| | ︵ᠬᠤᠷᠢᠨ ᠬᠤᠶᠠᠷ︶ ᠭᠠᠯᠳᠠᠰᠦᠲᠠᠢ ᠷᠠᠰᠢᠶᠠᠨ ᠤ ᠡᠷᠡᠭᠦᠯᠵᠢᠯ ᠰᠤᠪᠢᠯᠠᠯᠳᠠ ᠶᠢᠨ ᠵᠢᠵᠢᠭ ᠪᠠᠯᠭᠠᠰᠤ ᠶᠢ | ᠪᠠᠶᠢᠭᠤᠯᠬᠤ ᠲᠤᠬᠠᠢ ᠰᠠᠨᠠᠭᠤᠯᠭ᠎ᠠ᠃ ᠰᠢᠷᠠᠮᠥ᠋ᠷᠡᠨ ᠵᠡᠭᠡᠯᠢ ᠭᠤᠳᠤᠮᠵᠢ ᠶᠢᠨ ᠯᠢᠦ ᠶᠠ ᠯᠢ ᠲᠥᠯᠥᠭᠡᠯᠡᠭᠴᠢ | ᠭᠠᠯᠳᠠᠰᠦᠲᠠᠢ ᠷᠠᠰᠢᠶᠠᠨ ᠤ ᠣᠲᠣ ᠪᠠᠶᠢᠭ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠷᠡᠭᠦᠯᠵᠢᠯ ᠰᠤᠪᠢᠯᠠᠯᠲᠠ ᠶᠢᠨ | ᠰᠣᠶᠣᠯ ᠤᠨ ᠤᠶᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠵᠤ᠂ ᠨᠢᠭᠡ ᠲᠠᠪᠴᠠᠩ᠂ ᠭᠤᠷᠪᠠᠨ ᠲᠥᠪ | ᠪᠠᠶᠢᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︽ᠬᠡᠰᠢᠭᠲᠡᠨ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠶᠢᠨ | ᠶᠡᠷᠦᠩᠬᠡᠶ ᠲᠥᠯᠥᠪᠵᠢᠭᠦᠯᠭᠡ︾ ︵2020 — 2030︶ ᠶᠢᠨ ᠲᠣᠭᠲᠠᠭᠠᠭᠰᠠᠨ ᠭᠠᠯᠳᠠᠰᠦᠲᠠᠢ ᠷᠠᠰᠢᠶᠠᠨ ᠤ | ᠬᠠᠯᠠᠭᠤᠨ ᠷᠠᠰᠢᠶᠠᠨ ᠤ ᠬᠦᠷᠢᠶᠡᠯᠡᠩ ᠲᠣᠭᠤᠷᠢᠭ ᠤᠨ ᠬᠠᠯᠠᠭᠤᠨ ᠷᠠᠰᠢᠶᠠᠨ ᠬᠢᠭᠡᠳ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ ᠪᠣᠷᠣ ᠲᠥᠯᠥᠪ ᠵᠢᠴᠢ ︽ᠬᠠᠯᠠᠭᠤᠨ ᠷᠠᠰᠢᠶᠠᠨ ᠤ ᠨᠡᠷᠡᠲᠦ ᠳᠡᠮᠳᠡᠭᠲᠦ ᠶᠢ | ᠰᠠᠶᠢᠲᠤᠷ ᠴᠣᠭᠴᠠᠯᠠᠬᠤ ᠳᠤ ᠰᠠᠭᠤᠷᠢᠯᠠᠵᠦ᠂ ᠭᠠᠯᠳᠠᠰᠦᠲᠠᠢ ᠬᠠᠯᠠᠭᠤᠨ ᠷᠠᠰᠢᠶᠠᠨ ᠢᠶᠠᠷ ᠲᠦᠰᠢᠭ ᠪᠣᠯᠭᠠᠬᠤ᠂ | ᠡᠷᠡᠭᠦᠯᠵᠢᠭᠦᠯᠬᠦ ᠰᠤᠪᠢᠯᠠᠯᠲᠠ᠂ ᠪᠡᠶ᠎ᠡ ᠰᠤᠪᠢᠯᠠᠬᠤ᠂ ᠰᠣᠶᠣᠯ ᠢ ᠪᠡᠶᠡᠴᠢᠯᠡᠨ ᠣᠶᠢᠯᠠᠭᠠᠬᠤ ᠶᠢ ᠨᠢᠭᠡ | ᠴᠣᠭᠴᠠᠵᠢᠭᠤᠯᠤᠭᠰᠠᠨ ᠡᠷᠡᠭᠦᠯ ᠮᠡᠨᠳᠦ ᠶᠢᠨ ᠵᠢᠭᠤᠯᠴᠢᠯᠠᠯ ᠤᠨ ᠤᠶᠢᠯᠡᠳᠬᠦᠨ︾ ᠤ ᠠᠵᠤ ᠤᠶᠢᠯᠡᠰ ᠤᠨ | ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠨᠡᠭᠡᠭᠡᠨ ᠭᠦᠭᠵᠢᠭᠦᠯᠵᠦ᠂ ᠭᠠᠯᠳᠠᠰᠦᠲᠠᠢ ᠷᠠᠰᠢᠶᠠᠨ ᠤ ᠣᠳᠣ ᠪᠠᠶᠢᠭ᠎ᠠ | ᠡᠬᠢ ᠪᠠᠶᠠᠯᠢᠭ ᠤᠨ ᠳᠠᠪᠠᠭᠤᠯᠢᠭ ᠪᠣᠯᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠲᠤᠭᠤᠯᠵᠦ᠂ ᠤᠯᠠᠮ ᠨᠢᠭᠡ | ᠠᠯᠬᠤᠮ ᠦᠨᠡᠯᠡᠨ ᠵᠢᠱᠢᠵᠦ ᠨᠤᠲᠠᠯᠠᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠢ | ᠴᠢᠩᠭᠠᠳᠬᠠᠬᠤ ᠪᠠᠷ ᠳᠠᠮᠵᠢᠭᠤᠯᠤᠨ᠂ ᠪᠦᠲᠦᠭᠡᠨ ᠪᠠᠶᠢᠭᠤᠯᠬᠤ ᠬᠦᠰᠡᠯ ᠲᠠᠢ᠂ ᠬᠥᠷᠥᠩᠭᠡ ᠶᠢᠨ ᠪᠣᠳᠠᠲᠤ ᠬᠦᠴᠦᠨ ᠪᠠ | ᠪᠣᠯᠪᠠᠰᠤᠷᠠᠩᠭᠤᠶ ᠠᠵᠢᠯᠯᠠᠭᠠᠨ ᠤ ᠲᠤᠷᠰᠢᠯᠭ᠎ᠠ ᠲᠠᠢ ᠠᠵᠤ ᠠᠬᠤᠶᠢᠯᠠᠯ ᠢ ᠲᠠᠳᠠᠨ ᠤᠷᠤᠭᠤᠯᠵᠦ᠂ ᠡᠵᠡᠩᠨᠡᠯᠲᠡ ᠶᠢᠨ | ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠥᠷᠨᠢᠭᠦᠯᠬᠦ ᠪᠤᠯᠤᠨ᠎ᠠ᠃ | ︵ᠬᠤᠷᠢᠨ ᠭᠤᠷᠪᠠ︶ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠠᠳᠠᠯ ᠠᠬᠤᠶ ᠳᠤ ᠬᠡᠷᠡᠭᠯᠡᠬᠦ ᠭᠡᠷ | ᠪᠠᠶᠢᠰᠢᠩ ᠪᠦᠲᠦᠭᠡᠨ ᠪᠠᠶᠢᠭᠤᠯᠬᠤ ᠲᠤᠬᠠᠶ ᠰᠠᠨᠠᠭᠤᠯᠭ᠎ᠠ᠃ ᠰᠢᠷᠠᠮᠥ᠋ᠷᠡᠨ ᠵᠡᠭᠡᠯᠢ ᠭᠤᠳᠤᠮᠵᠢ ᠶᠢᠨ ᠰᠢᠩ ᠢᠦᠶ ᠯᠢᠶᠠᠩ | ᠲᠥᠯᠥᠭᠡᠯᠡᠭᠴᠢ ᠪᠥᠬᠦ ᠬᠤᠰᠢᠭᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠠᠳᠠᠯ ᠠᠬᠤᠶ ᠶᠢᠨ | ᠬᠠᠮᠢᠶᠠᠷᠤᠯᠲᠠ ᠶᠢᠨ ᠬᠡᠷ ᠪᠠᠶᠢᠰᠢᠩ ᠪᠠᠶᠢᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠣᠷᠣᠨ ᠰᠠᠭᠤᠴᠠ | ᠬᠢᠭᠡᠳ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢᠭᠡᠨᠲᠡ 16 ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠤᠨ ᠠᠳᠠᠯ ᠠᠬᠤᠶ ᠳᠤ ᠬᠡᠷᠡᠭᠯᠡᠬᠦ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ ᠮᠠᠨ ᠤ | ᠬᠤᠰᠢᠭᠤᠨ ᠤ 2021 ᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠦᠭᠡᠷᠡᠴᠢᠯᠡᠬᠦ ᠲᠥᠷᠥᠯ | ᠵᠤᠶᠢᠯ ᠤᠨ ᠲᠥᠯᠥᠪᠯᠡᠭᠡ ᠳᠤ ᠣᠷᠣᠭᠤᠯᠵᠤ᠂ ᠪᠥᠲᠥᠭᠡᠨ ᠪᠠᠶᠢᠭᠤᠯᠤᠯᠲᠠ ᠶᠢᠨ ᠨᠥᠬᠦᠴᠡᠯ ᠳᠤ ᠨᠡᠶᠢᠴᠡᠬᠦ ᠪᠤᠰᠤᠳ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠶ ᠳᠤ ᠬᠡᠷᠡᠭᠯᠡᠬᠦ ᠬᠡᠷ ᠪᠠᠶᠢᠰᠢᠩ ᠢ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠣᠰᠣᠭᠠᠷ ᠠᠯᠬᠤᠮ ᠠᠯᠬᠤᠮ ᠢᠶᠠᠷ ᠪᠥᠲᠥᠭᠡᠨ ᠪᠠᠶᠢᠭᠤᠯᠤᠨ᠎ᠠ᠃ | | ︵ᠬᠤᠷᠢᠨ ᠳᠥᠷᠪᠡ︶ ᠰᠢᠷᠠᠮᠥ᠋ᠷᠡᠨ ᠵᠡᠭᠡᠯᠢ ᠭᠤᠳᠤᠮᠵᠢ ᠶᠢᠨ ᠢᠦᠶ ᠵᠦ ᠨᠡᠶᠢᠭᠡᠮ ᠲᠣᠭᠤᠷᠢᠭ ᠤᠨ ᠰᠠᠭᠤᠷᠢ | ᠲᠥᠬᠦᠭᠡᠷᠦᠮᠵᠢ ᠠᠨᠠᠢ ᠪᠠᠶᠢᠬᠤ ᠲᠤᠬᠠᠶ ᠰᠠᠨᠠᠭᠤᠯᠭ᠎ᠠ᠃ ᠰᠢᠷᠠᠮᠥ᠋ᠷᠡᠨ ᠵᠡᠭᠡᠯᠢ ᠭᠤᠳᠤᠮᠵᠢ ᠶᠢᠨ ᠯᠢ ᠵᠢᠩ ᠰᠢᠶᠠᠨ | ᠲᠥᠯᠥᠭᠡᠯᠡᠭᠴᠢ ᠢᠦᠶ ᠵᠦ ᠨᠡᠶᠢᠭᠡᠮ ᠲᠣᠭᠤᠷᠢᠭ ᠲᠤ ᠰᠠᠭᠤᠭᠠᠯᠢ ᠠᠷᠠᠳ ᠤᠨ ᠠᠵᠢᠯᠯᠠᠭᠠᠨ ᠤ ᠲᠠᠯᠠᠪᠤᠷ ᠨᠡᠮᠡᠵᠦ | ᠪᠠᠶᠢᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠰᠢᠷᠠᠮᠥ᠋ᠷᠡᠨ ᠵᠡᠭᠡᠯᠢ | ᠭᠤᠳᠤᠮᠵᠢ ᠵᠢᠴᠢ ᠢᠦᠶ ᠵᠦ ᠨᠡᠶᠢᠭᠡᠮ ᠲᠣᠭᠤᠷᠢᠭ ᠤᠨ ᠬᠠᠮᠲᠤ ᠪᠠᠷ ᠪᠠᠶᠢᠭᠤᠯᠬᠤ ᠨᠢᠭᠡᠴᠡ ᠪᠤᠯᠬᠤ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠠᠴᠠ ᠬᠡᠷ ᠬᠠᠮᠲᠤ ᠪᠠᠷ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ | ᠵᠣᠬᠢᠴᠠᠭᠤᠯᠵᠤ᠂ ᠢᠦᠶ ᠵᠦ ᠨᠡᠶᠢᠭᠡᠮ ᠲᠣᠭᠤᠷᠢᠭ ᠤᠨ ᠬᠠᠭᠤᠴᠢᠨ ᠠᠯᠪᠠᠯᠠᠬᠤ ᠲᠣᠭᠤᠷᠢᠭ ᠲᠤ ᠰᠡᠯᠪᠢᠨ ᠵᠠᠰᠠᠵᠤ | ᠪᠠᠬᠢᠵᠢᠭᠦᠯᠬᠦ ᠲᠥᠰᠦᠯ ᠲᠤᠭᠲᠠᠭᠠᠬᠤ ᠶᠢᠨ ᠬᠠᠮᠲᠦ ᠬᠡᠰᠢᠭᠲᠡᠨ ᠬᠤᠰᠢᠭᠤᠨ ᠤ ᠵᠢᠭᠤᠯᠴᠢᠯᠠᠯ ᠤᠨ ᠠᠷᠠᠯᠵᠢᠶ᠎ᠠ | ᠬᠤᠳᠠᠯᠳᠤᠭᠠᠨ ᠤ ᠲᠠᠯᠠᠪᠠᠶ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠴᠠ ᠨᠤᠷᠠᠬᠤ ᠠᠶᠤᠯᠲᠠᠶ ᠬᠡᠷ ᠪᠠᠶᠢᠰᠢᠩ ᠢ | ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠠᠵᠢᠯ ᠬᠢᠪᠠ᠃ ᠣᠳᠣᠬᠠᠨ ᠳᠤ᠂ ᠦᠭᠡᠷᠡᠴᠢᠯᠡᠯᠳᠡ ᠶᠢᠨ ᠢᠨᠵᠧᠨᠧᠷᠢᠩ ᠢ | ᠨᠢᠭᠡᠨᠲᠡ ᠪᠠᠶᠢᠭᠤᠯᠵᠤ ᠳᠠᠭᠤᠰᠤᠭᠰᠠᠨ ᠪᠥᠭᠡᠳ ᠢᠦᠶ ᠵᠦ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠤᠷᠠᠯ ᠵᠢᠴᠢ ᠢᠦᠶ ᠵᠦ ᠨᠡᠶᠢᠭᠡᠮ ᠲᠣᠭᠤᠷᠢᠭ ᠤᠨ ᠬᠠᠭᠤᠴᠢᠨ | ᠠᠯᠪᠠᠨ ᠬᠡᠷᠡᠭᠯᠡᠭᠡᠨ ᠤ ᠬᠡᠷ ᠪᠠᠶᠢᠰᠢᠩ ᠢ ᠦᠭᠡᠷᠡᠴᠢᠯᠡᠬᠦ ᠲᠥᠷᠥᠯ ᠵᠤᠶᠢᠯ ᠤᠨ ᠠᠬᠤᠢ ᠲᠠᠯᠠᠪᠠᠶ ᠳᠤ ᠰᠢᠯᠭᠠᠨ | ᠬᠤᠷᠢᠶᠠᠬᠤ ᠳᠤ ᠬᠢᠷᠢ ᠲᠡᠩᠴᠡᠵᠦ᠂ ᠵᠢᠯ ᠤᠨ ᠳᠣᠲᠣᠷ᠎ᠠ ᠢᠦᠶ ᠵᠦ ᠨᠡᠶᠢᠭᠡᠮ ᠲᠣᠭᠤᠷᠢᠭ ᠲᠤ ᠰᠠᠭᠤᠭᠠᠯᠢ ᠠᠷᠠᠳ ᠤᠨ | ᠠᠵᠢᠯᠯᠠᠭᠠᠨ ᠤ ᠲᠠᠯᠠᠪᠤᠷ ᠬᠠᠩᠭᠠᠵᠤ ᠦᠭᠬᠦ ᠪᠣᠯᠤᠨ᠎ᠠ᠃ | ︵ᠬᠤᠷᠢᠨ ᠲᠠᠪᠤ︶ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠨᠢᠭᠡᠴᠡ ᠶᠢᠨ ᠬᠠᠮᠠᠭᠠᠯᠠᠭᠴᠢ ᠶᠢᠨ ᠨᠥᠬᠦᠪᠥᠷᠢ ᠮᠥᠩᠭᠦ ᠶᠢ ᠨᠠᠶᠢᠳᠠᠪᠤᠷᠢᠵᠢᠭᠤᠯᠬᠤ ᠲᠤᠬᠠᠶ | ᠰᠠᠨᠠᠭᠤᠯᠭ᠎ᠠ᠃ ᠰᠢᠷᠠᠮᠥ᠋ᠷᠡᠨ ᠵᠡᠭᠡᠯᠢ ᠭᠤᠳᠤᠮᠵᠢ ᠶᠢᠨ ᠬᠠᠨ ᠯᠢ ᠰᠢᠨ ᠲᠥᠯᠥᠭᠡᠯᠡᠭᠴᠢ ᠠᠴᠠ ᠠᠯᠳᠠᠨ ᠤᠯᠤᠰ ᠤᠨ | ᠤᠳᠠᠰᠦᠨ ᠬᠡᠷᠡᠮ ᠤᠨ ᠪᠠᠭᠤᠷᠢ ᠶᠢᠨ ᠤᠳᠠᠰᠦᠨ ᠬᠡᠷᠡᠮ ᠤᠨ ᠬᠠᠮᠠᠭᠠᠯᠠᠭᠴᠢ᠂ ᠬᠠᠲᠠᠨ ᠵᠢᠷᠤᠭ ᠤᠨ ᠬᠠᠮᠠᠭᠠᠯᠠᠭᠴᠢ᠂ | ᠪᠠᠬᠢᠯᠡᠯᠲᠡ ᠶᠢᠨ ᠪᠠᠭᠤᠷᠢ ᠶᠢᠨ ᠬᠠᠮᠠᠭᠠᠯᠠᠭᠴᠢ ᠶᠢᠨ ᠨᠥᠬᠦᠪᠥᠷᠢ ᠮᠥᠩᠭᠦ ᠶᠢ ᠬᠤᠰᠢᠭᠤᠨ ᠤ ᠡᠳ᠋ ᠤᠨ ᠵᠠᠰᠠᠭ ᠤᠨ | ᠲᠥᠰᠦᠪ ᠲᠤ ᠣᠷᠣᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠨᠠᠮ ᠤᠨ ᠬᠤᠷᠢᠶ᠎ᠠ | ᠂ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠬᠤ ᠪᠠᠷ ᠳᠠᠮᠵᠢᠨ᠂ ᠪᠦᠬᠦ ᠬᠤᠲᠠ ᠶᠢᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠲᠡᠦᠬᠡ ᠶᠢᠨ ᠳᠤᠷᠠᠰᠬᠠᠯᠲᠤ ᠵᠦᠢᠯᠡᠰ ᠤᠨ | ᠵᠠᠰᠠᠭ ᠵᠠᠬᠢᠷᠭ᠎ᠠ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠬᠠᠶᠢᠯᠠᠭᠰᠠᠨ ᠠᠵᠢᠯ ᠤᠨ ᠪᠠᠶᠢᠭᠤᠯᠤᠮᠵᠢ ᠶᠢ | ᠲᠡᠭᠦᠯᠳᠡᠷᠵᠢᠭᠦᠯᠬᠦ ᠨᠢᠭᠡᠳᠦᠯᠲᠡᠢ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠠᠰᠤᠭ ᠪᠠ ᠰᠣᠶᠣᠯ ᠤᠨ ᠬᠠᠮᠠᠭᠠᠯᠠᠯᠲᠠ ᠶᠢᠨ | ᠲᠥᠪ ᠢ ᠪᠠᠶᠢᠭᠤᠯᠵᠤ᠂ ᠵᠢᠯ ᠪᠦᠷᠢ 100 ᠲᠦᠮᠡᠨ ᠲᠥᠭᠦᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢᠨ ᠬᠠᠮᠲᠤ᠂ ᠪᠦᠬᠦ ᠬᠤᠰᠢᠭᠤᠨ ᠤ | 22 ᠨᠡᠷ᠎ᠡ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠭᠴᠢ ᠶᠢᠨ ᠰᠠᠷ᠎ᠠ ᠪᠦᠷᠢ 500 ᠲᠥᠭᠦᠷᠢᠭ ᠤᠨ | ᠴᠠᠯᠢᠩ ᠤᠨ ᠨᠥᠬᠦᠪᠥᠷᠢ ᠶᠢ ᠨᠠᠶᠢᠳᠠᠪᠤᠷᠢᠵᠢᠭᠤᠯᠪᠠ᠃ | ︵ᠬᠤᠷᠢᠨ ᠵᠢᠷᠭᠤᠭ᠎ᠠ︶ ᠮᠠᠨ ᠤ ᠬᠤᠰᠢᠭᠤᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠢᠯᠧᠲ ᠤᠨ | ᠦᠨ᠎ᠡ ᠶᠢᠨ ᠬᠠᠮᠢᠶᠠᠷᠤᠯᠲᠠ ᠶᠢᠨ ᠲᠤᠬᠠᠶ ᠰᠠᠨᠠᠭᠤᠯᠭ᠎ᠠ᠃ ᠰᠢᠷᠠᠮᠥ᠋ᠷᠡᠨ ᠵᠡᠭᠡᠯᠢ ᠭᠤᠳᠤᠮᠵᠢ ᠶᠢᠨ ᠰᠦᠨ ᠢᠦᠶ ᠮᠢᠨ | ᠲᠥᠯᠥᠭᠡᠯᠡᠭᠴᠢ ᠠᠴᠠ ᠵᠢᠭᠤᠯᠴᠢᠯᠠᠯ ᠤᠨ ᠡᠭᠦᠳᠡᠨ ᠪᠢᠯᠧᠲ ᠤᠨ ᠦᠨ᠎ᠡ ᠬᠠᠩᠰᠢ ᠶᠢ ᠴᠠᠭ ᠲᠤᠨᠢ ᠵᠤᠭᠢᠴᠠᠭᠤᠯᠤᠨ | ᠲᠣᠬᠢᠷᠠᠭᠤᠯᠵᠤ᠂ ᠲᠤᠬᠠᠶ ᠶᠢᠨ ᠭᠠᠵᠠᠷ ᠤᠨ ᠵᠢᠭᠤᠯᠴᠢᠯᠠᠯ᠂ ᠣᠶᠢᠷ᠎ᠠ ᠵᠠᠮ ᠤᠨ ᠵᠢᠭᠤᠯᠴᠢᠯᠠᠯ᠂ ᠬᠤᠲᠠ ᠶᠢᠨ | ᠳᠣᠲᠣᠷᠠᠬᠢ ᠵᠢᠭᠤᠯᠴᠢᠯᠠᠯ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠲᠤᠬᠠᠶ ᠶᠢᠨ ᠭᠠᠵᠠᠷ ᠤᠨ | ᠵᠢᠭᠤᠯᠴᠢᠯᠠᠭᠴᠢᠳ ᠤᠨ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠦᠭᠰᠡᠨ ᠰᠠᠭᠤᠷᠢᠨ ᠳᠡᠭᠡᠷ᠎ᠡ ᠬᠡᠷᠡᠭᠯᠡᠭᠡ ᠶᠢ | ᠠᠬᠢᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠵᠢᠭᠤᠯᠴᠢᠯᠠᠯ ᠪᠠ | ᠦᠨ᠎ᠡ ᠬᠠᠩᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠵᠡᠮᠵᠢ ᠶᠢᠨ ᠭᠠᠵᠠᠷ ᠤᠨ ᠡᠭᠦᠳᠡᠨ ᠪᠢᠯᠧᠲ ᠤᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ︾ | ᠶᠢᠨ ᠲᠣᠭᠲᠠᠭᠠᠯ ᠶᠣᠰᠣᠭᠠᠷ᠂ ᠪᠥᠬᠦ ᠬᠤᠰᠢᠭᠤᠨ ᠤ ᠡᠯ᠎ᠡ ᠦᠵᠡᠮᠵᠢ ᠶᠢᠨ ᠣᠷᠣᠨ ᠤ ᠬᠠᠤᠯᠢ ᠪᠠᠷ ᠲᠣᠭᠲᠠᠭᠠᠭᠰᠠᠨ | ᠬᠠᠰᠤᠵᠤ ᠬᠡᠯᠲᠦᠷᠢᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠬᠠᠷᠠᠭᠠᠯᠵᠠᠯ ᠤᠨ | ᠬᠡᠪᠴᠢᠶ᠎ᠡ ᠶᠢ ᠥᠷᠭᠡᠳᠬᠡᠬᠦ ᠶᠢ ᠵᠤᠷᠢᠭᠵᠢᠭᠤᠯᠪᠠ᠃ ᠪᠥᠬᠦ ᠬᠤᠰᠢᠭᠤᠨ ᠤ ᠠᠷᠠᠳ ᠲᠦᠮᠡᠨ ᠳᠤ ᠪᠥᠬᠦ ᠣᠷᠣᠨ | ᠬᠡᠪᠴᠢᠶᠡᠨ ᠤ ᠵᠢᠭᠤᠯᠴᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠬᠦ ᠶᠢᠨ ᠲᠥᠯᠥᠭᠡ᠂ | ᠡᠯ᠎ᠡ ᠦᠵᠡᠮᠵᠢ ᠶᠢᠨ ᠣᠷᠣᠨ ᠢ ᠵᠣᠬᠢᠴᠠᠭᠤᠯᠵᠤ᠂ ᠬᠡᠰᠢᠭᠲᠡᠨ ᠬᠤᠰᠢᠭᠤᠨ ᠤ ᠪᠡᠶ᠎ᠡ ᠶᠢᠨ ᠦᠨᠡᠮᠯᠡᠯ ᠲᠠᠢ ᠰᠠᠭᠤᠭᠠᠯᠢ | ᠠᠷᠠᠳ ᠲᠤ ᠬᠠᠷᠢᠶᠠᠲᠦ ᠤᠷᠤᠨ ᠤ ᠳᠣᠲᠣᠷᠠᠬᠢ ᠦᠵᠡᠮᠵᠢ ᠶᠢᠨ ᠣᠷᠣᠨ ᠤ ᠬᠠᠷᠠᠭᠠᠯᠵᠠᠯ ᠢ ᠰᠦᠢᠳᠬᠡᠯ ᠬᠤᠷᠢᠶᠠᠬᠤ | ᠥᠬᠡᠶ ᠪᠠᠷ ᠬᠦᠷᠲᠡᠭᠡᠵᠦ᠂ ᠪᠤᠰᠤᠳ ᠪᠦᠯᠬᠦᠮ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠯ᠎ᠡ | ᠦᠵᠡᠮᠵᠢ ᠶᠢᠨ ᠣᠷᠣᠨ ᠤ ᠪᠣᠳᠠᠲᠠᠶ ᠡᠵᠡᠩᠨᠡᠯᠲᠡ ᠶᠢᠨ ᠪᠠᠶᠢᠳᠠᠯ ᠪᠠ ᠠᠷᠭ᠎ᠠ ᠪᠣᠳᠣᠯᠭ᠎ᠠ ᠶᠢ ᠦᠨᠳᠦᠰᠦᠯᠡᠨ | ᠲᠣᠬᠢᠷᠠᠭᠤᠯᠤᠨ᠎ᠠ᠃ ᠡᠭᠦᠨ ᠠᠴᠠ ᠭᠠᠳᠠᠨ᠎ᠠ᠂ ᠮᠠᠨ ᠤ ᠬᠤᠰᠢᠭᠤᠨ ᠤ ᠵᠢᠭᠤᠯᠴᠢᠯᠠᠯ ᠤᠨ ᠤᠯᠠᠷᠢᠯ ᠤᠨ ᠴᠢᠨᠠᠷᠲᠠᠶ | ᠣᠨᠴᠠᠯᠢᠭ ᠢ ᠦᠨᠳᠦᠰᠦᠯᠡᠨ᠂ ᠠᠰᠠᠭᠲᠦ ᠶᠢᠨ ᠦᠵᠡᠮᠵᠢ ᠶᠢᠨ ᠣᠷᠣᠨ ᠠᠴᠠ ᠭᠠᠳᠠᠨ᠎ᠠ᠂ ᠡᠯ᠎ᠡ ᠦᠵᠡᠮᠵᠢ ᠶᠢᠨ | ᠣᠷᠣᠨ ᠳᠤ ᠭᠦᠭᠵᠢᠶᠡᠨ ᠲᠠᠢ ᠤᠯᠠᠷᠢᠯ ᠪᠠ ᠬᠥᠭᠵᠢᠶᠡᠨ ᠥᠬᠡᠶ ᠤᠯᠠᠷᠢᠯ ᠤᠨ ᠦᠨ᠎ᠡ ᠬᠠᠩᠰᠢ ᠶᠢ ᠬᠡᠷᠡᠭᠵᠢᠭᠦᠯᠵᠦ᠂ | ᠬᠥᠭᠵᠢᠶᠡᠨ ᠥᠬᠡᠶ ᠤᠯᠠᠷᠢᠯ ᠳᠤ ᠡᠭᠦᠳᠡᠨ ᠪᠢᠯᠧᠲ ᠤᠨ ᠰᠦᠢᠳᠬᠡᠯ ᠬᠤᠷᠢᠶᠠᠬᠤ ᠥᠬᠡᠶ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠦᠨ᠎ᠡ ᠬᠠᠩᠰᠢ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠡᠯ᠎ᠡ ᠦᠵᠡᠮᠵᠢ ᠶᠢᠨ ᠣᠷᠣᠨ ᠤ ᠦᠨ᠎ᠡ ᠬᠠᠩᠰᠢ ᠶᠢᠨ ᠥᠪᠡᠷ ᠤᠨ ᠥᠷᠲᠡᠭ ᠢ ᠴᠠᠭ ᠲᠤᠬᠠᠶ ᠳᠤᠨᠢ ᠬᠢᠨᠠᠨ | ᠬᠠᠷᠭᠤᠭᠤᠯᠵᠤ᠂ ᠥᠪᠡᠷ ᠤᠨ ᠥᠷᠲᠡᠭ ᠤᠨ ᠬᠤᠪᠢᠷᠠᠯᠲᠠ ᠨᠡᠯᠢᠶᠡᠳ ᠶᠡᠭᠡ ᠪᠠᠶᠢᠬᠤ ᠦᠵᠡᠮᠵᠢ ᠶᠢᠨ ᠣᠷᠣᠨ ᠤ | ᠡᠭᠦᠳᠡᠨ ᠪᠢᠯᠧᠲ ᠤᠨ ᠦᠨ᠎ᠡ ᠬᠠᠩᠰᠢ ᠳᠤ ᠴᠠᠭ ᠲᠤᠬᠠᠶ ᠳᠤᠨᠢ ᠲᠣᠭᠲᠠᠭᠠᠯ ᠶᠣᠰᠣᠭᠠᠷ ᠲᠣᠬᠢᠷᠠᠭᠤᠯᠤᠯᠲᠠ ᠬᠢᠬᠦ ᠶᠢᠨ | ᠬᠠᠮᠲᠦ ︽ᠵᠠᠰᠠᠭ ᠤᠨ ᠣᠷᠳᠣᠨ ᠤ ᠦᠨ᠎ᠡ ᠲᠣᠭᠲᠠᠭᠠᠬᠤ ᠠᠵᠢᠯᠯᠠᠭᠠᠨ ᠤ ᠲᠦᠷᠢᠮ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠶᠣᠰᠣᠭᠠᠷ᠂ ᠦᠨ᠎ᠡ ᠬᠠᠩᠰᠢ ᠶᠢ ᠪᠠᠶᠢᠴᠠᠭᠠᠬᠤ᠂ ᠥᠪᠡᠷ ᠤᠨ ᠥᠷᠲᠡᠭ ᠢ ᠬᠢᠨᠠᠨ ᠪᠠᠶᠢᠴᠠᠭᠠᠬᠤ᠂ | ᠨᠡᠶᠢᠭᠡᠮ ᠤᠨ ᠰᠠᠨᠠᠯ ᠢ ᠰᠣᠨᠣᠰᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠬᠢᠨᠠᠨ ᠵᠥᠪᠯᠡᠬᠦ | ᠵᠡᠷᠭᠡ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠬᠡᠷᠡᠭᠵᠢᠭᠦᠯᠦᠨ᠎ᠡ᠃ ᠡᠭᠦᠨ ᠤ ᠬᠠᠮᠲᠤ᠂ ᠦᠵᠡᠮᠵᠢ ᠶᠢᠨ | ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠵᠢᠭᠤᠯᠴᠢᠯᠠᠯ ᠡᠵᠡᠩᠨᠡᠭᠴᠢ ᠶᠢᠨ ᠦᠨ᠎ᠡ ᠬᠠᠩᠰᠢ ᠶᠢᠨ ᠠᠵᠢᠯᠯᠠᠭ᠎ᠠ ᠶᠢ ᠲᠦᠷᠢᠮᠵᠢᠭᠦᠯᠦᠨ᠂ ᠲᠡᠳᠡᠨ ᠢ ᠱᠠᠭᠠᠷᠳᠠᠵᠦ | ᠦᠨ᠎ᠡ ᠬᠠᠩᠰᠢ ᠶᠢ ᠢᠯᠡ ᠨᠡᠶᠢᠲᠡᠯᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠬᠦ ᠪᠠ ᠤᠨᠴᠠᠭᠠᠢ ᠬᠥᠮᠦᠰ ᠤᠨ ᠡᠭᠦᠳᠡᠨ | ᠪᠢᠯᠧᠲ ᠤᠨ ᠦᠨ᠎ᠡ ᠬᠠᠩᠰᠢ ᠶᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︵ᠬᠤᠷᠢᠨ ᠳᠣᠯᠤᠭ᠎ᠠ︶ ᠢᠳᠡᠭᠡᠨ ᠤᠮᠳᠠᠭᠠᠨ ᠤ ᠦᠢᠯᠡᠰ ᠤᠨ ᠬᠢᠵᠢᠭ ᠤᠨ ᠳᠠᠭᠠᠷᠢᠯᠲᠠ ᠳᠤ ᠤᠴᠠᠷᠠᠭᠰᠠᠨ | ᠠᠰᠠᠭᠤᠳᠠᠯ ᠢ ᠬᠡᠷᠬᠢᠨ ᠰᠢᠶᠳᠪᠦᠷᠢᠯᠡᠬᠦ ᠲᠤᠬᠠᠶ ᠰᠠᠨᠠᠭᠤᠯᠭ᠎ᠠ᠃ ᠰᠢᠷᠠᠮᠥ᠋ᠷᠡᠨ ᠵᠡᠭᠡᠯᠢ ᠭᠤᠳᠤᠮᠵᠢ ᠶᠢᠨ ᠮᠧᠩ ᠹᠠᠨ | ᠶᠠᠨ ᠲᠥᠯᠥᠭᠡᠯᠡᠭᠴᠢ ᠠᠴᠠ ᠢᠳᠡᠭᠡᠨ ᠤᠮᠳᠠᠭᠠᠨ ᠤ ᠦᠶᠯᠡᠰ ᠤᠨ ᠠᠵᠢᠯ ᠡᠷᠭᠢᠯᠡᠭᠰᠡᠳ ᠲᠤ ᠡᠷᠡᠭᠦᠯ ᠮᠡᠨᠳᠦ ᠶᠢᠨ | ᠦᠨᠡᠮᠯᠡᠯ ᠣᠯᠭᠤᠬᠤ ᠳᠤ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠨᠢᠭᠡᠨᠲᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ | ᠤᠨᠴᠠᠭᠠᠢ ᠠᠵᠢᠯ ᠲᠥᠷᠥᠯ ︵ᠢᠳᠡᠭᠡᠨ ᠤᠮᠳᠠᠭᠠᠨ ᠤ ᠦᠶᠯᠡᠰ ᠪᠠᠭᠲᠠᠨ᠎ᠠ︶ ᠤᠨ ᠠᠵᠢᠯᠯᠠᠭᠰᠠᠳ ᠤᠨ ᠤᠷᠢᠳᠴᠢᠯᠠᠨ | ᠰᠡᠷᠭᠡᠶᠢᠯᠡᠬᠦ ᠴᠢᠨᠠᠷᠲᠠᠶ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ ᠢ ᠵᠢᠯ ᠤᠨ ᠡᠳ᠋ ᠤᠨ ᠵᠠᠰᠠᠭ | ᠤᠨ ᠲᠥᠰᠦᠪ ᠲᠤ ᠤᠷᠤᠭᠤᠯᠬᠤ ᠶᠢ ᠡᠷᠡᠮᠡᠯᠵᠡᠪᠡ᠂ ᠴᠣᠬᠤᠯᠠᠪᠤᠷᠢᠯᠠᠭᠰᠠᠨ ᠤ ᠳᠠᠷᠠᠭ᠎ᠠ ᠬᠡᠷᠡᠭᠵᠢᠭᠦᠯᠬᠦ ᠪᠤᠯᠤᠨ᠎ᠠ᠃ | ︵ᠬᠤᠷᠢᠨ ᠨᠠᠶᠮᠠ︶ ᠠᠳᠠᠯ ᠠᠬᠤᠶ ᠶᠢᠨ ᠦᠢᠯᠡᠴᠢᠯᠡᠭᠡᠨ ᠤ ᠥᠨᠳᠥᠷ ᠳᠠᠪᠬᠤᠷᠭ᠎ᠠ ᠶᠢᠨ ᠣᠷᠣᠨ ᠰᠠᠭᠤᠴᠠ | ᠶᠢᠨ ᠬᠤᠶᠠᠳᠠᠬᠢ ᠤᠳᠠᠭᠠᠨ ᠤ ᠤᠰᠤ ᠬᠠᠩᠭᠠᠬᠤ᠂ ᠢᠯᠴᠢ ᠬᠠᠩᠭᠠᠬᠤ᠂ ᠴᠠᠬᠢᠯᠭᠠᠨ ᠬᠠᠩᠭᠠᠬᠤ ᠬᠠᠮᠠᠭᠠᠯᠠᠯᠳᠠ ᠪᠠ | ᠵᠠᠷᠤᠳᠠᠯ ᠢ ᠬᠡᠨ ᠬᠠᠷᠢᠭᠤᠴᠠᠬᠤ ᠶᠢ ᠲᠣᠳᠣᠷᠬᠠᠶᠢᠯᠠᠬᠤ ᠲᠤᠬᠠᠶ ᠰᠠᠨᠠᠭᠤᠯᠭ᠎ᠠ᠃ ᠰᠢᠷᠠᠮᠥ᠋ᠷᠡᠨ ᠵᠡᠭᠡᠯᠢ ᠭᠤᠳᠤᠮᠵᠢ ᠶᠢᠨ | ᠸᠠᠩ ᠸᠧᠨ ᠴᠧᠨ ᠲᠥᠯᠥᠭᠡᠯᠡᠭᠴᠢ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠪᠢᠴᠢᠭ ᠮᠠᠲ᠋ᠧᠷᠢᠶᠠᠯ ᠭᠠᠷᠭᠠᠵᠤ | ᠮᠠᠨ ᠤ ᠬᠤᠰᠢᠭᠤᠨ ᠤ ᠥᠨᠳᠥᠷ ᠳᠠᠪᠬᠤᠷᠭ᠎ᠠ ᠶᠢᠨ ᠣᠷᠣᠨ ᠰᠠᠭᠤᠴᠠ ᠶᠢᠨ ᠲᠣᠭᠤᠷᠢᠭ ᠤᠨ ᠬᠤᠶᠠᠳᠠᠬᠢ ᠤᠳᠠᠭᠠᠨ | ᠤ ᠤᠰᠤ ᠬᠠᠩᠭᠠᠬᠤ᠂ ᠢᠯᠴᠢ ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠵᠠᠷᠤᠳᠠᠯ ᠢ ᠡᠭᠦᠷᠭᠡᠯᠡᠬᠦ ᠠᠰᠠᠭᠤᠳᠠᠯ ᠢ | ᠰᠢᠶᠳᠪᠦᠷᠢᠯᠡᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠬᠤᠰᠢᠭᠤᠨ ᠤ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠢᠳᠡᠪᠬᠢᠲᠡᠶ ᠬᠠᠷᠢᠯᠴᠠᠵᠤ᠂ | ᠣᠯᠠᠨ ᠲᠠᠯ᠎ᠠ ᠠᠴᠠ ᠬᠠᠤᠯᠢ ᠴᠠᠭᠠᠵᠠ ᠶᠢᠨ ᠰᠠᠨᠠᠯ ᠬᠤᠷᠢᠶᠠᠵᠤ᠂ ᠪᠥᠬᠦ ᠬᠤᠰᠢᠭᠤᠨ ᠤ ᠬᠤᠶᠠᠳᠠᠬᠢ ᠤᠳᠠᠭᠠᠨ ᠤ | ᠤᠰᠤ ᠬᠠᠩᠭᠠᠬᠤ᠂ ᠢᠯᠴᠢ ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠵᠠᠷᠤᠳᠠᠯ ᠳᠤ ᠡᠭᠦᠰᠦᠭᠰᠡᠨ ᠬᠠᠮᠢᠶ᠎ᠠ ᠪᠥᠬᠦᠶ | ᠮᠠᠷᠭᠤᠯᠳᠤᠭᠠᠨ ᠢ ᠵᠤᠭᠢᠴᠠᠭᠤᠯᠤᠨ ᠰᠢᠢᠳᠪᠦᠷᠢᠯᠡᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠳᠠᠯ ᠠᠬᠤᠶ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠲᠦᠰᠦᠯᠡᠪᠡᠯ | ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠭᠡᠢ ᠬᠠᠩᠭᠠᠬᠤ᠂ ᠴᠢᠮᠡᠭᠡ ᠬᠤᠯᠪᠣᠭ᠎ᠠ᠂ | ᠤᠲᠠᠰᠤᠲᠤ ᠲᠧᠯᠸᠢᠰ ᠵᠡᠷᠭᠡ ᠨᠢᠭᠡᠴᠡ ᠲᠤᠰᠬᠠᠶ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠶᠢ ᠰᠡᠯᠪᠢᠨ ᠵᠠᠰᠠᠬᠤ | ᠂ ᠬᠠᠮᠠᠭᠠᠯᠠᠬᠤ᠂ ᠰᠢᠨᠡᠳᠬᠡᠬᠦ ᠬᠡᠷᠡᠭᠲᠠᠢ᠂ ᠭᠡᠪᠡᠴᠦ ᠪᠣᠳᠠᠲᠠᠶ ᠬᠡᠷᠡᠭᠵᠢᠭᠦᠯᠬᠦ ᠶᠠᠪᠤᠴᠠ ᠳᠤ ᠮᠥᠨ ᠬᠦ ᠳᠡᠭᠡᠷ᠎ᠡ | ᠳᠤᠷᠠᠳᠤᠭᠰᠠᠨ ᠬᠠᠤᠯᠢ ᠲᠣᠭᠲᠠᠭᠠᠯ ᠳᠤ ᠪᠦᠷᠢᠮᠦᠰᠦᠨ ᠲᠣᠬᠢᠷᠠᠭᠤᠯᠤᠯᠲᠠ ᠬᠢᠭᠡᠳᠦᠶ ᠪᠠᠶᠢᠳᠠᠯ ᠣᠷᠣᠰᠢᠵᠤ ᠪᠠᠶᠢᠨ᠎ᠠ᠂ | ᠬᠡᠷᠪᠡ ᠠᠳᠠᠯᠢ ᠪᠤᠰᠤ ᠥᠮᠴᠢᠯᠡᠬᠦ ᠡᠷᠬᠡ ᠳᠣᠤᠷᠠᠬᠢ ᠬᠤᠶᠠᠳᠤᠭᠠᠷ ᠤᠳᠠᠭᠠᠨ ᠤ ᠤᠰᠤ ᠬᠠᠩᠭᠠᠬᠤ᠂ ᠢᠯᠴᠢ | ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠬᠠᠮᠢᠶ᠎ᠠ ᠪᠦᠬᠦᠢ ᠵᠠᠷᠤᠳᠠᠯ ᠢ ᠬᠡᠷᠬᠢᠨ ᠲᠤᠰᠢᠶᠠᠬᠤ ᠠᠰᠠᠭᠤᠳᠠᠯ ᠢ | ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠ | ᠮᠠᠷᠭᠤᠯᠳᠤᠭᠠᠨ ᠲᠠᠢ ᠡᠯ᠎ᠡ ᠲᠠᠯ᠎ᠠ ᠡᠶᠡᠳᠡᠨ ᠵᠦᠪᠳᠡᠯᠴᠡᠭᠡᠳ ᠪᠦᠲᠦᠭᠰᠡᠨ ᠦᠬᠡᠢ ᠪᠠᠶᠢᠳᠠᠯ ᠳᠣᠤᠷ᠎ᠠ᠂ ᠠᠳᠠᠯ ᠠᠬᠤᠢ | ᠶᠢᠨ ᠠᠵᠤ ᠠᠬᠤᠶᠢᠯᠠᠯ ᠪᠠ ᠤᠰᠤ ᠬᠠᠩᠭᠠᠬᠤ ᠴᠠᠬᠢᠯᠭᠠᠨ ᠬᠠᠩᠭᠠᠬᠤ᠂ ᠢᠯᠴᠢ ᠶᠢᠨ ᠬᠦᠴᠦᠨ ᠵᠡᠷᠭᠡ ᠠᠵᠤ | ᠠᠬᠤᠢᠯᠠᠯ ᠪᠣᠳᠠᠲᠠᠶ ᠠᠰᠠᠭᠤᠳᠠᠯ ᠢ ᠦᠵᠡᠵᠦ᠂ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠳᠠᠮᠵᠢᠨ ᠰᠢᠢᠳᠪᠦᠷᠢᠯᠡᠨ᠎ᠡ᠃ | ᠡᠭᠦᠨ ᠠᠴᠠ ᠭᠠᠳᠠᠨ᠎ᠠ᠂ ︽ᠤᠯᠠᠭᠠᠨᠬᠠᠳᠠ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ ᠬᠠᠮᠢᠶᠠᠷᠤᠯᠲᠠ ᠶᠢᠨ | ᠲᠦᠷᠢᠮ︾ ︵ᠲᠥᠰᠦᠯ︶ ᠳᠤ ᠨᠢᠭᠡᠨᠳᠡ ᠥᠨᠳᠥᠷ ᠳᠠᠪᠬᠤᠷᠭ᠎ᠠ ᠶᠢᠨ ᠣᠷᠣᠨ ᠰᠠᠭᠤᠴᠠ ᠶᠢᠨ ᠲᠣᠭᠤᠷᠢᠭ ᠤᠨ | ᠬᠤᠶᠠᠳᠠᠬᠢ ᠤᠳᠠᠭᠠᠨ ᠤ ᠢᠯᠴᠢ ᠬᠠᠩᠭᠠᠬᠤ ᠬᠠᠮᠢᠶ᠎ᠠ ᠪᠥᠬᠦᠶ ᠠᠰᠠᠭᠤᠳᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ᠂ ᠰᠦᠶᠳᠬᠡᠯ ᠬᠤᠷᠢᠶᠠᠬᠤ ᠪᠠᠷᠢᠮᠵᠢᠶ᠎ᠠ ᠵᠡᠷᠭᠡ ᠠᠰᠠᠭᠤᠳᠠᠯ ᠢ ᠲᠣᠳᠣᠷᠬᠠᠶᠢᠯᠠᠵᠤ᠂ ᠵᠢᠱᠢᠯᠲᠡ ᠪᠠᠷ | 2021 ᠣᠨ ᠳᠤ ᠨᠡᠶᠢᠲᠡᠯᠡᠵᠦ ᠬᠡᠷᠡᠭᠵᠢᠭᠦᠯᠦᠨ᠎ᠡ᠂ ᠲᠡᠷᠡ ᠦᠶ᠎ᠡ ᠳᠤ ᠬᠠᠤᠯᠢ ᠴᠠᠭᠠᠵᠠ ᠶᠢᠨ ᠲᠠᠯ᠎ᠠ ᠠᠴᠠ ᠬᠡᠰᠡᠭ | ᠮᠠᠷᠭᠤᠯᠳᠤᠭᠠᠨ ᠢ ᠲᠣᠳᠣᠷᠬᠠᠶᠢᠯᠠᠬᠤ ᠳᠤ ᠠᠰᠢᠭᠲᠠᠶ ᠪᠣᠯᠤᠨ᠎ᠠ᠃ | ︵ᠬᠤᠷᠢ ᠶᠢᠰᠦ︶ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠶ ᠶᠢᠨ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠰᠠᠨᠠᠭᠤᠯᠭ᠎ᠠ᠃ ᠰᠢᠷᠠᠮᠥ᠋ᠷᠡᠨ ᠵᠡᠭᠡᠯᠢ ᠭᠤᠳᠤᠮᠵᠢ ᠶᠢᠨ ᠸᠠᠩ | ᠸᠧᠨ ᠴᠧᠨ ᠲᠥᠯᠥᠭᠡᠯᠡᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠠᠳᠠᠯ ᠠᠬᠤᠢ ᠶᠢᠨ | ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠨᠢᠭᠡᠳᠦᠯᠲᠡᠢ ᠰᠤᠳᠤᠯᠤᠨ ᠲᠣᠭᠲᠠᠭᠠᠵᠤ᠂ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ | ᠶᠢ ᠵᠣᠬᠢᠰᠲᠠᠢ ᠳᠡᠭᠡᠭᠰᠢᠯᠡᠭᠦᠯᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠤᠨ ᠲᠠᠪᠢᠨ ᠭᠤᠷᠪᠠᠳᠤᠭᠠᠷ ᠵᠦᠶᠯ ᠪᠤᠯᠬᠤ | ︽ᠬᠢᠮᠳᠠ ᠲᠦᠷᠢᠶᠡᠰᠦᠨ ᠤᠷᠤᠨ ᠰᠠᠭᠤᠴᠠ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠵᠡᠷᠭᠡ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠬᠤᠷᠢᠶᠠᠬᠤ ᠰᠦᠢᠳᠬᠡᠯ | ᠨᠢ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ ᠬᠡᠷᠡᠭᠵᠢᠭᠦᠯᠵᠦ᠂ ᠪᠣᠳᠠᠲᠠᠶ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠠᠳᠠᠯ ᠠᠬᠤᠶ ᠶᠢᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠨᠢᠭᠡᠳᠦᠯᠲᠡᠶ ᠲᠣᠭᠲᠠᠭᠠᠨ᠎ᠠ᠂ ᠡᠭᠦᠨ ᠠᠴᠠ ᠪᠤᠰᠤᠳ ᠡᠩ ᠤᠨ ᠣᠷᠣᠨ ᠰᠠᠭᠤᠴᠠ ᠶᠢᠨ ᠠᠳᠠᠯ ᠠᠬᠤᠶ ᠶᠢᠨ | ᠦᠢᠯᠡᠴᠢᠯᠡᠭᠡᠨ ᠤ ᠰᠦᠢᠳᠬᠡᠯ ᠢ ᠴᠥᠮ ᠵᠠᠬ᠎ᠠ ᠳᠡᠯᠭᠡᠭᠦᠷ ᠤᠨ ᠲᠤᠭᠢᠷᠠᠭᠤᠯᠤᠯᠳᠠ ᠶᠢᠨ ᠦᠨ᠎ᠡ ᠶᠢ ᠬᠡᠷᠡᠭᠵᠢᠭᠦᠯᠦᠨ᠎ᠡ︾ | ᠵᠡᠷᠭᠡ ᠠᠳᠠᠯ ᠠᠬᠤᠶ ᠶᠢᠨ ᠦᠢᠯᠡᠴᠢᠯᠡᠭᠡᠨ ᠤ ᠰᠦᠢᠳᠬᠡᠯ ᠢ ᠲᠣᠭᠲᠠᠭᠠᠬᠤ ᠬᠤᠯᠪᠣᠭᠳᠠᠯ ᠪᠦᠬᠦᠢ ᠲᠣᠭᠲᠠᠭᠠᠯ ᠢ | ᠬᠡᠷᠡᠭᠵᠢᠬᠦᠯᠬᠦ ᠰᠠᠭᠤᠷᠢᠨ ᠳᠡᠭᠡᠷ᠎ᠡ᠂ ᠪᠥᠬᠦ ᠬᠤᠰᠢᠭᠤᠨ ᠤ ᠠᠳᠠᠯ ᠠᠬᠤᠶ ᠶᠢᠨ ᠦᠶᠯᠡᠴᠢᠯᠡᠭᠡᠨ ᠤ ᠠᠵᠤ ᠠᠬᠤᠶᠢᠯᠠᠯ | ᠲᠠᠢ ᠢᠳᠡᠪᠬᠢᠲᠡᠶ ᠬᠠᠷᠢᠯᠴᠠᠵᠤ ᠠᠳᠠᠯ ᠠᠬᠤᠶ ᠶᠢᠨ ᠦᠶᠯᠡᠴᠢᠯᠡᠭᠡᠨ ᠤ ᠰᠦᠶᠳᠬᠡᠯ ᠬᠤᠷᠢᠶᠠᠬᠤ ᠪᠠᠷᠢᠮᠵᠢᠶ᠎ᠠ ᠶᠢᠨ | ᠠᠰᠠᠭᠤᠳᠠᠯ ᠢ ᠰᠤᠳᠤᠯᠤᠨ ᠶᠠᠷᠢᠯᠴᠠᠬᠤ ᠶᠢᠨ ᠬᠠᠮᠲᠦ ᠠᠳᠠᠯ ᠠᠬᠤᠢ ᠶᠢᠨ ᠠᠵᠤ ᠠᠬᠤᠶᠢᠯᠠᠯ ᠪᠣᠯᠤᠨ ᠰᠠᠭᠤᠭᠠᠯᠢ | ᠠᠷᠠᠳ ᠤᠨ ᠲᠣᠭᠤᠷᠢᠭ ᠤᠨ ᠥᠮᠴᠢᠲᠡᠨ ᠤ ᠵᠥᠪᠯᠡᠯ᠂ ᠥᠮᠴᠢᠲᠡᠨ ᠤ ᠲᠥᠯᠥᠭᠡᠯᠡᠭᠴᠢ ᠵᠡᠷᠭᠡ ᠶᠢ ᠤᠷᠢᠶᠠᠯᠠᠨ | ᠢᠳᠡᠪᠬᠢᠲᠡᠶ ᠨᠡᠪᠲᠡᠷᠡᠯᠴᠡᠨ ᠵᠦᠪᠳᠡᠯᠴᠡᠵᠦ᠂ ᠡᠩ ᠤᠨ ᠣᠷᠣᠨ ᠰᠠᠭᠤᠴᠠ ᠶᠢᠨ ᠲᠣᠭᠤᠷᠢᠭ ᠤᠨ ᠠᠳᠠᠯ ᠠᠬᠤᠢ ᠶᠢᠨ | ᠦᠶᠯᠡᠴᠢᠯᠡᠭᠡᠨ ᠤ ᠰᠦᠶᠳᠬᠡᠯ ᠬᠤᠷᠢᠶᠠᠬᠤ ᠳᠤ ᠬᠠᠮᠲᠤ ᠶᠢᠨ ᠲᠠᠨᠢᠯᠲᠠ ᠲᠠᠢ ᠪᠣᠯᠬᠤ ᠪᠠᠷ ᠴᠢᠷᠮᠡᠶᠢᠵᠦ ᠪᠤᠢ᠃ | ︵ᠭᠤᠴᠢ︶ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠪᠠᠶᠢᠭᠤᠯᠬᠤ ᠲᠤᠬᠠᠢ ᠰᠠᠨᠠᠭᠤᠯᠭ᠎ᠠ᠃ | ᠰᠢᠷᠠᠮᠥ᠋ᠷᠡᠨ ᠵᠡᠭᠡᠯᠢ ᠭᠤᠳᠤᠮᠵᠢ ᠶᠢᠨ ᠵᠠᠩ ᠬᠠᠨ ᠡᠦ ᠲᠥᠯᠥᠭᠡᠯᠡᠭᠴᠢ ᠠᠴᠠ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠶᠢᠨ ᠲᠥᠯᠥᠭᠡ᠂ ᠮᠠᠨ ᠤ ᠬᠤᠰᠢᠭᠤᠨ ᠳᠤ ᠬᠠᠯᠳᠠᠪᠤᠷᠢᠲᠤ | ᠡᠪᠡᠳᠴᠢᠨ ᠤ ᠲᠤᠰᠬᠠᠶ ᠡᠮᠨᠡᠯᠭᠡ ᠶᠢᠨ ᠬᠤᠷᠢᠶ᠎ᠠ ᠪᠠᠶᠢᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ︽ᠤᠯᠤᠰ ᠤᠨ ᠡᠷᠡᠭᠦᠯ | ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ᠡᠮᠴᠢᠯᠡᠭᠡᠨ ᠤ ᠪᠠᠶᠢᠭᠤᠯᠤᠮᠵᠢ ᠪᠠᠶᠢᠭᠤᠯᠬᠤ ᠲᠥᠯᠥᠪᠵᠢᠭᠦᠯᠭᠡ | ᠶᠢᠨ ᠵᠢᠯᠣᠭᠤᠳᠬᠤ ᠵᠠᠷᠴᠢᠮ ︵2016 — 2020 ᠣᠨ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ | ᠤᠯᠤᠰ ᠡᠷᠡᠭᠦᠯ ᠡᠮᠨᠡᠯᠭᠡ ᠲᠠᠷᠬᠠᠭᠠᠭᠰᠠᠨ ﹇2016﹈ 38 ᠳ᠋ᠤᠭᠠᠷ ᠲᠣᠭᠠᠲᠤ︶ ᠤᠨ ︽ᠬᠤᠲᠠ ᠶᠢᠨ ᠲᠠᠰ ᠠᠴᠠ | ᠳᠡᠭᠡᠭᠰᠢ ᠭᠠᠵᠠᠷ ᠤᠷᠤᠨ᠂ ᠡᠮᠴᠢᠯᠡᠭᠡᠨ ᠤ ᠦᠶᠯᠡᠴᠢᠯᠡᠭᠡ ᠶᠢᠨ ᠪᠣᠳᠠᠲᠠᠶ ᠬᠡᠷᠡᠭᠴᠡᠭᠡ ᠪᠠᠨ ᠦᠨᠳᠦᠰᠦᠯᠡᠨ᠂ ᠬᠡᠦᠬᠡᠳ | ᠂ ᠮᠡᠳᠡᠷᠡᠯ᠂ ᠬᠥᠩᠭᠡᠵᠢᠭᠦᠯᠬᠦ᠂ ᠬᠠᠪᠤᠳᠠᠷ᠂ ᠬᠠᠯᠳᠠᠪᠤᠷᠢᠲᠤ ᠡᠪᠡᠳᠴᠢᠨ᠂ ᠡᠷᠡᠭᠦᠯᠵᠢᠯ ᠵᠡᠷᠭᠡ ᠲᠤᠰᠬᠠᠶ ᠡᠮᠨᠡᠯᠭᠡ ᠶᠢᠨ | ᠬᠤᠷᠢᠶ᠎ᠠ ᠪᠠᠶᠢᠭᠤᠯᠬᠤ︾ ᠲᠣᠭᠲᠠᠭᠠᠯ ᠢ ᠦᠨᠳᠦᠰᠦᠯᠡᠪᠡᠯ᠂ ᠮᠠᠨ ᠤ ᠬᠤᠰᠢᠭᠤ ᠬᠠᠯᠳᠠᠪᠤᠷᠢᠲᠤ ᠡᠪᠡᠳᠴᠢᠨ ᠤ ᠡᠮᠨᠡᠯᠭᠡ | ᠶᠢᠨ ᠬᠤᠷᠢᠶ᠎ᠠ ᠪᠠᠶᠢᠭᠤᠯᠬᠤ ᠪᠠᠷᠢᠮᠵᠢᠶ᠎ᠠ ᠳᠤ ᠬᠥᠷᠬᠦ ᠥᠬᠡᠶ᠃ | ᠬᠡᠰᠢᠭᠲᠡᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠳᠡᠭᠡᠳᠦ ᠱᠠᠲᠤᠨ ᠤ ᠲᠥᠷᠥᠯ ᠵᠦᠶᠯ ᠤᠨ ᠪᠠᠯᠠ ᠮᠥᠩᠭᠦ ᠶᠢ ᠢᠳᠡᠪᠬᠢᠲᠡᠶ ᠣᠯᠵᠤ᠂ ᠬᠤᠰᠢᠭᠤᠨ ᠤ ᠠᠷᠠᠳ | ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠬᠡᠷ ᠢ ᠥᠭᠡᠷᠡᠴᠢᠯᠡᠨ ᠰᠢᠨᠡᠳᠬᠡᠵᠦ᠂ ᠲᠣᠰ ᠲᠥᠷᠥᠯ | ᠵᠦᠶᠯ ᠨᠢ ᠨᠢᠭᠡᠨᠲᠡ ᠪᠠᠯᠠ ᠣᠷᠣᠭᠤᠯᠤᠯᠲᠠ ᠶᠢ ᠬᠢᠨᠠᠨ ᠵᠥᠪᠰᠢᠶᠡᠷᠡᠵᠦ᠂ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠬᠤ ᠠᠵᠢᠯ ᠨᠢᠭᠡᠨᠲᠡ ᠳᠠᠭᠤᠰᠪᠠ᠃ ᠲᠥᠷᠥᠯ ᠵᠦᠶᠯ ᠤᠨ ᠡᠵᠡᠯᠡᠬᠦ ᠲᠠᠯᠠᠪᠠᠶ ᠨᠢ 850 ᠲᠡᠭᠰᠢ | ᠳᠥᠷᠪᠡᠯᠵᠢᠨ ᠮᠧᠲᠷ᠂ ᠪᠥᠲᠥᠭᠡᠨ ᠪᠠᠶᠢᠭᠤᠯᠬᠤ ᠲᠠᠯᠠᠪᠠᠶ ᠨᠢ 2500 ᠲᠡᠭᠰᠢ ᠳᠥᠷᠪᠡᠯᠵᠢᠨ ᠮᠧᠲᠷ᠂ 30 ᠣᠷᠣ | ᠳᠣᠭᠢᠷᠠᠭᠤᠯᠵᠤ᠂ ᠮᠠᠨ ᠤ ᠬᠤᠰᠢᠭᠤᠨ ᠤ ᠭᠠᠵᠠᠷ ᠣᠷᠣᠨ ᠤ ᠨᠡᠶᠢᠭᠡᠮ ᠠᠵᠤ ᠠᠬᠤᠶ ᠶᠢᠨ ᠬᠥᠭᠵᠢᠯᠲᠡ ᠶᠢᠨ | ᠣᠳᠣᠬᠢ ᠪᠠᠶᠢᠳᠠᠯ᠂ ᠡᠮᠴᠢᠯᠡᠭᠡᠨ ᠤ ᠦᠶᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ | ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠦᠷᠦᠭᠡ ᠶᠢ ᠪᠠᠶᠢᠭᠤᠯᠤᠭᠰᠠᠨ ᠤ ᠳᠠᠷᠠᠭ᠎ᠠ | ᠮᠠᠨ ᠤ ᠬᠤᠰᠢᠭᠤᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠡᠷᠡᠭᠴᠡᠭᠡ ᠶᠢ ᠦᠨᠳᠦᠰᠦᠨ ᠳᠡᠭᠡᠨ | ᠬᠠᠩᠭᠠᠵᠤ ᠲᠠᠶᠢᠯᠤᠨ᠎ᠠ᠃ | | | | |