| | ᠭᠤᠷᠪᠠ᠂ ᠳᠤᠷᠠᠳᠤᠭᠰᠠᠨ ᠠᠰᠠᠭᠤᠳᠠᠯ ᠪᠠ ᠰᠠᠨᠠᠭᠤᠯᠭ᠎ᠠ ᠨᠢ ᠬᠤᠯᠪᠣᠭᠳᠠᠯ ᠪᠦᠭᠦᠢ ᠲᠦᠷᠦ ᠶᠢᠨ ᠪᠤᠲᠤᠯᠭ᠎ᠠ | ᠳᠤ ᠨᠡᠶᠢᠴᠡᠬᠦ ᠦᠭᠡᠢ ᠪᠤᠶᠤ ᠮᠠᠨ ᠤ ᠬᠤᠰᠢᠭᠤᠨ ᠤ ᠪᠣᠳᠠᠲᠤ ᠪᠠᠶᠢᠳᠠᠯ ᠢ ᠦᠨᠳᠦᠰᠦᠯᠡᠨ ᠲᠦᠷ ᠴᠠᠭ ᠰᠢᠢᠳᠪᠦᠷᠢᠯᠡᠬᠦ | ᠳᠤ ᠬᠦᠴᠢᠷᠲᠡᠢ᠂ ᠬᠤᠶᠢᠰᠢᠳᠠ ᠠᠯᠬᠤᠮ ᠠᠯᠬᠤᠮ ᠢᠶᠠᠷ ᠰᠢᠢᠳᠪᠦᠷᠢᠯᠡᠬᠦ ᠪᠤᠶᠤ ᠲᠥᠯᠥᠭᠡᠯᠡᠭᠴᠢᠳ ᠲᠤ | ᠲᠠᠶᠢᠯᠪᠤᠷᠢᠯᠠᠨ ᠲᠣᠳᠣᠷᠬᠠᠶᠢᠯᠠᠬᠤ ᠴᠢᠬᠤᠯᠠᠲᠠᠢ ᠨᠢ 5 ᠬᠤᠪᠢ ᠪᠠᠶᠢᠵᠦ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ | 9% ︵C ᠲᠦᠷᠦᠯ︶ ᠶᠢ ᠡᠵᠡᠯᠡᠨ᠎ᠡ | ︵ᠨᠢᠭᠡ︶ ᠪᠠᠶᠠᠨᠭᠤᠤᠯ ᠭᠠᠴᠠᠭᠠᠨ ᠤ ᠰᠠᠭᠤᠭ᠎ᠠ ᠭᠠᠵᠠᠷ ᠲᠤ ATM ᠮᠠᠰᠢᠨ ᠤᠭᠰᠠᠷᠠᠬᠤ ᠲᠤᠬᠠᠢ | ᠰᠠᠨᠠᠭᠤᠯᠭ᠎ᠠ᠃ ᠪᠠᠶᠠᠨᠴᠠᠭᠠᠨ ᠰᠤᠮᠤ ᠶᠢᠨ ᠰᠢᠨᠡᠪᠢᠯᠢᠭ ᠲᠥᠯᠥᠭᠡᠯᠡᠭᠴᠢ ᠬᠤᠯᠪᠣᠭᠳᠠᠯ ᠪᠥᠬᠦᠶ ᠨᠢᠭᠡᠴᠡ ᠵᠣᠬᠢᠰᠲᠠᠶ | ᠠᠷᠭ᠎ᠠ ᠬᠡᠮᠵᠢᠶ᠎ᠡ ᠠᠪᠴᠤ᠂ ᠪᠠᠶᠠᠨᠭᠤᠣᠯ ᠭᠠᠴᠠᠭᠠᠨ ᠤ ᠰᠠᠭᠤᠭ᠎ᠠ ᠭᠠᠵᠠᠷ ᠲᠤ ATM ᠮᠠᠰᠢᠨ ᠤᠭᠰᠠᠷᠠᠬᠤ | ᠰᠠᠨᠠᠭᠤᠯᠭ᠎ᠠ ᠭᠠᠷᠭᠠᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠳᠤᠮᠳᠠᠳᠤ ᠤᠯᠤᠰ ᠤᠨ ᠠᠷᠠᠳ ᠤᠨ | ᠪᠠᠩᠬᠢ ᠶᠢᠨ ᠬᠡᠰᠢᠭᠲᠡᠨ ᠬᠤᠰᠢᠭᠤᠨ ᠤ ᠰᠠᠯᠪᠤᠷᠢ ᠪᠠᠩᠬᠢ ᠬᠤᠯᠪᠣᠭᠳᠠᠯ ᠪᠥᠬᠦᠶ ᠨᠢᠭᠡᠴᠡ ᠲᠠᠢ ᠬᠠᠷᠢᠯᠴᠠᠵᠤ ᠲᠤᠬᠠᠶ | ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠪᠠᠶᠠᠨᠭᠤᠤᠯ ᠭᠠᠴᠠᠭ᠎ᠠ ᠳᠤ ᠪᠠᠩᠬᠢ ᠶᠢᠨ ᠲᠣᠤᠷ | ᠴᠡᠭ ᠪᠠᠶᠢᠭᠤᠯᠤᠭᠰᠠᠨ ᠥᠬᠡᠶ᠂ ᠬᠡᠷᠪᠡ ATM ᠮᠠᠰᠢᠨ ᠤᠭᠰᠠᠷᠠᠬᠤ ᠳᠤ ᠪᠠᠩᠬᠢ ᠠᠴᠠ ᠵᠠᠶᠢᠳᠠᠭᠤ ᠮᠠᠶ᠋ᠢᠭ ᠤᠨ | ᠮᠠᠰᠢᠨ ᠪᠠᠭᠠᠵᠢ ᠶᠢ ᠰᠣᠩᠭᠤᠨ ᠤᠭᠰᠠᠷᠠᠬᠤ ᠴᠢᠬᠤᠯᠠᠲᠠᠶ᠂ ︽ᠪᠠᠩᠬᠢ ᠶᠢᠨ ᠲᠤᠬᠠᠶᠢᠯᠠᠭᠰᠠᠨ ᠠᠵᠢᠯ ᠤᠨ ᠬᠥᠮᠥᠷᠭᠡ | ᠶᠢᠨ ᠠᠮᠤᠷ ᠲᠦᠪᠰᠢᠨ ᠢ ᠰᠡᠷᠭᠡᠶᠢᠯᠡᠬᠦ ᠱᠠᠭᠠᠷᠳᠠᠯᠭ᠎ᠠ ︵GA 8582010︶︾ ᠵᠡᠷᠭᠡ ᠬᠠᠮᠢᠶᠠᠷᠤᠯᠲᠠ ᠶᠢᠨ | ᠵᠢᠷᠤᠮᠵᠢᠯ ᠤᠨ ᠲᠣᠭᠲᠠᠭᠠᠯ ᠢ ᠦᠨᠳᠦᠰᠦᠯᠡᠪᠡᠯ᠂ ᠪᠠᠶᠠᠨᠭᠤᠤᠯ ᠭᠠᠴᠠᠭ᠎ᠠ ᠣᠳᠣᠬᠠᠨ ᠳᠤ ATM ᠮᠠᠰᠢᠨ | ᠤᠭᠰᠠᠷᠠᠬᠤ ᠨᠥᠬᠦᠴᠡᠯ ᠢ ᠬᠠᠷᠠᠬᠠᠨ ᠪᠦᠷᠢᠯᠳᠦᠭᠦᠯᠦᠭᠡᠳᠦᠶ ᠪᠠᠶᠢᠨ᠎ᠠ᠃ ᠡᠭᠦᠨ ᠠᠴᠠ ᠭᠠᠳᠠᠨ᠎ᠠ᠂ ᠣᠲᠣ ᠶᠢᠨ | ᠪᠠᠶᠢᠭ᠎ᠠ ᠪᠠᠩᠬᠢ ᠶᠢᠨ ᠡᠵᠡᠩᠨᠡᠯᠲᠡ ᠶᠢᠨ ᠲᠣᠤᠷ ᠴᠡᠭ ᠠᠴᠠ ᠨᠡᠯᠢᠶᠡᠳ ᠬᠤᠯᠠ ᠪᠠᠶᠢᠬᠤ ᠪᠣᠯᠬᠤᠷ᠂ ᠪᠠᠩᠬᠢ ᠠᠴᠠ | ᠵᠠᠶᠢᠳᠠᠭᠤ ᠮᠠᠶ᠋ᠢᠭ ᠤᠨ ATM ᠮᠠᠰᠢᠨ ᠢ ᠤᠭᠰᠠᠷᠠᠭᠰᠠᠨ ᠤ ᠳᠠᠷᠠᠭ᠎ᠠ ᠮᠥᠩᠭᠦᠨ ᠭᠦᠶᠯᠭᠡᠭᠡᠨ ᠤ ᠪᠠᠶᠢᠭᠤᠯᠤᠮᠵᠢ | ᠲᠣᠭᠲᠠᠭᠠᠯ ᠶᠣᠰᠣᠭᠠᠷ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢ ᠬᠢᠬᠦ ᠶᠢᠨ ᠠᠷᠭ᠎ᠠ ᠥᠬᠡᠶ ᠪᠥᠭᠡᠳ | ᠬᠡᠷᠪᠡ ᠠᠦ᠋ᠲ᠋ᠣ᠋ ᠲᠥᠬᠦᠭᠡᠷᠦᠮᠵᠢ ᠳᠤ ᠲᠤᠬᠠᠶᠢᠯᠠᠭᠰᠠᠨ ᠠᠵᠢᠯ ᠤᠨ ᠠᠯᠳᠠᠭ᠎ᠠ ᠪᠤᠶᠤ ᠭᠡᠮᠲᠦᠯ ᠭᠠᠷᠪᠠᠯ᠂ ᠮᠥᠩᠭᠦᠨ | ᠭᠦᠶᠯᠭᠡᠭᠡᠨ ᠤ ᠪᠠᠶᠢᠭᠤᠯᠤᠮᠵᠢ ᠶᠢᠨ ᠠᠵᠢᠯᠲᠠᠨ ᠴᠤ ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠲᠤ ᠬᠦᠷᠴᠦ | ᠰᠢᠶᠳᠪᠦᠷᠢᠯᠡᠵᠦ ᠴᠢᠳᠠᠬᠤ ᠥᠬᠡᠶ ᠪᠠᠶᠢᠵᠤ᠂ ᠬᠤᠪᠢ ᠬᠦᠮᠦᠨ ᠤ ᠰᠤᠯᠢᠯᠴᠠᠭ᠎ᠠ᠂ ᠲᠠᠩᠰᠠᠨ ᠡᠷᠦᠬᠡ ᠵᠢᠴᠢ ᠪᠠᠯᠠ | ᠮᠥᠩᠭᠦ ᠶᠢᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠵᠤ ᠴᠢᠳᠠᠬᠤ ᠥᠬᠡᠶ ᠪᠤᠯᠤᠨ᠎ᠠ᠃ | ᠲᠠᠷᠠᠭᠠᠴᠢ ᠶᠢᠨ ᠠᠯᠬᠤᠮ ᠳᠤ᠂ ᠮᠠᠯᠴᠢᠳ ᠤᠨ ᠦᠶᠯᠡᠳᠪᠦᠷᠢᠯᠡᠯ ᠠᠮᠢᠳᠤᠷᠠᠯ ᠤᠨ ᠵᠣᠭᠤᠰ ᠬᠠᠳᠠᠭᠠᠯᠠᠵᠤ | ᠭᠠᠷᠭᠠᠬᠤ ᠪᠣᠳᠠᠲᠠᠶ ᠬᠡᠷᠡᠭᠴᠡᠭᠡ ᠳᠤ ᠴᠢᠭᠯᠡᠭᠦᠯᠦᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠡᠰᠢᠭᠲᠡᠨ | ᠬᠤᠰᠢᠭᠤᠨ ᠤ ᠰᠠᠯᠪᠤᠷᠢ ᠪᠠᠩᠬᠢ ᠦᠷᠭᠦᠯᠵᠢᠯᠡᠨ ᠡᠯ᠎ᠡ ᠪᠠᠩᠬᠢ ᠶᠢᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ | ᠵᠣᠬᠢᠶᠠᠨ ᠪᠠᠶᠢᠭᠤᠯᠤᠨ ᠦᠶᠯᠡᠴᠢᠯᠡᠭᠡᠨ ᠤ ᠬᠤᠭᠤᠰᠣᠨ ᠢ ᠭᠦᠨᠵᠡᠭᠡᠢ ᠤᠶᠢᠯᠠᠭᠠᠵᠦ᠂ ᠰᠢᠨᠵᠢᠯᠡᠬᠦ ᠤᠬᠠᠭᠠᠨ ᠮᠡᠷᠭᠡᠵᠢᠯ | ᠤᠨ ᠠᠷᠭ᠎ᠠ ᠪᠠᠷᠢᠯ ᠢ ᠠᠰᠢᠭᠯᠠᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠨᠠᠩ ᠠᠮᠤᠷ | ᠲᠦᠪᠰᠢᠨ᠂ ᠳᠥᠭᠦᠮ ᠳᠥᠲᠡ᠂ ᠴᠢᠨᠠᠷ ᠰᠠᠶᠢᠲᠠᠶ ᠮᠥᠩᠭᠦᠨ ᠭᠦᠶᠯᠭᠡᠭᠡᠨ ᠤ ᠦᠶᠯᠡᠴᠢᠯᠡᠭᠡ ᠬᠠᠩᠭᠠᠨ᠎ᠠ᠃ | ︵ᠬᠤᠶᠠᠷ︶ ᠠᠲᠤᠭᠤ ᠶᠢ ᠪᠦᠬᠦ ᠵᠢᠯ ᠳᠤ ᠬᠠᠰᠢᠶᠠᠯᠠᠨ ᠲᠡᠵᠢᠭᠡᠬᠦ ᠲᠤᠬᠠᠢ ᠰᠠᠨᠠᠭᠤᠯᠭ᠎ᠠ᠃ ᠪᠠᠶᠠᠨᠴᠠᠭᠠᠨ | ᠰᠤᠮᠤ ᠶᠢᠨ ᠨᠠᠷᠠᠨᠴᠤᠭᠳᠤ ᠲᠥᠯᠥᠭᠡᠯᠡᠭᠴᠢ ᠵᠣᠬᠢᠰᠲᠠᠢ ᠠᠷᠭ᠎ᠠ ᠬᠡᠮᠵᠢᠶ᠎ᠡ ᠠᠪᠴᠤ ᠮᠤᠷᠢᠨ ᠤ ᠲᠤᠭ᠎ᠠ ᠶᠢ ᠬᠢᠵᠠᠭᠠᠷᠯᠠᠬᠤ | ᠪᠤᠶᠤ ᠪᠦᠬᠦ ᠵᠢᠯ ᠳᠤ ᠮᠣᠷᠢ ᠶᠢ ᠬᠠᠰᠢᠶᠠᠯᠠᠨ ᠲᠡᠵᠢᠭᠡᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ︽ᠬᠡᠰᠢᠭᠲᠡᠨ ᠬᠤᠰᠢᠭᠤᠨ ᠤ | ᠪᠡᠯᠴᠢᠭᠡᠷᠯᠡᠭᠦᠯᠬᠦ ᠶᠢ ᠴᠠᠭᠠᠵᠠᠯᠠᠵᠦ ᠰᠡᠯᠭᠦᠨ ᠪᠡᠯᠴᠢᠭᠡᠷᠯᠡᠭᠦᠯᠬᠦ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠣᠭᠲᠠᠭᠠᠯ ᠶᠣᠰᠣᠭᠠᠷ᠂ ᠪᠠᠶᠠᠨᠴᠠᠭᠠᠨ ᠰᠤᠮᠤ | ᠶᠢᠨ ᠬᠠᠷᠢᠶᠠᠲᠤ ᠣᠷᠣᠨ ᠤ ᠬᠡᠪᠴᠢᠶᠡᠨ ᠳᠠᠬᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠤᠯ ᠣᠷᠣᠨ ᠪᠠ | ᠵᠠᠪᠰᠠᠷ ᠤᠨ ᠣᠷᠣᠨ᠂ ᠬᠦᠨᠳᠦ ᠨᠣᠴᠢᠲᠠᠶ ᠡᠯᠡᠰᠦᠷᠬᠡᠭᠵᠢᠭᠰᠡᠨ ᠣᠷᠣᠨ᠂ ᠭᠤᠤᠯᠳᠠᠯᠭ᠎ᠠ ᠲᠠᠢ ᠲᠥᠷᠥᠯ ᠵᠦᠶᠯ ᠤᠨ | ᠣᠷᠣᠨ᠂ ᠨᠤᠭᠤ ᠭᠠᠵᠠᠷ ᠨᠢ ᠪᠥᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠣᠯᠬᠤ ᠠᠴᠠ ᠭᠠᠳᠠᠨ᠎ᠠ᠂ | ᠪᠤᠰᠤᠳ ᠭᠠᠵᠠᠷ ᠣᠷᠣᠨ ᠨᠢ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ ᠪᠣᠯᠤᠨ᠎ᠠ᠂ ᠵᠢᠯ ᠪᠦᠷᠢ ᠶᠢᠨ | 4 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 15 ᠤ ᠡᠳᠦᠷ ᠢ ᠪᠡᠯᠴᠢᠭᠡᠷ ᠰᠡᠷᠭᠦᠭᠡᠬᠦ ᠬᠤᠭᠤᠴᠠᠭ᠎ᠠ ᠪᠣᠯᠭᠠᠵᠤ᠂ | ᠪᠡᠯᠴᠢᠭᠡᠷᠯᠡᠭᠦᠯᠦᠨ ᠠᠰᠢᠭᠯᠠᠬᠤ ᠶᠢ ᠴᠠᠭᠠᠵᠠᠯᠠᠨ᠎ᠠ᠃ ᠲᠤᠰ ᠭᠠᠵᠠᠷ ᠣᠷᠣᠨ ᠤᠯᠠᠷᠢᠯ ᠤᠨ ᠴᠢᠨᠠᠷᠲᠠᠶ ᠪᠡᠯᠴᠢᠭᠡᠷ | ᠰᠡᠷᠭᠦᠭᠡᠬᠦ ᠳᠦᠷᠢᠮ ᠢ ᠬᠡᠷᠡᠭᠵᠢᠭᠦᠯᠵᠦ ᠪᠠᠶᠢᠭ᠎ᠠ ᠨᠢ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ | ᠦᠢᠯᠡᠳᠪᠦᠷᠢᠯᠡᠯ ᠠᠮᠢᠳᠤᠷᠠᠯ ᠤᠨ ᠪᠣᠳᠠᠲᠤ ᠪᠠᠶᠢᠳᠠᠯ ᠳᠤ ᠨᠡᠶᠢᠴᠡᠵᠦ ᠪᠠᠶᠢᠨ᠎ᠠ᠃ 2020 ᠣᠨ ᠳᠤ᠂ ᠮᠠᠨ ᠤ | ᠬᠤᠰᠢᠭᠤᠨ ᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ | ᠰᠤᠮᠤ ᠰᠢᠶᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠮᠠᠯ ᠪᠡᠯᠴᠢᠭᠡᠷ ᠤᠨ ᠲᠡᠩᠴᠡᠭᠦᠷᠢ ᠶᠢ ᠵᠥᠷᠢᠴᠡᠭᠰᠡᠨ ᠠᠵᠢᠯᠯᠠᠭ᠎ᠠ ᠶᠢ | ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠪᠠ᠃ ᠡᠭᠦᠨ ᠤ ᠬᠠᠮᠲᠤ᠂ ᠨᠤᠲᠤᠭ | ᠪᠡᠯᠴᠢᠭᠡᠷ ᠤᠨ ᠡᠬᠢ ᠪᠠᠶᠠᠯᠢᠭ ᠢ ᠵᠦᠶ ᠵᠣᠬᠢᠰᠲᠠᠶ ᠦᠷᠭᠦᠯᠵᠢᠯᠡᠨ ᠠᠰᠢᠭᠯᠠᠬᠤ ᠶᠢ ᠠᠬᠢᠭᠤᠯᠬᠤ ᠶᠢᠨ ᠲᠥᠯᠥᠭᠡ᠂ | ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠤᠲᠤᠭ ᠪᠡᠯᠴᠢᠭᠡᠷ ᠤᠨ ᠡᠷᠬᠡ ᠶᠢ ᠲᠤᠭᠲᠠᠭᠠᠨ | ᠳᠠᠭᠠᠭᠠᠴᠢᠯᠠᠭᠤᠯᠬᠤ ᠠᠵᠢᠯ ᠢ ᠭᠦᠨᠵᠡᠭᠡᠶ ᠠᠬᠢᠭᠤᠯᠵᠤ᠂ ᠥᠩᠭᠡᠷᠡᠭᠰᠡᠨ ᠤ ︽ᠮᠠᠩᠵᠠᠨ ᠲᠣᠭᠤᠭᠠᠨ ᠠᠴᠠ ᠢᠳᠡᠬᠦ︾ | ᠨᠤᠲᠤᠭ ᠪᠡᠯᠴᠢᠭᠡᠷ ᠤᠨ ᠬᠤᠪᠢᠶᠠᠷᠢᠯᠠᠯᠲᠠ ᠶᠢᠨ ᠠᠷᠭ᠎ᠠ ᠬᠡᠯᠪᠡᠷᠢ ᠶᠢ ᠡᠪᠳᠡᠵᠦ᠂ ᠮᠠᠯᠴᠢᠳ ᠢᠶᠠᠷ ᠥᠪᠡᠷ ᠤᠨ ᠬᠢᠨ | ᠮᠠᠯ ᠪᠡᠯᠴᠢᠭᠡᠷ ᠤᠨ ᠲᠡᠩᠴᠡᠭᠦᠷᠢ ᠶᠢᠨ ᠲᠠᠩᠰᠠ ᠶᠢ ᠪᠣᠳᠣᠭᠤᠯᠵᠤ᠂ ᠮᠠᠯᠴᠢᠳ ᠤᠨ ᠨᠤᠲᠤᠭ ᠪᠡᠯᠴᠢᠭᠡᠷ ᠢ | ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠪᠡ᠃ | ︵ᠭᠤᠷᠪᠠ︶ ᠮᠠᠯᠴᠢᠳ ᠤᠨ ᠲᠡᠵᠢᠭᠡᠯ ᠡᠪᠡᠰᠦ ᠪᠣᠷᠳᠤᠭ᠎ᠠ ᠶᠢᠨ ᠲᠡᠭᠡᠭᠡᠪᠦᠷᠢ ᠶᠢᠨ ᠨᠥᠬᠦᠪᠥᠷᠢ ᠣᠯᠭᠤᠬᠤ | ᠲᠤᠬᠠᠢ ᠰᠠᠨᠠᠭᠤᠯᠭ᠎ᠠ᠃ ᠳᠠᠷᠬᠠᠬᠠᠭᠤᠯᠠ ᠰᠤᠮᠤ ᠶᠢᠨ ᠥᠨᠢᠷᠴᠡᠴᠡᠭ ᠵᠡᠷᠭᠡ 11 ᠲᠥᠯᠥᠭᠡᠯᠡᠭᠴᠢ ᠠᠴᠠ | ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠠᠬᠢ ᠡᠪᠡᠰᠦ ᠪᠣᠷᠳᠤᠭ᠎ᠠ ᠲᠡᠭᠡᠭᠡᠪᠦᠷᠢᠯᠡᠬᠦ ᠥᠪᠡᠷ ᠤᠨ ᠥᠷᠲᠡᠭ | ᠬᠡᠲᠦ ᠥᠨᠳᠥᠷ ᠵᠢᠴᠢ ᠡᠪᠦᠯ ᠤᠨ ᠤᠯᠠᠷᠢᠯ ᠤᠨ ᠲᠡᠭᠡᠭᠡᠪᠦᠷᠢ ᠶᠢᠨ ᠬᠦᠴᠢᠷᠳᠡᠯ ᠵᠡᠷᠭᠡ ᠠᠰᠠᠭᠤᠳᠠᠯ ᠳᠤ ᠴᠢᠭᠯᠡᠭᠦᠯᠦᠨ᠂ | ︽ᠪᠦᠷᠢᠨ ᠴᠢᠳᠠᠮᠵᠢᠲᠦ ᠺᠠᠷᠲ︾ ᠢᠶᠠᠷ ᠳᠠᠮᠵᠢᠭᠤᠯᠤᠨ ᠮᠠᠯᠴᠢᠳ ᠲᠤ ᠡᠪᠡᠰᠦ ᠪᠣᠷᠳᠤᠭ᠎ᠠ ᠲᠡᠭᠡᠭᠡᠪᠦᠷᠢᠯᠡᠬᠦ | ᠨᠥᠬᠦᠪᠥᠷᠢ ᠣᠯᠭᠤᠵᠤ᠂ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠶᠢ | ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠮᠠᠯ ᠠᠵᠤ ᠠᠬᠤᠶ | ᠲᠠᠷᠢᠶᠠᠯᠠᠩ ᠤᠨ ᠲᠣᠪᠴᠢᠶ᠎ᠠ ᠠᠰᠠᠭᠤᠨ ᠯᠠᠪᠯᠠᠬᠤ ᠪᠠᠷ ᠳᠡᠮᠵᠢᠨ᠂ ᠣᠶᠢᠷ᠎ᠠ ᠳᠤ ᠳᠡᠭᠡᠳᠦ ᠱᠠᠲᠤᠨ ᠠᠴᠠ ᠡᠪᠡᠰᠦ | ᠪᠣᠷᠳᠤᠭ᠎ᠠ ᠲᠡᠭᠡᠭᠡᠪᠦᠷᠢᠯᠡᠬᠦ ᠭᠤᠭᠴᠤᠭ᠎ᠠ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠥᠬᠡᠶ᠂ ᠲᠠᠷᠠᠭᠠᠴᠢ ᠶᠢᠨ | ᠠᠯᠬᠤᠮ ᠳᠤ᠂ ᠮᠠᠨ ᠤ ᠬᠤᠰᠢᠭᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠬᠤ ᠪᠠᠷ | ᠳᠡᠮᠵᠢᠨ᠂ ᠳᠡᠭᠡᠳᠦ ᠱᠠᠲᠤᠨ ᠤ ᠡᠪᠡᠰᠦ ᠪᠣᠷᠳᠤᠭ᠎ᠠ ᠲᠡᠭᠡᠭᠡᠪᠦᠷᠢᠯᠡᠬᠦ ᠬᠠᠮᠢᠶ᠎ᠠ ᠪᠥᠬᠦᠶ ᠲᠥᠷᠥᠯ ᠵᠦᠶᠯ ᠤᠨ ᠢᠵᠢ | ᠪᠥᠷᠢᠳᠦᠭᠦᠯᠬᠦ ᠪᠠᠯᠠ ᠮᠥᠩᠭᠦ ᠶᠢ ᠢᠳᠡᠪᠬᠢᠲᠡᠶ ᠣᠯᠵᠤ᠂ ᠲᠣᠮᠣ ᠬᠡᠯᠪᠡᠷᠢ ᠶᠢᠨ ᠡᠪᠡᠰᠦᠨ ᠤ ᠦᠶᠯᠡᠰ ᠤᠨ ᠺᠣᠮᠫᠠᠨᠢ | ᠲᠠᠢ ᠬᠠᠮᠲᠤᠷᠠᠨ᠂ ᠲᠣᠰ ᠭᠠᠵᠠᠷ ᠲᠤ ᠬᠡᠪᠴᠢᠶᠡᠵᠢᠭᠰᠡᠨ ᠡᠪᠡᠰᠦ ᠪᠣᠷᠳᠤᠭ᠎ᠠ ᠦᠶᠯᠡᠳᠪᠦᠷᠢᠯᠡᠵᠦ ᠲᠡᠭᠡᠭᠡᠪᠦᠷᠢᠯᠡᠬᠦ ᠠᠵᠤ | ᠠᠬᠤᠶᠢᠯᠠᠯ ᠵᠡᠷᠭᠡ ᠶᠢ ᠭᠠᠷᠭᠠᠵᠦ᠂ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠤᠯᠠᠮ ᠨᠢᠭᠡ ᠠᠯᠬᠤᠮ ᠪᠠᠲᠤᠯᠠᠵᠤ᠂ | ᠮᠠᠯᠵᠢᠬᠤ ᠲᠠᠷᠢᠶᠠᠯᠠᠬᠤ ᠣᠷᠣᠨ ᠤ ᠡᠪᠡᠰᠦ ᠪᠣᠷᠳᠤᠭ᠎ᠠ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠠ ᠮᠠᠨ ᠤ ᠬᠤᠰᠢᠭᠤᠨ ᠤ ᠮᠠᠯ ᠠᠵᠤ ᠠᠬᠤᠶ ᠶᠢᠨ ᠦᠶᠯᠡᠳᠪᠦᠷᠢᠯᠡᠯ | ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠤᠨ᠎ᠠ᠃ | ︵ᠳᠥᠷᠪᠡ︶ ᠡᠮᠴᠢᠯᠡᠭᠡᠨ ᠤ ᠣᠷᠣᠯᠭ᠎ᠠ᠂ ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦ ᠶᠢᠨ ᠬᠢᠵᠠᠭᠠᠷ | ᠲᠤᠭ᠎ᠠ ᠶᠢᠨ ᠲᠤᠬᠠᠢ ᠰᠠᠨᠠᠭᠤᠯᠭ᠎ᠠ᠃ ᠪᠢᠷᠠᠭᠤ ᠪᠠᠯᠭᠠᠰᠤᠨ ᠤ ᠵᠤᠤ ᠹᠧᠩ ᠴᠦᠨ ᠲᠥᠯᠥᠭᠡᠯᠡᠭᠴᠢ ᠠᠴᠠ ᠡᠮ ᠡᠮᠨᠡᠯᠭᠡ | ᠶᠢᠨ ᠣᠷᠣᠯᠭ᠎ᠠ ᠶᠢ ᠡᠮ ᠡᠮᠨᠡᠯᠭᠡ ᠶᠢᠨ ᠪᠠᠶᠢᠭᠤᠯᠤᠮᠵᠢ ᠳᠤ ᠥᠮᠴᠢᠯᠡᠭᠦᠯᠬᠦ ᠶᠢᠨ ᠬᠠᠮᠲᠤ ᠡᠮ ᠡᠮᠨᠡᠯᠭᠡ ᠶᠢᠨ | ᠳᠠᠭᠠᠳᠬᠠᠯ ᠤᠨ ᠪᠡᠯᠡ ᠮᠥᠩᠭᠦ ᠶᠢᠨ ᠬᠢᠵᠠᠭᠠᠷ ᠲᠤᠭ᠎ᠠ ᠶᠢ ᠬᠦᠴᠦᠨ ᠦᠭᠡᠢ ᠪᠣᠯᠭᠠᠵᠤ ᠬᠡᠷᠡᠭᠯᠡᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠡᠷᠡᠭᠦᠯ ᠬᠠᠮᠠᠭᠠᠯᠠᠯ | ᠪᠠ ᠡᠳ᠋ ᠤᠨ ᠵᠠᠰᠠᠭ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠶᠢᠴᠠᠭᠠᠨ ᠰᠤᠳᠤᠯᠤᠯᠲᠠ ᠪᠠᠷ ᠳᠡᠮᠵᠢᠨ᠂ | ᠮᠠᠨ ᠤ ᠬᠤᠰᠢᠭᠤᠨ ᠤ ᠣᠯᠠᠩᠬᠢ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠣᠷᠣᠯᠭ᠎ᠠ ᠨᠡᠯᠢᠶᠡᠳ ᠪᠠᠭ᠎ᠠ ᠪᠠᠶᠢᠭ᠎ᠠ ᠪᠣᠳᠠᠲᠤ ᠪᠠᠶᠢᠳᠠᠯ ᠳᠤ ᠰᠠᠭᠤᠷᠢᠯᠠᠨ᠂ ᠮᠠᠨ ᠤ ᠬᠤᠰᠢᠭᠤᠨ ᠤ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠡᠮᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ | ᠤᠨ ᠱᠠᠭᠠᠷᠳᠠᠯᠭ᠎ᠠ ᠶᠣᠰᠣᠭᠠᠷ᠂ ᠦᠨᠳᠦᠰᠦᠨ ᠵᠠᠷᠤᠯᠭ᠎ᠠ ᠶᠢ ᠪᠠᠲᠤᠯᠠᠬᠤ᠂ ᠡᠮᠴᠢᠯᠡᠭᠡᠨ ᠤ ᠣᠷᠣᠯᠭ᠎ᠠ ᠶᠢ ᠵᠣᠬᠢᠰᠲᠠᠶ | ᠰᠠᠭᠤᠯᠭᠠᠨ ᠲᠤᠰᠢᠶᠠᠬᠤ ᠠᠷᠭ᠎ᠠ ᠬᠡᠯᠪᠡᠷᠢ ᠶᠢ ᠠᠪᠴᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ | ᠤᠨ ᠪᠠᠶᠢᠭᠤᠯᠤᠮᠵᠢ ᠶᠢᠨ ᠨᠢᠭᠡᠳᠦᠭᠡᠷ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠨᠢᠭᠡᠴᠡ ᠪᠣᠯᠤᠭᠰᠠᠨ | ᠤ ᠬᠤᠪᠢ ᠳᠤ ᠬᠡᠪ ᠤᠨ ᠠᠵᠢᠯᠯᠠᠭ᠎ᠠ ᠪᠠ ᠠᠯᠤᠰ ᠬᠡᠲᠦ ᠶᠢᠨ ᠬᠥᠭᠵᠢᠯᠲᠡ ᠶᠢ ᠪᠦᠲᠦᠮᠵᠢᠲᠡᠶ ᠪᠠᠲᠤᠯᠠᠵᠤ ᠴᠢᠳᠠᠨ᠎ᠠ᠃ | 2020 ᠣᠨ ᠳᠤ᠂ ᠬᠤᠰᠢᠭᠤᠨ ᠤ ᠡᠳ᠋ ᠤᠨ ᠵᠠᠰᠠᠭ ᠠᠴᠠ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ | ᠳᠤ ᠰᠠᠭᠤᠯᠭᠠᠨ ᠲᠤᠰᠢᠶᠠᠭᠰᠠᠨ ᠣᠷᠣᠯᠭ᠎ᠠ ᠶᠢᠨ 40 % ᠶᠢ ᠬᠠᠰᠤᠨ ᠲᠤᠰᠢᠶᠠᠬᠤ ᠶᠢᠨ ᠬᠠᠮᠲᠤ᠂ ᠵᠠᠰᠠᠭ ᠵᠠᠬᠢᠷᠭ᠎ᠠ | ᠠᠵᠢᠯ ᠦᠶᠯᠡᠰ ᠤᠨ ᠨᠢᠭᠡᠴᠡ ᠶᠢᠨ ᠠᠯᠪᠠᠨ ᠵᠠᠷᠤᠳᠠᠯ ᠤᠨ ᠲᠥᠰᠦᠪ ᠤᠨ ᠪᠠᠷᠢᠮᠵᠢᠶ᠎ᠠ ᠶᠣᠰᠣᠭᠠᠷ᠂ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠳᠦᠷ ᠲᠤᠲᠤᠮ ᠤᠨ ᠠᠵᠢᠯᠯᠠᠭᠠᠨ ᠤ ᠵᠠᠷᠤᠳᠠᠯ | ᠨᠢ ᠬᠥᠮᠦᠨ ᠪᠦᠷᠢ 4000 ᠲᠥᠭᠦᠷᠢᠭ᠂ ᠳᠤᠯᠠᠭᠠᠯᠠᠭ᠎ᠠ ᠶᠢᠨ ᠵᠠᠷᠤᠳᠠᠯ ᠨᠢ ᠲᠡᠭᠰᠢ ᠳᠥᠷᠪᠡᠯᠵᠢᠨ ᠮᠧᠲᠷ ᠪᠦᠷᠢ | 50 ᠲᠥᠭᠦᠷᠢᠭ ᠢ ᠨᠢᠭᠡᠨᠲᠡ ᠲᠤᠭ᠎ᠠ ᠶᠣᠰᠣᠭᠠᠷ ᠲᠥᠰᠦᠪ ᠲᠤ ᠣᠷᠣᠭᠤᠯᠬᠤ ᠶᠢᠨ ᠬᠠᠮᠲᠤ ᠴᠠᠭ ᠲᠤᠬᠠᠶ ᠳᠤ ᠨᠢ | ᠥᠭᠴᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠨ ᠤ ᠴᠠᠯᠢᠩ | ᠵᠢᠴᠢ ᠱᠠᠩᠨᠠᠯ ᠤᠨ ᠴᠢᠨᠠᠷᠲᠠᠶ ᠠᠮᠵᠢᠯᠲᠠ ᠪᠦᠲᠦᠮᠵᠢ ᠶᠢᠨ ᠴᠠᠯᠢᠩ ᠢ ᠪᠥᠬᠦ ᠲᠤᠭ᠎ᠠ ᠪᠠᠷ ᠨᠢ ᠡᠭᠦᠷᠭᠡᠯᠡᠵᠦ᠂ ᠲᠤᠰᠬᠠᠶ | ᠪᠠᠯᠠ ᠮᠥᠩᠭᠦ ᠶᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠤ ᠪᠣᠯᠪᠠᠰᠤᠷᠠᠭᠤᠯᠤᠯ ᠳᠤ | ᠬᠡᠷᠡᠭᠯᠡᠬᠦ ᠪᠠᠷ ᠲᠣᠬᠢᠷᠠᠭᠤᠯᠤᠭᠰᠠᠨ ᠪᠥᠭᠡᠳ ᠡᠯ᠎ᠡ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠶᠯᠡᠴᠢᠯᠡᠭᠡᠨ ᠤ ᠨᠥᠬᠦᠪᠥᠷᠢ ᠪᠠᠯᠠ ᠮᠥᠩᠭᠦ᠂ ᠦᠨᠳᠦᠰᠦᠨ ᠡᠮ ᠤᠨ ᠲᠦᠷᠢᠮ ︵ᠡᠮ ᠤᠨ ᠵᠦᠶᠯ ᠤᠨ ᠵᠦᠷᠢᠶ᠎ᠡ | ᠦᠬᠡᠢ ᠨᠣᠷᠮ᠎ᠠ︶ ᠤᠨ ᠨᠥᠬᠦᠪᠥᠷᠢ ᠪᠠᠯᠠ ᠮᠥᠩᠭᠦ ᠶᠢ ᠴᠠᠭ ᠲᠤᠬᠠᠶ ᠳᠤ ᠨᠢ ᠲᠤᠭ᠎ᠠ ᠶᠣᠰᠣᠭᠠᠷ ᠪᠠᠭᠤᠯᠭᠠᠪᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠳ᠋ ᠤᠨ ᠵᠠᠰᠠᠭ ᠠᠴᠠ ᠲᠤᠰᠬᠠᠶ ᠪᠠᠯᠠ ᠮᠥᠩᠭᠦ ᠶᠢ ᠢᠳᠡᠪᠬᠢᠲᠡᠶ | ᠣᠯᠵᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡᠨ ᠤ | ᠲᠥᠬᠦᠭᠡᠷᠦᠮᠵᠢ ᠬᠤᠳᠠᠯᠳᠤᠨ ᠠᠪᠬᠤ ᠵᠢᠴᠢ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠵᠠᠷᠤᠯᠭ᠎ᠠ ᠳᠤ ᠬᠡᠷᠡᠭᠯᠡᠨ᠎ᠡ᠃ | | ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ | ᠤᠨ ᠶᠠᠮᠤᠨ᠂ ᠡᠷᠡᠭᠦᠯ ᠬᠠᠮᠠᠭᠠᠯᠠᠯ ᠤᠨ ᠶᠠᠮᠤᠨ ᠤ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ | ᠲᠤᠰᠢᠶᠠᠬᠤ ᠶᠡᠷᠦᠩᠬᠡᠶ ᠲᠤᠭ᠎ᠠ ᠶᠢ ᠬᠢᠵᠠᠭᠠᠷᠯᠠᠬᠤ ᠲᠤᠬᠠᠶ ᠰᠠᠨᠠᠯ︾ ︵ᠬᠥᠮᠦᠨ ᠤ ᠬᠦᠴᠦᠨ ᠤ ᠡᠬᠢ ᠪᠠᠶᠠᠯᠢᠭ | ᠬᠢᠭᠡᠳ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2012﹈ 70 ᠳ᠋ᠤᠭᠠᠷ ᠲᠣᠭᠠᠲᠤ︶ ᠪᠠ | ᠤᠯᠠᠭᠠᠨᠬᠠᠳᠠ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ︽ᠤᠯᠠᠭᠠᠨᠬᠠᠳᠠ ᠬᠤᠲᠠ ᠶᠢᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠶᠡᠷᠦᠩᠬᠡᠶ ᠲᠤᠭ᠎ᠠ ᠶᠢ ᠬᠢᠵᠠᠭᠠᠷᠯᠠᠬᠤ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ | ᠤᠯᠠᠭᠠᠨᠬᠠᠳᠠ ᠡᠮ ᠡᠮᠨᠡᠯᠭᠡ ᠶᠢᠨ ᠳᠠᠭᠠᠳᠬᠠᠯ ᠠᠯᠪᠠᠨ ᠲᠠᠷᠬᠠᠭᠠᠭᠰᠠᠨ ﹇2019﹈ 64 ᠳ᠋ᠦ᠋ᠭᠡᠷ ᠲᠣᠭᠠᠲᠤ︶ ᠶᠢᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠲᠦᠰᠦᠯᠡᠪᠡᠯ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ ᠶᠢ ᠣᠷᠣᠯᠭ᠎ᠠ ᠪᠠᠷ ᠵᠠᠷᠤᠯᠭ᠎ᠠ ᠶᠢ ᠲᠤᠭᠲᠠᠭᠠᠵᠦ᠂ ᠵᠢᠭᠠᠬᠠᠨ ᠦᠯᠡᠳᠡᠪᠦᠷᠢ ᠲᠠᠢ ᠪᠠᠶᠢᠬᠤ ᠵᠠᠷᠴᠢᠮ | ᠢᠶᠠᠷ ᠬᠤᠪᠢᠶᠠᠷᠢᠯᠠᠵᠦ᠂ ᠬᠤᠲᠠ ᠶᠢᠨ ᠱᠠᠲᠤᠨ ᠠᠴᠠ ᠮᠠᠨ ᠤ ᠬᠤᠰᠢᠭᠤᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠬᠦ ᠲᠤᠭ᠎ᠠ ᠬᠡᠮᠵᠢᠶ᠎ᠡ ᠶᠢ ᠪᠠᠭᠤᠯᠭᠠᠵᠦ᠂ ᠮᠠᠨ ᠤ ᠬᠤᠰᠢᠭᠤ ᠳᠡᠭᠡᠷ᠎ᠡ | ᠬᠤᠶᠠᠷ ᠵᠢᠯ ᠤᠨ ᠰᠠᠭᠤᠷᠢ ᠮᠥᠩᠭᠦ ᠶᠢ ᠬᠡᠷᠡᠭᠯᠡᠭᠰᠡᠨ ᠪᠠᠶᠢᠳᠠᠯ ᠲᠠᠢ ᠤᠯᠠᠮ ᠨᠢᠭᠡ ᠠᠯᠬᠤᠮ ᠤᠶᠠᠯᠳᠤᠭᠤᠯᠤᠨ | ᠰᠢᠨᠵᠢᠯᠡᠬᠦ ᠤᠬᠠᠭᠠᠨᠴᠢ ᠪᠠᠷ ᠲᠥᠰᠦᠪ ᠬᠢᠵᠦ᠂ ᠡᠯ᠎ᠡ ᠵᠥᠪᠯᠡᠯᠴᠡᠭᠡᠷ ᠤᠨ ᠡᠮᠴᠢᠯᠡᠭᠡᠨ ᠤ ᠪᠠᠶᠢᠭᠤᠯᠤᠮᠵᠢ ᠶᠢᠨ ᠰᠠᠨᠠᠯ ᠢ | ᠥᠷᠭᠡᠨ ᠢᠶᠠᠷ ᠬᠤᠷᠢᠶᠠᠭᠰᠠᠨ ᠤ ᠳᠠᠷᠠᠭ᠎ᠠ᠂ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ | ᠡᠮᠴᠢᠯᠡᠭᠡᠨ ᠤ ᠳᠠᠭᠠᠳᠬᠠᠯ ᠤᠨ ᠵᠣᠭᠤᠰ ᠤᠨ ᠲᠤᠭ᠎ᠠ ᠶᠢ ᠲᠤᠭᠲᠠᠭᠠᠵᠦ ᠪᠠᠶᠢᠨ᠎ᠠ᠃ 2018 ᠣᠨ ᠳᠤ᠂ ᠮᠠᠨ ᠤ | ᠬᠤᠰᠢᠭᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠶᠡᠷᠦᠩᠬᠡᠶ ᠲᠣᠭᠠᠨ ᠤ ᠡᠵᠡᠮᠳᠡᠯ ᠤᠨ ᠵᠠᠷᠤᠳᠠᠯ | ᠢ ᠬᠡᠷᠡᠭᠵᠢᠭᠦᠯᠦᠭᠰᠡᠨ ᠥᠬᠡᠶ ᠠᠴᠠ ᠲᠣᠰ ᠵᠢᠯ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ ᠠᠴᠠ 5000 ᠭᠠᠷᠤᠶ ᠲᠦᠮᠡᠨ ᠲᠥᠭᠦᠷᠢᠭ ᠬᠡᠲᠦᠷᠡᠭᠦᠯᠦᠨ ᠵᠠᠷᠤᠵᠤ᠂ ᠳᠠᠭᠠᠳᠬᠠᠯ ᠳᠤ | ᠣᠷᠣᠯᠴᠠᠭᠰᠠᠨ ᠡᠪᠡᠳᠴᠢᠲᠡᠨ᠂ ᠡᠮ ᠡᠮᠨᠡᠯᠭᠡ ᠶᠢᠨ ᠪᠠᠶᠢᠭᠤᠯᠤᠮᠵᠢ᠂ ᠬᠤᠰᠢᠭᠤᠨ ᠤ ᠡᠳ᠋ ᠤᠨ ᠵᠠᠰᠠᠭ ᠲᠤ ᠯᠤᠲᠤ | ᠶᠡᠭᠡ ᠠᠵᠤ ᠠᠬᠤᠶ ᠶᠢᠨ ᠳᠠᠷᠤᠯᠲᠠ ᠠᠪᠴᠢᠷᠠᠵᠤ᠂ ᠣᠲᠣ ᠪᠣᠯᠲᠠᠯ᠎ᠠ ᠬᠡᠲᠦᠷᠡᠭᠦᠯᠦᠨ ᠵᠠᠷᠤᠭᠰᠠᠨ ᠬᠡᠰᠡᠭ ᠪᠠᠯᠠ ᠮᠥᠩᠭᠦ | ᠶᠢ ᠪᠦᠷᠢᠮᠦᠰᠦᠨ ᠰᠢᠶᠳᠪᠦᠷᠢᠯᠡᠵᠦ ᠳᠡᠶᠢᠯᠦᠭᠡᠳᠦᠶ ᠪᠠᠶᠢᠨ᠎ᠠ᠃ ᠶᠡᠷᠦᠩᠬᠡᠶ ᠲᠤᠭ᠎ᠠ ᠪᠠᠷ ᠵᠠᠷᠤᠳᠠᠯ ᠢ ᠡᠵᠡᠮᠳᠡᠬᠦ ᠶᠢ | ᠬᠡᠷᠡᠭᠵᠢᠭᠦᠯᠬᠦ ᠨᠢ ᠡᠮᠴᠢᠯᠡᠭᠡᠨ ᠤ ᠪᠠᠶᠢᠭᠤᠯᠤᠮᠵᠢ ᠶᠢᠨ ᠬᠡᠲᠦ ᠣᠨᠣᠰᠢᠯᠠᠨ ᠡᠮᠨᠡᠬᠦ ᠶᠢ ᠰᠡᠷᠭᠡᠶᠢᠯᠡᠬᠦ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠬᠡᠲᠦ ᠵᠠᠷᠤᠯᠭ᠎ᠠ ᠶᠢ ᠬᠢᠵᠠᠭᠠᠷᠯᠠᠬᠤ ᠳᠤ ᠠᠰᠢᠭᠲᠠᠶ ᠪᠠᠶᠢᠵᠤ᠂ ᠣᠳᠣᠬᠠᠨ ᠤ | ᠣᠷᠴᠢᠨ ᠨᠥᠬᠦᠴᠡᠯ ᠳᠣᠤᠷ᠎ᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠦᠭᠰᠢᠭᠦᠷᠢ ᠶᠢ ᠬᠤᠷᠢᠭᠯᠠᠬᠤ | ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠦᠷᠭᠦᠯᠵᠢᠯᠡᠬᠦ ᠶᠢ ᠪᠡᠶᠡᠯᠡᠭᠦᠯᠬᠦ ᠶᠢᠨ ᠴᠢᠬᠤᠯᠠ ᠠᠷᠭ᠎ᠠ ᠪᠠᠷᠢᠯ | ᠪᠣᠯᠤᠨ᠎ᠠ᠃ | ︵ᠲᠠᠪᠤ︶ ᠠᠰᠢᠭ ᠬᠤᠨᠵᠢᠪᠣᠷᠢ ᠶᠢᠨ ᠪᠤᠰᠤ ᠡᠮᠨᠡᠯᠭᠡ ᠶᠢᠨ ᠬᠤᠷᠢᠶᠠᠨ ᠤ ᠴᠠᠬᠢᠯᠭᠠᠨ ᠤ ᠦᠨ᠎ᠡ ᠶᠢ | ᠬᠤᠳᠠᠯᠳᠤᠭ᠎ᠠ ᠳᠤ ᠬᠡᠷᠡᠭᠯᠡᠬᠦ ᠴᠠᠬᠢᠯᠭᠠᠨ ᠤ ᠰᠦᠢᠳᠬᠡᠯ ᠠᠴᠠ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠰᠦᠢᠳᠬᠡᠯ | ᠪᠣᠯᠭᠠᠨ ᠬᠤᠪᠢᠷᠠᠭᠤᠯᠬᠤ ᠲᠤᠬᠠᠢ ᠰᠠᠨᠠᠭᠤᠯᠭ᠎ᠠ᠃ ᠰᠢᠷᠠᠮᠥ᠋ᠷᠡᠨ ᠵᠡᠭᠡᠯᠢ ᠭᠤᠳᠤᠮᠵᠢ ᠶᠢᠨ ᠢᠦᠢ ᠬᠦᠶ ᠪᠢᠨ | ᠲᠥᠯᠥᠭᠡᠯᠡᠭᠴᠢ ᠠᠴᠠ ᠠᠰᠢᠭ ᠬᠤᠨᠵᠢᠪᠣᠷᠢ ᠶᠢᠨ ᠪᠤᠰᠤ ᠡᠮᠨᠡᠯᠭᠡ ᠶᠢᠨ ᠬᠤᠷᠢᠶᠠᠨ ᠤ ᠴᠠᠬᠢᠯᠭᠠᠨ ᠤ ᠦᠨ᠎ᠡ ᠶᠢ | ᠬᠤᠳᠠᠯᠳᠤᠭᠠᠨ ᠳᠤ ᠬᠡᠷᠡᠭᠯᠡᠬᠦ ᠴᠠᠬᠢᠯᠭᠠᠨ ᠤ ᠰᠦᠶᠳᠬᠡᠯ ᠠᠴᠠ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠰᠦᠶᠳᠬᠡᠯ | ᠪᠣᠯᠭᠠᠨ ᠬᠤᠪᠢᠷᠠᠭᠤᠯᠬᠤ ᠪᠤᠶᠤ ᠴᠠᠬᠢᠯᠭᠠᠨ ᠤ ᠵᠥᠷᠢᠶᠡᠲᠦ ᠦᠨ᠎ᠡ ᠶᠢᠨ ᠨᠥᠬᠦᠪᠥᠷᠢ ᠤᠯᠭᠤᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠤᠨ ︽ᠪᠤᠷᠤᠯᠠᠭᠤᠯᠭ᠎ᠠ ᠶᠢᠨ ᠴᠠᠬᠢᠯᠭᠠᠨ ᠤ ᠦᠨ᠎ᠡ ᠶᠢᠨ ᠲᠥᠷᠥᠯ ᠬᠤᠪᠢᠶᠠᠭᠰᠠᠨ | ᠪᠦᠲᠦᠴᠡ ᠳᠤ ᠲᠣᠬᠢᠷᠠᠭᠤᠯᠤᠯᠲᠠ ᠬᠢᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠮᠡᠳᠡᠭᠳᠡᠯ︾ ︵ | ᠬᠥᠭᠵᠢᠭᠦᠯᠦᠯᠲᠡ ᠥᠭᠡᠷᠡᠴᠢᠯᠡᠯᠲᠡ ᠦᠨ᠎ᠡ ﹇2013﹈ 973 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠣᠰᠣᠭᠠᠷ᠂ ᠠᠰᠢᠭ ᠬᠤᠨᠵᠢᠪᠣᠷᠢ ᠶᠢᠨ ᠪᠤᠰᠤ ᠡᠮᠨᠡᠯᠭᠡ ᠶᠢᠨ ᠬᠤᠷᠢᠶᠠᠨ ᠤ ᠬᠡᠷᠡᠭᠯᠡᠬᠦ ᠴᠠᠬᠢᠯᠭᠠᠨ ᠤ | ᠲᠥᠷᠥᠯ ᠢᠯᠭᠠᠯ ᠨᠢ ᠠᠵᠤ ᠦᠢᠯᠡᠳᠪᠦᠷᠢ ᠬᠤᠳᠠᠯᠳᠤᠭ᠎ᠠ ᠵᠢᠴᠢ ᠪᠤᠰᠤᠳ ᠴᠠᠬᠢᠯᠭᠠᠨ ᠬᠡᠷᠡᠭᠯᠡᠬᠦ ᠦᠨ᠎ᠡ ᠬᠠᠩᠰᠢ ᠶᠢᠨ | ᠲᠥᠷᠥᠯ ᠢᠯᠭᠠᠯ ᠳᠤ ᠬᠠᠷᠢᠶᠠᠯᠠᠭᠳᠠᠨ᠎ᠠ᠃ ᠴᠠᠬᠢᠯᠭᠠᠨ ᠤ ᠦᠨ᠎ᠡ ᠶᠢᠨ ᠲᠥᠷᠥᠯ ᠬᠤᠪᠢᠶᠠᠭᠰᠠᠨ ᠪᠦᠲᠦᠴᠡ ᠶᠢ | ᠲᠣᠭᠲᠠᠭᠠᠬᠤ ᠡᠷᠬᠡ ᠮᠡᠳᠡᠯ ᠨᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠬᠠᠷᠢᠶᠠᠯᠠᠭᠳᠠᠨ᠎ᠠ | ᠂ ᠣᠷᠣᠨ ᠨᠤᠲᠤᠭ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠨᠢ ᠡᠵᠡᠨ ᠮᠡᠳᠡᠵᠦ ᠲᠦᠷᠦᠯ ᠬᠤᠪᠢᠶᠠᠬᠤ ᠡᠷᠬᠡ ᠥᠬᠡᠶ᠃ | ᠲᠥᠯᠥᠭᠡᠯᠡᠭᠴᠢᠳ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠳᠤᠷᠠᠳᠤᠭᠰᠠᠨ ᠶᠠᠪᠤᠳᠠᠯ ᠪᠣᠯ ᠵᠠᠰᠠᠭ ᠤᠨ | ᠣᠷᠳᠣᠨ ᠤ ᠠᠵᠢᠯ ᠢ ᠢᠳᠡᠭᠡᠨ ᠳᠡᠮᠵᠢᠭᠰᠡᠨ ᠤ ᠢᠯᠡᠷᠡᠯ ᠪᠣᠯᠬᠤ ᠪᠥᠭᠡᠳ ᠵᠠᠰᠠᠭ ᠤᠨ ᠣᠷᠳᠣᠨ ᠤ ᠠᠵᠢᠯ ᠢ | ᠥᠷᠨᠢᠭᠦᠯᠬᠦ ᠳᠤ ᠠᠰᠢᠭᠲᠠᠢ ᠶᠤᠮ᠃ ᠡᠯ᠎ᠡ ᠵᠦᠢᠯ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠠᠶᠢᠲᠤᠷ | ᠰᠢᠢᠳᠪᠦᠷᠢᠯᠡᠵᠦ᠂ ᠲᠥᠯᠥᠭᠡᠯᠡᠭᠴᠢᠳ ᠲᠤ ᠬᠠᠨᠤᠮᠵᠢᠲᠠᠢ ᠬᠠᠷᠢᠭᠤᠯᠲᠠ ᠥᠭᠬᠦ ᠶᠢᠨ ᠲᠥᠯᠥᠭᠡ᠂ ᠪᠢᠳᠡ | ᠰᠢᠢᠳᠪᠦᠷᠢᠯᠡᠬᠦ ᠶᠠᠪᠤᠴᠠ ᠳᠠᠭᠠᠨ ᠭᠤᠣᠯᠳᠠᠭᠤ ᠳᠣᠣᠷᠠᠬᠢ ᠮᠡᠲᠦ ᠪᠣᠳᠠᠲᠠᠢ ᠠᠷᠭ᠎ᠠ ᠬᠡᠮᠵᠢᠶ᠎ᠡ ᠶᠢ ᠠᠪᠤᠪᠠ᠄ ᠨᠢᠭᠡ ᠳᠤ | ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠲᠡᠭᠦᠰᠦᠭᠰᠡᠨ ᠤ ᠳᠠᠷᠠᠭ᠎ᠠ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠠᠴᠠ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠠᠴᠠ ᠰᠢᠶᠳᠪᠦᠷᠢᠯᠡᠬᠦ ᠪᠠᠷ ᠲᠣᠭᠲᠠᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠨᠠᠷᠢᠨ ᠬᠢᠨᠠᠮᠠᠭᠠᠶ ᠡᠮᠬᠢᠯᠡᠵᠦ᠂ ᠬᠠᠮᠢᠶ᠎ᠠ ᠪᠥᠬᠦᠶ | ᠨᠢᠭᠡᠴᠡ ᠳᠤ ᠲᠣᠰ ᠲᠣᠰ ᠰᠢᠯᠵᠢᠭᠦᠯᠦᠨ ᠲᠤᠰᠢᠶᠠᠵᠤ ᠰᠢᠶᠳᠪᠦᠷᠢᠯᠡᠭᠦᠯᠦᠭᠡᠳ᠂ ᠡᠯ᠎ᠡ ᠳᠠᠭᠠᠭᠠᠨ ᠭᠦᠶᠴᠡᠳᠬᠡᠬᠦ | ᠨᠢᠭᠡᠴᠡ ᠶᠢᠨ ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠪᠠ᠃ ᠬᠤᠶᠠᠷ ᠲᠤ ᠭᠦᠶᠴᠡᠳᠬᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠪᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ | ᠱᠠᠭᠠᠷᠳᠠᠨ ᠪᠠᠶᠢᠴᠠᠭᠠᠬᠤ ᠭᠡᠷ᠂ ᠨᠠᠷᠢᠨ ᠪᠢᠴᠢᠭᠡᠴᠢ ᠶᠢᠨ ᠭᠡᠷ ᠢ ᠡᠯ᠎ᠡ ᠳᠠᠭᠠᠭᠠᠨ ᠭᠦᠶᠴᠡᠳᠬᠡᠬᠦ ᠨᠢᠭᠡᠴᠡ ᠶᠢᠨ | ᠰᠢᠶᠳᠪᠦᠷᠢᠯᠡᠭᠰᠡᠨ ᠪᠠᠶᠢᠳᠠᠯ ᠢ ᠮᠥᠷᠳᠡᠨ ᠱᠠᠭᠠᠷᠳᠠᠨ ᠭᠦᠶᠴᠡᠳᠬᠡᠯᠭᠡᠬᠦ ᠶᠢ ᠬᠠᠷᠢᠭᠤᠴᠠᠭᠤᠯᠬᠤ ᠶᠢᠨ ᠬᠠᠮᠲᠦ ᠳᠠᠭᠠᠭᠠᠨ | ᠭᠦᠶᠴᠡᠳᠬᠡᠬᠦ ᠨᠢᠭᠡᠴᠡ ᠶᠢᠨ ᠬᠠᠷᠢᠭᠤᠯᠲᠠ ᠶᠢ ᠬᠢᠨᠠᠨ ᠬᠠᠷᠭᠤᠭᠤᠯᠵᠤ᠂ ᠱᠠᠭᠠᠷᠳᠠᠯᠭ᠎ᠠ ᠳᠤ ᠨᠡᠶᠢᠴᠡᠬᠦ ᠥᠬᠡᠶ | ᠬᠠᠷᠢᠭᠤᠯᠲᠠ ᠶᠢ ᠳᠠᠭᠠᠭᠠᠨ ᠭᠦᠶᠴᠡᠳᠬᠡᠬᠦ ᠨᠢᠭᠡᠴᠡ ᠳᠤ ᠪᠤᠴᠠᠭᠠᠨ ᠳᠠᠬᠢᠨ ᠭᠦᠶᠴᠡᠳᠬᠡᠯᠭᠡᠵᠦ᠂ ᠡᠯ᠎ᠡ ᠳᠠᠭᠠᠭᠠᠨ | ᠭᠦᠶᠴᠡᠳᠬᠡᠬᠦ ᠨᠢᠭᠡᠴᠡ ᠴᠥᠮ ᠲᠤᠰᠢᠶᠠᠨ ᠭᠦᠶᠴᠡᠳᠬᠡᠯᠭᠡᠭᠰᠡᠨ ᠤ ᠳᠠᠷᠠᠭᠠᠬᠢ 3 ᠰᠠᠷ᠎ᠠ ᠶᠢᠨ ᠳᠣᠲᠣᠷ᠎ᠠ | ᠭᠦᠶᠴᠡᠳᠬᠡᠵᠦ ᠳᠠᠭᠤᠰᠬᠠᠪᠠ᠃ ᠭᠤᠷᠪᠠ ᠳᠤ ᠭᠦᠶᠴᠡᠳᠬᠡᠬᠦ ᠵᠢᠷᠤᠮ ᠢ ᠴᠢᠩᠭᠠᠳᠬᠠᠪᠠ᠃ ᠡᠯ᠎ᠡ ᠳᠠᠭᠠᠭᠠᠨ | ᠭᠦᠶᠴᠡᠳᠬᠡᠬᠦ ᠨᠢᠭᠡᠴᠡ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠶᠳᠪᠦᠷᠢᠯᠡᠬᠦ ᠶᠠᠪᠤᠴᠠ | ᠳᠤ᠂ ᠤᠳᠠᠰᠦ ᠪᠠᠷ ᠠᠰᠠᠭᠤᠬᠤ᠂ ᠰᠤᠷᠪᠤᠯᠵᠢᠯᠠᠬᠤ᠂ ᠶᠠᠷᠢᠯᠴᠠᠬᠤ ᠬᠤᠷᠠᠯ ᠬᠢᠬᠦ ᠵᠡᠷᠭᠡ ᠬᠡᠯᠪᠡᠷᠢ ᠪᠠᠷ ᠲᠥᠯᠥᠭᠡᠯᠡᠭᠴᠢ | ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠲᠥᠯᠥᠭᠡᠯᠡᠭᠴᠢᠳ ᠤᠨ ᠰᠠᠨᠠᠯ ᠢ ᠭᠦᠶᠴᠡᠳ ᠬᠤᠷᠢᠶᠠᠭᠰᠠᠨ ᠪᠥᠭᠡᠳ | ᠲᠥᠯᠥᠭᠡᠯᠡᠭᠴᠢ ᠥᠪᠡᠷ ᠢᠶᠠᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ | ᠤᠨ ᠬᠠᠷᠢᠭᠤᠯᠲᠠ ᠶᠢ ᠰᠢᠢᠳᠪᠦᠷᠢᠯᠡᠭᠰᠡᠨ ᠰᠠᠨᠠᠯ ᠤᠨ ᠰᠠᠨᠠᠯ ᠬᠤᠷᠢᠶᠠᠬᠤ ᠬᠦᠰᠦᠨᠦᠭᠲᠦ︾ ᠶᠢ ᠲᠠᠭᠯᠠᠵᠤ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠡᠯ᠎ᠡ ᠳᠠᠭᠠᠭᠠᠨ ᠭᠦᠶᠴᠡᠳᠬᠡᠬᠦ ᠨᠢᠭᠡᠴᠡ | ᠶᠢᠨ ᠬᠠᠷᠢᠭᠤᠯᠲᠠ ᠥᠭᠭᠦᠭᠰᠡᠨ ᠰᠠᠨᠠᠯ ᠢ ᠬᠤᠷᠢᠶᠠᠩᠭᠤᠶᠢᠯᠠᠬᠤ ᠶᠢᠨ ᠬᠠᠮᠲᠦ᠂ ᠡᠯ᠎ᠡ ᠬᠤᠪᠢᠳᠠᠨ ᠬᠠᠮᠢᠶᠠᠷᠬᠤ | ᠤᠳᠤᠷᠢᠳᠤᠯᠭ᠎ᠠ ᠶᠢᠨ ᠰᠠᠨᠠᠯ ᠢ ᠲᠣᠰ ᠲᠣᠰ ᠬᠤᠷᠢᠶᠠᠵᠦ᠂ ︽ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ | ᠤ ᠲᠥᠯᠥᠭᠡᠯᠡᠭᠴᠢᠳ ᠤᠨ ᠰᠢᠭᠦᠮᠵᠢᠯᠡᠯ ᠪᠠ ᠰᠠᠨᠠᠭᠤᠯᠭ᠎ᠠ ᠶᠢ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ | ︾ ᠶᠢ ᠬᠤᠷᠢᠶᠠᠩᠭᠤᠶᠢᠯᠠᠨ ᠪᠦᠷᠢᠯᠲᠦᠭᠦᠯᠵᠦ᠂ ᠣᠲᠣ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ | ᠳᠡᠪᠰᠢᠭᠦᠯᠵᠦ ᠬᠢᠨᠠᠨ ᠵᠥᠪᠯᠡᠭᠦᠯᠦᠶ᠎ᠡ᠃ | ᠳᠡᠭᠡᠷᠡᠬᠢ ᠮᠡᠳᠡᠭᠦᠯᠦᠯᠲᠡ ᠶᠢ ᠬᠢᠨᠠᠨ ᠵᠦᠪᠯᠡᠬᠦ ᠪᠣᠯᠪᠠᠤ᠃ | | | | |