2021 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠲᠤᠬᠠᠢ ᠮᠡᠳᠡᠭᠦᠯᠦᠯᠲᠡ ︵ᠨᠢᠭᠡ︶
ᠨᠡᠶᠢᠲᠡᠯᠡᠭᠰᠡᠨ ᠴᠠᠭ᠄
2021/5/6
     ᠬᠡᠰᠢᠭᠲᠡᠨ ᠬᠤᠰᠢᠭᠤᠨ ᠤ 2020 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2021 ᠣᠨ ᠤ ᠡᠳ᠋ ᠤᠨ ᠵᠠᠰᠠᠭ ᠤᠨ ᠲᠥᠰᠦᠪ ᠤᠨ  ᠲᠥᠰᠦᠯ  ᠎ ᠤᠨ  ᠲᠤᠬᠠᠢ  ᠮᠡᠳᠡᠭᠦᠯᠦᠯᠲᠡ      —— 2021 ᠣᠨ ᠤ 3 ᠰᠠᠷ᠎ᠠ ᠶᠢᠨ 9᠎ ᠤ ᠡᠳᠦᠷ ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                             ᠬᠡᠰᠢᠭᠲᠡᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠᠲᠥᠯᠥᠭᠡᠯᠡᠭᠴᠢᠳ ᠡ᠄      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠣᠲᠣ ᠬᠡᠰᠢᠭᠲᠡᠨ ᠬᠤᠰᠢᠭᠤᠨ ᠤ 2020 ᠣᠨ ᠤ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ ᠵᠢᠴᠢ 2021 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ᠶᠢ ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠦᠶ᠎ᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠨᠠᠨᠳᠢᠨ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2020 ᠣᠨ ᠤ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ      2020 ᠣᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠢᠨ ᠪᠤᠳᠤᠯᠢᠶᠠᠨᠲᠠᠶ ᠪᠠᠶᠢᠳᠠᠯ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠪᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠵᠢᠯᠣᠭᠤᠳᠤᠯᠭ᠎ᠠ ᠳᠣᠤᠷ᠎ᠠ᠂ ᠪᠥᠬᠦ ᠬᠤᠰᠢᠭᠤᠨ ᠤ ᠡᠳ᠋ ᠤᠨ ᠵᠠᠰᠠᠭ ᠤᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯᠳᠤᠭᠠᠨ ᠠᠴᠠ ᠵᠥᠪᠰᠢᠶᠡᠷᠡᠭᠰᠡᠨ ᠲᠥᠰᠦᠪ ᠤᠨ ᠲᠣᠬᠢᠷᠠᠭᠤᠯᠤᠯᠲᠠ ᠶᠢ ᠴᠢᠩᠭ᠎ᠠ ᠬᠡᠷᠡᠭᠵᠢᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠳᠡᠮᠵᠢᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠡᠳ᠋ ᠤᠨ ᠵᠠᠰᠠᠭ ᠤᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠪᠦᠬᠦ ᠵᠢᠯ ᠤᠨ ᠡᠯ᠎ᠡ ᠵᠦᠶᠯ ᠤᠨ ᠠᠵᠢᠯ ᠤᠨ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃      ︵ᠨᠢᠭᠡ︶ ᠡᠩ ᠤᠨ ᠣᠯᠠᠨ ᠨᠡᠶᠢᠲᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯ᠃      1. ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠭᠦᠢᠴᠡᠳᠬᠡᠭᠰᠡᠨ ᠪᠠᠶᠢᠳᠠᠯ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠡᠶᠢᠲᠡ 455,294 ᠲᠦᠮᠡᠨ ᠲᠥᠭᠦᠷᠢᠭ ᠪᠡᠶᠡᠯᠡᠭᠦᠯᠵᠦ᠂ ᠲᠥᠰᠦᠪ ᠤᠨ ᠲᠣᠬᠢᠷᠠᠭᠤᠯᠤᠯᠲᠠ ᠶᠢᠨ 106.45%᠎ ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 85,056 ᠲᠦᠮᠡᠨ ᠲᠥᠭᠦᠷᠢᠭ ᠬᠠᠰᠤᠭᠳᠠᠵᠤ᠂ ᠠᠳᠠᠯᠢ ᠬᠤᠭᠤᠴᠠᠭᠠᠨ ᠤ ᠬᠢ ᠠᠴᠠ 15.74%᠎ ᠪᠠᠷ ᠪᠠᠭᠤᠷᠠᠪᠠ᠃ ᠣᠷᠣᠯᠭ᠎ᠠ ᠶᠢᠨ ᠬᠠᠰᠤᠭᠳᠠᠯ ᠤᠨ ᠭᠤᠤᠯ ᠡᠯᠧᠮᠧᠨ᠋ᠲ ᠨᠢ ᠳᠡᠭᠡᠷ᠎ᠡ ᠵᠢᠯ ᠳᠤ ᠰᠢᠨ᠎ᠡ ᠪᠠᠷ ᠨᠡᠮᠡᠭᠳᠡᠭᠰᠡᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ 126,700 ᠲᠦᠮᠡᠨ ᠲᠥᠭᠦᠷᠢᠭ ᠪᠣᠯᠤᠨ᠎ᠠ᠃      ᠬᠤᠰᠢᠭᠤ ᠲᠣᠰ ᠱᠠᠲᠤᠨ ᠤ ᠣᠷᠣᠯᠭ᠎ᠠ ᠶᠢ 63,180 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠎ ᠤᠨ ᠬᠢ ᠠᠴᠠ 3,100 ᠲᠦᠮᠡᠨ ᠲᠥᠭᠦᠷᠢᠭ ᠨᠡᠮᠡᠭᠳᠡᠵᠦ᠂ 5.16%᠎ ᠪᠠᠷ ᠨᠡᠮᠡᠭᠳᠡᠪᠡ ︵ᠭᠠᠶᠢᠯᠢ ᠶᠢᠨ ᠣᠷᠣᠯᠭ᠎ᠠ ᠶᠢ 57,883 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 6,827 ᠲᠦᠮᠡᠨ ᠲᠥᠭᠦᠷᠢᠭ ᠨᠡᠮᠡᠭᠳᠡᠵᠦ᠂ 13.37%᠎ ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ ᠶᠢ 5,297 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 3,727 ᠲᠦᠮᠡᠨ ᠲᠥᠭᠦᠷᠢᠭ ᠬᠠᠰᠤᠭᠳᠠᠵᠤ᠂ 41.3% ᠎ ᠪᠠᠷ ᠪᠠᠭᠤᠷᠠᠪᠠ︶᠂ ᠳᠡᠭᠡᠷ᠎ᠡ ᠱᠠᠲᠤᠨ ᠤ ᠨᠥᠬᠦᠪᠥᠷᠢ ᠶᠢᠨ ᠣᠷᠣᠯᠭ᠎ᠠ 262,822 ᠲᠦᠮᠡᠨ ᠲᠥᠭᠦᠷᠢᠭ ︵ᠪᠤᠴᠠᠭᠠᠬᠤ ᠴᠢᠨᠠᠷᠲᠠᠢ ᠣᠷᠣᠯᠭ᠎ᠠ 7,046 ᠲᠦᠮᠡᠨ ᠲᠥᠭᠦᠷᠢᠭ᠂ ᠡᠩ ᠤᠨ ᠴᠢᠨᠠᠷᠲᠠᠢ ᠰᠢᠯᠵᠢᠭᠦᠯᠦᠨ ᠥᠭᠬᠦ ᠣᠷᠣᠯᠭ᠎ᠠ 208,907 ᠲᠦᠮᠡᠨ ᠲᠥᠭᠦᠷᠢᠭ᠂ ᠲᠤᠰᠬᠠᠢ ᠲᠥᠷᠥᠯ ᠢᠶᠠᠷ ᠰᠢᠯᠵᠢᠭᠦᠯᠦᠨ ᠥᠭᠬᠦ ᠣᠷᠣᠯᠭ᠎ᠠ 46,869 ᠲᠦᠮᠡᠨ ᠲᠥᠭᠦᠷᠢᠭ︶ ᠪᠠᠶᠢᠵᠤ᠂ ᠳᠡᠭᠡᠷ᠎ᠡ ᠵᠢᠯ ᠤᠨ ᠦᠯᠡᠳᠡᠪᠦᠷᠢ 27,501 ᠲᠦᠮᠡᠨ ᠲᠥᠭᠦᠷᠢᠭ ᠪᠠᠶᠢᠵᠤ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠳᠤ 20,000 ᠲᠦᠮᠡᠨ ᠲᠥᠭᠦᠷᠢᠭ ᠲᠣᠬᠢᠷᠠᠭᠤᠯᠤᠨ ᠣᠷᠣᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠳᠤ 31 ᠲᠦᠮᠡᠨ ᠲᠥᠭᠦᠷᠢᠭ ᠲᠣᠬᠢᠷᠠᠭᠤᠯᠤᠨ ᠣᠷᠣᠭᠤᠯᠵᠤ᠂ ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ 70,526 ᠲᠦᠮᠡᠨ ᠲᠥᠭᠦᠷᠢᠭ ᠪᠠᠶᠢᠵᠤ᠂ ᠲᠥᠰᠦᠪ ᠢ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠠᠴᠠ 11,234 ᠲᠦᠮᠡᠨ ᠲᠥᠭᠦᠷᠢᠭ ᠬᠡᠷᠡᠭᠯᠡᠪᠡ᠃      2. ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠭᠦᠢᠴᠡᠳᠬᠡᠭᠰᠡᠨ ᠪᠠᠶᠢᠳᠠᠯ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 425,504 ᠲᠦᠮᠡᠨ ᠲᠥᠭᠦᠷᠢᠭ᠂ ᠲᠥᠰᠦᠪ ᠤᠨ ᠲᠣᠬᠢᠷᠠᠭᠤᠯᠤᠯᠲᠠ ᠶᠢᠨ 99.82%᠎ ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 87,345 ᠲᠦᠮᠡᠨ ᠲᠥᠭᠦᠷᠢᠭ ᠬᠠᠰᠤᠭᠳᠠᠵᠤ᠂17.03%᠎ ᠪᠠᠷ ᠳᠣᠷᠣᠭᠰᠢᠯᠠᠪᠠ᠃ ᠭᠤᠣᠯ ᠪᠣᠯᠬᠤ ᠵᠠᠷᠤᠯᠭ᠎ᠠ ᠪᠠᠭᠠᠰᠤᠭᠰᠠᠨ ᠡᠯᠧᠮᠧᠨ᠋ᠲ ᠭᠡᠪᠡᠯ ᠥᠷᠢ ᠥᠭᠴᠡᠭᠡᠨ ᠤ ᠡᠬᠡ ᠮᠥᠩᠭᠦ ᠶᠢ ᠪᠤᠴᠠᠭᠠᠬᠤ ᠵᠠᠷᠤᠯᠭ᠎ᠠ ᠳᠡᠭᠡᠷ᠎ᠡ ᠵᠢᠯ ᠤᠨ ᠬᠢ ᠠᠴᠠ 111,386 ᠲᠦᠮᠡᠨ ᠲᠥᠭᠦᠷᠢᠭ ᠬᠠᠰᠤᠭᠳᠠᠵᠠᠶ ︵ᠳᠡᠭᠡᠷ᠎ᠡ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ ᠶᠢ ᠰᠣᠯᠢᠬᠤ ᠡᠩ ᠎ ᠤᠨ ᠵᠢᠭᠡᠯᠡᠯᠭᠡ ᠶᠢᠨ ᠲᠡᠮᠳᠡᠭᠲᠦ ᠶᠢᠨ ᠵᠠᠷᠤᠯᠭ᠎ᠠ 126,700 ᠲᠦᠮᠡᠨ ᠲᠥᠭᠦᠷᠢᠭ ᠢ ᠪᠠᠭᠲᠠᠭᠠᠨ᠎ᠠ︶᠃      ᠬᠤᠰᠢᠭᠤ ᠲᠤᠰ ᠱᠠᠲᠤᠨ ᠤ ᠵᠠᠷᠤᠯᠭ᠎ᠠ 360,923 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 44,835 ᠲᠦᠮᠡᠨ ᠲᠥᠭᠦᠷᠢᠭ ᠨᠡᠮᠡᠭᠳᠡᠨ᠂14.18%᠎ ᠪᠠᠷ ᠨᠡᠮᠡᠭᠳᠡᠪᠡ ︵ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 32,154 ᠲᠦᠮᠡᠨ ᠲᠥᠭᠦᠷᠢᠭ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 8,370 ᠲᠦᠮᠡᠨ ᠲᠥᠭᠦᠷᠢᠭ᠂ ᠰᠤᠷᠭᠠᠨ ᠬᠥᠮᠦᠵᠢᠯ ᠤᠨ ᠵᠠᠷᠤᠯᠭ᠎ᠠ 46, 959 ᠲᠦᠮᠡᠨ ᠲᠥᠭᠦᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 405 ᠲᠦᠮᠡᠨ ᠲᠥᠭᠦᠷᠢᠭ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 3,819 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 52,266 ᠲᠦᠮᠡᠨ ᠲᠥᠭᠦᠷᠢᠭ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠠᠷᠤᠯᠭ᠎ᠠ 25,009 ᠲᠦᠮᠡᠨ ᠲᠥᠭᠦᠷᠢᠭ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠠᠷᠤᠯᠭ᠎ᠠ 15,026 ᠲᠦᠮᠡᠨ ᠲᠥᠭᠦᠷᠢᠭ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠷᠤᠯᠭ᠎ᠠ 19,544 ᠲᠦᠮᠡᠨ ᠲᠥᠭᠦᠷᠢᠭ᠂ ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 94,378 ᠲᠦᠮᠡᠨ ᠲᠥᠭᠦᠷᠢᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 10,551 ᠲᠦᠮᠡᠨ ᠲᠥᠭᠦᠷᠢᠭ᠂ ᠡᠬᠢ ᠪᠠᠶᠠᠯᠢᠭ ᠢ ᠬᠠᠶᠢᠨ ᠰᠢᠨᠵᠢᠯᠡᠬᠦ ᠮᠡᠳᠡᠭᠡ ᠵᠠᠩᠭᠢ ᠵᠡᠷᠭᠡ ᠶᠢᠨ ᠵᠠᠷᠤᠯᠭ᠎ᠠ 1,755 ᠲᠦᠮᠡᠨ ᠲᠥᠭᠦᠷᠢᠭ᠂ ᠬᠤᠳᠠᠯᠳᠤᠭᠠᠨ ᠤ ᠦᠢᠯᠡᠰ ᠦᠶᠯᠡᠴᠢᠯᠡᠭᠡᠨ ᠎ ᠤ ᠦᠶᠯᠡᠰ ᠵᠡᠷᠭᠡ ᠶᠢᠨ ᠵᠠᠷᠤᠯᠭ᠎ᠠ 567 ᠲᠦᠮᠡᠨ ᠲᠥᠭᠦᠷᠢᠭ᠂ ᠪᠠᠶᠢᠭᠠᠯᠢ ᠶᠢᠨ ᠡᠬᠢ ᠪᠠᠶᠠᠯᠢᠭ᠂ ᠳᠠᠯᠠᠢ ᠲᠠᠩᠭᠢᠰ ᠴᠠᠭ ᠠᠭᠤᠷ ᠵᠡᠷᠭᠡ ᠶᠢᠨ ᠵᠠᠷᠤᠯᠭ᠎ᠠ 8,518 ᠲᠦᠮᠡᠨ ᠲᠥᠭᠦᠷᠢᠭ᠂ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 20,359 ᠲᠦᠮᠡᠨ ᠲᠥᠭᠦᠷᠢᠭ᠂ ᠠᠮᠤ ᠲᠣᠰᠣ ᠡᠳ᠋ ᠪᠠᠷᠠᠭ᠎ᠠ ᠨᠥᠭᠡᠴᠡᠯᠡᠬᠦ ᠵᠠᠷᠤᠯᠭ᠎ᠠ 979 ᠲᠦᠮᠡᠨ ᠲᠥᠭᠦᠷᠢᠭ᠂ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠠᠷᠤᠯᠭ᠎ᠠ 2,837 ᠲᠦᠮᠡᠨ ᠲᠥᠭᠦᠷᠢᠭ᠂ ᠪᠤᠰᠤᠳ ᠵᠠᠷᠤᠯᠭ᠎ᠠ 2,159 ᠲᠦᠮᠡᠨ ᠲᠥᠭᠦᠷᠢᠭ᠂ ᠦᠷᠢ ᠥᠭᠴᠡᠭᠡᠨ ᠤ ᠬᠦᠦ ᠮᠥᠩᠭᠦ ᠶᠢ ᠲᠤᠰᠢᠶᠠᠬᠤ ᠵᠠᠷᠤᠯᠭ᠎ᠠ 15,205 ᠲᠦᠮᠡᠨ ᠲᠥᠭᠦᠷᠢᠭ᠂ ᠥᠭᠴᠡᠭᠡ ᠲᠠᠷᠬᠠᠭᠠᠬᠤ ᠵᠠᠷᠤᠳᠠᠯ ᠤᠨ ᠵᠠᠷᠤᠯᠭ᠎ᠠ 63 ᠲᠦᠮᠡᠨ ᠲᠥᠭᠦᠷᠢᠭ︶᠂ ᠳᠡᠭᠡᠳᠦ ᠱᠠᠲᠤᠨ ᠳᠤ ᠲᠤᠰᠢᠶᠠᠬᠤ ᠵᠠᠷᠤᠯᠭ᠎ᠠ 11,634 ᠲᠦᠮᠡᠨ ᠲᠥᠭᠦᠷᠢᠭ᠂ ᠥᠭᠴᠡᠭᠡᠨ ᠤ ᠡᠬᠡ ᠮᠥᠩᠭᠦ ᠶᠢ ᠪᠤᠴᠠᠭᠠᠬᠤ ᠵᠠᠷᠤᠯᠭ᠎ᠠ 52,827 ᠲᠦᠮᠡᠨ ᠲᠥᠭᠦᠷᠢᠭ᠂ ᠲᠥᠰᠦᠪ ᠎ ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ 120 ᠲᠦᠮᠡᠨ ᠲᠥᠭᠦᠷᠢᠭ ᠲᠣᠬᠢᠷᠠᠭᠤᠯᠪᠠ᠃      ᠣᠷᠣᠯᠭ᠎ᠠ ᠵᠠᠷᠤᠯᠭ᠎ᠠ ᠶᠢ ᠲᠤᠯᠭᠠᠨ ᠬᠠᠰᠤᠭᠰᠠᠨ ᠤ ᠳᠠᠷᠠᠭ᠎ᠠ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠢᠯ ᠤᠨ ᠡᠴᠦᠰ ᠤᠨ ᠦᠯᠡᠳᠡᠪᠦᠷᠢ 29,790 ᠲᠦᠮᠡᠨ ᠲᠥᠭᠦᠷᠢᠭ ᠪᠣᠯᠤᠨ᠎ᠠ᠃      ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠢ ᠭᠦᠢᠴᠡᠳᠬᠡᠭᠰᠡᠨ ᠪᠠᠶᠢᠳᠠᠯ᠃      1. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠶᠢ ᠭᠦᠢᠴᠡᠳᠬᠡᠭᠰᠡᠨ ᠪᠠᠶᠢᠳᠠᠯ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ 77,677 ᠲᠦᠮᠡᠨ ᠲᠥᠭᠦᠷᠢᠭ᠂ ᠲᠥᠰᠦᠪ ᠤᠨ ᠲᠣᠬᠢᠷᠠᠭᠤᠯᠤᠯᠲᠠ ᠶᠢᠨ 120.09%᠎ ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 