2021 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠲᠤᠬᠠᠢ ᠮᠡᠳᠡᠭᠦᠯᠦᠯᠲᠡ ︵ᠭᠤᠷᠪᠠ︶
ᠨᠡᠶᠢᠲᠡᠯᠡᠭᠰᠡᠨ ᠴᠠᠭ᠄
2021/5/6
     ᠭᠤᠷᠪᠠ᠂ 2021 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ      ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠎ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠥᠰᠦᠪ ᠤᠨ ᠬᠠᠤᠯᠢ ᠪᠠ ᠪᠦᠬᠦ ᠬᠤᠲᠠ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠢ ᠦᠨᠳᠦᠰᠦᠯᠡᠨ᠂ ︽ᠦᠨᠡᠨ ᠠᠴᠠ ᠵᠥᠪ ᠢ ᠡᠷᠢᠬᠦ᠂ ᠢᠳᠡᠪᠬᠢᠲᠡᠢ ᠯᠠᠪᠳᠠᠭᠤᠨ ᠪᠠᠶᠢᠬᠤ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠴᠢᠳᠠᠯ ᠤᠨ ᠎ ᠢᠶᠠᠨ ᠬᠢᠷᠢ ᠪᠠᠷ ᠬᠢᠬᠦ᠂ ᠰᠠᠶᠢᠲᠤᠷ ᠠᠷᠪᠢᠯᠠᠨ ᠭᠠᠮᠨᠠᠬᠤ᠂ ᠭᠤᠣᠯᠳᠠᠯᠭ᠎ᠠ ᠶᠢ ᠪᠠᠲᠤᠯᠠᠬᠤ᠂ ᠦᠷ᠎ᠡ ᠪᠦᠲᠦᠮᠵᠢ ᠶᠢ ᠴᠢᠬᠤᠯᠠᠴᠢᠯᠠᠬᠤ᠂ ᠬᠢᠵᠠᠭᠠᠷᠯᠠᠯ ᠢ ᠴᠢᠩᠭᠠᠳᠬᠠᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠦᠭᠰᠢᠭᠦᠷᠢ ᠶᠢ ᠰᠡᠷᠭᠡᠶᠢᠯᠡᠬᠦ︾ ᠵᠠᠷᠴᠢᠮ ᠢ ᠪᠠᠷᠢᠮᠲᠠᠯᠠᠵᠤ᠂ ᠮᠠᠨ ᠤ ᠬᠤᠰᠢᠭᠤᠨ ᠤ ᠡᠳ᠋ ᠤᠨ ᠬᠦᠴᠦᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ 2021 ᠣᠨ ᠤ ᠬᠤᠰᠢᠭᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠢ ᠳᠤᠷᠠᠳᠪᠠ᠃      ︵ᠨᠢᠭᠡ︶ ᠡᠩ ᠤᠨ ᠤᠯᠠᠨ ᠨᠡᠶᠢᠲᠡ ᠶᠢᠨ ᠲᠥᠰᠦᠪ ᠤᠨ ᠲᠥᠰᠦᠯ᠃      1. ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ᠃ 2021 ᠣᠨ ᠤ ᠡᠩ ᠤᠨ ᠣᠯᠠᠨ ᠨᠡᠶᠢᠳᠡ ᠶᠢᠨ ᠲᠥᠰᠦᠪ ᠤᠨ ᠣᠷᠣᠯᠭ᠎ᠠ ᠶᠢ ᠵᠢᠱᠢᠯᠲᠡ ᠪᠠᠷ 267,872 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 187,422 ᠲᠦᠮᠡᠨ ᠲᠥᠭᠦᠷᠢᠭ ᠬᠠᠰᠤᠭᠳᠠᠵᠤ᠂ 41.17 %᠎ ᠪᠠᠷ ᠪᠠᠭᠤᠷᠠᠨ᠎ᠠ᠃      ᠬᠤᠰᠢᠭᠤ ᠲᠣᠰ ᠱᠠᠲᠤᠨ ᠤ ᠣᠷᠣᠯᠭ᠎ᠠ ᠶᠢ ᠵᠢᠱᠢᠯᠲᠡ ᠪᠠᠷ 66,300 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠪᠡᠶᠡᠯᠡᠭᠦᠯᠦᠭᠰᠡᠨ ᠲᠤᠭ᠎ᠠ ᠠᠴᠠ 3,120 ᠲᠦᠮᠡᠨ ᠲᠥᠭᠦᠷᠢᠭ ᠨᠡᠮᠡᠭᠳᠡᠭᠦᠯᠵᠦ᠂ 4.94%᠎ ᠪᠠᠷ ᠨᠡᠮᠡᠭᠳᠡᠭᠦᠯᠦᠨ᠎ᠡ ︵ᠭᠠᠶᠢᠯᠢ ᠶᠢᠨ ᠣᠷᠣᠯᠭ᠎ᠠ ᠶᠢ ᠵᠢᠱᠢᠯᠲᠡ ᠪᠠᠷ 58,500 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠪᠡᠶᠡᠯᠡᠭᠦᠯᠦᠭᠰᠡᠨ ᠲᠤᠭ᠎ᠠ ᠠᠴᠠ 617 ᠲᠦᠮᠡᠨ ᠲᠥᠭᠦᠷᠢᠭ ᠨᠡᠮᠡᠭᠳᠡᠭᠦᠯᠵᠦ᠂ 1.07%᠎ ᠪᠠᠷ ᠨᠡᠮᠡᠭᠳᠡᠭᠦᠯᠦᠨ᠎ᠡ︔ ᠭᠠᠶᠢᠯᠢ ᠶᠢᠨ ᠪᠤᠰᠤ ᠣᠷᠣᠯᠭ᠎ᠠ ᠶᠢ ᠵᠢᠱᠢᠯᠲᠡ ᠪᠠᠷ 7,800 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠪᠡᠶᠡᠯᠡᠭᠦᠯᠦᠭᠰᠡᠨ ᠲᠤᠭ᠎ᠠ ᠠᠴᠠ 2,503 ᠲᠦᠮᠡᠨ ᠲᠥᠭᠦᠷᠢᠭ ᠨᠡᠮᠡᠭᠳᠡᠭᠦᠯᠵᠦ᠂ 47.25% ᠎ ᠪᠠᠷ ᠨᠡᠮᠡᠭᠳᠡᠭᠦᠯᠦᠨ᠎ᠡ︶︔ ᠳᠡᠭᠡᠲᠦ ᠱᠠᠲᠤᠨ ᠤ ᠨᠥᠬᠦᠪᠥᠷᠢ ᠶᠢᠨ ᠣᠷᠣᠯᠭ᠎ᠠ ᠶᠢ 155,110 ᠲᠦᠮᠡᠨ ᠲᠥᠭᠦᠷᠢᠭ ᠪᠡᠶᠡᠯᠡᠭᠦᠯᠬᠦ ᠪᠠᠷ ᠵᠢᠱᠢᠵᠦ ᠪᠤᠢ ︵ᠪᠤᠴᠠᠭᠠᠯᠲᠠ ᠶᠢᠨ ᠴᠢᠨᠠᠷᠲᠠᠢ ᠣᠷᠣᠯᠭ᠎ᠠ 7,046 ᠲᠦᠮᠡᠨ ᠲᠥᠭᠦᠷᠢᠭ᠂ ᠡᠩ ᠎ ᠤᠨ ᠴᠢᠨᠠᠷᠲᠠᠢ ᠰᠢᠯᠵᠢᠭᠦᠯᠦᠨ ᠥᠭᠬᠦ ᠣᠷᠣᠯᠭ᠎ᠠ 139,083 ᠲᠦᠮᠡᠨ ᠲᠥᠭᠦᠷᠢᠭ᠂ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠣᠷᠣᠯᠭ᠎ᠠ 8,981 ᠲᠦᠮᠡᠨ ᠲᠥᠭᠦᠷᠢᠭ︶︔ ᠳᠡᠭᠡᠷ᠎ᠡ ᠵᠢᠯ ᠤᠨ ᠦᠯᠡᠳᠡᠪᠦᠷᠢ 29,790 ᠲᠦᠮᠡᠨ ᠲᠥᠭᠦᠷᠢᠭ︔ ᠰᠢᠯᠵᠢᠭᠦᠯᠦᠨ ᠤᠷᠤᠭᠤᠯᠬᠤ ᠪᠡᠯᠡ ᠮᠥᠩᠭᠦ ᠶᠢ 16,552 ᠲᠦᠮᠡᠨ ᠲᠥᠭᠦᠷᠢᠭ ᠪᠡᠶᠡᠯᠡᠭᠦᠯᠬᠦ ᠎ ᠪᠠᠷ ᠵᠢᠱᠢᠵᠦ ᠪᠤᠢ ︵ᠡᠭᠦᠨ ᠳᠤ᠄ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢ 16,329 ᠲᠦᠮᠡᠨ ᠲᠥᠭᠦᠷᠢᠭ ᠰᠢᠯᠵᠢᠭᠦᠯᠦᠨ ᠣᠷᠣᠭᠤᠯᠵᠤ᠂ ᠤᠯᠤᠰ ᠤᠨ ᠦᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠎ ᠲᠤ 223 ᠲᠦᠮᠡᠨ ᠲᠥᠭᠦᠷᠢᠭ ᠰᠢᠯᠵᠢᠭᠦᠯᠦᠨ ᠣᠷᠣᠭᠤᠯᠤᠨ᠎ᠠ︶︔ ᠵᠢᠱᠢᠯᠲᠡ ᠪᠠᠷ ᠲᠥᠰᠦᠪ ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ 120 ᠲᠦᠮᠡᠨ ᠲᠥᠭᠦᠷᠢᠭ ᠬᠡᠷᠡᠭᠯᠡᠨ᠎ᠡ᠃      2. ᠡᠩ ᠤᠨ ᠣᠯᠠᠨ ᠨᠡᠶᠢᠳᠡ ᠶᠢᠨ ᠲᠥᠰᠦᠪ ᠤᠨ ᠵᠠᠷᠤᠯᠭ᠎ᠠ᠃ 2021 ᠣᠨ ᠤ ᠡᠩ ᠤᠨ ᠣᠯᠠᠨ ᠨᠡᠶᠢᠳᠡ ᠎ ᠶᠢᠨ ᠲᠥᠰᠦᠪ ᠤᠨ ᠵᠠᠷᠤᠯᠭ᠎ᠠ ᠶᠢ ᠵᠢᠱᠢᠯᠲᠡ ᠪᠠᠷ 267,872 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠎ ᠤᠨ ᠬᠢ ᠠᠴᠠ 157,632 ᠲᠦᠮᠡᠨ ᠲᠥᠭᠦᠷᠢᠭ ᠪᠠᠭᠠᠰᠬᠠᠵᠦ᠂ 37. 05%᠎ ᠪᠠᠷ ᠪᠠᠭᠤᠷᠠᠭᠤᠯᠤᠨ᠎ᠠ᠃      ᠬᠤᠰᠢᠭᠤ ᠲᠤᠰ ᠱᠠᠲᠤᠨ ᠤ ᠵᠠᠷᠤᠯᠭ᠎ᠠ ᠶᠢᠨ ᠲᠥᠰᠦᠪ ᠢ 244,558 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 116,365 ᠲᠦᠮᠡᠨ ᠲᠥᠭᠦᠷᠢᠭ ᠪᠠᠭᠠᠰᠬᠠᠵᠦ᠂ 32.24%᠎ ᠪᠠᠷ ᠪᠠᠭᠤᠷᠠᠭᠤᠯᠤᠨ᠎ᠠ ︵ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 36,081 ᠲᠦᠮᠡᠨ ᠲᠥᠭᠦᠷᠢᠭ᠂ ᠤᠯᠠᠨ ᠨᠡᠶᠢᠲᠡ ᠎ ᠶᠢᠨ ᠠᠮᠤᠷ ᠲᠦᠪᠰᠢᠨ ᠤ ᠵᠠᠷᠤᠯᠭ᠎ᠠ 6,329 ᠲᠦᠮᠡᠨ ᠲᠥᠭᠦᠷᠢᠭ᠂ ᠰᠤᠷᠭᠠᠨ ᠬᠥᠮᠦᠵᠢᠯ ᠤᠨ ᠵᠠᠷᠤᠯᠭ᠎ᠠ 31,005 ᠲᠦᠮᠡᠨ ᠲᠥᠭᠦᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 68 ᠲᠦᠮᠡᠨ ᠲᠥᠭᠦᠷᠢᠭ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 2,994 ᠲᠦᠮᠡᠨ ᠲᠥᠭᠦᠷᠢᠭ᠂ ᠨᠡᠶᠢᠭᠡᠮ ᠎ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 30,303 ᠲᠦᠮᠡᠨ ᠲᠥᠭᠦᠷᠢᠭ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠠᠷᠤᠯᠭ᠎ᠠ 23,756 ᠲᠦᠮᠡᠨ ᠲᠥᠭᠦᠷᠢᠭ᠂ ᠡᠨᠧᠷᠭᠢ ᠠᠷᠪᠢᠯᠠᠵᠦ ᠣᠷᠴᠢᠨ ᠠᠬᠤᠢ ᠶᠢ ᠬᠠᠮᠠᠭᠠᠯᠠᠬᠤ ᠵᠠᠷᠤᠯᠭ᠎ᠠ 2,240 ᠲᠦᠮᠡᠨ ᠲᠥᠭᠦᠷᠢᠭ᠂ ᠬᠤᠳᠠ ᠬᠥᠳᠡᠭᠡ ᠨᠡᠶᠢᠭᠡᠮ ᠲᠣᠭᠤᠷᠢᠭ ᠤᠨ ᠵᠠᠷᠤᠯᠭ᠎ᠠ 6,406 ᠲᠦᠮᠡᠨ ᠲᠥᠭᠦᠷᠢᠭ᠂ ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 50,981 ᠲᠦᠮᠡᠨ ᠲᠥᠭᠦᠷᠢᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 4,180 ᠲᠦᠮᠡᠨ ᠲᠥᠭᠦᠷᠢᠭ᠂ ᠡᠬᠢ ᠪᠠᠶᠠᠯᠢᠭ ᠢ ᠬᠠᠶᠢᠨ ᠰᠢᠨᠵᠢᠯᠡᠬᠦ ᠮᠡᠳᠡᠭᠡ ᠵᠠᠩᠭᠢ ᠵᠡᠷᠭᠡ ᠶᠢᠨ ᠵᠠᠷᠤᠯᠭ᠎ᠠ 2,389 ᠲᠦᠮᠡᠨ ᠲᠥᠭᠦᠷᠢᠭ᠂ ᠬᠤᠳᠠᠯᠲᠤᠭ᠎ᠠ ᠦᠶᠯᠡᠴᠢᠯᠡᠭᠡᠨ ᠤ ᠦᠶᠯᠡᠰ ᠵᠡᠷᠭᠡ ᠶᠢᠨ ᠵᠠᠷᠤᠯᠭ᠎ᠠ 528 ᠲᠦᠮᠡᠨ ᠲᠥᠭᠦᠷᠢᠭ᠂ ᠪᠠᠶᠢᠭᠠᠯᠢ ᠶᠢᠨ ᠡᠬᠢ ᠪᠠᠶᠠᠯᠢᠭ ᠳᠠᠯᠠᠢ ᠲᠠᠩᠭᠢᠰ ᠴᠠᠭ ᠠᠭᠤᠷ ᠵᠡᠷᠭᠡ ᠶᠢᠨ ᠵᠠᠷᠤᠯᠭ᠎ᠠ 2,856 ᠲᠦᠮᠡᠨ ᠲᠥᠭᠦᠷᠢᠭ᠂ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 18,108 ᠲᠦᠮᠡᠨ ᠲᠥᠭᠦᠷᠢᠭ᠂ ᠠᠮᠤ ᠲᠤᠰᠤ ᠡᠳ᠋ ᠪᠠᠷᠠᠭ᠎ᠠ ᠨᠥᠭᠡᠴᠡᠯᠡᠬᠦ ᠵᠠᠷᠤᠯᠭ᠎ᠠ 5,948 ᠲᠦᠮᠡᠨ ᠲᠥᠭᠦᠷᠢᠭ᠂ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠠᠷᠤᠯᠭ᠎ᠠ 1,469 ᠲᠦᠮᠡᠨ ᠲᠥᠭᠦᠷᠢᠭ᠂ ᠪᠤᠰᠤᠳ ᠵᠠᠷᠤᠯᠭ᠎ᠠ 36 ᠲᠦᠮᠡᠨ ᠲᠥᠭᠦᠷᠢᠭ᠂ ᠥᠭᠴᠡᠭᠡᠨ ᠤ ᠬᠦᠦ ᠮᠥᠩᠭᠦ ᠶᠢ ᠲᠦᠯᠦᠭᠦ ᠵᠠᠷᠤᠯᠭ᠎ᠠ ᠶᠢ 15,881 ᠲᠦᠮᠡᠨ ᠲᠥᠭᠦᠷᠢᠭ ᠪᠡᠶᠡᠯᠡᠭᠦᠯᠬᠦ ᠪᠠᠷ ᠵᠢᠱᠢᠵᠦ ᠪᠠᠶᠢᠨ᠎ᠠ᠂ ᠪᠡᠯᠡᠳᠬᠡᠯ ᠵᠠᠷᠤᠳᠠᠯ 3,000 ᠲᠦᠮᠡᠨ ᠲᠥᠭᠦᠷᠢᠭ︶︔ ᠳᠡᠭᠡᠲᠦ ᠱᠠᠲᠤᠨ ᠳᠤ ᠲᠤᠰᠢᠶᠠᠬᠤ ᠵᠠᠷᠤᠯᠭ᠎ᠠ ᠎ ᠶᠢ ᠵᠢᠱᠢᠯᠲᠡ ᠪᠠᠷ 12,000 ᠲᠦᠮᠡᠨ ᠲᠥᠭᠦᠷᠢᠭ ᠪᠡᠶᠡᠯᠡᠭᠦᠯᠦᠨ᠎ᠡ︔ ᠥᠷᠢ ᠥᠭᠴᠡᠭᠡ ᠶᠢᠨ ᠡᠬᠡ ᠮᠥᠩᠭᠦ ᠶᠢ ᠪᠤᠴᠠᠭᠠᠬᠤ ᠵᠠᠷᠤᠯᠭ᠎ᠠ ᠶᠢ ᠵᠢᠱᠢᠯᠲᠡ ᠪᠠᠷ 11,314 ᠲᠦᠮᠡᠨ ᠲᠥᠭᠦᠷᠢᠭ ᠪᠡᠶᠡᠯᠡᠭᠦᠯᠦᠨ᠎ᠡ᠃      3. ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠠᠵᠤ ᠠᠬᠤᠢ ᠶᠢᠨ ᠲᠦᠷᠦᠯ ᠠᠩᠭᠢᠯᠠᠯ᠃ ᠵᠠᠰᠠᠭ ᠤᠨ ᠣᠷᠳᠣᠨ ᠤ ᠲᠥᠰᠦᠪ ᠤᠨ ᠵᠠᠷᠤᠯᠭ᠎ᠠ ᠶᠢᠨ ᠠᠵᠤ ᠠᠬᠤᠢ ᠶᠢᠨ ᠲᠦᠷᠦᠯ ᠬᠤᠪᠢᠶᠠᠭᠰᠠᠨ ᠵᠤᠶᠢᠯ ᠢᠯᠭᠠᠯ ᠎ ᠢᠶᠠᠷ ᠬᠤᠪᠢᠶᠠᠷᠢᠯᠠᠪᠠᠯ᠄ ᠪᠠᠶᠢᠭᠤᠯᠤᠯᠭ᠎ᠠ ᠶᠢᠨ ᠴᠠᠯᠢᠩ ᠠᠰᠠᠷᠠᠮᠵᠢ ᠶᠢᠨ ᠵᠠᠷᠤᠯᠭ᠎ᠠ 44,796 ᠲᠦᠮᠡᠨ ᠲᠥᠭᠦᠷᠢᠭ᠂ ᠪᠠᠶᠢᠭᠤᠯᠤᠯᠭ᠎ᠠ ᠶᠢᠨ ᠲᠠᠸᠠᠷ ᠪᠠ ᠦᠢᠯᠡᠴᠢᠯᠡᠭᠡᠨ ᠤ ᠵᠠᠷᠤᠯᠭ᠎ᠠ 23,959 ᠲᠦᠮᠡᠨ ᠲᠥᠭᠦᠷᠢᠭ᠂ ᠪᠠᠶᠢᠭᠤᠯᠤᠯᠭ᠎ᠠ ᠎ ᠶᠢᠨ ᠬᠦᠷᠦᠩᠭᠡ ᠶᠢᠨ ᠴᠢᠨᠠᠷᠲᠠᠢ ᠵᠠᠷᠤᠯᠭ᠎ᠠ ︵ᠨᠢᠭᠡ︶ 32,466 ᠲᠦᠮᠡᠨ ᠲᠥᠭᠦᠷᠢᠭ᠂ ᠪᠠᠶᠢᠭᠤᠯᠤᠯᠭ᠎ᠠ ᠶᠢᠨ ᠬᠦᠷᠦᠩᠭᠡ ᠶᠢᠨ ᠴᠢᠨᠠᠷᠲᠠᠶ ᠵᠠᠷᠤᠯᠭ᠎ᠠ ︵ᠬᠤᠶᠠᠷ︶ 2,150 ᠲᠦᠮᠡᠨ ᠲᠥᠭᠦᠷᠢᠭ᠂ ᠠᠵᠢᠯ ᠦᠢᠯᠡᠰ ᠤᠨ ᠨᠢᠭᠡᠴᠡ ᠎ ᠶᠢᠨ ᠪᠠᠶᠢᠩᠭᠤ ᠶᠢᠨ ᠴᠢᠨᠠᠷᠲᠠᠢ ᠨᠥᠬᠦᠪᠥᠷᠢ 52,737 ᠲᠦᠮᠡᠨ ᠲᠥᠭᠦᠷᠢᠭ᠂ ᠠᠵᠢᠯ ᠦᠢᠯᠡᠰ ᠤᠨ ᠨᠢᠭᠡᠴᠡ ᠶᠢᠨ ᠬᠥᠷᠥᠩᠭᠡ ᠶᠢᠨ ᠴᠢᠨᠠᠷᠲᠠᠶ ᠨᠥᠬᠦᠪᠥᠷᠢ 3,619 ᠲᠦᠮᠡᠨ ᠲᠥᠭᠦᠷᠢᠭ᠂ ᠠᠵᠤ ᠠᠬᠤᠶᠢᠯᠠᠯ ᠤᠨ ᠨᠦᠬᠦᠪᠦᠷᠢ 50 ᠲᠦᠮᠡᠨ ᠲᠥᠭᠦᠷᠢᠭ᠂ ᠬᠤᠪᠢ ᠬᠥᠮᠦᠨ ᠪᠠ ᠭᠡᠷ ᠪᠦᠯᠢ ᠳᠤ ᠣᠯᠭᠤᠬᠤ ᠨᠥᠬᠦᠪᠥᠷᠢ 37,409 ᠲᠦᠮᠡᠨ ᠲᠥᠭᠦᠷᠢᠭ ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠨᠥᠬᠦᠪᠥᠷᠢ 16,095 ᠲᠦᠮᠡᠨ ᠲᠥᠭᠦᠷᠢᠭ᠂ ᠥᠭᠴᠡᠭᠡᠨ ᠎ ᠤ ᠬᠦᠦ ᠮᠥᠩᠭᠦ ᠪᠠ ᠵᠠᠷᠤᠳᠠᠯ ᠤᠨ ᠵᠠᠷᠤᠯᠭ᠎ᠠ 15,881 ᠲᠦᠮᠡᠨ ᠲᠥᠭᠦᠷᠢᠭ᠂ ᠥᠭᠴᠡᠭᠡᠨ ᠤ ᠡᠬᠡ ᠮᠥᠩᠭᠦ ᠶᠢ ᠪᠤᠴᠠᠭᠠᠬᠤ ᠵᠠᠷᠤᠯᠭ᠎ᠠ 11,314 ᠲᠦᠮᠡᠨ ᠲᠥᠭᠦᠷᠢᠭ᠂ ᠰᠢᠯᠵᠢᠭᠦᠯᠬᠦ ᠴᠢᠨᠠᠷᠲᠠᠢ ᠵᠠᠷᠤᠯᠭ᠎ᠠ 12,000 ᠲᠦᠮᠡᠨ ᠲᠥᠭᠦᠷᠢᠭ᠂ ᠪᠡᠯᠡᠳᠬᠡᠯ ᠵᠠᠷᠤᠳᠠᠯ ᠵᠢᠴᠢ ᠤᠷᠢᠳᠴᠢᠯᠠᠨ ᠦᠯᠡᠳᠡᠭᠡᠬᠦ 3,000 ᠲᠦᠮᠡᠨ ᠲᠥᠭᠦᠷᠢᠭ᠂ ᠪᠤᠰᠤᠳ ᠵᠠᠷᠤᠯᠭ᠎ᠠ 12,396 ᠲᠦᠮᠡᠨ ᠲᠥᠭᠦᠷᠢᠭ ᠪᠤᠯᠤᠨ᠎ᠠ᠃      ᠰᠠᠯᠠᠭ᠎ᠠ ᠮᠥᠴᠢᠷ ᠤᠨ ᠲᠥᠰᠦᠪ ᠤᠨ ᠵᠠᠷᠤᠯᠭ᠎ᠠ ᠶᠢᠨ ᠠᠵᠤ ᠠᠬᠤᠢ ᠶᠢᠨ ᠲᠥᠷᠥᠯ ᠬᠤᠪᠢᠶᠠᠭᠰᠠᠨ ᠵᠦᠢᠯ ᠢᠯᠭᠠᠯ ᠢᠶᠠᠷ ᠬᠤᠰᠢᠭᠤ ᠲᠣᠰ ᠱᠠᠲᠤᠨ ᠤ ᠦᠨᠳᠦᠰᠦᠨ ᠵᠠᠷᠤᠯᠭ᠎ᠠ ᠶᠢ ᠬᠤᠪᠢᠶᠠᠷᠢᠯᠠᠪᠠᠯ᠄ ᠴᠠᠯᠢᠩ ᠠᠰᠠᠷᠠᠮᠵᠢ ᠶᠢᠨ ᠵᠠᠷᠤᠯᠭ᠎ᠠ 90,964 ᠲᠦᠮᠡᠨ ᠲᠥᠭᠦᠷᠢᠭ᠂ ᠲᠠᠸᠠᠷ ᠪᠠ ᠦᠢᠯᠡᠴᠢᠯᠡᠭᠡᠨ ᠤ ᠵᠠᠷᠤᠯᠭ᠎ᠠ 4,285 ᠲᠦᠮᠡᠨ ᠲᠥᠭᠦᠷᠢᠭ᠂ ᠬᠤᠪᠢ ᠬᠥᠮᠦᠨ ᠪᠠ ᠭᠡᠷ ᠪᠦᠯᠢ ᠳᠤ ᠣᠯᠭᠤᠬᠤ ᠨᠥᠬᠦᠪᠥᠷᠢ 2,645 ᠲᠦᠮᠡᠨ ᠲᠥᠭᠦᠷᠢᠭ ᠪᠤᠯᠤᠨ᠎ᠠ᠃      ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠲᠥᠰᠦᠯ᠃      1. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠶᠢ ᠵᠢᠱᠢᠯᠲᠡ ᠪᠠᠷ 26,037 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠪᠡᠶᠡᠯᠡᠭᠦᠯᠦᠭᠰᠡᠨ ᠲᠤᠭ᠎ᠠ ᠠᠴᠠ 51,640 ᠲᠦᠮᠡᠨ ᠲᠥᠭᠦᠷᠢᠭ ᠬᠠᠰᠤᠭᠳᠠᠵᠤ᠂ 66.48%᠎ ᠪᠠᠷ ᠪᠠᠭᠤᠷᠠᠨ᠎ᠠ᠃      ᠬᠤᠰᠢᠭᠤ ᠲᠣᠰ ᠱᠠᠲᠤᠨ ᠤ ᠣᠷᠣᠯᠭ᠎ᠠ ᠶᠢ 23,702 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠎ ᠤᠨ ᠬᠢ ᠠᠴᠠ 8,244 ᠲᠦᠮᠡᠨ ᠲᠥᠭᠦᠷᠢᠭ ᠬᠠᠰᠤᠭᠳᠠᠵᠤ᠂ 25.81%᠎ ᠪᠠᠷ ᠪᠠᠭᠤᠷᠠᠨ᠎ᠠ ︵ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠬᠦ ᠣᠷᠣᠯᠭ᠎ᠠ 23,302 ᠲᠦᠮᠡᠨ ᠲᠥᠭᠦᠷᠢᠭ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠰᠦᠶᠳᠬᠡᠯ ᠤᠨ ᠣᠷᠣᠯᠭ᠎ᠠ 400 ᠲᠦᠮᠡᠨ ᠲᠥᠭᠦᠷᠢᠭ︶᠂ ᠳᠡᠭᠡᠷ᠎ᠡ ᠱᠠᠲᠤᠨ ᠠᠴᠠ ᠨᠥᠬᠦᠪᠥᠷᠢᠯᠡᠭᠰᠡᠨ ᠣᠷᠣᠯᠭ᠎ᠠ 1 ᠲᠦᠮᠡᠨ ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 2,334 ᠲᠦᠮᠡᠨ ᠲᠥᠭᠦᠷᠢᠭ ᠪᠣᠯᠤᠨ᠎ᠠ᠃      2. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ ᠶᠢ ᠵᠢᠱᠢᠯᠲᠡ ᠪᠠᠷ 26,037 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 49,306 ᠲᠦᠮᠡᠨ ᠲᠥᠭᠦᠷᠢᠭ ᠪᠠᠭᠠᠰᠬᠠᠵᠤ᠂ 65.44%᠎ ᠪᠠᠷ ᠪᠠᠭᠤᠷᠠᠭᠤᠯᠤᠨ᠎ᠠ᠃      ᠬᠤᠰᠢᠭᠤ ᠲᠣᠰ ᠱᠠᠲᠤᠨ ᠤ ᠵᠠᠷᠤᠯᠭ᠎ᠠ ᠶᠢ 9,708 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠎ ᠬᠢ ᠠᠴᠠ 44,075 ᠲᠦᠮᠡᠨ ᠲᠥᠭᠦᠷᠢᠭ ᠪᠠᠭᠠᠰᠬᠠᠵᠤ᠂ 81.95%᠎ ᠪᠠᠷ ᠪᠠᠭᠤᠷᠠᠭᠤᠯᠤᠨ᠎ᠠ︔ ᠰᠢᠯᠵᠢᠭᠦᠯᠦᠨ ᠭᠠᠷᠭᠠᠬᠤ ᠪᠡᠯᠡ ᠮᠥᠩᠭᠦ 16,329 ᠲᠦᠮᠡᠨ ᠲᠥᠭᠦᠷᠢᠭ ᠪᠤᠯᠤᠨ᠎ᠠ᠃      ︵ᠭᠤᠷᠪᠠ︶ ᠤᠯᠤᠰ ᠤᠨ ᠦᠮᠴᠢᠯᠡᠯ ᠤᠨ ᠭᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠲᠥᠰᠦᠯ᠃      ᠤᠯᠤᠰ ᠤᠨ ᠦᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢ ᠵᠢᠱᠢᠯᠲᠡ ᠪᠠᠷ 223 ᠲᠦᠮᠡᠨ ᠲᠥᠭᠦᠷᠢᠭ ᠪᠡᠶᠡᠯᠡᠭᠦᠯᠦᠨ᠎ᠡ᠂ ᠡᠭᠦᠨ ᠳᠤ᠄ ᠠᠰᠢᠭ ᠬᠤᠨᠵᠢᠪᠣᠷᠢ ᠶᠢᠨ ᠣᠷᠣᠯᠭ᠎ᠠ 13 ᠲᠦᠮᠡᠨ ᠲᠥᠭᠦᠷᠢᠭ᠂ ᠪᠤᠰᠤᠳ ᠤᠯᠤᠰ ᠤᠨ ᠦᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ 210 ᠲᠦᠮᠡᠨ ᠲᠥᠭᠦᠷᠢᠭ ᠪᠣᠯᠤᠨ᠎ᠠ᠃      ᠤᠯᠤᠰ ᠤᠨ ᠦᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠵᠠᠷᠤᠯᠭ᠎ᠠ ᠶᠢ ᠵᠢᠱᠢᠯᠲᠡ ᠪᠠᠷ 223 ᠲᠦᠮᠡᠨ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠲᠤ ᠰᠢᠯᠵᠢᠭᠦᠯᠦᠨ ᠣᠷᠣᠭᠤᠯᠤᠨ᠎ᠠ᠃      ︵ᠳᠥᠷᠪᠡ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠲᠥᠰᠦᠯ᠃      1. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠣᠷᠣᠯᠭ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠶᠢ ᠵᠢᠱᠢᠯᠲᠡ ᠪᠠᠷ 62,936 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠪᠡᠶᠡᠯᠡᠭᠦᠯᠦᠭᠰᠡᠨ ᠲᠤᠭ᠎ᠠ ᠠᠴᠠ 13,940 ᠲᠦᠮᠡᠨ ᠲᠥᠭᠦᠷᠢᠭ ᠬᠠᠰᠤᠭᠳᠠᠵᠤ᠂ 18.13%᠎ ᠪᠠᠷ ᠪᠠᠭᠤᠷᠠᠨ᠎ᠠ᠃      ᠬᠤᠰᠢᠭᠤ ᠲᠣᠰ ᠱᠠᠲᠤᠨ ᠤ ᠣᠷᠣᠯᠭ᠎ᠠ ᠶᠢ ᠵᠢᠱᠢᠯᠲᠡ ᠪᠠᠷ 45,035 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 