ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠎ ᠶᠢᠨ ᠪᠠᠶᠢᠩᠭᠤ ᠶᠢᠨ ᠬᠤᠷᠢᠶ᠎ᠠ ᠶᠢᠨ ᠰᠠᠨᠠᠯ ᠵᠥᠪᠯᠡᠯᠭᠡ ᠶᠢᠨ ᠠᠵᠢᠯ ᠤᠨ ᠮᠡᠳᠡᠭᠦᠯᠦᠯᠲᠡ ︵ᠭᠤᠷᠪᠠ︶
ᠨᠡᠶᠢᠲᠡᠯᠡᠭᠰᠡᠨ ᠴᠠᠭ᠄
2021/5/14
     ᠭᠤᠷᠪᠠ᠂ 2021 ᠣᠨ ᠤ ᠰᠠᠨᠠᠯ ᠵᠥᠪᠯᠡᠯᠭᠡ ᠶᠢᠨ ᠠᠵᠢᠯ ᠤᠨ ᠰᠠᠨᠠᠭᠤᠯᠭ᠎ᠠ      2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠠᠰᠠ ᠴᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠵᠢᠯ ᠮᠥᠨ᠂ ᠡᠨᠡ ᠵᠢᠯ ᠤᠨ ᠰᠠᠨᠠᠯ ᠵᠥᠪᠯᠡᠯᠭᠡ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠭᠤᠤᠯ ᠠᠵᠢᠯ ᠤᠨ ᠲᠣᠭᠤᠷᠢᠨ ᠳᠤ᠂ ᠡᠭᠦᠷᠭᠡ ᠲᠤᠰᠢᠶᠠᠯ ᠢᠶᠠᠨ ᠬᠢᠨᠠᠮᠠᠭᠠᠶ ᠭᠦᠢᠴᠡᠳᠬᠡᠵᠦ᠂ ᠪᠦᠬᠦ ᠬᠦᠴᠦᠨ ᠢᠶᠠᠷ ᠢᠶᠠᠨ ᠶᠡᠭᠡ ᠲᠠᠯ᠎ᠠ ᠳᠤ ᠦᠢᠯᠡᠴᠢᠯᠡᠵᠦ᠂ ︽ᠰᠠᠨᠠᠯ ᠵᠥᠪᠯᠡᠯᠭᠡ᠂ ᠰᠠᠨᠠᠯ ᠵᠥᠪᠯᠡᠯᠭᠡ ᠶᠢ ᠭᠦᠢᠴᠡᠳᠬᠡᠬᠦ᠂ ᠰᠠᠨᠠᠯ ᠵᠥᠪᠯᠡᠯᠭᠡ ᠶᠢᠨ ᠦᠶᠯᠡᠴᠢᠯᠡᠭᠡ ᠶᠢᠨ ᠭᠤᠷᠪᠠᠨ ᠶᠠᠰᠤ ᠴᠢᠨᠠᠷ︾᠎ ᠢ ᠳᠡᠭᠡᠭᠰᠢᠯᠡᠭᠦᠯᠬᠦ ᠢᠶᠠᠷ ᠭᠤᠤᠯᠳᠠᠯᠭ᠎ᠠ ᠪᠣᠯᠭᠠᠵᠤ᠂ ᠵᠥᠪᠳᠡᠯᠴᠡᠨ ᠬᠢᠨᠠᠯᠲᠠ ᠲᠠᠯᠪᠢᠬᠤ ᠪᠠᠷ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠭᠦᠢᠴᠡᠳᠬᠡᠨ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠪᠠᠷ ᠬᠠᠷᠠᠯᠲᠠ ᠪᠣᠯᠭᠠᠵᠤ᠂ ᠠᠵᠢᠯ ᠤᠨ ᠰᠢᠨ᠎ᠡ ᠶᠢ ᠡᠭᠦᠳᠬᠦ ᠪᠠᠷ ᠭᠤᠤᠯ ᠰᠢᠵᠢᠮ ᠪᠣᠯᠭᠠᠵᠤ᠂ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠪᠠᠷ ᠪᠠᠲᠤᠯᠠᠭ᠎ᠠ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠠᠬᠢ ᠰᠠᠨᠠᠯ ᠵᠥᠪᠯᠡᠯᠭᠡ ᠶᠢᠨ ᠠᠵᠢᠯ ᠤᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃      ︵ᠨᠢᠭᠡ︶ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠤᠯᠠᠮ ᠨᠢᠭᠡ ᠠᠯᠬᠤᠮ ᠴᠢᠩᠭᠠᠳᠬᠠᠵᠤ ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ᠃ ᠰᠠᠨᠠᠯ ᠵᠥᠪᠯᠡᠯᠭᠡ ᠶᠢᠨ ᠠᠵᠢᠯ ᠤᠨ ᠬᠤᠯᠪᠣᠭᠳᠠᠬᠤ ᠬᠡᠪᠴᠢᠶ᠎ᠡ ᠥᠷᠭᠡᠨ᠂ ᠠᠩᠬᠠᠷᠤᠯ ᠤᠨ ᠬᠡᠮᠵᠢᠶ᠎ᠡ ᠥᠨᠳᠥᠷ᠂ ᠪᠢᠳᠡ ᠶᠡᠷᠦᠩᠬᠡᠢ ᠱᠦᠵᠢ ᠰᠢ ᠶᠢᠨ ᠫᠢᠩ ᠎ ᠤᠨ ᠰᠠᠨᠠᠯ ᠵᠥᠪᠯᠡᠯᠭᠡ ᠶᠢᠨ ᠠᠵᠢᠯ ᠤᠨ ᠲᠤᠬᠠᠢ ᠲᠤᠯᠤᠭᠠᠨ ᠵᠤᠷᠪᠤᠰ ᠵᠢᠭᠠᠪᠤᠷᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠬᠤ ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠰᠠᠨᠠᠯ ᠵᠥᠪᠯᠡᠯᠭᠡ ᠶᠢᠨ ᠠᠵᠢᠯ ᠤᠨ ᠪᠦᠬᠦ ᠶᠠᠪᠤᠴᠠ ᠎ ᠳᠤ ᠨᠠᠶᠢᠳᠠᠪᠤᠷᠢᠵᠢᠭᠤᠯᠵᠤ᠂ ᠴᠢᠬᠤᠯᠠ ᠭᠤᠭᠴᠤᠭ᠎ᠠ ᠶᠢ ᠴᠢᠩᠭ᠎ᠠ ᠠᠩᠬᠠᠷᠴᠤ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠡᠯ᠎ᠡ ᠡᠲᠡᠭᠡᠳ ᠤᠨ ᠬᠢᠨ ᠤ ᠤᠶᠤᠨ ᠤᠬᠠᠭᠠᠨ ᠢ ᠨᠡᠩ ᠰᠠᠶᠢᠲᠤᠷ ᠲᠥᠪᠯᠡᠷᠡᠭᠦᠯᠵᠦ᠂ ᠡᠯ᠎ᠡ ᠡᠲᠡᠭᠡᠳ ᠤᠨ ᠬᠦᠴᠦᠨ ᠢ ᠨᠡᠩ ᠰᠠᠶᠢᠲᠤᠷ ᠨᠢᠭᠲᠠᠷᠠᠭᠤᠯᠤᠨ᠂ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠲᠤᠰᠬᠠᠵᠤ᠂ ᠠᠳᠠᠯᠢ ᠲᠠᠯ᠎ᠠ ᠪᠠᠨ ᠨᠢᠭᠡᠳᠬᠡᠨ ᠵᠥᠷᠢᠶ᠎ᠡ ᠪᠠᠨ ᠦᠯᠡᠳᠡᠭᠡᠵᠦ᠂ ᠠᠳᠠᠯᠢ ᠪᠤᠰᠤ ᠰᠠᠨᠠᠯ ᠢᠶᠠᠨ ᠵᠥᠪᠳᠡᠯᠴᠡᠨ ᠨᠢᠭᠡᠳᠬᠡᠵᠦ᠂ ᠨᠡᠶᠢᠭᠡᠮ ᠳᠠᠶᠠᠭᠠᠷ ᠤᠨ ᠬᠦᠰᠡᠯ ᠰᠠᠨᠠᠭ᠎ᠠ ᠪᠠ ᠱᠠᠭᠠᠷᠳᠠᠯᠭ᠎ᠠ ᠶᠢ ᠡᠷᠢᠯᠬᠢᠯᠡᠬᠦ ᠨᠢᠭᠡᠳᠦᠯᠲᠡᠢ ᠲᠠᠯ᠎ᠠ ᠶᠢ ᠠᠳᠬᠤᠵᠤ᠂ ᠠᠷᠠᠳ ᠤᠨ ᠰᠡᠳᠬᠢᠯ ᠠᠷᠠᠳ ᠤᠨ ᠬᠦᠰᠡᠯ ᠡᠷᠡᠮᠡᠯᠵᠡᠯ ᠢ ᠬᠠᠮᠤᠭ ᠤᠨ ᠶᠡᠭᠡ ᠬᠡᠮᠵᠢᠶ᠎ᠡ ᠪᠠᠷ ᠢᠯᠡᠳᠬᠡᠬᠦ ᠬᠡᠷᠡᠭᠲᠡᠢ᠃      ︵ᠬᠤᠶᠠᠷ︶ ᠰᠠᠨᠠᠯ ᠵᠥᠪᠯᠡᠯᠭᠡ ᠶᠢᠨ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ᠃ ︽ᠭᠤᠤᠯ ᠠᠵᠢᠯ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠶᠯᠡᠴᠢᠯᠡᠬᠦ︾ ᠠᠵᠢᠯ ᠤᠨ ᠶᠡᠷᠦᠩᠬᠡᠶ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠭᠤᠤᠯᠳᠠᠭᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠬᠤ ᠵᠡᠷᠭᠡ ᠲᠠᠯ᠎ᠠ ᠪᠠᠷ ᠭᠤᠤᠯᠳᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠴᠢ ᠨᠢᠭᠡᠴᠡ ᠶᠢᠨ ᠳᠠᠪᠠᠭᠤᠯᠢᠭ ᠎ ᠢᠶᠠᠨ ᠭᠦᠶᠴᠡᠳ ᠪᠠᠳᠠᠷᠠᠭᠤᠯᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠯᠭᠡᠵᠦ᠂ ᠪᠣᠳᠠᠲᠠᠶ ᠶᠢ ᠡᠷᠬᠢᠮᠯᠡᠭᠰᠡᠨ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠦᠨᠡᠨ ᠮᠡᠳᠡᠯᠭᠡ ᠨᠡᠪᠲᠡᠷᠬᠡᠶ ᠦᠵᠡᠯᠲᠡ ᠶᠢ ᠢᠯᠡᠭᠦᠬᠡᠨ ᠳᠤᠷᠠᠳᠴᠤ᠂ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠴᠢᠨᠠᠷ ᠰᠠᠶᠢᠲᠠᠶ ᠰᠠᠨᠠᠯ ᠵᠥᠪᠯᠡᠯᠭᠡ ᠶᠢ ᠢᠳᠡᠪᠬᠢᠲᠡᠶ ᠲᠤᠭᠤᠷᠪᠢᠨ ᠪᠢᠴᠢᠵᠦ᠂ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠭᠦᠯᠬᠦ ᠬᠡᠷᠡᠭᠲᠡᠢ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠭᠤᠤᠯᠳᠠᠯᠭ᠎ᠠ ᠲᠠᠢ ᠰᠠᠨᠠᠯ ᠵᠥᠪᠯᠡᠯᠭᠡ ᠶᠢ ᠳᠠᠭᠠᠭᠤᠯᠤᠨ ᠭᠦᠶᠴᠡᠳᠬᠡᠵᠦ ᠱᠠᠭᠠᠷᠳᠠᠨ ᠭᠦᠶᠴᠡᠳᠬᠡᠯᠭᠡᠬᠦ ᠵᠣᠬᠢᠴᠠᠮᠵᠢ ᠶᠢ ᠪᠠᠶᠢᠭᠤᠯᠵᠤ᠂ ᠵᠢᠱᠢᠶ᠎ᠡ ᠦᠵᠡᠭᠦᠯᠬᠦ ᠦᠶᠯᠡᠳᠦᠯ ᠢ ᠪᠠᠳᠠᠷᠠᠭᠤᠯᠤᠨ᠂ ᠰᠠᠨᠠᠯ ᠵᠥᠪᠯᠡᠯᠭᠡ ᠶᠢ ᠭᠦᠶᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠬᠠᠮᠲᠤᠷᠠᠨ ᠱᠠᠭᠠᠷᠳᠠᠨ ᠰᠢᠢᠳᠪᠦᠷᠢᠯᠡᠬᠦ ᠵᠣᠬᠢᠴᠠᠮᠵᠢ ᠶᠢ ᠦᠷᠭᠦᠯᠵᠢᠯᠡᠨ ᠪᠠᠷᠢᠮᠲᠠᠯᠠᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠲᠡᠷᠢᠭᠦᠯᠡᠭᠴᠢᠳ ᠤᠨ ᠬᠤᠷᠠᠯᠳᠤᠭᠠᠨ ᠤ ᠪᠦᠷᠢᠯᠳᠦᠬᠦᠨ ᠢᠶᠠᠷ ᠲᠦᠷᠦᠭᠦᠯᠡᠭᠦᠯᠦᠨ ᠭᠤᠣᠯᠳᠠᠯᠭ᠎ᠠ ᠲᠠᠢ ᠰᠠᠨᠠᠯ ᠵᠥᠪᠯᠡᠯᠭᠡ ᠎ ᠶᠢ ᠱᠠᠭᠠᠷᠳᠠᠨ ᠰᠢᠢᠳᠪᠦᠷᠢᠯᠡᠭᠦᠯᠬᠦ ᠲᠦᠷᠢᠮ ᠢ ᠦᠷᠭᠦᠯᠵᠢᠯᠡᠨ ᠪᠠᠷᠢᠮᠲᠠᠯᠠᠵᠤ᠂ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠦᠷ᠎ᠡ ᠪᠦᠲᠦᠭᠡᠯ ᠢ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠪᠣᠳᠠᠲᠠᠢ ᠶᠢ ᠡᠷᠬᠢᠮᠯᠡᠨ ᠠᠬᠢᠭᠤᠯᠬᠤ ᠬᠡᠷᠡᠭᠲᠡᠢ᠃ ᠥᠪᠥᠷ ᠮᠣᠩᠭᠤᠯ ᠤᠨ ᠤᠯᠤᠰ ᠲᠦᠷᠦ ᠶᠢᠨ ᠵᠥᠪᠯᠡᠯᠭᠡᠨ ᠤ ᠡᠭᠦᠯᠡᠨ ᠲᠠᠪᠴᠠᠩ ᠳᠤ ᠲᠦᠰᠢᠭᠯᠡᠨ᠂ ᠰᠠᠨᠠᠯ ᠵᠥᠪᠯᠡᠯᠭᠡ ᠶᠢᠨ ᠠᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠨᠠᠯ ᠵᠥᠪᠯᠡᠯᠭᠡ ᠶᠢᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃      ︵ᠭᠤᠷᠪᠠ︶ ᠰᠠᠨᠠᠯ ᠵᠥᠪᠯᠡᠯᠭᠡ ᠶᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠬᠡᠷᠡᠭᠲᠡᠢ᠃ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠢ ᠠᠬᠢᠭᠤᠯᠬᠤ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ ︽ᠰᠢᠪᠲᠤᠯᠤᠯᠲᠠ ᠶᠢᠨ ᠴᠡᠭ︾ ᠪᠠ ︽ᠬᠦᠴᠦᠯᠡᠴᠡ ᠶᠢᠨ ᠴᠡᠭ︾ ᠪᠣᠯᠭᠠᠵᠤ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠰᠢᠢᠳᠪᠦᠷᠢᠯᠡᠬᠦ ᠵᠥᠪᠯᠡᠯᠭᠡ ᠬᠢᠬᠦ ᠲᠠᠪᠴᠠᠩ ᠤᠨ ᠦᠢᠯᠡᠳᠦᠯ ᠢ ᠪᠠᠳᠠᠷᠠᠭᠤᠯᠤᠨ᠂ ᠰᠢᠨ᠎ᠡ ᠰᠠᠨᠠᠯ ᠵᠥᠪᠯᠡᠯᠭᠡ ᠶᠢ ᠰᠢᠢᠳᠪᠦᠷᠢᠯᠡᠬᠦ ᠵᠥᠪᠯᠡᠯᠭᠡ ᠬᠢᠬᠦ ᠬᠡᠯᠪᠡᠷᠢ ᠶᠢ ᠪᠠᠶᠠᠯᠢᠭᠵᠢᠭᠤᠯᠤᠨ ᠰᠦᠪᠡᠭᠴᠢᠯᠡᠵᠦ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠪᠠ ᠵᠥᠪᠯᠡᠯᠭᠡ ᠬᠢᠬᠦ ᠬᠠᠮᠤᠭ ᠤᠨ ᠰᠠᠶᠢᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠰᠠᠨᠠᠯ ᠵᠥᠪᠯᠡᠯᠭᠡ ᠳᠤᠷᠠᠳᠤᠭᠰᠠᠳ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠬᠠᠮᠲᠤ ᠪᠠᠷ ᠣᠷᠣᠯᠴᠠᠭᠰᠠᠨ ᠰᠠᠨᠠᠯ ᠵᠥᠪᠯᠡᠯᠭᠡ ᠶᠢ ᠰᠢᠢᠳᠪᠦᠷᠢᠯᠡᠬᠦ ᠵᠥᠪᠯᠡᠬᠦ ᠲᠠᠪᠴᠠᠩ ᠢ ᠢᠳᠡᠪᠬᠢᠲᠡᠢ ᠪᠠᠶᠢᠭᠤᠯᠵᠤ᠂ ᠬᠠᠷᠢᠯᠴᠠᠵᠤ ᠨᠡᠪᠲᠡᠷᠡᠯᠴᠡᠬᠦ᠂ ᠰᠢᠢᠳᠪᠦᠷᠢᠯᠡᠵᠦ ᠯᠠᠪᠯᠠᠨ ᠠᠰᠠᠭᠤᠬᠤ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠰᠢᠢᠳᠪᠦᠷᠢᠯᠡᠬᠦ ᠎ ᠠᠴᠠ ᠡᠮᠦᠨᠡᠬᠢ᠂ ᠰᠢᠢᠳᠪᠦᠷᠢᠯᠡᠬᠦ ᠳᠤᠮᠳᠠ᠂ ᠰᠢᠢᠳᠪᠦᠷᠢᠯᠡᠭᠰᠡᠨ ᠤ ᠳᠠᠷᠠᠭᠠᠬᠢ ᠪᠦᠬᠦ ᠶᠠᠪᠤᠴᠠ ᠶᠢᠨ ᠵᠥᠪᠯᠡᠬᠦ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠵᠦᠢᠯ ᠤᠨ ᠠᠮᠢᠳᠤᠯᠢᠭ ᠪᠦᠲᠦᠮᠵᠢᠲᠡᠢ ᠵᠥᠪᠯᠡᠯᠭᠡ ᠪᠠᠷ ᠳᠠᠮᠵᠢᠭᠤᠯᠤᠨ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠠᠨᠠᠯ ᠵᠥᠪᠯᠡᠯᠭᠡ ᠶᠢᠨ ᠦᠷ᠎ᠡ ᠪᠦᠲᠦᠭᠡᠯ ᠤᠨ ᠪᠦᠲᠦᠮᠵᠢᠲᠡᠢ ᠬᠤᠪᠢᠷᠠᠭᠤᠯᠤᠯᠲᠠ ᠶᠢ ᠠᠬᠢᠭᠤᠯᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠪᠣᠳᠠᠲᠤ ᠦᠷ᠎ᠡ ᠪᠦᠲᠦᠮᠵᠢ ᠲᠠᠢ ᠪᠠᠶᠢᠬᠤ ᠶᠢ ᠠᠬᠢᠭᠤᠯᠬᠤ ᠬᠡᠷᠡᠭᠲᠡᠢ᠃      ︵ᠲᠦᠷᠪᠡ︶ ᠰᠠᠨᠠᠯ ᠵᠥᠪᠯᠡᠯᠭᠡ ᠶᠢᠨ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ ᠂ ᠨᠡᠶᠢᠭᠡᠮ ᠤᠨ ᠨᠥᠯᠥᠭᠡ ᠶᠢ ᠥᠷᠭᠡᠳᠬᠡᠬᠦ ᠬᠡᠷᠡᠭᠲᠡᠢ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠢ ᠬᠡᠷᠡᠭᠯᠡᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠰᠠᠨᠠᠯ ᠵᠥᠪᠯᠡᠯᠭᠡ ᠪᠠ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠤᠨ ᠴᠢᠬᠤᠯᠠ ᠦᠢᠯᠡᠳᠦᠯ ᠢ ᠶᠡᠬᠡᠪᠡᠷ ᠤᠬᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠬᠡᠷᠡᠭᠯᠡᠨ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠭᠰᠡᠨ ᠨᠡᠶᠢᠲᠡᠯᠢᠭ ᠪᠣᠳᠠᠲᠤ ᠵᠢᠱᠢᠶ᠎ᠡ ᠶᠢ ᠤᠬᠠᠭᠤᠯᠵᠤ᠂ ᠴᠢᠨᠠᠷ ᠰᠠᠶᠢᠲᠠᠢ ᠰᠠᠨᠠᠯ ᠵᠥᠪᠯᠡᠯᠭᠡ ᠶᠢᠨ ᠪᠦᠷᠢᠯᠳᠦᠭᠰᠡᠨ ᠶᠠᠪᠤᠴᠠ᠂ ᠭᠤᠣᠯ ᠠᠭᠤᠯᠭ᠎ᠠ ᠪᠠ ᠰᠢᠢᠳᠪᠦᠷᠢᠯᠡᠭᠰᠡᠨ ᠦᠷ᠎ᠡ ᠪᠦᠲᠦᠮᠵᠢ ᠶᠢ ᠤᠬᠠᠭᠤᠯᠵᠤ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠲᠡᠷᠢᠭᠦᠨ ᠎ ᠤ ᠠᠷᠭ᠎ᠠ ᠬᠢᠳᠡᠯ ᠵᠢᠴᠢ ᠰᠠᠨᠠᠯ ᠵᠥᠪᠯᠡᠯᠭᠡ ᠶᠢᠨ ᠦᠷ᠎ᠡ ᠪᠦᠲᠦᠭᠡᠯ ᠢ ᠬᠤᠪᠢᠷᠠᠭᠤᠯᠤᠭᠰᠠᠨ ᠪᠠᠶᠢᠳᠠᠯ ᠢ ᠤᠬᠠᠭᠤᠯᠬᠤ ᠬᠡᠷᠡᠭᠲᠡᠢ᠃ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ ᠪᠠᠷ ᠳᠠᠮᠵᠢᠭᠤᠯᠤᠨ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠴᠢᠨᠠᠷ ᠰᠠᠶᠢᠲᠠᠢ ᠰᠠᠨᠠᠯ ᠵᠥᠪᠯᠡᠯᠭᠡ ᠶᠢ ᠬᠡᠷᠡᠭᠯᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ ᠲᠠᠰᠤᠷᠠᠯᠳᠠ ᠦᠭᠡᠢ ᠬᠥᠭᠵᠢᠭᠡᠵᠦ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠰᠠᠨᠠᠯ ᠵᠥᠪᠯᠡᠯᠭᠡ ᠶᠢ ᠰᠢᠢᠳᠪᠦᠷᠢᠯᠡᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃      ᠭᠡᠰᠢᠭᠦᠳ ᠡ᠂ ᠨᠥᠬᠦᠳ ᠡ᠂ ᠰᠢᠨ᠎ᠡ ᠴᠠᠭ ᠦᠶ᠎ᠡ ᠠᠴᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠳᠤ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ᠂ ᠰᠢᠨ᠎ᠡ ᠡᠭᠦᠷᠭᠡ ᠬᠠᠷᠢᠭᠤᠴᠠᠯᠭ᠎ᠠ ᠎ ᠨᠢ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠢᠶᠠᠯᠠᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠵᠣᠷᠢᠭᠲᠠᠶ ᠎ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠰᠠᠨᠠᠯ ᠵᠥᠪᠯᠡᠯᠭᠡ ᠶᠢᠨ ᠠᠵᠢᠯ ᠤᠨ ᠰᠢᠨ᠎ᠡ ᠦᠷ᠎ᠡ ᠪᠦᠲᠦᠮᠵᠢ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠳᠤ ᠪᠡᠯᠡᠭ ᠪᠣᠯᠭᠠᠨ ᠪᠠᠷᠢᠶ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号