| | ᠳᠥᠷᠪᠡ᠂ 2021 ᠣᠨ ᠤ ᠠᠵᠢᠯ ᠤᠨ ᠭᠤᠤᠯᠳᠠᠯᠭ᠎ᠠ | ︵ᠨᠢᠭᠡ︶ ᠡᠳ᠋ ᠤᠨ ᠵᠠᠰᠠᠭ ᠤᠨ ᠪᠠᠯᠠ ᠮᠥᠩᠭᠦ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ | ᠭᠤᠷᠪᠠᠨ ᠶᠡᠭᠡ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠵᠢᠴᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠪᠥᠬᠦ ᠬᠦᠴᠦᠨ ᠢᠶᠠᠷ ᠳᠡᠮᠵᠢᠨ ᠪᠠᠬᠢᠵᠢᠭᠦᠯᠦᠨ᠎ᠡ | ᠨᠢᠭᠡ ᠳᠤ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ ᠦᠭᠡᠢ ᠪᠠᠶᠢᠬᠤ | ᠶᠢ ᠦᠨᠡᠨ ᠬᠦ ᠪᠠᠲᠤᠯᠠᠨ᠎ᠠ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠵᠢᠴᠢ ᠵᠠᠰᠠᠭ ᠤᠨ ᠣᠷᠳᠣᠨ ᠤ | ᠴᠢᠨᠠᠷᠲᠠᠶ ᠵᠢᠭᠡᠯᠡᠯᠭᠡ ᠶᠢᠨ ᠲᠡᠮᠳᠡᠭᠲᠦ ᠶᠢ ᠠᠷᠢᠯᠭᠠᠬᠤ ᠠᠵᠢᠯ ᠢ ᠰᠠᠶᠢᠲᠤᠷ ᠬᠢᠵᠦ᠂ ᠣᠨ ᠤ ᠠᠷᠢᠯᠭᠠᠬᠤ ᠡᠭᠦᠷᠭᠡ ᠪᠠᠨ | ᠶᠠᠰᠤ ᠴᠢᠨᠠᠷ ᠪᠠ ᠲᠤᠭ᠎ᠠ ᠶᠣᠰᠣᠭᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠥᠷᠢ ᠥᠭᠴᠡᠭᠡ ᠶᠢ | ᠠᠷᠢᠯᠭᠠᠬᠤ ᠱᠠᠩᠨᠠᠯ ᠤᠨ ᠪᠠᠯᠠ ᠮᠥᠩᠭᠦ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠤᠨ᠎ᠠ᠃ ᠬᠤᠶᠠᠷ ᠲᠤ ︽ | ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠶᠠᠳᠠᠭᠤ ᠠᠴᠠ ᠠᠩᠭᠢᠵᠢᠷᠠᠭᠤᠯᠬᠤ︾ ᠱᠠᠳᠤᠴᠢ ᠴᠢᠨᠠᠷᠲᠠᠢ ᠦᠷ᠎ᠡ | ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠ ᠡᠭᠦᠷᠭᠡ ᠶᠢ | ᠪᠡᠶᠡᠯᠡᠭᠦᠯᠬᠦ ᠶᠢ ᠪᠠᠲᠤᠯᠠᠨ᠎ᠠ᠃ ᠳᠠᠬᠢᠨ ᠶᠠᠳᠠᠭᠤᠷᠠᠭᠰᠠᠨ ᠬᠥᠮᠦᠨ ᠠᠮᠠ ᠪᠠ ᠰᠢᠨ᠎ᠡ ᠪᠠᠷ ᠡᠭᠦᠰᠦᠭᠰᠡᠨ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠬᠠᠪᠰᠤᠷᠤᠨ ᠲᠡᠳᠬᠦᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠣᠨᠳᠣᠤ | ᠭᠠᠵᠠᠷ ᠲᠤ ᠶᠠᠳᠠᠭᠤ ᠶᠢ ᠲᠡᠳᠬᠦᠬᠦ ᠵᠠᠯᠭᠠᠮᠵᠢ ᠠᠵᠤ ᠦᠶᠯᠡᠰ ᠢ ᠴᠢᠩᠭᠠᠳᠬᠠᠬᠤ ᠪᠠ ᠣᠯᠠᠨ ᠨᠡᠶᠢᠲᠡ ᠶᠢᠨ ᠰᠠᠭᠤᠷᠢ | ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ | ᠪᠠᠲᠤᠯᠠᠬᠤ︾ ᠶᠢ ᠲᠣᠭᠲᠠᠭᠤᠨ ᠢᠶᠠᠷ ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ | ᠦᠨᠳᠦᠰᠦᠨ ᠦᠶᠯᠡᠴᠢᠯᠡᠭᠡᠨ ᠤ ᠭᠤᠤᠯ ᠪᠣᠯᠬᠤ ᠬᠦᠷᠢᠶ᠎ᠡ ᠴᠠᠷᠠᠭ᠎ᠠ ᠶᠢᠨ ᠭᠦᠶᠴᠡᠳᠬᠡᠯ ᠲᠤᠭ᠎ᠠ ᠶᠢ ᠪᠥᠬᠦ ᠤᠯᠤᠰ ᠤᠨ | ᠳᠤᠮᠳᠠᠴᠢ ᠲᠦᠪᠰᠢᠨ ᠳᠤ ᠣᠶᠢᠷᠠᠲᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ ᠭᠤᠷᠪᠠ ᠳᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠱᠠᠳᠤᠴᠢ ᠴᠢᠨᠠᠷᠲᠠᠢ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠨ᠎ᠠ᠃ ᠬᠥᠬᠡ | ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠶᠢ | ᠭᠤᠤᠯᠳᠠᠯᠭ᠎ᠠ ᠲᠠᠢ ᠳᠡᠮᠵᠢᠵᠦ᠂ ᠠᠮᠢ ᠠᠬᠤᠶ ᠶᠢ ᠤᠷᠢᠳ ᠢᠶᠠᠷ ᠪᠤᠲᠤᠯᠭᠢᠯᠠᠵᠦ᠂ ᠪᠣᠬᠢᠷᠲᠤᠯ ᠥᠬᠡᠶ ᠬᠥᠭᠵᠢᠭᠦᠯᠬᠦ ᠶᠢ | ᠪᠠᠷᠢᠮᠲᠠᠯᠠᠵᠤ᠂ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ | ᠣᠷᠴᠢᠨ ᠠᠬᠤᠢ ᠶᠢᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠲᠡᠮᠵᠢᠵᠤ᠂ ᠠᠮᠢ ᠠᠬᠤᠢ ᠶᠢᠨ | ᠣᠷᠴᠢᠨ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ ᠶᠢ ᠦᠨᠳᠦᠰᠦᠨ ᠠᠴᠠ ᠨᠢ ᠠᠬᠢᠭᠤᠯᠤᠨ᠎ᠠ᠃ | ︵ᠬᠤᠶᠠᠷ︶ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠲᠦᠭᠡᠮᠡᠯ ᠬᠠᠷᠠᠭᠠᠯᠵᠠᠯ ᠤᠨ | ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ | ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠤ ᠥᠭᠡᠷᠡᠴᠢᠯᠡᠬᠦ ᠪᠠ ᠬᠥᠳᠡᠭᠡ ᠲᠣᠰᠬᠤᠨ ᠤ | ᠨᠥᠬᠦᠴᠡᠯ ᠪᠠᠷᠤᠭᠲᠠᠶ ᠰᠤᠷᠭᠠᠭᠤᠯᠢ ᠶᠢ ᠥᠭᠡᠷᠡᠴᠢᠯᠡᠬᠦ ᠶᠢ ᠳᠡᠮᠵᠢᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠭᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢ ᠪᠣᠯᠤᠨ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ | ᠰᠤᠷᠤᠭᠴᠢᠳ ᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠤᠭᠲᠠᠯᠴᠠᠭ᠎ᠠ ᠶᠢ ᠪᠦᠷᠢᠨᠰᠢᠭᠦᠯᠦᠨ᠎ᠡ᠃ ᠤᠯᠤᠰ ᠤᠨ | ᠳᠡᠮᠵᠢᠯᠭᠡ ᠶᠢ ᠢᠳᠡᠪᠬᠢᠯᠡᠨ ᠣᠯᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠬᠥᠭᠵᠢᠭᠦᠯᠬᠦ ᠲᠥᠷᠥᠯ ᠵᠦᠢᠯ ᠢ ᠡᠬᠢᠯᠡᠭᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ | ᠤᠨ ᠪᠠᠶᠢᠭᠤᠯᠤᠮᠵᠢ ᠶᠢᠨ ᠡᠷᠡᠭᠦᠯ ᠢᠶᠠᠷ ᠬᠥᠭᠵᠢᠬᠦ ᠶᠢ ᠶᠡᠬᠡᠪᠡᠷ ᠳᠠᠮᠵᠢᠵᠤ᠂ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠴᠢᠩᠭᠠᠳᠬᠠᠨ᠂ ᠬᠡᠦᠬᠡᠳ ᠤᠨ | ᠰᠤᠷᠭᠠᠭᠤᠯᠢ ᠳᠤ ᠣᠷᠣᠬᠤ ᠳᠤ ᠬᠦᠴᠢᠷᠲᠡᠶ ᠪᠠᠶᠢᠭ᠎ᠠ ᠠᠰᠠᠭᠤᠳᠠᠯ ᠢ ᠪᠦᠲᠦᠮᠵᠢᠲᠡᠶ ᠨᠠᠮᠳᠠᠭᠤᠯᠤᠨ᠎ᠠ᠃ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡ ᠮᠥᠩᠭᠦ ᠶᠢ ᠲᠡᠮᠡᠴᠡᠨ | ᠤᠯᠬᠤ ᠪᠠ ᠭᠦᠢᠴᠡᠳ ᠲᠤᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ᠂ | ᠶᠡᠷᠦᠩᠬᠡᠢ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ | ᠳᠠᠪᠠᠭᠤᠯᠢᠭ ᠣᠨᠴᠠᠯᠢᠭᠲᠤ ᠠᠵᠤ ᠦᠶᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠠᠯ ᠠᠵᠤ ᠠᠬᠤᠶ | ᠲᠠᠷᠢᠶᠠᠯᠠᠩ ᠤᠨ ᠦᠷ᠎ᠡ ᠠᠰᠢᠭ ᠢ ᠦᠷᠭᠦᠯᠵᠢᠯᠡᠨ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ | ᠣᠷᠴᠢᠨ ᠨᠦᠭᠦᠴᠡᠯ ᠢ ᠴᠡᠭᠴᠡᠯᠡᠨ ᠵᠠᠰᠠᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠬᠥᠭᠵᠢᠭᠡᠨ᠎ᠡ᠃ | ︵ᠭᠤᠷᠪᠠ︶ ᠡᠳ᠋ ᠤᠨ ᠵᠠᠰᠠᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠢᠶᠠᠷᠤᠯᠲᠠ ᠶᠢᠨ ᠬᠢᠷᠢ | ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ | ᠨᠢᠭᠡ ᠳᠤ ᠤᠳᠤ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠲᠦᠷᠭᠡᠪᠴᠢᠯᠡᠨ ᠪᠠᠶᠢᠭᠤᠯᠤᠨ᠎ᠠ᠃ ᠲᠥᠰᠦᠪ | ᠤᠨ ᠬᠠᠤᠯᠢ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠰᠦᠪ ᠤᠨ ᠬᠢᠵᠠᠭᠠᠷᠯᠠᠯ ᠢ ᠴᠢᠩᠳᠠᠯᠠᠵᠤ᠂ | ᠤᠷᠢᠳᠠᠪᠠᠷ ᠲᠥᠰᠦᠪ ᠲᠠᠢ ᠪᠠᠶᠢᠵᠤ ᠲᠠᠷᠠᠭ᠎ᠠ ᠨᠢ ᠵᠠᠷᠤᠯᠭ᠎ᠠ ᠲᠠᠢ ᠪᠠᠶᠢᠬᠤ ᠶᠢ ᠪᠠᠷᠢᠮᠲᠠᠯᠠᠵᠤ᠂ ᠲᠥᠰᠦᠪ ᠲᠤ ᠨᠡᠮᠡᠵᠦ | ᠣᠷᠣᠭᠤᠯᠬᠤ ᠵᠦᠢᠯᠡᠰ ᠢ ᠴᠢᠩᠭ᠎ᠠ ᠬᠢᠵᠠᠭᠠᠷᠯᠠᠨ᠎ᠠ᠃ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦᠨ ᠢ | ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠤᠭᠲᠠᠯᠴᠠᠭ᠎ᠠ ᠶᠢ ᠲᠦᠷᠭᠡᠳᠬᠡᠨ | ᠪᠠᠶᠢᠭᠤᠯᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠲᠤᠬᠠᠶᠢᠯᠠᠭᠰᠠᠨ | ᠠᠵᠢᠯ ᠤᠨ ᠱᠠᠭᠠᠷᠳᠠᠯᠭ᠎ᠠ ᠶᠢ ᠡᠳ᠋ ᠤᠨ ᠵᠠᠰᠠᠭ ᠤᠨ ᠭᠤᠣᠯᠯᠠᠬᠤ ᠲᠤᠬᠠᠶᠢᠯᠠᠭᠰᠠᠨ ᠠᠵᠢᠯ ᠢ ᠨᠢᠭᠡ ᠴᠣᠭᠴᠠᠵᠢᠭᠤᠯᠬᠤ | ᠰᠢᠰᠲ᠋ᠧᠮ ᠳᠤ ᠰᠢᠭᠢᠳᠬᠡᠨ ᠣᠷᠣᠭᠤᠯᠤᠨ᠎ᠠ᠃ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠯᠡ ᠮᠥᠩᠭᠦ ᠥᠭᠬᠦ ᠬᠢᠭᠡᠳ ᠵᠠᠰᠠᠭ ᠤᠨ ᠣᠷᠳᠣᠨ ᠤ ᠬᠤᠳᠠᠯᠳᠤᠨ | ᠠᠪᠬᠤ᠂ ᠪᠡᠯᠡᠨ ᠵᠣᠭᠤᠰ ᠤᠨ ᠬᠠᠮᠢᠶᠠᠷᠤᠯᠲᠠ᠂ ᠲᠥᠰᠦᠪ ᠤᠨ ᠭᠦᠢᠴᠡᠳᠬᠡᠯ ᠤᠨ ᠮᠡᠳᠡᠭᠦᠯᠦᠯᠲᠡ ᠵᠡᠷᠭᠡ | ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠬᠤᠶᠠᠷ | ᠲᠤ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠭᠤᠷᠪᠠ | ᠶᠢ ᠪᠠᠲᠤᠯᠠᠬᠤ︾ ᠵᠠᠷᠤᠯᠭ᠎ᠠ ᠶᠢ ᠤᠷᠢᠳᠠᠪᠠᠷ ᠲᠣᠬᠢᠷᠠᠭᠤᠯᠵᠤ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ | ᠲᠥᠰᠦᠪ ᠨᠠᠶᠢᠷᠠᠭᠤᠯᠤᠨ ᠵᠣᠬᠢᠶᠠᠬᠤ᠂ ᠬᠡᠷᠡᠭᠵᠢᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠵᠡᠷᠭᠡ | ᠲᠠᠯ᠎ᠠ ᠪᠠᠷ ᠬᠤᠰᠢᠭᠤ ᠰᠢᠶᠠᠨ ᠲᠣᠭᠤᠷᠢᠭ ᠤᠨ ︽ᠭᠤᠷᠪᠠ ᠶᠢ ᠪᠠᠲᠤᠯᠠᠬᠤ︾ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠬᠤᠰᠢᠭᠤ ᠰᠢᠶᠠᠨ ᠲᠣᠭᠤᠷᠢᠭ ᠤᠨ ︽ᠭᠤᠷᠪᠠ ᠶᠢ ᠪᠠᠲᠤᠯᠠᠬᠤ | ︾ ᠲᠥᠰᠦᠪ ᠢ ᠬᠢᠨᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠵᠦ᠂ ᠦᠨᠳᠦᠰᠦᠨ ᠱᠠᠲᠤᠨ ᠤ ᠡᠳ᠋ ᠤᠨ ᠵᠠᠰᠠᠭ | ᠠᠴᠠ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠲᠤᠭ᠎ᠠ ᠶᠣᠰᠣᠭᠠᠷ ᠲᠥᠰᠦᠪ ᠲᠤ ᠣᠷᠣᠭᠤᠯᠵᠤ᠂ ᠡᠳ᠋ ᠤᠨ | ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠷᠪᠠ ᠳᠤ ᠣᠷᠣᠯᠭ᠎ᠠ ᠵᠠᠷᠤᠯᠭ᠎ᠠ ᠶᠢ | ᠲᠡᠩᠴᠡᠭᠦᠷᠢᠲᠡᠢ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠵᠠᠰᠠᠭ ᠤᠨ ᠣᠷᠳᠣᠨ ᠲᠦᠷᠦᠭᠦᠯᠡᠨ ᠠᠷᠪᠢᠴᠢ ᠭᠠᠮᠲᠠᠶ | ᠠᠮᠢᠳᠤᠷᠠᠬᠤ ᠶᠢ ᠪᠠᠷᠢᠮᠲᠠᠯᠠᠵᠤ᠂ ᠲᠣᠭᠲᠠᠮᠠᠯ ᠪᠤᠰᠤ ᠴᠢᠨᠠᠷᠲᠠᠶ᠂ ᠭᠤᠤᠯᠳᠠᠯᠭ᠎ᠠ ᠪᠤᠰᠦ ᠲᠥᠷᠥᠯ ᠵᠦᠶᠯ ᠤᠨ ᠵᠠᠷᠤᠯᠭ᠎ᠠ | ᠶᠢ ᠶᠡᠭᠡ ᠪᠠᠷ ᠪᠠᠭᠠᠰᠬᠠᠵᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ︽ᠡᠳ᠋ ᠬᠥᠷᠥᠩᠭᠡ︾ ᠶᠢ | ᠲᠣᠭᠠᠯᠠᠨ ᠪᠦᠷᠢᠳᠬᠡᠵᠦ᠂ ᠤᠷᠲᠤ ᠬᠤᠭᠤᠴᠠᠭ᠎ᠠ ᠪᠠᠷ ᠡᠷᠭᠢᠯᠲᠡ ᠶᠢᠨ ᠦᠷ᠎ᠡ ᠠᠰᠢᠭ ᠢᠶᠠᠷ ᠲᠤᠤᠷ᠎ᠠ᠂ ᠰᠤᠯᠠ | ᠪᠠᠶᠢᠭ᠎ᠠ ᠵᠡᠷᠭᠡ ᠵᠠᠰᠠᠭ ᠤᠨ ᠣᠷᠳᠣᠨ ᠤ ᠦᠯᠡᠳᠡᠭᠡᠯ ᠡᠳ᠋ ᠬᠥᠷᠥᠩᠭᠡ ᠶᠢ ᠠᠮᠢᠲᠦᠯᠢᠭ᠌ᠵᠢᠭᠤᠯᠤᠨ ᠪᠡᠯᠡᠨ ᠵᠤᠭᠤᠰ | ᠪᠤᠯᠭᠠᠵᠦ᠂ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠶᠢ ᠢᠯᠭᠠᠷᠠᠭᠤᠯᠤᠨ ᠲᠢᠭᠯᠡᠵᠦ᠂ ᠣᠯᠠᠨ ᠠᠷᠭ᠎ᠠ | ᠵᠠᠮ ᠢᠶᠠᠷ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠳᠠᠷᠤᠯᠲᠠ ᠶᠢ ᠬᠦᠩᠭᠡᠷᠡᠭᠦᠯᠦᠨ᠎ᠡ᠃ ᠲᠦᠷ ᠵᠣᠭᠤᠰ | ᠥᠭᠬᠦ ᠬᠠᠮᠢᠶᠠᠷᠤᠯᠲᠠ ᠶᠢ ᠴᠢᠩᠭᠠᠳᠬᠠᠵᠤ᠂ ᠲᠦᠷ ᠵᠣᠭᠤᠰ ᠥᠭᠬᠦ ᠶᠢ ᠬᠢᠨᠠᠨ ᠵᠥᠪᠰᠢᠶᠡᠷᠡᠬᠦ ᠵᠢᠷᠤᠮ ᠢ ᠴᠢᠩᠭ᠎ᠠ | ᠲᠦᠷᠢᠮᠵᠢᠭᠦᠯᠦᠨ᠎ᠡ᠃ ᠴᠢᠬᠤᠯᠠ ᠶᠡᠭᠡ ᠲᠥᠷᠥᠯ ᠵᠦᠶᠯ ᠤᠨ ᠡᠳ᠋ ᠤᠨ ᠵᠠᠰᠠᠭ ᠤᠨ ᠳᠠᠭᠠᠭᠠᠴᠠ ᠶᠢᠨ ᠴᠢᠳᠠᠪᠤᠷᠢ ᠶᠢᠨ | ᠦᠨᠡᠯᠡᠨ ᠵᠢᠱᠢᠯᠳᠡ ᠶᠢ ᠴᠢᠩᠭᠠᠳᠬᠠᠵᠤ᠂ ᠬᠡᠲᠦ ᠥᠨᠳᠥᠷ ᠠᠮᠠᠯᠠᠯᠲᠠ᠂ ᠬᠡᠲᠦ ᠪᠠᠲᠤᠯᠠᠭᠰᠠᠨ ᠵᠠᠷᠤᠯᠭ᠎ᠠ ᠶᠢᠨ ᠲᠥᠷᠥ | ᠶᠢᠨ ᠪᠣᠳᠣᠯᠭ᠎ᠠ ᠶᠢ ᠬᠦᠴᠦᠯᠡᠨ ᠢᠯᠭᠠᠷᠠᠭᠤᠯᠤᠨ ᠲᠦᠷᠢᠮᠵᠢᠭᠦᠯᠵᠦ᠂ ᠡᠳ᠋ ᠤᠨ ᠵᠠᠰᠠᠭ ᠤᠨ ᠦᠷᠭᠦᠯᠵᠢᠯᠡᠭᠦᠶᠢᠴᠡ | ᠴᠢᠨᠠᠷ ᠢ ᠴᠢᠩᠭᠠᠷᠠᠭᠤᠯᠤᠨ᠎ᠠ᠃ ᠲᠦᠷᠪᠡ ᠳᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠬᠢᠨᠠᠨ ᠬᠠᠮᠢᠶᠠᠷᠬᠤ | ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠤᠰ ᠤᠨ | ᠦᠮᠴᠢᠯᠡᠯᠲᠦ ᠡᠳ᠋ ᠬᠦᠷᠦᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢᠨ ᠪᠠᠶᠢᠷᠢ | ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠶᠢ ᠬᠠᠤᠯᠢ | ᠶᠣᠰᠣᠭᠠᠷ ᠭᠦᠢᠴᠡᠳᠬᠡᠨ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠦᠯᠳᠠ ᠶᠢ ᠲᠤᠰᠬᠠᠢ | ᠭᠦᠢᠴᠡᠳᠭᠡᠵᠦ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠡᠵᠡᠩᠨᠡᠬᠦ ᠳᠤ ᠭᠠᠷ ᠲᠦᠷᠦᠭᠦ ᠦᠭᠡᠢ᠃ ᠤᠯᠤᠰ | ᠤᠨ ᠥᠮᠴᠢᠯᠡᠯᠲᠦ ᠡᠳ᠋ ᠬᠥᠷᠥᠩᠭᠡ ᠶᠢᠨ ᠪᠠᠯᠠ ᠭᠠᠷᠭᠠᠭᠴᠢ ᠶᠢᠨ ᠬᠢᠨᠠᠨ ᠬᠠᠮᠢᠶᠠᠷᠦᠯᠳᠠ ᠶᠢᠨ ᠵᠠᠭᠠᠭ ᠬᠢᠵᠠᠭᠠᠷ ᠢ | ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠪᠠᠯᠠ ᠭᠠᠷᠭᠠᠭᠴᠢ ᠶᠢᠨ ᠬᠢᠨᠠᠨ ᠬᠠᠮᠢᠶᠠᠷᠬᠤ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠲᠣᠬᠢᠷᠠᠭᠤᠯᠤᠨ ᠲᠡᠭᠦᠯᠳᠡᠷᠵᠢᠭᠦᠯᠵᠦ᠂ ᠴᠢᠬᠤᠯᠠ | ᠬᠤᠪᠢᠶᠠᠷᠢ ᠠᠵᠤ ᠠᠬᠤᠶᠢᠯᠠᠯ ᠤᠨ ᠨᠡᠷᠡᠰ ᠢ ᠲᠣᠭᠲᠠᠭᠠᠵᠤ᠂ ᠨᠠᠷᠢᠨ ᠬᠠᠭᠤᠳᠠᠰᠤ ᠠᠴᠠ ᠭᠠᠳᠠᠨᠠᠬᠢ ᠪᠠ ᠴᠢᠬᠤᠯᠠ | ᠪᠤᠰᠤ ᠬᠤᠪᠢᠶᠠᠷᠢ ᠠᠵᠤ ᠠᠬᠤᠶᠢᠯᠠᠯ ᠤᠨ ᠵᠦᠶᠯᠡᠰ ᠢ ᠠᠵᠤ ᠠᠬᠤᠶᠢᠯᠠᠯ ᠬᠠᠤᠯᠢ ᠶᠣᠰᠣᠭᠠᠷ ᠡᠵᠡᠨ ᠮᠡᠳᠡᠵᠦ | ᠰᠢᠶᠳᠪᠦᠷᠢᠲᠦ ᠪᠣᠳᠣᠯᠭ᠎ᠠ ᠲᠣᠭᠲᠠᠭᠠᠨ᠎ᠠ᠃ ᠠᠵᠢᠯ ᠦᠢᠯᠡᠰ ᠤᠨ ᠨᠢᠭᠡᠴᠡ ᠶᠢᠨ ᠡᠷᠬᠢᠯᠡᠵᠦ ᠪᠦᠬᠦᠢ ᠠᠵᠤ ᠠᠬᠤᠶᠢᠯᠠᠯ | ᠪᠣᠯᠤᠨ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠯ ᠢᠶᠠᠨ ᠬᠤᠪᠢᠷᠠᠭᠤᠯᠤᠭᠰᠠᠨ ᠠᠵᠤ ᠠᠬᠤᠶᠢᠯᠠᠯ ᠢ ᠰᠠᠯᠭᠠᠬᠤ | ᠰᠢᠯᠵᠢᠭᠦᠯᠦᠨ ᠲᠤᠰᠢᠶᠠᠬᠤ᠂ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠪᠡᠯᠡ ᠭᠠᠷᠭᠠᠭᠴᠢ ᠶᠢᠨ ᠬᠢᠨᠠᠨ ᠬᠠᠮᠢᠶᠠᠷᠤᠯᠲᠠ ᠶᠢ ᠪᠦᠬᠦᠨ ᠢ ᠬᠠᠮᠤᠷᠤᠬᠤ ᠶᠢ | ᠪᠡᠶᠡᠯᠡᠭᠦᠯᠦᠨ᠎ᠡ᠃ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠵᠤ | ᠠᠬᠤᠶᠢᠯᠠᠯ ᠤᠨ ᠵᠦᠷᠢᠶᠡᠵᠢᠭᠰᠡᠨ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠠᠷᠭ᠎ᠠ ᠶᠢ ᠲᠡᠭᠦᠯᠳᠡᠷᠵᠢᠭᠦᠯᠬᠦ ᠶᠢ | ᠠᠬᠢᠭᠤᠯᠵᠤ᠂ ᠬᠤᠰᠢᠭᠤᠨ ᠤ ᠰᠢᠭᠤᠳ ᠬᠠᠷᠢᠶ᠎ᠠ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠴᠠᠯᠢᠩ ᠬᠥᠯᠥᠰᠥ ᠶᠢ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠬᠢᠷᠢ ᠲᠦᠪᠰᠢᠨ ᠲᠠᠢ | ᠵᠣᠯᠭᠠᠭᠤᠯᠵᠤ᠂ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠲᠠᠢ ᠬᠤᠯᠪᠣᠭᠳᠠᠭᠤᠯᠤᠭᠰᠠᠨ ᠴᠠᠯᠢᠩ | ᠬᠥᠯᠥᠰᠥ ᠶᠢᠨ ᠬᠤᠪᠢᠶᠠᠷᠢᠯᠠᠯᠲᠠ ᠶᠢᠨ ᠲᠦᠷᠢᠮ ᠪᠠ ᠣᠷᠣᠯᠭ᠎ᠠ ᠶᠢ ᠨᠡᠮᠡᠭᠳᠡᠭᠦᠯᠵᠦ ᠬᠠᠰᠤᠭᠳᠠᠭᠤᠯᠬᠤ ᠴᠠᠯᠢᠩ | ᠬᠥᠯᠥᠰᠥ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠴᠠᠯᠢᠩ ᠢ ᠲᠣᠭᠲᠠᠭᠠᠬᠤ ᠲᠣᠭᠲᠠᠴᠠ ᠶᠢ ᠥᠭᠡᠷᠡᠴᠢᠯᠡᠵᠦ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠶᠡᠷᠦᠩᠬᠡᠶ ᠲᠤᠭ᠎ᠠ ᠶᠢᠨ ᠬᠠᠮᠢᠶᠠᠷᠤᠯᠲᠠ ᠶᠢᠨ ᠲᠦᠷᠢᠮ ᠢ | ᠲᠡᠭᠦᠯᠳᠡᠷᠵᠢᠭᠦᠯᠦᠨ᠂ ᠳᠤᠮᠳᠠ ᠣᠷᠳᠣ ᠬᠤᠭᠤᠴᠠᠭᠠᠨ ᠤ ᠤᠷᠮᠠᠰᠢᠭᠤᠯᠬᠤ ᠲᠣᠭᠲᠠᠴᠠ ᠶᠢ ᠬᠡᠷᠡᠭᠵᠢᠭᠦᠯᠬᠦ ᠶᠢ | ᠠᠬᠢᠭᠤᠯᠤᠨ᠎ᠠ᠃ ᠲᠠᠪᠤ ᠳᠤ ᠡᠳ᠋ ᠤᠨ ᠵᠠᠰᠠᠭ ᠤᠨ ᠠᠮᠵᠢᠯᠲᠠ ᠪᠦᠲᠦᠮᠵᠢ ᠶᠢᠨ ᠠᠵᠢᠯ ᠢ ᠥᠷᠨᠢᠭᠦᠯᠦᠨ᠂ ᠬᠢᠨᠠᠯᠲᠠ | ᠲᠠᠯᠪᠢᠵᠤ ᠪᠠᠶᠢᠴᠠᠭᠠᠬᠤ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠷᠡᠬᠦ ᠬᠤᠶᠠᠷ ᠵᠢᠯ | ᠳᠤ ᠠᠮᠵᠢᠯᠲᠠ ᠪᠦᠲᠦᠮᠵᠢ ᠶᠢᠨ ᠦᠨᠡᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠪᠠᠷ ᠲᠥᠯᠥᠪᠯᠡᠵᠦ᠂ ᠵᠠᠰᠠᠭ ᠤᠨ | ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠣᠨᠣᠪᠴᠢᠲᠠᠶ ᠦᠨᠳᠦᠰᠦᠯᠡᠯ ᠬᠠᠩᠭᠠᠨ᠎ᠠ᠃ ᠣᠶᠢᠷ᠎ᠠ ᠶᠢᠨ | ᠬᠡᠳᠦᠨ ᠵᠢᠯ ᠤᠨ ᠲᠤᠷᠰᠢᠬᠢ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠤᠨ ᠲᠤᠷᠰᠢᠯᠭ᠎ᠠ | ᠪᠠᠨ ᠬᠢᠨᠠᠮᠠᠭᠠᠶ ᠳ᠋ᠦᠩᠨᠡᠵᠦ᠂ ᠬᠦᠷᠦᠯᠴᠡᠬᠦ ᠦᠭᠡᠶ ᠲᠠᠯ᠎ᠠ ᠪᠠᠨ ᠪᠠᠶᠢᠴᠠᠭᠠᠨ ᠡᠷᠢᠵᠦ᠂ ᠵᠠᠰᠠᠭ ᠵᠠᠭᠢᠷᠭᠠᠨ᠂ ᠠᠵᠢᠯ | ᠤᠶᠢᠯᠡᠰ ᠤᠨ ᠨᠢᠭᠡᠴᠡ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠴᠢᠬᠤᠯᠠ ᠴᠢᠨᠠᠷ | ᠪᠣᠯᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠲᠠᠰᠤᠷᠠᠯᠲᠠ ᠤᠢᠭᠡᠢ ᠨᠡᠮᠡᠭᠳᠡᠭᠦᠯᠵᠦ᠂ ᠪᠠᠶᠢᠴᠠᠭᠠᠬᠤ ᠶᠠᠪᠤᠴᠠ | ᠳᠤ ᠵᠠᠰᠠᠭ ᠵᠠᠬᠢᠷᠭᠠᠨ᠂ ᠠᠵᠢᠯ ᠦᠢᠯᠡᠰ ᠤᠨ ᠨᠢᠭᠡᠴᠡ ᠶᠢ ᠬᠠᠪᠰᠤᠷᠤᠨ ᠱᠠᠭᠠᠷᠳᠠᠵᠦ ᠳᠣᠲᠣᠭᠠᠳᠤ ᠡᠵᠡᠮᠳᠡᠯ ᠤᠨ | ᠳᠦᠷᠢᠮ ᠢ ᠲᠠᠰᠤᠷᠠᠯᠲᠠ ᠤᠢᠭᠡᠢ ᠪᠠᠶᠢᠭᠤᠯᠤᠨ ᠳᠡᠭᠦᠯᠳᠡᠷᠵᠢᠭᠦᠯᠦᠨ᠎ᠡ᠃ | | | | |