1,645 ᠲᠦᠮᠡᠨ ᠲᠥᠭᠦᠷᠢᠭ ᠨᠡᠮᠡᠭᠳᠡᠭᠦᠯᠵᠦ᠂ 3.79%᠎ ᠪᠠᠷ ᠨᠡᠮᠡᠭᠳᠡᠭᠦᠯᠦᠨ᠎ᠡ ︵ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 10,539 ᠲᠦᠮᠡᠨ ᠲᠥᠭᠦᠷᠢᠭ᠂ ᠠᠯᠪᠠᠨ ᠪᠠᠶᠢᠭᠤᠯᠤᠯᠭ᠎ᠠ ᠠᠵᠢᠯ ᠦᠶᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 34,496 ᠲᠦᠮᠡᠨ ᠲᠥᠭᠦᠷᠢᠭ︶᠂ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠬᠦ ᠣᠷᠣᠯᠭ᠎ᠠ 17,901 ᠲᠦᠮᠡᠨ ᠲᠥᠭᠦᠷᠢᠭ ᠪᠣᠯᠤᠨ᠎ᠠ᠃      2. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠵᠠᠷᠤᠯᠭ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ ᠶᠢ 42,198 ᠲᠦᠮᠡᠨ ᠲᠥᠭᠦᠷᠢᠭ ᠪᠡᠶᠡᠯᠡᠭᠦᠯᠵᠦ ᠂ ᠳᠡᠭᠡᠷ᠎ᠡ ᠵᠢᠯ ᠤᠨ ᠬᠢ ᠠᠴᠠ 16,778 ᠲᠦᠮᠡᠨ ᠲᠥᠭᠦᠷᠢᠭ ᠪᠠᠭᠠᠰᠬᠠᠵᠤ᠂ 28.45%᠎ ᠪᠠᠷ ᠪᠠᠭᠤᠷᠠᠭᠤᠯᠤᠨ᠎ᠠ ᠂ ᠡᠭᠦᠨ ᠳᠤ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 7,702 ᠲᠦᠮᠡᠨ ᠲᠥᠭᠦᠷᠢᠭ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 34,496 ᠲᠦᠮᠡᠨ ᠲᠥᠭᠦᠷᠢᠭ ᠪᠤᠯᠤᠨ᠎ᠠ᠃      ᠣᠷᠣᠯᠭ᠎ᠠ ᠵᠠᠷᠤᠯᠭ᠎ᠠ ᠶᠢ ᠬᠠᠷᠢᠯᠴᠠᠨ ᠲᠤᠯᠭᠠᠨ ᠪᠤᠲᠤᠭᠰᠠᠨ ᠤ ᠳᠠᠷᠠᠭ᠎ᠠ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠦᠯᠡᠳᠡᠪᠦᠷᠢ 20,738 ᠲᠦᠮᠡᠨ ᠲᠥᠭᠦᠷᠢᠭ ᠪᠣᠯᠤᠨ᠎ᠠ᠃      ︵ᠳᠠᠪᠤ︶ ᠭᠤᠷᠪᠠᠨ ᠠᠯᠪᠠᠨ ᠵᠠᠷᠤᠳᠠᠯ ᠤᠨ ᠵᠠᠷᠤᠯᠭ᠎ᠠ ᠶᠢᠨ ᠪᠠᠶᠢᠳᠠᠯ᠃      2021 ᠣᠨ ᠤ ᠭᠤᠷᠪᠠᠨ ᠠᠯᠪᠠᠨ ᠵᠠᠷᠤᠳᠠᠯ ᠤᠨ ᠬᠢᠵᠠᠭᠠᠷ ᠲᠤᠭ᠎ᠠ ᠶᠢ ᠦᠨᠳᠦᠰᠦᠨ ᠳᠡᠭᠡᠨ ᠳᠡᠭᠡᠷ᠎ᠡ ᠵᠢᠯ ᠎ ᠤᠨ 1,783 ᠲᠦᠮᠡᠨ ᠲᠥᠭᠦᠷᠢᠭ ᠲᠠᠢ ᠲᠡᠩᠴᠡᠭᠦᠦ ᠪᠠᠶᠢᠯᠭᠠᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号