ᠪᠢ ᠮᠣᠩᠭᠤᠯ ᠬᠥᠮᠦᠨ
ᠨᠡᠶᠢᠲᠡᠯᠡᠭᠰᠡᠨ ᠴᠠᠭ᠄
2021/5/31
     ᠠᠷᠪᠠᠨ ᠲᠠᠪᠤᠬᠠᠨ ᠨᠠᠰᠤᠨ ᠳᠤ ᠪᠠᠨ ︽ᠪᠢ ᠮᠣᠩᠭᠤᠯ ᠬᠦᠮᠦᠨ︾ ᠰᠢᠯᠦᠭ ᠢᠶᠠᠨ ᠲᠠᠷᠯᠠᠵᠤ ᠮᠣᠩᠭᠤᠯ ᠲᠦᠮᠡᠨ ᠳᠤ ᠪᠠᠨ ᠠᠯᠳᠠᠷᠰᠢᠵᠦ ᠪᠠᠶᠢᠭᠰᠠᠨ ᠡᠨᠡ ᠶᠡᠭᠡ ᠬᠥᠮᠥᠨ ᠢ ᠪᠢᠳᠡ ᠮᠠᠷᠳᠠᠬᠤ ᠤᠴᠢᠷ ᠦᠭᠡᠢ᠃                — ᠮᠣᠩᠭᠤᠯ ᠤᠨ ᠨᠡᠷᠡᠳᠦ ᠢᠷᠠᠭᠤ ᠨᠠᠶᠢᠷᠠᠭᠴᠢ ᠴᠣᠶᠢᠵᠢᠯ ᠤᠨ ᠴᠢᠮᠡᠳ ᠠᠷᠭᠠᠯ ᠤᠨ ᠤᠲᠤᠭ᠎ᠠ ᠪᠣᠷᠬᠢᠯᠤᠭᠰᠠᠨ ᠮᠠᠯᠴᠢᠨ ᠤ ᠭᠡᠷ ᠲᠤ ᠲᠦᠷᠦᠭᠰᠡᠨ ᠪᠢ ᠠᠳᠠᠷ ᠬᠡᠭᠡᠷ᠎ᠡ ᠨᠤᠲᠤᠭ ᠢᠶᠠᠨ ᠦᠯᠦᠭᠡᠢ ᠮᠢᠨᠢ ᠭᠡᠵᠦ ᠪᠤᠳᠤᠳᠠᠭ ᠴᠡᠩᠭᠡᠷ ᠮᠠᠨᠠᠨ ᠰᠤᠭᠤᠨᠠᠭᠯᠠᠭᠰᠠᠨ ᠠᠯᠤᠰ ᠤᠨ ᠪᠠᠷ᠎ᠠ ᠶᠢ ᠰᠢᠷᠳᠡᠭᠡᠳ ᠴᠡᠯᠡᠭᠡᠷ ᠰᠠᠶᠢᠬᠠᠨ ᠨᠤᠲᠤᠭ ᠢᠶᠠᠨ ᠰᠡᠳᠬᠢᠯ ᠪᠠᠭ᠋ᠠᠲᠤᠨ ᠬᠠᠷᠠᠬᠤ ᠳᠤ ᠦᠯᠢᠶᠡᠵᠦ ᠪᠠᠶᠢᠭ᠎ᠠ ᠰᠠᠯᠬᠢ ᠨᠢ ᠦᠨᠦᠰᠦᠭᠡᠳ ᠴᠦ ᠪᠠᠶᠢᠭ᠎ᠠ ᠶᠤᠮ ᠰᠢᠭ᠋ ᠦᠷᠦᠰᠢᠶᠡᠯᠲᠦ ᠡᠵᠢ ᠶᠢᠨ ᠮᠢᠨᠢ ᠭᠠᠷ ᠢᠯᠢᠭᠡᠳ ᠴᠦ ᠪᠠᠶᠢᠭ᠎ᠠ ᠶᠤᠮ ᠰᠢᠭ᠋ ᠡᠨᠡᠷᠢᠩᠬᠦᠢ ᠰᠠᠶᠢᠬᠠᠨ ᠰᠠᠨᠠᠭᠳᠠᠬᠤ ᠳᠤ ᠡᠯᠢᠭᠡ ᠵᠢᠷᠦᠬᠡ ᠮᠢᠨᠢ ᠲᠣᠭᠳᠤᠯᠵᠤ ᠬᠤᠤᠰ ᠦᠭᠡᠢ ᠪᠠᠶᠠᠷ ᠤᠨ ᠨᠢᠯᠪᠤᠰᠤ ᠬᠤᠶᠠᠷ ᠨᠢᠲᠤ ᠶᠢ ᠮᠢᠨᠢ ᠪᠦᠷᠬᠦᠳᠡᠭ ᠥᠷᠭᠡᠨ ᠰᠠᠶᠢᠬᠠᠨ ᠨᠤᠲᠤᠭ ᠤᠨ ᠢᠶᠠᠨ ᠡᠪᠴᠢᠭᠦᠨ ᠳᠡᠭᠡᠷ᠎ᠡ ᠨᠢ ᠲᠦᠷᠦᠭᠡᠳ ᠥᠨᠢᠷ ᠠᠭᠤᠳᠠᠮ ᠲᠠᠯ᠎ᠠ ᠶᠢᠨ ᠢᠶᠠᠨ ᠥᠩᠭᠡᠲᠦ ᠠᠮᠢᠳᠤᠷᠠᠯ ᠤᠨ ᠲᠥᠯᠥᠭᠡ ᠠᠮᠢ ᠪᠡᠶ᠎ᠡ ᠪᠠᠨ ᠵᠣᠷᠢᠭᠤᠯᠳᠠᠭ ᠠᠷᠢᠭᠤᠨ ᠨᠠᠨᠳᠢᠨ ᠵᠠᠩᠰᠢᠯ ᠲᠠᠢ ᠡᠪᠦᠭᠡᠳ ᠬᠥᠭᠰᠢᠳ ᠲᠡᠭᠡᠳᠦᠰ ᠤᠨ ᠮᠢᠨᠢ ᠦᠷ᠎ᠡ ᠪᠠᠨ ᠭᠡᠵᠦ ᠨᠠᠶᠢᠳᠠᠭᠠᠳ ᠦᠯᠡᠳᠡᠭᠡᠵᠦ ᠨᠠᠳᠠ ᠳᠤ ᠦᠭᠭᠦᠭᠰᠡᠨ ᠥᠨᠢᠷ ᠮᠣᠩᠭᠤᠯ ᠣᠷᠣᠨ ᠤ ᠨᠠᠷᠠ ᠨᠢ ᠨᠠᠮᠠᠢᠢ ᠭᠡᠶᠢᠭᠦᠯᠵᠦ ᠨᠠᠷᠢᠨ ᠰᠠᠯᠬᠢ ᠨᠢ ᠦᠯᠢᠶᠡᠵᠦ ᠨᠠᠶᠢᠷ ᠲᠠᠢ ᠰᠠᠶᠢᠬᠠᠨ ᠣᠷᠤᠨ ᠮᠢᠨᠢ ᠨᠠᠳᠠ ᠲᠠᠢ ᠬᠤᠪᠢ ᠨᠢᠭᠡ ᠪᠠᠶᠢᠳᠠᠭ ᠲᠤᠯᠠ ᠤᠨᠠᠭᠰᠠᠨ ᠡᠨᠡ ᠨᠤᠲᠤᠭ ᠢᠶᠠᠨ ᠪᠢ ᠥᠪᠡᠷ ᠤᠨ ᠪᠡᠶ᠎ᠡ ᠰᠢᠭ ᠢᠶᠠᠨ ᠬᠠᠶᠢᠷᠠᠯᠠᠵᠤ ᠤᠬᠢᠶᠠᠭᠰᠠᠨ ᠲᠤᠩᠭᠠᠯᠠᠭ ᠮᠥᠷᠡᠨ ᠢᠶᠠᠨ ᠡᠬᠡ ᠶᠢᠨ ᠰᠦ ᠰᠢᠭ ᠰᠠᠨᠠᠳᠠᠭ ᠁
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号