| | ᠬᠤᠶᠠᠷ᠂ ᠰᠠᠨᠠᠯ ᠵᠥᠪᠯᠡᠯᠭᠡ ᠶᠢᠨ ᠠᠵᠢᠯ ᠤᠨ ᠡᠮᠬᠢ ᠵᠢᠷᠤᠮ ᠲᠠᠢ ᠥᠨᠳᠥᠷ ᠪᠦᠲᠦᠮᠵᠢᠲᠡᠶ ᠪᠠᠷ ᠠᠵᠢᠯᠯᠠᠭᠰᠠᠨ | ᠪᠠᠶᠢᠳᠠᠯ | ᠨᠢᠭᠡ ᠵᠢᠯ ᠤᠨ ᠲᠤᠷᠰᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠨᠢ | ᠶᠡᠷᠦᠩᠬᠡᠶ ᠱᠦᠵᠢ ᠰᠢ ᠶᠢᠨ ᠫᠢᠩ ᠤᠨ ᠰᠠᠨᠠᠯ ᠵᠥᠪᠯᠡᠯᠭᠡ ᠶᠢᠨ ᠠᠵᠢᠯ ᠤᠨ ᠲᠤᠬᠠᠶ ᠲᠤᠯᠤᠭᠠᠨ ᠴᠢᠬᠤᠯᠠ ᠵᠢᠭᠠᠪᠤᠷᠢ | ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠤᠰ ᠲᠥᠷᠥ ᠶᠢᠨ ᠲᠠᠯ᠎ᠠ ᠪᠠᠷ ᠴᠢᠭᠯᠡᠯ ᠪᠠ ᠦᠨᠳᠦᠰᠦᠨ ᠪᠠᠷᠢᠮᠵᠢᠶ᠎ᠠ | ᠲᠣᠭᠲᠠᠭᠠᠵᠤ᠂ ᠰᠠᠨᠠᠯ ᠵᠥᠪᠯᠡᠯᠭᠡ ᠶᠢᠨ ᠠᠵᠢᠯ ᠢ ᠴᠢᠬᠤᠯᠠ ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠵᠤ᠂ ᠰᠠᠨᠠᠯ | ᠵᠥᠪᠯᠡᠯᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠰᠠᠭᠤᠷᠢ ᠪᠣᠯᠭᠠᠬᠤ ᠶᠢ ᠢᠮᠠᠭᠲᠠ ᠪᠠᠷᠢᠮᠲᠠᠯᠠᠵᠤ᠂ | ᠭᠦᠶᠴᠡᠳᠬᠡᠬᠦ ᠪᠣᠳᠠᠲᠤ ᠦᠷ᠎ᠡ ᠪᠦᠲᠦᠮᠵᠢ ᠶᠢ ᠴᠢᠩᠭᠠᠳᠬᠠᠬᠤ ᠪᠠᠷ ᠬᠠᠷᠠᠯᠲᠠ ᠪᠣᠯᠭᠠᠵᠤ᠂ ᠲᠦᠷᠢᠮ ᠤᠨ | ᠪᠠᠶᠢᠭᠤᠯᠤᠯᠲᠠ ᠶᠢ ᠠᠬᠢᠭᠤᠯᠬᠤ ᠪᠠᠷ ᠪᠠᠲᠤᠯᠠᠭ᠎ᠠ ᠪᠣᠯᠭᠠᠵᠤ᠂ ᠦᠶᠯᠡᠴᠢᠯᠡᠭᠡᠨ ᠤ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠪᠠᠷ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠨ᠂ ᠬᠠᠶᠢᠨ | ᠰᠦᠪᠡᠭᠴᠢᠯᠡᠵᠦ ᠰᠢᠨ᠎ᠡ ᠶᠢ ᠡᠭᠦᠳᠴᠦ᠂ ᠰᠠᠨᠠᠯ ᠵᠥᠪᠯᠡᠯᠭᠡ ᠶᠢᠨ ᠠᠵᠢᠯ ᠢᠯᠡᠳᠲᠡ ᠦᠷ᠎ᠡ ᠪᠦᠲᠦᠮᠵᠢ ᠣᠯᠪᠠ᠃ | ︵ᠨᠢᠭᠡ︶ ︽ᠭᠤᠷᠪᠠᠨ ᠣᠨᠴᠠᠯᠢᠭ︾ ᠢ ᠢᠯᠡᠷᠡᠭᠦᠯᠵᠦ᠂ ᠰᠠᠨᠠᠯ ᠵᠥᠪᠯᠡᠯᠭᠡ ᠶᠢᠨ ᠠᠵᠢᠯ ᠤᠨ ᠨᠡᠶᠢᠯᠡᠮᠡᠯ | ᠬᠦᠴᠦᠨ ᠢ ᠨᠢᠭᠲᠠᠷᠠᠭᠤᠯᠪᠠ᠃ ᠨᠢᠭᠡ ᠵᠢᠯ ᠤᠨ ᠲᠤᠷᠰᠢᠬᠢ ᠰᠠᠨᠠᠯ ᠵᠥᠪᠯᠡᠯᠭᠡ ᠶᠢᠨ ᠠᠵᠢᠯ ᠢ ᠡᠷᠭᠢᠴᠡᠭᠦᠯᠪᠡᠯ᠂ | ᠭᠤᠷᠪᠠᠨ ᠢᠯᠡ ᠲᠣᠳᠣ ᠣᠨᠴᠠᠯᠢᠭ ᠢ ᠢᠯᠡᠷᠡᠭᠦᠯᠪᠡ᠃ ᠨᠢᠭᠡ ᠳᠤ ᠤᠳᠤᠷᠢᠳᠤᠯᠭ᠎ᠠ ᠴᠢᠬᠤᠯᠠᠴᠢᠯᠠᠪᠠ᠃ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ | ᠶᠢ ᠭᠦᠶᠴᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ | ᠠᠯᠪᠠᠨ ᠬᠡᠷ ᠠᠴᠠ ︽ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ | ᠳᠥᠷᠪᠡᠳᠦᠭᠡᠷ ᠬᠤᠷᠠᠯᠳᠤᠭᠠᠨ ᠤ 2020 ᠣᠨ ᠤ ᠭᠤᠤᠯᠳᠠᠯᠭ᠎ᠠ ᠲᠠᠢ ᠰᠠᠨᠠᠯ ᠵᠥᠪᠯᠡᠯᠭᠡ ᠶᠢ ᠱᠠᠭᠠᠷᠳᠠᠨ | ᠭᠦᠶᠴᠡᠳᠬᠡᠬᠦ ᠲᠥᠰᠥᠪ︾ ᠢ ᠳᠠᠷᠤᠮᠠᠯᠯᠠᠨ ᠲᠠᠷᠬᠠᠭᠠᠵᠤ᠂ ᠱᠠᠭᠠᠷᠳᠠᠨ ᠭᠦᠶᠴᠡᠳᠬᠡᠬᠦ ᠬᠡᠯᠪᠡᠷᠢ᠂ ᠠᠷᠭ᠎ᠠ᠂ | ᠬᠤᠭᠤᠴᠠᠭ᠎ᠠ ᠬᠢᠵᠠᠭᠠᠷ ᠵᠡᠷᠭᠡ ᠶᠢ ᠲᠣᠳᠣᠷᠬᠠᠶᠢᠯᠠᠵᠤ᠂ ᠭᠤᠤᠯᠳᠠᠯᠭ᠎ᠠ ᠲᠠᠢ ᠰᠠᠨᠠᠯ ᠵᠥᠪᠯᠡᠯᠭᠡ ᠶᠢ ᠱᠠᠭᠠᠷᠳᠠᠨ | ᠭᠦᠶᠴᠡᠳᠬᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃ ᠬᠤᠶᠠᠷ ᠲᠤ ᠬᠠᠮᠵᠢᠯᠴᠠᠨ | ᠬᠥᠳᠡᠯᠦᠯᠴᠡᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ | ᠪᠣᠯᠤᠨ ᠲᠡᠷᠢᠭᠦᠯᠡᠭᠴᠢᠳ ᠤᠨ ᠬᠤᠷᠠᠯ ᠠᠴᠠ ᠰᠠᠨᠠᠯ ᠵᠥᠪᠯᠡᠯᠭᠡ ᠶᠢᠨ ᠠᠵᠢᠯ ᠢ ᠢᠮᠠᠭᠲᠠ ᠡᠳᠦᠷ ᠲᠤᠲᠤᠮ ᠤᠨ | ᠴᠢᠬᠤᠯᠠ ᠵᠥᠪᠯᠡᠬᠦ ᠵᠦᠶᠯ ᠳᠤ ᠣᠷᠣᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠦᠯᠲᠡ ᠶᠢ | ᠰᠣᠨᠣᠰᠬᠤ ᠶᠢ ᠪᠠᠷᠢᠮᠲᠠᠯᠠᠵᠤ᠂ ᠳᠠᠭᠠᠭᠠᠨ ᠭᠦᠶᠴᠡᠳᠬᠡᠬᠦ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠪᠡᠶ᠎ᠡ | ᠪᠠᠷ ᠢᠶᠠᠨ ᠰᠠᠨᠠᠯ ᠵᠥᠪᠯᠡᠯᠭᠡ ᠶᠢ ᠳᠠᠭᠠᠭᠠᠨ ᠭᠦᠶᠴᠡᠳᠬᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠲᠠᠯ᠎ᠠ | ᠶᠢ ᠨᠢᠭᠡᠳᠦᠯᠲᠡᠶ ᠲᠥᠯᠥᠪᠵᠢᠭᠦᠯᠬᠦ᠂ ᠵᠣᠬᠢᠴᠠᠭᠤᠯᠤᠨ ᠬᠠᠮᠵᠢᠯᠴᠠᠬᠤ ᠰᠠᠨᠠᠯ ᠵᠥᠪᠯᠡᠯᠭᠡ ᠶᠢ ᠭᠦᠶᠴᠡᠳᠬᠡᠬᠦ ᠠᠵᠢᠯ ᠤᠨ | ᠪᠠᠶᠢᠷᠢᠰᠢᠯ ᠢ ᠪᠠᠶᠢᠭᠤᠯᠵᠤ᠂ ᠰᠠᠨᠠᠯ ᠵᠥᠪᠯᠡᠯᠭᠡ ᠶᠢᠨ ᠠᠵᠢᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ | ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠪᠡ᠃ ᠭᠤᠷᠪᠠ ᠳᠤ ᠱᠠᠭᠠᠷᠳᠠᠨ ᠰᠢᠶᠳᠪᠦᠷᠢᠯᠡᠭᠦᠯᠬᠦ ᠠᠵᠢᠯ ᠢ | ᠴᠢᠩᠭ᠎ᠠ ᠠᠳᠬᠤᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠳᠡᠳ᠋ ᠲᠡᠷᠢᠭᠦᠯᠡᠭᠴᠢ | ᠲᠦᠷᠦᠭᠦᠯᠡᠨ ᠱᠠᠭᠠᠷᠳᠠᠨ ᠰᠢᠶᠳᠪᠦᠷᠢᠯᠡᠬᠦ 5 ᠬᠤᠪᠢ ᠭᠤᠤᠯᠳᠠᠯᠭ᠎ᠠ ᠲᠠᠢ ᠰᠠᠨᠠᠯ ᠵᠥᠪᠯᠡᠯᠭᠡ ᠶᠢᠨ ᠠᠵᠢᠯ ᠳᠤ᠂ ᠪᠡᠶ᠎ᠡ | ᠪᠠᠷ ᠢᠶᠠᠨ ᠦᠨᠳᠦᠰᠦᠨ ᠱᠠᠲᠤᠨ ᠳᠤ ᠭᠦᠨᠵᠡᠭᠡᠶᠢᠷᠡᠨ ᠲᠤᠬᠠᠶ ᠶᠢᠨ ᠲᠠᠯᠠᠪᠤᠷ ᠲᠤ ᠬᠦᠷᠴᠦ᠂ ᠭᠡᠰᠢᠭᠦᠳ ᠤᠨ ᠰᠠᠨᠠᠯ | ᠰᠠᠨᠠᠭᠤᠯᠭ᠎ᠠ ᠶᠢ ᠨᠢᠭᠤᠷᠲᠠᠨ ᠰᠣᠨᠣᠰᠴᠤ᠂ ᠳᠠᠭᠠᠭᠠᠨ ᠭᠦᠶᠴᠡᠳᠬᠡᠬᠦ ᠨᠢᠭᠡᠴᠡ᠂ ᠰᠠᠨᠠᠯ ᠵᠥᠪᠯᠡᠯᠭᠡ ᠳᠤᠷᠠᠳᠤᠭᠰᠠᠳ | ᠲᠠᠢ ᠬᠠᠮᠲᠤ ᠪᠠᠷ ᠰᠠᠨᠠᠯ ᠵᠥᠪᠯᠡᠯᠭᠡ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠪᠠ᠃ ᠡᠭᠦᠨ ᠳᠤ ︽ | ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠢᠯᠧᠲ ᠤᠨ ᠦᠨ᠎ᠡ ᠶᠢᠨ ᠬᠠᠮᠢᠶᠠᠷᠤᠯᠲᠠ ᠶᠢᠨ ᠲᠤᠬᠠᠶ ᠰᠠᠨᠠᠯ | ᠵᠥᠪᠯᠡᠯᠭᠡ︾ ᠳᠤ ᠦᠷᠭᠦᠯᠵᠢᠯᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠤ ᠬᠠᠮᠲᠤᠷᠠᠨ ᠱᠠᠭᠠᠷᠳᠠᠨ ᠭᠦᠶᠴᠡᠳᠬᠡᠯᠭᠡᠬᠦ ᠠᠷᠭ᠎ᠠ ᠬᠡᠯᠪᠡᠷᠢ ᠶᠢ ᠠᠪᠴᠤ᠂ ᠭᠦᠨᠵᠡᠭᠡᠶ ᠪᠠᠶᠢᠴᠠᠭᠠᠨ | ᠰᠤᠳᠤᠯᠵᠤ ᠪᠠᠶᠢᠴᠠᠭᠠᠨ ᠦᠵᠡᠵᠦ᠂ ᠰᠠᠨᠠᠯ ᠵᠥᠪᠯᠡᠯᠭᠡ ᠶᠢ ᠭᠦᠶᠴᠡᠳᠬᠡᠨ ᠨᠠᠶᠢᠳᠠᠪᠤᠷᠢᠵᠢᠭᠤᠯᠤᠭᠰᠠᠨ ᠪᠠᠶᠢᠳᠠᠯ ᠢ | ᠣᠶᠢᠯᠠᠭᠠᠵᠤ᠂ ᠰᠠᠨᠠᠯ ᠵᠥᠪᠯᠡᠯᠭᠡ ᠶᠢ ᠭᠦᠶᠴᠡᠳᠬᠡᠬᠦ ᠶᠢ ᠭᠦᠨᠵᠡᠭᠡᠶᠢᠷᠡᠭᠦᠯᠬᠦ ᠰᠠᠨᠠᠯ ᠰᠠᠨᠠᠭᠤᠯᠭ᠎ᠠ ᠶᠢ ᠳᠤᠷᠠᠳᠴᠤ᠂ | ᠶᠠᠷᠢᠯᠴᠠᠨ ᠵᠥᠪᠯᠡᠬᠦ ᠬᠤᠷᠠᠯ ᠢ ᠬᠤᠷᠠᠯᠳᠤᠭᠤᠯᠤᠨ᠂ ᠵᠠᠰᠠᠭ ᠤᠨ ᠣᠷᠳᠣᠨ ᠤ ᠡᠷᠬᠡ ᠲᠤᠰᠢᠶᠠᠯᠲᠤ ᠰᠠᠯᠠᠭ᠎ᠠ ᠮᠥᠴᠢᠷ | ᠪᠠ ᠰᠠᠨᠠᠯ ᠵᠥᠪᠯᠡᠯᠭᠡ ᠶᠢ ᠳᠠᠭᠠᠭᠠᠨ ᠭᠦᠶᠴᠡᠳᠬᠡᠬᠦ ᠨᠢᠭᠡᠴᠡ ᠲᠠᠢ ᠨᠢᠭᠤᠷᠳᠠᠨ ᠶᠠᠷᠢᠯᠴᠠᠨ ᠵᠥᠪᠳᠡᠯᠴᠡᠵᠦ᠂ ᠰᠠᠨᠠᠯ | ᠵᠥᠪᠯᠡᠯᠭᠡ ᠶᠢ ᠭᠦᠶᠴᠡᠳᠬᠡᠭᠰᠡᠨ ᠪᠠᠶᠢᠳᠠᠯ ᠤᠨ ᠮᠡᠳᠡᠭᠡᠯᠡᠯ ᠢ ᠰᠣᠨᠣᠰᠤᠨ᠂ ᠠᠰᠠᠭᠤᠳᠠᠯ ᠢ ᠰᠢᠶᠳᠪᠦᠷᠢᠯᠡᠬᠦ᠂ ᠰᠠᠨᠠᠯ | ᠵᠥᠪᠯᠡᠯᠭᠡ ᠶᠢ ᠪᠣᠳᠠᠲᠠᠶ ᠭᠦᠶᠴᠡᠳᠬᠡᠬᠦ ᠰᠠᠨᠠᠯ ᠰᠠᠨᠠᠭᠤᠯᠭ᠎ᠠ ᠶᠢ ᠳᠤᠷᠠᠳᠴᠤ᠂ ᠭᠤᠤᠯᠳᠠᠯᠭ᠎ᠠ ᠲᠠᠢ ᠰᠠᠨᠠᠯ ᠵᠥᠪᠯᠡᠯᠭᠡ | ᠶᠢ ᠭᠦᠶᠴᠡᠳᠬᠡᠨ ᠨᠠᠶᠢᠳᠠᠪᠤᠷᠢᠵᠢᠭᠤᠯᠬᠤ ᠶᠢ ᠬᠠᠮᠲᠤᠪᠠᠷ ᠠᠬᠢᠭᠤᠯᠪᠠ᠃ | ︵ᠬᠤᠶᠠᠷ︶ ︽ᠭᠤᠷᠪᠠᠨ ᠦᠢᠯᠡᠴᠢᠯᠡᠭᠡ︾ ᠶᠢ ᠰᠢᠯᠢᠳᠡᠭᠵᠢᠭᠦᠯᠵᠦ᠂ ᠰᠠᠨᠠᠯ ᠵᠥᠪᠯᠡᠯᠭᠡ ᠶᠢᠨ ᠶᠠᠰᠤ ᠴᠢᠨᠠᠷ | ᠤᠨ ᠰᠠᠭᠤᠷᠢ ᠶᠢ ᠪᠠᠲᠤᠳᠬᠠᠪᠠ᠃ ᠪᠠᠶᠢᠩᠭᠤ ᠶᠢᠨ ᠬᠤᠷᠢᠶ᠎ᠠ ᠨᠢ ᠰᠠᠨᠠᠯ ᠵᠥᠪᠯᠡᠯᠭᠡ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠪᠠᠷᠢᠮᠲᠠᠯᠠᠵᠤ᠂ ᠭᠤᠷᠪᠠᠨ ᠦᠶᠯᠡᠴᠢᠯᠡᠭᠡ ᠶᠢ ᠲᠠᠰᠤᠷᠠᠯᠲᠠ ᠤᠢᠭᠡᠢ ᠰᠢᠯᠢᠳᠡᠭᠵᠢᠭᠦᠯᠪᠡ᠃ ᠨᠢᠭᠡ | ᠳᠤ ᠰᠡᠳᠦᠪ ᠰᠣᠩᠭᠤᠵᠤ ᠬᠥᠲᠥᠯᠥᠨ ᠵᠢᠯᠣᠭᠤᠳᠬᠤ ᠶᠢ ᠴᠢᠬᠤᠯᠠᠴᠢᠯᠠᠪᠠ᠃ ᠬᠤᠰᠢᠭᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠭᠤᠤᠯ ᠠᠵᠢᠯ ᠢ ᠦᠨᠳᠦᠰᠦᠯᠡᠨ᠂ ᠤᠷᠢᠳᠠᠴᠢ ᠴᠢᠨᠠᠷᠲᠠᠶ ᠰᠠᠨᠠᠯ ᠵᠥᠪᠯᠡᠯᠭᠡ ᠶᠢᠨ ᠰᠡᠳᠦᠪ ᠢ | ᠳᠤᠷᠠᠳᠴᠤ᠂ ᠭᠡᠰᠢᠭᠦᠳ ᠤᠨ ᠪᠥᠬᠦ ᠬᠤᠰᠢᠭᠤᠨ ᠤ ᠭᠤᠤᠯ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ | ᠶᠢ ᠭᠦᠨᠵᠡᠭᠡᠶ ᠥᠷᠨᠢᠭᠦᠯᠬᠦ ᠶᠢ ᠬᠥᠲᠥᠯᠥᠨ ᠵᠢᠯᠣᠭᠤᠳᠴᠤ᠂ ᠪᠠᠶᠢᠴᠠᠭᠠᠨ ᠰᠤᠳᠤᠯᠵᠤ ᠪᠠᠶᠢᠴᠠᠭᠠᠨ ᠦᠵᠡᠭᠰᠡᠨ ᠦᠷ᠎ᠡ | ᠪᠦᠲᠦᠭᠡᠯ᠂ ᠶᠡᠭᠡ ᠬᠤᠷᠠᠯ ᠳᠡᠭᠡᠷᠡᠬᠢ ᠶᠠᠷᠢᠶ᠎ᠠ ᠶᠢ ᠰᠠᠨᠠᠯ ᠵᠥᠪᠯᠡᠯᠭᠡ ᠪᠣᠯᠭᠠᠨ ᠪᠦᠲᠦᠮᠵᠢᠲᠡᠶ ᠬᠤᠪᠢᠷᠠᠭᠤᠯᠬᠤ ᠶᠢ | ᠠᠬᠢᠭᠤᠯᠪᠠ᠃ ᠭᠡᠰᠢᠭᠦᠳ ᠢ ᠬᠠᠪᠰᠤᠷᠤᠨ ᠰᠠᠨᠠᠯ ᠵᠥᠪᠯᠡᠯᠭᠡ ᠶᠢᠨ ᠲᠣᠪᠬᠢᠮᠠᠯ ᠳᠤ ᠨᠥᠬᠦᠪᠥᠷᠢᠯᠡᠨ ᠵᠠᠰᠠᠪᠤᠷᠢ | ᠣᠷᠣᠭᠤᠯᠵᠤ᠂ ᠠᠭᠤᠯᠭ᠎ᠠ ᠪᠠᠷ ᠣᠶᠢᠷᠠᠯᠴᠠᠭ᠎ᠠ ᠰᠠᠨᠠᠯ ᠵᠥᠪᠯᠡᠯᠭᠡ ᠶᠢ ᠰᠠᠨᠠᠯ ᠵᠥᠪᠯᠡᠯᠭᠡ ᠳᠤᠷᠠᠳᠤᠭᠰᠠᠳ ᠲᠠᠢ | ᠬᠠᠷᠢᠯᠴᠠᠵᠤ ᠵᠥᠪᠳᠡᠯᠴᠡᠭᠰᠡᠨ ᠤ ᠲᠠᠷᠠᠭ᠎ᠠ ᠡᠮᠬᠢᠯᠡᠨ ᠨᠡᠶᠢᠯᠡᠭᠦᠯᠵᠦ᠂ ᠨᠢᠭᠡ ᠰᠠᠨᠠᠯ ᠵᠥᠪᠯᠡᠯᠭᠡ ᠳᠤ ᠤᠯᠠᠨ ᠵᠥᠪᠯᠡᠯᠭᠡ | ᠳᠤᠷᠠᠳᠤᠭᠰᠠᠨ ᠰᠠᠨᠠᠯ ᠵᠥᠪᠯᠡᠯᠭᠡ ᠶᠢ ᠵᠠᠳᠠᠯᠤᠨ ᠰᠠᠯᠭᠠᠵᠤ᠂ ᠰᠠᠨᠠᠯ ᠵᠥᠪᠯᠡᠯᠭᠡ ᠶᠢᠨ ᠪᠣᠳᠠᠲᠤ ᠪᠠᠶᠢᠳᠠᠯ ᠳᠤ | ᠣᠶᠢᠷᠠᠲᠤᠬᠤ ᠶᠢ ᠠᠬᠢᠭᠤᠯᠵᠤ᠂ ᠲᠣᠳᠣᠷᠬᠠᠢ ᠬᠠᠷᠠᠯᠲᠠ ᠲᠠᠢ ᠠᠵᠢᠯᠯᠠᠪᠠ᠃ ᠬᠤᠶᠠᠷ ᠲᠤ ᠴᠢᠳᠠᠪᠤᠷᠢ ᠶᠢᠨ | ᠳᠡᠭᠡᠭᠰᠢᠯᠡᠯᠲᠡ ᠶᠢ ᠴᠢᠩᠭᠠᠳᠬᠠᠪᠠ᠃ ᠤᠯᠤᠰ ᠲᠥᠷᠤ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ | ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠬᠢ ᠶᠢ ᠡᠷᠬᠢᠯᠡᠵᠤ᠂ ᠤᠯᠤᠰ ᠲᠥᠷᠤ ᠶᠢᠨ | ᠵᠥᠪᠯᠡᠯᠭᠡᠨ ᠤ ᠭᠡᠰᠢᠭᠦᠳ ᠢ ᠬᠠᠪᠰᠤᠷᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠷᠠᠭ᠎ᠠ ᠶᠢ ᠥᠷᠭᠡᠳᠬᠡᠵᠦ᠂ | ᠮᠡᠳᠡᠯᠭᠡ ᠶᠢᠨ ᠪᠦᠲᠦᠴᠡ ᠶᠢ ᠪᠠᠶᠠᠯᠢᠭᠵᠢᠭᠤᠯᠵᠤ᠂ ᠰᠠᠨᠠᠯ ᠵᠥᠪᠯᠡᠯᠭᠡ ᠶᠢᠨ ᠵᠠᠩᠭᠢᠯᠠᠭ᠎ᠠ ᠶᠢᠨ ᠠᠭᠤᠯᠭ᠎ᠠ ᠶᠢ | ᠣᠨᠣᠪᠴᠢᠲᠠᠢ ᠰᠣᠩᠭᠤᠪᠠ᠃ ᠭᠡᠰᠢᠭᠦᠳ ᠢ ᠤᠷᠢᠵᠤ ᠰᠣᠩᠭᠤᠨ ᠲᠣᠮᠢᠯᠠᠵᠤ᠂ ᠨᠠᠮ ᠵᠠᠰᠠᠭ ᠤᠨ ᠰᠠᠯᠠᠭ᠎ᠠ ᠮᠥᠴᠢᠷ | ᠤᠨ ᠬᠤᠯᠪᠣᠭᠳᠠᠯ ᠪᠦᠬᠦᠢ ᠬᠤᠷᠠᠯᠳᠤᠭᠠᠨ ᠳᠤ ᠰᠤᠯᠠ ᠣᠷᠣᠯᠴᠠᠭᠤᠯᠵᠤ᠂ ᠭᠡᠰᠢᠭᠦᠳ ᠢ ᠬᠦᠳᠦᠯᠦᠨ ᠵᠢᠯᠣᠭᠤᠳᠴᠤ | ᠬᠤᠷᠠᠯ ᠢᠶᠠᠷ ᠳᠠᠮᠵᠢᠭᠤᠯᠤᠨ ᠡᠯ᠎ᠡ ᠲᠠᠯ᠎ᠠ ᠶᠢᠨ ᠪᠠᠶᠢᠳᠠᠯ ᠢ ᠤᠢᠢᠯᠠᠭᠠᠭᠤᠯᠵᠤ᠂ ᠪᠦᠬᠦ ᠲᠠᠯ᠎ᠠ ᠶᠢᠨ ᠴᠢᠨᠠᠷᠲᠠᠢ᠂ | ᠱᠠᠲᠤᠴᠢ ᠴᠢᠨᠠᠷᠲᠠᠢ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠪᠠ᠃ ᠭᠡᠰᠢᠭᠦᠳ ᠢ ᠵᠣᠬᠢᠶᠠᠨ ᠪᠠᠶᠢᠭᠤᠯᠤᠨ ᠲᠦᠷᠦ | ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠪᠠᠶᠢᠴᠠᠭᠠᠨ ᠰᠤᠳᠤᠯᠵᠤ ᠪᠠᠶᠢᠴᠠᠭᠠᠨ ᠦᠵᠡᠬᠦ᠂ ᠰᠠᠨᠠᠯ | ᠵᠥᠪᠯᠡᠯᠭᠡ ᠶᠢ ᠱᠠᠭᠠᠷᠳᠠᠨ ᠰᠢᠢᠳᠪᠦᠷᠢᠯᠡᠭᠦᠯᠬᠦ ᠵᠡᠷᠭᠡ ᠠᠵᠢᠯᠯᠠᠭᠠᠨ ᠢ 20 ᠭᠠᠷᠤᠢ ᠤᠳᠠᠭ᠎ᠠ ᠥᠷᠨᠢᠭᠦᠯᠵᠦ᠂ | ᠭᠡᠰᠢᠭᠦᠳ ᠤᠨ ᠪᠠᠶᠢᠳᠠᠯ ᠢ ᠣᠶᠢᠯᠠᠭᠠᠵᠤ ᠵᠠᠰᠠᠭ ᠤᠨ ᠶᠠᠪᠤᠳᠠᠯ ᠢ ᠣᠶᠢᠯᠠᠭᠠᠬᠤ ᠠᠷᠭ᠎ᠠ ᠵᠠᠮ ᠢ ᠤᠯᠠᠮ ᠨᠢᠭᠡ ᠠᠯᠬᠤᠮ | ᠥᠷᠭᠡᠳᠬᠡᠪᠡ᠃ ᠭᠤᠷᠪᠠ ᠳᠤ ᠬᠢᠨᠠᠨ ᠪᠠᠶᠢᠴᠠᠭᠠᠵᠤ ᠬᠡᠷᠡᠭ ᠪᠣᠯᠭᠠᠨ ᠳᠠᠩᠰᠠᠯᠠᠬᠤ ᠶᠢ ᠴᠢᠩᠳᠠᠯᠠᠪᠠ᠃ ᠪᠠᠶᠢᠩᠭᠤ ᠶᠢᠨ | ᠬᠤᠷᠢᠶ᠎ᠠ ᠨᠢ ᠰᠠᠨᠠᠯ ᠵᠥᠪᠯᠡᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠠᠪᠤᠳᠠᠯ ᠢ ᠠᠵᠢᠯ ᠤᠨ ᠭᠤᠣᠯᠳᠠᠯᠭ᠎ᠠ | ᠪᠣᠯᠭᠠᠬᠤ ᠶᠢ ᠪᠠᠷᠢᠮᠲᠠᠯᠠᠵᠤ᠂ ︽ᠰᠠᠨᠠᠯ ᠵᠥᠪᠯᠡᠯᠭᠡ ᠶᠢᠨ ᠠᠵᠢᠯ ᠤᠨ ᠲᠦᠷᠢᠮ︾ ᠤᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠬᠡᠷᠡᠭ ᠪᠣᠯᠭᠠᠨ ᠳᠠᠩᠰᠠᠯᠠᠬᠤ ᠭᠤᠭᠴᠤᠭ᠎ᠠ ᠶᠢ ᠴᠢᠩᠭ᠎ᠠ ᠠᠳᠬᠤᠵᠤ᠂ ᠠᠷᠪᠠᠳᠤᠭᠠᠷ | ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠬᠤᠭᠤᠴᠠᠭᠠᠨ ᠳᠠᠬᠢ ᠰᠠᠨᠠᠯ ᠵᠥᠪᠯᠡᠯᠭᠡ ᠶᠢ ᠲᠤᠰᠬᠠᠢ | ᠺᠣᠮᠢᠰ ᠠᠴᠠ ᠠᠩᠬ᠎ᠠ ᠬᠢᠨᠠᠵᠤ᠂ ᠬᠤᠶᠠᠷ ᠠᠯᠪᠠᠨ ᠭᠡᠷ ᠤᠨ ᠱᠠᠭᠠᠷᠳᠠᠨ ᠪᠠᠶᠢᠴᠠᠭᠠᠬᠤ ᠲᠠᠰᠤᠭ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠠᠴᠠ ᠬᠠᠮᠲᠤᠷᠠᠨ ᠬᠢᠨᠠᠵᠤ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠠᠴᠠ | ᠡᠴᠦᠰ ᠤᠨ ᠬᠢᠨᠠᠯᠲᠠ ᠬᠢᠭᠰᠡᠨ ᠤ ᠲᠠᠷᠠᠭ᠎ᠠ ᠬᠢᠨᠠᠨ ᠪᠠᠶᠢᠴᠠᠭᠠᠵᠤ ᠬᠡᠷᠡᠭ ᠪᠣᠯᠭᠠᠨ ᠳᠠᠩᠰᠠᠯᠠᠭᠰᠠᠨ ᠠᠴᠠ ᠰᠠᠨᠠᠯ | ᠵᠥᠪᠯᠡᠯᠭᠡ ᠶᠢᠨ ᠪᠦᠬᠦᠯᠢ ᠴᠣᠭᠴᠠ ᠶᠢᠨ ᠶᠠᠰᠤ ᠴᠢᠨᠠᠷ ᠢ ᠦᠨᠡᠨ ᠬᠦ ᠪᠠᠲᠤᠯᠠᠪᠠ᠃ | ︵ᠭᠤᠷᠪᠠ︶ ︽ᠭᠤᠷᠪᠠᠨ ᠵᠠᠩᠭᠢᠯᠠᠭ᠎ᠠ︾ ᠶᠢ ᠡᠵᠡᠮᠰᠢᠵᠦ᠂ ᠰᠠᠨᠠᠯ ᠵᠥᠪᠯᠡᠯᠭᠡ ᠶᠢ ᠳᠠᠭᠠᠭᠠᠨ ᠰᠢᠢᠳᠪᠦᠷᠢᠯᠡᠬᠦ | ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠪᠠᠶᠢᠩᠭᠤ ᠶᠢᠨ ᠬᠤᠷᠢᠶ᠎ᠠ ᠨᠢ ᠵᠥᠪᠯᠡᠬᠦ ᠠᠷᠠᠳᠴᠢᠯᠠᠯ ᠢ ᠰᠠᠨᠠᠯ | ᠵᠥᠪᠯᠡᠯᠭᠡ ᠶᠢ ᠰᠢᠢᠳᠪᠦᠷᠢᠯᠡᠬᠦ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠭᠤᠷᠪᠠᠨ ᠴᠢᠬᠤᠯᠠ | ᠭᠤᠭᠴᠤᠭ᠎ᠠ ᠶᠢ ᠭᠤᠣᠯᠴᠢᠯᠠᠨ ᠰᠠᠶᠢᠲᠤᠷ ᠠᠳᠬᠤᠪᠠ᠃ ᠨᠢᠭᠡ ᠳᠤ ᠰᠢᠢᠳᠪᠦᠷᠢᠯᠡᠬᠦ ᠠᠴᠠ ᠡᠮᠦᠨᠡᠬᠢ ᠵᠥᠪᠳᠡᠯᠴᠡᠭᠡ | ᠶᠢ ᠴᠢᠩᠭᠠᠳᠬᠠᠪᠠ᠃ ᠡᠨᠡ ᠵᠢᠯ ᠰᠠᠨᠠᠯ ᠵᠥᠪᠯᠡᠯᠭᠡ ᠶᠢ ᠲᠤᠰᠢᠶᠠᠨ ᠰᠢᠶᠳᠪᠦᠷᠢᠯᠡᠭᠦᠯᠬᠦ ᠠᠴᠠ ᠡᠮᠦᠨ᠎ᠡ ᠪᠢᠳᠡ ᠳᠠᠭᠠᠭᠠᠨ | ᠭᠦᠶᠴᠡᠳᠬᠡᠬᠦ ᠨᠢᠭᠡᠴᠡ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠠᠯᠪᠠᠨ | ᠬᠡᠷ ᠲᠠᠢ ᠬᠠᠮᠲᠤᠷᠠᠨ ᠤᠷᠢᠳ ᠢᠶᠠᠷ ︽ᠤᠷᠢᠳᠴᠢᠯᠠᠨ ᠲᠤᠰᠢᠶᠠᠨ ᠰᠢᠶᠳᠪᠦᠷᠢᠯᠡᠭᠦᠯᠵᠦ︾᠂ ᠲᠤᠰᠢᠶᠠᠨ | ᠰᠢᠶᠳᠪᠦᠷᠢᠯᠡᠭᠦᠯᠬᠦ ᠬᠤᠶᠠᠷ ᠲᠠᠯ᠎ᠠ ᠶᠢᠨ ᠵᠥᠪᠳᠡᠯᠴᠡᠭᠡ ᠬᠠᠷᠢᠯᠴᠠᠭ᠎ᠠ ᠶᠢ ᠴᠢᠩᠭᠠᠳᠬᠠᠪᠠ᠃ ᠰᠠᠯᠠᠭ᠎ᠠ ᠮᠥᠴᠢᠷ ᠤᠨ | ᠬᠠᠷᠢᠭᠤ ᠲᠤᠰᠬᠠᠭᠰᠠᠨ ᠰᠠᠨᠠᠯ ᠯᠤᠭ᠎ᠠ ᠤᠶᠠᠯᠳᠤᠭᠤᠯᠤᠨ ᠬᠢᠨᠠᠮᠠᠭᠠᠶ ᠰᠤᠳᠤᠯᠵᠤ᠂ ᠭᠤᠣᠯᠴᠢᠯᠠᠨ ᠬᠠᠪᠰᠤᠷᠤᠨ | ᠭᠦᠢᠴᠡᠳᠬᠡᠬᠦ ᠨᠢᠭᠡᠴᠡ ᠶᠢ ᠲᠣᠳᠣᠷᠬᠠᠶ ᠲᠣᠬᠢᠷᠠᠭᠤᠯᠤᠨ᠂ ᠲᠤᠰᠢᠶᠠᠨ ᠭᠦᠢᠴᠡᠳᠬᠡᠯᠭᠡᠬᠦ ᠠᠵᠢᠯ ᠤᠨ ᠣᠨᠣᠪᠴᠢ ᠶᠢ | ᠳᠡᠭᠡᠭᠰᠢᠯᠡᠭᠦᠯᠵᠦ᠂ ᠰᠠᠯᠠᠭ᠎ᠠ ᠮᠥᠴᠢᠷ ᠤᠳ ᠤᠨ ᠬᠤᠭᠤᠷᠣᠨᠳᠣ ᠬᠠᠷᠢᠯᠴᠠᠨ ᠲᠦᠯᠬᠢᠯᠴᠡᠬᠦ ᠦᠵᠡᠭᠳᠡᠯ ᠣᠷᠣᠰᠢᠬᠤ ᠶᠢ | ᠰᠡᠷᠭᠡᠶᠢᠯᠡᠨ ᠬᠤᠷᠢᠭᠯᠠᠪᠠ᠃ ᠬᠤᠶᠠᠷ ᠲᠤ ᠰᠢᠢᠳᠪᠦᠷᠢᠯᠡᠬᠦ ᠶᠠᠪᠤᠴᠠ ᠳᠠᠬᠢ ᠵᠥᠪᠳᠡᠯᠴᠡᠭᠡ ᠶᠢ ᠴᠢᠩᠭᠠᠳᠬᠠᠪᠠ᠃ | ᠰᠠᠨᠠᠯ ᠵᠥᠪᠯᠡᠯᠭᠡ ᠳᠤᠷᠠᠳᠬᠤ ᠪᠠ ᠰᠢᠢᠳᠪᠦᠷᠢᠯᠡᠬᠦ ᠬᠤᠶᠠᠷ ᠲᠠᠯ᠎ᠠ ᠶᠢᠨ ᠬᠠᠷᠢᠯᠴᠠᠨ ᠵᠥᠪᠳᠡᠯᠴᠡᠬᠦ ᠲᠠᠪᠴᠠᠩ ᠢ | ᠢᠳᠡᠪᠬᠢᠲᠡᠢ ᠪᠠᠶᠢᠭᠤᠯᠵᠤ᠂ ᠰᠠᠨᠠᠯ ᠵᠥᠪᠯᠡᠯᠭᠡ ᠳᠤᠷᠠᠳᠤᠭᠰᠠᠳ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠯᠦᠭᠡ | ᠶᠢᠨ ᠨᠡᠪᠳᠡᠷᠡᠯᠴᠡᠨ ᠬᠠᠷᠢᠯᠴᠠᠬᠤ ᠶᠢ ᠴᠢᠩᠭᠠᠳᠬᠠᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠪᠠ ᠵᠥᠪᠳᠡᠯᠴᠡᠬᠦ᠂ | ᠵᠥᠪᠳᠡᠯᠴᠡᠬᠦ ᠠᠵᠢᠯᠯᠠᠭ᠎ᠠ ᠶᠢ ᠨᠡᠶᠢᠳᠡ 10 ᠭᠠᠷᠤᠢ ᠤᠳᠠᠭ᠎ᠠ ᠵᠣᠬᠢᠶᠠᠨ ᠪᠠᠶᠢᠭᠤᠯᠪᠠ᠃ ᠰᠠᠨᠠᠯ ᠵᠥᠪᠯᠡᠯᠭᠡ ᠶᠢ | ᠰᠢᠢᠳᠪᠦᠷᠢᠯᠡᠬᠦ ᠳᠡᠭᠡᠨ ᠰᠠᠨᠠᠯ ᠵᠥᠪᠯᠡᠯᠭᠡ ᠳᠤᠷᠠᠳᠤᠭᠰᠠᠳ ᠢ ᠰᠠᠨᠠᠭᠠᠴᠢᠯᠠᠭ᠎ᠠ ᠠᠴᠠ ᠪᠠᠨ ᠤᠷᠢᠵᠤ ᠪᠠᠶᠢᠴᠠᠭᠠᠨ | ᠰᠤᠳᠤᠯᠤᠯᠲᠠ ᠬᠢᠯᠭᠡᠵᠦ᠂ ᠲᠤᠬᠠᠢ ᠶᠢᠨ ᠭᠠᠵᠠᠷ ᠲᠤᠨᠢ ᠤᠷᠢᠳᠴᠢᠯᠠᠨ ᠬᠠᠷᠢᠭᠤᠯᠲᠠ ᠥᠭᠪᠡ᠃ ᠭᠤᠷᠪᠠ ᠳᠤ | ᠰᠢᠢᠳᠪᠦᠷᠢᠯᠡᠭᠰᠡᠨ ᠤ ᠳᠠᠷᠠᠭᠠᠬᠢ ᠵᠥᠪᠳᠡᠯᠴᠡᠭᠡ ᠶᠢ ᠴᠢᠩᠭᠠᠳᠬᠠᠪᠠ᠃ ᠰᠠᠨᠠᠯ ᠵᠥᠪᠯᠡᠯᠭᠡ ᠳᠤᠷᠠᠳᠤᠭᠰᠠᠳ ᠤᠨ | ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠰᠢᠢᠳᠪᠦᠷᠢᠯᠡᠯᠲᠡ ᠳᠤ ᠬᠠᠷᠢᠭᠤᠯᠲᠠ ᠥᠭᠬᠦ ᠰᠠᠨᠠᠯ ᠢ ᠴᠠᠭ ᠲᠤᠬᠠᠢ | ᠳᠤᠨᠢ ᠤᠢᠢᠯᠠᠭᠠᠨ ᠡᠵᠡᠮᠰᠢᠵᠦ᠂ ᠬᠤᠶᠠᠷ ᠲᠠᠯ᠎ᠠ ᠪᠠᠷ ᠢᠶᠠᠨ ᠣᠨᠳᠣᠣ ᠰᠠᠨᠠᠯ ᠲᠠᠢ ᠪᠠᠶᠢᠬᠤ ᠠᠰᠠᠭᠤᠳᠠᠯ ᠳᠤ | ᠶᠠᠷᠢᠯᠴᠠᠬᠤ ᠬᠤᠷᠠᠯ᠂ ᠱᠠᠭᠠᠷᠳᠠᠨ ᠰᠢᠢᠳᠪᠦᠷᠢᠯᠡᠭᠦᠯᠬᠦ ᠬᠤᠷᠠᠯ᠂ ᠲᠤᠬᠠᠢ ᠶᠢᠨ ᠲᠠᠯᠠᠪᠤᠷ ᠲᠤ ᠪᠠᠶᠢᠴᠠᠭᠠᠨ ᠦᠵᠡᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠣᠯᠢᠯᠴᠠᠭ᠎ᠠ ᠪᠠᠨ ᠨᠡᠮᠡᠭᠳᠡᠭᠦᠯᠵᠦ᠂ ᠰᠠᠨᠠᠯ ᠵᠥᠪᠯᠡᠯᠭᠡ ᠳᠤᠷᠠᠳᠬᠤ ᠪᠠ | ᠰᠢᠢᠳᠪᠦᠷᠢᠯᠡᠬᠦ ᠬᠤᠶᠠᠷ ᠲᠠᠯ᠎ᠠ ᠶᠢᠨ ᠵᠥᠪᠳᠡᠯᠴᠡᠭᠡ ᠪᠠᠨ ᠴᠢᠩᠭᠠᠳᠬᠠᠬᠤ᠂ ᠬᠠᠮᠲᠤ ᠶᠢᠨ ᠲᠠᠨᠢᠯᠲᠠ ᠲᠠᠢ ᠪᠣᠯᠬᠤ ᠶᠢ | ᠠᠬᠢᠭᠤᠯᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠤᠨ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ | ᠳᠡᠭᠡᠭᠰᠢᠯᠡᠭᠦᠯᠪᠡ᠃ | ︵ᠲᠦᠷᠪᠡ︶ ︽ᠭᠤᠷᠪᠠᠨ ᠠᠷᠭ᠎ᠠ ᠬᠡᠮᠵᠢᠶ᠎ᠡ︾ ᠶᠢ ᠨᠠᠶᠢᠳᠠᠪᠤᠷᠢᠵᠢᠭᠤᠯᠵᠤ᠂ ᠰᠠᠨᠠᠯ ᠵᠥᠪᠯᠡᠯᠭᠡ ᠶᠢᠨ ᠨᠡᠶᠢᠭᠡᠮ | ᠤᠨ ᠨᠥᠯᠥᠭᠡ ᠶᠢ ᠥᠷᠭᠡᠳᠬᠡᠪᠡ᠃ ᠪᠠᠶᠢᠩᠭᠤ ᠶᠢᠨ ᠬᠤᠷᠢᠶ᠎ᠠ ᠨᠢ ᠰᠠᠨᠠᠯ ᠵᠥᠪᠯᠡᠯᠭᠡ ᠶᠢᠨ ᠨᠥᠯᠥᠭᠡᠯᠡᠬᠦ ᠪᠠ | ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠷᠪᠠᠨ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ | ᠬᠢᠨᠠᠮᠠᠭᠠᠢ ᠨᠠᠶᠢᠳᠠᠪᠤᠷᠢᠵᠢᠭᠤᠯᠪᠠ᠃ ᠨᠢᠭᠡ ᠳᠤ ᠲᠦᠷᠢᠮ ᠢ ᠲᠡᠭᠦᠯᠳᠡᠷᠵᠢᠭᠦᠯᠵᠦ ᠵᠢᠷᠤᠮᠵᠢᠯ ᠢ ᠠᠬᠢᠭᠤᠯᠪᠠ᠃ ᠮᠠᠨ ᠤ | ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠳᠤᠮᠳᠠᠳᠤ ᠤᠯᠤᠰ ᠤᠨ ᠠᠷᠠᠳ ᠤᠨ ᠤᠯᠤᠰ | ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠬᠤᠷᠢᠶ᠎ᠠ ᠶᠢᠨ ᠠᠵᠢᠯ ᠤᠨ ᠲᠦᠷᠢᠮ ᠤᠨ ᠡᠮᠬᠢᠳᠬᠡᠯ︾ ᠢ | ᠵᠠᠰᠠᠨ ᠲᠡᠭᠦᠯᠳᠡᠷᠵᠢᠭᠦᠯᠵᠦ᠂ ᠪᠥᠬᠦᠳᠡ ᠬᠤᠷᠠᠯᠳᠤᠭᠠᠨ ᠤ ᠠᠵᠢᠯ ᠤᠨ ᠲᠦᠷᠢᠮ᠂ ᠪᠠᠶᠢᠩᠭᠤ ᠶᠢᠨ ᠬᠤᠷᠢᠶ᠎ᠠ ᠶᠢᠨ | ᠠᠵᠢᠯ ᠤᠨ ᠲᠦᠷᠢᠮ᠂ ᠲᠤᠰᠬᠠᠶ ᠵᠥᠪᠯᠡᠯ ᠤᠨ ᠶᠡᠷᠦᠩᠬᠡᠶ ᠲᠦᠷᠢᠮ ᠪᠠ ᠭᠡᠰᠢᠭᠦᠳ ᠤᠨ ᠡᠭᠦᠷᠭᠡ ᠲᠤᠰᠢᠶᠠᠯ ᠢᠶᠠᠨ | ᠭᠦᠶᠴᠡᠳᠬᠡᠬᠦ ᠲᠦᠷᠢᠮ ᠢ ᠪᠠᠭᠲᠠᠭᠠᠵᠤ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠠ ᠰᠠᠨᠠᠯ | ᠵᠥᠪᠯᠡᠯᠭᠡ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ᠂ ᠳᠦᠷᠢᠮᠵᠢᠭᠦᠯᠦᠯᠲᠡ ᠶᠢ ᠤᠯᠠᠮ | ᠨᠢᠭᠡ ᠠᠯᠬᠤᠮ ᠴᠢᠩᠭᠠᠳᠬᠠᠪᠠ᠃ ᠬᠤᠶᠠᠷ ᠲᠤ ᠵᠠᠭᠤᠴᠢᠯᠠᠭᠤᠷ ᠲᠤ ᠲᠦᠰᠢᠭᠯᠡᠨ ᠥᠷᠭᠡᠨ ᠢᠶᠠᠷ ᠤᠬᠠᠭᠤᠯᠪᠠ᠃ | ᠬᠡᠰᠢᠭᠲᠡᠨ ᠤ ᠬᠠᠮ ᠵᠠᠭᠤᠴᠢᠯᠠᠭᠤᠷ ᠲᠤ ᠭᠦᠢᠴᠡᠳ ᠲᠦᠰᠢᠭᠯᠡᠨ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ᠂ | ᠲᠤᠰᠢᠶᠠᠨ ᠰᠢᠢᠳᠪᠦᠷᠢᠯᠡᠭᠦᠯᠬᠦ᠂ ᠭᠤᠣᠯᠳᠠᠯᠭ᠎ᠠ ᠲᠠᠢ ᠰᠠᠨᠠᠯ ᠵᠥᠪᠯᠡᠯᠭᠡ ᠶᠢ ᠵᠥᠪᠯᠡᠬᠦ᠂ ᠰᠢᠢᠳᠪᠦᠷᠢᠯᠡᠵᠦ ᠪᠠᠶᠢᠴᠠᠭᠠᠨ | ᠦᠵᠡᠬᠦ ᠵᠡᠷᠭᠡ ᠠᠵᠢᠯ ᠢ ᠭᠦᠨᠵᠡᠭᠡᠢ ᠮᠡᠳᠡᠭᠡᠯᠡᠵᠦ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠳᠤᠮᠳᠠᠬᠢ ᠰᠠᠶᠢᠨ | ᠲᠤᠷᠰᠢᠯᠭ᠎ᠠ ᠰᠠᠶᠢᠨ ᠠᠷᠭ᠎ᠠ ᠬᠢᠳᠡᠯ ᠢ ᠶᠡᠭᠡ ᠪᠠᠷ ᠤᠬᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠰᠠᠨᠠᠯ | ᠵᠥᠪᠯᠡᠯᠭᠡ ᠶᠢᠨ ᠦᠯᠢᠭᠡᠷ ᠢ ᠰᠠᠶᠢᠲᠤᠷ ᠶᠠᠷᠢᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠤᠭ ᠵᠢᠪᠬᠤᠭ᠎ᠠ ᠶᠢ ᠢᠯᠡᠷᠡᠭᠦᠯᠦᠨ᠂ ᠨᠠᠮ ᠵᠠᠰᠠᠭ ᠤᠨ ᠰᠠᠯᠠᠭ᠎ᠠ ᠮᠥᠴᠢᠷ ᠤᠨ | ᠰᠢᠢᠳᠪᠦᠷᠢᠯᠡᠭᠰᠡᠨ ᠦᠷ᠎ᠡ ᠪᠦᠲᠦᠭᠡᠯ ᠢ ᠢᠯᠡᠷᠡᠭᠦᠯᠵᠦ᠂ ᠰᠠᠨᠠᠯ ᠵᠥᠪᠯᠡᠯᠭᠡ ᠶᠢᠨ ᠠᠵᠢᠯ ᠤᠨ ᠨᠡᠶᠢᠭᠡᠮ ᠤᠨ ᠨᠥᠯᠥᠭᠡ | ᠶᠢ ᠪᠦᠲᠦᠮᠵᠢᠲᠡᠢ ᠥᠷᠭᠡᠳᠬᠡᠪᠡ᠃ ᠭᠤᠷᠪᠠ ᠳᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠰᠠᠶᠢᠰᠢᠶᠠᠪᠠ᠃ | ᠰᠠᠨᠠᠯ ᠵᠥᠪᠯᠡᠯᠭᠡ ᠶᠢᠨ ᠠᠵᠢᠯ ᠤᠨ ᠤᠷᠮᠠᠰᠢᠭᠤᠯᠬᠤ ᠵᠣᠬᠢᠴᠠᠮᠵᠢ ᠶᠢ ᠲᠡᠭᠦᠯᠳᠡᠷᠵᠢᠭᠦᠯᠵᠦ᠂ ᠠᠷᠪᠠᠳᠤᠭᠠᠷ | ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠠᠴᠠ 10 ᠰᠢᠯᠢᠳᠡᠭ ᠰᠠᠨᠠᠯ ᠵᠥᠪᠯᠡᠯᠭᠡ ᠶᠢ ᠰᠠᠶᠢᠰᠢᠶᠠᠨ | ᠬᠥᠬᠢᠭᠦᠯᠵᠦ᠂ ᠰᠠᠨᠠᠯ ᠵᠥᠪᠯᠡᠯᠭᠡ ᠶᠢ ᠳᠠᠭᠠᠭᠠᠨ ᠠᠪᠴᠤ ᠰᠢᠢᠳᠪᠦᠷᠢᠯᠡᠭᠰᠡᠨ ᠲᠡᠷᠢᠭᠦᠨ ᠤ ᠨᠢᠭᠡᠴᠡ 3᠂ ᠰᠠᠨᠠᠯ | ᠵᠥᠪᠯᠡᠯᠭᠡ ᠶᠢ ᠳᠠᠭᠠᠭᠠᠨ ᠠᠪᠴᠤ ᠰᠢᠢᠳᠪᠦᠷᠢᠯᠡᠭᠰᠡᠨ ᠲᠡᠷᠢᠭᠦᠨ ᠤ ᠬᠤᠪᠢ ᠬᠥᠮᠦᠨ 3 ᠪᠠᠶᠢᠵᠤ᠂ ᠭᠡᠰᠢᠭᠦᠳ ᠤᠨ | ᠰᠠᠨᠠᠯ ᠵᠥᠪᠯᠡᠯᠭᠡ ᠪᠢᠴᠢᠬᠦ ᠪᠠ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠰᠠᠨᠠᠯ ᠵᠥᠪᠯᠡᠯᠭᠡ ᠶᠢ | ᠰᠢᠢᠳᠪᠦᠷᠢᠯᠡᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠭᠡᠰᠢᠭᠦᠳ ᠡ᠂ ᠨᠥᠬᠦᠳ ᠡ︕ ᠨᠢᠭᠡ ᠵᠢᠯ ᠤᠨ ᠲᠤᠷᠰᠢ᠂ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ | ᠳᠣᠣᠷ᠎ᠠ᠂ ᠪᠦᠬᠦ ᠭᠡᠰᠢᠭᠦᠳ ᠪᠠ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠡ ᠶᠢᠨ ᠬᠠᠮᠲᠤ | ᠶᠢᠨ ᠴᠢᠷᠮᠠᠶᠢᠯᠭ᠎ᠠ ᠪᠠᠷ ᠰᠠᠨᠠᠯ ᠵᠥᠪᠯᠡᠯᠭᠡ ᠶᠢᠨ ᠠᠵᠢᠯ ᠵᠣᠬᠢᠬᠤ ᠠᠮᠵᠢᠯᠲᠠ ᠣᠯᠤᠭᠰᠠᠨ ᠪᠣᠯᠪᠠᠴᠤ ᠰᠢᠨ᠎ᠡ ᠪᠠᠶᠢᠳᠠᠯ | ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠠᠴᠠ ᠪᠠᠰᠠ ᠵᠣᠬᠢᠬᠤ ᠵᠥᠷᠢᠶ᠎ᠡ ᠲᠠᠢ ᠪᠤᠢ᠃ ᠡᠨᠡ ᠨᠢ ᠭᠤᠣᠯᠳᠠᠭᠤ᠄ ᠰᠠᠨᠠᠯ | ᠵᠥᠪᠯᠡᠯᠭᠡ ᠶᠢᠨ ᠶᠠᠰᠤ ᠴᠢᠨᠠᠷ ᠵᠢᠭᠳᠡ ᠦᠭᠡᠢ᠂ ᠴᠥᠭᠡᠨ ᠲᠣᠭᠠᠨ ᠤ ᠰᠠᠨᠠᠯ ᠵᠥᠪᠯᠡᠯᠭᠡ ᠨᠢ ᠭᠦᠢᠴᠡᠳ ᠪᠠᠶᠢᠴᠠᠭᠠᠨ | ᠰᠤᠳᠤᠯᠤᠯᠲᠠ ᠪᠠ ᠪᠣᠳᠣᠯᠬᠢᠯᠠᠯ ᠬᠢᠭᠰᠡᠨ ᠦᠭᠡᠢ᠂ ᠳᠤᠷᠠᠳᠤᠭᠰᠠᠨ ᠰᠠᠨᠠᠭᠤᠯᠭ᠎ᠠ ᠨᠢ ᠣᠨᠣᠪᠴᠢ ᠦᠭᠡᠢ ᠪᠥᠭᠡᠳ | ᠪᠣᠳᠠᠲᠠᠢ ᠪᠢᠰᠢ︔ ᠵᠠᠷᠢᠮ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠢ ᠰᠠᠨᠠᠯ ᠵᠥᠪᠯᠡᠯᠭᠡ ᠶᠢ ᠰᠢᠢᠳᠪᠦᠷᠢᠯᠡᠬᠦ | ᠳᠡᠭᠡᠨ ᠮᠥᠨ ᠯᠡ ︽ᠬᠠᠷᠢᠭᠤᠯᠲᠠ ᠥᠭᠬᠦ ᠶᠢ ᠴᠢᠬᠤᠯᠠᠴᠢᠯᠠᠭᠠᠳ ᠨᠠᠶᠢᠳᠠᠪᠤᠷᠢᠵᠢᠭᠤᠯᠬᠤ ᠶᠢ ᠬᠥᠩᠭᠡᠪᠴᠢᠯᠡᠬᠦ︾ | ᠦᠵᠡᠭᠳᠡᠯ ᠣᠷᠣᠰᠢᠵᠤ᠂ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ ᠲᠣᠳᠣᠷᠬᠠᠢ ᠬᠠᠷᠢᠭᠤᠯᠲᠠ ᠥᠭᠭᠦᠭᠰᠡᠨ | ᠦᠭᠡᠢ︔ ᠣᠨᠴᠠ ᠵᠠᠷᠢᠮ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠢ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ | ᠪᠠᠶᠢᠳᠠᠯ ᠢᠶᠠᠨ ᠲᠣᠭᠲᠠᠭᠰᠠᠨ ᠴᠠᠭ ᠲᠤ ᠬᠠᠷᠢᠭᠤ ᠥᠭᠭᠦᠭᠰᠡᠨ ᠦᠭᠡᠢ᠃ ᠡᠳᠡᠭᠡᠷ ᠠᠰᠠᠭᠤᠳᠠᠯ ᠪᠠ ᠬᠦᠷᠦᠯᠴᠡᠬᠦ | ᠦᠭᠡᠢ ᠲᠠᠯ᠎ᠠ ᠶᠢ ᠴᠥᠮ ᠬᠤᠶᠢᠰᠢᠳᠠ ᠶᠢᠨ ᠠᠵᠢᠯ ᠤᠨ ᠳᠤᠮᠳᠠ ᠪᠠᠨ ᠬᠦᠴᠦᠲᠡᠢ ᠠᠷᠭ᠎ᠠ ᠬᠡᠮᠵᠢᠶ᠎ᠡ ᠠᠪᠴᠤ | ᠰᠠᠶᠢᠵᠢᠷᠠᠭᠤᠯᠬᠤ ᠴᠢᠬᠤᠯᠠᠲᠠᠢ ᠶᠤᠮ᠃ | | | | | | |