169,239 ᠲᠦᠮᠡᠨ ᠲᠥᠭᠦᠷᠢᠭ ᠬᠠᠰᠤᠭᠳᠠᠵᠤ᠂ 68.55%᠎ ᠪᠠᠷ ᠳᠣᠷᠣᠭᠰᠢᠯᠠᠪᠠ ᠃ ᠣᠷᠣᠯᠭ᠎ᠠ ᠶᠢᠨ ᠬᠠᠰᠤᠭᠳᠠᠯ ᠤᠨ ᠭᠤᠤᠯ ᠡᠯᠧᠮᠧᠨ᠋ᠲ ᠪᠣᠯ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠪᠠᠷ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ ᠳᠡᠭᠡᠷ᠎ᠡ ᠵᠢᠯ ᠤᠨ ᠎ ᠬᠢ ᠠᠴᠠ 183,700 ᠲᠦᠮᠡᠨ ᠲᠥᠭᠦᠷᠢᠭ ᠬᠠᠰᠤᠭᠳᠠᠵᠠᠶ ︵ᠳᠡᠭᠡᠷ᠎ᠡ ᠵᠢᠯ ᠳᠤ ᠦᠯᠡᠳᠡᠭᠡᠯ ᠥᠷᠢ ᠥᠭᠴᠡᠭᠡ ᠶᠢ ᠰᠣᠯᠢᠬᠤ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ 163,700 ᠲᠦᠮᠡᠨ ᠲᠥᠭᠦᠷᠢᠭ ᠪᠠᠭᠲᠠᠨ᠎ᠠ︶᠃      ᠬᠤᠰᠢᠭᠤ ᠲᠣᠰ ᠱᠠᠲᠤᠨ ᠤ ᠣᠷᠣᠯᠭ᠎ᠠ 31,946 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 10,105 ᠲᠦᠮᠡᠨ ᠲᠥᠭᠦᠷᠢᠭ ᠨᠡᠮᠡᠭᠳᠡᠵᠦ᠂ 46.27%᠎ ᠪᠠᠷ ᠨᠡᠮᠡᠭᠳᠡᠪᠡ ︵ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ 31,497 ᠲᠦᠮᠡᠨ ᠲᠥᠭᠦᠷᠢᠭ᠂ ᠬᠤᠲᠠ ᠎ ᠶᠢᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠰᠦᠶᠳᠬᠡᠯ ᠤᠨ ᠣᠷᠣᠯᠭ᠎ᠠ 449 ᠲᠦᠮᠡᠨ ᠲᠥᠭᠦᠷᠢᠭ︶ ᠃ ᠳᠡᠭᠡᠷ᠎ᠡ ᠱᠠᠲᠤᠨ ᠠᠴᠠ ᠨᠥᠬᠦᠪᠥᠷᠢᠯᠡᠭᠰᠡᠨ ᠣᠷᠣᠯᠭ᠎ᠠ 14,592 ᠲᠦᠮᠡᠨ ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 1,039 ᠲᠦᠮᠡᠨ ᠲᠥᠭᠦᠷᠢᠭ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 30,100 ᠲᠦᠮᠡᠨ ᠲᠥᠭᠦᠷᠢᠭ ᠪᠣᠯᠤᠨ᠎ᠠ      2. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ ᠶᠢ ᠭᠦᠢᠴᠡᠳᠬᠡᠭᠰᠡᠨ ᠪᠠᠶᠢᠳᠠᠯ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ 75,343 ᠲᠦᠮᠡᠨ ᠲᠥᠭᠦᠷᠢᠭ᠂ ᠲᠥᠰᠦᠪ ᠤᠨ ᠲᠣᠬᠢᠷᠠᠭᠤᠯᠤᠯᠲᠠ ᠶᠢᠨ 118.38%᠎ ᠶᠢ ᠪᠡᠶᠡᠯᠡᠭᠦᠯᠵᠦ᠂ ᠳᠡᠭᠡᠷ᠎ᠡ ᠵᠢᠯ ᠤᠨ ᠎ ᠬᠢ ᠠᠴᠠ 170,584 ᠲᠦᠮᠡᠨ ᠲᠥᠭᠦᠷᠢᠭ ᠬᠠᠰᠤᠭᠳᠠᠵᠤ᠂ 69.36%᠎ ᠪᠠᠷ ᠳᠣᠷᠣᠭᠰᠢᠯᠠᠪᠠ᠃ ᠵᠠᠷᠤᠯᠭ᠎ᠠ ᠶᠢ ᠪᠠᠭᠠᠰᠬᠠᠬᠤ ᠭᠤᠣᠯ ᠡᠯᠧᠮᠧᠨ᠋ᠲ ᠨᠢ ᠬᠠᠳᠠᠭᠠᠯᠠᠭᠳᠠᠵᠤ ᠪᠠᠶᠢᠭ᠎ᠠ ᠥᠷᠢ ᠥᠭᠴᠡᠭᠡ ᠶᠢ ᠰᠣᠯᠢᠬᠤ ᠵᠠᠷᠤᠯᠭ᠎ᠠ ᠳᠡᠭᠡᠷ᠎ᠡ ᠵᠢᠯ ᠤᠨ ᠬᠢ ᠠᠴᠠ 163,700 ᠲᠦᠮᠡᠨ ᠲᠥᠭᠦᠷᠢᠭ ᠬᠠᠰᠤᠭᠳᠠᠵᠠᠢ᠃      ᠬᠤᠰᠢᠭᠤ ᠲᠤᠰ ᠱᠠᠲᠤᠨ ᠤ ᠵᠠᠷᠤᠯᠭ᠎ᠠ 53,783 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 41,926 ᠲᠦᠮᠡᠨ ᠲᠥᠭᠦᠷᠢᠭ ᠨᠡᠮᠡᠭᠳᠡᠵᠦ᠂ 353.6%᠎ ᠪᠠᠷ ᠨᠡᠮᠡᠭᠳᠡᠪᠡ ︵ᠭᠤᠣᠯ ᠪᠣᠯᠬᠤ ᠵᠠᠷᠤᠯᠭ᠎ᠠ ᠶᠢᠨ ᠨᠡᠮᠡᠭᠳᠡᠯ ᠤᠨ ᠡᠯᠧᠮᠧᠨ᠋ᠲ ᠨᠢ ᠬᠢᠵᠢᠭ ᠲᠠᠢ ᠲᠡᠮᠡᠴᠡᠬᠦ ᠣᠨᠴᠠᠭᠠᠢ ᠤᠯᠤᠰ ᠤᠨ ᠵᠢᠭᠡᠯᠡᠯᠭᠡ ᠳᠤ ᠲᠣᠬᠢᠷᠠᠭᠤᠯᠤᠭᠰᠠᠨ ᠵᠠᠷᠤᠯᠭ᠎ᠠ 12,920 ᠲᠦᠮᠡᠨ ᠲᠥᠭᠦᠷᠢᠭ᠂ ᠰᠢᠨ᠎ᠡ ᠪᠠᠷ ᠨᠡᠮᠡᠭᠳᠡᠭᠰᠡᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠳᠤ ᠲᠣᠬᠢᠷᠠᠭᠤᠯᠤᠭᠰᠠᠨ ᠵᠠᠷᠤᠯᠭ᠎ᠠ 30,100 ᠲᠦᠮᠡᠨ ᠲᠥᠭᠦᠷᠢᠭ︶᠂ ᠣᠷᠣᠨ ᠨᠤᠲᠤᠭ ᠤᠨ ᠵᠠᠰᠠᠭ ᠎ ᠤᠨ ᠣᠷᠳᠣᠨ ᠤ ᠥᠷᠢ ᠥᠭᠴᠡᠭᠡ ᠶᠢᠨ ᠡᠬᠡ ᠮᠥᠩᠭᠦ ᠶᠢ ᠪᠤᠴᠠᠭᠠᠬᠤ ᠵᠠᠷᠤᠯᠭ᠎ᠠ 1,560 ᠲᠦᠮᠡᠨ ᠲᠥᠭᠦᠷᠢᠭ᠂ ᠰᠢᠯᠵᠢᠭᠦᠯᠦᠨ ᠭᠠᠷᠭᠠᠭᠰᠠᠨ ᠪᠡᠯᠡ ᠮᠥᠩᠭᠦ 20,000 ᠲᠦᠮᠡᠨ ᠲᠥᠭᠦᠷᠢᠭ ᠪᠣᠯᠤᠨ᠎ᠠ᠃      ᠣᠷᠣᠯᠭ᠎ᠠ ᠵᠠᠷᠤᠯᠭ᠎ᠠ ᠶᠢ ᠲᠤᠯᠭᠠᠨ ᠬᠠᠰᠤᠭᠰᠠᠨ ᠤ ᠳᠠᠷᠠᠭ᠎ᠠ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠵᠢᠯ ᠤᠨ ᠡᠴᠦᠰ ᠤᠨ ᠦᠯᠡᠳᠡᠪᠦᠷᠢ 2,334 ᠲᠦᠮᠡᠨ ᠲᠥᠭᠦᠷᠢᠭ ᠪᠣᠯᠤᠨ᠎ᠠ᠃      ︵ᠭᠤᠷᠪᠠ︶ ᠤᠯᠤᠰ ᠤᠨ ᠥᠮᠴᠢᠯᠡᠯ ᠤᠨ ᠭᠦᠷᠦᠩᠭᠡ ᠶᠢᠨ ᠡᠵᠡᠩᠨᠡᠯᠲᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯ᠃      1. ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢ ᠭᠦᠢᠴᠡᠳᠬᠡᠭᠰᠡᠨ ᠪᠠᠶᠢᠳᠠᠯ᠃ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ 35 ᠲᠦᠮᠡᠨ ᠲᠥᠭᠦᠷᠢᠭ ᠲᠤ ᠬᠦᠷᠴᠦ᠂ ᠲᠣᠬᠢᠷᠠᠭᠤᠯᠤᠯᠲᠠ ᠬᠢᠭᠰᠡᠨ ᠲᠥᠰᠦᠪ ᠤᠨ 112.9%᠎ ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 35 ᠲᠦᠮᠡᠨ ᠲᠥᠭᠦᠷᠢᠭ ᠨᠡᠮᠡᠭᠳᠡᠪᠡ᠃      ᠬᠤᠰᠢᠭᠤ ᠲᠣᠰ ᠱᠠᠲᠤᠨ ᠤ ᠣᠷᠣᠯᠭ᠎ᠠ 31 ᠲᠦᠮᠡᠨ ᠲᠥᠭᠦᠷᠢᠭ ᠪᠠᠶᠢᠵᠤ᠂ ᠳᠡᠭᠡᠷ᠎ᠡ ᠵᠢᠯ ᠤᠨ ᠬᠢ ᠠᠴᠠ 31 ᠲᠦᠮᠡᠨ ᠲᠥᠭᠦᠷᠢᠭ ︵ᠠᠰᠢᠭ ᠬᠤᠨᠵᠢᠪᠣᠷᠢ ᠶᠢᠨ ᠣᠷᠣᠯᠭ᠎ᠠ 31 ᠲᠦᠮᠡᠨ ᠲᠥᠭᠦᠷᠢᠭ︶ ᠨᠡᠮᠡᠭᠳᠡᠪᠡ᠃ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 4 ᠲᠦᠮᠡᠨ ᠲᠥᠭᠦᠷᠢᠭ᠃      2. ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢ ᠭᠦᠢᠴᠡᠳᠬᠡᠭᠰᠡᠨ ᠪᠠᠶᠢᠳᠠᠯ᠃ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ 35 ᠲᠦᠮᠡᠨ ᠲᠥᠭᠦᠷᠢᠭ ᠲᠤ ᠬᠦᠷᠴᠦ᠂ ᠲᠣᠬᠢᠷᠠᠭᠤᠯᠤᠯᠲᠠ ᠬᠢᠭᠰᠡᠨ ᠲᠥᠰᠦᠪ ᠤᠨ 112.9%᠎ ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 35 ᠲᠦᠮᠡᠨ ᠲᠥᠭᠦᠷᠢᠭ ᠨᠡᠮᠡᠭᠳᠡᠪᠡ᠃      ᠬᠤᠰᠢᠭᠤ ᠲᠤᠰ ᠱᠠᠲᠤᠨ ᠤ ᠵᠠᠷᠤᠯᠭ᠎ᠠ 4 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 4 ᠲᠦᠮᠡᠨ ᠲᠥᠭᠦᠷᠢᠭ ᠨᠡᠮᠡᠭᠳᠡᠪᠡ᠃ 31 ᠲᠦᠮᠡᠨ ᠲᠥᠭᠦᠷᠢᠭ ᠪᠡᠯᠡ ᠮᠥᠩᠭᠦ ᠰᠢᠯᠵᠢᠭᠦᠯᠦᠨ ᠭᠠᠷᠭᠠᠪᠠ᠃      ︵ᠳᠥᠷᠪᠡ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠭᠦᠢᠴᠡᠳᠬᠡᠭᠰᠡᠨ ᠪᠠᠶᠢᠳᠠᠯ᠃      1. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠣᠷᠣᠯᠭ᠎ᠠ ᠶᠢ ᠭᠦᠢᠴᠡᠳᠬᠡᠭᠰᠡᠨ ᠪᠠᠶᠢᠳᠠᠯ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ 76,876 ᠲᠦᠮᠡᠨ ᠲᠥᠭᠦᠷᠢᠭ᠂ ᠵᠢᠯ ᠤᠨ ᠡᠬᠢᠨ ᠤ ᠲᠥᠰᠦᠪ ᠤᠨ 132.72%᠎ ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 10,268 ᠲᠦᠮᠡᠨ ᠲᠥᠭᠦᠷᠢᠭ ᠬᠠᠰᠤᠭᠳᠠᠵᠤ᠂ 11.78%᠎ ᠪᠠᠷ ᠳᠣᠷᠣᠭᠰᠢᠯᠠᠪᠠ᠃      ᠬᠤᠰᠢᠭᠤᠨ ᠤ ᠲᠣᠰ ᠱᠠᠲᠤᠨ ᠤ ᠣᠷᠣᠯᠭ᠎ᠠ 43,390 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠎ ᠠᠴᠠ 2,169 ᠲᠦᠮᠡᠨ ᠲᠥᠭᠦᠷᠢᠭ ᠬᠠᠰᠤᠭᠳᠠᠵᠤ᠂ 4.76%᠎ ᠪᠠᠷ ᠪᠠᠭᠤᠷᠠᠪᠠ ︵ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 10,972 ᠲᠦᠮᠡᠨ ᠲᠥᠭᠦᠷᠢᠭ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 32,418 ᠲᠦᠮᠡᠨ ᠲᠥᠭᠦᠷᠢᠭ︶᠂ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠣᠷᠣᠯᠭ᠎ᠠ 33,486 ᠲᠦᠮᠡᠨ ᠲᠥᠭᠦᠷᠢᠭ᠃      2. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠵᠠᠷᠤᠯᠭ᠎ᠠ ᠶᠢ ᠭᠦᠢᠴᠡᠳᠬᠡᠭᠰᠡᠨ ᠪᠠᠶᠢᠳᠠᠯ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠵᠠᠷᠤᠯᠭ᠎ᠠ 58,976 ᠲᠦᠮᠡᠨ ᠲᠥᠭᠦᠷᠢᠭ᠂ ᠵᠢᠯ ᠤᠨ ᠡᠬᠢᠨ ᠤ ᠲᠥᠰᠦᠪ ᠤᠨ 225.34%᠎ ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 5,318 ᠲᠦᠮᠡᠨ ᠲᠥᠭᠦᠷᠢᠭ ᠨᠡᠮᠡᠭᠳᠡᠵᠦ᠂ 9.91%᠎ ᠪᠠᠷ ᠨᠡᠮᠡᠭᠳᠡᠪᠡ᠃      ᠬᠤᠰᠢᠭᠤᠨ ᠤ ᠲᠣᠰ ᠱᠠᠲᠤᠨ ᠤ ᠵᠠᠷᠤᠯᠭ᠎ᠠ 40,480 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 11,707 ᠲᠦᠮᠡᠨ ᠲᠥᠭᠦᠷᠢᠭ ᠬᠠᠰᠤᠭᠳᠠᠵᠤ᠂ 22.43%᠎ ᠪᠠᠷ ᠪᠠᠭᠤᠷᠠᠪᠠ ︵ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 936 ᠲᠦᠮᠡᠨ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 7,133 ᠲᠦᠮᠡᠨ ᠲᠥᠭᠦᠷᠢᠭ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 32,383 ᠲᠦᠮᠡᠨ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 28 ᠲᠦᠮᠡᠨ ᠲᠥᠭᠦᠷᠢᠭ︶᠂ ᠳᠡᠭᠡᠳᠦ ᠱᠠᠲᠤᠨ ᠳᠤ ᠲᠤᠰᠢᠶᠠᠬᠤ ᠵᠠᠷᠤᠯᠭ᠎ᠠ 18,496 ᠲᠦᠮᠡᠨ ᠲᠥᠭᠦᠷᠢᠭ᠃      ᠣᠷᠣᠯᠭ᠎ᠠ ᠵᠠᠷᠤᠯᠭ᠎ᠠ ᠶᠢ ᠲᠤᠯᠭᠠᠨ ᠬᠠᠰᠤᠭᠰᠠᠨ ᠤ ᠳᠠᠷᠠᠭ᠎ᠠ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠵᠢᠯ ᠤᠨ ᠡᠴᠦᠰ ᠤᠨ ᠦᠯᠡᠳᠡᠪᠦᠷᠢ 17,901 ᠲᠦᠮᠡᠨ ᠲᠥᠭᠦᠷᠢᠭ ᠪᠣᠯᠤᠨ᠎ᠠ᠃      ︵ᠲᠠᠪᠤ︶ ᠵᠠᠰᠠᠭ ᠤᠨ ᠣᠷᠳᠣᠨ ᠤ ᠥᠷᠢ ᠥᠭᠴᠡᠭᠡ ᠶᠢᠨ ᠪᠠᠶᠢᠳᠠᠯ᠃      2020 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠰᠢᠭᠤᠨ ᠤ ᠥᠷᠢ ᠥᠭᠴᠡᠭᠡᠨ ᠤ ᠶᠡᠷᠦᠩᠬᠡᠶ ᠦᠯᠡᠳᠡᠪᠦᠷᠢ ᠲᠤᠭ᠎ᠠ ᠨᠢ 818,816 ᠲᠦᠮᠡᠨ ᠲᠥᠭᠦᠷᠢᠭ ᠪᠠᠶᠢᠵᠤ᠂ ᠡᠭᠦᠨ ᠳᠤ ᠬᠢᠵᠠᠭᠠᠷ ᠲᠤᠭ᠎ᠠ ᠳᠣᠲᠣᠷᠠᠬᠢ ᠵᠠᠰᠠᠭ ᠤᠨ ᠣᠷᠳᠣᠨ ᠤ ᠥᠷᠢ ᠥᠭᠴᠡᠭᠡᠨ ᠤ ᠦᠯᠡᠳᠡᠪᠦᠷᠢ ᠲᠤᠭ᠎ᠠ ᠨᠢ 693,538 ᠲᠦᠮᠡᠨ ᠲᠥᠭᠦᠷᠢᠭ ᠪᠣᠯᠤᠨ᠎ᠠ᠃ ᠬᠢᠵᠠᠭᠠᠷᠯᠠᠭᠰᠠᠨ ᠲᠣᠭᠠᠨ ᠤ ᠳᠣᠲᠣᠷ᠎ᠠ ᠵᠠᠰᠠᠭ ᠤᠨ ᠣᠷᠳᠣᠨ ᠤ ᠥᠷᠢ ᠥᠭᠴᠡᠭᠡ ᠶᠢ ᠲᠥᠷᠦᠯ ᠵᠦᠢᠯ ᠢᠶᠠᠷ ᠨᠢ᠄ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ 184,057 ᠲᠦᠮᠡᠨ ᠲᠥᠭᠦᠷᠢᠭ  ᠪᠠᠶᠢᠵᠤ᠂ ᠭᠤᠣᠯᠳᠠᠭᠤ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠠᠮᠢ ᠠᠬᠤᠢ ᠶᠢᠨ ᠬᠠᠮᠠᠭᠠᠯᠠᠯᠲᠠ᠂ ᠬᠤᠲᠠ ᠎ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠪᠠ ᠬᠠᠮᠠᠭᠠᠯᠠᠯᠲᠠ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠥᠷᠦᠯ ᠵᠦᠢᠯ ᠵᠢᠴᠢ ᠡᠮᠴᠢᠯᠡᠭᠡ᠂ ᠪᠠᠶᠢᠰᠢᠩ ᠭᠡᠷ ᠤᠨ ᠲᠣᠭᠤᠷᠢᠭ ᠎ ᠤᠨ ᠥᠭᠡᠷᠡᠴᠢᠯᠡᠯᠲᠡ᠂ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠵᠡᠷᠭᠡ ᠲᠣᠰ ᠪᠡᠶ᠎ᠡ ᠶᠢᠨ ᠠᠰᠢᠭ ᠣᠯᠵᠠᠪᠤᠷᠢ ᠲᠠᠢ ᠲᠥᠷᠦᠯ ᠵᠦᠢᠯ ᠳᠤ ᠬᠡᠷᠡᠭᠯᠡᠨ᠎ᠡ︔ ᠵᠢᠭᠡᠯᠡᠯᠭᠡ ᠶᠢᠨ ᠲᠡᠮᠳᠡᠭᠲᠦ ᠶᠢ 424,323 ᠲᠦᠮᠡᠨ ᠲᠥᠭᠦᠷᠢᠭ ᠰᠣᠯᠢᠵᠤ᠂ ᠭᠤᠤᠯᠳᠠᠭᠤ ᠬᠤᠭᠤᠴᠠᠭ᠎ᠠ ᠨᠢ ᠲᠤᠯᠤᠭᠰᠠᠨ ᠥᠷᠢ ᠥᠭᠴᠡᠭᠡ ᠶᠢ ᠰᠣᠯᠢᠪᠠ︔ ᠳᠠᠬᠢᠨ ᠪᠡᠯᠡ ᠬᠤᠷᠠᠮᠳᠤᠭᠤᠯᠬᠤ ᠵᠢᠭᠡᠯᠡᠯᠭᠡ ᠶᠢᠨ ᠲᠡᠮᠳᠡᠭᠲᠦ ᠶᠢ 85,158 ᠲᠦᠮᠡᠨ ᠲᠥᠭᠦᠷᠢᠭ ᠲᠣᠬᠢᠷᠠᠭᠤᠯᠵᠤ᠂ ᠬᠤᠭᠤᠴᠠᠭ᠎ᠠ ᠎ ᠨᠢ ᠲᠤᠯᠤᠭᠰᠠᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠣᠯᠢᠪᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号