ ᠵᠠᠮ ᠤᠨ ᠠᠭᠤᠯᠵᠠᠷ ᠬᠦᠷᠬᠦ ᠵᠠᠮ ᠳᠠᠭᠠᠤ ᠪᠠᠶᠢᠩᠭᠤ ᠰᠠᠭᠤᠭ᠎ᠠ ᠬᠥᠮᠦᠨ | ᠠᠮᠠ ᠴᠥᠭᠡᠨ᠂ ᠵᠠᠮ ᠤᠨ ᠪᠠᠶᠢᠳᠠᠯ ᠮᠠᠭᠤ᠂ ᠲᠣᠰ ᠵᠠᠮ ᠤᠨ ᠬᠡᠰᠡᠭ ᠲᠤ ᠨᠡᠶᠢᠲᠡ ᠶᠢᠨ ᠮᠠᠰᠢᠨ ᠲᠡᠷᠭᠡᠨ ᠤ ᠥᠷᠲᠡᠭᠡ | ᠭᠠᠷᠭᠠᠪᠠᠯ ᠠᠵᠤ ᠠᠬᠤᠶᠢᠯᠠᠯ ᠤᠨ ᠡᠵᠡᠩᠨᠡᠯᠳᠡ ᠶᠢᠨ ᠥᠪᠡᠷ ᠤᠨ ᠥᠷᠲᠡᠭ ᠨᠢ ᠬᠡᠲᠦ ᠥᠨᠳᠥᠷ ᠪᠣᠯᠤᠨ᠎ᠠ᠂ | ᠶᠡᠷᠦᠩᠬᠡᠶᠢᠯᠡᠨ ᠪᠣᠳᠣᠯᠬᠢᠯᠠᠭᠰᠠᠨ ᠤ ᠳᠠᠷᠠᠭ᠎ᠠ ᠬᠤᠶᠠᠲᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ | ᠡᠵᠡᠩᠨᠡᠯᠲᠡ ᠶᠢᠨ ᠵᠠᠮ ᠱᠤᠭᠤᠮ ᠢ ᠲᠤᠭᠢᠷᠠᠭᠤᠯᠤᠭᠠᠳ᠄ ᠤᠤᠯ ᠤᠨ ᠵᠠᠮ ᠱᠤᠭᠤᠮ ᠤᠨ ᠪᠦᠦ ᠱᠢ ᠰᠠᠭᠤᠭᠠᠯᠢ ᠠᠷᠠᠳ | ᠤᠨ ᠲᠣᠭᠤᠷᠢᠭ ᠠᠴᠠ ᠬᠠᠭᠤᠴᠢᠨ ᠬᠤᠶᠠᠳᠤᠭᠠᠷ ᠳᠤᠮᠳᠠᠲᠦ ᠰᠤᠷᠭᠠᠭᠤᠯᠢ ᠬᠦᠷᠲᠡᠯ᠎ᠡ ᠬᠤᠪᠢᠷᠠᠬᠤ ᠥᠬᠡᠶ → | ᠪᠢᠷᠠᠭᠤ ᠨᠢᠭᠡᠳᠦᠭᠡᠷ ᠳᠤᠮᠳᠠᠳᠤ ᠰᠤᠷᠭᠠᠭᠤᠯᠢ → ᠪᠢᠷᠠᠭᠤ ᠡᠮᠦᠨ᠎ᠡ ᠠᠭᠤᠳᠠᠮ ᠲᠠᠯᠠᠪᠠᠶ → ᠰᠠᠨ ᠦ᠋ ᠮᠢᠬᠠᠨ ᠤ | ᠳᠡᠯᠭᠡᠭᠦᠷ → ᠨᠡᠶᠢᠲᠡ ᠶᠢᠨ ᠵᠣᠷᠯᠣᠩ → ᠣᠶ ᠰᠢᠭᠤᠶ ᠶᠢᠨ ᠰᠠᠭᠤᠭᠠᠯᠢ ᠠᠷᠠᠳ ᠤᠨ ᠲᠣᠭᠤᠷᠢᠭ ︵ᠼᠦᠢ ᠶᠢᠩ | ᠳᠤᠮᠳᠠᠳᠤ ᠰᠤᠷᠭᠠᠭᠤᠯᠢ ᠠᠴᠠ 100 ᠮᠧᠲᠷ ᠣᠷᠴᠢᠮ ᠵᠠᠶᠢᠲᠠᠢ︶ ᠪᠤᠯᠭᠠᠵᠦ᠂ ᠲᠣᠬᠢᠷᠠᠭᠤᠯᠤᠯᠲᠠ ᠬᠢᠭᠰᠡᠨ ᠤ | ᠳᠠᠷᠠᠭ᠎ᠠ᠂ ᠵᠠᠮ ᠱᠤᠭᠤᠮ ᠨᠢ ᠣᠶ ᠰᠢᠭᠤᠶ ᠶᠢᠨ ᠰᠠᠭᠤᠭᠠᠯᠢ ᠠᠷᠠᠳ ᠤᠨ ᠲᠣᠭᠤᠷᠢᠭ᠂ ᠼᠦᠢ ᠶᠢᠩ ᠳᠤᠮᠳᠠᠲᠦ | ᠰᠤᠷᠭᠠᠭᠤᠯᠢ ᠵᠢᠴᠢ ᠶᠡᠬᠡᠩᠬᠢ ᠬᠡᠰᠡᠭ ᠭᠤᠤᠯ ᠤᠨ ᠪᠠᠷᠠᠭᠤᠨᠳᠡᠬᠢ ᠲᠣᠭᠤᠷᠢᠭ ᠤᠨ ᠰᠠᠭᠤᠭᠠᠯᠢ ᠠᠷᠠᠳ ᠤᠨ ᠶᠠᠪᠤᠵᠤ | ᠰᠠᠭᠤᠬᠤ ᠬᠡᠷᠡᠭᠴᠡᠭᠡ ᠶᠢ ᠦᠨᠳᠦᠰᠦᠨ ᠳᠡᠭᠡᠨ ᠪᠠᠲᠤᠯᠠᠪᠠ᠃ ᠡᠭᠦᠨ ᠠᠴᠠ ᠭᠠᠳᠠᠨ᠎ᠠ᠂ ᠭᠤᠤᠯ ᠤᠨ ᠪᠠᠷᠠᠭᠤᠨᠳᠡᠬᠢ | ᠬᠦᠭᠦᠷᠭᠡᠨ ᠤ ᠦᠵᠦᠭᠦᠷ ᠠᠴᠠ ᠭᠤᠤᠯ ᠤᠨ ᠪᠠᠷᠠᠭᠤᠨᠳᠡᠬᠢ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠬᠦᠷᠬᠦ | ᠬᠡᠰᠡᠭ ᠤᠨ ᠵᠠᠮ ᠢ ᠰᠡᠯᠪᠢᠨ ᠵᠠᠰᠠᠬᠤ ᠢᠨᠵᠧᠨᠧᠷᠢᠩ ᠢ ᠬᠤᠰᠢᠭᠤᠨ ᠤ ᠣᠷᠣᠨ ᠰᠠᠭᠤᠴᠠ ᠬᠢᠭᠡᠳ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢᠭᠡᠨᠳᠡ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ | 2021 ᠣᠨ ᠳᠤ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ ᠲᠥᠯᠥᠭᠡᠯᠡᠭᠴᠢᠳ ᠤᠨ ᠳᠤᠷᠠᠳᠤᠭᠰᠠᠨ ᠪᠢᠷᠠᠭᠤ | ᠨᠢᠭᠡᠳᠦᠭᠡᠷ ᠳᠤᠮᠳᠠᠲᠦ ᠰᠤᠷᠭᠠᠭᠤᠯᠢ ᠶᠢᠨ ᠥᠷᠲᠡᠭᠡᠨ ᠠᠴᠠ ᠳᠡᠷᠭᠡ ᠰᠤᠯᠢᠬᠤ ᠠᠰᠠᠭᠤᠳᠠᠯ ᠤᠨ ᠲᠤᠬᠠᠶ᠂ ᠪᠠᠶᠢᠴᠠᠭᠠᠨ | ᠬᠠᠷᠭᠤᠭᠤᠯᠤᠭᠰᠠᠨ ᠢᠶᠠᠷ᠂ ᠪᠢᠷᠠᠭᠤ ᠡᠮᠦᠨ᠎ᠡ ᠠᠭᠤᠳᠠᠮ ᠲᠠᠯᠠᠪᠠᠢ ᠪᠣᠯ ᠨᠡᠶᠢᠲᠡ ᠶᠢᠨ ᠮᠠᠰᠢᠨ ᠲᠡᠷᠭᠡᠨ ᠤ ᠺᠤᠮᠫᠠᠨᠢ ᠶᠢᠨ | ᠨᠢᠭᠡᠳᠦᠯᠲᠡᠶ ᠲᠣᠬᠢᠷᠠᠭᠤᠯᠤᠭᠰᠠᠨ ᠳᠡᠷᠭᠡ ᠰᠤᠯᠢᠬᠤ ᠥᠷᠲᠡᠭᠡ ᠪᠣᠯᠤᠨ᠎ᠠ᠂ ᠠᠶᠠᠨᠴᠢᠳ ᠢ ᠳᠠᠮᠵᠢᠭᠤᠯᠤᠨ | ᠵᠦᠭᠡᠭᠡᠪᠦᠷᠢᠯᠡᠵᠦ ᠪᠠᠶᠢᠭ᠎ᠠ ᠶᠠᠪᠤᠳᠠᠯ ᠪᠢᠰᠢ᠃ | ︵ᠠᠷᠪᠠᠨ ᠨᠠᠢᠮᠠ︶ ᠠᠵᠢᠯ ᠤᠶᠢᠯᠡᠰ ᠤᠨ ᠨᠢᠭᠡᠴᠡ ᠶᠢᠨ ᠠᠵᠢᠯᠲᠠᠨ ᠡᠯᠰᠡᠬᠦ ᠰᠢᠯᠭᠠᠯᠲᠠ ᠶᠢᠨ ᠮᠣᠩᠭᠤᠯ | ᠬᠢᠲᠠᠳ ᠬᠡᠯᠡᠨ ᠳᠤ ᠨᠡᠪᠲᠡᠷᠬᠡᠢ ᠠᠵᠢᠯ ᠤᠨ ᠪᠠᠶᠢᠷᠢ ᠶᠢᠨ ᠨᠢᠭᠤᠷᠲᠠᠨ ᠰᠢᠯᠭᠠᠯᠲᠠ ᠳᠤ ᠮᠣᠩᠭᠤᠯ ᠬᠡᠯᠡᠨ ᠳᠤ ᠨᠡᠪᠲᠡᠷᠬᠡᠢ | ᠬᠢᠨᠠᠭᠴᠢ ᠶᠢᠨ ᠳᠤᠭᠤᠶᠢᠯᠠᠩ ᠳᠣᠭᠢᠷᠠᠭᠤᠯᠬᠤ ᠲᠤᠬᠠᠶ ᠰᠠᠨᠠᠭᠤᠯᠭ᠎ᠠ᠃ ᠳᠠᠯᠠᠶᠢᠨᠠᠭᠤᠷ ᠪᠠᠯᠭᠠᠰᠤᠨ ᠤ ᠭᠠᠯᠪᠠ ᠵᠡᠷᠭᠡ 9 | ᠲᠥᠯᠥᠭᠡᠯᠡᠭᠴᠢ ᠮᠣᠩᠭᠤᠯ ᠦᠭᠡ ᠬᠡᠯᠡ ᠦᠰᠦᠭ ᠪᠢᠴᠢᠭ ᠲᠤ ᠨᠡᠪᠲᠡᠷᠭᠡᠢ ᠨᠢᠭᠤᠷᠳᠠᠨ ᠰᠢᠯᠭᠠᠬᠤ ᠬᠢᠨᠠᠭᠴᠢ ᠶᠢᠨ | ᠡᠩᠨᠡᠭᠡ ᠶᠢ ᠲᠣᠬᠢᠷᠠᠭᠤᠯᠵᠤ᠂ ᠮᠣᠩᠭᠤᠯ ᠢᠶᠠᠷ ᠰᠡᠲᠦᠪ ᠬᠠᠷᠢᠭᠤᠯᠬᠤ ᠰᠢᠯᠭᠠᠭᠤᠯᠤᠭᠴᠢ ᠶᠢ ᠤᠯᠠᠮ ᠨᠢᠭᠡ ᠠᠯᠬᠤᠮ | ᠣᠨᠣᠪᠴᠢᠲᠠᠶ᠂ ᠡᠷᠬᠡ ᠲᠡᠭᠰᠢ ᠪᠠᠷ ᠰᠢᠯᠭᠠᠨ ᠦᠨᠡᠯᠡᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ 2020 ᠣᠨ ᠳᠤ᠂ | ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠰᠢᠯᠭᠠᠯᠲᠠ ᠪᠠ ᠨᠢᠭᠤᠷᠲᠠᠨ ᠰᠢᠯᠭᠠᠯᠲᠠ ᠶᠢ ᠵᠣᠬᠢᠶᠠᠨ ᠪᠠᠶᠢᠭᠤᠯᠬᠤ ᠶᠠᠪᠤᠴᠠ ᠳᠤᠮᠳᠠ᠂ ᠠᠵᠢᠯ ᠦᠢᠯᠡᠰ ᠤᠨ | ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠲᠦᠰᠦᠪ ᠢ ᠦᠨᠳᠦᠰᠦᠯᠡᠨ ︽︿ᠮᠣᠩᠭᠤᠯ ᠢᠶᠠᠷ ᠬᠢᠴᠢᠶᠡᠯᠯᠡᠬᠦ | ᠰᠤᠷᠤᠭᠴᠢ﹀ ᠶᠢᠨ ᠠᠵᠢᠯ ᠤᠨ ᠪᠠᠶᠢᠷᠢ ᠳᠤ ᠰᠢᠯᠭᠠᠭᠤᠯᠤᠭᠰᠠᠳ᠂ ᠨᠢᠭᠤᠷᠳᠠᠨ ᠰᠢᠯᠭᠠᠯᠲᠠ ᠶᠢ ᠡᠷᠬᠡᠪᠰᠢ ᠮᠣᠩᠭᠤᠯ | ᠬᠡᠯᠡ ᠪᠠᠷ ᠬᠠᠷᠢᠭᠤᠯᠬᠤ ᠬᠡᠷᠡᠭᠲᠡᠢ᠃ ︿ᠮᠣᠩᠭᠤᠯ ᠬᠢᠲᠠᠳ ᠬᠡᠯᠡᠨ ᠳᠤ ᠨᠡᠪᠲᠡᠷᠭᠡᠢ﹀ ᠠᠵᠢᠯ ᠤᠨ ᠪᠠᠶᠢᠷᠢ ᠳᠤ | ᠰᠢᠯᠭᠠᠭᠤᠯᠤᠭᠰᠠᠳ ᠨᠢᠭᠤᠷᠲᠠᠨ ᠰᠢᠯᠭᠠᠯᠳᠠ ᠶᠢ ᠡᠷᠬᠡᠪᠰᠢ ᠬᠢᠲᠠᠳ ᠬᠡᠯᠡ ᠪᠠᠷ ᠬᠠᠷᠢᠭᠤᠯᠬᠤ ᠬᠡᠷᠡᠭᠲᠡᠶ᠂ ᠪᠤᠰᠤᠳ | ᠠᠵᠢᠯ ᠤᠨ ᠪᠠᠶᠢᠷᠢ ᠳᠤ ᠰᠢᠯᠭᠠᠭᠤᠯᠤᠭᠰᠠᠳ ᠨᠢᠭᠤᠷᠳᠠᠨ ᠰᠢᠯᠭᠠᠯᠲᠠ ᠶᠢ ᠬᠢᠲᠠᠳ ᠬᠡᠯᠡ ᠪᠠᠷ ᠬᠠᠷᠢᠭᠤᠯᠵᠤ ᠪᠣᠯᠤᠨ᠎ᠠ᠂ | ᠮᠣᠩᠭᠤᠯ ᠬᠡᠯᠡ ᠪᠠᠷ ᠴᠦ ᠬᠠᠷᠢᠭᠤᠯᠵᠤ ᠪᠣᠯᠤᠨ᠎ᠠ︾ ᠭᠡᠵᠦ ᠲᠣᠭᠲᠠᠭᠠᠵᠠᠶ᠂ ︽ᠡᠷᠬᠡᠪᠰᠢ ᠮᠣᠩᠭᠤᠯ ᠬᠡᠯᠡ ᠪᠠᠷ | ᠬᠠᠷᠢᠭᠤᠯᠬᠤ︾ ᠵᠢᠴᠢ ︽ᠮᠣᠩᠭᠤᠯ ᠬᠡᠯᠡ ᠪᠠᠷ ᠬᠠᠷᠢᠭᠤᠯᠵᠤ ᠪᠤᠯᠬᠤ︾ ᠬᠤᠶᠠᠷ ᠲᠥᠷᠥᠯ ᠤᠨ ᠨᠢᠭᠤᠷᠲᠠᠨ ᠰᠢᠯᠭᠠᠬᠤ | ᠬᠥᠮᠦᠰ ᠲᠤ ᠮᠣᠩᠭᠤᠯ ᠦᠭᠡ ᠬᠡᠯᠡ ᠦᠰᠦᠭ ᠪᠢᠴᠢᠭ ᠲᠤ ᠨᠡᠪᠲᠡᠷᠡᠭᠰᠡᠨ ᠨᠢᠭᠤᠷᠳᠠᠨ ᠰᠢᠯᠭᠠᠬᠤ ᠬᠢᠨᠠᠭᠴᠢ ᠶᠢᠨ | ᠡᠩᠨᠡᠭᠡ ᠶᠢ ᠨᠢᠭᠡᠨᠲᠡ ᠪᠠᠶᠢᠭᠤᠯᠵᠦ᠂ ᠨᠢᠭᠤᠷᠳᠠᠨ ᠰᠢᠯᠭᠠᠯᠳᠠ ᠶᠢ ᠴᠢᠳᠠᠬᠤ ᠶᠢᠨ ᠬᠢᠷᠢ ᠡᠷᠬᠡ ᠲᠡᠭᠰᠢ ᠲᠥᠪ | ᠭᠤᠤᠯᠴᠢ ᠪᠠᠷ ᠦᠷᠨᠢᠭᠦᠯᠬᠦ ᠪᠤᠯᠤᠨ᠎ᠠ᠃ | ︵ᠠᠷᠪᠠ ᠶᠢᠰᠦ︶ ᠠᠮᠤ ᠪᠤᠳᠠᠭᠠᠨ ᠤ ᠭᠠᠷᠤᠯᠲᠠ ᠶᠢᠨ ᠳᠤᠮᠤ ᠰᠢᠶᠠᠨ ᠢᠶᠠᠷ ᠲᠦᠷᠭᠡᠬᠡᠨ ᠭᠤᠶᠤᠴᠢᠯᠠᠨ | ᠮᠡᠳᠡᠭᠦᠯᠬᠦ ᠲᠤᠬᠠᠶ ᠰᠠᠨᠠᠭᠤᠯᠭ᠎ᠠ᠃ ᠢᠦᠶ ᠵᠧᠦ ᠳ᠋ᠢ ᠪᠠᠯᠭᠠᠰᠤᠨ ᠤ ᠭᠠᠶ ᠵᠢᠶᠦ᠋ᠨ ᠺᠠᠶ ᠲᠥᠯᠥᠭᠡᠯᠡᠭᠴᠢ ᠮᠠᠨ ᠤ | ᠬᠤᠰᠢᠭᠤ ᠶᠢ ᠠᠮᠤ ᠪᠤᠳᠠᠭᠠᠨ ᠤ ᠭᠠᠷᠤᠯᠲᠠ ᠶᠢᠨ ᠳᠤᠮᠤ ᠰᠢᠶᠠᠨ ᠢᠶᠠᠷ ᠠᠯᠢ ᠲᠦᠷᠭᠡᠨ ᠢᠶᠠᠷ ᠭᠤᠶᠤᠴᠢᠯᠠᠨ | ᠮᠡᠳᠡᠭᠦᠯᠵᠦ᠂ ᠡᠯ᠎ᠡ ᠵᠦᠢᠯ ᠤᠨ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠲᠡᠮᠡᠴᠡᠨ ᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠲᠤᠭ᠎ᠠ | ᠪᠦᠷᠢᠳᠬᠡᠯ ᠤᠨ ᠲᠣᠪᠴᠢᠶ᠎ᠠ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠤᠯᠠᠭᠠᠨᠬᠠᠳᠠ ᠬᠤᠲᠠ ᠶᠢᠨ | ᠪᠠᠶᠢᠴᠠᠭᠠᠬᠤ ᠠᠩᠭᠢ ᠲᠠᠢ ᠨᠡᠪᠲᠡᠷᠡᠯᠴᠡᠵᠦ᠂ ᠠᠮᠤ ᠪᠤᠳᠠᠭᠠᠨ ᠤ ᠭᠠᠷᠤᠯᠲᠠ ᠶᠢᠨ ᠳᠤᠮᠤ ᠰᠢᠶᠠᠨ ᠢᠶᠠᠷ ᠮᠡᠳᠡᠭᠦᠯᠬᠦ | ᠪᠠᠷᠢᠮᠵᠢᠶ᠎ᠠ ᠨᠢ ᠳᠥᠷᠪᠡᠨ ᠵᠢᠯ ᠳᠠᠷᠠᠭᠠᠯᠠᠨ ᠠᠮᠤ ᠪᠤᠳᠠᠭᠠᠨ ᠤ ᠶᠡᠷᠦᠩᠬᠡᠶ ᠤᠨᠠᠯᠲᠠ ᠨᠢ ᠴᠥᠮ 20 ᠲᠦᠮᠡᠨ ᠲᠣᠨ ᠢ | ᠳᠠᠪᠠᠭ᠋ᠤ ᠬᠡᠷᠡᠭᠲᠠᠢ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠪᠦᠷᠢᠳᠬᠡᠯ ᠢᠶᠠᠷ᠂ 2020 ᠣᠨ ᠳᠤ | ᠮᠠᠨ ᠤ ᠬᠤᠰᠢᠭᠤᠨ ᠤ ᠠᠮᠤ ᠪᠤᠳᠠᠭᠠᠨ ᠤ ᠤᠷᠢᠳᠴᠢᠯᠠᠨ ᠮᠡᠳᠡᠭᠡᠯᠡᠭᠰᠡᠨ ᠤᠨᠠᠯᠲᠠ 210418 ᠲᠣᠨ ᠪᠠᠶᠢᠵᠤ᠂ | ᠭᠤᠶᠤᠴᠢᠯᠠᠨ ᠮᠡᠳᠡᠭᠦᠯᠬᠦ ᠵᠢᠯ ᠤᠨ ᠪᠠᠷᠢᠮᠵᠢᠶ᠎ᠠ ᠳᠤ ᠨᠡᠶᠢᠴᠡᠨ᠎ᠡ᠂ ᠡᠳᠦᠭᠡ ᠨᠢᠭᠡᠨᠲᠡ ᠭᠤᠶᠤᠴᠢᠯᠠᠨ ᠮᠡᠳᠡᠭᠦᠯᠵᠦ᠂ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠠᠭᠠᠨᠬᠠᠳᠠ ᠬᠤᠲᠠ ᠶᠢᠨ ᠪᠠᠶᠢᠴᠠᠭᠠᠬᠤ ᠠᠩᠭᠢ ᠶᠢᠨ | ᠬᠠᠷᠢᠭᠤ ᠲᠤᠰᠬᠠᠬᠤ ᠶᠢ ᠬᠦᠯᠢᠶᠡᠵᠦ ᠪᠠᠶᠢᠨ᠎ᠠ᠃ | ︵ᠬᠤᠷᠢ︶ ᠤᠯᠠᠭᠠᠨᠪᠣᠲᠤᠩ ᠰᠤᠮᠤ ᠶᠢᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳᠠᠩᠰᠠᠯᠠᠯᠲᠠ ᠶᠢᠨ | ᠦᠨᠡᠮᠯᠡᠯ ᠢ ᠭᠦᠢᠴᠡᠳᠬᠡᠬᠦ ᠲᠤᠬᠠᠶ ᠰᠠᠨᠠᠭᠤᠯᠭ᠎ᠠ᠃ ᠤᠯᠠᠭᠠᠨᠪᠣᠲᠤᠩ ᠰᠤᠮᠤ ᠶᠢᠨ ᠭᠤᠤ ᠰᠢᠶᠤᠤ ᠯᠢ ᠲᠥᠯᠥᠭᠡᠯᠡᠭᠴᠢ | ᠠᠴᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠨᠡᠮᠯᠡᠯ ᠭᠦᠢᠴᠡᠳᠬᠡᠬᠦ ᠨᠥᠬᠦᠴᠡᠯ ᠳᠤ ᠨᠡᠶᠢᠴᠡᠬᠦ | ᠵᠣᠴᠢᠳ ᠤᠨ ᠪᠠᠭᠤᠳᠠᠯ ᠳᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳᠡᠩᠰᠡᠯᠡᠯᠲᠡ ᠬᠢᠯᠭᠡᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠳᠠ ᠶᠢᠨ ᠪᠠᠶᠢᠭᠤᠯᠤᠮᠵᠢ ᠨᠢ | ᠣᠳᠣ ᠶᠢᠨ ᠬᠡᠷᠡᠭᠵᠢᠭᠦᠯᠵᠦ ᠪᠠᠶᠢᠭ᠎ᠠ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳᠠᠩᠰᠠᠯᠠᠯᠲᠠ ᠶᠢᠨ ᠬᠠᠮᠢᠶ᠎ᠠ | ᠪᠦᠬᠦᠢ ᠲᠣᠭᠲᠠᠭᠠᠯ ᠶᠣᠰᠣᠭᠠᠷ᠂ ᠭᠤᠶᠤᠴᠢᠯᠠᠭᠴᠢ ᠨᠢ ᠬᠠᠤᠯᠢ ᠳᠤ ᠲᠣᠭᠲᠠᠭᠠᠭᠰᠠᠨ ᠵᠢᠷᠤᠮ ᠶᠤᠰᠤᠭᠠᠷ ᠡᠯ᠎ᠡ | ᠵᠦᠢᠯ ᠤᠨ ᠤᠷᠢᠳᠠᠴᠢ ᠬᠢᠨᠠᠨ ᠵᠥᠪᠰᠢᠶᠡᠷᠡᠯ ᠢ ᠣᠯᠤᠭᠰᠠᠨ ᠤ ᠳᠠᠷᠠᠭ᠎ᠠ᠂ ᠥᠯᠥ ᠬᠥᠳᠡᠯᠬᠦ ᠬᠥᠷᠥᠩᠭᠡ ᠶᠢ | ᠳᠠᠩᠰᠠᠯᠠᠭᠤᠯᠬᠤ ᠭᠤᠶᠤᠴᠢᠯᠠᠯ ᠢ ᠬᠠᠤᠯᠢ ᠶᠣᠰᠣᠭᠠᠷ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠢᠨᠠᠨ | ᠵᠥᠪᠰᠢᠶᠡᠷᠡᠨ᠎ᠡ᠃ ᠡᠭᠦᠨ ᠠᠴᠠ ᠭᠠᠳᠠᠨ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤᠷᠢᠳ ᠬᠤᠵᠢᠳ ︽ | ᠤᠯᠠᠭᠠᠨᠪᠤᠲᠤᠩ ᠰᠤᠮᠤ ︵ᠬᠤᠩ ᠱᠠᠨ ᠴᠡᠷᠢᠭ ᠤᠨ ᠠᠭᠲᠠ ᠶᠢᠨ ᠲᠠᠯᠠᠪᠠᠶ︶ ᠶᠢᠨ 2014 ᠣᠨ ᠤ ᠡᠴᠦᠰ ᠠᠴᠠ | ᠡᠮᠦᠨᠡᠬᠢ ᠦᠨᠡᠮᠯᠡᠯ ᠥᠬᠡᠶ ᠭᠠᠵᠠᠷ ᠰᠢᠷᠣᠶ ᠬᠡᠷ ᠪᠠᠶᠢᠰᠢᠩ ᠵᠡᠷᠭᠡ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ | ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠶ ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠤᠷᠲᠦᠨ ᠤ ᠮᠡᠳᠡᠭᠳᠡᠯ | ︾ ︵ᠬᠡᠰᠢᠭᠲᠡᠨ ᠵᠠᠰᠠᠭ ᠲᠠᠷᠬᠠᠭᠠᠭᠰᠠᠨ ﹇2016﹈ 271 ᠳ᠋ᠤᠭᠡᠷ ᠲᠣᠭᠠᠲᠤ︶᠂ ︽ ᠤᠯᠠᠭᠠᠨᠪᠣᠲᠤᠩ ᠰᠤᠮᠤ | ᠶᠢᠨ ᠣᠯᠠᠨ ᠨᠡᠶᠢᠲᠡ ᠶᠢᠨ ᠠᠮᠤᠷ ᠲᠦᠪᠰᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠵᠤ | ᠲᠡᠤᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ ᠦᠯᠦ ᠬᠦᠳᠡᠯᠬᠦ ᠬᠦᠷᠦᠩᠭᠡ ᠶᠢ ᠳᠠᠩᠰᠠᠯᠠᠬᠤ ᠬᠤᠯᠪᠣᠭᠳᠠᠯ | ᠪᠥᠬᠦᠶ ᠠᠵᠢᠯ ᠤᠨ ᠲᠤᠬᠠᠶ ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠬᠡᠰᠢᠭᠲᠡᠨ | ᠵᠠᠰᠠᠭ ᠥᠰᠥᠭ ﹇2018﹈ 151 ᠳ᠋ᠤᠭᠡᠷ ᠲᠣᠭᠠᠲᠤ︶ ᠤᠨ ᠬᠤᠶᠠᠷ ᠪᠢᠴᠢᠭ ᠮᠠᠲ᠋ᠧᠷᠢᠶᠠᠯ ᠢ ᠲᠤᠭᠲᠠᠭᠠᠬᠤ ᠶᠢᠨ | ᠬᠠᠮᠲᠦ ᠣᠯᠠᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠤᠯᠠᠭᠠᠨᠪᠤᠲᠤᠩ ᠤᠨ ᠦᠨᠡᠮᠯᠡᠯ ᠦᠭᠡᠢ | ᠭᠠᠵᠠᠷ ᠰᠢᠷᠣᠢ ᠭᠡᠷ ᠪᠠᠶᠢᠰᠢᠩ ᠵᠡᠷᠭᠡ ᠨᠢᠭᠡ ᠪᠦᠯᠦᠭ ᠲᠡᠦᠬᠡ ᠶᠢᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ | ᠰᠢᠢᠳᠪᠦᠷᠢᠯᠡᠪᠡ᠃ | ︵ᠬᠤᠷᠢᠨ ᠨᠢᠭᠡ︶ ᠤᠯᠠᠭᠠᠨᠪᠣᠲᠤᠩ ᠰᠤᠮᠤᠨ ᠳᠤ ᠪᠦᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠵᠦ᠂ | ᠵᠢᠭᠤᠯᠴᠢᠯᠠᠯ ᠢ ᠶᠡᠬᠡᠪᠡᠷ ᠬᠥᠭᠵᠢᠭᠦᠯᠬᠦ ᠲᠤᠬᠠᠢ ᠰᠠᠨᠠᠭᠤᠯᠭ᠎ᠠ᠃ ᠤᠯᠠᠭᠠᠨᠪᠣᠲᠤᠩ ᠰᠤᠮᠤ ᠶᠢᠨ ᠹᠦ᠋ ᠶᠧᠦ | ᠲᠥᠯᠥᠭᠡᠯᠡᠭᠴᠢ ᠠᠴᠠ ᠤᠬᠠᠭᠤᠯᠭ᠎ᠠ ᠪᠠ ᠲᠥᠷᠥ ᠶᠢᠨ ᠪᠤᠲᠤᠯᠭ᠎ᠠ ᠶᠢᠨ ᠳᠡᠮᠵᠢᠯᠭᠡ ᠪᠠᠨ ᠴᠢᠩᠭᠠᠳᠬᠠᠬᠤ ᠪᠠᠷ | ᠳᠠᠮᠵᠢᠭᠤᠯᠤᠨ ᠤᠯᠠᠭᠠᠨᠪᠣᠲᠤᠩ ᠳᠤ ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠶᠢᠨ ᠬᠠᠮᠲᠤ ᠡᠷᠴᠢᠮ ᠢᠶᠠᠨ | ᠴᠢᠩᠭᠠᠳᠬᠠᠵᠦ ᠨᠢᠭᠡ ᠲᠣᠰᠬᠤᠨ ᠨᠢᠭᠡ ᠳᠡᠮᠳᠡᠭᠲᠦ᠂ ᠲᠣᠰ ᠲᠣᠰ ᠤᠨ ᠣᠨᠴᠠᠯᠢᠭ ᠲᠠᠢ ᠵᠢᠭᠤᠯᠴᠢᠯᠠᠯ ᠤᠨ | ᠬᠥᠭᠵᠢᠯᠲᠡ ᠶᠢᠨ ᠪᠠᠶᠢᠳᠠᠯ ᠢ ᠪᠣᠶ ᠪᠣᠯᠭᠠᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ 2020 ᠣᠨ ᠳᠤ᠂ | ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠨᠢᠭᠡ ᠲᠠᠯ᠎ᠠ ᠪᠠᠷ ᠥᠷᠭᠡᠨ ᠳᠡᠯᠭᠡᠷ ᠤᠬᠠᠭᠤᠯᠭ᠎ᠠ | ᠬᠦᠮᠦᠵᠢᠯ ᠢ ᠥᠷᠨᠢᠭᠦᠯᠵᠦ᠂ ᠤᠯᠠᠭᠠᠨᠪᠤᠲᠤᠩ ᠤᠨ ᠭᠠᠵᠠᠷ ᠣᠷᠣᠨ ᠳᠤ 6 ᠰᠠᠤᠷᠢ ᠲᠡᠷᠭᠡ᠂ 20 ᠭᠠᠷᠤᠢ ᠬᠥᠮᠦᠨ ᠢ | ᠬᠦᠳᠡᠯᠭᠡᠵᠦ᠂ ᠲᠣᠰᠬᠤᠨ᠂ ᠳᠤᠭᠤᠶᠢᠯᠠᠩ᠂ ᠡᠷᠦᠬᠡ ᠳᠠᠷᠠᠭᠠᠯᠠᠨ ᠤᠬᠠᠭᠤᠯᠭ᠎ᠠ ᠬᠢᠵᠦ᠂ 2000 ᠭᠠᠷᠤᠶ | ᠤᠬᠠᠭᠤᠯᠬᠤ ᠬᠠᠭᠤᠳᠠᠰᠤ ᠲᠠᠷᠬᠠᠭᠠᠵᠤ᠂ ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠡᠪᠡᠷᠡᠭ | ᠴᠢᠨᠠᠷ᠂ ᠪᠡᠯᠴᠢᠭᠡᠷᠯᠡᠭᠦᠯᠬᠦ ᠶᠢ ᠴᠠᠭᠠᠵᠠᠯᠠᠬᠤ ᠨᠢ ᠲᠠᠯ᠎ᠠ ᠨᠤᠲᠤᠭ ᠤᠨ ᠠᠮᠢ ᠠᠬᠤᠶ ᠶᠢᠨ ᠤᠷᠴᠢᠨ ᠲᠣᠭᠤᠷᠢᠨ ᠳᠤ | ᠴᠢᠬᠤᠯᠠ ᠶᠡᠭᠡ ᠠᠴᠢ ᠬᠤᠯᠪᠣᠭᠳᠠᠯ ᠦᠵᠡᠭᠦᠯᠬᠦ ᠵᠢᠴᠢ ᠣᠯᠤᠭᠰᠠᠨ ᠠᠮᠵᠢᠯᠲᠠ ᠪᠦᠲᠦᠮᠵᠢ ᠶᠢᠨ ᠰᠣᠩᠭᠤᠳᠠᠭ | ᠬᠡᠷᠡᠭ ᠤᠨ ᠵᠢᠱᠢᠶ᠎ᠡ ᠶᠢ ᠤᠬᠠᠭᠤᠯᠬᠤ ᠪᠠᠷ ᠳᠠᠮᠵᠢᠨ᠂ ᠥᠷᠭᠡᠨ ᠣᠯᠠᠨ ᠺᠠᠳ᠋ᠷ ᠣᠯᠠᠨ ᠲᠦᠮᠡᠨ ᠤ ᠪᠡᠯᠴᠢᠭᠡᠷᠯᠡᠭᠦᠯᠬᠦ ᠶᠢ | ᠴᠠᠭᠠᠵᠠᠯᠠᠬᠤ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠦᠨᠡᠨᠬᠦ ᠳᠡᠭᠡᠭᠰᠢᠯᠡᠭᠦᠯᠵᠦ᠂ ᠺᠠᠳ᠋ᠷ ᠣᠯᠠᠨ | ᠲᠦᠮᠡᠨ ᠤ ᠠᠮᠢ ᠠᠬᠤᠶ ᠶᠢ ᠬᠠᠶᠢᠷᠠᠯᠠᠵᠤ᠂ ᠠᠮᠢ ᠠᠬᠤᠶ ᠶᠢ ᠬᠠᠮᠠᠭᠠᠯᠠᠵᠤ᠂ ᠠᠮᠢ ᠠᠬᠤᠶ ᠶᠢ ᠪᠦᠲᠦᠭᠡᠨ | ᠪᠠᠶᠢᠭᠤᠯᠬᠤ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ᠂ ᠨᠥᠭᠦᠭᠡ ᠲᠠᠯ᠎ᠠ ᠪᠠᠷ ᠬᠤᠰᠢᠭᠤᠨ ᠤ ᠤᠢ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠪᠦᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠬᠠᠤᠯᠢ | ᠶᠤᠰᠤᠭᠠᠷ ᠴᠢᠩᠭ᠎ᠠ ᠦᠷᠨᠢᠭᠦᠯᠵᠦ᠂ ᠨᠢᠭᠤᠴᠠ ᠪᠠᠷ ᠮᠠᠯᠵᠢᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠡᠷᠡᠰ ᠬᠤᠷᠢᠭᠯᠠᠨ ᠵᠤᠭᠰᠤᠭᠠᠬᠤ ᠶᠢᠨ ᠬᠠᠮᠲᠦ ᠮᠠᠯᠵᠢᠬᠤ ᠡᠷᠦᠬᠡ ᠶᠢ ᠲᠠᠶᠢᠴᠢᠯᠠᠨ ᠬᠠᠪᠤᠷ ᠤᠨ ᠬᠤᠷᠠᠭ᠎ᠠ ᠶᠢ ᠴᠠᠭ | ᠲᠤᠬᠠᠶ ᠳᠤᠨᠢ ᠬᠤᠳᠠᠯᠲᠤᠭᠤᠯᠵᠦ᠂ ᠬᠤᠬᠢᠷᠠᠯ ᠠᠴᠠ ᠵᠠᠶᠢᠯᠠᠭᠤᠯᠵᠦ᠂ ᠤᠯᠠᠭᠠᠨᠪᠤᠲᠤᠩ ᠰᠤᠮᠤ ᠶᠢ ᠭᠤᠣᠯᠳᠠᠯᠭ᠎ᠠ ᠲᠠᠢ | ᠭᠠᠵᠠᠷ ᠣᠷᠣᠨ ᠳᠤ ᠣᠷᠣᠭᠤᠯᠵᠤ᠂ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠦ᠂ ᠡᠳᠦᠷ | ᠲᠤᠲᠤᠮ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠦ᠂ ᠤᠯᠠᠭᠠᠨᠪᠣᠲᠤᠩ ᠰᠤᠮᠤᠨ ᠤ ᠨᠤᠲᠤᠭ | ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ ᠠᠵᠢᠯᠯᠠᠬᠤ ᠳᠤᠭᠤᠶᠢᠯᠠᠩ ᠪᠠᠶᠢᠭᠤᠯᠵᠤ᠂ 17 | ᠲᠣᠭᠤᠷᠢᠨ ᠪᠠᠶᠢᠴᠠᠭᠠᠬᠤ ᠲᠡᠷᠭᠡ 52 ᠪᠡᠯᠴᠢᠭᠡᠷ ᠬᠠᠮᠠᠭᠠᠯᠠᠭᠴᠢ ᠶᠢ ᠵᠣᠬᠢᠶᠠᠨ ᠪᠠᠶᠢᠭᠤᠯᠵᠤ᠂ 24 ᠴᠠᠭ ᠤᠨ | ᠲᠤᠲᠤᠷ᠎ᠠ ᠲᠤᠭᠲᠠᠮᠠᠯ ᠪᠤᠰᠦ ᠬᠤᠭᠤᠴᠠᠭ᠎ᠠ ᠲᠠᠢ ᠪᠠᠷ ᠡᠯ᠎ᠡ ᠭᠠᠴᠠᠭᠠᠨ ᠳᠤ ᠭᠦᠨᠵᠡᠭᠡᠶᠢᠷᠡᠨ ᠲᠣᠭᠤᠷᠢᠨ ᠪᠠᠶᠢᠴᠠᠭᠠᠬᠤ | ᠠᠵᠢᠯ ᠦᠷᠨᠢᠭᠦᠯᠪᠡ᠃ ᠭᠤᠣᠯᠳᠠᠯᠭ᠎ᠠ ᠲᠠᠢ ᠭᠠᠴᠠᠭ᠎ᠠ᠂ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠡᠳᠦᠷ ᠰᠥᠨᠢ | ᠦᠭᠡᠢ ᠬᠢᠨᠠᠨ ᠡᠵᠡᠮᠳᠡᠵᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠰᠦᠷᠳᠡᠭᠦᠯᠬᠦ | ᠨᠦᠯᠦᠭᠡ ᠦᠵᠡᠭᠦᠯᠪᠡ᠃ 10 ᠰᠠᠷ᠎ᠠ ᠶᠢᠨ ᠡᠴᠦᠰ ᠪᠣᠯᠲᠠᠯ᠎ᠠ᠂ ᠤᠯᠠᠭᠠᠨᠪᠤᠲᠤᠩ ᠤᠨ ᠬᠠᠤᠯᠢ ᠪᠤᠰᠦ ᠪᠠᠷ ᠮᠠᠯ | ᠪᠡᠯᠴᠢᠭᠡᠷᠯᠡᠭᠦᠯᠦᠭᠰᠡᠨ ᠨᠡᠶᠢᠲᠡ 177 ᠬᠡᠷᠡᠭ ᠢ ᠰᠢᠢᠳᠪᠦᠷᠢᠯᠡᠵᠦ᠂ 16550 ᠬᠤᠨᠢ ᠨᠢᠭᠡᠴᠢ ᠶᠢ ᠰᠢᠢᠳᠬᠡᠵᠦ᠂ | 49.65 ᠲᠦᠮᠡᠨ ᠲᠥᠭᠦᠷᠢᠭ ᠲᠣᠷᠭᠠᠪᠠ᠃ ᠡᠭᠦᠨ ᠠᠴᠠ ᠭᠠᠳᠠᠨ᠎ᠠ᠂ 2020 ᠣᠨ ᠳᠤ᠂ ᠬᠠᠰᠢᠶᠠᠯᠠᠨ ᠲᠡᠵᠢᠭᠡᠬᠦ | ᠰᠠᠭᠤᠷᠢ ᠲᠥᠬᠦᠭᠡᠷᠦᠮᠵᠢ ᠶᠢᠨ ᠲᠦᠪᠰᠢᠨ ᠢ ᠰᠢᠯᠢᠳᠡᠭᠵᠢᠭᠦᠯᠬᠦ ᠪᠠ ᠪᠠᠬᠢᠵᠢᠭᠦᠯᠬᠦ ᠶᠢᠨ ᠲᠥᠯᠥᠭᠡ᠂ ᠬᠤᠰᠢᠭᠤᠨ ᠤ | ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠤᠯᠠᠭᠠᠨᠪᠤᠲᠤᠩ ᠰᠤᠮᠤ ᠳᠤ 4 ᠲᠦᠮᠡᠨ ᠲᠡᠭᠰᠢ ᠳᠥᠷᠪᠡᠯᠵᠢᠨ | ᠮᠧᠲᠷ ᠤᠨ ᠮᠠᠯ ᠤᠨ ᠳᠤᠯᠠᠭᠠᠨ ᠰᠠᠷᠠᠪᠴᠢ ᠶᠢᠨ ᠲᠥᠷᠦᠯ ᠵᠦᠢᠯ ᠢ ᠲᠤᠭᠢᠷᠠᠭᠤᠯᠵᠦ᠂ ᠮᠠᠯᠵᠢᠬᠤ ᠡᠷᠦᠬᠡ ᠳᠤ ᠲᠡᠭᠰᠢ | ᠳᠥᠷᠪᠡᠯᠵᠢᠨ ᠮᠧᠲᠷ ᠪᠦᠷᠢ 150 ᠲᠥᠭᠦᠷᠢᠭ ᠤᠨ ᠨᠥᠬᠦᠪᠥᠷᠢ ᠥᠭᠴᠦ᠂ 3.4 ᠲᠦᠮᠡᠨ ᠲᠡᠭᠰᠢ ᠳᠥᠷᠪᠡᠯᠵᠢᠨ | ᠮᠧᠲᠷ ᠤᠨ ᠡᠪᠡᠰᠦ ᠨᠥᠭᠡᠴᠡᠯᠡᠬᠦ ᠰᠠᠷᠠᠪᠴᠢ ᠶᠢᠨ ᠲᠥᠷᠥᠯ ᠵᠦᠢᠯ ᠢ ᠲᠣᠬᠢᠷᠠᠭᠤᠯᠵᠤ᠂ ᠮᠠᠯᠵᠢᠬᠤ ᠡᠷᠦᠬᠡ ᠳᠤ ᠲᠡᠭᠰᠢ | ᠳᠥᠷᠪᠡᠯᠵᠢᠨ ᠮᠧᠲᠷ ᠪᠦᠷᠢ 120 ᠲᠥᠭᠦᠷᠢᠭ ᠨᠥᠬᠦᠪᠥᠷᠢᠯᠡᠵᠦ᠂ ᠮᠠᠯᠵᠢᠬᠤ ᠡᠷᠦᠬᠡ ᠶᠢᠨ ᠬᠠᠰᠢᠶᠠᠯᠠᠨ ᠲᠡᠵᠢᠭᠡᠬᠦ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠪᠡ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠦᠰᠦᠪ ︵2019 — 2020 ᠣᠨ︶︾ ᠤᠨ ᠱᠠᠭᠠᠷᠳᠠᠯᠭ᠎ᠠ | ᠶᠣᠰᠣᠭᠠᠷ᠂ 2020 ᠣᠨ ᠳᠤ᠂ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠨᠢ ᠲᠣᠰ ᠭᠠᠵᠠᠷ ᠣᠷᠣᠨ ᠤ | ᠡᠭᠦᠯᠳᠡᠷ ᠰᠠᠶᠢᠵᠢᠷᠠᠭᠤᠯᠬᠤ ᠰᠠᠭᠤᠷᠢ ᠦᠨᠢᠶ᠎ᠡ ᠶᠢ 100 ᠲᠥᠭᠦᠷᠢᠭ / ᠲᠣᠯᠣᠭᠠᠶ᠂ ᠰᠠᠭᠤᠷᠢ ᠡᠮ᠎ᠡ ᠬᠤᠨᠢ ᠶᠢ 30 | ᠲᠥᠭᠦᠷᠢᠭ / ᠲᠣᠯᠣᠭᠠᠶ᠂ ᠪᠣᠳᠠ ᠮᠠᠯ ᠤᠨ ᠬᠦᠪᠦᠷᠡᠯ ᠰᠢᠯᠵᠢᠭᠦᠯᠬᠦ ᠰᠠᠭᠤᠷᠢ ᠦᠨᠢᠶ᠎ᠡ ᠶᠢ 1000 ᠲᠥᠭᠦᠷᠢᠭ / | ᠲᠣᠯᠣᠭᠠᠶ᠂ ᠢᠳᠡᠰᠢᠨ ᠮᠦᠬᠦ ᠶᠢᠨ ᠰᠠᠷᠠᠪᠴᠢ ᠶᠢ 15 ᠲᠥᠭᠦᠷᠢᠭ / ᠲᠡᠭᠰᠢ ᠳᠥᠷᠪᠡᠯᠵᠢᠨ ᠮᠧᠲᠷ᠂ ᠬᠢᠲᠠᠳ | ᠡᠪᠡᠰᠦᠨ ᠡᠮ ᠢ 100 ᠲᠥᠭᠦᠷᠢᠭ / ᠮᠥ᠂ ᠣᠶ ᠲᠤᠲᠤᠷᠠᠬᠢ ᠬᠢᠲᠠᠳ ᠡᠪᠡᠰᠦᠨ ᠡᠮ ᠢ 100 ᠲᠥᠭᠦᠷᠢᠭ / ᠮᠥ᠂ | ᠣᠶ ᠲᠤᠲᠤᠷᠠᠬᠢ ᠢᠳᠡᠰᠢᠨ ᠮᠥᠭᠦ ᠶᠢ 2000 ᠲᠥᠭᠦᠷᠢᠭ / ᠮᠥ ᠪᠠᠷ ᠨᠦᠭᠦᠪᠦᠷᠢᠯᠡᠵᠦ᠂ ᠬᠡᠷ ᠤᠨ ᠲᠡᠵᠢᠭᠡᠪᠦᠷᠢ ᠶᠢ | ᠡᠭᠦᠯᠳᠡᠷ ᠰᠠᠶᠢᠵᠢᠷᠠᠭᠤᠯᠬᠤ ᠪᠣᠳᠠᠲᠠᠶ ᠪᠣᠯᠪᠠᠰᠤᠷᠠᠯ ᠤᠨ ᠰᠠᠭᠤᠷᠢᠨ ᠭᠠᠵᠠᠷ ᠢ 3 ᠪᠠᠶᠢᠭᠤᠯᠬᠤ ᠶᠢᠨ ᠬᠠᠮᠲᠤ ᠨᠤᠲᠤᠭ | ᠤᠨ ᠦᠬᠡᠷ ᠤᠨ ᠡᠭᠦᠯᠳᠡᠷ ᠰᠠᠶᠢᠵᠢᠷᠠᠭᠤᠯᠬᠤ ᠠᠵᠢᠯ ᠳᠤ ᠢᠯᠡᠳᠲᠡ ᠠᠮᠵᠢᠯᠲᠠ ᠪᠦᠲᠦᠮᠵᠢ ᠭᠠᠷᠭᠠᠭᠰᠠᠳ ᠢ ᠱᠠᠩᠨᠠᠨ | ᠬᠥᠬᠢᠭᠦᠯᠪᠡ᠃ | ᠵᠢᠭᠤᠯᠴᠢᠯᠠᠯ ᠤᠨ ᠬᠥᠭᠵᠢᠯᠲᠡ ᠶᠢᠨ ᠲᠠᠯ᠎ᠠ ᠪᠠᠷ᠂ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ | ᠲᠦᠷᠦᠭᠦᠯᠡᠨ ᠤᠯᠠᠭᠠᠨᠪᠤᠲᠤᠩ ᠰᠤᠮᠤᠨ ᠤ ᠵᠢᠭᠤᠯᠴᠢᠯᠠᠯ ᠤᠨ ᠬᠦᠭᠵᠢᠯᠳᠡ ᠶᠢᠨ ᠪᠣᠷᠣ ᠲᠥᠯᠥᠪ ᠢ ᠲᠣᠭᠲᠠᠭᠠᠵᠤ᠂ | 2016 ᠣᠨ ᠳᠤ ᠪᠠᠭ᠎ᠠ ᠬᠤᠩ ᠱᠠᠨᠽᠢ ᠭᠠᠴᠠᠭ᠎ᠠ᠂ ᠶᠤᠸᠠᠨ ᠪᠦᠦ ᠱᠠᠨ ᠭᠠᠴᠠᠭ᠎ᠠ ᠨᠢ ᠪᠦᠬᠦ ᠬᠤᠲᠠ ᠶᠢᠨ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠭᠰᠡᠨ ᠰᠠᠭᠤᠷᠢᠨ ᠳᠡᠭᠡᠷ᠎ᠡ᠂ | ᠤᠯᠠᠭᠠᠨᠪᠤᠲᠤᠩ ᠤᠨ ᠭᠠᠵᠠᠷ ᠣᠷᠣᠨ ᠤ ︽ᠨᠢᠭᠡ ᠲᠣᠰᠬᠤᠨ ᠨᠢᠭᠡ ᠳᠡᠮᠳᠡᠭᠲᠦ︾ ᠶᠢ ᠡᠭᠦᠳᠬᠦ ᠵᠢᠭᠤᠯᠴᠢᠯᠠᠯ ᠤᠨ | ᠬᠥᠭᠵᠢᠯᠲᠡ ᠶᠢᠨ ᠰᠡᠳᠬᠢᠮᠵᠢ ᠶᠢ ᠳᠤᠷᠠᠳᠴᠤ᠂ ᠴᠡᠭ ᠢ ᠠᠳᠬᠤᠬᠤ᠂ ᠲᠤᠭᠤᠷᠢᠯ ᠪᠠᠶᠢᠭᠤᠯᠬᠤ᠂ ᠬᠤᠭᠤᠷᠤᠨᠲᠤ ᠨᠢ | ᠬᠤᠯᠪᠤᠯᠳᠤᠭᠤᠯᠬᠤ ᠪᠠᠷ ᠬᠠᠷᠠᠯᠲᠠ ᠪᠣᠯᠭᠠᠵᠤ᠂ ᠪᠡᠭᠡᠵᠢᠩ ᠠᠴᠠ ᠬᠠᠮᠤᠭ ᠤᠨ ᠣᠶᠢᠷ᠎ᠠ ᠪᠠᠶᠢᠭ᠎ᠠ ᠬᠥᠳᠡᠭᠡ | ᠲᠣᠰᠬᠤᠨ ᠤ ᠵᠢᠭᠤᠯᠴᠢᠯᠠᠯ ᠰᠡᠯᠡᠭᠦᠴᠡᠯ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠵᠣᠷᠢᠯᠭ᠎ᠠ ᠪᠣᠯᠭᠠᠭᠰᠠᠨ ᠶᠤᠮ᠃ | ᠣᠳᠣᠬᠠᠨ ᠳᠤ᠂ ᠪᠠᠭ᠎ᠠ ᠬᠤᠩ ᠱᠠᠨᠽᠢ ᠭᠠᠴᠠᠭ᠎ᠠ᠂ ᠶᠤᠸᠠᠨ ᠪᠦᠦ ᠱᠠᠨ ᠭᠠᠴᠠᠭ᠎ᠠ᠂ ᠳᠡᠯ ᠬᠠᠳᠠ ᠭᠠᠴᠠᠭ᠎ᠠ ᠨᠢ | ᠣᠳᠣ ᠪᠠᠶᠢᠭ᠎ᠠ ᠮᠠᠯᠴᠢᠨ ᠠᠶᠢᠯ ᠤᠨ ᠵᠢᠭᠤᠯᠴᠢᠯᠠᠯ ᠵᠢᠴᠢ ᠵᠣᠴᠢᠳ ᠤᠨ ᠪᠠᠭᠤᠳᠠᠯ ᠢᠶᠠᠷ ᠰᠠᠭᠤᠷᠢ ᠪᠣᠯᠭᠠᠵᠤ᠂ ᠳᠡᠰ | ᠳᠡᠪᠰᠢᠭᠦᠯᠬᠦ ᠪᠠᠷ ᠳᠠᠮᠵᠢᠭᠤᠯᠤᠨ᠂ ᠨᠢᠭᠡᠨᠲᠡ ᠠᠩᠬ᠎ᠠ ᠠᠯᠬᠤᠮ ᠨᠢᠭᠡ ᠲᠣᠰᠬᠤᠨ ᠨᠢᠭᠡ ᠲᠡᠮᠳᠡᠭᠲᠦ᠂ ᠨᠢᠭᠡ ᠠᠶᠢᠯ | ᠨᠢᠭᠡ ᠥᠪᠡᠷᠮᠢᠴᠡ ᠣᠨᠴᠠᠯᠢᠭ ᠲᠠᠢ ᠠᠷᠠᠳ ᠤᠨ ᠰᠠᠭᠤᠴᠠ ᠶᠢᠨ ᠠᠮᠠᠷᠠᠯᠲᠠ ᠶᠢᠨ ᠪᠠᠭᠤᠳᠠᠯ ᠤᠨ ᠪᠦᠯᠦᠭᠯᠡᠯ ᠢ | ᠪᠦᠷᠢᠯᠳᠦᠭᠦᠯᠪᠡ᠃ ᠳᠠᠷᠠᠭ᠎ᠠ ᠠᠯᠬᠤᠮ ᠳᠤ᠂ ᠮᠣᠷᠢᠨ ᠤᠷᠤᠯᠳᠤᠭᠠᠨ ᠤ ᠲᠠᠯᠠᠪᠠᠢ᠂ ᠦᠨᠳᠦᠰᠦᠲᠡᠨ ᠤ ᠲᠣᠭᠯᠠᠯᠲᠠ᠂ | ᠣᠨᠴᠠᠯᠢᠭᠲᠤ ᠬᠠᠰᠢᠶᠠᠯᠠᠨ ᠲᠡᠵᠢᠭᠡᠵᠦ ᠦᠷᠡᠵᠢᠭᠦᠯᠬᠦ ᠵᠡᠷᠭᠡ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠠᠯᠬᠤᠮ | ᠠᠯᠬᠤᠮ ᠢᠶᠠᠷ ᠲᠡᠭᠦᠯᠳᠡᠷᠵᠢᠭᠦᠯᠵᠦ᠂ ᠤᠯᠠᠭᠠᠨᠪᠤᠲᠤᠩ ᠤᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ | ᠴᠢᠷᠮᠠᠶᠢᠨ ᠪᠦᠷᠢᠯᠲᠦᠭᠦᠯᠬᠦ ᠪᠤᠯᠤᠨ᠎ᠠ᠃ | | | | | | |