ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠎ ᠶᠢᠨ ᠪᠠᠶᠢᠩᠭᠤ ᠶᠢᠨ ᠬᠤᠷᠢᠶ᠎ᠠ ᠶᠢᠨ ᠰᠠᠨᠠᠯ ᠵᠥᠪᠯᠡᠯᠭᠡ ᠶᠢᠨ ᠠᠵᠢᠯ ᠤᠨ ᠮᠡᠳᠡᠭᠦᠯᠦᠯᠲᠡ ︵ᠨᠢᠭᠡ︶
ᠨᠡᠶᠢᠲᠡᠯᠡᠭᠰᠡᠨ ᠴᠠᠭ᠄
2021/5/14
     ——2021 ᠣᠨ ᠤ 3 ᠰᠠᠷ᠎ᠠ ᠶᠢᠨ 8᠎ ᠤ ᠡᠳᠦᠷ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                                            ᠮᠠ ᠾᠥᠩ ᠮᠧᠶᠭᠡᠰᠢᠭᠦᠳ ᠡ᠄      ᠪᠢ ᠤᠯᠤᠰ ᠲᠥᠷᠤ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠎ ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠶᠡᠭᠡ ᠬᠤᠷᠠᠯ ᠳᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠠᠴᠠ ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠶ᠎ᠠ᠂ ᠬᠢᠨᠠᠨ ᠵᠥᠪᠯᠡᠬᠦ ᠪᠣᠯᠪᠠᠤ᠃      ᠨᠢᠭᠡ᠂ ᠰᠠᠨᠠᠯ ᠵᠥᠪᠯᠡᠯᠭᠡ ᠵᠢᠴᠢ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠦᠨᠳᠦᠰᠦᠨ ᠪᠠᠶᠢᠳᠠᠯᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠠᠴᠠ ᠨᠠᠰᠢ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠴᠢ ᠨᠢᠭᠡᠴᠡ ᠨᠢ ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠤᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠶᠯᠡᠴᠢᠯᠡᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠠᠵᠢᠯ ᠤᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠵᠠᠩᠭᠢᠯᠠᠭ᠎ᠠ ᠶᠢᠨ ᠠᠰᠠᠭᠤᠳᠠᠯ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠎ ᠶᠢᠨ ᠴᠢᠬᠤᠯᠠ ᠠᠰᠠᠭᠤᠳᠠᠯ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠯ ᠵᠥᠪᠯᠡᠯᠭᠡ ᠪᠠᠷ ᠳᠠᠮᠵᠢᠭᠤᠯᠤᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠶᠴᠡᠳᠬᠡᠨ ᠰᠠᠨᠠᠯ ᠰᠠᠨᠠᠭᠤᠯᠭ᠎ᠠ ᠳᠤᠷᠠᠳᠪᠠ᠃ ᠨᠢᠭᠡ ᠵᠢᠯ ᠤᠨ ᠲᠤᠷᠰᠢ᠂ ᠨᠡᠶᠢᠳᠡ 52 ᠬᠤᠪᠢ ᠰᠠᠨᠠᠯ ᠵᠥᠪᠯᠡᠯᠭᠡ ᠎ ᠶᠢ ᠬᠦᠯᠢᠶᠡᠨ ᠠᠪᠴᠤ᠂ ᠬᠢᠨᠠᠨ ᠪᠠᠶᠢᠴᠠᠭᠠᠵᠤ ᠪᠦᠬᠦᠨ ᠢ ᠬᠡᠷᠡᠭ ᠪᠣᠯᠭᠠᠨ ᠳᠠᠩᠰᠠᠯᠠᠪᠠ᠃ ᠡᠭᠦᠨ ᠳᠤ ᠤᠯᠤᠰ ᠲᠦᠷᠦ ᠎ ᠶᠢᠨ ᠪᠠᠶᠢᠭᠤᠯᠤᠯᠲᠠ ᠶᠢᠨ ᠲᠤᠬᠠᠢ 4 ᠵᠦᠢᠯ ᠪᠠᠶᠢᠵᠤ᠂ 8%᠎ ᠶᠢ ᠡᠵᠡᠯᠡᠵᠦ ᠪᠤᠢ︔ ᠠᠵᠤ ᠠᠬᠤᠢ ᠶᠢᠨ ᠪᠦᠳᠤᠭᠡᠨ ᠪᠠᠶᠢᠭᠤᠯᠤᠯᠲᠠ ᠶᠢᠨ ᠲᠤᠬᠠᠢ ᠰᠠᠨᠠᠯ ᠵᠥᠪᠯᠡᠯᠭᠡ 11 ᠵᠦᠢᠯ ᠪᠠᠶᠢᠵᠤ᠂ 21%᠎ ᠶᠢ ᠡᠵᠡᠯᠡᠵᠦ ᠪᠤᠢ︔ ᠰᠣᠶᠣᠯ ᠤᠨ ᠦᠶᠯᠡᠰ ᠤᠨ ᠲᠥᠷᠥᠯ ᠤᠨ 7 ᠬᠤᠪᠢ ᠪᠠᠶᠢᠵᠤ᠂ 13%᠎ ᠶᠢ ᠡᠵᠡᠯᠡᠵᠦ ᠪᠤᠢ︔ ᠨᠡᠶᠢᠭᠡᠮ ᠠᠷᠠᠳ ᠤᠨ ᠠᠮᠢᠳᠤᠷᠠᠯ ᠎ ᠤᠨ ᠲᠥᠷᠥᠯ ᠤᠨ 24 ᠪᠠᠶᠢᠵᠤ᠂ 46%᠎ ᠶᠢ ᠡᠵᠡᠯᠡᠵᠦ ᠪᠤᠢ︔ ᠠᠮᠢ ᠠᠬᠤᠶ ᠶᠢᠨ ᠪᠣᠯᠪᠠᠰᠤᠨ ᠤ ᠲᠥᠷᠥᠯ ᠤᠨ 6 ᠬᠤᠪᠢ ᠪᠠᠶᠢᠵᠤ᠂ 12%᠎ ᠢ ᠡᠵᠡᠯᠡᠵᠦ ᠪᠤᠢ︔᠃ ᠰᠠᠨᠠᠯ ᠵᠥᠪᠯᠡᠯᠭᠡ ᠶᠢ ᠲᠤᠰᠢᠶᠠᠨ ᠰᠢᠶᠳᠪᠦᠷᠢᠯᠡᠭᠦᠯᠬᠦ ᠠᠯᠬᠤᠮ ᠳᠠᠷᠠᠭᠠᠯᠠᠯ ᠶᠣᠰᠣᠭᠠᠷ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢᠶᠠᠷ ᠭᠠᠷ ᠤᠨ ᠥᠰᠥᠭ ᠵᠢᠷᠤᠭᠤᠯᠤᠨ ᠵᠥᠪᠰᠢᠶᠡᠷᠡᠭᠦᠯᠦᠭᠰᠡᠨ ᠤ ᠳᠠᠷᠠᠭ᠎ᠠ᠂ 26 ᠡᠷᠬᠡ ᠲᠤᠰᠢᠶᠠᠯᠲᠤ ᠰᠠᠯᠠᠭ᠎ᠠ ᠮᠥᠴᠢᠷ ᠲᠤ ᠲᠤᠰᠢᠶᠠᠨ ᠰᠢᠢᠳᠪᠦᠷᠢᠯᠡᠭᠦᠯᠪᠡ᠃ 2020 ᠣᠨ ᠤ 11 ᠰᠠᠷ᠎ᠠ ᠶᠢᠨ 30᠎ ᠤ ᠡᠳᠦᠷ ᠪᠣᠯᠲᠠᠯ᠎ᠠ᠂ ᠬᠡᠷᠡᠭ ᠪᠣᠯᠭᠠᠨ ᠳᠠᠩᠰᠠᠯᠠᠭᠰᠠᠨ ᠰᠠᠨᠠᠯ ᠵᠥᠪᠯᠡᠯᠭᠡ ᠶᠢ ᠪᠦᠬᠦᠨ ᠢ ᠰᠢᠶᠳᠪᠦᠷᠢᠯᠡᠨ ᠬᠠᠷᠢᠭᠤᠯᠲᠠ ᠥᠭᠴᠦ᠂ ᠬᠤᠰᠢᠭᠤᠨ ᠤ ᠵᠠᠰᠠᠭ ᠤᠨ ᠣᠷᠳᠣᠨ ᠠᠴᠠ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠎ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷ᠎ᠡ ᠰᠠᠨᠠᠯ ᠵᠥᠪᠯᠡᠯᠭᠡ ᠶᠢ ᠰᠢᠶᠳᠪᠦᠷᠢᠯᠡᠭᠰᠡᠨ ᠪᠠᠶᠢᠳᠠᠯ ᠢ ᠵᠠᠷᠯᠠᠨ ᠮᠡᠳᠡᠭᠳᠡᠪᠡ᠃ ᠰᠢᠶᠳᠪᠦᠷᠢᠯᠡᠭᠰᠡᠨ ᠪᠠᠶᠢᠳᠠᠯ ᠠᠴᠠ ᠦᠵᠡᠪᠡᠯ᠂ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠢᠭᠡᠨᠲᠡ ᠰᠢᠶᠳᠪᠦᠷᠢᠯᠡᠭᠰᠡᠨ ᠪᠠ ᠬᠡᠰᠡᠭ ᠲᠠᠯ᠎ᠠ ᠪᠠᠷ ᠰᠢᠶᠳᠪᠦᠷᠢᠯᠡᠭᠰᠡᠨ ᠨᠢ 46 ᠬᠤᠪᠢ ᠪᠠᠶᠢᠵᠤ᠂ 88%᠎ ᠶᠢ ᠡᠵᠡᠯᠡᠵᠦ ᠪᠤᠢ ︔ ᠶᠠᠭ ᠰᠢᠢᠳᠪᠦᠷᠢᠯᠡᠵᠦ ᠪᠠᠶᠢᠭ᠎ᠠ ᠪᠤᠶᠤ ᠲᠥᠯᠥᠪᠵᠢᠭᠦᠯᠭᠡ ᠳᠡᠭᠡᠨ ᠣᠷᠣᠭᠤᠯᠤᠨ ᠠᠯᠬᠤᠮ ᠠᠯᠬᠤᠮ ᠢᠶᠠᠷ ᠰᠢᠢᠳᠪᠦᠷᠢᠯᠡᠬᠦ ᠨᠢ 5 ᠬᠤᠪᠢ ᠪᠠᠶᠢᠵᠤ᠂ 10%᠎ ᠶᠢ ᠡᠵᠡᠯᠡᠵᠦ ᠪᠤᠢ︔ ᠨᠥᠬᠦᠴᠡᠯ ᠤᠨ ᠬᠢᠵᠠᠭᠠᠷᠯᠠᠯ ᠠᠴᠠ ᠪᠤᠯᠵᠤ ᠲᠦᠷ ᠴᠠᠭ ᠰᠢᠢᠳᠪᠦᠷᠢᠯᠡᠬᠦ ᠳᠤ ᠬᠦᠴᠢᠷᠲᠡᠢ ᠪᠥᠭᠡᠳ ᠲᠠᠶᠢᠯᠪᠤᠷᠢᠯᠠᠯᠲᠠ ᠲᠣᠳᠣᠷᠬᠠᠶᠢᠯᠠᠯᠲᠠ ᠬᠢᠭᠰᠡᠨ ᠨᠢ 1 ᠵᠦᠢᠯ ᠪᠠᠶᠢᠵᠤ᠂ 2%᠎ ᠢ ᠡᠵᠡᠯᠡᠵᠦ ᠪᠤᠢ᠃ ᠬᠠᠷᠢᠭᠤ ᠲᠤᠰᠬᠠᠭᠰᠠᠨ ᠰᠠᠨᠠᠯ ᠠᠴᠠ ᠦᠵᠡᠪᠡᠯ᠂ ᠭᠡᠰᠢᠭᠦᠳ ᠬᠠᠨᠤᠮᠵᠢᠲᠠᠶ ᠪᠤᠶᠤ ᠦᠨᠳᠦᠰᠦᠨ ᠳᠡᠭᠡᠨ ᠬᠠᠨᠤᠮᠵᠢᠲᠠᠶ ᠪᠠᠶᠢᠬᠤ ᠨᠣᠷᠮ᠎ᠠ ᠨᠢ 96%᠎ ᠳᠤ ᠬᠦᠷᠪᠡ᠃      ︵ᠨᠢᠭᠡ︶ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠩᠬᠠᠷᠴᠤ᠂ ᠴᠢᠨᠠᠷ ᠰᠠᠶᠢᠲᠠᠢ ᠬᠥᠭᠵᠢᠯᠲᠡ ᠎ ᠳᠤ ᠬᠦᠴᠦᠨ ᠨᠡᠮᠡᠷᠢᠯᠡᠪᠡ᠃ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠨᠢ ᠠᠵᠤ ᠠᠬᠤᠢ ᠶᠢ ᠬᠥᠭᠵᠢᠭᠦᠯᠬᠦ ᠶᠠᠪᠤᠳᠠᠯ ᠪᠣᠯᠤᠨ᠎ᠠ᠃ ᠭᠡᠰᠢᠭᠦᠳ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠭᠤᠷᠬᠠᠶ ᠶᠢᠨ ᠦᠶᠯᠡᠰ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠮᠠᠯᠵᠢᠬᠤ ᠣᠷᠣᠨ ᠤ ᠠᠷᠠᠳ ᠤᠨ ᠳᠤᠮᠳᠠᠬᠢ ᠥᠨᠳᠥᠷ ᠬᠦᠦ ᠲᠠᠢ ᠵᠢᠭᠡᠯᠡᠯᠭᠡ ᠶᠢ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠰᠦᠯᠵᠢᠶᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠰᠠᠨᠠᠯ ᠵᠥᠪᠯᠡᠯᠭᠡ ᠳᠤᠷᠠᠳᠪᠠ᠃ ᠡᠲᠡᠭᠡᠷ ᠰᠠᠨᠠᠯ ᠰᠠᠨᠠᠭᠤᠯᠭ᠎ᠠ ᠨᠢ ᠨᠠᠷᠢᠨ ᠪᠣᠳᠠᠲᠠᠶ ᠪᠠᠶᠢᠴᠠᠭᠠᠯᠲᠠ ᠶᠢᠨ ᠲᠤᠭ᠎ᠠ ᠪᠠᠷᠢᠮᠲᠠ ᠲᠠᠢ᠂ ᠠᠰᠠᠭᠤᠳᠠᠯ ᠢ ᠰᠢᠶᠳᠪᠦᠷᠢᠯᠡᠬᠦ ᠪᠣᠳᠠᠲᠠᠶ ᠰᠡᠳᠬᠢᠴᠡ ᠲᠠᠢ᠂ ᠠᠵᠢᠯ ᠢᠶᠠᠨ ᠰᠠᠶᠢᠵᠢᠷᠠᠭᠤᠯᠤᠨ ᠳᠡᠭᠡᠭᠰᠢᠯᠡᠭᠦᠯᠬᠦ ᠪᠣᠳᠠᠲᠠᠶ ᠠᠷᠭ᠎ᠠ ᠬᠡᠮᠵᠢᠶ᠎ᠡ ᠲᠠᠢ ᠪᠠᠶᠢᠵᠤ᠂ ᠮᠠᠨ ᠤ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠣᠶᠤᠨ ᠤ ᠡᠬᠢ ᠪᠠᠶᠠᠯᠢᠭ ᠪᠠ ᠠᠷᠠᠳ ᠤᠨ ᠰᠠᠨᠠᠭ᠎ᠠ ᠶᠢᠨ ᠢᠷᠡᠯᠲᠡ ᠪᠣᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠬᠢ ᠰᠠᠨᠠᠯ ᠵᠥᠪᠯᠡᠯᠭᠡ ᠳᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠶᠯᠡᠳᠦᠯ ᠢ ᠢᠳᠡᠪᠬᠢᠲᠡᠶ ᠪᠠᠳᠠᠷᠠᠭᠤᠯᠵᠤ᠂ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠭᠰᠡᠨ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠤᠭᠰᠠᠨ ᠪᠠᠶᠢᠷᠢᠰᠢᠯ ᠢ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠨᠠᠶᠮᠠᠨ ᠬᠡᠯᠪᠡᠷᠢ︾᠎ ᠶᠢᠨ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯ ᠠᠵᠤ ᠠᠬᠤᠶ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃      ︵ᠬᠤᠶᠠᠷ︶ ᠰᠣᠶᠣᠯ ᠤᠨ ᠪᠠᠶᠢᠭᠤᠯᠤᠯᠲᠠ ᠶᠢ ᠠᠩᠬᠠᠷᠴᠤ᠂ ᠴᠡᠴᠡᠭᠯᠡᠨ ᠬᠥᠭᠵᠢᠬᠦ ᠳᠤ ᠬᠦᠴᠦᠨ ᠨᠡᠮᠡᠷᠢᠯᠡᠪᠡ ᠃ ᠰᠣᠶᠣᠯ ᠪᠣᠯ ᠨᠢᠭᠡ ᠦᠨᠳᠦᠰᠦᠲᠡᠨ ᠤ ᠰᠦᠭ ᠰᠦᠨᠡᠰᠦ ᠮᠥᠨ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃ ᠭᠡᠰᠢᠭᠦᠳ ᠰᠢᠯᠢᠳᠡᠭ ᠤᠯᠠᠮᠵᠢᠯᠠᠯᠲᠤ ᠰᠣᠶᠣᠯ ᠪᠠ ᠦᠨᠳᠦᠰᠦᠲᠡᠨ ᠎ ᠤ ᠣᠷᠣᠨ ᠨᠤᠲᠤᠭ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠲᠣᠭᠤᠷᠢᠨ ᠳᠤ᠂ ᠮᠠᠨ ᠤ ᠬᠤᠰᠢᠭᠤᠨ ᠤ ᠣᠷᠣᠨ ᠨᠤᠲᠤᠭ ᠤᠨ ᠰᠣᠶᠣᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠭᠡᠮᠯᠢᠭ ᠢ ᠪᠠᠶᠢᠭᠤᠯᠬᠤ᠂ ᠮᠣᠩᠭᠤᠯ ᠶᠤᠸᠠᠨ ᠤ ᠰᠣᠶᠣᠯ ᠤᠨ ᠨᠠᠷᠠᠲᠤ ᠲᠡᠮᠳᠡᠭ ᠢ ᠡᠭᠦᠳᠬᠦ᠂ ᠦᠨᠳᠦᠰᠦᠨ ᠱᠠᠲᠤᠨ ᠤ ᠰᠣᠶᠣᠯ ᠤᠨ ᠠᠵᠢᠯᠯᠠᠭ᠎ᠠ ᠶᠢ ᠪᠠᠶᠠᠯᠢᠭᠵᠢᠭᠤᠯᠬᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠵᠡᠷᠭᠡ ᠰᠠᠨᠠᠯ ᠵᠥᠪᠯᠡᠯᠭᠡ ᠳᠤᠷᠠᠳᠪᠠ᠃ ᠳᠠᠭᠠᠭᠠᠨ ᠭᠦᠶᠴᠡᠳᠬᠡᠬᠦ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠦᠶ ᠵᠣᠬᠢᠰᠲᠠᠶ ᠰᠠᠨᠠᠯ ᠰᠠᠨᠠᠭᠤᠯᠭ᠎ᠠ ᠶᠢ ᠢᠳᠡᠪᠬᠢᠲᠡᠶ ᠯᠠᠪᠯᠠᠯᠲᠠ ᠪᠣᠯᠭᠠᠨ ᠬᠡᠷᠡᠭᠯᠡᠵᠦ᠂ ᠶᠢᠩᠴᠠᠩ ᠤᠨ ᠬᠠᠭᠤᠴᠢᠨ ᠬᠤᠲᠠ ᠶᠢᠨ ᠪᠠᠭᠤᠷᠢ ᠶᠢ ᠬᠠᠮᠠᠭᠠᠯᠠᠬᠤ ᠲᠥᠷᠥᠯ ᠵᠦᠶᠯ ᠢ ᠡᠮᠬᠢ ᠵᠢᠷᠤᠮ ᠲᠠᠢ ᠠᠬᠢᠭᠤᠯᠵᠤ᠂ ᠠᠯᠲᠠᠨ ᠤᠯᠤᠰ ᠤᠨ ᠤᠲᠠᠰᠤᠨ ᠬᠡᠷᠡᠮ ᠤᠨ ᠪᠠᠭᠤᠷᠢ ᠶᠢᠨ ᠤᠯᠢᠶᠠᠰᠤᠲᠠᠢ ᠶᠢᠨ ᠬᠡᠰᠡᠭ ᠢ ᠤᠯᠤᠰ ᠤᠨ ᠲᠠᠰ ᠤᠨ ᠣᠷᠳᠣ ᠴᠠᠭᠠᠨ ᠬᠡᠷᠡᠮ ᠎ ᠤᠨ ᠴᠢᠬᠤᠯᠠ ᠬᠡᠰᠡᠭ ᠪᠣᠯᠭᠠᠪᠠ᠃ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠤᠯᠠᠭᠠᠨᠮᠥ᠋ᠴᠢᠷ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ᠂ ᠴᠡᠷᠢᠭ ᠤᠨ ᠬᠤᠸᠠᠷᠠᠨ᠂ ᠠᠵᠤ ᠠᠬᠤᠶᠢᠯᠠᠯ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠦᠨᠳᠦᠰᠦᠲᠡᠨ ᠎ ᠤ ᠪᠦᠯᠬᠦᠮᠳᠡᠯ ᠵᠡᠷᠭᠡ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠨᠠᠮ ᠤᠨ ᠳᠠᠭᠤ ᠬᠤᠭᠤᠯᠠᠢ ᠪᠠ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠡᠯᠪᠡᠭ ᠪᠠᠶᠠᠯᠢᠭ ᠣᠶᠤᠨ ᠤ ᠲᠡᠵᠢᠭᠡᠯ ᠢ ᠦᠨᠳᠦᠰᠦᠨ ᠱᠠᠲᠤᠨ ᠤ ᠣᠯᠠᠨ ᠲᠦᠮᠡᠨ ᠳᠤ ᠬᠦᠷᠭᠡᠪᠡ᠃      ︵ᠭᠤᠷᠪᠠ︶ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠠᠩᠬᠠᠷᠴᠤ᠂ ᠬᠦᠷᠲᠡᠮᠵᠢ ᠶᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠪᠡ᠃ ᠠᠷᠠᠳ ᠤᠨ ᠠᠮᠢᠳᠤᠷᠠᠯ ᠤᠨ ᠠᠰᠠᠭᠤᠳᠠᠯ ᠨᠢ ᠥᠷᠭᠡᠨ ᠤᠯᠠᠨ ᠠᠷᠠᠳ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠤᠢ᠃ ᠭᠡᠰᠢᠭᠦᠳ ᠠᠷᠠᠳ ᠤᠨ ᠠᠮᠢᠳᠤᠷᠠᠯ ᠎ ᠤᠨ ᠠᠵᠠ ᠵᠢᠷᠭᠠᠯ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠣᠭᠤᠷᠢᠨ ᠳᠤ᠂ ᠦᠵᠡᠮᠵᠢ ᠶᠢᠨ ᠣᠷᠣᠨ ᠤ ᠪᠢᠯᠧᠲ ᠎ ᠤᠨ ᠦᠨ᠎ᠡ ᠶᠢᠨ ᠬᠠᠮᠢᠶᠠᠷᠤᠯᠲᠠ ᠶᠢ ᠰᠠᠶᠢᠵᠢᠷᠠᠭᠤᠯᠬᠤ᠂ ᠪᠠᠯᠭᠠᠰᠤᠨ ᠤ ᠲᠣᠭᠤᠷᠢᠭ ᠤᠨ ᠵᠠᠮ ᠬᠠᠷᠢᠯᠴᠠᠭᠠᠨ ᠤ ᠡᠮᠬᠢ ᠳᠢᠭᠯᠢᠮ ᠢ ᠵᠢᠷᠤᠮᠵᠢᠭᠤᠯᠬᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠠᠬᠢᠭᠤᠯᠬᠤ᠂ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠥᠲᠥᠭᠡᠨ ᠪᠠᠶᠢᠭᠤᠯᠬᠤ᠂ ᠪᠠᠯᠭᠠᠰᠤᠨ ᠎ ᠤ ᠲᠣᠭᠤᠷᠢᠭ ᠤᠨ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠢ ᠭᠡᠷᠡᠯᠲᠦᠭᠦᠯᠬᠦ ᠵᠡᠷᠭᠡ ᠰᠠᠨᠠᠯ ᠵᠥᠪᠯᠡᠯᠭᠡ ᠳᠤᠷᠠᠳᠪᠠ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠢᠯᠧᠲ ᠤᠨ ᠦᠨ᠎ᠡ ᠶᠢᠨ ᠬᠠᠮᠢᠶᠠᠷᠤᠯᠲᠠ ᠶᠢᠨ ᠲᠤᠬᠠᠶ ᠰᠠᠨᠠᠯ ᠵᠥᠪᠯᠡᠯᠭᠡ ᠳᠤ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠡᠷᠬᠡ ᠲᠤᠰᠢᠶᠠᠯᠲᠤ ᠰᠠᠯᠠᠭ᠎ᠠ ᠮᠥᠴᠢᠷ ᠠᠯᠢ ᠣᠯᠠᠨ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ 2021 ᠣᠨ ᠤ ᠬᠠᠪᠤᠷ ᠴᠡᠴᠡᠷᠯᠢᠭ ᠨᠡᠭᠡᠭᠡᠬᠦ ᠦᠶ᠎ᠡ ᠳᠤ ᠬᠤᠰᠢᠭᠤᠨ ᠤ ᠳᠣᠲᠣᠷᠠᠬᠢ ᠦᠵᠡᠮᠵᠢ ᠶᠢᠨ ᠣᠷᠣᠨ ᠢ ᠬᠡᠰᠢᠭᠲᠡᠨ ᠬᠤᠰᠢᠭᠤᠨ ᠤ ᠰᠠᠭᠤᠭᠠᠯᠢ ᠠᠷᠠᠳ ᠲᠤ ᠰᠦᠶᠳᠬᠡᠯ ᠬᠤᠷᠢᠶᠠᠬᠤ ᠥᠬᠡᠶ ᠪᠠᠷ ᠨᠡᠭᠡᠭᠡᠬᠦ ᠪᠠᠷ ᠲᠥᠯᠥᠪᠯᠡᠪᠡ᠃ ᠲᠤᠬᠠᠶ ᠎ ᠶᠢᠨ ᠦᠶ᠎ᠡ ᠳᠤ᠂ ᠠᠷᠠᠳ ᠣᠯᠠᠨ ᠤ ᠭᠠᠳᠠᠭᠰᠢ ᠭᠠᠷᠴᠤ ᠵᠤᠭᠠᠴᠠᠬᠤ ᠬᠦᠰᠡᠯ ᠡᠷᠡᠮᠡᠯᠵᠡᠯ᠂ ᠭᠠᠳᠠᠭᠰᠢ ᠭᠠᠷᠴᠤ ᠵᠤᠭᠠᠴᠠᠬᠤ ᠳᠠᠪᠲᠠᠮᠵᠢ ᠶᠢ ᠶᠡᠭᠡ ᠪᠠᠷ ᠳᠡᠭᠡᠭᠰᠢᠯᠡᠭᠦᠯᠵᠦ᠂ ᠡᠩ ᠤᠨ ᠬᠤᠲᠠ ᠶᠢᠨ ᠠᠷᠠᠳ ᠤᠨ ᠵᠢᠭᠤᠯᠴᠢᠯᠠᠯ ᠤᠨ ᠠᠰᠠᠷᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠣᠷᠣᠨ ᠬᠡᠪᠴᠢᠶᠡᠨ ᠤ ᠵᠢᠭᠤᠯᠴᠢᠯᠠᠯ᠂ ᠪᠥᠬᠦ ᠠᠷᠠᠳ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠪᠣᠯᠣᠨ᠎ᠠ᠃ ᠵᠠᠮ ᠬᠠᠷᠢᠯᠴᠠᠭᠠᠨ ᠤ ᠡᠮᠬᠢ ᠳᠢᠭᠯᠢᠮ ᠎ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠰᠠᠨᠠᠯ ᠵᠥᠪᠯᠡᠯᠭᠡ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠴᠢ ᠬᠠᠮᠢᠶ᠎ᠠ ᠪᠥᠬᠦᠶ ᠨᠢᠭᠡᠴᠡ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠳᠤ ᠰᠠᠭᠤᠷᠢᠯᠠᠨ ᠂ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ᠂ ᠳᠣᠲᠣᠭᠠᠳᠤ ᠶᠢ ᠬᠠᠮᠠᠭᠠᠯᠠᠬᠤ ᠡᠭᠦᠷᠭᠡ ᠴᠢᠳᠠᠪᠬᠢ ᠎ ᠶᠢᠨ ᠬᠢᠨᠠᠨ ᠡᠵᠡᠮᠳᠡᠬᠦ ᠬᠠᠮᠢᠶᠠᠷᠤᠯᠲᠠ ᠶᠢᠨ ᠰᠢᠰᠲ᠋ᠧᠮ ᠢ ᠰᠢᠨ᠎ᠡ ᠪᠠᠷ ᠪᠠᠶᠢᠭᠤᠯᠵᠤ᠂ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠶᠠᠪᠠᠭᠠᠨ ᠬᠥᠮᠦᠨ᠂ ᠮᠠᠰᠢᠨ ᠲᠡᠷᠭᠡ ᠪᠠ ᠮᠠᠰᠢᠨ ᠪᠤᠰᠤ ᠲᠡᠷᠭᠡᠨ ᠤ ᠪᠣᠯᠪᠠᠰᠤᠨ ᠵᠠᠮ ᠬᠠᠷᠢᠯᠴᠠᠭᠠᠨ ᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠮ ᠬᠠᠷᠢᠯᠴᠠᠭᠠᠨ ᠤ ᠡᠮᠬᠢ ᠳᠢᠭᠯᠢᠮ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃ ᠬᠤᠲᠠ ᠪᠠᠯᠭᠠᠰᠤᠨ ᠤ ᠰᠣᠶᠣᠯ ᠎ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠬᠤ᠂ ᠭᠤᠶᠤᠵᠢᠭᠤᠯᠬᠤ ᠨᠣᠭᠤᠭᠠᠷᠠᠭᠤᠯᠬᠤ ᠭᠡᠷᠡᠯᠲᠦᠭᠦᠯᠬᠦ ᠵᠡᠷᠭᠡ ᠲᠠᠯ᠎ᠠ ᠪᠠᠷ ᠬᠢ ᠰᠠᠨᠠᠯ ᠵᠥᠪᠯᠡᠯᠭᠡ ᠶᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠨᠠᠷᠢᠨ ᠬᠢᠨᠠᠮᠠᠭᠠᠢ ᠰᠤᠳᠤᠯᠵᠤ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠠᠳᠠᠯ ᠠᠬᠤᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠦᠨᠳᠦᠰᠦᠲᠡᠨ ᠤ ᠰᠣᠶᠣᠯ ᠤᠨ ᠡᠯᠧᠮᠧᠨ᠋ᠲ ᠢ ᠨᠡᠮᠡᠭᠳᠡᠭᠦᠯᠬᠦ᠂ ᠦᠵᠡᠮᠵᠢ ᠶᠢᠨ ᠪᠦᠲᠦᠭᠡᠯ ᠲᠣᠬᠢᠷᠠᠭᠤᠯᠬᠤ᠂ ᠨᠡᠶᠢᠲᠡ ᠶᠢᠨ ᠵᠣᠷᠯᠣᠩ ᠨᠡᠮᠡᠵᠦ ᠪᠠᠶᠢᠭᠤᠯᠬᠤ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢ ᠰᠢᠨ᠎ᠡ ᠪᠠᠷ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠣᠲᠣᠭᠠᠳᠤ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ︵ᠳᠥᠷᠪᠡ︶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠠᠩᠬᠠᠷᠴᠤ᠂ ᠪᠣᠬᠢᠷᠲᠤᠯ ᠥᠬᠡᠶ ᠬᠥᠭᠵᠢᠯᠲᠡ ᠎ ᠳᠤ ᠬᠦᠴᠦᠨ ᠨᠡᠮᠡᠷᠢᠯᠡᠪᠡ᠃ ᠪᠣᠬᠢᠷᠲᠤᠯ ᠦᠭᠡᠢ ᠠᠭᠤᠯᠠ ᠤᠰᠤ ᠪᠣᠯ ᠬᠠᠮᠤᠭ ᠤᠨ ᠡᠷᠬᠢᠮ ᠨᠠᠨᠳᠢᠨ ᠵᠦᠢᠯ ᠮᠥᠨ᠃ ᠭᠡᠰᠢᠭᠦᠳ ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ︾ ᠣᠶᠢᠯᠠᠭᠠᠭᠳᠠᠬᠤᠨ ᠢ ᠦᠶᠯᠡᠳᠦᠯᠭᠡᠵᠢᠭᠦᠯᠬᠦ ᠶᠢᠨ ᠲᠣᠭᠤᠷᠢᠨ ᠳᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠬᠦᠴᠦᠨ ᠢ ᠨᠡᠶᠢᠳᠬᠡᠬᠦ᠂ ᠢᠳᠡᠭᠡᠨ ᠤᠮᠳᠠᠭᠠᠨ ᠤ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠎ ᠶᠢ ᠴᠢᠩᠭᠠᠳᠬᠠᠬᠤ᠂ ᠪᠣᠬᠢᠷ ᠤᠰᠤ ᠭᠠᠳᠠᠭᠰᠢᠯᠠᠭᠤᠯᠬᠤ ᠶᠢ ᠵᠠᠰᠠᠬᠤ ᠡᠷᠴᠢᠮ ᠢ ᠴᠢᠩᠭᠠᠷᠠᠭᠤᠯᠬᠤ ᠵᠡᠷᠭᠡ ᠰᠠᠨᠠᠯ ᠵᠥᠪᠯᠡᠯᠭᠡ ᠳᠤᠷᠠᠳᠪᠠ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ᠭᠡᠰᠢᠭᠦᠳ ᠤᠨ ᠳᠤᠷᠠᠳᠤᠭᠰᠠᠨ ᠦᠨᠡᠨ ᠮᠡᠳᠡᠯᠭᠡ ᠨᠡᠪᠲᠡᠷᠬᠡᠶ ᠦᠵᠡᠯᠲᠡ ᠶᠢ ᠢᠳᠡᠪᠬᠢᠲᠡᠶ ᠪᠠᠷ ᠰᠢᠩᠭᠡᠭᠡᠨ ᠠᠪᠴᠤ᠂ ᠠᠭᠤᠯᠠ ᠤᠰᠤ᠂ ᠤᠢ ᠮᠣᠳᠣ᠂ ᠭᠠᠵᠠᠷ ᠲᠠᠷᠢᠶ᠎ᠠ᠂ ᠨᠠᠭᠤᠷ ᠪᠦᠷᠢᠳᠦ᠂ ᠨᠤᠲᠤᠭ ᠪᠡᠯᠴᠢᠭᠡᠷ᠂ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦ᠂ ᠰᠢᠷᠠᠮᠥ᠋ᠷᠡᠨ ᠭᠤᠤᠯ᠂ ᠳᠠᠯᠠᠢ ᠨᠠᠭᠤᠷ ᠤᠨ ᠰᠠᠪᠠ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠳᠤ᠂ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ᠂ ᠭᠤᠣᠯᠳᠠᠯᠭ᠎ᠠ ᠲᠠᠢ ᠣᠷᠣᠨ ᠤ ᠨᠣᠭᠤᠭᠠᠷᠠᠭᠤᠯᠤᠯᠲᠠ ᠵᠡᠷᠭᠡ ᠠᠮᠢ ᠠᠬᠤᠶ ᠶᠢᠨ ᠢᠨᠵᠧᠨᠧᠷᠢᠩ ᠤᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂᠂ ︽ᠬᠡᠰᠢᠭᠲᠡᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠲᠣᠭᠲᠠᠭᠠᠨ ᠨᠡᠶᠢᠲᠡᠯᠡᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠳᠠᠯᠠᠵᠤ᠂ ᠣᠷᠴᠢᠨ ᠲᠣᠭᠤᠷᠢᠨ ᠤ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠰᠢᠢᠳᠬᠡᠵᠦ᠂ ᠪᠦᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠳᠠᠭᠠᠭᠠᠴᠠ ᠪᠦᠲᠦᠮᠵᠢᠲᠡᠢ ᠳᠡᠭᠡᠭᠰᠢᠯᠡᠪᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号