ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠳᠠᠪᠤ︶
ᠨᠡᠶᠢᠲᠡᠯᠡᠭᠰᠡᠨ ᠴᠠᠭ᠄
2021/5/12
     ︵ᠭᠤᠴᠢᠨ ᠨᠢᠭᠡ︶ ᠲᠦᠩ ᠰᠢᠩ ᠪᠠᠯᠭᠠᠰᠤ ᠶᠢᠨ ᠨᠤᠭᠤ ᠭᠠᠵᠠᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠬᠤ ᠲᠤᠬᠠᠶ ᠰᠠᠨᠠᠭᠤᠯᠭ᠎ᠠ᠃ ᠲᠦᠩ ᠰᠢᠩ ᠪᠠᠯᠭᠠᠰᠤ ᠶᠢᠨ ᠰᠥᠩ ᠬᠤᠸᠠ ᠢᠦᠢ ᠲᠥᠯᠥᠭᠡᠯᠡᠭᠴᠢ ᠠᠴᠠ ᠲᠦᠩ ᠰᠢᠩ ᠪᠠᠯᠭᠠᠰᠤ ᠶᠢᠨ ᠨᠤᠭᠤ ᠭᠠᠵᠠᠷ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠬᠦᠷᠢᠶᠡᠯᠡᠨ ᠪᠢᠳᠡᠭᠦᠮᠵᠢᠯᠡᠨ ᠬᠠᠮᠠᠭᠠᠯᠠᠬᠤ ᠶᠢᠨ ᠬᠠᠮᠲᠤ ᠵᠠᠷᠢᠮ ᠭᠤᠤᠯ ᠤᠨ ᠪᠤᠷᠭᠠᠰᠤ ᠶᠢ ᠰᠢᠨᠡᠳᠬᠡᠬᠦ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠬᠠᠨᠲᠤᠭᠤᠯᠤᠨ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠨᠢᠭᠡᠨᠲᠡ ᠮᠤᠰᠢᠭᠠᠢ ᠭᠤᠤᠯ ᠵᠢᠴᠢ ᠲᠡᠭᠦᠨ ᠤ ᠰᠠᠪᠠ ᠭᠠᠵᠠᠷ ᠢ ᠪᠠᠷᠠᠭᠤᠨ ᠯᠢᠶᠣᠤ ᠾᠧ ᠭᠤᠤᠯ ᠤᠨ ᠨᠤᠭᠤ ᠭᠠᠵᠠᠷ ᠢ ᠬᠠᠮᠠᠭᠠᠯᠠᠬᠤ ᠪᠠ ᠰᠡᠷᠭᠦᠭᠡᠨ ᠵᠠᠰᠠᠬᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠲᠥᠷᠥᠯ ᠵᠦᠶᠯ ᠤᠨ ᠨᠥᠭᠡᠴᠡᠯᠡᠯᠲᠡ ᠶᠢᠨ ᠨᠠᠷᠢᠨ ᠲᠠᠩᠰᠠᠨ ᠎ ᠳᠤ ᠣᠷᠣᠭᠤᠯᠵᠤ᠂ ᠲᠥᠷᠥᠯ ᠵᠦᠶᠯ ᠤᠨ ᠬᠡᠪᠴᠢᠶ᠎ᠡ ᠨᠢ 4 . 41 ᠲᠦᠮᠡᠨ ᠮᠥ᠂ ᠵᠢᠱᠢᠯᠲᠡ ᠪᠠᠷ ᠶᠡᠷᠦᠩᠬᠡᠶ ᠪᠠᠯᠠ ᠣᠷᠣᠭᠤᠯᠤᠯᠲᠠ ᠨᠢ 3300 ᠲᠦᠮᠡᠨ ᠲᠥᠭᠦᠷᠢᠭ ᠪᠠᠶᠢᠵᠤ᠂ ᠲᠥᠷᠥᠯ ᠵᠦᠶᠯ ᠢ 2021 ᠣᠨ ᠠᠴᠠ 2025 ᠣᠨ ᠳᠤ ᠬᠡᠷᠡᠭᠵᠢᠭᠦᠯᠦᠨ᠎ᠡ᠃ ᠡᠭᠦᠨ ᠠᠴᠠ ᠭᠠᠳᠠᠨ᠎ᠠ᠂ ᠭᠤᠤᠯ ᠤᠨ ᠪᠤᠷᠭᠠᠰᠤ ᠪᠣᠯ ᠤᠯᠤᠰ ᠤᠨ ᠣᠭᠲᠣᠯᠬᠤ ᠶᠢ ᠴᠠᠭᠠᠵᠠᠯᠠᠬᠤ ᠬᠡᠪᠴᠢᠶᠡᠨ ᠳᠤ ᠪᠠᠭᠲᠠᠬᠤ ᠪᠠᠶᠢᠭᠠᠯᠢᠯᠢᠭ ᠣᠶ ᠪᠣᠯᠬᠤᠷ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠨᠢᠭᠡᠨᠲᠡ ᠳᠡᠭᠡᠳᠦ ᠱᠠᠲᠤᠨ ᠳᠤ ᠪᠥᠬᠦ ᠬᠤᠰᠢᠭᠤᠨ ᠤ ᠬᠡᠰᠡᠭ ᠪᠠᠶᠢᠭᠠᠯᠢᠯᠢᠭ ᠪᠣᠳᠠ ᠮᠣᠳᠣᠨ ᠣᠶ ᠶᠢ ᠲᠡᠭᠰᠢᠯᠡᠵᠦ᠂ ᠰᠢᠨᠡᠳᠬᠡᠨ᠂ ᠪᠤᠵᠠᠭᠠᠶᠢᠷᠠᠭᠤᠯᠬᠤ ᠭᠤᠶᠤᠴᠢᠯᠠᠯ ᠭᠠᠷᠭᠠᠵᠤ᠂ ᠳᠡᠭᠡᠳᠦ ᠱᠠᠲᠤᠨ ᠠᠴᠠ ᠴᠣᠬᠤᠯᠠᠪᠤᠷᠢᠯᠠᠨ ᠵᠥᠪᠰᠢᠶᠡᠷᠡᠭᠰᠡᠨ ᠤ ᠳᠠᠷᠠᠭ᠎ᠠ ᠬᠡᠷᠡᠭᠵᠢᠭᠦᠯᠬᠦ ᠪᠤᠯᠤᠨ᠎ᠠ᠃      ᠲᠠᠷᠠᠭᠠᠴᠢ ᠶᠢᠨ ᠠᠯᠬᠤᠮ ᠳᠤ᠂ ᠡᠯ᠎ᠡ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠬᠠᠭᠤᠯᠭ᠎ᠠ ᠪᠠ ᠬᠠᠮᠢᠶᠠᠷᠤᠯᠲᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠬᠤ᠂ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠬᠤ᠂ ᠮᠠᠯ ᠤᠨ ᠨᠤᠭᠤ ᠭᠠᠵᠠᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ ᠶᠢ ᠴᠢᠩᠭ᠎ᠠ ᠰᠡᠷᠭᠡᠶᠢᠯᠡᠬᠦ᠂ ᠭᠤᠤᠯ ᠳᠤ ᠬᠤᠭ ᠨᠣᠪᠰᠢ ᠵᠢᠴᠢ ᠪᠣᠬᠢᠷ ᠤᠰᠤ ᠴᠢᠳᠬᠤᠬᠤ ᠶᠢ ᠴᠠᠭᠠᠵᠠᠯᠠᠬᠤ᠂ ᠨᠤᠭᠤ ᠭᠠᠵᠠᠷ ᠲᠤ ᠡᠯᠡᠰᠦ ᠮᠠᠯᠲᠠᠬᠤ᠂ ᠴᠢᠯᠠᠭᠤ ᠮᠠᠯᠲᠠᠬᠤ᠂ ᠴᠦᠭᠦᠷᠦᠮ ᠮᠠᠯᠲᠠᠬᠤ᠂ ᠠᠲᠠᠷ ᠬᠠᠭᠠᠯᠪᠤᠷᠢᠯᠠᠬᠤ ᠠᠵᠢᠯᠯᠠᠭ᠎ᠠ ᠬᠢᠬᠦ ᠶᠢ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠯᠠᠨ ᠲᠦᠮᠡᠨ ᠤ ᠨᠤᠭᠤ ᠭᠠᠵᠠᠷ ᠢ ᠬᠠᠮᠠᠭᠠᠯᠠᠬᠤ ᠴᠢᠬᠤᠯᠠ ᠴᠢᠨᠠᠷ ᠤᠨ ᠲᠤᠬᠠᠶ ᠲᠠᠨᠢᠯᠲᠠ ᠪᠠ ᠨᠤᠭᠤ ᠭᠠᠵᠠᠷ ᠢ ᠬᠠᠮᠠᠭᠠᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ︵ᠭᠤᠴᠢᠨ ᠬᠤᠶᠠᠷ︶ ᠲᠣᠮᠣ ᠬᠡᠯᠪᠡᠷᠢ ᠶᠢᠨ ᠦᠬᠡᠷ ᠬᠤᠨᠢᠨ ᠮᠢᠬ᠎ᠠ ᠶᠢ ᠨᠠᠷᠢᠯᠢᠭ ᠪᠤᠯᠪᠠᠰᠦᠷᠠᠭᠤᠯᠬᠤ ᠵᠢᠴᠢ ᠬᠥᠯᠳᠡᠭᠡᠬᠦ ᠬᠥᠮᠥᠷᠭᠡ ᠶᠢᠨ ᠲᠥᠷᠥᠯ ᠵᠦᠢᠯ ᠢ ᠤᠷᠤᠭᠤᠯᠬᠤ ᠲᠤᠬᠠᠶ ᠰᠠᠨᠠᠭᠤᠯᠭ᠎ᠠ᠃ᠳᠠᠯᠠᠶᠢᠨᠠᠭᠤᠷ ᠪᠠᠯᠭᠠᠰᠤᠨ ᠤ ᠭᠠᠯᠪᠠ ᠲᠥᠯᠥᠭᠡᠯᠡᠭᠴᠢ ᠬᠡᠪᠴᠢᠶᠡᠵᠢᠭᠦᠯᠦᠭᠰᠡᠨ ᠦᠬᠡᠷ ᠬᠤᠨᠢᠨ ᠮᠢᠬ᠎ᠠ ᠪᠣᠯᠪᠠᠰᠤᠷᠠᠭᠤᠯᠬᠤ ᠰᠠᠭᠤᠷᠢᠨ ᠭᠠᠵᠠᠷ ᠪᠠᠶᠢᠭᠤᠯᠵᠤ᠂ ᠰᠠᠭᠤᠷᠢ ᠠᠵᠤ ᠦᠶᠯᠡᠰ ᠢᠶᠠᠷ ᠲᠡᠵᠢᠭᠡᠨ ᠦᠷᠡᠵᠢᠭᠦᠯᠬᠦ ᠦᠶᠯᠡᠰ ᠤᠨ ᠬᠥᠭᠵᠢᠯᠲᠡ ᠶᠢ ᠳᠠᠶᠢᠴᠢᠯᠠᠬᠤ ᠎ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠮᠠᠨ ᠤ ᠬᠤᠰᠢᠭᠤᠨ ᠤ ᠮᠠᠯ ᠠᠵᠤ ᠠᠬᠤᠶ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠥᠷᠲᠡᠭ ᠢ ᠪᠦᠲᠦᠮᠵᠢᠲᠡᠶ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠡᠶᠡᠵᠢᠨ ᠴᠢᠨᠡᠭᠡᠯᠢᠭᠵᠢᠬᠦ ᠶᠢ ᠪᠡᠶᠡᠯᠡᠭᠦᠯᠵᠦ᠂ ᠮᠠᠨ ᠤ ᠬᠤᠰᠢᠭᠤᠨ ᠤ ᠮᠠᠯ ᠠᠵᠤ ᠠᠬᠤᠶ ᠲᠠᠷᠢᠶᠠᠯᠠᠩ ᠤᠨ ᠠᠵᠤ ᠠᠬᠤᠶ ᠶᠢᠨ ᠬᠥᠭᠵᠢᠯᠲᠡ ᠶᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠪᠠᠷ ᠳᠠᠮᠵᠢᠭᠤᠯᠤᠨ ᠱᠠᠨᠳᠦ᠋ᠩ ᠤᠨ ᠡᠾᠦ᠋ᠢ ᠹᠠ ᠪᠦᠯᠦᠭᠯᠡᠯ᠂ ᠤᠯᠠᠭᠠᠨᠬᠠᠳᠠ ᠶᠢᠨ ᠡᠾᠦ᠋ᠩ ᠹᠠ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠲᠠᠷᠢᠶᠠᠯᠠᠩ ᠤᠨ ᠪᠦᠲᠦᠭᠡᠭᠳᠡᠬᠦᠨ ᠢ ᠲᠦᠷᠭᠡᠨ ᠬᠥᠯᠳᠡᠭᠡᠬᠦ ᠢᠳᠡᠭᠡᠨ ᠢ ᠨᠠᠷᠢᠯᠢᠭ ᠪᠣᠯᠪᠠᠰᠤᠷᠠᠭᠤᠯᠬᠤ᠂ ᠦᠬᠡᠷ ᠬᠤᠨᠢ ᠨᠢᠲᠦᠯᠵᠦ ᠨᠠᠷᠢᠯᠢᠭ ᠪᠣᠯᠪᠠᠰᠤᠷᠠᠭᠤᠯᠬᠤ ᠵᠡᠷᠭᠡ ᠲᠥᠷᠥᠯ ᠵᠦᠶᠯ ᠤᠨ ᠲᠠᠯ᠎ᠠ ᠪᠠᠷ ᠠᠩᠬ᠎ᠠ ᠠᠯᠬᠤᠮ ᠬᠠᠮᠲᠤᠷᠠᠯᠴᠠᠬᠤ ᠰᠠᠨᠠᠮᠵᠢ ᠲᠠᠢ ᠪᠣᠯᠵᠣ᠂ ᠣᠲᠣ ᠶᠠᠭ ᠢᠳᠡᠪᠬᠢᠲᠡᠶ ᠳᠥᠯᠭᠢᠨ ᠠᠬᠢᠭᠤᠯᠵᠤ ᠪᠠᠶᠢᠨ᠎ᠠ ᠃ 2021 ᠣᠨ ᠳᠤ᠂ ᠬᠤᠰᠢᠭᠤᠨ ᠤ ᠪᠠᠭ᠎ᠠ ᠵᠢᠵᠢᠭ ᠢᠳᠡᠭᠡᠨ ᠤ ᠠᠵᠤ ᠦᠶᠯᠡᠳᠪᠦᠷᠢ ᠶᠢᠨ ᠲᠣᠭᠤᠷᠢᠭ ᠲᠤ ᠲᠦᠰᠢᠭᠯᠡᠨ᠂ ᠠᠯᠠᠰᠢᠨ ᠦᠬᠡᠷ ᠬᠤᠨᠢ ᠨᠢᠲᠤᠯᠵᠤ ᠡᠳ᠋ᠰᠢᠭᠦᠯᠬᠦ ᠪᠠᠷ ᠲᠣᠯᠣᠭᠠᠶᠢᠯᠠᠭᠤᠯᠤᠭᠰᠠᠨ ᠮᠠᠯ ᠠᠵᠤ ᠠᠬᠤᠶ ᠶᠢᠨ ᠦᠶᠯᠡᠳᠪᠦᠷᠢᠯᠡᠯ ᠪᠣᠯᠪᠠᠰᠤᠷᠠᠭᠤᠯᠤᠯᠲᠠ ᠪᠣᠷᠣᠯᠠᠭᠤᠯᠭ᠎ᠠ ᠶᠢᠨ ᠰᠢᠰᠲ᠋ᠧᠮ ᠢ ᠪᠠᠶᠢᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠬᠤ ᠪᠠᠷ ᠳᠡᠮᠵᠢᠨ᠂ ᠲᠣᠮᠣ ᠬᠡᠯᠪᠡᠷᠢ ᠶᠢᠨ ᠢᠳᠡᠭᠡᠨ ᠪᠤᠯᠪᠠᠰᠦᠷᠠᠭᠤᠯᠬᠤ ᠠᠵᠤ ᠠᠬᠤᠶᠢᠯᠠᠯ ᠢ ᠤᠷᠢᠨ ᠣᠷᠣᠭᠤᠯᠵᠤ᠂ ᠮᠠᠨ ᠤ ᠬᠤᠰᠢᠭᠤᠨ ᠤ ᠪᠥᠬᠦ ᠤᠯᠤᠰ ᠲᠤ ᠬᠠᠨᠳᠤᠭᠤᠯᠤᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠶᠯᠡᠳᠪᠦᠷᠢᠯᠡᠬᠦ᠂ ᠡᠳ᠋ᠰᠢᠭᠦᠯᠬᠦ᠂ ᠭᠠᠳᠠᠭᠰᠢ ᠭᠠᠷᠭᠠᠬᠤ ᠪᠥᠬᠦ ᠠᠵᠤ ᠦᠶᠯᠡᠰ ᠤᠨ ᠬᠡᠯᠬᠢᠶ᠎ᠡ ᠶᠢᠨ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃      ︵ᠭᠤᠴᠢᠨ ᠭᠤᠷᠪᠠ︶ ᠳᠠᠯᠠᠶᠢᠨᠠᠭᠤᠷ ᠪᠠᠯᠭᠠᠰᠤ ᠶᠢᠨ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠪᠠᠶᠢᠭᠤᠯᠬᠤ ᠲᠤᠬᠠᠶ ᠰᠠᠨᠠᠭᠤᠯᠭ᠎ᠠ᠃ ᠳᠠᠯᠠᠶᠢᠨᠠᠭᠤᠷ ᠪᠠᠯᠭᠠᠰᠤᠨ ᠤ ᠭᠠᠯᠪᠠ ᠲᠥᠯᠥᠭᠡᠯᠡᠭᠴᠢ ᠳᠠᠯᠠᠶᠢᠨᠠᠭᠤᠷ ᠪᠠᠯᠭᠠᠰᠤᠨ ᠎ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠤᠷᠰᠢᠶ᠎ᠠ ᠶᠢᠨ ᠡᠵᠡᠩᠨᠡᠯᠲᠡ ᠵᠡᠷᠭᠡ ᠠᠷᠭ᠎ᠠ ᠬᠡᠯᠪᠡᠷᠢ ᠪᠠᠷ ᠡᠪᠡᠰᠦᠨ ᠤ ᠦᠢᠯᠡᠰ ᠤᠨ ᠰᠠᠭᠤᠷᠢᠨ ᠭᠠᠵᠠᠷ ᠪᠠᠶᠢᠭᠤᠯᠬᠤ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ 2020 ᠣᠨ ᠳᠤ ᠬᠤᠰᠢᠭᠤᠨ ᠤ ᠮᠠᠯ ᠠᠵᠤ ᠠᠬᠤᠶ ᠲᠠᠷᠢᠶᠠᠯᠠᠩ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠲᠠᠷᠢᠶᠠᠯᠠᠩ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠠᠲᠤᠯᠠᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ︵ᠨᠣᠬᠠᠶ ᠎ ᠶᠢᠨ ᠬᠤᠰᠢᠭᠤ ᠡᠪᠡᠰᠦ ᠳᠠᠷᠢᠬᠤ︶᠎ ᠢ 1 ᠲᠦᠮᠡᠨ ᠮᠥ ᠭᠤᠶᠤᠴᠢᠯᠠᠪᠠ᠃ ᠲᠥᠷᠥᠯ ᠵᠦᠶᠯ ᠤᠨ ᠪᠣᠳᠠᠲᠠᠶ ᠱᠠᠭᠠᠷᠳᠠᠯᠭ᠎ᠠ ᠪᠠ ᠡᠪᠡᠰᠦ ᠪᠣᠷᠳᠣᠭᠠᠨ ᠤ ᠤᠷᠭᠤᠯᠲᠠ ᠶᠢᠨ ᠨᠥᠬᠦᠴᠡᠯ ᠶᠣᠰᠣᠭᠠᠷ᠂ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠬᠦ᠂ ᠬᠤᠷᠠᠯ ᠢᠶᠠᠷ ᠰᠤᠳᠤᠯᠬᠤ ᠪᠠᠷ ᠳᠡᠮᠵᠢᠨ᠂ ᠪᠥᠬᠦ ᠬᠤᠰᠢᠭᠤᠨ ᠤ ᠡᠪᠡᠰᠦ ᠪᠣᠷᠳᠤᠭ᠎ᠠ ᠨᠥᠭᠡᠴᠡᠯᠡᠵᠦ ᠬᠠᠩᠭᠠᠬᠤ᠂ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠪᠠᠶᠢᠳᠠᠯ ᠲᠠᠢ ᠤᠶᠠᠯᠳᠤᠭᠤᠯᠤᠨ ᠶᠡᠷᠦᠩᠬᠡᠶᠢᠯᠡᠨ ᠬᠢᠨᠠᠨ ᠲᠣᠭᠲᠠᠭᠠᠭᠰᠠᠨ ᠤ ᠳᠠᠷᠠᠭ᠎ᠠ᠂ ᠳᠠᠯᠠᠶᠢᠨᠠᠭᠤᠷ ᠪᠠᠯᠭᠠᠰᠤᠨ ᠳᠤ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠠᠲᠤᠯᠠᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠨᠡᠶᠢᠲᠡ 8500 ᠮᠥ ᠬᠡᠷᠡᠭᠵᠢᠭᠦᠯᠵᠦ᠂ ᠡᠪᠡᠰᠦ ᠪᠣᠷᠳᠤᠭ᠎ᠠ ᠳᠠᠷᠢᠬᠤ ᠡᠷᠦᠬᠡ ᠎ ᠳᠤ ᠮᠥ ᠪᠦᠷᠢ 100 ᠲᠥᠭᠦᠷᠢᠭ ᠤᠨ ᠨᠦᠭᠦᠪᠦᠷᠢ ᠦᠭᠴᠦ᠂ 2 ᠡᠪᠡᠰᠦᠨ ᠤ ᠦᠶᠯᠡᠰ ᠤᠨ ᠺᠣᠮᠫᠠᠨᠢ᠂ 83 ᠮᠠᠯᠵᠢᠬᠤ ᠡᠷᠦᠬᠡ ᠳᠤ ᠠᠰᠢᠭ ᠬᠦᠷᠲᠡᠭᠡᠪᠡ᠃ ᠨᠣᠬᠠᠶ ᠶᠢᠨ ᠬᠤᠰᠢᠭᠤ ᠡᠪᠡᠰᠦ ᠳᠠᠷᠢᠬᠤ ᠳᠤ ᠨᠥᠬᠦᠪᠥᠷᠢ ᠥᠭᠬᠦ ᠪᠠᠷ ᠳᠠᠮᠵᠢᠭᠤᠯᠤᠨ᠂ ᠲᠣᠰ ᠭᠠᠵᠠᠷ ᠣᠷᠣᠨ ᠤ ᠮᠠᠯᠴᠢᠳ ᠤᠨ ᠡᠪᠡᠰᠦ ᠪᠣᠷᠳᠤᠭ᠎ᠠ ᠬᠡᠷᠡᠭᠯᠡᠬᠦ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠮᠠᠯᠴᠢᠨ ᠡᠷᠦᠬᠡ ᠬᠢᠭᠡᠳ ᠡᠪᠡᠰᠦᠨ ᠤ ᠦᠶᠯᠡᠰ ᠤᠨ ᠺᠣᠮᠫᠠᠨᠢ ᠶᠢᠨ ᠭᠦᠨᠵᠡᠭᠡᠶ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠵᠤ᠂ ᠡᠪᠡᠰᠦᠨ ᠤ ᠦᠶᠯᠡᠰ ᠤᠨ ᠰᠠᠭᠤᠷᠢᠨ ᠭᠠᠵᠠᠷ ᠤᠨ ᠳᠠᠷᠢᠬᠤ ᠲᠠᠯᠠᠪᠠᠶ ᠎ ᠶᠢ ᠥᠷᠭᠡᠳᠬᠡᠬᠦ᠂ ᠡᠪᠡᠰᠦ ᠪᠣᠷᠳᠣᠭᠠᠨ ᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠨᠢᠭᠡᠳᠦᠯᠲᠡᠶ ᠲᠥᠪᠯᠡᠷᠡᠭᠦᠯᠦᠨ ᠲᠠᠷᠬᠠᠭᠠᠵᠤ ᠡᠪᠡᠰᠦ ᠪᠣᠷᠳᠤᠭ᠎ᠠ ᠠᠷᠠᠯᠵᠢᠶᠠᠯᠠᠬᠤ ᠠᠵᠢᠯᠯᠠᠭ᠎ᠠ ᠶᠢ ᠵᠢᠷᠤᠮᠵᠢᠭᠤᠯᠬᠤ ᠵᠡᠷᠭᠡ ᠣᠯᠠᠨ ᠵᠦᠶᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠤ ᠡᠪᠡᠰᠦ ᠬᠤᠳᠠᠯᠳᠤᠨ ᠠᠪᠬᠤ ᠬᠦᠴᠢᠷ ᠠᠰᠠᠭᠤᠳᠠᠯ ᠢ ᠦᠨᠳᠦᠰᠦᠨ ᠠᠴᠠ ᠨᠢ ᠰᠢᠶᠳᠪᠦᠷᠢᠯᠡᠨ᠎ᠡ᠃      ︵ᠭᠤᠴᠢᠨ ᠳᠥᠷᠪᠡ︶ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠦᠶᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠲᠤᠬᠠᠶ ᠰᠠᠨᠠᠭᠤᠯᠭ᠎ᠠ᠃ ᠤᠯᠠᠭᠠᠨᠪᠤᠳᠤᠩ ᠰᠤᠮᠤᠨ ᠤ ᠭᠤᠤ ᠰᠢᠶᠤᠤ ᠯᠢ ᠲᠥᠯᠥᠭᠡᠯᠡᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠩᠬᠢ ᠲᠠᠢ ᠵᠣᠬᠢᠴᠠᠭᠤᠯᠵᠤ᠂ ᠦᠢᠯᠡᠴᠢᠯᠡᠭᠡᠨ ᠤ ᠠᠵᠢᠯ ᠲᠦᠷᠦᠯ ᠳᠤ ᠳᠣᠣᠷ᠎ᠠ ᠬᠦᠦ ᠲᠠᠢ ᠵᠢᠭᠡᠯᠡᠯᠭᠡ ᠤᠯᠭᠤᠵᠦ᠂ ᠬᠢᠵᠢᠭ ᠤᠨ ᠪᠠᠶᠢᠳᠠᠯ ᠠᠴᠠ ᠪᠣᠯᠤᠭᠰᠠᠨ ᠪᠡᠯᠡ ᠮᠥᠩᠭᠦᠨ ᠤ ᠡᠷᠭᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠬᠤᠰᠢᠭᠤᠨ ᠤ ᠮᠥᠩᠭᠦᠨ ᠭᠦᠶᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠡᠰᠢᠭᠲᠡᠨ ᠬᠤᠰᠢᠭᠤᠨ ᠤ ᠰᠠᠯᠪᠤᠷᠢ ᠪᠠᠩᠬᠢ ᠨᠢ ᠬᠢᠵᠢᠭ ᠡᠭᠦᠰᠦᠭᠰᠡᠨ ᠠᠴᠠ ᠨᠠᠭᠠᠰᠢ᠂ ᠪᠠᠩᠬᠢ ᠪᠠ ᠠᠵᠤ ᠠᠬᠤᠶᠢᠯᠠᠯ ᠢ ᠵᠤᠯᠭᠠᠭᠤᠯᠬᠤ ᠶᠢ ᠣᠯᠠᠨ ᠤᠳᠠᠭ᠎ᠠ ᠵᠣᠬᠢᠶᠠᠨ ᠪᠠᠶᠢᠭᠤᠯᠵᠤ᠂ ᠵᠠᠰᠠᠭ ᠪᠠᠩᠬᠢ ᠠᠵᠤ ᠠᠬᠤᠶᠢᠯᠠᠯ ᠎ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠵᠤ᠂ ᠬᠤᠰᠢᠭᠤᠨ ᠤ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠢᠵᠢᠭ ᠤᠨ ᠨᠥᠯᠥᠭᠡ ᠶᠢ ᠨᠡᠯᠢᠶᠡᠳ ᠶᠡᠭᠡ ᠭᠥᠷᠳᠡᠭᠰᠡᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠮᠥᠩᠭᠦᠨ ᠭᠦᠶᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠣᠯᠵᠤ᠂ ᠬᠤᠯᠪᠣᠭᠳᠠᠯ ᠪᠥᠬᠦᠶ ᠮᠥᠩᠭᠦᠨ ᠭᠦᠶᠯᠭᠡᠭᠡᠨ ᠤ ᠪᠠᠶᠢᠭᠤᠯᠤᠮᠵᠢ ᠲᠠᠢ ᠵᠣᠯᠭᠠᠭᠤᠯᠪᠠ᠃ 7 ᠰᠠᠷ᠎ᠠ ᠶᠢᠨ 14᠎ ᠤ ᠡᠳᠦᠷ ᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠎ ᠤᠨ ᠵᠢᠭᠡᠯᠡᠯᠭᠡ ᠶᠢ ᠵᠣᠯᠭᠠᠭᠤᠯᠬᠤ ᠬᠤᠷᠠᠯ ᠳᠡᠭᠡᠷ᠎ᠡ᠂ 5 ᠪᠠᠩᠬᠢ 12 ᠳᠤᠮᠳᠠ ᠪᠠᠭ᠎ᠠ ᠵᠢᠵᠢᠭ ᠠᠵᠤ ᠠᠬᠤᠶᠢᠯᠠᠯ ᠲᠠᠢ ᠲᠤᠬᠠᠶ ᠶᠢᠨ ᠲᠠᠯᠠᠪᠠᠶ ᠳᠤ ᠵᠢᠭᠡᠯᠡᠯᠭᠡ ᠲᠠᠯᠪᠢᠬᠤ ᠭᠡᠷ᠎ᠡ ᠲᠣᠭᠲᠠᠵᠤ᠂ 2259 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ ᠡᠭᠦᠨ ᠳᠤ 5 ᠬᠤᠪᠢ ᠢᠲᠡᠭᠡᠮᠵᠢᠲᠦ ᠵᠢᠭᠡᠯᠡᠯᠭᠡ ᠶᠢᠨ ᠭᠡᠷ᠎ᠡ ᠲᠣᠭᠲᠠᠵᠤ᠂ 395 ᠲᠦᠮᠡᠨ ᠲᠥᠭᠦᠷᠢᠭ ᠎ ᠤᠨ ᠢᠲᠡᠭᠡᠮᠵᠢᠲᠦ ᠵᠢᠭᠡᠯᠡᠯᠭᠡ ᠲᠠᠯᠪᠢᠪᠠ᠃ 2020 ᠣᠨ ᠤ 7 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠯ᠎ᠡ ᠵᠦᠶᠯ ᠤᠨ ᠵᠢᠭᠡᠯᠡᠯᠭᠡ ᠶᠢᠨ ᠦᠯᠡᠳᠡᠪᠦᠷᠢ 780595 ᠲᠦᠮᠡᠨ ᠲᠥᠭᠦᠷᠢᠭ ᠪᠠᠶᠢᠵᠤ᠂ ᠵᠢᠯ ᠤᠨ ᠡᠬᠢᠨ ᠤ ᠬᠢ ᠠᠴᠠ 51258 ᠲᠦᠮᠡᠨ ᠲᠥᠭᠦᠷᠢᠭ ᠨᠡᠮᠡᠭᠳᠡᠵᠦ᠂ 7.02%᠎ ᠢᠶᠠᠷ ᠨᠡᠮᠡᠭᠳᠡᠪᠡ᠂ ᠡᠭᠦᠨ ᠳᠤ ᠬᠡᠷᠡᠭᠯᠡᠭᠡᠨ ᠤ ᠪᠤᠰᠤ ᠲᠥᠷᠥᠯ ᠤᠨ ᠵᠢᠭᠡᠯᠡᠯᠭᠡ 599030 ᠲᠦᠮᠡᠨ ᠲᠥᠭᠦᠷᠢᠭ ᠪᠠᠶᠢᠵᠤ᠂ ᠪᠥᠬᠦ ᠵᠢᠭᠡᠯᠡᠯᠭᠡ ᠶᠢᠨ 76.74%᠎ ᠶᠢ ᠡᠵᠡᠯᠡᠵᠦ᠂ ᠭᠤᠤᠯᠳᠠᠭᠤ ᠦᠶᠯᠡᠳᠬᠦ ᠦᠶᠯᠡᠰ᠂ ᠪᠥᠭᠡᠮ ᠢᠶᠠᠷ ᠬᠤᠳᠠᠯᠳᠤᠬᠤ ᠵᠢᠵᠢᠭᠯᠡᠨ ᠬᠤᠳᠠᠯᠳᠤᠬᠤ ᠦᠶᠯᠡᠰ᠂ ᠬᠤᠨᠤᠭ ᠪᠠᠭᠤᠳᠠᠯ ᠢᠳᠡᠭᠡᠨ ᠤᠮᠳᠠᠭᠠᠨ ᠂ ᠵᠢᠭᠤᠯᠴᠢᠯᠠᠯ ᠤᠨ ᠦᠶᠯᠡᠰ ᠢᠶᠠᠷ ᠲᠥᠯᠥᠭᠡᠯᠡᠭᠦᠯᠦᠭᠰᠡᠨ ᠣᠯᠠᠨ ᠪᠣᠳᠠᠲᠤ ᠴᠣᠭᠴᠠ ᠶᠢᠨ ᠠᠵᠤ ᠠᠬᠤᠶ ᠶᠢᠨ ᠠᠵᠢᠯ ᠲᠥᠷᠥᠯ ᠢ ᠳᠡᠮᠵᠢᠪᠡ᠃      ᠵᠢᠯ ᠤᠨ ᠡᠬᠢᠨ ᠠᠴᠠ ᠨᠠᠭᠠᠰᠢ᠂ ᠬᠤᠰᠢᠭᠤᠨ ᠳᠣᠲᠣᠷᠠᠬᠢ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠬᠦᠦ ᠶᠢᠨ ᠨᠣᠷᠮ᠎ᠠ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠦᠶᠯᠡᠴᠢᠯᠡᠭᠡᠨ ᠤ ᠠᠵᠢᠯ ᠲᠥᠷᠥᠯ ᠢ ᠪᠠᠭᠲᠠᠭᠠᠭᠰᠠᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠬᠦᠦ ᠶᠢᠨ ᠨᠣᠷᠮ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ 2020 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠬᠤᠳᠠᠯᠳᠤᠭᠠᠨ ᠤ ᠪᠠᠩᠬᠢ ᠶᠢᠨ ᠲᠠᠯᠪᠢᠭᠰᠠᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠳᠤ ᠴᠥᠮ ᠬᠠᠷᠠᠭᠠᠯᠵᠠᠯᠲᠤ ᠬᠦᠦ ᠮᠥᠩᠭᠦ ᠶᠢᠨ ᠨᠣᠷᠮ᠎ᠠ ᠶᠢ ᠬᠡᠷᠡᠭᠵᠢᠭᠦᠯᠵᠦ᠂ ᠬᠦᠦ ᠮᠥᠩᠭᠦ ᠶᠢᠨ ᠨᠣᠷᠮ᠎ᠠ ᠨᠢ 4.35% — 4.9%᠎ ᠶᠢᠨ ᠬᠤᠭᠤᠷᠣᠨᠳᠣ ᠪᠠᠶᠢᠵᠤ᠂ ᠵᠢᠯ ᠤᠨ ᠡᠬᠢᠨ ᠤ ᠬᠢ ᠠᠴᠠ ᠳᠤᠮᠳᠠᠴᠢ ᠪᠠᠷ 0.2 ᠵᠠᠭᠤᠨ ᠤ ᠨᠢᠭᠡᠴᠢ ᠪᠠᠭᠤᠷᠠᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠬᠦᠦ ᠮᠥᠩᠭᠦ ᠶᠢᠨ ᠨᠣᠷᠮ᠎ᠠ ᠨᠢ ᠵᠢᠯ ᠤᠨ ᠡᠬᠢᠨ ᠤ ᠬᠢ ᠎ ᠠᠴᠠ ᠳᠤᠮᠳᠠᠴᠢ ᠪᠠᠷ 0.25 ᠵᠠᠭᠤᠨ ᠤ ᠨᠢᠭᠡᠴᠢ ᠪᠠᠭᠤᠷᠠᠵᠠᠶ᠃ ᠡᠭᠦᠨ ᠠᠴᠠ ᠭᠠᠳᠠᠨ᠎ᠠ᠂ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠪᠠᠰᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠰᠢᠨ᠎ᠡ ᠢᠲᠡᠭᠡᠮᠵᠢᠲᠦ ᠵᠢᠭᠡᠯᠡᠯᠭᠡ ᠎ ᠶᠢᠨ ᠪᠦᠲᠦᠭᠡᠭᠳᠡᠭᠦᠨ ᠭᠠᠷᠭᠠᠪᠠ᠂ ᠡᠯ᠎ᠡ ᠠᠵᠢᠯ ᠲᠥᠷᠥᠯ ᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠎ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠵᠦ᠂ ᠦᠶᠯᠡᠳᠪᠦᠷᠢ ᠬᠤᠳᠠᠯᠳᠤᠭᠠᠨ ᠤ ᠪᠠᠩᠬᠢ ᠭᠠᠶᠢᠯᠢ ᠶᠢᠨ ᠶᠠᠪᠤᠳᠠᠯ ᠤᠨ ᠵᠢᠭᠡᠯᠡᠯᠭᠡ ᠭᠠᠷᠭᠠᠵᠦ᠂ ᠲᠠᠷᠢᠶᠠᠯᠠᠩ ᠤᠨ ᠪᠠᠩᠬᠢ ᠪᠠᠷᠢᠴᠠᠭᠠᠲᠤ e ᠵᠢᠭᠡᠯᠡᠯᠭᠡ᠂ ᠰᠢᠨ ᠶᠢᠨ e ᠵᠢᠭᠡᠯᠡᠯᠭᠡ ᠭᠠᠷᠭᠠᠵᠦ᠂ ᠳᠤᠮᠳᠠᠳᠤ ᠤᠯᠤᠰ ᠤᠨ ᠪᠠᠩᠬᠢ ᠠᠵᠢᠯ ᠢᠶᠠᠨ ᠰᠡᠷᠭᠦᠭᠡᠬᠦ ᠵᠢᠭᠡᠯᠡᠯᠭᠡ ᠭᠠᠷᠭᠠᠵᠦ᠂ ᠪᠦᠲᠦᠭᠡᠨ ᠪᠠᠶᠢᠭᠤᠯᠤᠯᠲᠠ ᠶᠢᠨ ᠪᠠᠩᠬᠢ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠎ ᠶᠢᠨ ᠵᠢᠭᠡᠯᠡᠯᠭᠡ ᠭᠠᠷᠭᠠᠵᠦ᠂ ᠲᠠᠩᠰᠠᠨ ᠡᠷᠦᠬᠡ ᠶᠢᠨ ᠡᠭᠦᠯᠡᠨ ᠵᠢᠭᠡᠯᠡᠯᠭᠡ᠂ ᠡᠭᠦᠯᠡᠨ ᠭᠠᠶᠢᠯᠢ ᠶᠢᠨ ᠵᠢᠭᠡᠯᠡᠯᠭᠡ ᠭᠠᠷᠭᠠᠵᠦ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠬᠤᠳᠠᠯᠳᠤᠭᠠᠨ ᠤ ᠵᠢᠭᠡᠯᠡᠯᠭᠡ᠂ ᠰᠢᠩ ᠯᠦᠩ ᠵᠢᠭᠡᠯᠡᠯᠭᠡ ᠵᠡᠷᠭᠡ ᠶᠢ ᠭᠠᠷᠭᠠᠵᠦ᠂ ᠣᠨᠴᠠᠭᠠᠶ ᠴᠠᠭ ᠦᠶ᠎ᠡ ᠳᠤ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠲᠤᠰᠬᠠᠶ ᠲᠣᠭᠲᠠᠭᠠᠭᠰᠠᠨ ᠡᠲᠡᠭᠡᠷ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠭᠦᠨ ᠨᠢ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠦᠶᠯᠡᠴᠢᠯᠡᠭᠡᠨ ᠤ ᠦᠶᠯᠡᠰ ᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠠᠯᠠ ᠮᠥᠩᠭᠦ ᠎ ᠶᠢᠨ ᠡᠷᠭᠢᠯᠲᠡ ᠶᠢᠨ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠨᠠᠮᠳᠠᠭᠤᠯᠬᠤ ᠳᠤ ᠠᠰᠢᠭᠲᠠᠶ ᠶᠤᠮ᠃      ᠬᠤᠶᠠᠷ᠂ ᠳᠤᠷᠠᠳᠤᠭᠰᠠᠨ ᠠᠰᠠᠭᠤᠳᠠᠯ ᠪᠠ ᠰᠠᠨᠠᠭᠤᠯᠭ᠎ᠠ ᠶᠢ ᠰᠢᠢᠳᠪᠦᠷᠢᠯᠡᠬᠦ ᠭᠡᠵᠦ ᠪᠠᠶᠢᠭ᠎ᠠ ᠪᠤᠶᠤ ᠰᠢᠢᠳᠪᠦᠷᠢᠯᠡᠬᠦ ᠪᠠᠷ ᠲᠥᠯᠥᠪᠯᠡᠵᠦ ᠪᠠᠶᠢᠭ᠎ᠠ 9 ᠵᠦᠢᠯ ︵ᠡᠭᠦᠨ ᠤ ᠳᠣᠲᠣᠷᠠᠬᠢ 5 ᠵᠦᠢᠯ ᠢ ᠨᠡᠶᠢᠯᠡᠭᠦᠯᠵᠦ ᠬᠠᠷᠢᠭᠤᠯᠲᠠ ᠥᠭᠪᠡ︶ ᠪᠠᠶᠢᠵᠦ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ ᠶᠡᠷᠦᠩᠬᠡᠢ ᠲᠣᠭᠠᠨ ᠤ 17% ︵B ᠲᠦᠷᠦᠯ︶᠎ ᠶᠢ ᠡᠵᠡᠯᠡᠨ᠎ᠡ      ︵ᠨᠢᠭᠡ︶ ᠮᠣᠩᠭᠤᠯ ᠡᠮᠨᠡᠯᠭᠡ ᠶᠢᠨ ᠪᠡᠶ᠎ᠡ ᠰᠡᠳᠬᠢᠴᠡ ᠶᠢᠨ ᠬᠠᠷᠢᠯᠴᠠᠨ ᠤᠶᠢᠯᠡᠲᠦᠯᠴᠡᠬᠦ ᠰᠡᠳᠬᠢᠴᠡ ᠶᠢᠨ ᠡᠮᠴᠢᠯᠡᠭᠡᠨ ᠤ ᠠᠷᠭ᠎ᠠ ᠶᠢᠨ ᠬᠢᠴᠢᠶᠡᠯ ᠤᠨ ᠣᠷᠳᠣ ᠬᠤᠭᠤᠴᠠᠭᠠᠨ ᠤ ᠪᠦᠲᠦᠮᠵᠢᠲᠡᠶ ᠪᠤᠯᠪᠠᠰᠦᠷᠠᠯ ᠤᠨ ᠴᠢᠬ ᠢ ᠪᠠᠶᠢᠭᠤᠯᠬᠤ ᠲᠤᠬᠠᠶ᠃ ᠪᠠᠶᠠᠨᠴᠠᠭᠠᠨ ᠰᠤᠮᠤ᠂ ᠲᠠᠯᠠᠶᠢᠨᠠᠭᠤᠷ ᠪᠠᠯᠭᠠᠰᠤ᠂ ᠳᠠᠷᠬᠠᠬᠠᠭᠤᠯᠠ ᠰᠤᠮᠤ ᠶᠢᠨ ᠬᠠᠰᠪᠠᠭᠠᠲᠤᠷ᠂ ᠬᠠᠰᠰᠤᠲᠦ ᠵᠡᠷᠭᠡ 12 ᠲᠥᠯᠥᠭᠡᠯᠡᠭᠴᠢ ᠮᠠᠨ ᠤ ᠬᠤᠰᠢᠭᠤᠨ ᠳᠤ ᠨᠠᠭᠤᠨᠪᠢᠯᠢᠭ᠌ ᠪᠠᠭᠰᠢ ᠶᠢᠨ ᠪᠡᠶ᠎ᠡ ᠰᠡᠳᠬᠢᠴᠡ ᠶᠢᠨ ᠡᠮᠴᠢᠯᠡᠭᠡᠨ ᠤ ᠬᠢᠴᠢᠶᠡᠯ ᠤᠨ ᠤᠷᠳᠤ ᠬᠤᠭᠤᠴᠠᠭᠠᠨ ᠤ ᠪᠦᠲᠦᠮᠵᠢᠲᠠᠢ ᠪᠣᠯᠪᠠᠰᠤᠷᠠᠯ ᠤᠨ ᠴᠢᠬ ᠪᠠᠶᠢᠭᠤᠯᠬᠤ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 2017 ᠣᠨ ᠠᠴᠠ ᠡᠬᠢᠯᠡᠨ ᠣᠯᠠᠨ ᠤᠳᠠᠭ᠎ᠠ ᠠᠵᠢᠯᠲᠠᠨ ᠢᠶᠠᠨ ᠵᠣᠬᠢᠶᠠᠨ ᠪᠠᠶᠢᠭᠤᠯᠤᠨ ᠪᠠᠭᠠᠷᠢᠨ ᠪᠠᠷᠠᠭᠤᠨ ᠬᠤᠰᠢᠭᠤ᠂ ᠰᠢᠯᠢᠩᠬᠤᠲᠠ ᠶᠢᠨ ︽ᠮᠣᠩᠭᠤᠯ ᠡᠮᠨᠡᠯᠭᠡ ᠶᠢᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢᠨ ᠡᠮᠴᠢᠯᠡᠭᠡᠨ ᠤ ᠰᠠᠭᠤᠷᠢᠨ︾᠎ ᠳᠤ ᠬᠦᠷᠴᠦ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠠ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠮᠠᠨ ᠤ ᠬᠤᠰᠢᠭᠤᠨ ᠤ ᠪᠣᠳᠠᠲᠠᠶ ᠲᠠᠢ ᠎ ᠪᠠᠨ ᠤᠶᠠᠯᠳᠤᠭᠤᠯᠤᠨ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ︽ᠪᠡᠶ᠎ᠡ ᠰᠡᠳᠬᠢᠴᠡ ᠶᠢᠨ ᠬᠠᠷᠢᠯᠴᠠᠨ ᠤᠶᠢᠯᠡᠲᠦᠯᠴᠡᠬᠦ ᠡᠮᠴᠢᠯᠡᠭᠡᠨ ᠤ ᠡᠷᠡᠭᠦᠯ ᠮᠡᠨᠳᠦ ᠶᠢᠨ ᠶᠠᠷᠢᠶᠠᠨ ᠤ ᠲᠠᠩᠬᠢᠮ︾᠎ ᠢ ᠣᠷᠣᠭᠤᠯᠤᠨ ᠠᠪᠴᠢᠷᠠᠬᠤ ᠬᠡᠷᠡᠭᠵᠢᠭᠦᠯᠬᠦ ᠲᠥᠰᠦᠯ ᠢ ᠲᠣᠭᠲᠠᠭᠠᠪᠠ᠃ 2017 ᠣᠨ ᠠᠴᠠ ᠣᠲᠣ ᠪᠣᠯᠲᠠᠯ᠎ᠠ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠲᠠᠢ ᠣᠯᠠᠨ ᠤᠳᠠᠭ᠎ᠠ ᠰᠠᠨᠠᠯ ᠢᠶᠠᠨ ᠰᠣᠯᠢᠯᠴᠠᠭᠰᠠᠨ ᠪᠣᠯᠪᠠᠴᠤ ᠣᠶᠢᠷ᠎ᠠ ᠶᠢᠨ ᠵᠢᠯ ᠠᠴᠠ ᠨᠠᠭᠠᠰᠢ ᠲᠣᠰ ᠡᠮᠨᠡᠯᠭᠡ ᠶᠢᠨ ᠬᠤᠷᠢᠶ᠎ᠠ ᠨᠢ ᠨᠡᠮᠡᠭᠳᠡᠭᠦᠯᠬᠦ ᠲᠥᠯᠥᠪᠯᠡᠭᠡ ᠥᠬᠡᠶ ᠪᠠᠶᠢᠭᠰᠠᠭᠠᠷ ᠶᠤᠮ᠃ ᠲᠠᠷᠠᠭᠠᠴᠢ ᠶᠢᠨ ᠠᠯᠬᠤᠮ ᠳᠤ ᠮᠠᠨ ᠤ ᠬᠤᠰᠢᠭᠤ ᠦᠷᠭᠦᠯᠵᠢᠯᠡᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠡᠷᠲᠡᠬᠡᠨ ᠬᠠᠮᠲᠤᠷᠠᠯᠴᠠᠬᠤ ᠪᠠᠷ ᠴᠢᠷᠮᠠᠶᠢᠨ᠎ᠠ᠃      ︵ᠬᠤᠶᠠᠷ︶ ᠭᠠᠷ ᠤᠲᠠᠰᠤᠨ ᠤ ᠰᠦᠯᠵᠢᠶᠡᠨ ᠤ ᠳᠣᠬᠢᠶ᠎ᠠ ᠮᠠᠭᠤ᠂ ᠨᠡᠭᠦᠳᠡᠯ ᠬᠤᠯᠪᠤᠭ᠎ᠠ ᠶᠢᠨ ᠰᠦᠯᠵᠢᠶᠡᠨ ᠎ ᠤ ᠪᠦᠷᠬᠦᠴᠡ ᠶᠢ ᠲᠡᠭᠦᠯᠳᠡᠷᠵᠢᠭᠦᠯᠬᠦ ᠲᠤᠬᠠᠶ ᠰᠠᠨᠠᠭᠤᠯᠭ᠎ᠠ᠃ ᠪᠠᠶᠠᠨᠴᠠᠭᠠᠨ ᠰᠤᠮᠤ ᠶᠢᠨ ᠰᠢᠨᠡᠪᠢᠯᠢᠭ᠂ ᠨᠠᠷᠠᠨᠴᠣᠭᠲᠤ᠂ ᠳᠠᠷᠬᠠᠬᠠᠭᠤᠯᠠ ᠰᠤᠮᠤ ᠶᠢᠨ ᠰᠣᠶᠣᠯᠲᠤ ᠵᠡᠷᠭᠡ 11 ᠲᠥᠯᠥᠭᠡᠯᠡᠭᠴᠢ᠂ ᠲᠤᠶᠠᠭᠠᠲᠦ ᠵᠡᠷᠭᠡ 5 ᠲᠥᠯᠥᠭᠡᠯᠡᠭᠴᠢ᠂ ᠰᠢᠨ ᠺᠠᠶ ᠳ᠋ᠢ ᠰᠢᠶᠠᠩ ᠤᠨ ᠮᠥ ᠶᠦᠩ ᠭᠦᠸᠧ ᠵᠡᠷᠭᠡ 8 ᠲᠥᠯᠥᠭᠡᠯᠡᠭᠴᠢ᠂ ᠬᠤᠩ ᠱᠠᠨᠽᠢ ᠰᠢᠶᠠᠩ ᠤᠨ ᠯᠢ ᠢᠦᠢ ᠲᠢᠶᠠᠨ ᠵᠡᠷᠭᠡ ᠨᠡᠶᠢᠲᠡ 27 ᠲᠥᠯᠥᠭᠡᠯᠡᠭᠴᠢ ᠪᠣᠶᠢᠳᠠ ᠪᠥᠭᠯᠡᠭᠦᠦ ᠭᠠᠴᠠᠭ᠎ᠠ ᠲᠣᠰᠬᠤᠨ ᠳᠤ ᠰᠢᠯᠵᠢᠮᠡᠯ ᠲᠤᠭᠢᠶᠠᠨ ᠤ ᠰᠠᠭᠤᠷᠢ ᠥᠷᠲᠡᠭᠡ ᠨᠡᠮᠡᠵᠦ ᠪᠠᠶᠢᠭᠤᠯᠬᠤ ᠶᠢ ᠰᠠᠨᠠᠭᠤᠯᠪᠠ᠃ ︵10 ᠳ᠋ᠤᠭᠠᠷ᠂ 24 ᠳ᠋ᠦ᠋ᠭᠡᠷ᠂ 28 ᠳ᠋ᠤᠭᠠᠷ᠂ 30 ᠳ᠋ᠤᠭᠠᠷ᠂ 36 ᠳ᠋ᠤᠭᠠᠷ ᠲᠣᠭᠠᠲᠤ ᠰᠠᠨᠠᠭᠤᠯᠭ᠎ᠠ ᠶᠢ ᠨᠡᠶᠢᠯᠡᠭᠦᠯᠦᠨ ᠬᠠᠷᠢᠭᠤᠯᠳᠠ ᠦᠭᠪᠡ︶      ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠬᠤᠰᠢᠭᠤᠨ ᠤ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠳᠤᠮᠳᠠᠳᠤ ᠤᠯᠤᠰ ᠤᠨ ᠨᠡᠭᠦᠳᠡᠯ ᠬᠤᠯᠪᠣᠭᠠᠨ ᠤ ᠬᠡᠰᠢᠭᠲᠡᠨ ᠬᠤᠰᠢᠭᠤᠨ ᠤ ᠬᠤᠪᠢᠶᠠᠷᠢ ᠺᠣᠮᠫᠠᠨᠢ ᠲᠠᠢ ᠬᠠᠷᠢᠯᠴᠠᠵᠤ ᠵᠣᠬᠢᠴᠠᠭᠤᠯᠬᠤ ᠪᠠᠷ ᠳᠡᠮᠵᠢᠨ᠂ ᠣᠲᠣ ᠳᠤᠮᠳᠠᠳᠤ ᠤᠯᠤᠰ ᠤᠨ ᠨᠡᠭᠦᠳᠡᠯ ᠬᠤᠯᠪᠣᠭᠠᠨ ᠤ ᠬᠡᠰᠢᠭᠲᠡᠨ ᠬᠤᠰᠢᠭᠤᠨ ᠤ ᠬᠤᠪᠢᠶᠠᠷᠢ ᠺᠣᠮᠫᠠᠨᠢ ᠨᠢᠭᠡᠨᠲᠡ ᠬᠤᠲᠠ ᠶᠢᠨ ᠲᠠᠰ ᠤᠨ ᠺᠣᠮᠫᠠᠨᠢ ᠳᠤ ᠮᠡᠳᠡᠭᠦᠯᠵᠦ ᠬᠠᠮᠢᠶ᠎ᠠ ᠪᠥᠬᠦᠶ ᠭᠠᠵᠠᠷ ᠣᠷᠣᠨ ᠎ ᠳᠤ ᠰᠠᠭᠤᠷᠢ ᠥᠷᠲᠡᠭᠡ ᠨᠡᠮᠡᠵᠦ ᠪᠠᠶᠢᠭᠤᠯᠬᠤ ᠪᠠᠷ ᠭᠤᠶᠤᠴᠢᠯᠠᠵᠦ᠂ ᠤᠷᠤᠨ ᠤ ᠺᠣᠮᠫᠠᠨᠢ ᠨᠢ ᠴᠤᠬᠤᠯᠠᠪᠤᠷᠢᠯᠠᠭᠰᠠᠨ ᠤ ᠳᠠᠷᠠᠭ᠎ᠠ ᠲᠡᠮᠦᠷ ᠰᠤᠪᠤᠷᠭ᠎ᠠ ᠶᠢᠨ ᠺᠣᠮᠫᠠᠨᠢ ᠠᠴᠠ ᠨᠢᠭᠡᠳᠦᠯᠲᠡᠶ ᠪᠥᠲᠥᠭᠡᠨ ᠪᠠᠶᠢᠭᠤᠯᠤᠨ᠎ᠠ᠃ ᠲᠠᠷᠠᠭᠠᠴᠢ ᠶᠢᠨ ᠠᠯᠬᠤᠮ ᠎ ᠳᠤ᠂ ᠬᠤᠰᠢᠭᠤᠨ ᠤ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠡᠭᠦᠳᠡᠯ ᠬᠤᠯᠪᠣᠭᠠᠨ ᠤ ᠺᠣᠮᠫᠠᠨᠢ ᠲᠠᠢ ᠦᠷᠭᠦᠯᠵᠢᠯᠡᠨ ᠨᠡᠪᠲᠡᠷᠡᠯᠴᠡᠵᠦ᠂ ᠡᠷᠲᠡᠬᠡᠨ ᠴᠣᠬᠤᠯᠠᠪᠤᠷᠢ ᠤᠯᠬᠤ ᠎ ᠪᠠᠷ ᠴᠢᠷᠮᠠᠶᠢᠬᠤ ᠶᠢᠨ ᠬᠠᠮᠲᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠡᠭᠦᠨ ᠠᠴᠠ ᠭᠠᠳᠠᠨ᠎ᠠ᠂ ᠣᠲᠣ ᠎ ᠶᠢᠨ ᠳᠣᠬᠢᠶ᠎ᠠ ᠨᠡᠯᠢᠶᠡᠳ ᠪᠠᠭᠤᠷᠠᠶ ᠭᠠᠵᠠᠷ ᠣᠷᠣᠨ ᠳᠤ ᠨᠡᠭᠦᠳᠡᠯ ᠬᠤᠯᠪᠣᠭᠠᠨ ᠤ ᠺᠣᠮᠫᠠᠨᠢ ᠶᠢ ᠵᠣᠬᠢᠴᠠᠭᠤᠯᠬᠤ ᠪᠠᠷ ᠳᠠᠮᠵᠢᠭᠤᠯᠤᠨ ᠵᠠᠯᠭᠠᠭᠤᠷ ᠮᠠᠰᠢᠨ ᠨᠡᠮᠡᠵᠦ ᠤᠭᠰᠠᠷᠠᠪᠠᠯ᠂ ᠮᠠᠯᠵᠢᠬᠤ ᠲᠠᠷᠢᠶᠠᠯᠠᠬᠤ ᠡᠷᠦᠬᠡ ᠶᠢᠨ ᠴᠢᠮᠡᠭᠡ ᠬᠤᠯᠪᠣᠭᠠᠨ ᠎ ᠤ ᠰᠦᠯᠵᠢᠶ᠎ᠡ ᠨᠢ ᠳᠣᠬᠢᠶ᠎ᠠ ᠥᠬᠡᠶ ᠪᠤᠶᠤ ᠳᠣᠬᠢᠶ᠎ᠠ ᠨᠢ ᠪᠠᠭᠤᠷᠠᠶ ᠪᠠᠶᠢᠬᠤ ᠵᠡᠷᠭᠡ ᠠᠰᠠᠭᠤᠳᠠᠯ ᠢ ᠰᠢᠶᠳᠪᠦᠷᠢᠯᠡᠵᠦ ᠪᠣᠯᠤᠨ᠎ᠠ᠃      ︵ᠭᠤᠷᠪᠠ︶ ᠮᠠᠯ ᠠᠵᠤ ᠠᠬᠤᠢ ᠶᠢᠨ ᠲᠡᠵᠢᠭᠡᠯ ᠡᠪᠡᠰᠦ ᠪᠣᠷᠳᠣᠭᠠᠨ ᠤ ᠣᠷᠣᠭᠤᠯᠤᠯᠲᠠ ᠶᠢ ᠴᠢᠩᠭᠠᠳᠬᠠᠬᠤ ᠲᠤᠬᠠᠢ ᠰᠠᠨᠠᠭᠤᠯᠭ᠎ᠠ᠃ ᠳᠠᠯᠠᠶᠢᠨᠠᠭᠤᠷ ᠪᠠᠯᠭᠠᠰᠤᠨ ᠤ ᠭᠠᠯᠪᠠ ᠲᠥᠯᠥᠭᠡᠯᠡᠭᠴᠢ ᠠᠴᠠ ᠵᠠᠰᠠᠭ ᠤᠨ ᠣᠷᠳᠣᠨ ᠡᠪᠡᠰᠦ ᠪᠣᠷᠳᠤᠭ᠎ᠠ ᠬᠤᠳᠠᠯᠳᠤᠨ ᠠᠪᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠭᠠᠷᠭᠠᠬᠤ ᠶᠢᠨ ᠬᠠᠮᠲᠤ ᠮᠠᠯᠴᠢᠳ ᠤᠨ ᠬᠠᠳᠤᠯᠠᠩ ᠪᠡᠯᠴᠢᠭᠡᠷ ᠲᠤ ᠲᠥᠯᠥᠪᠦᠷᠢ ᠶᠢᠨ ᠳᠠᠭᠠᠳᠬᠠᠯ ᠲᠤᠰᠢᠶᠠᠵᠦ ᠦᠭᠬᠦ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠳᠡᠭᠡᠷ᠎ᠡ ᠭᠤᠷᠪᠠᠨ ᠱᠠᠲᠤ ᠨᠢ ᠪᠦᠷ ᠡᠪᠡᠰᠦ ᠪᠣᠷᠳᠤᠭ᠎ᠠ ᠬᠤᠳᠠᠯᠳᠤᠨ ᠠᠪᠬᠤ ᠨᠥᠬᠦᠪᠥᠷᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠭᠠᠷᠭᠠᠭᠰᠠᠨ ᠦᠭᠡᠢ ᠲᠤᠯᠠ᠂ ᠮᠠᠨ ᠤ ᠬᠤᠰᠢᠭᠤ ᠤᠲᠤᠬᠠᠨ ᠳᠤ ᠪᠠᠨ ᠲᠦᠷᠦ ᠶᠢᠨ ᠪᠤᠲᠤᠯᠭ᠎ᠠ ᠭᠠᠷᠭᠠᠬᠤ ᠨᠥᠬᠦᠴᠡᠯ ᠦᠭᠡᠢ᠂ ᠲᠠᠷᠠᠭᠠᠴᠢ ᠶᠢᠨ ᠠᠯᠬᠤᠮ ᠳᠤ ᠳᠡᠭᠡᠲᠦ ᠱᠠᠲᠤᠨ ᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠲᠡᠮᠡᠴᠡᠨ ᠣᠯᠬᠤ ᠪᠤᠶᠤ ᠮᠠᠨ ᠤ ᠬᠤᠰᠢᠭᠤᠨ ᠤ ᠪᠣᠳᠠᠲᠤ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠲᠦᠯᠬᠢᠨ ᠠᠬᠢᠭᠤᠯᠤᠨ᠎ᠠ᠃ ᠡᠭᠦᠨ ᠎ ᠠᠴᠠ ᠭᠠᠳᠠᠨ᠎ᠠ᠂ 2017 ᠣᠨ ᠳᠤ ᠮᠠᠨ ᠤ ᠬᠤᠰᠢᠭᠤᠨ ᠤ ᠪᠠᠶᠠᠨᠴᠠᠭᠠᠨ ᠰᠤᠮᠤ 2 ᠲᠦᠮᠡᠨ ᠮᠥ ᠨᠤᠲᠤᠭ ᠪᠡᠯᠴᠢᠭᠡᠷ ᠤᠨ ᠲᠥᠯᠥᠪᠦᠷᠢ ᠶᠢᠨ ᠳᠠᠭᠠᠳᠬᠠᠯ ᠤᠨ ᠲᠤᠷᠰᠢᠯᠲᠠ ᠶᠢᠨ ᠴᠢᠭ᠋ ᠢ ᠬᠡᠷᠡᠭᠵᠢᠭᠦᠯᠵᠦ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢᠭᠡᠨᠲᠡ ᠨᠤᠲᠤᠭ ᠪᠡᠯᠴᠢᠭᠡᠷ ᠤᠨ ᠲᠥᠯᠥᠪᠦᠷᠢ ᠶᠢᠨ ᠳᠠᠭᠠᠳᠬᠠᠯ ᠲᠤᠰᠢᠶᠠᠬᠤ ᠶᠢ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠳᠤ ᠣᠷᠣᠭᠤᠯᠵᠤ᠂ ᠮᠠᠨ ᠤ ᠬᠤᠰᠢᠭᠤ ᠲᠤᠷᠰᠢᠯᠲᠠ ᠶᠢᠨ ᠴᠢᠭ᠋ ᠤᠨ ᠲᠤᠷᠰᠢᠯᠭ᠎ᠠ ᠪᠠ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ ᠲᠥᠯᠥᠪᠯᠡᠭᠡ ᠶᠣᠰᠣᠭᠠᠷ ᠬᠡᠷᠡᠭᠵᠢᠭᠦᠯᠦᠨ᠎ᠡ᠃      ︵ᠳᠥᠷᠪᠡ︶ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠪᠠᠶᠢᠷᠢ ᠳᠤ ᠰᠠᠭᠤᠯᠭᠠᠬᠤ ᠰᠤᠷᠭᠠᠭᠤᠯᠢ ᠎ ᠳᠤ ᠲᠤᠰᠬᠠᠶ ᠮᠡᠷᠭᠡᠵᠢᠯ ᠤᠨ ᠡᠮᠴᠢ ᠲᠣᠬᠢᠷᠠᠭᠤᠯᠬᠤ ᠲᠤᠬᠠᠶ ᠰᠠᠨᠠᠭᠤᠯᠭ᠎ᠠ᠃ ᠳᠠᠷᠬᠠᠬᠠᠭᠤᠯᠠ ᠰᠤᠮᠤ ᠶᠢᠨ ᠨᠠᠰᠦᠨᠲᠤᠭᠲᠠᠬᠤ ᠵᠡᠷᠭᠡ 11 ᠲᠥᠯᠥᠭᠡᠯᠡᠭᠴᠢ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠪᠠᠶᠢᠷᠢ ᠳᠤ ᠰᠠᠭᠤᠯᠭᠠᠬᠤ ᠰᠤᠷᠭᠠᠭᠤᠯᠢ ᠳᠤ ᠲᠤᠰᠬᠠᠶ ᠮᠡᠷᠭᠡᠵᠢᠯ ᠤᠨ ᠡᠮᠴᠢ ᠲᠣᠬᠢᠷᠠᠭᠤᠯᠵᠤ᠂ ᠰᠤᠷᠭᠠᠭᠤᠯᠢ ᠶᠢᠨ ᠡᠮᠴᠢᠯᠡᠭᠡᠨ ᠤ ᠲᠠᠰᠤᠭ ᠤᠨ ᠦᠵᠡᠭᠦᠯᠪᠡᠰᠦ ᠵᠣᠬᠢᠬᠤ ᠦᠶᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠶ ᠭᠡᠵᠦ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠰᠤᠷᠭᠠᠨ ᠬᠥᠮᠦᠵᠢᠯ ᠎ ᠤᠨ ᠲᠣᠪᠴᠢᠶ᠎ᠠ ᠪᠠᠶᠢᠴᠠᠭᠠᠨ ᠬᠠᠷᠭᠤᠭᠤᠯᠬᠤ ᠪᠠᠷ ᠳᠡᠮᠵᠢᠨ᠂ ᠣᠳᠣᠬᠠᠨ ᠳᠤ᠂ ᠪᠥᠬᠦ ᠬᠤᠰᠢᠭᠤᠨ ᠤ 33 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ 15 ᠰᠤᠷᠭᠠᠭᠤᠯᠢ ᠳᠤ 17 ᠨᠡᠷ᠎ᠡ ᠲᠤᠰᠬᠠᠶ ᠲᠤᠰᠢᠶᠠᠯᠲᠤ ᠰᠤᠷᠭᠠᠭᠤᠯᠢ ᠶᠢᠨ ᠡᠮᠴᠢ ︵ᠡᠭᠦᠨ ᠳᠤ ᠮᠠᠯᠵᠢᠬᠤ ᠲᠠᠷᠢᠶᠠᠯᠠᠬᠤ ᠣᠷᠣᠨ ᠤ 18 ᠰᠤᠷᠭᠠᠭᠤᠯᠢ ᠶᠢᠨ ᠳᠣᠲᠣᠷ᠎ᠠ ᠠᠴᠠ ᠵᠥᠪᠬᠡᠨ 2 ᠰᠤᠷᠭᠠᠭᠤᠯᠢ ᠳᠤ ᠲᠤᠰᠬᠠᠶ ᠲᠤᠰᠢᠶᠠᠯᠲᠤ ᠰᠤᠷᠭᠠᠭᠤᠯᠢ ᠶᠢᠨ ᠡᠮᠴᠢ ᠲᠣᠬᠢᠷᠠᠭᠤᠯᠵᠤ ᠪᠣᠶ︶ ᠲᠤᠭᠢᠷᠠᠭᠤᠯᠵᠦ ᠪᠤᠢ᠃ ᠵᠠᠷᠤᠳᠠᠯ ᠪᠠ ᠣᠷᠣᠨ ᠲᠤᠭ᠎ᠠ ᠬᠦᠷᠦᠯᠴᠡᠬᠦ ᠦᠭᠡᠢ ᠠᠴᠠ ᠪᠤᠯᠵᠤ᠂ ᠪᠠᠭᠰᠢ ᠶᠢᠨ ᠲᠤᠰᠢᠶᠠᠯ ᠬᠠᠪᠰᠤᠷᠭᠠᠭᠰᠠᠨ ᠰᠤᠷᠭᠠᠭᠤᠯᠢ ᠶᠢᠨ ᠡᠮᠴᠢ ᠰᠢᠰᠲ᠋ᠧᠮ ᠲᠠᠢ ᠲᠤᠰᠬᠠᠢ ᠮᠡᠷᠭᠡᠵᠢᠯ ᠤᠨ ᠮᠡᠳᠡᠯᠭᠡ ᠪᠠ ᠤᠷ᠎ᠠ ᠴᠢᠳᠠᠪᠤᠷᠢ ᠎ ᠪᠠᠷ ᠳᠤᠲᠠᠮᠠᠭ ᠪᠠᠶᠢᠵᠤ᠂ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠠᠵᠢᠯ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠥᠨᠳᠥᠷ ᠪᠢᠰᠢ ᠪᠠᠶᠢᠬᠤ ᠠᠰᠠᠭᠤᠳᠠᠯ ᠨᠡᠶᠢᠳᠡᠮ ᠣᠷᠣᠰᠢᠵᠤ ᠪᠠᠶᠢᠨ᠎ᠠ᠃ ᠳᠡᠭᠡᠷ᠎ᠡ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠱᠠᠲᠤᠨ ᠤ ᠪᠡᠯᠡ ᠮᠥᠩᠭᠦ ᠪᠠ ᠲᠤᠰᠬᠠᠶ ᠡᠮᠨᠡᠯᠭᠡ ᠶᠢᠨ ᠬᠤᠷᠢᠶᠠᠨ ᠤ ᠳᠡᠮᠵᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠰᠤᠷᠭᠠᠭᠤᠯᠢ ᠶᠢᠨ ᠪᠠᠷᠢᠮᠵᠢᠶ᠎ᠠ ᠳᠤ ᠬᠦᠷᠦᠭᠰᠡᠨ ᠡᠷᠡᠭᠦᠯ ᠬᠠᠮᠠᠭᠠᠯᠠᠯ ᠤᠨ ᠲᠠᠰᠤᠭ ︵ᠡᠷᠡᠭᠦᠯ ᠮᠡᠨᠳᠦ ᠶᠢ ᠬᠠᠮᠠᠭᠠᠯᠠᠬᠤ ᠲᠠᠰᠤᠭ︶᠎ ᠢ ᠰᠢᠯᠭᠠᠨ ᠠᠪᠬᠤ ᠠᠵᠢᠯ ᠢ ᠱᠠᠯᠠᠪᠳᠠᠨ ᠠᠬᠢᠭᠤᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠲᠦᠷᠭᠡᠬᠡᠨ ᠬᠢᠨᠠᠨ ᠤᠯᠭᠤᠵᠦ᠂ ᠰᠤᠷᠭᠠᠭᠤᠯᠢ ᠶᠢᠨ ᠡᠷᠡᠭᠦᠯ ᠬᠠᠮᠠᠭᠠᠯᠠᠯ ᠡᠷᠡᠭᠦᠯᠵᠢᠯ ᠤᠨ ᠠᠵᠢᠯᠲᠠᠨ ᠤ ᠲᠤᠰᠬᠠᠶ ᠮᠡᠷᠭᠡᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠳᠬᠠᠵᠦ᠂ ᠡᠷᠡᠭᠦᠯ ᠬᠠᠮᠠᠭᠠᠯᠠᠯ ᠡᠷᠡᠭᠦᠯᠵᠢᠯ ᠎ ᠤᠨ ᠰᠠᠭᠤᠷᠢ ᠮᠡᠳᠡᠯᠭᠡ ᠶᠢ ᠳᠡᠭᠡᠭᠰᠢᠯᠡᠭᠦᠯᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠬᠠᠮᠢᠶᠠᠷᠤᠯᠲᠠ ᠪᠠ ᠰᠢᠮ᠎ᠡ ᠲᠡᠵᠢᠭᠡᠯᠲᠦ ᠢᠳᠡᠭᠡᠨ ᠤ ᠬᠠᠮᠢᠶᠠᠷᠤᠯᠲᠠ ᠵᠡᠷᠭᠡ ᠤᠷ᠎ᠠ ᠴᠢᠳᠠᠪᠤᠷᠢ᠂ ᠰᠤᠷᠭᠠᠨ ᠬᠥᠮᠦᠵᠢᠯ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ︽ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠬᠠᠮᠲᠤᠷᠠᠯᠴᠠᠭ᠎ᠠ︾᠎ ᠶᠢᠨ ᠰᠢᠨ᠎ᠡ ᠵᠠᠭᠪᠤᠷ ᠢ ᠰᠦᠪᠡᠭᠴᠢᠯᠡᠵᠦ᠂ ᠵᠠᠰᠠᠭ ᠤᠨ ᠣᠷᠳᠣᠨ ᠢᠶᠠᠷ ᠳᠠᠮᠵᠢᠨ ᠦᠶᠯᠡᠴᠢᠯᠡᠭᠡ ᠬᠤᠳᠠᠯᠳᠤᠨ ᠠᠪᠬᠤ᠂ ᠰᠢᠨ᠎ᠡ ᠪᠠᠭᠰᠢ ᠤᠷᠢᠬᠤ ᠳᠤ ᠬᠠᠷᠢᠴᠠᠯ ᠢᠶᠠᠷ ᠰᠤᠷᠭᠠᠭᠤᠯᠢ ᠶᠢᠨ ᠡᠮᠴᠢ ᠶᠢᠨ ᠬᠥᠮᠦᠨ ᠤ ᠲᠤᠭ᠎ᠠ ᠶᠢ ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠰᠤᠷᠭᠠᠭᠤᠯᠢ ᠶᠢᠨ ᠡᠮᠴᠢ ᠶᠢᠨ ᠡᠩᠨᠡᠭᠡ ᠶᠢᠨ ᠠᠵᠢᠯᠲᠠᠨ ᠳᠤᠲᠠᠭᠳᠠᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠨ᠎ᠡ᠃      ︵ᠲᠠᠪᠤ︶ ᠬᠡᠰᠢᠭᠲᠡᠨ ᠬᠤᠰᠢᠭᠤᠨ ᠤ ᠪᠢᠷᠠᠭᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢ ᠨᠡᠭᠦᠯᠭᠡᠬᠦ ᠲᠤᠬᠠᠢ ᠰᠠᠨᠠᠭᠤᠯᠭ᠎ᠠ᠃ ᠰᠢᠷᠠᠮᠥ᠋ᠷᠡᠨ ᠵᠡᠭᠡᠯᠢ ᠭᠤᠳᠤᠮᠵᠢ ᠶᠢᠨ ᠲᠠᠨ᠎ᠠ ᠵᠡᠷᠭᠡ 11 ᠲᠥᠯᠥᠭᠡᠯᠡᠭᠴᠢ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠰᠢᠨ᠎ᠡ ᠭᠠᠵᠠᠷ ᠢ ᠲᠥᠯᠥᠪᠵᠢᠭᠦᠯᠬᠦ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠰᠤᠷᠭᠠᠨ ᠬᠥᠮᠦᠵᠢᠯ ᠎ ᠤᠨ ᠲᠣᠪᠴᠢᠶ᠎ᠠ ᠠᠴᠠ ᠬᠢᠨᠠᠨ ᠬᠠᠷᠭᠤᠭᠤᠯᠬᠤ ᠪᠠᠷ ᠳᠡᠮᠵᠢᠨ᠂ ᠪᠢᠷᠠᠭᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠬᠡᠷ᠂ ᠬᠢᠴᠢᠶᠡᠯ ᠤᠨ ᠬᠡᠷ ᠤᠨ ᠪᠥᠲᠥᠭᠡᠨ ᠪᠠᠶᠢᠭᠤᠯᠤᠯᠲᠠ ᠨᠢ ᠣᠨ ᠤᠳᠠᠵᠦ᠂ ᠴᠢᠳᠠᠮᠵᠢ ᠶᠢᠨ ᠭᠡᠷ᠂ ᠲᠠᠮᠢᠷ ᠤᠨ ᠲᠠᠯᠠᠪᠠᠶ ᠵᠢᠴᠢ ᠬᠥᠳᠡᠯᠭᠡᠭᠡᠨ ᠤ ᠬᠦᠷᠢᠶ᠎ᠡ ᠬᠡᠪᠴᠢᠶ᠎ᠡ ᠨᠢ ᠢᠪᠴᠤᠤ᠂ ᠬᠥᠯ ᠪᠥᠮᠪᠦᠭᠡ ᠶᠢᠨ ᠲᠠᠯᠠᠪᠠᠶ ᠳᠤᠲᠠᠮᠠᠭ᠂ ᠵᠢᠭᠠᠨ ᠰᠤᠷᠭᠠᠯᠲᠠ ᠶᠢᠨ ᠠᠯᠪᠠᠯᠠᠬᠤ ᠣᠷᠴᠢᠨ ᠲᠣᠭᠤᠷᠢᠨ ᠠᠨᠠᠶ᠂ ᠰᠤᠷᠭᠠᠭᠤᠯᠢ ᠎ ᠶᠢᠨ ᠳᠣᠲᠣᠷᠠᠬᠢ ᠪᠠᠷᠢᠯᠭ᠎ᠠ᠂ ᠲᠥᠬᠦᠭᠡᠷᠦᠮᠵᠢ ᠨᠢ ᠨᠢᠭᠡᠨᠲᠡ ᠪᠠᠭᠰᠢ ᠰᠤᠷᠤᠭᠴᠢᠳ ᠤᠨ ᠠᠵᠢᠯ ᠰᠤᠷᠤᠯᠭ᠎ᠠ᠂ ᠠᠮᠢᠳᠤᠷᠠᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠣᠯᠤᠭᠰᠠᠨ ᠮᠥᠷᠲᠡᠭᠡᠨ ᠳᠥᠷᠪᠡᠨ ᠲᠠᠯ᠎ᠠ ᠪᠠᠷ ᠢᠶᠠᠨ ᠰᠠᠭᠤᠭᠠᠯᠢ ᠠᠷᠠᠳ ᠤᠨ ᠲᠣᠭᠤᠷᠢᠭ ᠪᠣᠯᠬᠤᠷ᠂ ᠤᠤᠯ ᠭᠠᠵᠠᠷ ᠲᠤᠨᠢ ᠥᠭᠡᠷᠡᠴᠢᠯᠡᠨ ᠪᠠᠶᠢᠭᠤᠯᠵᠤ ᠥᠷᠭᠡᠳᠬᠡᠨ ᠪᠠᠶᠢᠭᠤᠯᠬᠤ ᠶᠢᠨ ᠠᠷᠭ᠎ᠠ ᠥᠬᠡᠶ ᠪᠣᠯᠵᠠᠶ᠃ ᠣᠳᠣᠬᠠᠨ ᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠢᠭᠡᠨᠲᠡ ᠪᠢᠷᠠᠭᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢ ᠰᠢᠯᠵᠢᠭᠦᠯᠦᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠎ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ᠂ ᠳᠠᠷᠠᠭᠠᠴᠢ ᠶᠢᠨ ᠠᠯᠬᠤᠮ ᠳᠤ ᠬᠠᠮᠢᠶ᠎ᠠ ᠪᠦᠬᠦᠢ ᠠᠵᠢᠯ ᠢ ᠱᠠᠯᠠᠪᠳᠠᠨ ᠠᠬᠢᠭᠤᠯᠵᠤ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠪᠠᠷ ᠴᠢᠷᠮᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号