ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ  ᠶᠢᠨ ᠪᠠᠶᠢᠩᠭᠤ ᠶᠢᠨ ᠬᠤᠷᠢᠶ᠎ᠠ ᠶᠢᠨ ᠰᠠᠨᠠᠯ ᠵᠥᠪᠯᠡᠯᠭᠡ ᠶᠢᠨ ᠠᠵᠢᠯ ᠤᠨ ᠮᠡᠳᠡᠭᠦᠯᠦᠯᠲᠡ ︵ᠨᠢᠭᠡ︶
ᠨᠡᠶᠢᠲᠡᠯᠡᠭᠰᠡᠨ ᠴᠠᠭ᠄
2021/5/14
     ——2021 ᠣᠨ ᠤ 3 ᠰᠠᠷ᠎ᠠ ᠶᠢᠨ 8 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                                            ᠮᠠ ᠾᠥᠩ ᠮᠧᠶᠭᠡᠰᠢᠭᠦᠳ ᠡ᠄      ᠪᠢ ᠤᠯᠤᠰ ᠲᠥᠷᠤ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ  ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠶᠡᠭᠡ ᠬᠤᠷᠠᠯ ᠳᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠠᠴᠠ ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠶ᠎ᠠ᠂ ᠬᠢᠨᠠᠨ ᠵᠥᠪᠯᠡᠬᠦ ᠪᠣᠯᠪᠠᠤ᠃      ᠨᠢᠭᠡ᠂ ᠰᠠᠨᠠᠯ ᠵᠥᠪᠯᠡᠯᠭᠡ ᠵᠢᠴᠢ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠦᠨᠳᠦᠰᠦᠨ ᠪᠠᠶᠢᠳᠠᠯᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠠᠴᠠ ᠨᠠᠰᠢ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠴᠢ ᠨᠢᠭᠡᠴᠡ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠤᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠶᠯᠡᠴᠢᠯᠡᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠠᠵᠢᠯ ᠤᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠵᠠᠩᠭᠢᠯᠠᠭ᠎ᠠ ᠶᠢᠨ ᠠᠰᠠᠭᠤᠳᠠᠯ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ  ᠶᠢᠨ ᠴᠢᠬᠤᠯᠠ ᠠᠰᠠᠭᠤᠳᠠᠯ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠯ ᠵᠥᠪᠯᠡᠯᠭᠡ ᠪᠠᠷ ᠳᠠᠮᠵᠢᠭᠤᠯᠤᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠶᠴᠡᠳᠬᠡᠨ ᠰᠠᠨᠠᠯ ᠰᠠᠨᠠᠭᠤᠯᠭ᠎ᠠ ᠳᠤᠷᠠᠳᠪᠠ᠃ ᠨᠢᠭᠡ ᠵᠢᠯ ᠤᠨ ᠲᠤᠷᠰᠢ᠂ ᠨᠡᠶᠢᠳᠡ 52 ᠬᠤᠪᠢ ᠰᠠᠨᠠᠯ ᠵᠥᠪᠯᠡᠯᠭᠡ  ᠶᠢ ᠬᠦᠯᠢᠶᠡᠨ ᠠᠪᠴᠤ᠂ ᠬᠢᠨᠠᠨ ᠪᠠᠶᠢᠴᠠᠭᠠᠵᠤ ᠪᠦᠬᠦᠨ ᠢ ᠬᠡᠷᠡᠭ ᠪᠣᠯᠭᠠᠨ ᠳᠠᠩᠰᠠᠯᠠᠪᠠ᠃ ᠡᠭᠦᠨ ᠳᠤ ᠤᠯᠤᠰ ᠲᠦᠷᠦ  ᠶᠢᠨ ᠪᠠᠶᠢᠭᠤᠯᠤᠯᠲᠠ ᠶᠢᠨ ᠲᠤᠬᠠᠢ 4 ᠵᠦᠢᠯ ᠪᠠᠶᠢᠵᠤ᠂ 8% ᠶᠢ ᠡᠵᠡᠯᠡᠵᠦ ᠪᠤᠢ︔ ᠠᠵᠤ ᠠᠬᠤᠢ ᠶᠢᠨ ᠪᠦᠳᠤᠭᠡᠨ ᠪᠠᠶᠢᠭᠤᠯᠤᠯᠲᠠ ᠶᠢᠨ ᠲᠤᠬᠠᠢ ᠰᠠᠨᠠᠯ ᠵᠥᠪᠯᠡᠯᠭᠡ 11 ᠵᠦᠢᠯ ᠪᠠᠶᠢᠵᠤ᠂ 21% ᠶᠢ ᠡᠵᠡᠯᠡᠵᠦ ᠪᠤᠢ︔ ᠰᠣᠶᠣᠯ ᠤᠨ ᠦᠶᠯᠡᠰ ᠤᠨ ᠲᠥᠷᠥᠯ ᠤᠨ 7 ᠬᠤᠪᠢ ᠪᠠᠶᠢᠵᠤ᠂ 13% ᠶᠢ ᠡᠵᠡᠯᠡᠵᠦ ᠪᠤᠢ︔ ᠨᠡᠶᠢᠭᠡᠮ ᠠᠷᠠᠳ ᠤᠨ ᠠᠮᠢᠳᠤᠷᠠᠯ  ᠤᠨ ᠲᠥᠷᠥᠯ ᠤᠨ 24 ᠪᠠᠶᠢᠵᠤ᠂ 46% ᠶᠢ ᠡᠵᠡᠯᠡᠵᠦ ᠪᠤᠢ︔ ᠠᠮᠢ ᠠᠬᠤᠶ ᠶᠢᠨ ᠪᠣᠯᠪᠠᠰᠤᠨ ᠤ ᠲᠥᠷᠥᠯ ᠤᠨ 6 ᠬᠤᠪᠢ ᠪᠠᠶᠢᠵᠤ᠂ 12% ᠢ ᠡᠵᠡᠯᠡᠵᠦ ᠪᠤᠢ︔᠃ ᠰᠠᠨᠠᠯ ᠵᠥᠪᠯᠡᠯᠭᠡ ᠶᠢ ᠲᠤᠰᠢᠶᠠᠨ ᠰᠢᠶᠳᠪᠦᠷᠢᠯᠡᠭᠦᠯᠬᠦ ᠠᠯᠬᠤᠮ ᠳᠠᠷᠠᠭᠠᠯᠠᠯ ᠶᠣᠰᠣᠭᠠᠷ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢᠶᠠᠷ ᠭᠠᠷ ᠤᠨ ᠥᠰᠥᠭ ᠵᠢᠷᠤᠭᠤᠯᠤᠨ ᠵᠥᠪᠰᠢᠶᠡᠷᠡᠭᠦᠯᠦᠭᠰᠡᠨ ᠤ ᠳᠠᠷᠠᠭ᠎ᠠ᠂ 26 ᠡᠷᠬᠡ ᠲᠤᠰᠢᠶᠠᠯᠲᠤ ᠰᠠᠯᠠᠭ᠎ᠠ ᠮᠥᠴᠢᠷ ᠲᠤ ᠲᠤᠰᠢᠶᠠᠨ ᠰᠢᠢᠳᠪᠦᠷᠢᠯᠡᠭᠦᠯᠪᠡ᠃ 2020 ᠣᠨ ᠤ 11 ᠰᠠᠷ᠎ᠠ ᠶᠢᠨ 30 ᠤ ᠡᠳᠦᠷ ᠪᠣᠯᠲᠠᠯ᠎ᠠ᠂ ᠬᠡᠷᠡᠭ ᠪᠣᠯᠭᠠᠨ ᠳᠠᠩᠰᠠᠯᠠᠭᠰᠠᠨ ᠰᠠᠨᠠᠯ ᠵᠥᠪᠯᠡᠯᠭᠡ ᠶᠢ ᠪᠦᠬᠦᠨ ᠢ ᠰᠢᠶᠳᠪᠦᠷᠢᠯᠡᠨ ᠬᠠᠷᠢᠭᠤᠯᠲᠠ ᠥᠭᠴᠦ᠂ ᠬᠤᠰᠢᠭᠤᠨ ᠤ ᠵᠠᠰᠠᠭ ᠤᠨ ᠣᠷᠳᠣᠨ ᠠᠴᠠ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ  ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷ᠎ᠡ ᠰᠠᠨᠠᠯ ᠵᠥᠪᠯᠡᠯᠭᠡ ᠶᠢ ᠰᠢᠶᠳᠪᠦᠷᠢᠯᠡᠭᠰᠡᠨ ᠪᠠᠶᠢᠳᠠᠯ ᠢ ᠵᠠᠷᠯᠠᠨ ᠮᠡᠳᠡᠭᠳᠡᠪᠡ᠃ ᠰᠢᠶᠳᠪᠦᠷᠢᠯᠡᠭᠰᠡᠨ ᠪᠠᠶᠢᠳᠠᠯ ᠠᠴᠠ ᠦᠵᠡᠪᠡᠯ᠂ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠢᠭᠡᠨᠲᠡ ᠰᠢᠶᠳᠪᠦᠷᠢᠯᠡᠭᠰᠡᠨ ᠪᠠ ᠬᠡᠰᠡᠭ ᠲᠠᠯ᠎ᠠ ᠪᠠᠷ ᠰᠢᠶᠳᠪᠦᠷᠢᠯᠡᠭᠰᠡᠨ ᠨᠢ 46 ᠬᠤᠪᠢ ᠪᠠᠶᠢᠵᠤ᠂ 88% ᠶᠢ ᠡᠵᠡᠯᠡᠵᠦ ᠪᠤᠢ ︔ ᠶᠠᠭ ᠰᠢᠢᠳᠪᠦᠷᠢᠯᠡᠵᠦ ᠪᠠᠶᠢᠭ᠎ᠠ ᠪᠤᠶᠤ ᠲᠥᠯᠥᠪᠵᠢᠭᠦᠯᠭᠡ ᠳᠡᠭᠡᠨ ᠣᠷᠣᠭᠤᠯᠤᠨ ᠠᠯᠬᠤᠮ ᠠᠯᠬᠤᠮ ᠢᠶᠠᠷ ᠰᠢᠢᠳᠪᠦᠷᠢᠯᠡᠬᠦ ᠨᠢ 5 ᠬᠤᠪᠢ ᠪᠠᠶᠢᠵᠤ᠂ 10% ᠶᠢ ᠡᠵᠡᠯᠡᠵᠦ ᠪᠤᠢ︔ ᠨᠥᠬᠦᠴᠡᠯ ᠤᠨ ᠬᠢᠵᠠᠭᠠᠷᠯᠠᠯ ᠠᠴᠠ ᠪᠤᠯᠵᠤ ᠲᠦᠷ ᠴᠠᠭ ᠰᠢᠢᠳᠪᠦᠷᠢᠯᠡᠬᠦ ᠳᠤ ᠬᠦᠴᠢᠷᠲᠡᠢ ᠪᠥᠭᠡᠳ ᠲᠠᠶᠢᠯᠪᠤᠷᠢᠯᠠᠯᠲᠠ ᠲᠣᠳᠣᠷᠬᠠᠶᠢᠯᠠᠯᠲᠠ ᠬᠢᠭᠰᠡᠨ ᠨᠢ 1 ᠵᠦᠢᠯ ᠪᠠᠶᠢᠵᠤ᠂ 2% ᠢ ᠡᠵᠡᠯᠡᠵᠦ ᠪᠤᠢ᠃ ᠬᠠᠷᠢᠭᠤ ᠲᠤᠰᠬᠠᠭᠰᠠᠨ ᠰᠠᠨᠠᠯ ᠠᠴᠠ ᠦᠵᠡᠪᠡᠯ᠂ ᠭᠡᠰᠢᠭᠦᠳ ᠬᠠᠨᠤᠮᠵᠢᠲᠠᠶ ᠪᠤᠶᠤ ᠦᠨᠳᠦᠰᠦᠨ ᠳᠡᠭᠡᠨ ᠬᠠᠨᠤᠮᠵᠢᠲᠠᠶ ᠪᠠᠶᠢᠬᠤ ᠨᠣᠷᠮ᠎ᠠ ᠨᠢ 96% ᠳᠤ ᠬᠦᠷᠪᠡ᠃      ︵ᠨᠢᠭᠡ︶ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠩᠬᠠᠷᠴᠤ᠂ ᠴᠢᠨᠠᠷ ᠰᠠᠶᠢᠲᠠᠢ ᠬᠥᠭᠵᠢᠯᠲᠡ  ᠳᠤ ᠬᠦᠴᠦᠨ ᠨᠡᠮᠡᠷᠢᠯᠡᠪᠡ᠃ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠨᠢ ᠠᠵᠤ ᠠᠬᠤᠢ ᠶᠢ ᠬᠥᠭᠵᠢᠭᠦᠯᠬᠦ ᠶᠠᠪᠤᠳᠠᠯ ᠪᠣᠯᠤᠨ᠎ᠠ᠃ ᠭᠡᠰᠢᠭᠦᠳ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠭᠤᠷᠬᠠᠶ ᠶᠢᠨ ᠦᠶᠯᠡᠰ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠮᠠᠯᠵᠢᠬᠤ ᠣᠷᠣᠨ ᠤ ᠠᠷᠠᠳ ᠤᠨ ᠳᠤᠮᠳᠠᠬᠢ ᠥᠨᠳᠥᠷ ᠬᠦᠦ ᠲᠠᠢ ᠵᠢᠭᠡᠯᠡᠯᠭᠡ ᠶᠢ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠰᠦᠯᠵᠢᠶᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠰᠠᠨᠠᠯ ᠵᠥᠪᠯᠡᠯᠭᠡ ᠳᠤᠷᠠᠳᠪᠠ᠃ ᠡᠲᠡᠭᠡᠷ ᠰᠠᠨᠠᠯ ᠰᠠᠨᠠᠭᠤᠯᠭ᠎ᠠ ᠨᠢ ᠨᠠᠷᠢᠨ ᠪᠣᠳᠠᠲᠠᠶ ᠪᠠᠶᠢᠴᠠᠭᠠᠯᠲᠠ ᠶᠢᠨ ᠲᠤᠭ᠎ᠠ ᠪᠠᠷᠢᠮᠲᠠ ᠲᠠᠢ᠂ ᠠᠰᠠᠭᠤᠳᠠᠯ ᠢ ᠰᠢᠶᠳᠪᠦᠷᠢᠯᠡᠬᠦ ᠪᠣᠳᠠᠲᠠᠶ ᠰᠡᠳᠬᠢᠴᠡ ᠲᠠᠢ᠂ ᠠᠵᠢᠯ ᠢᠶᠠᠨ ᠰᠠᠶᠢᠵᠢᠷᠠᠭᠤᠯᠤᠨ ᠳᠡᠭᠡᠭᠰᠢᠯᠡᠭᠦᠯᠬᠦ ᠪᠣᠳᠠᠲᠠᠶ ᠠᠷᠭ᠎ᠠ ᠬᠡᠮᠵᠢᠶ᠎ᠡ ᠲᠠᠢ ᠪᠠᠶᠢᠵᠤ᠂ ᠮᠠᠨ ᠤ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠣᠶᠤᠨ ᠤ ᠡᠬᠢ ᠪᠠᠶᠠᠯᠢᠭ ᠪᠠ ᠠᠷᠠᠳ ᠤᠨ ᠰᠠᠨᠠᠭ᠎ᠠ ᠶᠢᠨ ᠢᠷᠡᠯᠲᠡ ᠪᠣᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠬᠢ ᠰᠠᠨᠠᠯ ᠵᠥᠪᠯᠡᠯᠭᠡ ᠳᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠶᠯᠡᠳᠦᠯ ᠢ ᠢᠳᠡᠪᠬᠢᠲᠡᠶ ᠪᠠᠳᠠᠷᠠᠭᠤᠯᠵᠤ᠂ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠭᠰᠡᠨ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠤᠭᠰᠠᠨ ᠪᠠᠶᠢᠷᠢᠰᠢᠯ ᠢ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠨᠠᠶᠮᠠᠨ ᠬᠡᠯᠪᠡᠷᠢ︾ ᠶᠢᠨ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯ ᠠᠵᠤ ᠠᠬᠤᠶ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃      ︵ᠬᠤᠶᠠᠷ︶ ᠰᠣᠶᠣᠯ ᠤᠨ ᠪᠠᠶᠢᠭᠤᠯᠤᠯᠲᠠ ᠶᠢ ᠠᠩᠬᠠᠷᠴᠤ᠂ ᠴᠡᠴᠡᠭᠯᠡᠨ ᠬᠥᠭᠵᠢᠬᠦ ᠳᠤ ᠬᠦᠴᠦᠨ ᠨᠡᠮᠡᠷᠢᠯᠡᠪᠡ ᠃ ᠰᠣᠶᠣᠯ ᠪᠣᠯ ᠨᠢᠭᠡ ᠦᠨᠳᠦᠰᠦᠲᠡᠨ ᠤ ᠰᠦᠭ ᠰᠦᠨᠡᠰᠦ ᠮᠥᠨ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃ ᠭᠡᠰᠢᠭᠦᠳ ᠰᠢᠯᠢᠳᠡᠭ ᠤᠯᠠᠮᠵᠢᠯᠠᠯᠲᠤ ᠰᠣᠶᠣᠯ ᠪᠠ ᠦᠨᠳᠦᠰᠦᠲᠡᠨ  ᠤ ᠣᠷᠣᠨ ᠨᠤᠲᠤᠭ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠲᠣᠭᠤᠷᠢᠨ ᠳᠤ᠂ ᠮᠠᠨ ᠤ ᠬᠤᠰᠢᠭᠤᠨ ᠤ ᠣᠷᠣᠨ ᠨᠤᠲᠤᠭ ᠤᠨ ᠰᠣᠶᠣᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠭᠡᠮᠯᠢᠭ ᠢ ᠪᠠᠶᠢᠭᠤᠯᠬᠤ᠂ ᠮᠣᠩᠭᠤᠯ ᠶᠤᠸᠠᠨ ᠤ ᠰᠣᠶᠣᠯ ᠤᠨ ᠨᠠᠷᠠᠲᠤ ᠲᠡᠮᠳᠡᠭ ᠢ ᠡᠭᠦᠳᠬᠦ᠂ ᠦᠨᠳᠦᠰᠦᠨ ᠱᠠᠲᠤᠨ ᠤ ᠰᠣᠶᠣᠯ ᠤᠨ ᠠᠵᠢᠯᠯᠠᠭ᠎ᠠ ᠶᠢ ᠪᠠᠶᠠᠯᠢᠭᠵᠢᠭᠤᠯᠬᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠵᠡᠷᠭᠡ ᠰᠠᠨᠠᠯ ᠵᠥᠪᠯᠡᠯᠭᠡ ᠳᠤᠷᠠᠳᠪᠠ᠃ ᠳᠠᠭᠠᠭᠠᠨ ᠭᠦᠶᠴᠡᠳᠬᠡᠬᠦ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠦᠶ ᠵᠣᠬᠢᠰᠲᠠᠶ ᠰᠠᠨᠠᠯ ᠰᠠᠨᠠᠭᠤᠯᠭ᠎ᠠ ᠶᠢ ᠢᠳᠡᠪᠬᠢᠲᠡᠶ ᠯᠠᠪᠯᠠᠯᠲᠠ ᠪᠣᠯᠭᠠᠨ ᠬᠡᠷᠡᠭᠯᠡᠵᠦ᠂ ᠶᠢᠩᠴᠠᠩ ᠤᠨ ᠬᠠᠭᠤᠴᠢᠨ ᠬᠤᠲᠠ ᠶᠢᠨ ᠪᠠᠭᠤᠷᠢ ᠶᠢ ᠬᠠᠮᠠᠭᠠᠯᠠᠬᠤ ᠲᠥᠷᠥᠯ ᠵᠦᠶᠯ ᠢ ᠡᠮᠬᠢ ᠵᠢᠷᠤᠮ ᠲᠠᠢ ᠠᠬᠢᠭᠤᠯᠵᠤ᠂ ᠠᠯᠲᠠᠨ ᠤᠯᠤᠰ ᠤᠨ ᠤᠲᠠᠰᠤᠨ ᠬᠡᠷᠡᠮ ᠤᠨ ᠪᠠᠭᠤᠷᠢ ᠶᠢᠨ ᠤᠯᠢᠶᠠᠰᠤᠲᠠᠢ ᠶᠢᠨ ᠬᠡᠰᠡᠭ ᠢ ᠤᠯᠤᠰ ᠤᠨ ᠲᠠᠰ ᠤᠨ ᠣᠷᠳᠣ ᠴᠠᠭᠠᠨ ᠬᠡᠷᠡᠮ  ᠤᠨ ᠴᠢᠬᠤᠯᠠ ᠬᠡᠰᠡᠭ ᠪᠣᠯᠭᠠᠪᠠ᠃ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠤᠯᠠᠭᠠᠨᠮᠥ᠋ᠴᠢᠷ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ᠂ ᠴᠡᠷᠢᠭ ᠤᠨ ᠬᠤᠸᠠᠷᠠᠨ᠂ ᠠᠵᠤ ᠠᠬᠤᠶᠢᠯᠠᠯ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠦᠨᠳᠦᠰᠦᠲᠡᠨ  ᠤ ᠪᠦᠯᠬᠦᠮᠳᠡᠯ ᠵᠡᠷᠭᠡ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠨᠠᠮ ᠤᠨ ᠳᠠᠭᠤ ᠬᠤᠭᠤᠯᠠᠢ ᠪᠠ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠡᠯᠪᠡᠭ ᠪᠠᠶᠠᠯᠢᠭ ᠣᠶᠤᠨ ᠤ ᠲᠡᠵᠢᠭᠡᠯ ᠢ ᠦᠨᠳᠦᠰᠦᠨ ᠱᠠᠲᠤᠨ ᠤ ᠣᠯᠠᠨ ᠲᠦᠮᠡᠨ ᠳᠤ ᠬᠦᠷᠭᠡᠪᠡ᠃      ︵ᠭᠤᠷᠪᠠ︶ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠠᠩᠬᠠᠷᠴᠤ᠂ ᠬᠦᠷᠲᠡᠮᠵᠢ ᠶᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠪᠡ᠃ ᠠᠷᠠᠳ ᠤᠨ ᠠᠮᠢᠳᠤᠷᠠᠯ ᠤᠨ ᠠᠰᠠᠭᠤᠳᠠᠯ ᠨᠢ ᠥᠷᠭᠡᠨ ᠤᠯᠠᠨ ᠠᠷᠠᠳ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠤᠢ᠃ ᠭᠡᠰᠢᠭᠦᠳ ᠠᠷᠠᠳ ᠤᠨ ᠠᠮᠢᠳᠤᠷᠠᠯ  ᠤᠨ ᠠᠵᠠ ᠵᠢᠷᠭᠠᠯ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠣᠭᠤᠷᠢᠨ ᠳᠤ᠂ ᠦᠵᠡᠮᠵᠢ ᠶᠢᠨ ᠣᠷᠣᠨ ᠤ ᠪᠢᠯᠧᠲ  ᠤᠨ ᠦᠨ᠎ᠡ ᠶᠢᠨ ᠬᠠᠮᠢᠶᠠᠷᠤᠯᠲᠠ ᠶᠢ ᠰᠠᠶᠢᠵᠢᠷᠠᠭᠤᠯᠬᠤ᠂ ᠪᠠᠯᠭᠠᠰᠤᠨ ᠤ ᠲᠣᠭᠤᠷᠢᠭ ᠤᠨ ᠵᠠᠮ ᠬᠠᠷᠢᠯᠴᠠᠭᠠᠨ ᠤ ᠡᠮᠬᠢ ᠳᠢᠭᠯᠢᠮ ᠢ ᠵᠢᠷᠤᠮᠵᠢᠭᠤᠯᠬᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠠᠬᠢᠭᠤᠯᠬᠤ᠂ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠥᠲᠥᠭᠡᠨ ᠪᠠᠶᠢᠭᠤᠯᠬᠤ᠂ ᠪᠠᠯᠭᠠᠰᠤᠨ  ᠤ ᠲᠣᠭᠤᠷᠢᠭ ᠤᠨ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠢ ᠭᠡᠷᠡᠯᠲᠦᠭᠦᠯᠬᠦ ᠵᠡᠷᠭᠡ ᠰᠠᠨᠠᠯ ᠵᠥᠪᠯᠡᠯᠭᠡ ᠳᠤᠷᠠᠳᠪᠠ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠢᠯᠧᠲ ᠤᠨ ᠦᠨ᠎ᠡ ᠶᠢᠨ ᠬᠠᠮᠢᠶᠠᠷᠤᠯᠲᠠ ᠶᠢᠨ ᠲᠤᠬᠠᠶ ᠰᠠᠨᠠᠯ ᠵᠥᠪᠯᠡᠯᠭᠡ ᠳᠤ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠡᠷᠬᠡ ᠲᠤᠰᠢᠶᠠᠯᠲᠤ ᠰᠠᠯᠠᠭ᠎ᠠ ᠮᠥᠴᠢᠷ ᠠᠯᠢ ᠣᠯᠠᠨ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ 2021 ᠣᠨ ᠤ ᠬᠠᠪᠤᠷ ᠴᠡᠴᠡᠷᠯᠢᠭ ᠨᠡᠭᠡᠭᠡᠬᠦ ᠦᠶ᠎ᠡ ᠳᠤ ᠬᠤᠰᠢᠭᠤᠨ ᠤ ᠳᠣᠲᠣᠷᠠᠬᠢ ᠦᠵᠡᠮᠵᠢ ᠶᠢᠨ ᠣᠷᠣᠨ ᠢ ᠬᠡᠰᠢᠭᠲᠡᠨ ᠬᠤᠰᠢᠭᠤᠨ ᠤ ᠰᠠᠭᠤᠭᠠᠯᠢ ᠠᠷᠠᠳ ᠲᠤ ᠰᠦᠶᠳᠬᠡᠯ ᠬᠤᠷᠢᠶᠠᠬᠤ ᠥᠬᠡᠶ ᠪᠠᠷ ᠨᠡᠭᠡᠭᠡᠬᠦ ᠪᠠᠷ ᠲᠥᠯᠥᠪᠯᠡᠪᠡ᠃ ᠲᠤᠬᠠᠶ  ᠶᠢᠨ ᠦᠶ᠎ᠡ ᠳᠤ᠂ ᠠᠷᠠᠳ ᠣᠯᠠᠨ ᠤ ᠭᠠᠳᠠᠭᠰᠢ ᠭᠠᠷᠴᠤ ᠵᠤᠭᠠᠴᠠᠬᠤ ᠬᠦᠰᠡᠯ ᠡᠷᠡᠮᠡᠯᠵᠡᠯ᠂ ᠭᠠᠳᠠᠭᠰᠢ ᠭᠠᠷᠴᠤ ᠵᠤᠭᠠᠴᠠᠬᠤ ᠳᠠᠪᠲᠠᠮᠵᠢ ᠶᠢ ᠶᠡᠭᠡ ᠪᠠᠷ ᠳᠡᠭᠡᠭᠰᠢᠯᠡᠭᠦᠯᠵᠦ᠂ ᠡᠩ ᠤᠨ ᠬᠤᠲᠠ ᠶᠢᠨ ᠠᠷᠠᠳ ᠤᠨ ᠵᠢᠭᠤᠯᠴᠢᠯᠠᠯ ᠤᠨ ᠠᠰᠠᠷᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠣᠷᠣᠨ ᠬᠡᠪᠴᠢᠶᠡᠨ ᠤ ᠵᠢᠭᠤᠯᠴᠢᠯᠠᠯ᠂ ᠪᠥᠬᠦ ᠠᠷᠠᠳ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠪᠣᠯᠣᠨ᠎ᠠ᠃ ᠵᠠᠮ ᠬᠠᠷᠢᠯᠴᠠᠭᠠᠨ ᠤ ᠡᠮᠬᠢ ᠳᠢᠭᠯᠢᠮ  ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠰᠠᠨᠠᠯ ᠵᠥᠪᠯᠡᠯᠭᠡ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠴᠢ ᠬᠠᠮᠢᠶ᠎ᠠ ᠪᠥᠬᠦᠶ ᠨᠢᠭᠡᠴᠡ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠳᠤ ᠰᠠᠭᠤᠷᠢᠯᠠᠨ ᠂ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ᠂ ᠳᠣᠲᠣᠭᠠᠳᠤ ᠶᠢ ᠬᠠᠮᠠᠭᠠᠯᠠᠬᠤ ᠡᠭᠦᠷᠭᠡ ᠴᠢᠳᠠᠪᠬᠢ  ᠶᠢᠨ ᠬᠢᠨᠠᠨ ᠡᠵᠡᠮᠳᠡᠬᠦ ᠬᠠᠮᠢᠶᠠᠷᠤᠯᠲᠠ ᠶᠢᠨ ᠰᠢᠰᠲ᠋ᠧᠮ ᠢ ᠰᠢᠨ᠎ᠡ ᠪᠠᠷ ᠪᠠᠶᠢᠭᠤᠯᠵᠤ᠂ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠶᠠᠪᠠᠭᠠᠨ ᠬᠥᠮᠦᠨ᠂ ᠮᠠᠰᠢᠨ ᠲᠡᠷᠭᠡ ᠪᠠ ᠮᠠᠰᠢᠨ ᠪᠤᠰᠤ ᠲᠡᠷᠭᠡᠨ ᠤ ᠪᠣᠯᠪᠠᠰᠤᠨ ᠵᠠᠮ ᠬᠠᠷᠢᠯᠴᠠᠭᠠᠨ ᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠮ ᠬᠠᠷᠢᠯᠴᠠᠭᠠᠨ ᠤ ᠡᠮᠬᠢ ᠳᠢᠭᠯᠢᠮ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃ ᠬᠤᠲᠠ ᠪᠠᠯᠭᠠᠰᠤᠨ ᠤ ᠰᠣᠶᠣᠯ  ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠬᠤ᠂ ᠭᠤᠶᠤᠵᠢᠭᠤᠯᠬᠤ ᠨᠣᠭᠤᠭᠠᠷᠠᠭᠤᠯᠬᠤ ᠭᠡᠷᠡᠯᠲᠦᠭᠦᠯᠬᠦ ᠵᠡᠷᠭᠡ ᠲᠠᠯ᠎ᠠ ᠪᠠᠷ ᠬᠢ ᠰᠠᠨᠠᠯ ᠵᠥᠪᠯᠡᠯᠭᠡ ᠶᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠨᠠᠷᠢᠨ ᠬᠢᠨᠠᠮᠠᠭᠠᠢ ᠰᠤᠳᠤᠯᠵᠤ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠠᠳᠠᠯ ᠠᠬᠤᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠦᠨᠳᠦᠰᠦᠲᠡᠨ ᠤ ᠰᠣᠶᠣᠯ ᠤᠨ ᠡᠯᠧᠮᠧᠨ᠋ᠲ ᠢ ᠨᠡᠮᠡᠭᠳᠡᠭᠦᠯᠬᠦ᠂ ᠦᠵᠡᠮᠵᠢ ᠶᠢᠨ ᠪᠦᠲᠦᠭᠡᠯ ᠲᠣᠬᠢᠷᠠᠭᠤᠯᠬᠤ᠂ ᠨᠡᠶᠢᠲᠡ ᠶᠢᠨ ᠵᠣᠷᠯᠣᠩ ᠨᠡᠮᠡᠵᠦ ᠪᠠᠶᠢᠭᠤᠯᠬᠤ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢ ᠰᠢᠨ᠎ᠡ ᠪᠠᠷ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠣᠲᠣᠭᠠᠳᠤ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ︵ᠳᠥᠷᠪᠡ︶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠠᠩᠬᠠᠷᠴᠤ᠂ ᠪᠣᠬᠢᠷᠲᠤᠯ ᠥᠬᠡᠶ ᠬᠥᠭᠵᠢᠯᠲᠡ  ᠳᠤ ᠬᠦᠴᠦᠨ ᠨᠡᠮᠡᠷᠢᠯᠡᠪᠡ᠃ ᠪᠣᠬᠢᠷᠲᠤᠯ ᠦᠭᠡᠢ ᠠᠭᠤᠯᠠ ᠤᠰᠤ ᠪᠣᠯ ᠬᠠᠮᠤᠭ ᠤᠨ ᠡᠷᠬᠢᠮ ᠨᠠᠨᠳᠢᠨ ᠵᠦᠢᠯ ᠮᠥᠨ᠃ ᠭᠡᠰᠢᠭᠦᠳ ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ︾ ᠣᠶᠢᠯᠠᠭᠠᠭᠳᠠᠬᠤᠨ ᠢ ᠦᠶᠯᠡᠳᠦᠯᠭᠡᠵᠢᠭᠦᠯᠬᠦ ᠶᠢᠨ ᠲᠣᠭᠤᠷᠢᠨ ᠳᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠬᠦᠴᠦᠨ ᠢ ᠨᠡᠶᠢᠳᠬᠡᠬᠦ᠂ ᠢᠳᠡᠭᠡᠨ ᠤᠮᠳᠠᠭᠠᠨ ᠤ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ  ᠶᠢ ᠴᠢᠩᠭᠠᠳᠬᠠᠬᠤ᠂ ᠪᠣᠬᠢᠷ ᠤᠰᠤ ᠭᠠᠳᠠᠭᠰᠢᠯᠠᠭᠤᠯᠬᠤ ᠶᠢ ᠵᠠᠰᠠᠬᠤ ᠡᠷᠴᠢᠮ ᠢ ᠴᠢᠩᠭᠠᠷᠠᠭᠤᠯᠬᠤ ᠵᠡᠷᠭᠡ ᠰᠠᠨᠠᠯ ᠵᠥᠪᠯᠡᠯᠭᠡ ᠳᠤᠷᠠᠳᠪᠠ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ᠭᠡᠰᠢᠭᠦᠳ ᠤᠨ ᠳᠤᠷᠠᠳᠤᠭᠰᠠᠨ ᠦᠨᠡᠨ ᠮᠡᠳᠡᠯᠭᠡ ᠨᠡᠪᠲᠡᠷᠬᠡᠶ ᠦᠵᠡᠯᠲᠡ ᠶᠢ ᠢᠳᠡᠪᠬᠢᠲᠡᠶ ᠪᠠᠷ ᠰᠢᠩᠭᠡᠭᠡᠨ ᠠᠪᠴᠤ᠂ ᠠᠭᠤᠯᠠ ᠤᠰᠤ᠂ ᠤᠢ ᠮᠣᠳᠣ᠂ ᠭᠠᠵᠠᠷ ᠲᠠᠷᠢᠶ᠎ᠠ᠂ ᠨᠠᠭᠤᠷ ᠪᠦᠷᠢᠳᠦ᠂ ᠨᠤᠲᠤᠭ ᠪᠡᠯᠴᠢᠭᠡᠷ᠂ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦ᠂ ᠰᠢᠷᠠᠮᠥ᠋ᠷᠡᠨ ᠭᠤᠤᠯ᠂ ᠳᠠᠯᠠᠢ ᠨᠠᠭᠤᠷ ᠤᠨ ᠰᠠᠪᠠ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠳᠤ᠂ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ᠂ ᠭᠤᠣᠯᠳᠠᠯᠭ᠎ᠠ ᠲᠠᠢ ᠣᠷᠣᠨ ᠤ ᠨᠣᠭᠤᠭᠠᠷᠠᠭᠤᠯᠤᠯᠲᠠ ᠵᠡᠷᠭᠡ ᠠᠮᠢ ᠠᠬᠤᠶ ᠶᠢᠨ ᠢᠨᠵᠧᠨᠧᠷᠢᠩ ᠤᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂᠂ ︽ᠬᠡᠰᠢᠭᠲᠡᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ ᠨᠡᠶᠢᠲᠡᠯᠡᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠳᠠᠯᠠᠵᠤ᠂ ᠣᠷᠴᠢᠨ ᠲᠣᠭᠤᠷᠢᠨ ᠤ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠰᠢᠢᠳᠬᠡᠵᠦ᠂ ᠪᠦᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠳᠠᠭᠠᠭᠠᠴᠠ ᠪᠦᠲᠦᠮᠵᠢᠲᠡᠢ ᠳᠡᠭᠡᠭᠰᠢᠯᠡᠪᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号