ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ  ᠶᠢᠨ ᠪᠠᠶᠢᠩᠭᠤ ᠶᠢᠨ ᠬᠤᠷᠢᠶ᠎ᠠ ᠶᠢᠨ ᠰᠠᠨᠠᠯ ᠵᠥᠪᠯᠡᠯᠭᠡ ᠶᠢᠨ ᠠᠵᠢᠯ ᠤᠨ ᠮᠡᠳᠡᠭᠦᠯᠦᠯᠲᠡ ︵ᠭᠤᠷᠪᠠ︶
ᠨᠡᠶᠢᠲᠡᠯᠡᠭᠰᠡᠨ ᠴᠠᠭ᠄
2021/5/14
     ᠭᠤᠷᠪᠠ᠂ 2021 ᠣᠨ ᠤ ᠰᠠᠨᠠᠯ ᠵᠥᠪᠯᠡᠯᠭᠡ ᠶᠢᠨ ᠠᠵᠢᠯ ᠤᠨ ᠰᠠᠨᠠᠭᠤᠯᠭ᠎ᠠ      2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠠᠰᠠ ᠴᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠵᠢᠯ ᠮᠥᠨ᠂ ᠡᠨᠡ ᠵᠢᠯ ᠤᠨ ᠰᠠᠨᠠᠯ ᠵᠥᠪᠯᠡᠯᠭᠡ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠭᠤᠤᠯ ᠠᠵᠢᠯ ᠤᠨ ᠲᠣᠭᠤᠷᠢᠨ ᠳᠤ᠂ ᠡᠭᠦᠷᠭᠡ ᠲᠤᠰᠢᠶᠠᠯ ᠢᠶᠠᠨ ᠬᠢᠨᠠᠮᠠᠭᠠᠶ ᠭᠦᠢᠴᠡᠳᠬᠡᠵᠦ᠂ ᠪᠦᠬᠦ ᠬᠦᠴᠦᠨ ᠢᠶᠠᠷ ᠢᠶᠠᠨ ᠶᠡᠭᠡ ᠲᠠᠯ᠎ᠠ ᠳᠤ ᠦᠢᠯᠡᠴᠢᠯᠡᠵᠦ᠂ ︽ᠰᠠᠨᠠᠯ ᠵᠥᠪᠯᠡᠯᠭᠡ᠂ ᠰᠠᠨᠠᠯ ᠵᠥᠪᠯᠡᠯᠭᠡ ᠶᠢ ᠭᠦᠢᠴᠡᠳᠬᠡᠬᠦ᠂ ᠰᠠᠨᠠᠯ ᠵᠥᠪᠯᠡᠯᠭᠡ ᠶᠢᠨ ᠦᠶᠯᠡᠴᠢᠯᠡᠭᠡ ᠶᠢᠨ ᠭᠤᠷᠪᠠᠨ ᠶᠠᠰᠤ ᠴᠢᠨᠠᠷ︾ ᠢ ᠳᠡᠭᠡᠭᠰᠢᠯᠡᠭᠦᠯᠬᠦ ᠢᠶᠠᠷ ᠭᠤᠤᠯᠳᠠᠯᠭ᠎ᠠ ᠪᠣᠯᠭᠠᠵᠤ᠂ ᠵᠥᠪᠳᠡᠯᠴᠡᠨ ᠬᠢᠨᠠᠯᠲᠠ ᠲᠠᠯᠪᠢᠬᠤ ᠪᠠᠷ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠭᠦᠢᠴᠡᠳᠬᠡᠨ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠪᠠᠷ ᠬᠠᠷᠠᠯᠲᠠ ᠪᠣᠯᠭᠠᠵᠤ᠂ ᠠᠵᠢᠯ ᠤᠨ ᠰᠢᠨ᠎ᠡ ᠶᠢ ᠡᠭᠦᠳᠬᠦ ᠪᠠᠷ ᠭᠤᠤᠯ ᠰᠢᠵᠢᠮ ᠪᠣᠯᠭᠠᠵᠤ᠂ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠪᠠᠷ ᠪᠠᠲᠤᠯᠠᠭ᠎ᠠ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠠᠬᠢ ᠰᠠᠨᠠᠯ ᠵᠥᠪᠯᠡᠯᠭᠡ ᠶᠢᠨ ᠠᠵᠢᠯ ᠤᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃      ︵ᠨᠢᠭᠡ︶ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠤᠯᠠᠮ ᠨᠢᠭᠡ ᠠᠯᠬᠤᠮ ᠴᠢᠩᠭᠠᠳᠬᠠᠵᠤ ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ᠃ ᠰᠠᠨᠠᠯ ᠵᠥᠪᠯᠡᠯᠭᠡ ᠶᠢᠨ ᠠᠵᠢᠯ ᠤᠨ ᠬᠤᠯᠪᠣᠭᠳᠠᠬᠤ ᠬᠡᠪᠴᠢᠶ᠎ᠡ ᠥᠷᠭᠡᠨ᠂ ᠠᠩᠬᠠᠷᠤᠯ ᠤᠨ ᠬᠡᠮᠵᠢᠶ᠎ᠡ ᠥᠨᠳᠥᠷ᠂ ᠪᠢᠳᠡ ᠶᠡᠷᠦᠩᠬᠡᠢ ᠱᠦᠵᠢ ᠰᠢ ᠶᠢᠨ ᠫᠢᠩ  ᠤᠨ ᠰᠠᠨᠠᠯ ᠵᠥᠪᠯᠡᠯᠭᠡ ᠶᠢᠨ ᠠᠵᠢᠯ ᠤᠨ ᠲᠤᠬᠠᠢ ᠲᠤᠯᠤᠭᠠᠨ ᠵᠤᠷᠪᠤᠰ ᠵᠢᠭᠠᠪᠤᠷᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠬᠤ ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠰᠠᠨᠠᠯ ᠵᠥᠪᠯᠡᠯᠭᠡ ᠶᠢᠨ ᠠᠵᠢᠯ ᠤᠨ ᠪᠦᠬᠦ ᠶᠠᠪᠤᠴᠠ  ᠳᠤ ᠨᠠᠶᠢᠳᠠᠪᠤᠷᠢᠵᠢᠭᠤᠯᠵᠤ᠂ ᠴᠢᠬᠤᠯᠠ ᠭᠤᠭᠴᠤᠭ᠎ᠠ ᠶᠢ ᠴᠢᠩᠭ᠎ᠠ ᠠᠩᠬᠠᠷᠴᠤ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠡᠯ᠎ᠡ ᠡᠲᠡᠭᠡᠳ ᠤᠨ ᠬᠢᠨ ᠤ ᠤᠶᠤᠨ ᠤᠬᠠᠭᠠᠨ ᠢ ᠨᠡᠩ ᠰᠠᠶᠢᠲᠤᠷ ᠲᠥᠪᠯᠡᠷᠡᠭᠦᠯᠵᠦ᠂ ᠡᠯ᠎ᠡ ᠡᠲᠡᠭᠡᠳ ᠤᠨ ᠬᠦᠴᠦᠨ ᠢ ᠨᠡᠩ ᠰᠠᠶᠢᠲᠤᠷ ᠨᠢᠭᠲᠠᠷᠠᠭᠤᠯᠤᠨ᠂ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠲᠤᠰᠬᠠᠵᠤ᠂ ᠠᠳᠠᠯᠢ ᠲᠠᠯ᠎ᠠ ᠪᠠᠨ ᠨᠢᠭᠡᠳᠬᠡᠨ ᠵᠥᠷᠢᠶ᠎ᠡ ᠪᠠᠨ ᠦᠯᠡᠳᠡᠭᠡᠵᠦ᠂ ᠠᠳᠠᠯᠢ ᠪᠤᠰᠤ ᠰᠠᠨᠠᠯ ᠢᠶᠠᠨ ᠵᠥᠪᠳᠡᠯᠴᠡᠨ ᠨᠢᠭᠡᠳᠬᠡᠵᠦ᠂ ᠨᠡᠶᠢᠭᠡᠮ ᠳᠠᠶᠠᠭᠠᠷ ᠤᠨ ᠬᠦᠰᠡᠯ ᠰᠠᠨᠠᠭ᠎ᠠ ᠪᠠ ᠱᠠᠭᠠᠷᠳᠠᠯᠭ᠎ᠠ ᠶᠢ ᠡᠷᠢᠯᠬᠢᠯᠡᠬᠦ ᠨᠢᠭᠡᠳᠦᠯᠲᠡᠢ ᠲᠠᠯ᠎ᠠ ᠶᠢ ᠠᠳᠬᠤᠵᠤ᠂ ᠠᠷᠠᠳ ᠤᠨ ᠰᠡᠳᠬᠢᠯ ᠠᠷᠠᠳ ᠤᠨ ᠬᠦᠰᠡᠯ ᠡᠷᠡᠮᠡᠯᠵᠡᠯ ᠢ ᠬᠠᠮᠤᠭ ᠤᠨ ᠶᠡᠭᠡ ᠬᠡᠮᠵᠢᠶ᠎ᠡ ᠪᠠᠷ ᠢᠯᠡᠳᠬᠡᠬᠦ ᠬᠡᠷᠡᠭᠲᠡᠢ᠃      ︵ᠬᠤᠶᠠᠷ︶ ᠰᠠᠨᠠᠯ ᠵᠥᠪᠯᠡᠯᠭᠡ ᠶᠢᠨ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ᠃ ︽ᠭᠤᠤᠯ ᠠᠵᠢᠯ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠶᠯᠡᠴᠢᠯᠡᠬᠦ︾ ᠠᠵᠢᠯ ᠤᠨ ᠶᠡᠷᠦᠩᠬᠡᠶ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠭᠤᠤᠯᠳᠠᠭᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠬᠤ ᠵᠡᠷᠭᠡ ᠲᠠᠯ᠎ᠠ ᠪᠠᠷ ᠭᠤᠤᠯᠳᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠴᠢ ᠨᠢᠭᠡᠴᠡ ᠶᠢᠨ ᠳᠠᠪᠠᠭᠤᠯᠢᠭ  ᠢᠶᠠᠨ ᠭᠦᠶᠴᠡᠳ ᠪᠠᠳᠠᠷᠠᠭᠤᠯᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠯᠭᠡᠵᠦ᠂ ᠪᠣᠳᠠᠲᠠᠶ ᠶᠢ ᠡᠷᠬᠢᠮᠯᠡᠭᠰᠡᠨ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠦᠨᠡᠨ ᠮᠡᠳᠡᠯᠭᠡ ᠨᠡᠪᠲᠡᠷᠬᠡᠶ ᠦᠵᠡᠯᠲᠡ ᠶᠢ ᠢᠯᠡᠭᠦᠬᠡᠨ ᠳᠤᠷᠠᠳᠴᠤ᠂ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠴᠢᠨᠠᠷ ᠰᠠᠶᠢᠲᠠᠶ ᠰᠠᠨᠠᠯ ᠵᠥᠪᠯᠡᠯᠭᠡ ᠶᠢ ᠢᠳᠡᠪᠬᠢᠲᠡᠶ ᠲᠤᠭᠤᠷᠪᠢᠨ ᠪᠢᠴᠢᠵᠦ᠂ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠭᠦᠯᠬᠦ ᠬᠡᠷᠡᠭᠲᠡᠢ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠭᠤᠤᠯᠳᠠᠯᠭ᠎ᠠ ᠲᠠᠢ ᠰᠠᠨᠠᠯ ᠵᠥᠪᠯᠡᠯᠭᠡ ᠶᠢ ᠳᠠᠭᠠᠭᠤᠯᠤᠨ ᠭᠦᠶᠴᠡᠳᠬᠡᠵᠦ ᠱᠠᠭᠠᠷᠳᠠᠨ ᠭᠦᠶᠴᠡᠳᠬᠡᠯᠭᠡᠬᠦ ᠵᠣᠬᠢᠴᠠᠮᠵᠢ ᠶᠢ ᠪᠠᠶᠢᠭᠤᠯᠵᠤ᠂ ᠵᠢᠱᠢᠶ᠎ᠡ ᠦᠵᠡᠭᠦᠯᠬᠦ ᠦᠶᠯᠡᠳᠦᠯ ᠢ ᠪᠠᠳᠠᠷᠠᠭᠤᠯᠤᠨ᠂ ᠰᠠᠨᠠᠯ ᠵᠥᠪᠯᠡᠯᠭᠡ ᠶᠢ ᠭᠦᠶᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠬᠠᠮᠲᠤᠷᠠᠨ ᠱᠠᠭᠠᠷᠳᠠᠨ ᠰᠢᠢᠳᠪᠦᠷᠢᠯᠡᠬᠦ ᠵᠣᠬᠢᠴᠠᠮᠵᠢ ᠶᠢ ᠦᠷᠭᠦᠯᠵᠢᠯᠡᠨ ᠪᠠᠷᠢᠮᠲᠠᠯᠠᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠲᠡᠷᠢᠭᠦᠯᠡᠭᠴᠢᠳ ᠤᠨ ᠬᠤᠷᠠᠯᠳᠤᠭᠠᠨ ᠤ ᠪᠦᠷᠢᠯᠳᠦᠬᠦᠨ ᠢᠶᠠᠷ ᠲᠦᠷᠦᠭᠦᠯᠡᠭᠦᠯᠦᠨ ᠭᠤᠣᠯᠳᠠᠯᠭ᠎ᠠ ᠲᠠᠢ ᠰᠠᠨᠠᠯ ᠵᠥᠪᠯᠡᠯᠭᠡ  ᠶᠢ ᠱᠠᠭᠠᠷᠳᠠᠨ ᠰᠢᠢᠳᠪᠦᠷᠢᠯᠡᠭᠦᠯᠬᠦ ᠲᠦᠷᠢᠮ ᠢ ᠦᠷᠭᠦᠯᠵᠢᠯᠡᠨ ᠪᠠᠷᠢᠮᠲᠠᠯᠠᠵᠤ᠂ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠦᠷ᠎ᠡ ᠪᠦᠲᠦᠭᠡᠯ ᠢ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠪᠣᠳᠠᠲᠠᠢ ᠶᠢ ᠡᠷᠬᠢᠮᠯᠡᠨ ᠠᠬᠢᠭᠤᠯᠬᠤ ᠬᠡᠷᠡᠭᠲᠡᠢ᠃ ᠥᠪᠥᠷ ᠮᠣᠩᠭᠤᠯ ᠤᠨ ᠤᠯᠤᠰ ᠲᠦᠷᠦ ᠶᠢᠨ ᠵᠥᠪᠯᠡᠯᠭᠡᠨ ᠤ ᠡᠭᠦᠯᠡᠨ ᠲᠠᠪᠴᠠᠩ ᠳᠤ ᠲᠦᠰᠢᠭᠯᠡᠨ᠂ ᠰᠠᠨᠠᠯ ᠵᠥᠪᠯᠡᠯᠭᠡ ᠶᠢᠨ ᠠᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠨᠠᠯ ᠵᠥᠪᠯᠡᠯᠭᠡ ᠶᠢᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃      ︵ᠭᠤᠷᠪᠠ︶ ᠰᠠᠨᠠᠯ ᠵᠥᠪᠯᠡᠯᠭᠡ ᠶᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠬᠡᠷᠡᠭᠲᠡᠢ᠃ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠢ ᠠᠬᠢᠭᠤᠯᠬᠤ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ ︽ᠰᠢᠪᠲᠤᠯᠤᠯᠲᠠ ᠶᠢᠨ ᠴᠡᠭ︾ ᠪᠠ ︽ᠬᠦᠴᠦᠯᠡᠴᠡ ᠶᠢᠨ ᠴᠡᠭ︾ ᠪᠣᠯᠭᠠᠵᠤ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠰᠢᠢᠳᠪᠦᠷᠢᠯᠡᠬᠦ ᠵᠥᠪᠯᠡᠯᠭᠡ ᠬᠢᠬᠦ ᠲᠠᠪᠴᠠᠩ ᠤᠨ ᠦᠢᠯᠡᠳᠦᠯ ᠢ ᠪᠠᠳᠠᠷᠠᠭᠤᠯᠤᠨ᠂ ᠰᠢᠨ᠎ᠡ ᠰᠠᠨᠠᠯ ᠵᠥᠪᠯᠡᠯᠭᠡ ᠶᠢ ᠰᠢᠢᠳᠪᠦᠷᠢᠯᠡᠬᠦ ᠵᠥᠪᠯᠡᠯᠭᠡ ᠬᠢᠬᠦ ᠬᠡᠯᠪᠡᠷᠢ ᠶᠢ ᠪᠠᠶᠠᠯᠢᠭᠵᠢᠭᠤᠯᠤᠨ ᠰᠦᠪᠡᠭᠴᠢᠯᠡᠵᠦ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠪᠠ ᠵᠥᠪᠯᠡᠯᠭᠡ ᠬᠢᠬᠦ ᠬᠠᠮᠤᠭ ᠤᠨ ᠰᠠᠶᠢᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠰᠠᠨᠠᠯ ᠵᠥᠪᠯᠡᠯᠭᠡ ᠳᠤᠷᠠᠳᠤᠭᠰᠠᠳ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠬᠠᠮᠲᠤ ᠪᠠᠷ ᠣᠷᠣᠯᠴᠠᠭᠰᠠᠨ ᠰᠠᠨᠠᠯ ᠵᠥᠪᠯᠡᠯᠭᠡ ᠶᠢ ᠰᠢᠢᠳᠪᠦᠷᠢᠯᠡᠬᠦ ᠵᠥᠪᠯᠡᠬᠦ ᠲᠠᠪᠴᠠᠩ ᠢ ᠢᠳᠡᠪᠬᠢᠲᠡᠢ ᠪᠠᠶᠢᠭᠤᠯᠵᠤ᠂ ᠬᠠᠷᠢᠯᠴᠠᠵᠤ ᠨᠡᠪᠲᠡᠷᠡᠯᠴᠡᠬᠦ᠂ ᠰᠢᠢᠳᠪᠦᠷᠢᠯᠡᠵᠦ ᠯᠠᠪᠯᠠᠨ ᠠᠰᠠᠭᠤᠬᠤ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠰᠢᠢᠳᠪᠦᠷᠢᠯᠡᠬᠦ  ᠠᠴᠠ ᠡᠮᠦᠨᠡᠬᠢ᠂ ᠰᠢᠢᠳᠪᠦᠷᠢᠯᠡᠬᠦ ᠳᠤᠮᠳᠠ᠂ ᠰᠢᠢᠳᠪᠦᠷᠢᠯᠡᠭᠰᠡᠨ ᠤ ᠳᠠᠷᠠᠭᠠᠬᠢ ᠪᠦᠬᠦ ᠶᠠᠪᠤᠴᠠ ᠶᠢᠨ ᠵᠥᠪᠯᠡᠬᠦ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠵᠦᠢᠯ ᠤᠨ ᠠᠮᠢᠳᠤᠯᠢᠭ ᠪᠦᠲᠦᠮᠵᠢᠲᠡᠢ ᠵᠥᠪᠯᠡᠯᠭᠡ ᠪᠠᠷ ᠳᠠᠮᠵᠢᠭᠤᠯᠤᠨ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠠᠨᠠᠯ ᠵᠥᠪᠯᠡᠯᠭᠡ ᠶᠢᠨ ᠦᠷ᠎ᠡ ᠪᠦᠲᠦᠭᠡᠯ ᠤᠨ ᠪᠦᠲᠦᠮᠵᠢᠲᠡᠢ ᠬᠤᠪᠢᠷᠠᠭᠤᠯᠤᠯᠲᠠ ᠶᠢ ᠠᠬᠢᠭᠤᠯᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠪᠣᠳᠠᠲᠤ ᠦᠷ᠎ᠡ ᠪᠦᠲᠦᠮᠵᠢ ᠲᠠᠢ ᠪᠠᠶᠢᠬᠤ ᠶᠢ ᠠᠬᠢᠭᠤᠯᠬᠤ ᠬᠡᠷᠡᠭᠲᠡᠢ᠃      ︵ᠲᠦᠷᠪᠡ︶ ᠰᠠᠨᠠᠯ ᠵᠥᠪᠯᠡᠯᠭᠡ ᠶᠢᠨ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ ᠂ ᠨᠡᠶᠢᠭᠡᠮ ᠤᠨ ᠨᠥᠯᠥᠭᠡ ᠶᠢ ᠥᠷᠭᠡᠳᠬᠡᠬᠦ ᠬᠡᠷᠡᠭᠲᠡᠢ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠢ ᠬᠡᠷᠡᠭᠯᠡᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠰᠠᠨᠠᠯ ᠵᠥᠪᠯᠡᠯᠭᠡ ᠪᠠ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠤᠨ ᠴᠢᠬᠤᠯᠠ ᠦᠢᠯᠡᠳᠦᠯ ᠢ ᠶᠡᠬᠡᠪᠡᠷ ᠤᠬᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠬᠡᠷᠡᠭᠯᠡᠨ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠭᠰᠡᠨ ᠨᠡᠶᠢᠲᠡᠯᠢᠭ ᠪᠣᠳᠠᠲᠤ ᠵᠢᠱᠢᠶ᠎ᠡ ᠶᠢ ᠤᠬᠠᠭᠤᠯᠵᠤ᠂ ᠴᠢᠨᠠᠷ ᠰᠠᠶᠢᠲᠠᠢ ᠰᠠᠨᠠᠯ ᠵᠥᠪᠯᠡᠯᠭᠡ ᠶᠢᠨ ᠪᠦᠷᠢᠯᠳᠦᠭᠰᠡᠨ ᠶᠠᠪᠤᠴᠠ᠂ ᠭᠤᠣᠯ ᠠᠭᠤᠯᠭ᠎ᠠ ᠪᠠ ᠰᠢᠢᠳᠪᠦᠷᠢᠯᠡᠭᠰᠡᠨ ᠦᠷ᠎ᠡ ᠪᠦᠲᠦᠮᠵᠢ ᠶᠢ ᠤᠬᠠᠭᠤᠯᠵᠤ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠲᠡᠷᠢᠭᠦᠨ  ᠤ ᠠᠷᠭ᠎ᠠ ᠬᠢᠳᠡᠯ ᠵᠢᠴᠢ ᠰᠠᠨᠠᠯ ᠵᠥᠪᠯᠡᠯᠭᠡ ᠶᠢᠨ ᠦᠷ᠎ᠡ ᠪᠦᠲᠦᠭᠡᠯ ᠢ ᠬᠤᠪᠢᠷᠠᠭᠤᠯᠤᠭᠰᠠᠨ ᠪᠠᠶᠢᠳᠠᠯ ᠢ ᠤᠬᠠᠭᠤᠯᠬᠤ ᠬᠡᠷᠡᠭᠲᠡᠢ᠃ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ ᠪᠠᠷ ᠳᠠᠮᠵᠢᠭᠤᠯᠤᠨ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠴᠢᠨᠠᠷ ᠰᠠᠶᠢᠲᠠᠢ ᠰᠠᠨᠠᠯ ᠵᠥᠪᠯᠡᠯᠭᠡ ᠶᠢ ᠬᠡᠷᠡᠭᠯᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ ᠲᠠᠰᠤᠷᠠᠯᠳᠠ ᠦᠭᠡᠢ ᠬᠥᠭᠵᠢᠭᠡᠵᠦ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠰᠠᠨᠠᠯ ᠵᠥᠪᠯᠡᠯᠭᠡ ᠶᠢ ᠰᠢᠢᠳᠪᠦᠷᠢᠯᠡᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃      ᠭᠡᠰᠢᠭᠦᠳ ᠡ᠂ ᠨᠥᠬᠦᠳ ᠡ᠂ ᠰᠢᠨ᠎ᠡ ᠴᠠᠭ ᠦᠶ᠎ᠡ ᠠᠴᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠳᠤ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ᠂ ᠰᠢᠨ᠎ᠡ ᠡᠭᠦᠷᠭᠡ ᠬᠠᠷᠢᠭᠤᠴᠠᠯᠭ᠎ᠠ  ᠨᠢ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠢᠶᠠᠯᠠᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠵᠣᠷᠢᠭᠲᠠᠶ  ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠰᠠᠨᠠᠯ ᠵᠥᠪᠯᠡᠯᠭᠡ ᠶᠢᠨ ᠠᠵᠢᠯ ᠤᠨ ᠰᠢᠨ᠎ᠡ ᠦᠷ᠎ᠡ ᠪᠦᠲᠦᠮᠵᠢ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠳᠤ ᠪᠡᠯᠡᠭ ᠪᠣᠯᠭᠠᠨ ᠪᠠᠷᠢᠶ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号